ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠰᠤ ᠠᠷᠪᠢᠯᠠᠨ ᠬᠡᠷᠡᠭᠯᠡᠬᠦ ᠲᠦᠷᠢᠮ
ᠵᠣᠬᠢᠶᠠᠭᠴᠢ᠄ 
          ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠰᠤ ᠠᠷᠪᠢᠯᠠᠨ ᠬᠡᠷᠡᠭᠯᠡᠬᠦ ᠲᠦᠷᠢᠮ       ︵2012 ᠣᠨ ᠤ 9 ᠰᠠᠷ᠎ᠠ ᠶᠢᠨ 22 ᠤᠨ ᠡᠳᠦᠷ ᠥᠪᠤᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ   ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠥᠯᠤᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ   ᠭᠤᠴᠢᠨ ᠨᠢᠭᠡᠳᠦᠭᠡᠷ ᠬᠤᠷᠠᠯ ᠠᠴᠠ ᠪᠠᠲᠤᠯᠠᠪᠠ︶                   ᠥᠪᠤᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ   ᠲᠥᠯᠤᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠯᠪᠠᠨ ᠵᠠᠷ                                         ᠲᠦᠴᠢᠨ ᠭᠤᠷᠪᠠᠳᠤᠭᠠᠷ ᠲᠣᠭᠠᠲᠤ                  2012 ᠤᠨ ᠤ 9 ᠰᠠᠷ᠎ᠠ ᠶᠢᠨ 22 ᠤᠨ ᠡᠳᠦᠷ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ   ᠨᠢᠭᠡᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠤᠴᠢᠨ   ᠨᠢᠭᠡᠳᠦᠭᠡᠷ ᠬᠤᠷᠠᠯ ᠠᠴᠠ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠰᠤ ᠠᠷᠪᠢᠯᠠᠨ ᠬᠡᠷᠡᠭᠯᠡᠬᠦ ᠲᠦᠷᠢᠮ︾  ᠢ ᠪᠠᠳᠤᠯᠠᠪᠠ᠃ 2012 ᠤᠨ ᠤ 12 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃                                         2012 ᠣᠨ ᠤ 9 ᠰᠠᠷ᠎ᠠ ᠶᠢᠨ 22 ᠤᠨ ᠡᠳᠦᠷ                         ᠨᠢᠭᠡᠳᠦᠭᠡᠷ   ᠪᠦᠯᠦᠭ ᠶᠡᠷᠦᠩᠬᠡᠢ ᠲᠦᠷᠢᠮ                       ᠨᠢᠭᠡᠳᠦᠭᠡᠷ ᠵᠦᠢᠯ     ᠤᠰᠤ ᠠᠷᠪᠢᠯᠠᠨ ᠬᠡᠷᠡᠭᠯᠡᠬᠦ ᠬᠠᠮᠢᠶᠠᠷᠤᠯᠳᠠ ᠶᠢ ᠴᠢᠩᠭᠠᠳᠬᠠᠵᠤ᠂ ᠤᠰᠤᠨ ᠤ ᠡᠬᠢ ᠪᠠᠶᠠᠯᠢᠬ ᠢ   ᠰᠢᠨᠵᠢᠯᠡᠬᠦ ᠤᠬᠠᠭᠠᠨᠴᠢ ᠵᠤᠬᠢᠰᠳᠠᠢ ᠪᠠᠷ ᠠᠰᠢᠭᠯᠠᠵᠤ᠂ ᠠᠵᠤ ᠠᠬᠤᠢ ᠨᠡᠶᠢᠭᠡᠮ ᠤᠨ ᠦᠷᠭᠦᠯᠵᠢᠯᠡᠬᠦ ᠬᠦᠭᠵᠢᠯᠳᠡ ᠶᠢ ᠪᠠᠳᠤᠯᠠᠨ   ᠠᠬᠢᠭᠤᠯᠬᠤ ᠶᠢᠨ ᠲᠦᠯᠦᠭᠡ᠂ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠤᠰᠤᠨ ᠤ ᠬᠠᠤᠯᠢ︾ ᠪᠠ   ᠤᠯᠤᠰ ᠤᠨ ᠬᠤᠯᠪᠤᠭᠳᠠᠯ ᠪᠦᠬᠦᠢ ᠬᠠᠤᠯᠢ ᠴᠠᠭᠠᠵᠠ᠂ ᠬᠠᠤᠯᠢ ᠲᠤᠭᠳᠠᠭᠠᠯ ᠢ ᠦᠨᠳᠦᠰᠦᠯᠡᠨ᠂ ᠦᠪᠡᠷᠳᠡᠭᠡᠨ ᠵᠠᠰᠠᠬᠤ   ᠤᠷᠤᠨ ᠤ ᠪᠤᠳᠠᠳᠠᠢ ᠲᠠᠢ ᠪᠠᠨ ᠤᠶᠠᠯᠳᠤᠭᠤᠯᠵᠤ᠂ ᠲᠤᠰ ᠲᠦᠷᠢᠮ ᠢ ᠲᠤᠭᠳᠠᠭᠠᠪᠠ᠃               ᠬᠤᠶᠠᠳᠤᠭᠠᠷ ᠵᠦᠢᠯ   ᠦᠪᠡᠷᠳᠡᠭᠡᠨ ᠵᠠᠰᠠᠬᠤ ᠤᠷᠤᠨ ᠤ ᠵᠠᠰᠠᠭ ᠵᠠᠬᠢᠷᠭᠠᠨ ᠤ ᠤᠷᠤᠨ ᠤ ᠲᠤᠳᠤᠷᠠᠬᠢ ᠤᠰᠤ ᠠᠷᠪᠢᠯᠠᠨ   ᠬᠡᠷᠡᠭᠯᠡᠬᠦ ᠵᠢᠴᠢ ᠬᠢᠨᠠᠯᠳᠠ ᠲᠠᠯᠪᠢᠵᠤ ᠬᠠᠮᠢᠶᠠᠷᠬᠤ ᠠᠵᠢᠯᠯᠠᠭ᠎ᠠ ᠳᠤ ᠲᠤᠰ ᠲᠦᠷᠢᠮ ᠢ ᠬᠡᠷᠡᠭᠯᠡᠨ᠎ᠡ᠃             ᠭᠤᠷᠪᠠᠳᠤᠭᠠᠷ ᠵᠦᠢᠯ   ᠤᠰᠤ ᠠᠷᠪᠢᠯᠠᠨ ᠬᠡᠷᠡᠭᠯᠡᠬᠦ ᠳᠤ ᠨᠢᠭᠡᠳᠦᠯᠳᠠᠢ ᠲᠦᠯᠦᠪᠵᠢᠭᠦᠯᠬᠦ᠂ ᠨᠢᠭᠡᠳᠦᠯᠲᠠᠢ ᠲᠥᠯᠦᠪᠯᠡᠵᠦ   ᠨᠡᠶᠢᠳᠡᠮ ᠳᠤᠨᠢ ᠬᠠᠷᠠᠭᠠᠯᠵᠠᠬᠤ᠂ ᠵᠤᠬᠢᠰᠳᠠᠢ ᠲᠤᠬᠢᠷᠠᠭᠤᠯᠬᠤ᠂ ᠦᠨᠳᠦᠷ ᠦᠷ᠎ᠡ ᠪᠦᠳᠦᠮᠵᠢᠳᠠᠢ ᠪᠠᠷ ᠠᠰᠢᠭᠯᠠᠬᠤ ᠵᠠᠷᠴᠢᠮ ᠢ   ᠪᠠᠷᠢᠮᠳᠠᠯᠠᠵᠤ᠂ ᠶᠡᠷᠦᠩᠬᠡᠢ ᠬᠡᠮᠵᠢᠶ᠎ᠡ ᠶᠢ ᠡᠵᠡᠮᠰᠢᠬᠦ ᠪᠠ ᠤᠷᠮᠠᠴᠢᠯᠠᠨ ᠬᠠᠮᠢᠶᠠᠷᠬᠤ ᠶᠢ ᠤᠶᠠᠯᠳᠤᠭᠤᠯᠬᠤ ᠲᠦᠷᠢᠮ ᠢ   ᠬᠡᠷᠡᠭᠵᠢᠭᠦᠯᠦᠨ᠎ᠡ᠃             ᠲᠦᠷᠪᠡᠳᠦᠭᠡᠷ ᠵᠦᠢᠯ   ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤᠰᠤ   ᠠᠷᠪᠢᠯᠠᠨ ᠬᠡᠷᠡᠭᠯᠡᠬᠦ ᠠᠵᠢᠯ ᠢ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠦᠭᠵᠢᠯᠳᠡ ᠶᠢᠨ   ᠲᠦᠯᠦᠪᠵᠢᠭᠦᠯᠭᠡ ᠳᠡᠭᠡᠨ ᠤᠷᠤᠭᠤᠯᠵᠤ᠂ ᠤᠰᠤ ᠠᠷᠪᠢᠯᠠᠨ ᠬᠡᠷᠡᠭᠯᠡᠬᠦ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠢ   ᠪᠠᠶᠢᠭᠤᠯᠤᠨ ᠲᠡᠭᠦᠯᠳᠡᠷᠵᠢᠭᠦᠯᠵᠦ᠂ ᠤᠰᠤ ᠠᠷᠪᠢᠯᠠᠨ ᠬᠡᠷᠡᠭᠯᠡᠬᠦ ᠮᠡᠷᠭᠡᠵᠢᠯ ᠢ ᠰᠤᠳᠤᠯᠵᠤ ᠲᠡᠯᠭᠡᠷᠡᠭᠦᠯᠬᠦ ᠶᠢ ᠲᠡᠮᠵᠢᠵᠤ᠂ ᠤᠰᠤ   ᠠᠷᠪᠢᠯᠠᠬᠤ ᠠᠵᠤ ᠦᠢᠯᠡᠰ ᠢ ᠪᠤᠶᠢᠵᠢᠭᠤᠯᠤᠨ ᠬᠦᠭᠵᠢᠭᠦᠯᠵᠦ᠂ ᠳᠠᠬᠢᠯᠲᠠ ᠤᠰᠤ᠂ ᠪᠤᠷᠤᠭᠠᠨ ᠪᠠ ᠦᠶᠡᠷ ᠤᠨ ᠤᠰᠤ᠂   ᠠᠭᠤᠷᠬᠠᠢ ᠶᠢᠨ ᠤᠷᠤᠨ ᠤ ᠬᠠᠭᠤᠷᠠᠶᠢᠳᠠᠭᠤᠯᠬᠤ ᠪᠠᠷ ᠳᠠᠷᠬᠠᠭᠠᠭᠰᠠᠨ ᠤᠰᠤ᠂ ᠪᠠᠷᠢᠯᠭ᠎ᠠ ᠶᠢᠨ ᠲᠠᠳᠠᠵᠤ ᠭᠠᠳᠠᠭᠰᠢᠯᠠᠭᠤᠯᠬᠤ   ᠤᠰᠤ ᠵᠡᠷᠭᠡ ᠬᠡᠪ ᠤᠨ ᠪᠤᠰᠤ ᠤᠰᠤᠨ ᠡᠬᠢ ᠰᠤᠷᠪᠤᠯᠵᠢ ᠶᠢ ᠨᠡᠭᠡᠭᠡᠨ ᠠᠰᠢᠭᠯᠠᠬᠤ ᠶᠢ ᠵᠤᠷᠢᠬᠵᠢᠭᠤᠯᠵᠤ᠂ ᠤᠰᠤᠨ ᠤ   ᠬᠤᠷᠤᠭᠳᠠᠯ ᠶᠡᠭᠡ ᠲᠦᠷᠦᠯ ᠵᠦᠢᠯ ᠢ ᠬᠢᠵᠠᠭᠠᠷᠯᠠᠨ᠂ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠢ ᠪᠠᠶᠢᠭᠤᠯᠬᠤ ᠬᠡᠷᠡᠭᠳᠠᠢ᠃             ᠤᠯᠤᠰ ᠠᠷᠠᠳ ᠤᠨ ᠠᠵᠤ ᠠᠬᠤᠢ ᠪᠤᠯᠤᠨ ᠨᠡᠶᠢᠭᠡᠮ ᠤᠨ ᠬᠦᠭᠵᠢᠯᠳᠡ ᠶᠢᠨ ᠲᠦᠯᠦᠪᠵᠢᠭᠦᠯᠭᠡ᠂ ᠬᠤᠳᠠ ᠶᠢᠨ   ᠶᠡᠷᠦᠩᠬᠡᠢ ᠲᠦᠯᠦᠪᠵᠢᠭᠦᠯᠭᠡ᠂ ᠴᠢᠬᠤᠯᠠ ᠶᠡᠭᠡ ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ ᠤᠨ ᠪᠠᠶᠢᠷᠢᠯᠠᠭᠤᠯᠤᠯᠳᠠ   ᠲᠤᠬᠠᠢ ᠶᠢᠨ ᠭᠠᠵᠠᠷ ᠤᠨ ᠢᠶᠠᠨ ᠤᠰᠤᠨ ᠤ ᠡᠬᠢ ᠪᠠᠶᠠᠯᠢᠬ ᠤᠨ ᠪᠠᠶᠢᠳᠠᠯ ᠠᠴᠠ ᠡᠭᠦᠰᠴᠦ᠂ ᠲᠤᠬᠠᠢ ᠶᠢᠨ ᠭᠠᠵᠠᠷ ᠤᠨ ᠢᠶᠠᠨ   ᠤᠰᠤᠨ ᠤ ᠡᠬᠢ ᠪᠠᠶᠠᠯᠢᠬ ᠤᠨ ᠨᠦᠭᠦᠴᠡᠯ ᠲᠠᠢ ᠪᠠᠨ ᠵᠤᠬᠢᠴᠠᠬᠤ ᠬᠡᠷᠡᠭᠳᠠᠢ᠃             ᠲᠠᠪᠤᠳᠤᠭᠠᠷ ᠵᠦᠢᠯ   ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ   ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤᠰ ᠵᠠᠰᠠᠭ ᠵᠠᠬᠢᠷᠭᠠᠨ ᠤ ᠤᠷᠤᠨ ᠤ ᠲᠤᠳᠤᠷᠠᠬᠢ   ᠤᠰᠤ ᠠᠷᠪᠢᠯᠠᠨ ᠬᠡᠷᠡᠭᠯᠡᠬᠦ ᠶᠢ ᠬᠢᠨᠠᠨ ᠬᠠᠮᠢᠶᠠᠷᠬᠤ ᠠᠵᠢᠯ ᠢ ᠬᠠᠷᠢᠭᠤᠴᠠᠨ᠎ᠠ᠃           ᠤᠷᠤᠨ ᠰᠠᠭᠤᠴᠠ ᠪᠠ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ᠂ ᠬᠦᠭᠵᠢᠭᠦᠯᠦᠯᠳᠡ ᠪᠠ ᠦᠭᠡᠷᠡᠴᠢᠯᠡᠯᠳᠡ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠳᠠ ᠲᠠᠯᠪᠢᠬᠤ᠂ ᠠᠵᠤ ᠠᠬᠤᠢ ᠪᠠ ᠮᠡᠳᠡᠭᠡ ᠵᠠᠩᠭᠢᠴᠢᠯᠠᠯᠳᠠ᠂ ᠤᠷᠴᠢᠨ   ᠲᠤᠭᠤᠷᠢᠨ ᠤ ᠬᠠᠮᠠᠭᠠᠯᠠᠯᠳᠠ ᠵᠡᠷᠭᠡ ᠰᠠᠯᠠᠭ᠎ᠠ ᠮᠦᠴᠢᠷ ᠲᠤᠰ ᠲᠤᠰ ᠤᠨ ᠲᠤᠰᠢᠶᠠᠯ ᠬᠠᠷᠢᠭᠤᠴᠠᠯᠭ᠎ᠠ ᠶᠤᠰᠤᠭᠠᠷ ᠤᠰᠤ   ᠠᠷᠪᠢᠯᠠᠨ ᠬᠡᠷᠡᠭᠯᠡᠬᠦ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃           ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠪᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ   ᠭᠠᠵᠠᠷ ᠲᠤᠰ ᠬᠠᠷᠢᠶ᠎ᠠ ᠤᠷᠤᠨ ᠤ ᠪᠠᠨ ᠤᠰᠤ ᠠᠷᠪᠢᠯᠠᠨ ᠬᠡᠷᠡᠭᠯᠡᠬᠦ ᠠᠵᠢᠯ ᠢ ᠰᠠᠶᠢᠳᠤᠷ ᠬᠢᠬᠦ ᠬᠡᠷᠡᠭᠳᠠᠢ᠃             ᠵᠢᠷᠭᠤᠳᠤᠭᠠᠷ ᠵᠦᠢᠯ   ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠵᠢᠴᠢ   ᠲᠡᠭᠦᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠤᠰᠤ ᠠᠷᠪᠢᠯᠠᠬᠤ ᠤᠬᠠᠭᠤᠯᠭ᠎ᠠ ᠬᠦᠮᠦᠵᠢᠯ ᠢ ᠴᠢᠩᠭᠠᠳᠬᠠᠵᠤ᠂ ᠤᠰᠤ   ᠠᠷᠪᠢᠯᠠᠬᠤ ᠬᠦᠮᠦᠵᠢᠯ ᠢ ᠤᠯᠤᠰ ᠠᠷᠠᠳ ᠤᠨ ᠬᠡᠪ ᠪᠤᠯᠪᠠᠰᠤᠷᠠᠯ ᠤᠨ ᠬᠦᠮᠦᠵᠢᠯ ᠤᠨ ᠰᠢᠰᠲ᠋ᠧᠮ ᠳᠤ ᠤᠷᠤᠭᠤᠯᠤᠨ᠂ ᠤᠰᠤ   ᠠᠷᠪᠢᠯᠠᠨ ᠬᠡᠷᠡᠭᠯᠡᠬᠦ ᠨᠡᠶᠢᠳᠡ ᠶᠢᠨ ᠠᠰᠠᠷᠠᠮᠵᠢ ᠶᠢᠨ ᠴᠢᠨᠠᠷᠳᠠᠢ ᠤᠬᠠᠭᠤᠯᠭ᠎ᠠ ᠶᠢᠨ ᠲᠦᠯᠦᠪᠯᠡᠭᠡ ᠲᠤᠭᠳᠠᠭᠠᠵᠤ᠂ ᠲᠤᠭᠳᠠᠮᠠᠯ   ᠬᠤᠭᠤᠴᠠᠭ᠎ᠠ ᠲᠠᠢ ᠪᠠᠷ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠦᠨ᠂ ᠪᠦᠬᠦ ᠠᠷᠠᠳ ᠤᠨ ᠤᠰᠤ ᠠᠷᠪᠢᠯᠠᠬᠤ ᠤᠬᠠᠮᠰᠠᠷ ᠢ   ᠲᠡᠭᠡᠭᠰᠢᠯᠡᠭᠦᠯᠬᠦ ᠬᠡᠷᠡᠭᠳᠠᠢ᠃             ᠰᠤᠨᠢᠨ ᠮᠡᠳᠡᠭᠡᠨ ᠤ ᠵᠠᠭᠤᠴᠢᠯᠠᠭᠤᠷ ᠤᠰᠤ ᠠᠷᠪᠢᠯᠠᠨ ᠬᠡᠷᠡᠭᠯᠡᠬᠦ ᠤᠬᠠᠭᠤᠯᠭ᠎ᠠ ᠶᠢ ᠨᠡᠶᠢᠳᠡ ᠶᠢᠨ ᠠᠰᠠᠷᠠᠮᠵᠢ ᠶᠢᠨ   ᠴᠢᠨᠠᠷᠳᠠᠢ ᠤᠬᠠᠭᠤᠯᠭ᠎ᠠ ᠶᠢᠨ ᠬᠡᠪᠴᠢᠶᠡᠨ ᠳᠤ ᠤᠷᠤᠭᠤᠯᠤᠨ᠂ ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ   ᠰᠠᠯᠠᠭ᠎ᠠ ᠮᠦᠴᠢᠷ ᠲᠠᠢ ᠬᠠᠮᠵᠢᠯᠴᠠᠨ᠂ ᠤᠰᠤ ᠠᠷᠪᠢᠯᠠᠨ ᠬᠡᠷᠡᠭᠯᠡᠬᠦ ᠨᠡᠶᠢᠳᠡ ᠶᠢᠨ ᠠᠰᠠᠷᠠᠮᠵᠢ ᠶᠢᠨ ᠤᠬᠠᠭᠤᠯᠭ᠎ᠠ ᠦᠷᠨᠢᠭᠦᠯᠵᠦ  ᠂ ᠤᠰᠤ ᠪᠦᠷᠢᠯᠭᠡᠨ ᠬᠡᠷᠡᠭᠯᠡᠬᠦ ᠠᠵᠢᠯᠯᠠᠭ᠎ᠠ ᠳᠤ ᠶᠠᠷᠢᠶ᠎ᠠ ᠬᠡᠯᠡᠯᠴᠡᠭᠡᠨ ᠤ ᠬᠢᠨᠠᠯᠳᠠ ᠲᠠᠯᠪᠢᠬᠤ ᠬᠡᠷᠡᠭᠳᠠᠢ᠃             ᠲᠤᠯᠤᠳᠤᠭᠠᠷ ᠵᠦᠢᠯ   ᠶᠠᠮᠠᠷᠪᠠ ᠨᠢᠭᠡᠴᠡ ᠪᠠ ᠬᠤᠪᠢ ᠬᠦᠮᠦᠨ ᠭᠡᠳ ᠪᠦᠷ ᠤᠰᠤ ᠠᠷᠪᠢᠯᠠᠨ ᠬᠡᠷᠡᠭᠯᠡᠬᠦ ᠡᠭᠦᠷᠭᠡ  ᠲᠠᠢ᠂   ᠤᠰᠤ ᠪᠦᠷᠢᠯᠭᠡᠨ ᠬᠡᠷᠡᠭᠯᠡᠬᠦ ᠠᠵᠢᠯᠯᠠᠭ᠎ᠠ ᠶᠢ ᠵᠤᠭᠰᠤᠭᠠᠬᠤ ᠪᠤᠶᠤ ᠢᠯᠡᠴᠢᠯᠡᠨ ᠵᠠᠭᠠᠯᠳᠤᠬᠤ ᠡᠷᠬᠡ ᠲᠠᠢ᠃             ᠨᠠᠢᠮᠠᠳᠤᠭᠠᠷ ᠵᠦᠢᠯ   ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤᠰᠤ   ᠠᠷᠪᠢᠯᠠᠨ ᠬᠡᠷᠡᠭᠯᠡᠬᠦ ᠳᠤ ᠲᠤᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠨᠢᠭᠡᠴᠡ ᠪᠠ ᠬᠤᠪᠢ ᠬᠦᠮᠦᠨ ᠢ ᠵᠤᠷᠢᠬᠵᠢᠭᠤᠯᠤᠨ   ᠬᠦᠬᠢᠭᠦᠯᠬᠦ ᠬᠡᠷᠡᠭᠳᠠᠢ᠃                   ᠬᠤᠶᠠᠳᠤᠭᠠᠷ   ᠪᠦᠯᠦᠭ ᠲᠦᠯᠦᠪᠯᠡᠭᠡ ᠲᠠᠢ ᠪᠠᠷ ᠤᠰᠤ ᠬᠡᠷᠡᠭᠯᠡᠬᠦ               ᠶᠢᠰᠦᠳᠦᠭᠡᠷ ᠵᠦᠢᠯ   ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ   ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠡᠭᠡᠷ᠎ᠡ ᠨᠢᠭᠡ ᠱᠠᠳᠤᠨ ᠤ ᠤᠰᠤ ᠠᠷᠪᠢᠯᠠᠨ   ᠬᠡᠷᠡᠭᠯᠡᠬᠦ ᠲᠦᠯᠦᠪᠵᠢᠭᠦᠯᠭᠡ ᠪᠠ ᠲᠤᠰ ᠵᠠᠰᠠᠭ ᠵᠠᠬᠢᠷᠭᠠᠨ ᠤ ᠤᠷᠤᠨ ᠤ ᠤᠰᠤᠨ ᠤ ᠡᠬᠢ ᠪᠠᠶᠠᠯᠢᠬ ᠤᠨ ᠪᠠᠶᠢᠳᠠᠯ ᠢᠶᠠᠨ   ᠦᠨᠳᠦᠰᠦᠯᠡᠵᠤ᠂ ᠲᠤᠰ ᠵᠠᠰᠠᠭ ᠵᠠᠬᠢᠷᠭᠠᠨ ᠤ ᠤᠷᠤᠨ ᠤ ᠤᠰᠤ ᠠᠷᠪᠢᠯᠠᠨ ᠬᠡᠷᠡᠭᠯᠡᠬᠦ ᠲᠦᠯᠦᠪᠵᠢᠭᠦᠯᠭᠡ ᠶᠢ ᠨᠠᠶᠢᠷᠠᠭᠤᠯᠵᠤ᠂   ᠠᠳᠠᠯᠢ ᠱᠠᠳᠤᠨ ᠤ ᠬᠦᠭᠵᠢᠭᠦᠯᠦᠯᠳᠡ ᠪᠠ ᠦᠭᠡᠷᠡᠴᠢᠯᠡᠯᠳᠡ᠂ ᠤᠷᠤᠨ ᠰᠠᠭᠤᠴᠠ ᠪᠠ ᠬᠤᠳᠠ ᠬᠦᠳᠡᠭᠡ ᠶᠢᠨ ᠪᠦᠳᠦᠭᠡᠨ   ᠪᠠᠶᠢᠭᠤᠯᠤᠯᠳᠠ᠂ ᠠᠵᠤ ᠠᠬᠤᠢ ᠪᠠ ᠮᠡᠳᠡᠭᠡ ᠵᠠᠩᠭᠢᠴᠢᠯᠠᠯᠳᠠ ᠵᠡᠷᠭᠡ ᠰᠠᠯᠠᠭ᠎ᠠ ᠮᠦᠴᠢᠷ ᠤᠨ ᠰᠠᠨᠠᠯ ᠢ ᠬᠤᠷᠢᠶᠠᠭᠰᠠᠨ ᠤ   ᠲᠠᠷᠠᠭ᠎ᠠ ᠲᠤᠰ ᠱᠠᠳᠤᠨ ᠤ ᠠᠷᠠᠳ ᠤᠨ ᠵᠠᠰᠠᠭ ᠤᠨ ᠤᠷᠳᠤᠨ ᠳᠠᠭᠠᠨ ᠮᠡᠳᠡᠭᠦᠯᠦᠨ ᠵᠦᠪᠰᠢᠶᠡᠷᠡᠭᠦᠯᠦᠭᠡᠳ ᠨᠠᠶᠢᠳᠡᠯᠡᠨ   ᠬᠡᠷᠡᠭᠵᠢᠭᠦᠯᠬᠦ ᠬᠡᠷᠡᠭᠳᠠᠢ᠃             ᠠᠷᠪᠠᠳᠤᠭᠠᠷ ᠵᠦᠢᠯ   ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠤᠰᠤᠨ ᠤ ᠵᠠᠰᠠᠭ   ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠠ ᠠᠶᠢᠮᠠᠭ ᠤᠨ ᠵᠠᠬᠢᠷᠭ᠎ᠠ᠂ ᠲᠤᠭᠤᠷᠢᠭ ᠲᠠᠢ ᠬᠤᠳᠠ ᠶᠢᠨ   ᠠᠷᠠᠳ ᠤᠨ ᠵᠠᠰᠠᠭ ᠤᠨ ᠤᠷᠳᠤᠨ ᠤ ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠡᠭᠡᠷ᠎ᠡ   ᠨᠢᠭᠡ ᠱᠠᠳᠤᠨ ᠤ ᠤᠰᠤᠨ ᠤ ᠬᠡᠮᠵᠢᠶ᠎ᠡ ᠶᠢᠨ ᠬᠤᠪᠢᠶᠠᠷᠢᠯᠠᠯᠳᠠ ᠶᠢᠨ ᠲᠦᠰᠦᠯ ᠢ ᠦᠨᠳᠦᠰᠦᠯᠡᠵᠤ᠂ ᠲᠤᠰ ᠵᠠᠰᠠᠭ ᠵᠠᠬᠢᠷᠭᠠᠨ ᠤ   ᠤᠷᠤᠨ ᠤ ᠤᠰᠤᠨ ᠤ ᠬᠡᠮᠵᠢᠶ᠎ᠡ ᠶᠢᠨ ᠬᠤᠪᠢᠶᠠᠷᠢᠯᠠᠯᠳᠠ ᠶᠢᠨ ᠲᠦᠰᠦᠯ ᠢᠶᠠᠨ ᠲᠤᠭᠳᠠᠭᠠᠵᠤ᠂ ᠲᠤᠰ ᠱᠠᠳᠤᠨ ᠤ ᠠᠷᠠᠳ ᠤᠨ   ᠵᠠᠰᠠᠭ ᠤᠨ ᠤᠷᠳᠤᠨ ᠳᠠᠭᠠᠨ ᠮᠡᠳᠡᠭᠦᠯᠦᠨ ᠵᠦᠪᠰᠢᠶᠡᠷᠡᠭᠦᠯᠦᠰᠡᠨ ᠤ ᠲᠠᠷᠠᠭ᠎ᠠ ᠬᠡᠷᠡᠭᠵᠢᠭᠦᠯᠬᠦ ᠬᠡᠷᠡᠭᠳᠠᠢ᠃             ᠠᠷᠪᠠᠨ ᠨᠢᠭᠡᠳᠦᠭᠡᠷ ᠵᠦᠢᠯ   ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠬᠤᠯᠪᠤᠭᠳᠠᠯ   ᠪᠦᠬᠦᠢ ᠠᠵᠢᠯ ᠲᠦᠷᠦᠯ ᠤᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤᠰ ᠠᠵᠢᠯ ᠲᠦᠷᠦᠯ ᠤᠨ ᠢᠶᠠᠨ ᠤᠰᠤ ᠬᠡᠷᠡᠭᠯᠡᠬᠦ   ᠲᠤᠭᠳᠠᠭᠰᠠᠨ ᠬᠡᠮᠵᠢᠶ᠎ᠡ ᠶᠢ ᠲᠤᠭᠳᠠᠭᠠᠵᠤ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ   ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠠ ᠶᠠᠰᠤ ᠴᠢᠨᠠᠷ ᠲᠤ ᠮᠡᠷᠭᠡᠵᠢᠯ ᠤᠨ ᠬᠢᠨᠠᠯᠳᠠ   ᠲᠠᠯᠪᠢᠬᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠢᠶᠠᠷ ᠬᠢᠨᠠᠨ ᠬᠠᠷᠭᠤᠭᠤᠯᠵᠤ   ᠵᠦᠪᠰᠢᠶᠡᠷᠡᠭᠦᠯᠦᠭᠰᠡᠨ ᠤ ᠲᠠᠷᠠᠭ᠎ᠠ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠠᠴᠠ ᠨᠡᠶᠢᠳᠡᠯᠡᠨ   ᠬᠡᠷᠡᠭᠵᠢᠭᠦᠯᠬᠦ ᠶᠢᠨ ᠬᠠᠮᠳᠤ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠤᠰᠤᠨ ᠤ ᠵᠠᠰᠠᠭ ᠵᠠᠬᠢᠷᠭᠠᠨ ᠤ ᠭᠤᠤᠯᠯᠠᠨ   ᠬᠠᠮᠢᠶᠠᠷᠬᠤ ᠰᠠᠯᠠᠭ᠎ᠠ ᠮᠦᠴᠢᠷ ᠪᠠ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠠᠰᠤ ᠴᠢᠨᠠᠷ ᠲᠤ ᠬᠢᠨᠠᠯᠳᠠ ᠲᠠᠯᠪᠢᠵᠤ ᠬᠢᠨᠠᠨ   ᠪᠠᠶᠢᠴᠠᠭᠠᠬᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠭᠦᠯᠵᠦ ᠲᠠᠩᠰᠠᠯᠠᠭᠤᠯᠬᠤ ᠬᠡᠷᠡᠭᠳᠠᠢ᠃           ᠠᠵᠢᠯ ᠲᠦᠷᠦᠯ ᠤᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠠᠶᠢᠬᠤ ᠦᠭᠡᠢ ᠭᠠᠵᠠᠷ ᠤᠨ ᠤᠰᠤ ᠬᠡᠷᠡᠭᠯᠡᠬᠦ   ᠲᠤᠭᠳᠠᠭᠰᠠᠨ ᠬᠡᠮᠵᠢᠶ᠎ᠡ ᠶᠢ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠤᠰᠤᠨ ᠤ ᠵᠠᠰᠠᠭ   ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠳᠤᠪᠡᠷ   ᠲᠤᠭᠳᠠᠭᠠᠵᠤ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠨᠡᠶᠢᠳᠡᠯᠡᠨ ᠬᠡᠷᠡᠭᠵᠢᠭᠦᠯᠬᠦ ᠶᠢᠨ ᠬᠠᠮᠳᠤ   ᠲᠦᠷᠦ ᠶᠢᠨ ᠶᠠᠪᠤᠳᠠᠯ ᠤᠨ ᠬᠤᠷᠢᠶ᠎ᠠ ᠶᠢᠨ ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠠ   ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠠᠰᠤ ᠴᠢᠨᠠᠷ ᠲᠤ ᠬᠢᠨᠠᠯᠳᠠ ᠲᠠᠯᠪᠢᠵᠤ ᠬᠢᠨᠠᠨ ᠪᠠᠶᠢᠴᠠᠭᠠᠬᠤ ᠶᠢ ᠭᠤᠤᠯᠯᠠᠨ   ᠬᠠᠮᠢᠶᠠᠷᠬᠤ ᠰᠠᠯᠠᠭ᠎ᠠ ᠮᠦᠴᠢᠷ ᠲᠤ ᠮᠡᠳᠡᠭᠦᠯᠵᠦ ᠲᠠᠩᠰᠠᠯᠠᠭᠤᠯᠤᠨ᠎ᠠ᠃             ᠠᠵᠢᠯ ᠲᠦᠷᠦᠯ ᠤᠨ ᠤᠰᠤ ᠬᠡᠷᠡᠭᠯᠡᠬᠦ ᠲᠤᠭᠳᠠᠭᠰᠠᠨ ᠬᠡᠮᠵᠢᠶ᠎ᠡ ᠶᠢ ᠤᠰᠤᠨ ᠤ ᠡᠬᠢ ᠪᠠᠶᠠᠯᠢᠬ ᠤᠨ ᠪᠠᠶᠢᠳᠠᠯ ᠪᠠ ᠠᠵᠤ   ᠠᠬᠤᠢ ᠨᠡᠶᠢᠭᠡᠮ ᠤᠨ ᠬᠦᠭᠵᠢᠯᠳᠡ ᠶᠢᠨ ᠲᠦᠪᠰᠢᠨ ᠢ ᠦᠨᠳᠦᠰᠦᠯᠡᠵᠤ᠂ ᠴᠠᠭ ᠲᠤᠬᠠᠢ ᠳᠤᠨᠢ ᠵᠠᠰᠠᠨ ᠲᠤᠭᠳᠠᠭᠠᠬᠤ ᠬᠡᠷᠡᠭᠳᠠᠢ᠃             ᠠᠷᠪᠠᠨ ᠬᠤᠶᠠᠳᠤᠭᠠᠷ ᠵᠦᠢᠯ   ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ   ᠬᠦᠭᠵᠢᠭᠦᠯᠦᠯᠳᠡ ᠪᠠ ᠦᠭᠡᠷᠡᠴᠢᠯᠡᠯᠳᠡ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠳᠠᠯᠢ   ᠱᠠᠳᠤᠨ ᠤ ᠪᠠᠨ ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠠᠢ ᠬᠠᠮᠳᠤᠪᠡᠷ ᠠᠵᠢᠯ   ᠲᠦᠷᠦᠯ ᠤᠨ ᠤᠰᠤ ᠬᠡᠷᠡᠭᠯᠡᠬᠦ ᠲᠤᠭᠳᠠᠭᠰᠠᠨ ᠬᠡᠮᠵᠢᠶ᠎ᠡ᠂ ᠠᠵᠤ ᠠᠬᠤᠢ ᠮᠡᠷᠭᠡᠵᠢᠯ ᠤᠨ ᠨᠦᠭᠦᠴᠡᠯ ᠵᠢᠴᠢ ᠤᠰᠤᠨ ᠤ   ᠬᠡᠮᠵᠢᠶ᠎ᠡ ᠶᠢᠨ ᠬᠤᠪᠢᠶᠠᠷᠢᠯᠠᠯᠳᠠ ᠶᠢᠨ ᠲᠦᠰᠦᠯ ᠳᠤ ᠲᠤᠭᠳᠠᠭᠠᠭᠰᠠᠨ ᠲᠤᠰ ᠵᠠᠰᠠᠭ ᠵᠠᠬᠢᠷᠭᠠᠨ ᠤ ᠤᠷᠤᠨ ᠳᠤ ᠬᠡᠷᠡᠭᠯᠡᠬᠦ   ᠤᠰᠤᠨ ᠤ ᠬᠡᠮᠵᠢᠶ᠎ᠡ ᠶᠢ ᠦᠨᠳᠦᠰᠦᠯᠡᠵᠤ᠂ ᠤᠨ ᠤ ᠤᠰᠤ ᠬᠡᠷᠡᠭᠯᠡᠬᠦ ᠲᠦᠯᠦᠪᠯᠡᠭᠡ ᠲᠤᠭᠳᠠᠭᠠᠬᠤ᠂ ᠲᠤᠰ ᠵᠠᠰᠠᠭ   ᠵᠠᠬᠢᠷᠭᠠᠨ ᠤ ᠤᠷᠤᠨ ᠤ ᠲᠤᠳᠤᠷᠠᠬᠢ ᠤᠨ ᠤ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ ᠡᠵᠡᠮᠳᠡᠨ᠎ᠡ᠃         ᠠᠷᠪᠠᠨ ᠭᠤᠷᠪᠠᠳᠤᠭᠠᠷ ᠵᠦᠢᠯ   ᠤᠰᠤ ᠠᠪᠬᠤ ᠵᠦᠪᠰᠢᠶᠡᠷᠡᠯ ᠤᠯᠤᠭᠰᠠᠨ ᠨᠢᠭᠡᠴᠡ ᠪᠠ ᠬᠤᠪᠢ ᠬᠦᠮᠦᠨ ᠵᠢᠯ   ᠪᠦᠷᠢ ᠶᠢᠨ 12 ᠰᠠᠷ᠎ᠠ ᠶᠢᠨ 31 ᠤ ᠡᠳᠦᠷ ᠠᠴᠠ ᠡᠮᠤᠨ᠎ᠡ ᠬᠠᠮᠢᠶᠠᠷᠬᠤ ᠡᠷᠬᠡ ᠲᠠᠢ ᠬᠤᠰᠢᠭᠤ ᠰᠢᠶᠠᠨ ᠤ ᠱᠠᠳᠤᠨ ᠠᠴᠠ   ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ   ᠲᠤ ᠤᠨ ᠤ ᠤᠰᠤ ᠠᠪᠤᠭᠰᠠᠨ ᠪᠠᠶᠢᠳᠠᠯ ᠪᠠ ᠳᠠᠷᠠᠭ᠎ᠠ ᠵᠢᠯ ᠤᠨ ᠢᠶᠠᠨ ᠤᠰᠤ ᠠᠪᠬᠤ ᠲᠦᠯᠦᠪᠯᠡᠭᠡ ᠶᠢᠨ ᠰᠠᠨᠠᠭᠤᠯᠭ᠎ᠠ ᠪᠠᠨ   ᠮᠡᠳᠡᠭᠦᠯᠬᠦ ᠬᠡᠷᠡᠭᠳᠠᠢ᠃           ᠬᠠᠮᠢᠶᠠᠷᠬᠤ ᠡᠷᠬᠡ ᠲᠠᠢ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ   ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠤᠰᠤ ᠠᠪᠬᠤ ᠵᠦᠪᠰᠢᠶᠡᠷᠡᠯ ᠤᠨ ᠬᠡᠮᠵᠢᠶ᠎ᠡ᠂   ᠠᠵᠢᠯ ᠲᠦᠷᠦᠯ ᠤᠨ ᠤᠰᠤ ᠬᠡᠷᠡᠭᠯᠡᠬᠦ ᠲᠤᠭᠳᠠᠭᠰᠠᠨ ᠬᠡᠮᠵᠢᠶ᠎ᠡ᠂ ᠤᠰᠤ ᠠᠪᠬᠤ ᠨᠢᠭᠡᠴᠡ ᠪᠤᠶᠤ ᠬᠤᠪᠢ ᠬᠦᠮᠦᠨ ᠤ   ᠭᠤᠶᠤᠴᠢᠯᠠᠯ ᠪᠠ ᠲᠤᠰ ᠵᠠᠰᠠᠭ ᠵᠠᠬᠢᠷᠭᠠᠨ ᠤ ᠤᠷᠤᠨ ᠤ ᠤᠨ ᠤ ᠤᠰᠤ ᠬᠡᠷᠡᠭᠯᠡᠬᠦ ᠲᠦᠯᠦᠪᠯᠡᠭᠡ ᠵᠡᠷᠭᠡ ᠬᠦᠴᠦᠨ ᠵᠦᠢᠯ ᠢ   ᠦᠨᠳᠦᠰᠦᠯᠡᠵᠤ᠂ ᠤᠰᠤ ᠠᠪᠬᠤ ᠨᠢᠭᠡᠴᠡ ᠪᠤᠶᠤ ᠬᠤᠪᠢ ᠬᠦᠮᠦᠨ ᠤ ᠤᠨ ᠤ ᠤᠰᠤ ᠠᠪᠬᠤ ᠲᠦᠯᠦᠪᠯᠡᠭᠡ ᠶᠢ ᠬᠢᠨᠠᠨ   ᠲᠤᠭᠳᠠᠭᠠᠬᠤ ᠶᠢᠨ ᠬᠠᠮᠳᠤ ᠵᠢᠯ ᠪᠦᠷᠢ ᠶᠢᠨ 1 ᠰᠠᠷ᠎ᠠ ᠶᠢᠨ 31 ᠤ ᠡᠳᠦᠷ ᠠᠴᠠ ᠡᠮᠤᠨ᠎ᠡ ᠲᠤᠰ ᠵᠢᠯ ᠤᠨ ᠢᠶᠠᠨ ᠤᠰᠤ   ᠠᠪᠬᠤ ᠲᠦᠯᠦᠪᠯᠡᠭᠡ ᠪᠠᠨ ᠲᠤᠷᠤᠭᠰᠢ ᠪᠠᠭᠤᠯᠭᠠᠬᠤ ᠬᠡᠷᠡᠭᠳᠠᠢ᠃           ᠠᠷᠪᠠᠨ ᠲᠦᠷᠪᠡᠳᠦᠭᠡᠷ ᠵᠦᠢᠯ   ᠤᠰᠤ ᠠᠪᠬᠤ ᠨᠢᠭᠡᠴᠡ ᠪᠤᠶᠤ ᠬᠤᠪᠢ ᠬᠦᠮᠦᠨ ᠬᠢᠨᠠᠨ ᠲᠤᠭᠳᠠᠭᠠᠭᠰᠠᠨ ᠤᠨ ᠤ   ᠤᠰᠤ ᠠᠪᠬᠤ ᠲᠦᠯᠦᠪᠯᠡᠭᠡ ᠶᠤᠰᠤᠭᠠᠷ ᠤᠰᠤ ᠠᠪᠴᠤ ᠬᠡᠷᠡᠭᠯᠡᠬᠦ ᠬᠡᠷᠡᠭᠳᠠᠢ᠃           ᠤᠨᠴᠠᠭᠠᠢ ᠰᠢᠯᠳᠠᠭᠠᠨ ᠠᠴᠠ ᠪᠤᠯᠵᠤ ᠤᠨ ᠤ ᠤᠰᠤ ᠬᠡᠷᠡᠭᠯᠡᠬᠦ ᠲᠦᠯᠦᠪᠯᠡᠭᠡ ᠳᠤ ᠲᠤᠬᠢᠷᠠᠭᠤᠯᠤᠯᠳᠠ ᠬᠢᠬᠦ ᠴᠢᠬᠤᠯᠠ   ᠲᠠᠢ ᠪᠤᠯ ᠤᠰᠤ ᠠᠪᠬᠤ ᠨᠢᠭᠡᠴᠡ ᠪᠤᠶᠤ ᠬᠤᠪᠢ ᠬᠦᠮᠦᠨ ᠤᠤᠯ ᠤᠨ ᠬᠢᠨᠠᠨ ᠵᠦᠪᠰᠢᠶᠡᠷᠡᠭᠦᠯᠦᠭᠰᠡᠨ ᠪᠠᠶᠢᠭᠤᠯᠣᠯᠭ᠎ᠠ ᠪᠠᠷ   ᠵᠦᠪᠰᠢᠶᠡᠷᠡᠭᠦᠯᠬᠦ ᠬᠡᠷᠡᠭᠳᠠᠢ᠃           ᠠᠷᠪᠠᠨ ᠲᠠᠪᠤᠳᠤᠭᠠᠷ ᠵᠦᠢᠯ   ᠪᠠᠷᠢᠯᠭ᠎ᠠ ᠪᠠᠷᠢᠬᠤ ᠵᠡᠷᠭᠡ ᠠᠴᠠ ᠪᠤᠯᠵᠤ ᠠᠮᠢᠳᠤᠷᠠᠯ ᠳᠤ ᠬᠡᠷᠡᠭᠯᠡᠬᠦ ᠪᠤᠰᠤ ᠤᠰᠤ ᠶᠢ   ᠲᠦᠷ ᠴᠠᠭ ᠠᠪᠬᠤ ᠳᠤ᠂ ᠪᠦᠳᠦᠭᠡᠨ ᠪᠠᠶᠢᠭᠤᠯᠤᠯᠳᠠ ᠶᠢᠨ ᠨᠢᠭᠡᠴᠡ 30 ᠡᠳᠦᠷ ᠤᠨ ᠡᠮᠤᠨ᠎ᠡ ᠬᠠᠮᠢᠶᠠᠷᠬᠤ ᠡᠷᠬᠡ ᠲᠠᠢ   ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠤᠰᠤᠨ ᠤ ᠵᠠᠰᠠᠭ ᠵᠠᠬᠢᠷᠭᠠᠨ ᠤ   ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠲᠦᠷ ᠴᠠᠭ ᠤᠰᠤ ᠠᠪᠬᠤ ᠭᠤᠶᠤᠴᠢᠯᠠᠯ ᠲᠡᠪᠰᠢᠭᠦᠯᠦᠨ᠎ᠡ᠂ ᠪᠠᠷᠢᠯᠭ᠎ᠠ   ᠪᠠᠷᠢᠬᠤ ᠠᠴᠠ ᠪᠤᠯᠵᠤ ᠦᠨᠡᠨᠭᠦ ᠤᠰᠤ ᠲᠠᠳᠠᠵᠤ ᠭᠠᠳᠠᠭᠰᠢᠯᠠᠭᠤᠯᠬᠤ ᠴᠢᠬᠤᠯᠠ ᠲᠠᠢ ᠪᠤᠯ ᠪᠠᠷᠢᠯᠭ᠎ᠠ ᠶᠢᠨ ᠤᠰᠤ ᠲᠠᠳᠠᠵᠤ   ᠭᠠᠳᠠᠭᠰᠢᠯᠠᠭᠤᠯᠬᠤ ᠲᠦᠰᠦᠯ ᠨᠠᠶᠢᠷᠠᠭᠤᠯᠤᠨ᠂ ᠵᠦᠪᠰᠢᠶᠡᠷᠡᠭᠦᠯᠦᠭᠰᠡᠨ ᠲᠦᠰᠦᠯ ᠪᠠ ᠲᠦᠯᠦᠪᠯᠡᠭᠡ ᠶᠤᠰᠤᠭᠠᠷ ᠤᠰᠤ ᠠᠪᠬᠤ   ᠬᠡᠷᠡᠭᠳᠠᠢ ᠪᠦᠭᠡᠳ ᠤᠰᠤᠨ ᠤ ᠡᠬᠢ ᠪᠠᠶᠠᠯᠢᠬ ᠤᠨ ᠰᠦᠢᠳᠭᠡᠯ ᠲᠤᠰᠢᠶᠠᠬᠤ ᠬᠡᠷᠡᠭᠳᠠᠢ᠃           ᠠᠷᠪᠠᠨ ᠵᠢᠷᠭᠤᠳᠤᠭᠠᠷ ᠵᠦᠢᠯ   ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ   ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠬᠡᠪ ᠤᠨ ᠪᠤᠰᠤ ᠤᠰᠤᠨ ᠰᠤᠷᠪᠤᠯᠵᠢ ᠶᠢ ᠨᠡᠬᠡᠬᠡᠨ   ᠠᠰᠢᠭᠯᠠᠬᠤ ᠶᠢ ᠤᠰᠤ ᠠᠷᠪᠢᠯᠠᠨ ᠬᠡᠷᠡᠭᠯᠡᠬᠦ ᠲᠦᠯᠦᠪᠵᠢᠭᠦᠯᠭᠡ ᠳᠡᠭᠡᠨ ᠤᠷᠤᠭᠤᠯᠵᠤ᠂ ᠤᠰᠤᠨ ᠤ ᠡᠬᠢ ᠪᠠᠶᠠᠯᠢᠬ ᠢ   ᠨᠢᠭᠡᠳᠦᠯᠳᠠᠢ ᠲᠤᠬᠢᠷᠠᠭᠤᠯᠬᠤ ᠬᠡᠷᠡᠭᠳᠠᠢ᠃           ᠠᠷᠪᠠᠨ ᠲᠤᠯᠤᠳᠤᠭᠠᠷ ᠵᠦᠢᠯ   ᠤᠰᠤ ᠠᠪᠬᠤ ᠨᠢᠭᠡᠴᠡ ᠪᠤᠶᠤ ᠬᠤᠪᠢ ᠬᠦᠮᠦᠨ ᠤᠰᠤᠨ ᠤ ᠡᠬᠢ ᠪᠠᠶᠠᠯᠢᠬ ᠤᠨ   ᠰᠦᠢᠳᠭᠡᠯ ᠲᠤᠰᠢᠶᠠᠬᠤ ᠬᠡᠷᠡᠭᠳᠠᠢ᠃ ᠲᠦᠯᠦᠪᠯᠡᠭᠡ ᠪᠤᠶᠤ ᠲᠤᠭᠳᠠᠭᠰᠠᠨ ᠬᠡᠮᠵᠢᠶ᠎ᠡ ᠠᠴᠠ ᠬᠡᠳᠦᠷᠡᠭᠦᠯᠦᠨ ᠤᠰᠤ ᠠᠪᠤᠭᠰᠠᠨ   ᠪᠤᠯ ᠲᠦᠯᠦᠪᠯᠡᠭᠡ ᠪᠤᠶᠤ ᠲᠤᠭᠳᠠᠭᠰᠠᠨ ᠬᠡᠮᠵᠢᠶ᠎ᠡ ᠠᠴᠠ ᠬᠡᠳᠦᠷᠡᠭᠦᠯᠦᠭᠰᠡᠨ ᠬᠡᠰᠡᠭ ᠤᠨ ᠤᠰᠤᠨ ᠤ ᠡᠬᠢ ᠪᠠᠶᠠᠯᠢᠬ ᠤᠨ   ᠰᠦᠢᠳᠭᠡᠯ ᠢ ᠠᠬᠢᠭᠤᠯᠤᠨ ᠪᠤᠳᠤᠨ᠎ᠠ᠃           ᠶᠠᠮᠠᠷᠪᠠ ᠨᠢᠭᠡᠴᠡ ᠪᠠ ᠬᠤᠪᠢ ᠬᠦᠮᠦᠨ ᠭᠡᠳ ᠲᠤᠷ᠎ᠠ ᠪᠠᠷ ᠢᠶᠠᠨ ᠤᠰᠤᠨ ᠤ ᠡᠬᠢ ᠪᠠᠶᠠᠯᠢᠬ ᠤᠨ ᠰᠦᠢᠳᠭᠡᠯ ᠢ   ᠬᠠᠰᠤᠨ ᠬᠡᠯᠳᠦᠷᠡᠭᠦᠯᠬᠦ᠂ ᠠᠯᠠᠭᠤᠷᠯᠠᠨ ᠲᠠᠳᠠᠪᠦᠷᠢᠯᠠᠬᠤ ᠪᠤᠶᠤ ᠲᠠᠳᠠᠪᠦᠷᠢᠯᠠᠬᠤ ᠪᠠᠨ ᠵᠤᠭᠰᠤᠭᠠᠵᠤ ᠪᠤᠯᠬᠤ ᠦᠭᠡᠢ᠃             ᠤᠰᠤᠨ ᠤ ᠡᠬᠢ ᠪᠠᠶᠠᠯᠢᠬ ᠤᠨ ᠰᠦᠢᠳᠭᠡᠯ ᠢ ᠬᠤᠷᠢᠶᠠᠬᠤ ᠪᠠᠷᠢᠮᠵᠢᠶ᠎ᠠ ᠶᠢ ᠤᠯᠤᠰ ᠪᠠ ᠦᠪᠡᠷᠳᠡᠭᠡᠨ ᠵᠠᠰᠠᠬᠤ   ᠤᠷᠤᠨ ᠤ ᠬᠤᠯᠪᠤᠭᠳᠠᠯ ᠪᠦᠬᠦᠢ ᠲᠤᠭᠳᠠᠭᠠᠯ ᠶᠤᠰᠤᠭᠠᠷ ᠬᠡᠷᠡᠭᠵᠢᠭᠦᠯᠦᠨ᠎ᠡ᠃           ᠠᠷᠪᠠᠨ ᠨᠠᠢᠮᠠᠳᠤᠭᠠᠷ ᠵᠦᠢᠯ   ᠤᠰᠤ ᠬᠡᠷᠡᠭᠯᠡᠬᠦ ᠳᠤ ᠬᠡᠮᠵᠢᠯᠳᠡ ᠪᠠᠷ ᠰᠦᠢᠳᠭᠡᠯ ᠬᠤᠷᠢᠶᠠᠬᠤ ᠶᠢ ᠬᠡᠷᠡᠭᠵᠢᠭᠦᠯᠵᠦ᠂   ᠰᠦᠢᠳᠭᠡᠯ ᠲᠠᠭᠠᠭᠠᠴᠢᠯᠠᠬᠤ ᠲᠦᠷᠢᠮ ᠢ ᠬᠡᠷᠡᠭᠵᠢᠭᠦᠯᠬᠦ ᠶᠢ ᠴᠠᠭᠠᠵᠠᠯᠠᠨ᠎ᠠ᠃ ᠰᠠᠭᠤᠭᠠᠯᠢ ᠠᠷᠠᠳ ᠤᠨ ᠠᠮᠢᠳᠤᠷᠠᠯ ᠳᠤ   ᠬᠡᠷᠡᠭᠯᠡᠬᠦ ᠤᠰᠤᠨ ᠳᠤ ᠱᠠᠳᠤᠯᠢᠬ ᠬᠡᠯᠪᠡᠷᠢ ᠶᠢᠨ ᠤᠰᠤᠨ ᠤ ᠦᠨ᠎ᠡ ᠬᠠᠩᠰᠢ ᠶᠢᠨ ᠲᠦᠷᠢᠮ ᠢ ᠬᠡᠷᠡᠭᠵᠢᠭᠦᠯᠵᠦ᠂ ᠰᠠᠭᠤᠭᠠᠯᠢ   ᠠᠷᠠᠳ ᠤᠨ ᠠᠮᠢᠳᠤᠷᠠᠯ ᠳᠤ ᠬᠡᠷᠡᠭᠯᠡᠬᠦ ᠪᠤᠰᠤ ᠤᠰᠤ ᠨᠢ ᠲᠦᠯᠦᠪᠯᠡᠭᠡ᠂ ᠲᠤᠭᠳᠠᠭᠠᠭᠰᠠᠨ ᠬᠡᠮᠵᠢᠶ᠎ᠡ ᠠᠴᠠ ᠬᠡᠳᠦᠷᠡᠭᠰᠡᠨ ᠪᠤᠯ   ᠠᠬᠢᠭᠤᠯᠤᠨ ᠪᠤᠳᠤᠵᠤ ᠦᠨ᠎ᠡ ᠨᠡᠮᠡᠬᠦ ᠲᠦᠷᠢᠮ ᠢ ᠬᠡᠷᠡᠭᠵᠢᠭᠦᠯᠦᠨ᠎ᠡ᠃           ᠰᠠᠭᠤᠭᠠᠯᠢ ᠠᠷᠠᠳ ᠤᠨ ᠠᠮᠢᠳᠤᠷᠠᠯ ᠳᠤ ᠬᠡᠷᠡᠭᠯᠡᠬᠦ ᠤᠰᠤ ᠶᠢᠨ ᠱᠠᠳᠤᠯᠢᠬ ᠬᠡᠯᠪᠡᠷᠢ ᠶᠢᠨ ᠤᠰᠤᠨ ᠤ ᠦᠨ᠎ᠡ   ᠬᠠᠩᠰᠢ ᠶᠢᠨ ᠪᠠᠷᠢᠮᠵᠢᠶ᠎ᠠ ᠶᠢ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠦᠨ᠎ᠡ ᠬᠠᠩᠰᠢ ᠶᠢᠨ   ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠠ ᠠᠶᠢᠮᠠᠭ ᠤᠨ ᠵᠠᠬᠢᠷᠭ᠎ᠠ᠂ ᠲᠤᠭᠤᠷᠢᠭ ᠲᠠᠢ ᠬᠤᠳᠠ ᠶᠢᠨ ᠠᠷᠠᠳ ᠤᠨ   ᠵᠠᠰᠠᠭ ᠤᠨ ᠤᠷᠳᠤᠨ ᠤ ᠦᠨ᠎ᠡ ᠬᠠᠩᠰᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤᠭᠳᠠᠭᠰᠠᠨ ᠡᠷᠬᠡ ᠶᠢᠨ ᠬᠢᠵᠠᠭᠠᠷ   ᠪᠠ ᠲᠠᠷᠠᠭᠠᠯᠠᠯ ᠶᠤᠰᠤᠭᠠᠷ ᠲᠤᠭᠳᠠᠭᠠᠨ᠎ᠠ︔ ᠰᠠᠭᠤᠭᠠᠯᠢ ᠠᠷᠠᠳ ᠤᠨ ᠠᠮᠢᠳᠤᠷᠠᠯ ᠳᠤ ᠬᠡᠷᠡᠭᠯᠡᠬᠦ ᠪᠤᠰᠤ ᠤᠰᠤ ᠨᠢ   ᠲᠦᠯᠦᠪᠯᠡᠭᠡ ᠪᠠ ᠲᠤᠭᠳᠠᠭᠰᠠᠨ ᠬᠡᠮᠵᠢᠶ᠎ᠡ ᠠᠴᠠ ᠬᠡᠳᠦᠷᠡᠭᠰᠡᠨ ᠪᠤᠯ ᠠᠬᠢᠭᠤᠯᠤᠨ ᠪᠤᠳᠤᠵᠤ ᠦᠨ᠎ᠡ ᠨᠡᠮᠡᠬᠦ ᠪᠠᠷᠢᠮᠵᠢᠶ᠎ᠠ ᠶᠢ   ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠦᠨ᠎ᠡ ᠬᠠᠩᠰᠢ ᠶᠢᠨ ᠭᠤᠤᠯᠯᠠᠨ ᠬᠠᠮᠢᠶᠠᠷᠬᠤ ᠰᠠᠯᠠᠭ᠎ᠠ   ᠮᠦᠴᠢᠷ ᠲᠤᠭᠳᠠᠭᠰᠠᠨ ᠡᠷᠬᠡ ᠶᠢᠨ ᠬᠢᠵᠠᠭᠠᠷ ᠪᠠ ᠲᠠᠷᠠᠭᠠᠯᠠᠯ ᠶᠤᠰᠤᠭᠠᠷ ᠲᠤᠭᠳᠠᠭᠠᠨ᠎ᠠ᠃           ᠠᠷᠪᠠ ᠶᠢᠰᠦᠳᠦᠭᠡᠷ ᠵᠦᠢᠯ   ᠦᠪᠡᠷᠳᠡᠭᠡᠨ ᠵᠠᠰᠠᠬᠤ ᠤᠷᠤᠨ ᠬᠡᠪ ᠤᠨ ᠪᠤᠰᠤ ᠤᠰᠤᠨ ᠰᠤᠷᠪᠤᠯᠵᠢ ᠶᠢ ᠠᠰᠢᠭᠯᠠᠬᠤ   ᠲᠦᠷᠦᠯ ᠵᠦᠢᠯ ᠳᠤ ᠤᠰᠤᠨ ᠤ ᠡᠬᠢ ᠪᠠᠶᠠᠯᠢᠬ ᠤᠨ ᠰᠦᠢᠳᠭᠡᠯ ᠪᠠ ᠤᠰᠤᠨ ᠤ ᠦᠨ᠎ᠡ ᠬᠠᠩᠰᠢ ᠳᠤ ᠬᠠᠷᠠᠭᠠᠯᠵᠠᠯ   ᠦᠵᠡᠭᠦᠯᠬᠦ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠨ᠎ᠡ᠃           ᠬᠤᠷᠢᠳᠤᠭᠠᠷ ᠵᠦᠢᠯ   ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ   ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠤᠰᠤ ᠬᠡᠷᠡᠭᠯᠡᠭᠰᠡᠨ ᠪᠠᠶᠢᠳᠠᠯ ᠢ ᠵᠠᠷᠯᠠᠨ ᠮᠡᠳᠡᠭᠳᠡᠬᠦ   ᠲᠦᠷᠢᠮ ᠢ ᠪᠠᠶᠢᠭᠤᠯᠵᠤ᠂ ᠤᠷᠤᠨ ᠲᠤᠭᠤᠷᠢᠭ ᠪᠠ ᠠᠵᠢᠯ ᠲᠦᠷᠦᠯ ᠤᠨ ᠤᠰᠤ ᠬᠡᠷᠡᠭᠯᠡᠭᠰᠡᠨ ᠪᠠᠶᠢᠳᠠᠯ ᠢ ᠲᠤᠭᠳᠠᠭᠰᠠᠨ   ᠬᠤᠭᠤᠴᠠᠭ᠎ᠠ ᠲᠠᠢ ᠪᠠᠷ ᠨᠡᠶᠢᠳᠡᠯᠡᠵᠤ᠂ ᠠᠵᠤ ᠠᠬᠤᠢᠢᠯᠠᠯ ᠠᠵᠤ ᠦᠢᠯᠡᠰ ᠤᠨ ᠨᠢᠭᠡᠴᠡ ᠪᠠ ᠨᠡᠶᠢᠭᠡᠮ ᠤᠨ ᠤᠰᠤ ᠠᠷᠪᠢᠯᠠᠨ   ᠬᠡᠷᠡᠭᠯᠡᠬᠦ ᠶᠢ ᠵᠢᠯᠤᠭᠤᠳᠤᠨ ᠲᠠᠭᠠᠭᠤᠯᠬᠤ ᠬᠡᠷᠡᠭᠳᠠᠢ᠃             ᠭᠤᠷᠪᠠᠳᠤᠭᠠᠷ   ᠪᠦᠯᠦᠭ ᠤᠰᠤ ᠠᠷᠪᠢᠯᠠᠨ ᠬᠡᠷᠡᠭᠯᠡᠬᠦ                 ᠬᠤᠷᠢᠨ ᠨᠢᠭᠡᠳᠦᠭᠡᠷ ᠵᠦᠢᠯ   ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠰᠡᠪᠡᠷᠡᠭᠦᠨ ᠤᠰᠤᠯᠠᠬᠤ᠂   ᠰᠦᠷᠴᠢᠨ ᠤᠰᠤᠯᠠᠬᠤ᠂ ᠬᠤᠭᠤᠯᠠᠢ ᠪᠠᠷ ᠤᠰᠤ ᠲᠠᠮᠵᠢᠭᠤᠯᠬᠤ᠂ ᠤᠰᠤᠨ ᠰᠤᠪᠠᠭ ᠤᠨ ᠨᠡᠪᠴᠢᠬᠦ ᠶᠢ ᠰᠡᠷᠭᠡᠶᠢᠯᠡᠬᠦ ᠵᠡᠷᠭᠡ   ᠲᠠᠷᠢᠶᠠᠯᠠᠩ ᠤᠨ ᠤᠰᠤ ᠠᠷᠪᠢᠯᠠᠵᠤ ᠤᠰᠤᠯᠠᠬᠤ ᠮᠡᠷᠭᠡᠵᠢᠯ ᠢ ᠲᠡᠯᠭᠡᠷᠡᠭᠦᠯᠦᠨ ᠬᠡᠷᠡᠭᠵᠢᠭᠦᠯᠵᠦ᠂ ᠤᠰᠤ ᠬᠡᠷᠡᠭᠯᠡᠬᠦ ᠠᠰᠢᠭᠯᠠᠮᠵᠢ   ᠪᠠᠨ ᠲᠡᠭᠡᠭᠰᠢᠯᠡᠭᠦᠯᠬᠦ ᠬᠡᠷᠡᠭᠳᠠᠢ᠃           ᠲᠠᠷᠢᠶᠠᠯᠠᠩ ᠤᠨ ᠤᠰᠤ ᠬᠡᠷᠡᠭᠯᠡᠬᠦ ᠬᠠᠮᠢᠶᠠᠷᠤᠯᠳᠠ ᠪᠠ ᠪᠤᠳᠠᠳᠠᠢ ᠤᠰᠤ ᠠᠷᠪᠢᠯᠠᠬᠤ ᠠᠷᠭ᠎ᠠ ᠬᠡᠮᠵᠢᠶ᠎ᠡ ᠶᠢ ︽ᠦᠪᠦᠷ   ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠲᠠᠷᠢᠶᠠᠯᠠᠩ ᠤᠨ ᠤᠰᠤ ᠠᠷᠪᠢᠯᠠᠵᠤ ᠤᠰᠤᠯᠠᠬᠤ ᠲᠦᠷᠢᠮ︾ ᠤᠨ   ᠬᠤᠯᠪᠤᠭᠳᠠᠯ ᠪᠦᠬᠦᠢ ᠲᠤᠭᠳᠠᠭᠠᠯ ᠶᠤᠰᠤᠭᠠᠷ ᠬᠡᠷᠡᠭᠵᠢᠭᠦᠯᠦᠨ᠎ᠡ᠃         ᠬᠤᠷᠢᠨ ᠬᠤᠶᠠᠳᠤᠭᠠᠷ ᠵᠦᠢᠯ   ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ ᠢ ᠰᠢᠨ᠎ᠡ ᠪᠠᠷ ᠪᠠᠶᠢᠭᠤᠯᠬᠤ᠂   ᠦᠭᠡᠷᠡᠴᠢᠯᠡᠨ ᠪᠠᠶᠢᠭᠤᠯᠬᠤ᠂ ᠦᠷᠭᠡᠳᠭᠡᠨ ᠪᠠᠶᠢᠭᠤᠯᠬᠤ ᠳᠤ ᠤᠰᠤ ᠠᠷᠪᠢᠯᠠᠬᠤ ᠠᠷᠭ᠎ᠠ ᠬᠡᠮᠵᠢᠶ᠎ᠡ ᠶᠢᠨ ᠲᠦᠰᠦᠯ   ᠲᠤᠭᠳᠠᠭᠠᠵᠤ᠂ ᠤᠰᠤ ᠠᠷᠪᠢᠯᠠᠬᠤ ᠪᠡᠯᠡᠳᠭᠡᠯ ᠲᠦᠬᠦᠭᠡᠷᠦᠮᠵᠢ ᠶᠢ ᠲᠦᠭᠦᠷᠵᠢᠭᠦᠯᠦᠨ ᠪᠠᠶᠢᠭᠤᠯᠬᠤ ᠬᠡᠷᠡᠭᠳᠠᠢ᠃ ᠤᠰᠤ   ᠠᠷᠪᠢᠯᠠᠬᠤ ᠪᠡᠯᠡᠳᠭᠡᠯ ᠲᠦᠬᠦᠭᠡᠷᠦᠮᠵᠢ ᠶᠢ ᠭᠤᠤᠯ ᠴᠤᠭᠴᠠ ᠶᠢᠨ ᠪᠠᠷᠢᠯᠭ᠎ᠠ ᠯᠤᠭ᠎ᠠ ᠬᠠᠮᠳᠣ ᠵᠢᠷᠤᠵᠤ ᠲᠦᠯᠦᠪᠯᠡᠨ᠂ ᠬᠠᠮᠳᠣ   ᠪᠠᠷᠢᠯᠭ᠎ᠠ ᠡᠬᠢᠯᠡᠭᠦᠯᠵᠦ᠂ ᠬᠠᠮᠳᠣ ᠠᠰᠢᠭᠯᠠᠯᠳᠠ ᠳᠤ ᠤᠷᠤᠭᠤᠯᠬᠤ ᠬᠡᠷᠡᠭᠳᠠᠢ᠃         ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ ᠤᠨ ᠪᠠᠷᠢᠯᠭ᠎ᠠ ᠲᠡᠭᠦᠰᠴᠤ᠂ ᠪᠦᠳᠦᠭᠡᠨ ᠪᠠᠶᠢᠭᠤᠯᠤᠯᠳᠠ ᠶᠢᠨ   ᠨᠢᠭᠡᠴᠡ ᠠᠴᠠ ᠰᠢᠯᠭᠠᠨ ᠬᠤᠷᠢᠶᠠᠬᠤ ᠳᠤ ᠤᠰᠤ ᠠᠷᠪᠢᠯᠠᠬᠤ ᠪᠡᠯᠡᠳᠭᠡᠯ ᠲᠦᠬᠦᠭᠡᠷᠦᠮᠵᠢ ᠶᠢ ᠨᠢ ᠰᠢᠯᠭᠠᠨ ᠬᠤᠷᠢᠶᠠᠬᠤ   ᠬᠡᠷᠡᠭᠳᠠᠢ︔ ᠰᠢᠯᠭᠠᠨ ᠬᠤᠷᠢᠶᠠᠬᠤ ᠶᠢ ᠲᠡᠮᠵᠢᠬᠰᠠᠨ ᠦᠭᠡᠢ ᠪᠤᠶᠤ ᠰᠢᠯᠭᠠᠨ ᠬᠤᠷᠢᠶᠠᠬᠤ ᠳᠤ ᠬᠢᠷᠢ ᠲᠡᠩᠴᠡᠭᠰᠡᠨ ᠦᠭᠡᠢ   ᠤᠰᠤ ᠠᠷᠪᠢᠯᠠᠬᠤ ᠪᠡᠯᠡᠳᠭᠡᠯ ᠲᠦᠬᠦᠭᠡᠷᠦᠮᠵᠢ ᠶᠢ ᠠᠰᠢᠭᠯᠠᠯᠳᠠ ᠳᠤ ᠤᠷᠤᠭᠤᠯᠵᠤ ᠪᠤᠯᠬᠤ ᠦᠭᠡᠢ᠃       ᠤᠰᠤ ᠠᠷᠪᠢᠯᠠᠬᠤ ᠪᠡᠯᠡᠳᠭᠡᠯ ᠲᠦᠬᠦᠭᠡᠷᠦᠮᠵᠢ ᠳᠤ ᠤᠰᠤ ᠠᠷᠪᠢᠯᠠᠬᠤ ᠰᠠᠪᠠ᠂ ᠤᠷ᠎ᠡ ᠮᠡᠷᠭᠡᠰᠢᠯ᠂ ᠲᠦᠭᠦᠭᠡᠷᠤᠮᠵᠢ᠂   ᠬᠡᠮᠵᠢᠯᠳᠡ ᠶᠢᠨ ᠲᠦᠬᠦᠭᠡᠷᠦᠮᠵᠢ᠂ ᠲᠠᠬᠢᠯᠳᠠ ᠤᠰᠤ ᠶᠢ ᠪᠤᠴᠠᠭᠠᠨ ᠠᠰᠢᠭᠯᠠᠬᠤ ᠰᠢᠰᠲ᠋ᠧᠮ ᠪᠠ ᠪᠤᠷᠤᠭᠠᠨ ᠤ ᠤᠰᠤ ᠶᠢ   ᠬᠤᠷᠢᠶᠠᠨ ᠠᠪᠴᠤ ᠠᠰᠢᠭᠯᠠᠬᠤ ᠰᠢᠰᠲ᠋ᠧᠮ ᠪᠠᠭᠳᠠᠨ᠎ᠠ᠃             ᠬᠤᠷᠢᠨ ᠭᠤᠷᠪᠠᠳᠤᠭᠠᠷ ᠵᠦᠢᠯ   ᠤᠰᠤ ᠠᠪᠬᠤ ᠨᠢᠭᠡᠴᠡ ᠪᠤᠶᠤ ᠬᠤᠪᠢ ᠬᠦᠮᠦᠨ ᠤᠰᠤ ᠠᠷᠪᠢᠯᠠᠬᠤ ᠬᠡᠯᠪᠡᠷᠢ ᠶᠢᠨ   ᠤᠷ᠎ᠡ ᠮᠡᠷᠭᠡᠰᠢᠯ᠂ ᠲᠦᠭᠦᠭᠡᠷᠤᠮᠵᠢ ᠪᠠ ᠦᠢᠯᠡᠳᠭᠦᠨ ᠢ ᠬᠡᠷᠡᠭᠯᠡᠬᠦ ᠬᠡᠷᠡᠭᠳᠠᠢ᠃ ᠤᠯᠤᠰ ᠠᠴᠠ ᠨᠢᠭᠡᠨᠳᠡ ᠵᠠᠷᠯᠢᠬᠳᠠᠨ   ᠰᠢᠭᠰᠢᠭᠳᠡᠭᠦᠯᠦᠭᠰᠡᠨ ᠤᠰᠤᠨ ᠤ ᠬᠤᠷᠤᠭᠳᠠᠯ ᠶᠡᠭᠡᠲᠠᠢ ᠤᠷ᠎ᠠ ᠮᠡᠷᠭᠡᠰᠢᠯ᠂ ᠲᠦᠭᠦᠭᠡᠷᠤᠮᠵᠢ ᠪᠠ ᠦᠢᠯᠡᠳᠭᠦᠨ ᠢ ᠨᠢᠭᠡᠨᠳᠡ   ᠤᠭᠰᠠᠷᠠᠭᠤᠯᠤᠭᠰᠠᠨ ᠪᠤᠯ ᠴᠠᠭ ᠲᠤᠬᠠᠢ ᠳᠤᠨᠢ ᠰᠤᠯᠢᠬᠤ ᠪᠤᠶᠤ ᠲᠡᠭᠦᠨ ᠳᠤ ᠤᠰᠤ ᠠᠷᠪᠢᠯᠠᠬᠤ ᠦᠭᠡᠷᠡᠴᠢᠯᠡᠯᠳᠡ ᠬᠢᠬᠦ   ᠬᠡᠷᠡᠭᠳᠠᠢ᠃           ᠬᠤᠷᠢᠨ ᠲᠦᠷᠪᠡᠳᠦᠭᠡᠷ ᠵᠦᠢᠯ   ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ   ᠲᠤᠰ ᠵᠠᠰᠠᠭ ᠵᠠᠬᠢᠷᠭᠠᠨ ᠤ ᠤᠷᠤᠨ ᠤ ᠠᠵᠤ ᠦᠢᠯᠡᠳᠪᠦᠷᠢ ᠶᠢᠨ ᠪᠠᠶᠢᠷᠢᠯᠠᠭᠤᠯᠤᠯᠳᠠ ᠪᠠ ᠠᠵᠤ ᠦᠢᠯᠡᠰ ᠤᠨ ᠪᠦᠲᠦᠴᠡ ᠶᠢ   ᠲᠤᠬᠠᠢ ᠶᠢᠨ ᠭᠠᠵᠠᠷ ᠤᠨ ᠢᠶᠠᠨ ᠤᠰᠤᠨ ᠤ ᠡᠬᠢ ᠪᠠᠶᠠᠯᠢᠬ ᠤᠨ ᠨᠦᠭᠦᠴᠡᠯ᠂ ᠤᠰᠤᠨ ᠤ ᠤᠷᠴᠢᠨ ᠲᠤᠭᠤᠷᠢᠨ ᠤ   ᠪᠠᠭᠳᠠᠭᠠᠮᠵᠢ ᠯᠤᠭ᠎ᠠ ᠵᠤᠬᠢᠴᠠᠭᠤᠯᠬᠤ ᠬᠡᠷᠡᠭᠳᠠᠢ᠃         ᠤᠰᠤᠨ ᠤ ᠬᠤᠷᠤᠭᠳᠠᠯ ᠶᠡᠭᠡᠲᠠᠢ ᠠᠵᠤ ᠦᠢᠯᠡᠳᠪᠦᠷᠢ ᠶᠢᠨ ᠲᠦᠷᠦᠯ ᠵᠦᠢᠯ ᠢ ᠰᠢᠨ᠎ᠡ ᠪᠠᠷ ᠪᠠᠶᠢᠭᠤᠯᠬᠤ᠂   ᠦᠭᠡᠷᠡᠴᠢᠯᠡᠨ ᠪᠠᠶᠢᠭᠤᠯᠬᠤ᠂ ᠦᠷᠭᠡᠳᠭᠡᠨ ᠪᠠᠶᠢᠭᠤᠯᠬᠤ ᠳᠤ ᠭᠠᠵᠠᠷ ᠲᠤᠤᠷᠠᠬᠢ ᠤᠰᠤ ᠶᠢ ᠲᠤᠷ᠎ᠠ ᠪᠠᠷ ᠬᠡᠷᠡᠭᠯᠡᠬᠦ ᠶᠢ   ᠴᠠᠭᠠᠵᠠᠯᠠᠨ᠎ᠠ᠃           ᠨᠢᠭᠡᠨᠳᠡ ᠪᠠᠶᠢᠭᠤᠯᠤᠭᠰᠠᠨ ᠤᠰᠤᠨ ᠤ ᠬᠤᠷᠤᠭᠳᠠᠯ ᠶᠡᠭᠡᠲᠠᠢ ᠠᠵᠤ ᠦᠢᠯᠡᠳᠪᠦᠷᠢ ᠶᠢᠨ ᠲᠦᠷᠦᠯ ᠵᠦᠢᠯ ᠳᠤ ᠬᠡᠷᠪᠡ   ᠭᠠᠵᠠᠷ ᠲᠤᠤᠷᠠᠬᠢ ᠤᠰᠤ ᠶᠢ ᠬᠡᠷᠡᠭᠯᠡᠭᠰᠡᠨ ᠪᠤᠯ ᠤᠰᠤ ᠠᠷᠪᠢᠯᠠᠬᠤ ᠠᠷᠭ᠎ᠠ ᠬᠡᠮᠵᠢᠶ᠎ᠡ ᠠᠪᠴᠤ᠂ ᠭᠠᠵᠠᠷ ᠲᠤᠤᠷᠠᠬᠢ ᠤᠰᠤ ᠶᠢ   ᠨᠡᠭᠡᠭᠡᠨ ᠠᠰᠢᠭᠯᠠᠬᠤ ᠶᠢ ᠠᠯᠬᠤᠮ ᠠᠯᠬᠤᠮ ᠢᠶᠠᠷ ᠪᠠᠭᠠᠰᠬᠠᠬᠤ ᠬᠡᠷᠡᠭᠳᠠᠢ᠃ ᠨᠦᠭᠦᠴᠡᠯ ᠲᠠᠢ ᠪᠤᠯ ᠭᠠᠵᠠᠷ ᠲᠤᠤᠷᠠᠬᠢ   ᠤᠰᠤᠨ ᠤ ᠡᠬᠢ ᠰᠤᠷᠪᠤᠯᠵᠢ ᠶᠢ ᠬᠡᠪ ᠤᠨ ᠪᠤᠰᠤ ᠤᠰᠤᠨ ᠤ ᠡᠬᠢ ᠰᠤᠷᠪᠤᠯᠵᠢ ᠪᠤᠶᠤ ᠭᠠᠵᠠᠷ ᠲᠡᠭᠡᠷᠡᠬᠢ ᠤᠰᠤᠨ ᠡᠬᠢ   ᠰᠤᠷᠪᠤᠯᠵᠢ ᠪᠠᠷ ᠤᠷᠤᠯᠠᠭᠤᠯᠬᠤ ᠬᠡᠷᠡᠭᠳᠠᠢ᠃           ᠬᠤᠷᠢᠨ ᠲᠠᠪᠤᠳᠤᠭᠠᠷ ᠵᠦᠢᠯ   ᠠᠵᠤ ᠦᠢᠯᠡᠰ ᠦᠢᠯᠡᠳᠪᠤᠷᠢ ᠶᠢᠨ ᠠᠵᠤ ᠠᠬᠤᠢᠢᠯᠠᠯ ᠤᠷᠴᠢᠯ ᠤᠰᠤ ᠬᠡᠷᠡᠭᠯᠡᠬᠦ᠂   ᠴᠢᠨᠠᠷ ᠢᠯᠭᠠᠵᠤ ᠤᠰᠤ ᠬᠡᠷᠡᠭᠯᠡᠬᠦ ᠵᠢᠴᠢ ᠬᠠᠶᠠᠭᠳᠠᠮᠠᠯ ᠪᠤᠬᠢᠷᠳᠤᠯ ᠤᠰᠤ ᠶᠢ ᠪᠤᠴᠠᠭᠠᠨ ᠠᠰᠢᠭᠯᠠᠬᠤ ᠵᠡᠷᠭᠡ ᠠᠷᠭ᠎ᠠ ᠬᠡᠮᠵᠢᠶ᠎ᠡ   ᠪᠠᠷ ᠤᠰᠤ ᠬᠡᠷᠡᠭᠯᠡᠬᠦ ᠲᠠᠩ ᠬᠤᠷᠤᠭᠳᠠᠯ ᠢ ᠲᠤᠷᠤᠭᠰᠢᠯᠠᠭᠤᠯᠵᠤ᠂ ᠤᠰᠤ ᠶᠢ ᠲᠠᠬᠢᠨ ᠠᠰᠢᠭᠯᠠᠬᠤ ᠨᠤᠷᠮ᠎ᠠ ᠶᠢ   ᠲᠡᠭᠡᠭᠰᠢᠯᠡᠭᠦᠯᠵᠦ᠂ ᠬᠠᠶᠠᠭᠳᠠᠮᠠᠯ ᠪᠤᠬᠢᠷᠳᠤᠯ ᠤᠰᠤᠨ ᠶᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠡᠷᠡᠭᠳᠠᠢ᠃           ᠠᠵᠤ ᠦᠢᠯᠡᠳᠪᠦᠷᠢ ᠶᠢᠨ ᠠᠵᠤ ᠠᠬᠤᠢᠢᠯᠠᠯ ᠤᠨ ᠲᠦᠭᠦᠭᠡᠷᠤᠮᠵᠢ ᠶᠢᠨ ᠬᠦᠷᠦᠭᠡᠯ ᠤᠰᠤ᠂ ᠠᠭᠠᠷ   ᠲᠤᠬᠢᠷᠠᠭᠤᠯᠤᠭᠴᠢ ᠶᠢᠨ ᠬᠦᠷᠦᠭᠡᠯ ᠤᠰᠤ᠂ ᠵᠤᠤᠬ᠎ᠠ ᠶᠢᠨ ᠴᠠᠷᠴᠠᠠᠭᠠᠬᠤ ᠤᠰᠤ ᠶᠢ ᠤᠷᠴᠢᠨ ᠬᠡᠷᠡᠭᠯᠡᠬᠦ ᠪᠤᠶᠤ ᠬᠤᠷᠢᠶᠠᠨ   ᠠᠪᠴᠤ ᠠᠰᠢᠭᠯᠠᠬᠤ ᠬᠡᠷᠡᠭᠳᠠᠢ᠂ ᠰᠢᠭᠤᠳ ᠭᠠᠳᠠᠭᠰᠢᠯᠠᠭᠤᠯᠵᠤ ᠪᠤᠯᠬᠤ ᠦᠭᠡᠢ᠃         ᠬᠤᠷᠢᠨ ᠵᠢᠷᠭᠤᠳᠤᠭᠠᠷ ᠵᠦᠢᠯ   ᠴᠡᠪᠡᠷ ᠤᠰᠤ᠂ ᠷᠠᠰᠢᠶᠠᠨ ᠤᠰᠤ᠂ ᠤᠮᠳᠠᠭᠠᠨ᠂ ᠠᠷᠢᠭᠢ ᠵᠡᠷᠭᠡ ᠦᠢᠯᠡᠳᠭᠦᠨ ᠢ   ᠦᠢᠯᠡᠳᠪᠦᠷᠢᠯᠡᠬᠦ ᠠᠵᠤ ᠠᠬᠤᠢᠢᠯᠠᠯ ᠤᠰᠤ ᠠᠷᠪᠢᠯᠠᠬᠤ ᠠᠷᠭ᠎ᠠ ᠬᠡᠮᠵᠢᠶ᠎ᠡ ᠶᠢ ᠬᠡᠷᠡᠭᠯᠡᠵᠤ᠂ ᠤᠰᠤᠨ ᠤ ᠬᠤᠷᠤᠭᠳᠠᠯ ᠢ   ᠪᠠᠭᠠᠰᠬᠠᠨ᠂ ᠤᠰᠤᠨ ᠤ ᠭᠠᠷᠭᠠᠮᠵᠢ ᠶᠢ ᠤᠯᠤᠰ ᠤᠨ ᠪᠠᠷᠢᠮᠵᠢᠶ᠎ᠠ ᠠᠴᠠ ᠲᠤᠤᠷ᠎ᠠ ᠪᠠᠶᠢᠯᠭᠠᠵᠤ ᠪᠤᠯᠬᠤ ᠦᠭᠡᠢ︔ ᠰᠡᠭᠦᠯ ᠤᠨ   ᠤᠰᠤ ᠶᠢ ᠬᠤᠷᠢᠶᠠᠨ ᠠᠪᠴᠤ ᠲᠠᠬᠢᠨ ᠠᠰᠢᠭᠯᠠᠬᠤ ᠬᠡᠷᠡᠭᠲᠠᠢ᠂ ᠰᠢᠭᠤᠳ ᠭᠠᠳᠠᠭᠰᠢᠯᠠᠭᠤᠯᠵᠤ ᠪᠤᠯᠬᠤ ᠦᠭᠡᠢ᠃         ᠬᠤᠷᠢᠨ ᠲᠤᠯᠤᠳᠤᠭᠠᠷ ᠵᠦᠢᠯ   ᠠᠭᠤᠷᠬᠠᠢ ᠮᠠᠯᠳᠠᠬᠤ ᠠᠵᠤ ᠠᠬᠤᠢᠢᠯᠠᠯ ᠤᠰᠤ ᠠᠷᠪᠢᠯᠠᠬᠤ ᠲᠦᠰᠦᠯ ᠲᠤᠭᠳᠠᠭᠠᠵᠤ᠂   ᠬᠡᠮᠵᠢᠯᠳᠡ ᠶᠢᠨ ᠪᠡᠯᠡᠳᠭᠡᠯ ᠲᠦᠬᠦᠭᠡᠷᠦᠮᠵᠢ ᠤᠭᠰᠠᠷᠠᠬᠤ ᠬᠡᠷᠡᠭᠳᠠᠢ᠃ ᠨᠦᠭᠦᠴᠡᠯ ᠲᠠᠢ ᠭᠠᠵᠠᠷ ᠤᠷᠤᠨ ᠬᠠᠭᠤᠷᠠᠶᠢᠳᠠᠭᠤᠯᠬᠤ   ᠪᠠᠷ ᠳᠠᠷᠬᠠᠭᠠᠭᠰᠠᠨ ᠤᠰᠤ ᠶᠢ ᠬᠤᠷᠢᠶᠠᠨ ᠠᠪᠴᠤ ᠲᠠᠬᠢᠨ ᠠᠰᠢᠭᠯᠠᠬᠤ ᠬᠡᠷᠡᠭᠳᠠᠢ᠃           ᠠᠭᠤᠷᠬᠠᠢ ᠮᠠᠯᠳᠠᠬᠤ ᠠᠵᠤ ᠠᠬᠤᠢᠢᠯᠠᠯ ᠬᠠᠭᠤᠷᠠᠶᠢᠳᠠᠭᠤᠯᠬᠤ ᠶᠢᠨ ᠲᠦᠯᠦᠭᠡ ᠤᠰᠤ ᠭᠠᠳᠠᠭᠰᠢᠯᠠᠭᠤᠯᠬᠤ ᠠᠴᠠ   ᠪᠤᠯᠵᠤ ᠭᠠᠵᠠᠷ ᠲᠤᠤᠷᠠᠬᠢ ᠤᠰᠤᠨ ᠤ ᠲᠦᠪᠰᠢᠨ ᠢ ᠲᠤᠷᠤᠭᠰᠢᠯᠠᠭᠤᠯᠤᠭᠰᠠᠨ᠂ ᠤᠰᠤᠨ ᠤ ᠡᠬᠢ ᠰᠤᠷᠪᠤᠯᠵᠢ ᠰᠢᠷᠭᠢᠭᠰᠡᠨ   ᠪᠤᠶᠤ ᠭᠠᠵᠠᠷ ᠤᠨ ᠭᠠᠳᠠᠷᠭᠤ ᠨᠤᠷᠠᠭᠰᠠᠨ ᠪᠤᠯ ᠨᠦᠬᠦᠵᠤ ᠵᠠᠰᠠᠬᠤ ᠠᠷᠭ᠎ᠠ ᠬᠡᠮᠵᠢᠶ᠎ᠡ ᠠᠪᠬᠤ ᠬᠡᠷᠡᠭᠳᠠᠢ︔ ᠪᠤᠰᠤᠳ   ᠬᠦᠮᠦᠨ ᠤ ᠠᠮᠢᠳᠤᠷᠠᠯ ᠪᠠ ᠦᠢᠯᠡᠳᠪᠦᠷᠢᠯᠡᠯ ᠳᠤ ᠬᠤᠬᠢᠷᠠᠯ ᠤᠴᠠᠷᠠᠭᠤᠯᠤᠭᠰᠠᠨ ᠪᠤᠯ ᠬᠠᠤᠯᠢ ᠶᠤᠰᠤᠭᠠᠷ ᠲᠦᠯᠦᠪᠦᠷᠢ ᠦᠭᠬᠦ   ᠬᠡᠷᠡᠭᠳᠠᠢ᠃         ᠬᠤᠷᠢᠨ ᠨᠠᠢᠮᠠᠳᠤᠭᠠᠷ ᠵᠦᠢᠯ   ᠪᠦᠳᠦᠭᠡᠨ ᠪᠠᠶᠢᠭᠤᠯᠤᠯᠳᠠ ᠶᠢᠨ ᠪᠠᠷᠢᠯᠭ᠎ᠠ ᠶᠢᠨ ᠨᠢᠭᠡᠴᠡ ᠢᠨᠵᠧᠨᠧᠷᠢᠩ ᠤᠨ ᠪᠠ   ᠮᠡᠷᠭᠡᠵᠢᠯ ᠤᠨ ᠠᠷᠭ᠎ᠠ ᠬᠡᠮᠵᠢᠶ᠎ᠡ ᠠᠪᠴᠤ᠂ ᠪᠠᠷᠢᠯᠭ᠎ᠠ ᠶᠢᠨ ᠤᠰᠤ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠡᠷᠡᠭᠳᠠᠢ᠃   ᠨᠦᠭᠦᠴᠡᠯ ᠲᠠᠢ ᠪᠤᠯ ᠪᠠᠷᠢᠯᠭ᠎ᠠ ᠶᠢᠨ ᠭᠠᠳᠠᠭᠰᠢᠯᠠᠭᠤᠯᠣᠭᠰᠠᠨ ᠤᠰᠤ ᠶᠢ ᠬᠤᠷᠢᠶᠠᠨ ᠠᠪᠴᠤ ᠲᠠᠬᠢᠨ ᠠᠰᠢᠭᠯᠠᠬᠤ ᠬᠡᠷᠡᠭᠳᠠᠢ᠃           ᠬᠤᠷᠢ ᠶᠢᠰᠦᠳᠦᠭᠡᠷ ᠵᠦᠢᠯ   ᠤᠰᠤ ᠬᠡᠷᠡᠭᠯᠡᠬᠦ ᠠᠵᠤ ᠠᠬᠤᠢᠢᠯᠠᠯ ᠭᠤᠷᠪᠠ ᠠᠴᠠ ᠲᠠᠪᠤᠨ ᠵᠢᠯ ᠪᠦᠷᠢ ᠨᠢᠭᠡ ᠤᠳᠠᠭ᠎ᠠ   ᠤᠰᠤᠨ ᠤ ᠲᠡᠩᠴᠡᠭᠦᠷᠢ ᠶᠢᠨ ᠰᠤᠷᠢᠯᠳᠠ ᠬᠢᠬᠦ ᠬᠡᠷᠡᠭᠳᠠᠢ᠃ ᠦᠢᠯᠡᠳᠭᠦᠨ ᠤ ᠪᠦᠳᠦᠴᠡ ᠪᠤᠶᠤ ᠦᠢᠯᠡᠳᠪᠦᠷᠢᠯᠡᠬᠦ᠂ ᠤᠰᠤ   ᠬᠡᠷᠡᠭᠯᠡᠬᠦ ᠤᠷ᠎ᠠ ᠮᠡᠷᠭᠡᠰᠢᠯ ᠨᠢ ᠬᠤᠪᠢᠷᠠᠯᠳᠠ ᠭᠠᠷᠪᠠᠯ᠂ ᠤᠰᠤ ᠬᠡᠷᠡᠭᠯᠡᠬᠦ ᠨᠢᠭᠡᠴᠡ ᠬᠠᠭᠠᠰ ᠵᠢᠯ ᠤᠨ ᠲᠤᠳᠤᠷ᠎ᠠ ᠲᠠᠬᠢᠨ   ᠰᠤᠷᠢᠯᠳᠠ ᠬᠢᠬᠦ ᠬᠡᠷᠡᠭᠳᠠᠢ᠃ ᠰᠤᠷᠢᠯᠳᠠ ᠬᠢᠭᠰᠡᠨ ᠦᠷ᠎ᠡ ᠳ᠋ᠦᠩ ᠢᠶᠠᠨ ᠬᠠᠮᠢᠶᠠᠷᠬᠤ ᠡᠷᠬᠡ ᠲᠠᠢ ᠬᠤᠰᠢᠭᠤ ᠰᠢᠶᠠᠨ ᠤ ᠱᠠᠳᠤᠨ   ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ   ᠮᠦᠴᠢᠷ ᠲᠤ ᠮᠡᠳᠡᠭᠦᠯᠬᠦ ᠬᠡᠷᠡᠭᠳᠠᠢ᠃         ᠭᠤᠴᠢᠳᠤᠭᠠᠷ ᠵᠦᠢᠯ   ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ᠂ ᠠᠵᠤ ᠠᠬᠤᠢ ᠮᠡᠷᠭᠡᠵᠢᠯ ᠤᠨ   ᠨᠡᠬᠡᠬᠡᠯᠳᠡ ᠶᠢᠨ ᠤᠷᠤᠨ᠂ ᠲᠡᠭᠡᠳᠦ ᠰᠢᠨ᠎ᠡ ᠮᠡᠷᠭᠡᠵᠢᠯ ᠤᠨ ᠨᠡᠬᠡᠬᠡᠯᠳᠡ ᠶᠢᠨ ᠤᠷᠤᠨ ᠵᠡᠷᠭᠡ ᠡᠯ᠎ᠡ ᠲᠦᠷᠦᠯ ᠤᠨ   ᠨᠡᠬᠡᠬᠡᠯᠳᠡ ᠶᠢᠨ ᠤᠷᠤᠨ ᠤᠰᠤᠨ ᠤ ᠡᠬᠢ ᠪᠠᠶᠠᠯᠢᠬ ᠢ ᠲᠦᠯᠦᠪᠵᠢᠭᠦᠯᠬᠦ ᠨᠤᠳᠠᠯᠠᠯᠳᠠ ᠶᠢᠨ ᠮᠡᠳᠡᠭᠦᠯᠦᠯᠳᠡ ᠶᠢᠨ ᠪᠢᠴᠢᠭ   ᠪᠢᠴᠢᠵᠤ᠂ ᠤᠰᠤ ᠬᠠᠩᠭᠠᠬᠤ᠂ ᠤᠰᠤ ᠬᠡᠷᠡᠭᠯᠡᠬᠦ᠂ ᠤᠰᠤ ᠭᠠᠳᠠᠭᠰᠢᠯᠠᠭᠤᠯᠬᠤ ᠶᠢ ᠨᠢᠭᠡᠳᠦᠯᠳᠠᠢ ᠬᠠᠮᠢᠶᠠᠷᠬᠤ ᠬᠡᠷᠡᠭᠳᠠᠢ᠃       ᠭᠤᠴᠢᠨ ᠨᠢᠭᠡᠳᠦᠭᠡᠷ ᠵᠦᠢᠯ ᠦᠢᠯᠡᠴᠢᠯᠡᠭᠡᠨ ᠤ ᠦᠢᠯᠡᠰ ᠤᠰᠤ ᠶᠢ ᠤᠯᠠᠨ ᠬᠡᠷᠡᠭᠯᠡᠭᠡ ᠳᠤ ᠬᠡᠷᠡᠭᠯᠡᠬᠦ᠂ ᠤᠰᠤ ᠶᠢ   ᠤᠷᠴᠢᠨ ᠬᠡᠷᠡᠭᠯᠡᠬᠦ ᠵᠡᠷᠭᠡ ᠤᠰᠤ ᠠᠷᠪᠢᠯᠠᠨ ᠬᠡᠷᠡᠭᠯᠡᠬᠦ ᠠᠷᠭ᠎ᠠ ᠬᠡᠮᠵᠢᠶ᠎ᠡ ᠠᠪᠬᠤ ᠬᠡᠷᠡᠭᠳᠠᠢ᠃           ᠤᠰᠤᠨ ᠤ ᠡᠬᠢ ᠪᠠᠶᠠᠯᠢᠬ ᠢᠶᠠᠷ ᠲᠤᠳᠠᠮᠠᠬ ᠪᠤᠶᠤ ᠭᠠᠵᠠᠷ ᠲᠤᠤᠷᠠᠬᠢ ᠤᠰᠤ ᠶᠢ ᠬᠡᠳᠦᠷᠡᠭᠦᠯᠦᠨ ᠠᠰᠢᠭᠯᠠᠭᠰᠠᠨ   ᠤᠷᠤᠨ ᠳᠤ ᠤᠰᠤᠨ ᠤ ᠬᠤᠷᠤᠭᠳᠠᠯ ᠶᠡᠭᠡᠲᠠᠢ ᠦᠢᠯᠡᠴᠢᠯᠡᠭᠡᠨ ᠤ ᠦᠢᠯᠡᠰ ᠤᠨ ᠲᠦᠷᠦᠯ ᠵᠦᠢᠯ ᠢ ᠬᠢᠵᠠᠭᠠᠷᠯᠠᠨ᠎ᠠ᠃           ᠤᠬᠢᠶᠠᠯᠭ᠎ᠠ᠂ ᠲᠡᠷᠬᠡ ᠤᠬᠢᠶᠠᠬᠤ᠂ ᠤᠰᠤᠨ ᠲᠡᠭᠡᠷᠡᠬᠢ ᠲᠤᠭᠯᠠᠭᠠᠮ᠂ ᠤᠮᠪᠠᠯᠳᠠ ᠶᠢᠨ ᠲᠠᠯᠠᠪᠠᠢ᠂ ᠭᠤᠯᠹ ᠪᠦᠮᠪᠦᠭᠡ   ᠶᠢᠨ ᠳᠠᠯᠠᠪᠠᠢ ᠪᠠ ᠬᠦᠮᠦᠨ ᠤ ᠬᠦᠴᠦᠨ ᠤ ᠴᠠᠰᠤᠨ ᠳᠤ ᠭᠤᠯᠭᠤᠬᠤ ᠲᠠᠯᠠᠪᠠᠢ ᠵᠡᠷᠭᠡ ᠡᠵᠡᠩᠨᠡᠯᠳᠡ ᠶᠢᠨ ᠲᠠᠯᠠᠪᠠᠢ ᠤᠰᠤ   ᠠᠷᠪᠢᠯᠠᠬᠤ ᠮᠡᠷᠭᠡᠵᠢᠯ ᠢ ᠬᠡᠷᠡᠭᠯᠡᠵᠤ᠂ ᠤᠰᠤ ᠠᠷᠪᠢᠯᠠᠬᠤ ᠪᠡᠯᠡᠳᠭᠡᠯ ᠲᠦᠬᠦᠭᠡᠷᠦᠮᠵᠢ ᠤᠭᠰᠠᠷᠠᠬᠤ ᠬᠡᠷᠡᠭᠳᠠᠢ᠃         ᠭᠤᠴᠢᠨ ᠬᠤᠶᠠᠳᠤᠭᠠᠷ ᠵᠦᠢᠯ   ᠲᠦᠭᠡᠭᠡᠭᠦᠷ ᠤᠰᠤ ᠬᠠᠩᠭᠠᠬᠤ ᠠᠵᠤ ᠠᠬᠤᠢᠢᠯᠠᠯ ᠪᠠ ᠤᠰᠤ ᠬᠠᠩᠭᠠᠬᠤ ᠪᠡᠯᠡᠳᠭᠡᠮᠯ   ᠲᠦᠬᠦᠭᠡᠷᠦᠮᠵᠢ ᠶᠢ ᠦᠪᠡᠷᠳᠡᠭᠡᠨ ᠪᠠᠶᠢᠭᠤᠯᠤᠭᠰᠠᠨ ᠠᠵᠤ ᠠᠬᠤᠢᠢᠯᠠᠯ ᠲᠡᠭᠦᠨ ᠤ ᠬᠠᠮᠢᠶᠠᠷᠴᠤ ᠪᠠᠶᠢᠭ᠎ᠠ ᠤᠰᠤ ᠬᠠᠩᠭᠠᠬᠤ ᠳᠤ   ᠲᠤᠰᠬᠠᠢᠢᠯᠠᠨ ᠬᠡᠷᠡᠭᠯᠡᠬᠦ ᠤᠰᠤᠨ ᠴᠦᠬᠦᠷᠤᠮ᠂ ᠤᠰᠤ ᠲᠠᠳᠠᠬᠤ ᠰᠤᠪᠠᠭ᠂ ᠤᠰᠤ ᠠᠪᠬᠤ ᠠᠮᠠᠰᠠᠷ᠂ ᠬᠦᠭᠡᠷᠭᠡ ᠶᠢᠨ   ᠦᠷᠳᠡᠭᠡ᠂ ᠬᠤᠳᠳᠤᠭ᠂ ᠤᠰᠤ ᠲᠠᠮᠵᠢᠭᠤᠯᠬᠤ ︵ᠲᠤᠬᠢᠷᠠᠭᠤᠯᠬᠤ︶ ᠬᠤᠭᠤᠯᠠᠢ᠂ ᠡᠷᠦᠬᠡ ᠳᠤ ᠤᠷᠤᠬᠤ ᠤᠰᠤᠨ ᠴᠠᠭ᠂   ᠤᠰᠤ ᠴᠡᠪᠡᠷᠰᠢᠭᠦᠯᠬᠦ ︵ᠲᠤᠬᠢᠷᠠᠭᠤᠯᠬᠤ︶ ᠦᠢᠯᠡᠳᠪᠦᠷᠢ᠂ ᠨᠡᠶᠢᠳᠡ ᠶᠢᠨ ᠬᠡᠷᠡᠭᠯᠡᠭᠡᠨ ᠤ ᠤᠰᠤᠨ ᠦᠷᠳᠡᠭᠡ ᠵᠡᠷᠭᠡ   ᠪᠡᠯᠡᠳᠭᠡᠯ ᠲᠦᠬᠦᠭᠡᠷᠦᠮᠵᠢ ᠪᠠᠨ ᠲᠤᠭᠳᠠᠭᠰᠠᠨ ᠬᠤᠭᠤᠴᠠᠭ᠎ᠠ ᠲᠠᠢ ᠪᠠᠷ ᠪᠠᠶᠢᠴᠠᠭᠠᠨ ᠰᠠᠯᠪᠢᠵᠤ᠂ ᠤᠰᠤ ᠬᠠᠩᠭᠠᠬᠤ ᠪᠡᠯᠡᠳᠭᠡᠯ   ᠲᠦᠬᠦᠭᠡᠷᠦᠮᠵᠢ ᠶᠢᠨ ᠭᠤᠭᠤᠵᠢᠵᠤ ᠤᠷᠤᠰᠬᠤ ᠨᠤᠷᠮ᠎ᠠ ᠶᠢ ᠲᠤᠷᠤᠭᠰᠢᠯᠠᠭᠤᠯᠬᠤ ᠬᠡᠷᠡᠭᠳᠠᠢ᠃         ᠭᠤᠴᠢᠨ ᠭᠤᠷᠪᠠᠳᠤᠭᠠᠷ ᠵᠦᠢᠯ   ᠴᠡᠴᠡᠷᠯᠢᠭ ᠤᠨ ᠨᠤᠭᠤᠭᠠᠷᠠᠭᠤᠯᠤᠯᠳᠠ᠂ ᠤᠷᠴᠢᠨ ᠲᠤᠭᠤᠷᠢᠨ ᠤ ᠠᠷᠢᠭᠤᠨ ᠴᠡᠪᠡᠷ᠂   ᠭᠠᠯ ᠰᠡᠷᠭᠡᠶᠢᠯᠡᠵᠤ ᠭᠠᠯ ᠤᠨᠳᠠᠭᠠᠷᠠᠵᠤ᠂ ᠪᠦᠳᠦᠭᠡᠨ ᠪᠠᠶᠢᠭᠤᠯᠣᠯᠳᠠ ᠶᠢᠨ ᠪᠠᠷᠢᠯᠭ᠎ᠠ ᠶᠢᠨ ᠤᠰᠤ ᠬᠡᠷᠡᠭᠯᠡᠬᠦ ᠳᠤ ᠲᠠᠬᠢᠯᠳᠠ   ᠤᠰᠤ ᠬᠢᠭᠡᠳ ᠪᠤᠷᠤᠭᠠᠨ ᠪᠠ ᠦᠶᠡᠷ ᠤᠨ ᠤᠰᠤ ᠶᠢ ᠤᠷᠢᠳᠠᠪᠠᠷ ᠬᠡᠷᠡᠭᠯᠡᠬᠦ ᠬᠡᠷᠡᠭᠳᠠᠢ᠃           ᠴᠡᠴᠡᠷᠯᠢᠭ ᠤᠨ ᠨᠤᠭᠤᠭᠠᠷᠠᠭᠤᠯᠤᠯᠳᠠ ᠳᠤ ᠲᠤᠬᠠᠢ ᠶᠢᠨ ᠭᠠᠵᠠᠷ ᠤᠨ ᠢᠶᠠᠨ ᠴᠠᠭ ᠠᠭᠤᠷ ᠤᠨ ᠨᠦᠭᠦᠴᠡᠯ ᠳᠤ   ᠵᠤᠬᠢᠴᠠᠭᠰᠠᠨ ᠭᠠᠩᠰᠠᠭ ᠮᠤᠳᠤ᠂ ᠴᠡᠴᠡᠭ ᠡᠪᠡᠰᠤ ᠶᠢ ᠰᠤᠩᠭᠤᠵᠦ᠂ ᠰᠦᠷᠴᠢᠨ ᠤᠰᠤᠯᠠᠬᠤ᠂ ᠰᠡᠪᠡᠷᠡᠭᠦᠨ ᠤᠰᠤᠯᠠᠬᠤ   ᠵᠡᠷᠭᠡ ᠤᠰᠤ ᠠᠷᠪᠢᠯᠠᠵᠤ ᠤᠰᠤᠯᠠᠬᠤ ᠠᠷᠭ᠎ᠠ ᠶᠢ ᠲᠡᠯᠭᠡᠷᠡᠭᠦᠯᠦᠨ ᠬᠡᠷᠡᠭᠯᠡᠬᠦ ᠬᠡᠷᠡᠭᠳᠠᠢ᠂ ᠦᠶᠡᠷᠯᠡᠭᠦᠯᠦᠨ ᠤᠰᠤᠯᠠᠬᠤ ᠵᠡᠷᠭᠡ   ᠤᠰᠤᠨ ᠤ ᠬᠤᠷᠤᠭᠳᠠᠯ ᠶᠡᠬᠡᠲᠠᠢ ᠤᠰᠤᠯᠠᠯᠳᠠ ᠶᠢᠨ ᠠᠷᠭ᠎ᠠ ᠶᠢ ᠬᠡᠷᠡᠭᠯᠡᠵᠤ ᠪᠤᠯᠬᠤ ᠦᠭᠡᠢ᠃           ᠭᠠᠵᠠᠷ ᠲᠤᠤᠷᠠᠬᠢ ᠤᠰᠤ᠂ ᠲᠦᠭᠡᠭᠡᠭᠦᠷ ᠤᠰᠤ ᠶᠢ ᠦᠵᠡᠮᠵᠢᠳᠤ ᠭᠤᠤᠯ᠂ ᠬᠦᠮᠦᠨ ᠤ ᠬᠦᠴᠦᠨ ᠤ ᠨᠠᠭᠤᠷ ᠤᠨ   ᠬᠡᠷᠡᠭᠯᠡᠬᠦ ᠤᠰᠤ ᠪᠤᠯᠭᠠᠬᠤ ᠶᠢ ᠴᠠᠭᠠᠵᠠᠯᠠᠨ᠎ᠠ᠃         ᠭᠤᠴᠢᠨ ᠲᠦᠷᠪᠡᠳᠦᠭᠡᠷ ᠵᠦᠢᠯ   ᠵᠤᠴᠢᠳ ᠤᠨ ᠪᠠᠭᠤᠳᠠᠯ᠂ ᠬᠤᠭᠤᠯᠠᠨ ᠭᠡᠷ᠂ ᠰᠠᠭᠤᠭᠠᠯᠢ ᠠᠷᠠᠳ ᠤᠨ ᠲᠤᠭᠤᠷᠢᠭ᠂   ᠰᠤᠷᠭᠠᠭᠤᠯᠢ᠂ ᠠᠵᠤ ᠠᠬᠤᠢᠢᠯᠠᠯ ᠠᠵᠢᠯ ᠦᠢᠯᠡᠰ ᠤᠨ ᠨᠢᠭᠡᠴᠡ ᠪᠠ ᠲᠦᠷᠦ ᠶᠢᠨ ᠪᠠᠶᠢᠭᠤᠯᠣᠯᠭ᠎ᠠ ᠨᠤᠭᠤᠳ ᠲᠤᠮᠳᠠ   ᠵᠡᠷᠭᠡ ᠶᠢᠨ ᠤᠰᠤ ᠶᠢ ᠪᠤᠴᠠᠭᠠᠨ ᠠᠰᠢᠭᠯᠠᠬᠤ ᠰᠢᠰᠲ᠋ᠧᠮ ᠪᠠ ᠪᠤᠷᠤᠭᠠᠨ ᠤ ᠤᠰᠤ ᠶᠢ ᠬᠤᠷᠢᠶᠠᠨ ᠬᠠᠳᠠᠭᠠᠯᠠᠵᠤ ᠠᠰᠢᠭᠯᠠᠬᠤ   ᠪᠡᠯᠡᠳᠭᠡᠯ ᠲᠦᠬᠦᠭᠡᠷᠦᠮᠵᠢ ᠶᠢ ᠠᠯᠬᠤᠮ ᠠᠯᠬᠤᠮ ᠢᠶᠠᠷ ᠪᠠᠶᠢᠭᠤᠯᠬᠤ ᠬᠡᠷᠡᠭᠳᠠᠢ᠃         ᠤᠰᠤ ᠬᠡᠷᠡᠭᠯᠡᠬᠦ ᠨᠢᠭᠡᠴᠡ ᠪᠠ ᠬᠤᠪᠢ ᠬᠦᠮᠦᠨ ᠤᠰᠤ ᠬᠡᠷᠡᠭᠯᠡᠬᠦ ᠲᠦᠭᠦᠭᠡᠷᠤᠮᠵᠢ ᠶᠢ ᠰᠡᠯᠪᠢᠨ ᠵᠠᠰᠠᠵᠤ ᠠᠷᠠᠴᠢᠯᠠᠬᠤ   ᠪᠠᠨ ᠴᠢᠩᠭᠠᠳᠬᠠᠵᠤ᠂ ᠤᠰᠤ ᠭᠤᠭᠤᠵᠢᠵᠤ ᠤᠷᠤᠰᠬᠤ ᠶᠢ ᠰᠡᠷᠭᠡᠶᠢᠯᠡᠬᠦ ᠬᠡᠷᠡᠭᠳᠠᠢ᠃         ᠭᠤᠴᠢᠨ ᠲᠠᠪᠤᠳᠤᠭᠠᠷ ᠵᠦᠢᠯ   ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ   ᠬᠤᠳᠠ ᠪᠠᠯᠭᠠᠰᠤᠨ ᠤ ᠪᠤᠬᠢᠷᠳᠤᠯ ᠤᠰᠤ ᠶᠢ ᠰᠢᠢᠳᠪᠦᠷᠢᠯᠡᠬᠦ ᠪᠠ ᠲᠠᠬᠢᠯᠳᠠ ᠤᠰᠤ ᠶᠢ ᠠᠰᠢᠭᠯᠠᠬᠤ ᠪᠡᠯᠡᠳᠭᠡᠯ   ᠲᠦᠬᠦᠭᠡᠷᠦᠮᠵᠢ ᠶᠢᠨ ᠪᠠᠶᠢᠭᠤᠯᠤᠯᠳᠠ ᠪᠠᠨ ᠴᠢᠩᠭᠠᠳᠬᠠᠵᠤ᠂ ᠤᠯᠠᠨ ᠨᠡᠶᠢᠳᠡ ᠶᠢᠨ ᠲᠠᠬᠢᠯᠳᠠ ᠤᠰᠤ ᠶᠢ ᠪᠤᠴᠠᠭᠠᠨ   ᠠᠰᠢᠭᠯᠠᠬᠤ ᠬᠤᠭᠤᠯᠠᠢ ᠲᠤᠤᠷ ᠤᠨ ᠪᠠᠶᠢᠭᠤᠯᠤᠯᠳᠠ ᠪᠠᠨ ᠲᠡᠭᠦᠯᠳᠡᠷᠵᠢᠭᠦᠯᠵᠦ᠂ ᠠᠳᠠᠯᠢ ᠪᠤᠰᠤ ᠤᠰᠤ ᠬᠡᠷᠡᠭᠯᠡᠬᠦ   ᠬᠡᠷᠡᠭᠴᠡᠭᠡ ᠶᠢ ᠦᠨᠳᠦᠰᠦᠯᠡᠨ᠂ ᠴᠢᠨᠠᠷ ᠢᠯᠭᠠᠵᠤ ᠤᠰᠤ ᠬᠠᠩᠭᠠᠬᠤ ᠶᠢ ᠠᠯᠬᠤᠮ ᠠᠯᠬᠤᠮ ᠢᠶᠠᠷ ᠬᠡᠷᠡᠭᠵᠢᠭᠦᠯᠬᠦ ᠬᠡᠷᠡᠭᠳᠠᠢ᠃           ᠬᠤᠳᠠ ᠪᠠᠯᠭᠠᠰᠤᠨ ᠤ ᠰᠢᠨ᠎ᠡ ᠲᠤᠭᠤᠷᠢᠭ ᠪᠠᠶᠢᠭᠤᠯᠬᠤ᠂ ᠬᠠᠭᠤᠴᠢᠨ ᠬᠤᠳᠠ ᠶᠢ ᠦᠭᠡᠷᠡᠴᠢᠯᠡᠨ ᠪᠠᠶᠢᠭᠤᠯᠬᠤ᠂   ᠬᠤᠳᠠ ᠶᠢᠨ ᠶᠠᠪᠤᠳᠠᠯ ᠤᠨ ᠰᠠᠭᠤᠷᠢ ᠲᠦᠬᠦᠭᠡᠷᠦᠮᠵᠢ ᠶᠢ ᠪᠦᠳᠦᠭᠡᠨ ᠪᠠᠶᠢᠭᠤᠯᠬᠤ ᠳᠤ᠂ ᠤᠰᠤ ᠨᠠᠪᠴᠢᠭᠦ ᠭᠠᠵᠠᠷ ᠤᠨ   ᠭᠠᠳᠠᠷᠭᠤ ᠪᠠ ᠪᠤᠷᠤᠭᠠᠨ ᠤ ᠤᠰᠤ ᠶᠢ ᠬᠤᠷᠢᠶᠠᠨ ᠬᠠᠳᠠᠭᠠᠯᠠᠵᠤ ᠠᠰᠢᠭᠯᠠᠬᠤ ᠲᠦᠬᠦᠭᠡᠷᠦᠮᠵᠢ ᠪᠠᠶᠢᠭᠤᠯᠬᠤ ᠬᠡᠷᠡᠭᠳᠠᠢ᠃         ᠭᠤᠴᠢᠨ ᠵᠢᠷᠭᠤᠳᠤᠭᠠᠷ ᠵᠦᠢᠯ   ᠦᠪᠡᠷᠳᠡᠭᠡᠨ ᠵᠠᠰᠠᠬᠤ ᠤᠷᠤᠨ ᠠᠴᠠ ᠠᠵᠤ ᠠᠬᠤᠢᠢᠯᠠᠯ ᠠᠵᠢᠯ ᠦᠢᠯᠡᠰ ᠤᠨ   ᠨᠢᠭᠡᠴᠡ ᠪᠠ ᠬᠤᠪᠢ ᠬᠦᠮᠦᠨ ᠤ ᠪᠡᠯᠡ ᠤᠷᠤᠭᠤᠯᠵᠤ ᠪᠤᠬᠢᠷᠳᠤᠯ ᠤᠰᠤ ᠶᠢ ᠰᠢᠢᠳᠪᠦᠷᠢᠯᠡᠬᠦ᠂ ᠲᠠᠬᠢᠯᠳᠠ ᠤᠰᠤ ᠶᠢ   ᠠᠰᠢᠭᠯᠠᠬᠤ᠂ ᠠᠭᠤᠷᠬᠠᠢ ᠶᠢᠨ ᠤᠷᠤᠨ ᠬᠠᠭᠤᠷᠠᠶᠢᠳᠠᠭᠤᠯᠬᠤ ᠪᠠᠷ ᠲᠠᠷᠬᠠᠭᠠᠭᠰᠠᠨ ᠤᠰᠤ ᠶᠢ ᠠᠰᠢᠭᠯᠠᠬᠤ᠂ ᠪᠠᠷᠢᠯᠭ᠎ᠠ ᠶᠢᠨ   ᠭᠠᠳᠠᠭᠰᠢᠯᠠᠭᠤᠯᠣᠭᠰᠠᠨ ᠤᠰᠤ ᠶᠢ ᠠᠰᠢᠭᠯᠠᠬᠤ ᠪᠠ ᠪᠤᠷᠤᠭᠠᠨ ᠤ ᠤᠰᠤ ᠶᠢ ᠬᠤᠷᠢᠶᠠᠨ ᠬᠠᠳᠠᠭᠠᠯᠠᠵᠤ ᠠᠰᠢᠭᠯᠠᠬᠤ   ᠪᠠᠷᠢᠯᠭ᠎ᠠ ᠳᠤ ᠪᠡᠯᠡ ᠤᠷᠤᠭᠤᠯᠵᠦ ᠪᠠᠶᠢᠭᠤᠯᠬᠤ ᠶᠢ ᠵᠤᠷᠢᠬᠵᠢᠭᠤᠯᠤᠨ ᠲᠡᠮᠵᠢᠵᠦ᠂ ᠬᠡᠪ ᠤᠨ ᠪᠤᠰᠤ ᠤᠰᠤᠨ ᠰᠤᠷᠪᠤᠯᠵᠢ ᠶᠢ   ᠠᠰᠢᠭᠯᠠᠬᠤ ᠨᠤᠷᠮ᠎ᠠ ᠶᠢ ᠲᠡᠭᠡᠭᠰᠢᠯᠡᠭᠦᠯᠦᠨ᠎ᠡ᠃           ᠭᠤᠴᠢᠨ ᠲᠤᠯᠤᠳᠤᠭᠠᠷ ᠵᠦᠢᠯ     ᠦᠪᠡᠷᠳᠡᠭᠡᠨ ᠵᠠᠰᠠᠬᠤ ᠤᠷᠤᠨ ᠠᠴᠠ ᠤᠰᠤ ᠠᠪᠬᠤ ᠡᠷᠬᠡ ᠶᠢ ᠬᠠᠤᠯᠢ ᠶᠤᠰᠤᠭᠠᠷ   ᠤᠯᠤᠭᠰᠠᠨ ᠨᠢᠭᠡᠴᠡ ᠪᠠ ᠬᠤᠪᠢ ᠬᠦᠮᠦᠨ ᠤ ᠠᠵᠤ ᠦᠢᠯᠡᠰ᠂ ᠦᠢᠯᠡᠳᠬᠦᠨ ᠤ ᠪᠦᠳᠦᠴᠡ ᠪᠠᠨ ᠲᠤᠬᠢᠷᠠᠭᠤᠯᠬᠤ ᠪᠠ ᠤᠷ᠎ᠠ   ᠮᠡᠷᠭᠡᠰᠢᠯ ᠢᠶᠠᠨ ᠦᠭᠡᠷᠡᠴᠢᠯᠡᠬᠦ ᠵᠡᠷᠭᠡ ᠤᠰᠤ ᠠᠷᠪᠢᠯᠠᠬᠤ ᠠᠷᠭ᠎ᠠ ᠬᠡᠮᠵᠢᠶ᠎ᠡ ᠪᠠᠷ ᠳᠠᠮᠵᠢᠭᠤᠯᠤᠨ ᠤᠰᠤᠨ ᠤ ᠡᠬᠢ ᠪᠠᠶᠠᠯᠢᠬ ᠢ   ᠠᠷᠪᠢᠯᠠᠬᠤ ᠶᠢ ᠵᠤᠷᠢᠬᠵᠢᠭᠤᠯᠬᠤ ᠶᠢᠨ ᠬᠠᠮᠳᠤ ᠤᠰᠤ ᠬᠡᠷᠡᠭᠯᠡᠬᠦ ᠡᠷᠬᠡ ᠶᠢ ᠬᠠᠤᠯᠢ ᠶᠤᠰᠤᠭᠠᠷ ᠲᠦᠯᠦᠪᠦᠷᠢ ᠲᠠᠢ ᠪᠠᠷ   ᠰᠢᠯᠵᠢᠭᠦᠯᠬᠦ ᠶᠢ ᠬᠡᠷᠡᠭᠵᠢᠭᠦᠯᠦᠨ᠎ᠡ᠃               ᠲᠦᠷᠪᠡᠳᠦᠭᠡᠷ   ᠪᠦᠯᠦᠭ ᠪᠠᠳᠤᠯᠠᠪᠣᠷᠢ ᠶᠢᠨ ᠠᠷᠭ᠎ᠠ ᠬᠡᠮᠵᠢᠶ᠎ᠡ               ᠭᠤᠴᠢᠨ ᠨᠠᠢᠮᠠᠳᠤᠭᠠᠷ ᠵᠦᠢᠯ   ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ   ᠤᠰᠤ ᠠᠷᠪᠢᠯᠠᠨ ᠬᠡᠷᠡᠭᠯᠡᠬᠦ ᠠᠵᠢᠯ ᠢ ᠵᠠᠰᠠᠭ ᠤᠨ ᠤᠷᠳᠤᠨ ᠤ ᠠᠵᠢᠯ ᠤᠨ ᠬᠠᠷᠠᠯᠳᠠᠳᠤ ᠬᠠᠷᠢᠭᠤᠴᠠᠯᠭ᠎ᠠ ᠶᠢᠨ ᠲᠦᠷᠢᠮ ᠳᠤ   ᠤᠷᠤᠭᠤᠯᠤᠨ᠂ ᠠᠵᠢᠯ ᠤᠨ ᠬᠠᠷᠢᠭᠤᠴᠠᠯᠭ᠎ᠠ ᠶᠢ ᠱᠠᠳᠤ ᠪᠠ ᠰᠠᠯᠠᠭ᠎ᠠ ᠮᠦᠴᠢᠷ ᠲᠠᠷᠠᠭᠠᠯᠠᠨ ᠨᠠᠶᠢᠳᠠᠪᠦᠷᠢᠵᠢᠭᠤᠯᠬᠤ ᠬᠡᠷᠡᠭᠳᠠᠢ᠃         ᠭᠤᠴᠢ ᠶᠢᠰᠦᠳᠦᠭᠡᠷ ᠵᠦᠢᠯ   ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ   ᠤᠰᠤ ᠠᠷᠪᠢᠯᠠᠵᠤ ᠬᠡᠷᠡᠭᠯᠡᠬᠦ ᠳᠠᠬᠢ ᠪᠡᠯᠡ ᠤᠷᠤᠭᠤᠯᠤᠯᠳᠠ ᠪᠠᠨ ᠨᠡᠮᠡᠭᠳᠡᠭᠦᠯᠵᠦ᠂ ᠤᠰᠤ ᠠᠷᠪᠢᠯᠠᠵᠤ ᠬᠡᠷᠡᠭᠯᠡᠬᠦ ᠳᠤ ᠪᠡᠯᠡ   ᠤᠷᠤᠭᠤᠯᠬᠤ ᠲᠤᠭᠳᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠵᠠᠰᠠᠭ ᠤᠨ ᠤᠷᠳᠤᠨ᠂ ᠠᠵᠤ ᠠᠬᠤᠢᠢᠯᠠᠯ᠂ ᠨᠡᠶᠢᠭᠡᠮ ᠤᠨ   ᠤᠯᠠᠨ ᠡᠰᠢᠵᠢᠭ᠍ᠰᠡᠨ ᠪᠡᠯᠡ ᠤᠷᠤᠭᠤᠯᠵᠤ ᠪᠡᠯᠡ ᠨᠡᠶᠢᠯᠡᠭᠦᠯᠬᠦ ᠠᠷᠭ᠎ᠠ ᠵᠠᠮ ᠢ ᠲᠡᠭᠦᠯᠳᠡᠷᠵᠢᠭᠦᠯᠵᠦ᠂ ᠨᠡᠶᠢᠭᠡᠮ ᠤᠨ ᠪᠡᠯᠡ   ᠮᠦᠡᠭᠬᠦ᠂ ᠠᠷᠠᠳ ᠤᠨ ᠬᠦᠷᠦᠩᠭᠡ ᠶᠢ ᠤᠰᠤ ᠠᠷᠪᠢᠯᠠᠬᠤ ᠠᠵᠤ ᠦᠢᠯᠡᠰ ᠲᠤ ᠤᠷᠤᠭᠤᠯᠬᠤ ᠶᠢ ᠵᠢᠯᠤᠭᠤᠳᠤᠨ   ᠵᠤᠷᠢᠬᠵᠢᠭᠤᠯᠬᠤ ᠬᠡᠷᠡᠭᠳᠠᠢ᠃         ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤᠰᠤ ᠠᠷᠪᠢᠯᠠᠬᠤ ᠮᠡᠷᠭᠡᠵᠢᠯ ᠢ   ᠰᠤᠳᠤᠯᠤᠨ ᠨᠡᠭᠡᠭᠡᠬᠦ᠂ ᠤᠰᠤ ᠠᠷᠪᠢᠯᠠᠬᠤ ᠮᠡᠷᠭᠡᠵᠢᠯ ᠪᠠ ᠦᠢᠯᠡᠳᠭᠦᠨ ᠢ ᠲᠡᠯᠭᠡᠷᠡᠭᠦᠯᠦᠨ ᠬᠡᠷᠡᠭᠯᠡᠬᠦ ᠶᠢ ᠵᠤᠷᠢᠬᠵᠢᠭᠤᠯᠤᠨ   ᠲᠡᠮᠵᠢᠬᠦ ᠬᠡᠷᠡᠭᠳᠠᠢ᠃           ᠲᠦᠴᠢᠳᠦᠭᠡᠷ ᠵᠦᠢᠯ   ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠬᠡᠪ ᠤᠨ   ᠪᠤᠰᠤ ᠤᠰᠤᠨ ᠰᠤᠷᠪᠤᠯᠵᠢ ᠶᠢ ᠠᠰᠢᠭᠯᠠᠬᠤ ᠲᠦᠷᠦᠯ ᠵᠦᠢᠯ ᠢ ᠤᠷᠢᠳᠠᠪᠠᠷ ᠰᠡᠳᠦᠪ ᠲᠤᠭᠳᠠᠭᠠᠬᠤ ᠬᠡᠷᠡᠭᠳᠠᠢ᠃           ᠲᠠᠬᠢᠯᠳᠠ ᠤᠰᠤ ᠵᠡᠷᠭᠡ ᠡᠬᠢ ᠪᠠᠶᠠᠯᠢᠬ ᠢ ᠶᠡᠷᠦᠩᠬᠡᠶᠢᠯᠡᠨ ᠠᠰᠢᠭᠯᠠᠭᠰᠠᠨ ᠦᠢᠯᠡᠳᠭᠦᠨ ᠢ ᠪᠤᠷᠤᠯᠠᠭᠤᠯᠬᠤ ᠳᠤ   ᠤᠯᠤᠰ ᠤᠨ ᠲᠤᠭᠳᠠᠭᠠᠯ ᠶᠤᠰᠤᠭᠠᠷ ᠦᠷᠳᠡᠭ ᠨᠡᠮᠡᠭᠳᠡᠯ ᠤᠨ ᠭᠠᠶᠢᠯᠢ ᠶᠢᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ   ᠬᠦᠷᠳᠡᠨ᠎ᠡ︔ ᠠᠵᠤ ᠠᠬᠤᠢᠢᠯᠠᠯ ᠤᠨ ᠨᠦᠭᠦᠴᠡᠯ ᠳᠤ ᠨᠡᠶᠢᠴᠡᠭᠰᠡᠨ ᠤᠰᠤ ᠠᠷᠪᠢᠯᠠᠬᠤ ᠲᠦᠷᠦᠯ ᠵᠦᠢᠯ ᠢ ᠡᠵᠡᠩᠨᠡᠭᠰᠡᠨ   ᠤᠷᠤᠯᠭ᠎ᠠ ᠵᠢᠴᠢ ᠤᠰᠤ ᠠᠷᠪᠢᠯᠠᠬᠤ ᠳᠤ ᠲᠤᠰᠬᠠᠢᠢᠯᠠᠨ ᠬᠡᠷᠡᠭᠯᠡᠬᠦ ᠲᠦᠭᠦᠭᠡᠷᠤᠮᠵᠢ ᠳᠤ ᠤᠷᠤᠭᠤᠯᠤᠭᠰᠠᠨ ᠪᠡᠯᠡ   ᠤᠷᠤᠭᠤᠯᠤᠯᠳᠠ ᠨᠢ ᠠᠵᠤ ᠠᠬᠤᠢᠢᠯᠠᠯ ᠤᠨ ᠠᠰᠢᠭ ᠤᠯᠵᠠᠪᠦᠷᠢ ᠶᠢᠨ ᠭᠠᠶᠢᠯᠢ ᠶᠢᠨ ᠬᠠᠷᠠᠭᠠᠯᠵᠠᠯ ᠤᠨ ᠲᠦᠷᠦ ᠶᠢᠨ   ᠪᠤᠳᠤᠯᠭ᠎ᠠ ᠶᠢ ᠬᠠᠤᠯᠢ ᠶᠤᠰᠤᠭᠠᠷ ᠬᠦᠷᠳᠡᠨ᠎ᠡ᠃         ᠲᠦᠴᠢᠨ ᠨᠢᠭᠡᠳᠦᠭᠡᠷ ᠵᠦᠢᠯ   ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ   ᠲᠤᠰ ᠵᠠᠰᠠᠭ ᠵᠠᠬᠢᠷᠭᠠᠨ ᠤ ᠤᠷᠤᠨ ᠤ ᠪᠤᠳᠠᠳᠣ ᠪᠠᠶᠢᠳᠠᠯ ᠢᠶᠠᠨ ᠦᠨᠳᠦᠰᠦᠯᠡᠵᠤ᠂ ᠲᠠᠷᠢᠶᠠᠯᠠᠩ ᠮᠠᠯ ᠠᠵᠤ ᠠᠬᠤᠢ ᠶᠢᠨ ᠤᠰᠤ   ᠠᠷᠪᠢᠯᠠᠬᠤ ᠲᠦᠷᠦᠯ ᠵᠦᠢᠯ ᠪᠠ ᠠᠵᠤ ᠦᠢᠯᠡᠳᠪᠦᠷᠢ ᠶᠢᠨ ᠤᠰᠤ ᠠᠷᠪᠢᠯᠠᠬᠤ ᠲᠦᠷᠦᠯ ᠵᠦᠢᠯ ᠤᠨ ᠵᠢᠭᠡᠯᠡᠯᠭᠡ ᠳᠤ ᠡᠳ᠋ ᠤᠨ   ᠵᠠᠰᠠᠭ ᠠᠴᠠ ᠲᠡᠮ ᠬᠦᠤ ᠮᠦᠡᠭᠬᠦ ᠦᠭᠬᠦ ᠬᠡᠷᠡᠭᠳᠠᠢ᠃         ᠮᠦᠡᠭᠭᠦᠨ ᠭᠦᠢᠯᠭᠡᠭᠡᠨ ᠤ ᠪᠠᠶᠢᠭᠤᠯᠤᠮᠵᠢ ᠵᠢᠭᠡᠯᠡᠯᠭᠡ ᠠᠪᠬᠤ ᠨᠦᠭᠦᠴᠡᠯ ᠳᠤ ᠨᠡᠶᠢᠴᠡᠵᠤ᠂ ᠵᠢᠭᠡᠯᠡᠯᠭᠡ ᠲᠦᠯᠦᠬᠦ   ᠴᠢᠳᠠᠪᠦᠷᠢ ᠲᠠᠢ ᠤᠰᠤ ᠠᠷᠪᠢᠯᠠᠬᠤ ᠲᠦᠷᠦᠯ ᠵᠦᠢᠯ ᠳᠤ ᠤᠯᠤᠰ ᠪᠠ ᠦᠪᠡᠷᠳᠡᠭᠡᠨ ᠵᠠᠰᠠᠬᠤ ᠤᠷᠤᠨ ᠤ ᠬᠠᠮᠢᠶ᠎ᠠ ᠪᠦᠬᠦᠢ   ᠲᠤᠭᠳᠠᠭᠠᠯ ᠶᠤᠰᠤᠭᠠᠷ ᠵᠢᠭᠡᠯᠡᠯᠭᠡ ᠶᠢ ᠤᠷᠢᠳᠠᠪᠠᠷ ᠦᠭᠬᠦ ᠬᠡᠷᠡᠭᠳᠠᠢ᠃           ᠲᠦᠴᠢᠨ ᠬᠤᠶᠠᠳᠤᠭᠠᠷ ᠵᠦᠢᠯ   ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ   ᠲᠠᠷᠢᠶᠠᠴᠢᠳ ᠤᠨ ᠤᠰᠤᠯᠠᠯᠳᠠ ᠶᠢᠨ ᠤᠷᠤᠨ ᠤ ᠬᠠᠮᠢᠶᠠᠷᠤᠯᠳᠠ ᠳᠤ ᠤᠷᠤᠯᠴᠠᠬᠤ ᠶᠢ ᠵᠤᠷᠢᠬᠵᠢᠭᠤᠯᠵᠤ᠂ ᠲᠠᠷᠢᠶᠠᠴᠢᠨ ᠤᠰᠤ   ᠬᠡᠷᠡᠭᠯᠡᠭᠴᠢᠳ ᠤᠨ ᠨᠡᠶᠢᠭᠡᠮᠯᠢᠭ ᠢ ᠪᠠᠶᠢᠭᠤᠯᠵᠤ᠂ ᠵᠠᠰᠠᠭ ᠤᠨ ᠤᠷᠳᠤᠨ ᠠᠴᠠ ᠲᠡᠮᠵᠢᠭᠰᠡᠨ᠂ ᠲᠠᠷᠢᠶᠠᠴᠢᠨ ᠤᠷᠤᠯᠴᠠᠭᠰᠠᠨ   ᠲᠠᠷᠢᠶᠠᠯᠠᠩ ᠤᠨ ᠤᠰᠤ ᠬᠠᠩᠭᠠᠵᠤ ᠤᠰᠤ ᠬᠡᠷᠡᠭᠯᠡᠬᠦ ᠬᠠᠮᠢᠶᠠᠷᠤᠯᠳᠠ ᠶᠢᠨ ᠪᠠᠶᠢᠭᠤᠯᠤᠯ ᠢ ᠪᠤᠢ ᠪᠤᠯᠭᠠᠨ᠎ᠠ᠃           ᠲᠦᠴᠢᠨ ᠭᠤᠷᠪᠠᠳᠤᠭᠠᠷ ᠵᠦᠢᠯ   ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ   ᠲᠠᠷᠢᠶᠠᠯᠠᠩ ᠮᠠᠯ ᠠᠵᠤ ᠠᠬᠤᠢ ᠵᠨ ᠤᠰᠤ ᠠᠷᠪᠢᠯᠠᠬᠤ ᠲᠦᠷᠦᠯ ᠵᠦᠢᠯ ᠢ ᠤᠷᠢᠳᠠᠪᠠᠷ ᠰᠡᠳᠦᠪ ᠲᠤᠭᠳᠠᠭᠠᠵᠤ᠂ ᠲᠠᠷᠢᠶᠠᠯᠠᠩ   ᠮᠠᠯ ᠠᠵᠤ ᠠᠬᠤᠢ ᠶᠢᠨ ᠤᠰᠤ ᠠᠷᠪᠢᠯᠠᠬᠤ ᠤᠰᠤᠯᠠᠯᠳᠠ ᠳᠠᠬᠢ ᠪᠡᠯᠡ ᠤᠷᠤᠭᠤᠯᠤᠯᠳᠠ ᠪᠠᠨ ᠵᠢᠯ ᠲᠠᠷᠠᠭᠠᠯᠠᠨ ᠨᠡᠮᠡᠭᠳᠡᠭᠦᠯᠵᠦ᠂   ᠤᠰᠤ ᠠᠷᠪᠢᠯᠠᠬᠤ ᠤᠰᠤᠯᠠᠯᠳᠠ ᠶᠢᠨ ᠪᠠᠷᠢᠯᠭ᠎ᠠ ᠶᠢ ᠨᠢᠭᠡᠳᠦᠯᠳᠠᠢ ᠲᠦᠯᠦᠪᠵᠢᠭᠦᠯᠦᠨ ᠪᠠᠶᠢᠭᠤᠯᠬᠤ ᠬᠡᠷᠡᠭᠳᠠᠢ ᠃         ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠭᠠᠵᠠᠷ ᠰᠢᠷᠤᠢ ᠬᠤᠳᠠᠯᠳᠤᠭᠰᠠᠨ   ᠤᠷᠤᠯᠭ᠎ᠠ ᠪᠠᠨ ᠤᠯᠤᠰ ᠠᠴᠠ ᠲᠤᠭᠳᠠᠭᠠᠭᠰᠠᠨ ᠬᠠᠷᠢᠴᠠᠯ ᠶᠤᠰᠤᠭᠠᠷ ᠲᠠᠷᠢᠶᠠᠨ ᠭᠠᠵᠠᠷ ᠨᠤᠳᠤᠭ ᠪᠡᠯᠴᠢᠭᠡᠷ ᠤᠨ ᠤᠰᠤᠨ   ᠠᠰᠢᠭᠯᠠᠯᠳᠠ ᠶᠢᠨ ᠪᠦᠳᠦᠭᠡᠨ ᠪᠠᠶᠢᠭᠤᠯᠤᠯᠳᠠ ᠳᠤ ᠤᠷᠤᠭᠤᠯᠬᠤ ᠬᠡᠷᠡᠭᠳᠠᠢ᠃           ᠲᠦᠴᠢᠨ ᠲᠦᠷᠪᠡᠳᠦᠭᠡᠷ ᠵᠦᠢᠯ   ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ   ᠤᠷᠳᠤᠨ ᠤ ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠤᠰᠤ ᠠᠪᠬᠤ ᠨᠢᠭᠡᠴᠡ ᠪᠤᠶᠤ   ᠬᠤᠪᠢ ᠬᠦᠮᠦᠨ ᠤ ᠤᠰᠤ ᠬᠡᠷᠡᠭᠯᠡᠭᠰᠡᠨ ᠪᠠᠶᠢᠳᠠᠯ ᠳᠤ ᠬᠢᠨᠠᠯᠳᠠ ᠲᠠᠯᠪᠢᠵᠤ ᠪᠠᠶᠢᠴᠠᠭᠠᠬᠤ ᠬᠡᠷᠡᠭᠳᠠᠢ᠃ ᠬᠤᠯᠪᠤᠭᠳᠠᠯ ᠪᠦᠬᠦᠢ   ᠰᠠᠯᠠᠭ᠎ᠠ ᠮᠦᠴᠢᠷ ᠪᠤᠶᠤ ᠬᠤᠪᠢ ᠬᠦᠮᠦᠨ ᠡᠭᠦᠨ ᠳᠤ ᠬᠠᠮᠵᠢᠯᠴᠠᠬᠤ ᠬᠡᠷᠡᠭᠳᠠᠢ᠂ ᠲᠡᠪᠴᠢᠬᠦ ᠪᠤᠶᠤ ᠬᠠᠷᠰᠢᠯᠠᠵᠤ ᠪᠤᠯᠬᠤ ᠦᠭᠡᠢ  ᠃           ᠲᠠᠪᠤᠳᠤᠭᠠᠷ   ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ                 ᠲᠦᠴᠢᠨ ᠲᠠᠪᠤᠳᠤᠭᠠᠷ ᠵᠦᠢᠯ   ᠲᠤᠰ ᠲᠦᠷᠢᠮ ᠤᠨ ᠲᠤᠭᠳᠠᠭᠠᠯ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢᠨ   ᠲᠤᠬᠠᠢ ︽ᠪᠦᠭᠦᠳᠡ ᠨᠠᠶᠢᠷᠠᠮᠳᠠᠬᠤ ᠲᠤᠮᠳᠠᠳᠤ ᠠᠠᠷᠠᠳ ᠤᠯᠤᠰ ᠤᠨ ᠤᠰᠤᠨ ᠤ ᠬᠠᠤᠯᠢ︾ ᠪᠠ ᠤᠯᠤᠰ ᠤᠨ ᠬᠤᠯᠪᠤᠭᠳᠠᠯ   ᠪᠦᠬᠦᠢ ᠬᠠᠤᠯᠢ ᠴᠠᠭᠠᠵᠠ᠂ ᠬᠠᠤᠯᠢ ᠲᠤᠭᠳᠠᠭᠠᠯ ᠳᠤ ᠨᠢᠭᠡᠨᠳᠡ ᠰᠢᠢᠳᠭᠡᠨ ᠲᠤᠷᠭᠠᠬᠤ ᠲᠤᠭᠳᠠᠭᠠᠯ ᠲᠠᠢ ᠪᠤᠯ ᠲᠡᠷᠡ   ᠲᠤᠭᠳᠠᠭᠠᠯ ᠢ ᠨᠢ ᠲᠠᠭᠠᠨ᠎ᠠ᠃         ᠲᠦᠴᠢᠨ ᠵᠢᠷᠭᠤᠳᠤᠭᠠᠷ ᠵᠦᠢᠯ   ᠲᠤᠰ ᠲᠦᠷᠢᠮ ᠤᠨ ᠲᠤᠭᠳᠠᠭᠠᠯ ᠠᠴᠠ ᠵᠦᠷᠢᠴᠡᠵᠤ᠂ ᠲᠤᠤᠷᠠᠬᠢ ᠦᠢᠯᠡ   ᠠᠵᠢᠯᠯᠠᠭ᠎ᠠ ᠶᠢᠨ ᠨᠢᠭᠡ ᠨᠢ ᠪᠠᠶᠢᠪᠠᠯ᠂ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ   ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠵᠠᠷᠯᠢᠭᠳᠠᠵᠤ ᠬᠤᠭᠤᠴᠠᠭ᠎ᠠ ᠬᠢᠵᠠᠭᠠᠷᠯᠠᠨ   ᠵᠠᠯᠠᠷᠠᠭᠤᠯᠬᠤ ᠶᠢᠨ ᠬᠠᠮᠳᠤ 5 ᠲᠦᠮᠡᠨ ᠲᠦᠭᠦᠷᠢᠭ ᠠᠴᠠ ᠲᠡᠭᠡᠭᠰᠢ 10 ᠲᠦᠮᠡᠨ ᠲᠦᠭᠦᠷᠢᠭ ᠠᠴᠠ ᠲᠤᠷᠤᠭᠰᠢ   ᠵᠤᠭᠤᠰ ᠢᠶᠠᠷ ᠲᠤᠷᠭᠠᠨ᠎ᠠ᠄           ︵ᠨᠢᠭᠡ︶ ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ ᠤᠨ ᠤᠰᠤ ᠠᠷᠪᠢᠯᠠᠬᠤ ᠪᠡᠯᠡᠳᠭᠡᠯ ᠲᠦᠬᠦᠭᠡᠷᠦᠮᠵᠢ ᠨᠢ   ᠰᠢᠯᠭᠠᠨ ᠬᠤᠷᠢᠶᠠᠬᠤ ᠶᠢ ᠲᠡᠮᠵᠢᠬᠰᠡᠨ ᠦᠭᠡᠢ ᠪᠤᠶᠤ ᠰᠢᠯᠭᠠᠨ ᠬᠤᠷᠢᠶᠠᠬᠤ ᠳᠤ ᠬᠢᠷᠢ ᠲᠡᠩᠴᠡᠭᠰᠡᠨ ᠦᠭᠡᠢ ᠪᠠᠶᠢᠳᠠᠯ᠎ᠠ ᠲᠤᠷ᠎ᠠ   ᠪᠠᠷ ᠢᠶᠠᠨ ᠠᠰᠢᠭᠯᠠᠯᠳᠠ ᠳᠤ ᠤᠷᠤᠭᠤᠯᠤᠭᠰᠠᠨ︔           ︵ᠬᠤᠶᠠᠷ︶ ᠤᠰᠤᠨ ᠤ ᠬᠤᠷᠤᠭᠳᠠᠯ ᠶᠡᠭᠡᠲᠠᠢ ᠠᠵᠤ ᠦᠢᠯᠡᠳᠪᠦᠷᠢ ᠶᠢᠨ ᠲᠦᠷᠦᠯ ᠵᠦᠢᠯ ᠢ ᠰᠢᠨ᠎ᠡ ᠪᠠᠷ ᠪᠠᠶᠢᠭᠤᠯᠬᠤ  ᠂ ᠦᠭᠡᠷᠡᠴᠢᠯᠡᠨ ᠪᠠᠶᠢᠭᠤᠯᠬᠤ᠂ ᠦᠷᠭᠡᠳᠭᠡᠨ ᠪᠠᠶᠢᠭᠤᠯᠬᠤ ᠳᠤ ᠭᠠᠵᠠᠷ ᠲᠤᠤᠷᠠᠬᠢ ᠤᠰᠤ ᠶᠢ ᠲᠤᠷ᠎ᠠ ᠪᠠᠷ ᠢᠶᠠᠨ ᠬᠡᠷᠡᠭᠯᠡᠭᠰᠡᠨ︔             ︵ᠭᠤᠷᠪᠠ︶ ᠠᠵᠤ ᠦᠢᠯᠡᠳᠪᠦᠷᠢ ᠶᠢᠨ ᠠᠵᠤ ᠠᠬᠤᠢᠢᠯᠠᠯ ᠤᠨ ᠲᠦᠭᠦᠭᠡᠷᠤᠮᠵᠢ ᠶᠢᠨ ᠬᠦᠷᠦᠭᠡᠯ ᠤᠰᠤ᠂ ᠠᠭᠠᠷ   ᠲᠤᠬᠢᠷᠠᠭᠤᠯᠤᠭᠴᠢ ᠶᠢᠨ ᠬᠦᠷᠦᠭᠡᠯ ᠤᠰᠤ᠂ ᠵᠤᠤᠬ᠎ᠠ ᠶᠢᠨ ᠴᠠᠷᠴᠠᠭᠠᠬᠤ ᠤᠰᠤ ᠶᠢ ᠤᠷᠴᠢᠨ ᠬᠡᠷᠡᠭᠯᠡᠭᠰᠡᠨ ᠦᠭᠡᠢ ᠪᠤᠶᠤ   ᠬᠤᠷᠢᠶᠠᠨ ᠠᠪᠴᠤ ᠲᠠᠬᠢᠨ ᠠᠰᠢᠭᠯᠠᠭᠰᠠᠨ ᠦᠭᠡᠢ ᠪᠠᠷ ᠰᠢᠭᠤᠳ ᠭᠠᠳᠠᠭᠰᠢᠯᠠᠭᠤᠯᠤᠭᠰᠠᠨ︔           ︵ᠲᠦᠷᠪᠡ︶ ᠴᠡᠪᠡᠷ ᠤᠰᠤ᠂ ᠷᠠᠰᠢᠶᠠᠨ ᠤᠰᠤ᠂ ᠤᠮᠳᠠᠭᠠᠨ᠂ ᠠᠷᠢᠬᠢ ᠵᠡᠷᠭᠡ ᠦᠢᠯᠡᠳᠭᠦᠨ ᠢ ᠦᠢᠯᠡᠳᠪᠦᠷᠢᠯᠡᠬᠦ   ᠠᠵᠤ ᠠᠬᠤᠢᠢᠯᠠᠯ ᠤᠰᠤ ᠠᠷᠪᠢᠯᠠᠬᠤ ᠠᠷᠭ᠎ᠠ ᠬᠡᠮᠵᠢᠶ᠎ᠡ ᠠᠪᠤᠭᠰᠠᠨ ᠦᠭᠡᠢ ᠪᠤᠶᠤ ᠰᠡᠭᠦᠯ ᠤᠨ ᠤᠰᠤ ᠶᠢ ᠬᠤᠷᠢᠶᠠᠨ ᠠᠪᠴᠤ   ᠲᠠᠬᠢᠨ ᠠᠰᠢᠭᠯᠠᠭᠰᠠᠨ ᠦᠭᠡᠢ︔           ︵ᠲᠠᠪᠤ︶ ᠤᠰᠤᠨ ᠲᠡᠭᠡᠷᠡᠬᠢ ᠲᠤᠭᠯᠠᠭᠠᠮ᠂ ᠤᠮᠪᠠᠯᠳᠠ ᠶᠢᠨ ᠲᠠᠯᠠᠪᠠᠢ᠂ ᠭᠤᠯᠹ ᠪᠦᠮᠪᠦᠭᠡ ᠶᠢᠨ ᠲᠠᠯᠠᠪᠠᠢ ᠪᠠ   ᠬᠦᠮᠦᠨ ᠤ ᠬᠦᠴᠦᠨ ᠤ ᠴᠠᠰᠤ ᠭᠤᠯᠭᠤᠬᠤ ᠲᠠᠯᠠᠪᠠᠢ ᠵᠡᠷᠭᠡ ᠡᠵᠡᠩᠨᠡᠯᠳᠡ ᠶᠢᠨ ᠲᠠᠯᠠᠪᠠᠢ ᠳᠤ ᠤᠰᠤ ᠠᠷᠪᠢᠯᠠᠬᠤ ᠪᠡᠯᠡᠳᠭᠡᠯ   ᠲᠦᠬᠦᠭᠡᠷᠦᠮᠵᠢ ᠦᠯᠦ ᠤᠭᠰᠠᠷᠠᠭᠰᠠᠨ︔           ︵ᠵᠢᠷᠭᠤᠭ᠎ᠠ︶ ᠦᠵᠡᠮᠵᠢᠳᠦ ᠭᠤᠤᠯ᠂ ᠬᠦᠮᠦᠨ ᠤ ᠬᠦᠴᠦᠨ ᠤ ᠨᠠᠭᠤᠷ ᠲᠤ ᠭᠠᠵᠠᠷ ᠲᠤᠤᠷᠠᠬᠢ ᠤᠰᠤ᠂   ᠲᠦᠭᠡᠭᠡᠭᠦᠷ ᠤᠰᠤ ᠶᠢ ᠬᠡᠷᠡᠭᠯᠡᠭᠰᠡᠨ︔         ᠲᠦᠴᠢᠨ ᠲᠤᠯᠤᠳᠤᠭᠠᠷ ᠵᠦᠢᠯ   ᠤᠬᠢᠶᠠᠯᠭ᠎ᠠ᠂ ᠲᠡᠷᠬᠡ ᠤᠬᠢᠶᠠᠬᠤ ᠵᠡᠷᠭᠡ ᠡᠵᠡᠩᠨᠡᠯᠳᠡ ᠶᠢᠨ ᠳᠠᠯᠠᠪᠠᠢ ᠲᠠᠯᠠᠪᠦᠷ ᠤᠰᠤ   ᠠᠷᠪᠢᠯᠠᠬᠤ ᠮᠡᠷᠭᠡᠵᠢᠯ ᠢ ᠬᠡᠷᠡᠭᠯᠡᠭᠰᠡᠨ ᠦᠭᠡᠢ ᠪᠤᠶᠤ ᠤᠰᠤ ᠠᠷᠪᠢᠯᠠᠬᠤ ᠪᠡᠯᠡᠳᠭᠡᠯ ᠲᠦᠬᠦᠭᠡᠷᠦᠮᠵᠢ ᠤᠭᠰᠠᠷᠠᠭᠰᠠᠨ ᠦᠭᠡᠢ   ᠪᠤᠯ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠤᠰᠤᠨ ᠤ ᠵᠠᠰᠠᠭ ᠵᠠᠬᠢᠷᠭᠠᠨ ᠤ   ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠵᠠᠷᠯᠢᠭᠳᠠᠨ ᠵᠠᠯᠠᠷᠠᠭᠤᠯᠬᠤ ᠶᠢᠨ ᠬᠠᠮᠳᠤ 5000 ᠲᠦᠭᠦᠷᠢᠭ  ᠠᠴᠠ   ᠲᠡᠭᠡᠭᠰᠢ 2 ᠲᠦᠮᠡᠨ ᠲᠦᠭᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠨ᠎ᠠ᠃         ᠲᠦᠴᠢᠨ ᠨᠠᠢᠮᠠᠳᠤᠭᠠᠷ ᠵᠦᠢᠯ   ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠠ   ᠪᠤᠰᠤᠳ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠠᠵᠢᠯᠳᠠᠨ ᠲᠤᠤᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠲᠡᠭᠦᠨ ᠤ   ᠪᠠᠶᠢᠭ᠎ᠠ ᠨᠢᠭᠡᠴᠡ ᠪᠤᠶᠤ ᠲᠡᠭᠡᠷ᠎ᠡ ᠱᠠᠳᠤᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠰᠢᠭᠤᠳ ᠬᠠᠷᠢᠭᠤᠴᠠᠯᠭ᠎ᠠ   ᠲᠠᠢ ᠭᠤᠤᠯᠯᠠᠨ ᠬᠠᠮᠢᠶᠠᠷᠤᠭᠴᠢ ᠪᠠ ᠪᠤᠰᠤᠳ ᠰᠢᠭᠤᠳ ᠬᠠᠷᠢᠭᠤᠴᠠᠯᠭ᠎ᠠ ᠲᠠᠢ ᠬᠦᠮᠦᠨ ᠳᠤ ᠬᠠᠤᠯᠢ ᠶᠤᠰᠤᠭᠠᠷ ᠵᠠᠰᠠᠭ   ᠵᠠᠬᠢᠷᠭᠠᠨ ᠤ ᠰᠢᠢᠳᠭᠡᠯ ᠤᠯᠭᠤᠨ᠎ᠠ︔ ᠶᠠᠯ᠎ᠠ ᠳᠤ ᠬᠦᠷᠦᠭᠰᠡᠨ ᠪᠤᠯ ᠬᠠᠤᠯᠢ ᠶᠤᠰᠤᠭᠠᠷ ᠡᠷᠡᠭᠦᠦ ᠶᠢᠨ ᠬᠡᠷᠡᠭ ᠤᠨ   ᠬᠠᠷᠢᠭᠤᠴᠠᠯᠭ᠎ᠠ ᠨᠡᠬᠡᠮᠵᠢᠯᠡᠨ᠎ᠡ᠄           ︵ᠨᠢᠭᠡ︶ ᠤᠰᠤᠨ ᠤ ᠬᠡᠮᠵᠢᠶ᠎ᠡ ᠶᠢᠨ ᠬᠤᠪᠢᠶᠠᠷᠢᠯᠠᠯᠳᠠ ᠶᠢᠨ ᠲᠦᠰᠦᠯ ᠶᠤᠰᠤᠭᠠᠷ ᠤᠰᠤᠨ ᠤ ᠬᠡᠮᠵᠢᠶ᠎ᠡ ᠶᠢ   ᠬᠤᠪᠢᠶᠠᠷᠢᠯᠠᠭᠰᠠᠨ ᠦᠭᠡᠢ︔         ︵ᠬᠤᠶᠠᠷ︶ ᠤᠨ ᠤ ᠤᠰᠤ ᠠᠪᠴᠤ ᠬᠡᠷᠡᠭᠯᠡᠬᠦ ᠲᠦᠯᠦᠪᠯᠡᠭᠡ ᠶᠢ ᠬᠠᠤᠯᠢ ᠶᠤᠰᠤᠭᠠᠷ ᠬᠢᠨᠠᠨ ᠲᠤᠭᠳᠠᠭᠠᠵᠤ ᠲᠤᠷᠤᠭᠰᠢ   ᠪᠠᠭᠤᠯᠭᠠᠭᠰᠠᠨ ᠦᠭᠡᠢ︔           ︵ᠭᠤᠷᠪᠠ︶ ᠬᠢᠨᠠᠯᠳᠠ ᠲᠠᠯᠪᠢᠵᠤ ᠪᠠᠶᠢᠴᠠᠭᠠᠬᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠭᠰᠡᠨ ᠦᠭᠡᠢ ᠪᠤᠶᠤ   ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠤᠯᠵᠤ ᠮᠡᠳᠡᠭᠡᠳ ᠰᠢᠢᠳᠪᠦᠷᠢᠯᠡᠭᠰᠡᠨ ᠦᠭᠡᠢ ᠠᠴᠠ ᠪᠤᠯᠵᠤ ᠬᠦᠨᠳᠦ   ᠨᠤᠴᠢᠳᠠᠢ ᠦᠷ᠎ᠡ ᠳ᠋ᠦᠩ ᠭᠠᠷᠭᠠᠭᠰᠠᠨ︔           ︵ᠲᠦᠷᠪᠡ︶ ᠠᠯᠪᠠᠨ ᠲᠤᠰᠢᠶᠠᠯ ᠳᠠᠭᠠᠨ ᠠᠯᠠᠮᠠᠶᠢᠷᠠᠨ ᠤᠰᠤᠯᠳᠠᠬᠤ᠂ ᠡᠷᠬᠡ ᠲᠤᠰᠢᠶᠠᠯ ᠢᠶᠠᠨ ᠲᠤᠷ᠎ᠠ ᠪᠠᠷ ᠬᠡᠷᠡᠭᠯᠡᠬᠦ᠂   ᠭᠤᠶᠠᠴᠢᠯᠠᠨ ᠬᠠᠤᠯᠢ ᠶᠤᠰᠤ ᠶᠢ ᠵᠦᠷᠢᠴᠡᠭᠰᠡᠨ ᠪᠤᠰᠤᠳ ᠠᠵᠢᠯᠯᠠᠭ᠎ᠠ᠃         ᠵᠢᠷᠭᠤᠳᠤᠭᠠᠷ   ᠪᠦᠯᠦᠭ ᠲᠠᠭᠠᠯᠳᠤᠭᠤᠯᠤᠭᠰᠠᠨ ᠲᠦᠷᠢᠮ             ᠲᠦᠴᠢ ᠶᠢᠰᠦᠳᠦᠭᠡᠷ ᠵᠦᠢᠯ   ᠲᠤᠰ ᠲᠦᠷᠢᠮ ᠢ 2012 ᠤᠨ ᠤ 12 ᠰᠠᠷ᠎ᠠ ᠶᠢᠨ 1 ᠤ ᠡᠳᠦᠷ ᠠᠴᠠ ᠡᠬᠢᠯᠡᠨ   ᠬᠡᠷᠡᠭᠵᠢᠭᠦᠯᠦᠨ᠎ᠡ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
ᠨᠠᠶᠢᠷᠠᠭᠤᠯᠤᠭᠴᠢ᠄ ᠭᠤᠸᠠᠨ ᠴᠠᠩ ᠰᠢ
ᠣᠷᠴᠢᠭᠤᠯᠤᠭᠴᠢ᠄
   
ᠬᠤᠯᠪᠣᠭᠳᠠᠯ ᠪᠦᠬᠦᠢ ᠠᠭᠤᠯᠭ᠎ᠠ ᠶᠢᠨ ᠭᠠᠷᠴᠠᠭ
 
2014-2016 © ᠬᠠᠷᠢᠯᠴᠠᠬᠤ ᠤᠲᠠᠰᠤ᠄ 0471-6280741 ᠢᠮᠧᠯ᠄ nmgbute@163.com
ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠤᠷᠢᠭᠯᠠᠨ᠎ᠠ᠃
︽ᠬᠡᠷᠡᠭᠯᠡᠭᠡᠨ ᠤ ᠮᠡᠷᠭᠡᠵᠢᠯ ᠤᠨ ᠮᠤᠩᠭᠤᠯ ᠰᠦᠯᠵᠢᠶᠡᠨ ᠤ ᠬᠥᠯᠭᠡ︾ ᠦᠮᠴᠢᠯᠡᠯ ᠲᠠᠢ︕