| | ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ | ᠰᠢᠭᠤᠢ ᠶᠢᠨ ᠡᠬᠢ ᠪᠠᠶᠠᠯᠢᠭ ᠤᠨ ᠲᠠᠷᠬᠠᠯᠲᠠ ᠶᠢᠨ ᠪᠠᠶᠢᠳᠠᠯ ᠶᠠᠮᠠᠷ ᠪᠤᠢ︖ | | | | | | ᠮᠠᠨ ᠤ ᠤᠷᠤᠨ ᠵᠡᠭᠦᠨ ᠠᠴᠠ ᠪᠠᠷᠠᠭᠤᠨᠰᠢ ᠬᠦᠨᠳᠡᠯᠡᠨ ᠢᠶᠠᠷ 2400 ᠺᠢᠯᠤᠮᠧᠲᠷ ᠤᠷᠳᠤ᠂ ᠪᠠᠶᠢᠭᠠᠯᠢ ᠶᠢᠨ ᠨᠦᠬᠦᠴᠡᠯ ᠤᠨ ᠵᠦᠷᠢᠶ᠎ᠡ ᠮᠠᠰᠢ | ᠶᠡᠭᠡ᠂ ᠤᠢ ᠰᠢᠭᠤᠢ ᠶᠢᠨ ᠡᠬᠢ ᠪᠠᠶᠠᠯᠢᠭ ᠤᠨ ᠭᠠᠵᠠᠷ ᠵᠦᠢ ᠶᠢᠨ ᠲᠠᠷᠬᠠᠯᠲᠠ ᠲᠦᠢᠯ ᠤᠨ ᠲᠡᠩᠴᠡᠭᠦᠷᠢ ᠦᠭᠡᠢ᠂ ᠶᠡᠷᠦᠩᠬᠡᠢ ᠬᠠᠨᠳᠤᠰᠢ ᠨᠢ | ᠵᠡᠭᠦᠨ ᠠᠴᠠ ᠪᠠᠷᠠᠭᠤᠨᠰᠢ ᠠᠭᠠᠵᠢᠮ ᠢᠶᠠᠷ ᠪᠠᠭᠠᠰᠤᠨ᠎ᠠ᠃ | ᠬᠦᠯᠦᠨ ᠪᠤᠶᠢᠷ ᠠᠶᠢᠮᠠᠭ᠂ ᠶᠡᠭᠡ ᠬᠢᠩᠭᠠᠨ ᠲᠠᠪᠠᠭᠠᠨ ᠤ ᠰᠢᠭᠤᠶᠢᠳᠤ ᠤᠷᠤᠨ ᠤ ᠬᠠᠮᠳᠤ ᠬᠦᠯᠦᠨ ᠪᠤᠶᠢᠷ ᠠᠶᠢᠮᠠᠭ ᠤᠨ ᠬᠠᠷᠢᠶ᠎ᠠ ᠬᠡᠰᠡᠭ ᠲᠤ ᠪᠤᠢ᠂ | ᠴᠢᠬᠢᠭᠯᠢᠭ᠂ ᠬᠠᠭᠠᠰ ᠴᠢᠬᠢᠭᠯᠢᠭ ᠤᠷᠤᠨ ᠳᠤ ᠬᠠᠷᠢᠶᠠᠯᠠᠭᠳᠠᠵᠤ᠂ ᠮᠠᠨ ᠤ ᠤᠷᠤᠨ ᠤ ᠤᠢ ᠰᠢᠭᠤᠢ ᠶᠢᠨ ᠡᠬᠢ ᠪᠠᠶᠠᠯᠢᠭ ᠬᠠᠮᠤᠭ ᠲᠦᠪᠯᠡᠷᠡᠭᠰᠡᠨ | ᠤᠯᠤᠰ ᠤᠨ ᠰᠠᠩ ᠤᠨ ᠰᠢᠭᠤᠶᠢᠳᠤ ᠤᠷᠤᠨ ᠶᠤᠮ᠃ ᠬᠢᠩᠭᠠᠨ ᠬᠠᠷᠭᠠᠢ ᠪᠠᠷ ᠭᠤᠤᠯ ᠪᠤᠯᠭᠠᠭᠰᠠᠨ ᠬᠦᠢᠳᠡᠨ ᠰᠡᠷᠢᠭᠦᠨ ᠪᠦᠰᠡ ᠶᠢᠨ ᠰᠢᠯᠮᠤᠤᠰᠤᠳᠤ | ᠤᠢ ᠲᠠᠷᠬᠠᠵᠤ᠂ ᠤᠶᠢᠳᠤ ᠭᠠᠵᠠᠷ ᠤᠨ ᠲᠠᠯᠠᠪᠠᠢ ᠨᠢ 1,000 ᠲᠦᠮᠡᠨ ᠾᠧᠺᠲ᠋ᠠᠷ ᠪᠠᠶᠢᠵᠤ᠂ ᠪᠦᠬᠦ ᠤᠷᠤᠨ ᠤ ᠤᠶᠢᠳᠤ ᠭᠠᠵᠠᠷ ᠤᠨ ᠲᠠᠯᠠᠪᠠᠢ ᠶᠢᠨ | 76% ᠶᠢ ᠡᠵᠡᠯᠡᠨ᠎ᠡ︔ ᠤᠷᠭᠤᠭ᠎ᠠ ᠮᠤᠳᠤᠨ ᠤ ᠬᠠᠳᠠᠭᠠᠯᠠᠴᠠ ᠨᠢ 8.77 ᠳ᠋ᠦᠩᠰᠢᠭᠤᠷ ᠺᠦᠪ ᠮᠧᠲᠷ᠂ ᠪᠦᠬᠦ ᠤᠷᠤᠨ ᠤ 91.87% ᠶᠢ | ᠡᠵᠡᠯᠡᠨ᠎ᠡ︔ ᠤᠢ ᠰᠢᠭᠤᠢ ᠶᠢᠨ ᠪᠦᠷᠭᠦᠴᠡ ᠶᠢᠨ ᠨᠤᠷᠮ᠎ᠠ ᠨᠢ 45% ᠤᠷᠴᠢᠮ᠂ ᠪᠦᠬᠦ ᠤᠷᠤᠨ ᠳᠤ ᠤᠷᠦ᠋ᠢᠯᠠᠨᠠ᠂ ᠮᠠᠨ ᠤ ᠤᠷᠤᠨ ᠮᠦᠨᠴᠦ ᠪᠦᠬᠦ | ᠤᠯᠤᠰ ᠤᠨ ᠮᠤᠳᠤᠨ ᠮᠠᠲ᠋ᠧᠷᠢᠶᠠᠯ ᠤᠨ ᠦᠢᠯᠡᠳᠪᠦᠷᠢᠯᠡᠯ ᠤᠨ ᠴᠢᠬᠤᠯᠠ ᠰᠠᠭᠤᠷᠢᠨ ᠭᠠᠵᠠᠷ ᠪᠤᠯᠤᠨ᠎ᠠ᠃ | ᠲᠠᠷᠠᠭᠠᠯᠠᠪᠠᠯ᠂ ᠶᠡᠭᠡ ᠬᠢᠩᠭᠠᠨ ᠳᠠᠪᠠᠭᠠᠨ ᠤ ᠡᠮᠦᠨᠡᠳᠦ ᠬᠡᠰᠡᠭ ᠤᠨ ᠠᠭᠤᠯᠠᠨ ᠭᠠᠵᠠᠷ ᠪᠠ ᠡᠮᠦᠨ᠎ᠡ ᠪᠠᠯ ᠳᠠᠭᠠᠤ ᠲᠤᠪᠤᠷᠬᠠᠭ ᠭᠠᠵᠠᠷ ᠪᠤᠯᠤᠨ | ᠯᠢᠶᠤᠤ ᠾᠧ ᠭᠤᠤᠯ᠂ ᠤᠨ ᠮᠦᠷᠡᠨ ᠤ ᠲᠠᠯ᠎ᠠ ᠭᠠᠵᠠᠷ ᠲᠠᠬᠢ ᠬᠢᠩᠭᠠᠨ ᠠᠶᠢᠮᠠᠭ᠂ ᠤᠯᠠᠭᠠᠨᠬᠠᠳᠠ ᠬᠤᠳᠠ᠂ ᠵᠢᠷᠢᠮ ᠠᠶᠢᠮᠠᠭ ᠪᠤᠯᠤᠨ᠎ᠠ᠃ ᠠᠳᠡᠬᠢ ᠨᠢ | ᠬᠠᠭᠠᠰ ᠴᠢᠬᠢᠭᠯᠢᠭ ᠬᠠᠭᠠᠰ ᠭᠠᠩᠳᠠᠮᠠᠯ ᠤᠷᠤᠨ ᠳᠤ ᠬᠠᠷᠢᠶᠠᠯᠠᠭᠳᠠᠵᠤ᠂ ᠬᠡᠰᠡᠭ ᠪᠠᠶᠢᠭᠠᠯᠢ ᠶᠢᠨ ᠳᠠᠬᠢᠨ ᠤᠷᠭᠤᠭᠰᠠᠨ ᠤᠢ ᠲᠠᠷᠬᠠᠵᠤ᠂ ᠤᠯᠠᠩᠬᠢ ᠨᠢ | ᠴᠠᠭᠠᠨ ᠬᠤᠰᠤ᠂ ᠴᠠᠷᠠᠰᠤ᠂ ᠬᠠᠭᠤᠷᠠᠢ ᠪᠠᠷ ᠭᠤᠤᠯ ᠪᠤᠯᠭᠠᠭᠰᠠᠨ ᠰᠢᠯᠮᠤᠤᠰᠤᠳᠤ ᠦᠷᠭᠡᠨ ᠨᠠᠪᠴᠢᠳᠤ ᠬᠤᠯᠢᠴᠠ ᠤᠢ ᠪᠤᠯᠤᠨ᠎ᠠ᠂ ᠲᠠᠬᠢᠨ ᠳᠡᠭᠡᠷ᠎ᠡ ᠨᠢ | ᠲᠦᠴᠢ ᠭᠠᠷᠤᠢ ᠵᠢᠯ ᠤᠨ ᠲᠤᠷᠰᠢ ᠲᠠᠷᠢᠮᠠᠯ ᠤᠢ ᠶᠢᠨ ᠬᠦᠭᠵᠢᠯᠲᠡ ᠨᠡᠯᠢᠶᠡᠳ ᠬᠤᠷᠳᠤᠨ ᠠᠴᠠ ᠪᠤᠯᠵᠤ ᠨᠢᠭᠡᠨᠲᠡ ᠮᠠᠨ ᠤ ᠤᠷᠤᠨ ᠤ ᠤᠢ ᠰᠢᠭᠤᠢ ᠶᠢᠨ | ᠡᠬᠢ ᠪᠠᠶᠠᠯᠢᠭ ᠢᠶᠠᠷ ᠨᠡᠯᠢᠶᠡᠳ ᠠᠷᠪᠢᠨ ᠭᠠᠵᠠᠷ ᠤᠷᠤᠨ ᠪᠤᠯᠪᠠ᠃ ᠤᠢ ᠰᠢᠭᠤᠢ ᠬᠠᠮᠤᠭ ᠪᠠᠭ᠎ᠠ ᠨᠢ ᠰᠢᠯᠢ ᠶᠢᠨ ᠭᠤᠤᠯ ᠠᠶᠢᠮᠠᠭ᠂ ᠤᠯᠠᠭᠠᠨᠴᠠᠪ | ᠠᠶᠢᠮᠠᠭ᠂ ᠶᠡᠭᠡ ᠵᠤᠤ ᠠᠶᠢᠮᠠᠭ᠂ ᠪᠠᠶᠠᠨᠨᠠᠭᠤᠷ ᠠᠶᠢᠮᠠᠭ᠂ ᠠᠯᠠᠱᠠ ᠠᠶᠢᠮᠠᠭ ᠪᠤᠯᠤᠨ ᠬᠦᠬᠡᠬᠤᠳᠠ᠂ ᠪᠤᠭᠤᠳᠤ᠂ ᠦᠬᠠᠢ ᠵᠡᠷᠭᠡ ᠨᠠᠢᠮᠠᠨ ᠠᠶᠢᠮᠠᠭ ᠬᠤᠳᠠ | ᠪᠤᠯᠤᠨ᠎ᠠ᠃ ᠭᠠᠩᠳᠠᠮᠠᠯ᠂ ᠬᠠᠭᠠᠰ ᠭᠠᠩᠳᠠᠮᠠᠯ ᠤᠷᠤᠨ ᠳᠤ ᠬᠠᠷᠢᠶᠠᠯᠠᠭᠳᠠᠬᠤ ᠤᠢ ᠮᠤᠳᠤᠨ ᠤ ᠤᠷᠭᠤᠯᠲᠠ ᠶᠢᠨ ᠨᠦᠬᠦᠴᠡᠯ ᠨᠢ ᠮᠠᠭᠤ᠂ ᠵᠠᠷᠢᠮ | ᠠᠭᠤᠯᠠᠨ ᠤᠷᠤᠨ ᠤ ᠦᠨᠳᠦᠷ ᠬᠦᠢᠳᠡᠨ ᠴᠢᠬᠢᠭᠯᠢᠭ ᠭᠠᠵᠠᠷ ᠲᠤ ᠦᠯᠡᠳᠡᠭᠳᠡᠵᠦ ᠪᠠᠶᠢᠭ᠎ᠠ ᠪᠠᠭ᠎ᠠ ᠲᠠᠯᠠᠪᠠᠢ ᠲᠠᠢ ᠡᠭᠦᠰᠦᠮᠡᠯ ᠤᠢ ᠠᠴᠠ ᠭᠠᠳᠠᠨ᠎ᠠ | ᠭᠤᠤᠯᠳᠠᠭᠤ ᠤᠶᠢᠷ᠎ᠠ ᠶᠢᠨ ᠬᠡᠳᠦᠨ ᠵᠢᠯ ᠳᠤ ᠬᠦᠭᠵᠢᠭᠰᠡᠨ ᠲᠠᠷᠢᠮᠠᠯ ᠤᠢ ᠪᠤᠯᠬᠤ ᠪᠦᠭᠡᠳ ᠪᠤᠳᠠᠯᠢᠭ ᠤᠢ ᠨᠢ ᠤᠯᠠᠩᠬᠢ ᠶᠢ ᠡᠵᠡᠯᠡᠨ᠎ᠡ᠃ |