ᠨᠠᠷᠠᠯᠠᠭ ᠤᠷᠤᠨ ᠰᠠᠭᠤᠴᠠ ᠪᠤᠯᠤᠨ ᠡᠩ  ᠤᠨ ᠭᠡᠷ ᠪᠠᠶᠢᠰᠢᠩ ᠪᠠᠷᠢᠬᠤ ᠦᠨ᠎ᠠ ᠬᠠᠨᠭ᠍ᠰᠢ ᠨᠢ ᠭᠡᠳᠦᠢ ᠵᠦᠷᠢᠶ᠎ᠠ  ᠲᠠᠢ ᠪᠤᠢ︖
ᠵᠣᠬᠢᠶᠠᠭᠴᠢ᠄ 
ᠰᠡᠴᠡᠨ ᠨᠠᠨᠳᠢᠨ᠎ᠠ
              ᠨᠠᠷᠠᠯᠠᠭ ᠤᠷᠤᠨ ᠰᠠᠭᠤᠴᠠ ᠪᠤᠯᠤᠨ ᠡᠩ  ᠤᠨ ᠭᠡᠷ ᠪᠠᠶᠢᠰᠢᠩ               ᠪᠠᠷᠢᠬᠤ ᠦᠨ᠎ᠠ ᠬᠠᠨᠭ᠍ᠰᠢ ᠨᠢ ᠭᠡᠳᠦᠢ ᠵᠦᠷᠢᠶ᠎ᠠ ᠲᠠᠢ ᠪᠤᠢ︖ ︵ᠬᠤᠷᠢ︶       ᠡᠨᠡ ᠪᠤᠯ ᠤᠯᠠᠨ  ᠤ ᠬᠠᠮᠤᠭ  ᠤᠨ ᠶᠡᠭᠡ ᠰᠡᠳᠭᠢᠯ ᠲᠠᠯᠪᠢᠵᠤ ᠪᠠᠶᠢᠭ᠎ᠠ ᠭᠤᠤᠯ ᠠᠰᠠᠭᠤᠳᠠᠯ ᠪᠠᠶᠢᠨ᠎ᠠ᠃ ᠨᠠᠷᠠᠯᠠᠭ ᠤᠷᠤᠨ ᠰᠠᠭᠤᠴᠠ  ᠶᠢ ᠶᠠᠷᠤ  ᠶᠢᠨ ᠤᠷᠤᠨ ᠰᠠᠭᠤᠴᠠ ᠠᠴᠠ ᠰᠠᠭᠤᠬᠤ ᠨᠦᠭᠦᠴᠡᠯ  ᠢᠶᠠᠷ ᠨᠡᠩ ᠲᠤᠭᠢᠯᠢᠭ ᠪᠤᠯᠭᠠᠬᠤ ᠳᠤ ᠪᠦᠳᠦᠴᠡ  ᠶᠢᠨ ᠲᠤᠯᠠᠭᠠᠨ  ᠢ ᠬᠠᠮᠠᠭᠠᠯᠠᠬᠤ  ᠶᠢ ᠴᠢᠩᠭᠠᠳᠬᠠᠵᠤ᠂ ᠭᠡᠷᠡᠯ ᠨᠡᠪᠳᠡᠷᠡᠭᠦ  ᠶᠢ ᠨᠡᠮᠡᠭᠳᠡᠭᠦᠯᠵᠤ᠂ ᠴᠤᠩᠬᠤ  ᠶᠢ ᠨᠢᠠᠠᠳᠠ ᠪᠢᠳᠡᠭᠦᠮᠵᠢᠯᠡᠭᠦ ᠴᠢᠬᠤᠯᠠᠳᠠᠢ ᠪᠠᠶᠢᠳᠠᠭ ᠶᠤᠮ᠃ ᠡᠳᠡᠭᠡᠷ ᠠᠷᠭ᠎ᠠ ᠭᠡᠮᠵᠢᠶ᠎ᠠ  ᠶᠢ ᠠᠪᠤᠪᠠᠯ ᠪᠠᠷᠢᠯᠭ᠎ᠠ  ᠶᠢᠨ ᠦᠪᠡᠷ  ᠤᠨ ᠦᠷᠳᠡᠭ  ᠢ ᠨᠡᠮᠡᠭᠳᠡᠭᠦᠯᠭᠦ ᠪᠤᠯᠤᠨ᠎ᠠ᠃ ᠭᠡᠪᠡᠴᠤ ᠦᠪᠠᠷ  ᠤᠨ ᠦᠷᠳᠡᠭ ᠨᠢ ᠴᠤᠬᠤᠮ ᠭᠡᠳᠦᠢ ᠦᠰᠭᠦ  ᠶᠢ ᠨᠢ ᠲᠤᠬᠠᠢ  ᠶᠢᠨ ᠭᠠᠵᠠᠷ  ᠤᠨ ᠤᠤᠯ ᠤᠷᠤᠨ ᠰᠠᠭᠤᠴᠠ  ᠶᠢᠨ ᠪᠠᠷᠢᠯᠭ᠎ᠠ  ᠶᠢᠨ ᠶᠠᠰᠤ ᠴᠢᠨᠠᠷ ᠪᠠ ᠲᠠᠰ ᠵᠡᠷᠭᠡ  ᠶᠢ ᠦᠵᠡᠭᠦ ᠭᠡᠷᠡᠭᠳᠡᠢ᠃ ᠶᠠᠷᠦᠩᠭᠡᠢ ᠳᠤᠨᠢ ᠭᠡᠯᠡᠪᠡᠯ ᠠᠵᠤ ᠠᠬᠤᠢ ᠨᠢ ᠨᠡᠯᠢᠶᠡᠳ ᠭᠦᠭᠵᠢᠭᠰᠡᠨ ᠭᠠᠵᠠᠷ ᠤᠷᠤᠨ ᠡᠳᠡᠭᠡᠷ ᠪᠠᠷᠢᠯᠭ᠎ᠠ  ᠶᠢᠨ ᠠᠷᠭ᠎ᠠ ᠭᠡᠮᠵᠢᠶ᠎ᠠ  ᠶᠢ ᠭᠡᠷᠡᠭᠯᠡᠭᠡᠳ ᠨᠡᠮᠡᠭᠳᠡᠭᠰᠡᠨ ᠦᠪᠠᠷ  ᠤᠨ ᠦᠷᠳᠡᠭ ᠨᠢ ᠪᠦᠭᠦ ᠪᠠᠷᠢᠯᠭ᠎ᠠ  ᠶᠢᠨ ᠦᠪᠠᠷ  ᠤᠨ ᠦᠷᠳᠡᠭ  ᠤᠨ 5%  ᠶᠢᠨ ᠲᠤᠳᠤᠷ᠎ᠠ ᠪᠠᠶᠢᠳᠠᠭ᠃ ᠠᠵᠤ ᠠᠬᠤᠢ ᠨᠢ ᠭᠦᠭᠵᠢᠭᠡᠳᠦᠢ ᠭᠠᠵᠠᠷ ᠤᠷᠤᠨ  ᠤ ᠤᠤᠯ  ᠤᠨ ᠤᠷᠤᠨ ᠰᠠᠭᠤᠴᠠ  ᠶᠢᠨ ᠪᠠᠷᠢᠯᠭ᠎ᠠ ᠨᠢ ᠬᠠᠷᠢᠴᠠᠩᠭᠤᠢ ᠪᠠᠷ ᠨᠡᠯᠢᠶᠡᠳ ᠲᠦᠭᠦᠮ ᠪᠦᠳᠦᠭᠦᠯᠢᠭ᠂ ᠪᠠᠷᠢᠯᠭ᠎ᠠ  ᠶᠢᠨ ᠦᠪᠡᠷ  ᠤᠨ ᠦᠷᠳᠡᠭ ᠨᠢ ᠴᠤ ᠪᠠᠭ᠎ᠠ ᠪᠠᠶᠢᠳᠠᠭ ᠪᠦᠭᠡᠳ ᠰᠢᠨ᠎ᠠ ᠪᠠᠷ ᠨᠡᠮᠡᠭᠳᠡᠭᠦᠭᠦᠯᠭᠦ ᠲᠤᠯᠠᠭᠠᠨ  ᠢ ᠬᠠᠮᠠᠭᠠᠯᠠᠬᠤ ᠭᠡᠷᠡᠯ ᠨᠡᠪᠳᠡᠷᠡᠭᠦ ᠪᠡᠯᠡᠳᠭᠡᠮᠵᠢ  ᠶᠢᠨ ᠦᠨ᠎ᠠ ᠬᠠᠨᠭ᠍ᠰᠢ ᠨᠢ ᠨᠡᠯᠢᠶᠡᠳ ᠦᠨᠳᠤᠷ ᠪᠤᠯᠬᠤᠷ ᠲᠡᠭᠦᠨ  ᠤ ᠨᠡᠮᠡᠭᠳᠡᠭᠰᠡᠨ ᠦᠪᠠᠷ  ᠤᠨ ᠦᠷᠳᠡᠭ ᠨᠢ ᠪᠦᠭᠦ ᠪᠠᠷᠢᠯᠭ᠎ᠠ  ᠶᠢᠨ ᠦᠪᠠᠷ  ᠤᠨ ᠦᠷᠳᠡᠭ ᠲᠤ 10% ᠤᠷᠴᠢᠮ  ᠢ ᠡᠵᠡᠯᠡᠭᠦ ᠪᠤᠯᠤᠨ᠎ᠠ᠃ ᠭᠡᠯᠡᠯᠭᠡᠨ ᠦᠭᠡᠢ᠂ ᠲᠤᠬᠠᠢ  ᠶᠢᠨ ᠭᠠᠵᠠᠷ  ᠤᠨ ᠪᠤᠳᠠᠳᠤ ᠡᠭᠢ ᠪᠠᠶᠡᠯᠢᠭ᠋  ᠤᠨ ᠪᠠᠶᠢᠳᠠᠯ ᠲᠠᠢ ᠪᠠᠨ ᠤᠶᠠᠯᠳᠤᠭᠤᠯᠵᠤ᠂ ᠲᠤᠬᠠᠢ  ᠶᠢᠨ ᠭᠠᠵᠠᠷ  ᠤᠨ  ᠢᠶᠠᠨ ᠨᠡᠯᠢᠶᠡᠳ ᠭᠢᠮᠳᠠᠬᠠᠨ ᠲᠦᠭᠦᠭᠡᠢ ᠡᠳ᠋ ᠮᠠᠲ᠋ᠧᠷᠢᠶᠠᠯ  ᠢ ᠦᠭᠡᠷᠡᠴᠢᠯᠡᠨ ᠤᠷᠤᠯᠠᠭᠤᠯᠪᠠᠯ᠂ ᠪᠠᠷᠢᠯᠭ᠎ᠠ  ᠶᠢᠨ ᠦᠪᠠᠷ  ᠤᠨ ᠦᠷᠳᠡᠭ  ᠢ ᠪᠠᠰᠠ ᠵᠢᠭᠠᠬᠠᠨ ᠪᠠᠭᠤᠷᠠᠭᠤᠯᠵᠤ ᠪᠤᠯᠤᠨ᠎ᠠ᠃
 
ᠢᠷᠡᠯᠲᠡ᠄ http://www.mptnp.com/
ᠨᠠᠶᠢᠷᠠᠭᠤᠯᠤᠭᠴᠢ᠄ ᠭᠤᠸᠠᠨ ᠴᠠᠩ ᠰᠢ
ᠣᠷᠴᠢᠭᠤᠯᠤᠭᠴᠢ᠄
   
ᠬᠤᠯᠪᠣᠭᠳᠠᠯ ᠪᠦᠬᠦᠢ ᠠᠭᠤᠯᠭ᠎ᠠ ᠶᠢᠨ ᠭᠠᠷᠴᠠᠭ
 
2014-2016 © ᠬᠠᠷᠢᠯᠴᠠᠬᠤ ᠤᠲᠠᠰᠤ᠄ 0471-6280741 ᠢᠮᠧᠯ᠄ nmgbute@163.com
ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠤᠷᠢᠭᠯᠠᠨ᠎ᠠ᠃
︽ᠬᠡᠷᠡᠭᠯᠡᠭᠡᠨ ᠤ ᠮᠡᠷᠭᠡᠵᠢᠯ ᠤᠨ ᠮᠤᠩᠭᠤᠯ ᠰᠦᠯᠵᠢᠶᠡᠨ ᠤ ᠬᠥᠯᠭᠡ︾ ᠦᠮᠴᠢᠯᠡᠯ ᠲᠠᠢ︕