ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠭᠠᠵᠠᠷ ᠬᠦᠳᠡᠯᠦᠯᠳᠡ ᠶᠢ ᠰᠡᠷᠭᠡᠶᠢᠯᠡᠵᠦ ᠭᠠᠮᠰᠢᠭ ᠢ ᠪᠠᠭᠠᠰᠬᠠᠬᠤ   ᠲᠦᠷᠢᠮ
ᠵᠣᠬᠢᠶᠠᠭᠴᠢ᠄ 
                  ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠭᠠᠵᠠᠷ                   ᠬᠦᠳᠡᠯᠦᠯᠳᠡ ᠶᠢ ᠰᠡᠷᠭᠡᠶᠢᠯᠡᠵᠦ ᠭᠠᠮᠰᠢᠭ ᠢ ᠪᠠᠭᠠᠰᠬᠠᠬᠤ   ᠲᠦᠷᠢᠮ ︵1999   ᠤᠨ ᠤ 11 ᠰᠠᠷ᠎ᠠ ᠶᠢᠨ 29 ᠤ ᠡᠳᠦᠷ   ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ   ᠶᠢᠰᠦᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠷᠪᠠᠨ   ᠬᠤᠶᠠᠳᠤᠭᠠᠷ ᠬᠤᠷᠠᠯ ᠠᠴᠠ ᠪᠠᠳᠤᠯᠠᠪᠠ᠂ 2012 ᠤᠨ ᠤ 9 ᠰᠠᠷ᠎ᠠ 22  ᠤᠨ ᠡᠳᠦᠷ   ᠦᠪᠦᠷ ᠮᠤᠩᠭᠤᠯ ᠤᠨ   ᠦᠪᠡᠷᠳᠡᠭᠡᠨ ᠵᠠᠰᠠᠬᠤ ᠤᠷᠤᠨ ᠤ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ   ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠤᠴᠢᠨ ᠨᠢᠭᠡᠳᠦᠭᠡᠷ ᠬᠤᠷᠠᠯ ᠠᠴᠠ ᠵᠠᠰᠠᠪᠤᠷᠢ ᠤᠷᠤᠭᠤᠯᠪᠠ︶                         ᠨᠢᠭᠡᠳᠦᠭᠡᠷ ᠪᠦᠯᠦᠭ ᠶᠡᠷᠦᠩᠬᠡᠢ ᠲᠦᠷᠢᠮ                         ᠨᠢᠭᠡᠳᠦᠭᠡᠷ ᠵᠦᠢᠯ     ᠭᠠᠵᠠᠷ ᠬᠥᠳᠡᠯᠦᠯᠲᠡ ᠶᠢᠨ ᠭᠠᠮᠰᠢᠭ ᠢ ᠰᠡᠷᠭᠡᠶᠢᠯᠡᠬᠦ ᠪᠠ ᠪᠠᠭᠠᠰᠬᠠᠵᠤ᠂ ᠠᠷᠠᠳ ᠲᠦᠮᠡᠨ ᠤ ᠠᠮᠢ   ᠨᠠᠰᠤ ᠪᠠ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠵᠤ᠂ ᠠᠵᠤ ᠠᠬᠤᠢ ᠨᠡᠶᠢᠭᠡᠮ ᠤᠨ ᠦᠷᠭᠦᠯᠵᠢᠯᠡᠬᠦ   ᠬᠥᠭᠵᠢᠯᠳᠡ ᠶᠢ ᠠᠬᠢᠭᠤᠯᠬᠤ ᠶᠢᠨ ᠲᠥᠯᠥᠭᠡ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ   ᠬᠥᠳᠡᠯᠦᠯᠲᠡ ᠶᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠬᠠᠤᠯᠢ︾ ᠪᠠ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ   ᠲᠣᠭᠲᠠᠭᠠᠯ ᠢ ᠦᠨᠳᠦᠰᠦᠯᠡᠨ᠂ ᠥᠪᠡᠷᠳᠡᠭᠡᠨ ᠵᠠᠰᠠᠬᠤ ᠤᠷᠤᠨ ᠤ ᠪᠣᠳᠠᠲᠠᠢ ᠲᠠᠢ ᠪᠠᠨ ᠤᠶᠠᠯᠳᠤᠭᠤᠯᠤᠨ ᠲᠤᠰ ᠳᠦᠷᠢᠮ ᠢ   ᠲᠣᠭᠲᠠᠭᠠᠪᠠ᠃               ᠬᠤᠶᠠᠳᠤᠭᠠᠷ ᠵᠦᠢᠯ   ᠥᠪᠡᠷᠳᠡᠭᠡᠨ ᠵᠠᠰᠠᠬᠤ ᠤᠷᠤᠨ ᠤ ᠵᠠᠰᠠᠭ ᠵᠠᠬᠢᠷᠭᠠᠨ ᠤ ᠣᠷᠣᠨ ᠳᠣᠲᠣᠷ᠎ᠠ ᠭᠠᠵᠠᠷ   ᠬᠥᠳᠡᠯᠦᠯᠲᠡ ᠶᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ᠂ ᠭᠠᠵᠠᠷ ᠬᠥᠳᠡᠯᠦᠯᠲᠡ ᠶᠢᠨ ᠭᠠᠮᠰᠢᠭ ᠢ ᠰᠡᠷᠭᠡᠶᠢᠯᠡᠬᠦ᠂ ᠭᠠᠵᠠᠷ   ᠬᠥᠳᠡᠯᠦᠯᠲᠡ ᠠᠴᠠ ᠪᠠᠴᠢᠮ ᠠᠪᠤᠷᠠᠨ ᠲᠤᠰᠠᠯᠠᠬᠤ᠂ ᠭᠠᠵᠠᠷ ᠬᠥᠳᠡᠯᠦᠯᠲᠡ ᠶᠢᠨ ᠭᠠᠮᠰᠢᠭ ᠤᠨ ᠳᠠᠷᠠᠭ᠎ᠠ ᠰᠢᠯᠵᠢᠯᠲᠡ ᠶᠢᠨ   ᠴᠢᠨᠠᠷᠲᠠᠢ ᠲᠦᠪᠬᠢᠨᠡᠭᠦᠯᠭᠦ ᠪᠠ ᠰᠡᠷᠭᠦᠭᠡᠨ ᠳᠠᠬᠢᠨ ᠪᠦᠳᠦᠭᠡᠨ ᠪᠠᠶᠢᠭᠤᠯᠬᠤ ᠵᠡᠷᠭᠡ ᠭᠠᠵᠠᠷ ᠬᠥᠳᠡᠯᠦᠯᠲᠡ ᠶᠢ ᠰᠡᠷᠭᠡᠶᠢᠯᠡᠵᠦ   ᠭᠠᠮᠰᠢᠭ ᠢ ᠪᠠᠭᠠᠰᠬᠠᠬᠤ ᠠᠵᠢᠯᠯᠠᠭ᠎ᠠ ᠶᠢ ᠡᠷᠬᠢᠯᠡᠬᠦ ᠳᠤ ᠲᠤᠰ ᠳᠦᠷᠢᠮ ᠢ ᠵᠢᠷᠤᠮᠯᠠᠨ᠎ᠠ᠃             ᠭᠤᠷᠪᠠᠳᠤᠭᠠᠷ ᠵᠦᠢᠯ   ᠭᠠᠵᠠᠷ ᠬᠥᠳᠡᠯᠦᠯᠲᠡ ᠶᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠳᠤ ᠰᠡᠷᠭᠡᠶᠢᠯᠡᠬᠦ  ᠪᠠᠷ   ᠭᠤᠣᠯ ᠪᠣᠯᠭᠠᠵᠤ᠂ ᠰᠡᠷᠭᠡᠶᠢᠯᠡᠬᠦ ᠪᠠ ᠠᠪᠤᠷᠠᠨ ᠲᠤᠰᠠᠯᠠᠬᠤ ᠶᠢ ᠤᠶᠠᠯᠳᠤᠭᠤᠯᠬᠤ ᠴᠢᠭᠯᠡᠯᠳᠡ ᠶᠢ ᠬᠡᠷᠡᠭᠵᠢᠭᠦᠯᠦᠨ᠎ᠡ᠃           ᠲᠥᠷᠪᠡᠳᠦᠭᠡᠷ ᠵᠦᠢᠯ   ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠭᠠᠵᠠᠷ   ᠬᠥᠳᠡᠯᠦᠯᠲᠡ ᠶᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠳᠠᠬᠢ ᠤᠳᠤᠷᠢᠳᠤᠯᠭ᠎ᠠ ᠪᠠᠨ ᠴᠢᠩᠭᠠᠳᠬᠠᠵᠤ᠂ ᠭᠠᠵᠠᠷ   ᠬᠥᠳᠡᠯᠦᠯᠲᠡ ᠶᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠤᠨ ᠪᠠᠶᠢᠭᠤᠯᠤᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂   ᠭᠠᠵᠠᠷ ᠬᠥᠳᠡᠯᠦᠯᠲᠡ ᠶᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠤᠨ ᠡᠩᠨᠡᠭᠡ ᠶᠢᠨ ᠪᠠᠶᠢᠭᠤᠯᠤᠯᠲᠠ ᠪᠠᠨ   ᠴᠢᠩᠭᠠᠳᠬᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠭᠠᠵᠠᠷ ᠬᠥᠳᠡᠯᠦᠯᠲᠡ ᠶᠢ ᠰᠡᠷᠭᠡᠶᠢᠯᠡᠵᠦ   ᠭᠠᠮᠰᠢᠭ ᠢ ᠪᠠᠭᠠᠰᠬᠠᠬᠤ ᠠᠵᠢᠯ ᠢ ᠰᠠᠶᠢᠳᠤᠷ ᠬᠢᠭᠦ ᠬᠡᠷᠡᠭᠲᠡᠢ᠃           ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠭᠠᠵᠠᠷ ᠬᠥᠳᠡᠯᠦᠯᠲᠡ ᠶᠢᠨ   ᠠᠵᠢᠯ ᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠪᠠᠶᠢᠭᠤᠯᠤᠮᠵᠢ ᠪᠠ ᠡᠳ᠋ ᠤᠨ ᠵᠠᠰᠠᠭ᠂ ᠬᠥᠭᠵᠢᠭᠦᠯᠦᠯᠲᠡ ᠪᠠ   ᠥᠭᠡᠷᠡᠴᠢᠯᠡᠯᠲᠡ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠠᠷᠠᠳ ᠤᠨ ᠶᠠᠪᠤᠳᠠᠯ᠂   ᠡᠷᠡᠭᠦᠯ ᠬᠠᠮᠠᠭᠠᠯᠠᠯ᠂ ᠰᠤᠷᠭᠠᠨ ᠬᠥᠮᠥᠵᠢᠯ᠂ ᠳᠣᠲᠣᠭᠠᠳᠤ ᠶᠢ ᠬᠠᠮᠠᠭᠠᠯᠠᠬᠤ᠂ ᠤᠯᠤᠰ ᠤᠨ ᠭᠠᠵᠠᠷ ᠰᠢᠷᠣᠢ ᠡᠬᠢ ᠪᠠᠶᠠᠯᠢᠭ᠂   ᠤᠰᠤᠨ ᠠᠰᠢᠭᠯᠠᠯᠲᠠ᠂ ᠬᠤᠲᠠ ᠬᠥᠳᠡᠭᠡ ᠶᠢᠨ ᠲᠥᠯᠥᠪᠵᠢᠭᠦᠯᠭᠡ ᠬᠢᠭᠡᠳ ᠠᠷᠠᠳ ᠤᠨ ᠠᠭᠠᠷ ᠤᠨ ᠰᠡᠷᠭᠡᠶᠢᠯᠡᠯᠲᠡ ᠵᠡᠷᠭᠡ   ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤᠰᠢᠶᠠᠯ ᠬᠠᠷᠢᠭᠤᠴᠠᠯᠭ᠎ᠠ ᠶᠢᠨ ᠬᠤᠪᠢᠶᠠᠷᠢ ᠶᠣᠰᠣᠭᠠᠷ᠂ ᠥᠪᠡᠷ   ᠥᠪᠡᠷ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠨᠢᠭᠲᠠ ᠬᠠᠮᠵᠢᠯᠴᠠᠵᠤ᠂ ᠭᠠᠵᠠᠷ ᠬᠥᠳᠡᠯᠦᠯᠲᠡ ᠶᠢ   ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠢ ᠬᠠᠮᠲᠤᠷᠠᠨ ᠰᠠᠶᠢᠲᠤᠷ ᠬᠢᠬᠦ ᠬᠡᠷᠡᠭᠲᠡᠢ᠃             ᠲᠠᠪᠤᠳᠤᠭᠠᠷ ᠵᠦᠢᠯ   ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠭᠠᠵᠠᠷ   ᠬᠥᠳᠡᠯᠦᠯᠲᠡ ᠲᠠᠢ ᠲᠡᠮᠡᠴᠡᠵᠦ ᠭᠠᠮᠰᠢᠭ ᠠᠴᠠ ᠠᠪᠤᠷᠠᠬᠤ ᠠᠵᠢᠯ ᠢ ᠵᠢᠯᠣᠭᠤᠳᠬᠤ ᠪᠠᠶᠢᠭᠤᠯᠤᠮᠵᠢ ᠲᠤᠰ ᠵᠠᠰᠠᠭ ᠵᠠᠬᠢᠷᠭᠠᠨ ᠤ   ᠣᠷᠣᠨ ᠤ ᠳᠣᠲᠣᠷᠠᠬᠢ ᠭᠠᠵᠠᠷ ᠬᠥᠳᠡᠯᠦᠯᠲᠡ ᠲᠠᠢ ᠲᠡᠮᠡᠴᠡᠵᠦ ᠭᠠᠮᠰᠢᠭ ᠠᠴᠠ ᠠᠪᠤᠷᠠᠬᠤ ᠠᠵᠢᠯ ᠢ ᠨᠢᠭᠡᠳᠦᠯᠲᠡᠢ   ᠤᠳᠤᠷᠢᠳᠣᠨ᠂ ᠵᠢᠯᠣᠭᠤᠳᠬᠤ ᠪᠠ ᠵᠣᠬᠢᠴᠠᠭᠤᠯᠵᠤ᠂ ᠡᠳᠦᠷ ᠲᠤᠲᠤᠮ ᠤᠨ ᠠᠵᠢᠯ ᠢ ᠠᠳᠠᠯᠢ ᠱᠠᠲᠤᠨ ᠤ ᠭᠠᠵᠠᠷ   ᠬᠥᠳᠡᠯᠦᠯᠲᠡ ᠶᠢ ᠰᠡᠷᠭᠡᠶᠢᠯᠡᠬᠦ ᠠᠵᠢᠯ ᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠪᠠᠶᠢᠭᠤᠯᠤᠮᠵᠢ ᠠᠴᠠ ᠡᠭᠦᠷᠭᠡᠯᠡᠨ᠎ᠡ᠃           ᠵᠢᠷᠭᠤᠳᠤᠭᠠᠷ ᠵᠦᠢᠯ   ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠭᠠᠵᠠᠷ   ᠬᠥᠳᠡᠯᠦᠯᠲᠡ ᠶᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠢ ᠲᠤᠰ ᠱᠠᠲᠤᠨ ᠤ ᠤᠯᠤᠰ ᠠᠷᠠᠳ ᠤᠨ ᠠᠵᠤ ᠠᠬᠤᠢ ᠪᠠ   ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠳᠡᠭᠡᠨ ᠣᠷᠣᠭᠤᠯᠵᠤ᠂ ᠬᠡᠷᠡᠭᠰᠡᠬᠦ ᠵᠠᠷᠤᠳᠠᠯ ᠢ ᠨᠢ ᠡᠳ᠋ ᠤᠨ ᠵᠠᠰᠠᠭ ᠤᠨ   ᠲᠥᠰᠥᠪ ᠲᠡᠭᠡᠨ ᠵᠢᠭᠰᠠᠭᠠᠬᠤ ᠶᠢᠨ ᠬᠠᠮᠲᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠦᠪᠰᠢᠨ ᠲᠠᠢ ᠵᠣᠬᠢᠴᠠᠭᠰᠠᠨ   ᠭᠠᠵᠠᠷ ᠬᠥᠳᠡᠯᠦᠯᠲᠡ ᠶᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠳᠠᠬᠢ ᠪᠡᠯᠡ ᠣᠷᠤᠭᠤᠯᠤᠯᠲᠠ ᠶᠢᠨ ᠲᠣᠭᠲᠠᠴᠠ ᠶᠢ   ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠢ᠃             ᠥᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠪᠠ ᠭᠠᠵᠠᠷ ᠬᠥᠳᠡᠯᠦᠯᠲᠡ ᠶᠢ ᠭᠤᠣᠯᠳᠠᠯᠭ᠎ᠠ   ᠲᠠᠢ ᠠᠵᠢᠭᠯᠠᠬᠤ ᠲᠣᠭᠤᠷᠢᠭ ᠲᠠᠬᠢ ᠠᠶᠢᠮᠠᠭ ᠤᠨ ᠵᠠᠬᠢᠷᠭ᠎ᠠ᠂ ᠲᠣᠭᠤᠷᠢᠭ ᠲᠠᠢ ᠬᠤᠲᠠ ᠶᠢᠨ ᠠᠷᠠᠳ ᠤᠨ ᠵᠠᠰᠠᠭ ᠤᠨ   ᠣᠷᠳᠣᠨ ᠬᠡᠷᠡᠭᠴᠡᠭᠡ ᠪᠠᠨ ᠦᠨᠳᠦᠰᠦᠯᠡᠨ᠂ ᠭᠠᠵᠠᠷ ᠬᠥᠳᠡᠯᠦᠯᠲᠡ ᠶᠢ ᠭᠤᠣᠯᠳᠠᠯᠭ᠎ᠠ ᠲᠠᠢ ᠠᠵᠢᠭᠯᠠᠬᠤ ᠲᠣᠭᠤᠷᠢᠭ ᠤᠨ   ᠭᠠᠵᠠᠷ ᠬᠥᠳᠡᠯᠦᠯᠲᠡ ᠶᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠲᠤᠰᠬᠠᠢ ᠲᠥᠷᠥᠯ ᠤᠨ ᠪᠡᠯᠡ ᠮᠥᠩᠭᠦ ᠭᠠᠷᠭᠠᠬᠤ ᠬᠡᠷᠡᠭᠲᠡᠢ᠃             ᠲᠤᠯᠤᠳᠤᠭᠠᠷ ᠵᠦᠢᠯ   ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠭᠠᠵᠠᠷ   ᠬᠥᠳᠡᠯᠦᠯᠲᠡ ᠶᠢᠨ ᠠᠵᠢᠯ ᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠪᠠᠶᠢᠭᠤᠯᠤᠮᠵᠢ ᠬᠠᠮᠢᠶ᠎ᠠ ᠪᠦᠬᠦᠢ ᠰᠠᠯᠠᠭ᠎ᠠ   ᠮᠥᠴᠢᠷ ᠲᠠᠢ ᠬᠠᠮᠲᠤᠪᠠᠷ ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠭᠠᠵᠠᠷ ᠬᠥᠳᠡᠯᠦᠯᠲᠡ ᠶᠢ ᠰᠡᠷᠭᠡᠶᠢᠯᠡᠵᠦ   ᠭᠠᠮᠰᠢᠭ ᠢ ᠪᠠᠭᠠᠰᠬᠠᠬᠤ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠵᠤ᠂ ᠲᠤᠰ ᠱᠠᠲᠤᠨ ᠤ ᠠᠷᠠᠳ ᠤᠨ   ᠵᠠᠰᠠᠭ ᠤᠨ ᠣᠷᠳᠣᠨ ᠵᠥᠪᠰᠢᠶᠡᠷᠡᠵᠦ ᠬᠡᠷᠡᠭᠵᠢᠭᠦᠯᠦᠨ᠎ᠡ᠃             ᠭᠠᠵᠠᠷ ᠬᠥᠳᠡᠯᠦᠯᠲᠡ ᠶᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠲᠥᠯᠥᠪᠵᠢᠭᠦᠯᠭᠡ ᠨᠢ ᠲᠤᠰ ᠵᠠᠰᠠᠭ ᠵᠠᠬᠢᠷᠭᠠᠨ ᠤ   ᠣᠷᠣᠨ ᠤ ᠬᠤᠲᠠ ᠬᠥᠳᠡᠭᠡ ᠶᠢᠨ ᠶᠡᠷᠦᠩᠬᠡᠢ ᠲᠥᠯᠥᠪᠵᠢᠭᠦᠯᠭᠡ ᠲᠠᠢ ᠠᠪᠴᠠᠯᠳᠤᠬᠤ ᠬᠡᠷᠡᠭᠲᠡᠢ︔ ᠡᠯ᠎ᠡ ᠰᠠᠯᠠᠭ᠎ᠠ ᠮᠥᠴᠢᠷ᠂   ᠡᠯ᠎ᠡ ᠠᠵᠢᠯ ᠲᠥᠷᠥᠯ ᠤᠨ ᠲᠣᠭᠲᠠᠭᠠᠭᠰᠠᠨ ᠭᠠᠵᠠᠷ ᠬᠥᠳᠡᠯᠦᠯᠲᠡ ᠲᠠᠢ ᠲᠡᠮᠡᠴᠡᠵᠦ ᠭᠠᠮᠰᠢᠭ ᠠᠴᠠ ᠪᠠᠭᠠᠰᠬᠠᠬᠤ   ᠲᠥᠯᠥᠪᠵᠢᠭᠦᠯᠭᠡ ᠨᠢ ᠭᠠᠵᠠᠷ ᠬᠥᠳᠡᠯᠦᠯᠲᠡ ᠶᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠲᠥᠯᠥᠪᠵᠢᠭᠦᠯᠭᠡ ᠲᠠᠢ   ᠠᠪᠴᠠᠯᠳᠤᠬᠤ ᠬᠡᠷᠡᠭᠲᠡᠢ᠃           ᠨᠠᠢᠮᠠᠳᠤᠭᠠᠷ ᠵᠦᠢᠯ   ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠭᠠᠵᠠᠷ ᠬᠥᠳᠡᠯᠦᠯᠲᠡ ᠶᠢ ᠰᠡᠷᠭᠡᠶᠢᠯᠡᠵᠦ   ᠭᠠᠮᠰᠢᠭ ᠢ ᠪᠠᠭᠠᠰᠬᠠᠬᠤ ᠮᠡᠳᠡᠯᠭᠡ ᠶᠢᠨ ᠤᠬᠠᠭᠤᠯᠭ᠎ᠠ ᠬᠥᠮᠥᠵᠢᠯ ᠢ ᠴᠢᠩᠭᠠᠳᠬᠠᠵᠤ᠂ ᠪᠦᠬᠦ ᠨᠡᠶᠢᠭᠡᠮ ᠤᠨ ᠭᠠᠵᠠᠷ   ᠬᠥᠳᠡᠯᠦᠯᠲᠡ ᠶᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠮᠰᠠᠷ ᠢ ᠨᠡᠮᠡᠭᠳᠡᠭᠦᠯᠵᠦ᠂ ᠠᠷᠠᠳ ᠢᠷᠭᠡᠳ ᠤᠨ ᠥᠪᠡᠷ ᠢ ᠪᠠᠨ   ᠠᠪᠤᠷᠠᠬᠤ᠂ ᠬᠠᠷᠢᠯᠴᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃         ᠶᠢᠰᠦᠳᠦᠭᠡᠷ ᠵᠦᠢᠯ   ᠥᠪᠡᠷᠳᠡᠭᠡᠨ ᠵᠠᠰᠠᠬᠤ ᠤᠷᠤᠨ ᠭᠠᠵᠠᠷ ᠬᠥᠳᠡᠯᠦᠯᠲᠡ ᠶᠢ ᠰᠡᠷᠭᠡᠶᠢᠯᠡᠵᠦ ᠭᠠᠮᠰᠢᠭ ᠢ ᠪᠠᠭᠠᠰᠬᠠᠬᠤ   ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ ᠢ ᠵᠣᠷᠢᠬᠵᠢᠭᠤᠯᠤᠨ ᠳᠡᠮᠵᠢᠵᠦ᠂ ᠤᠯᠤᠰ ᠤᠨ ᠳᠣᠲᠣᠭᠠᠳᠤ   ᠭᠠᠳᠠᠭᠠᠳᠤ ᠶᠢᠨ ᠬᠠᠮᠲᠤᠷᠠᠯᠴᠠᠭ᠎ᠠ ᠰᠣᠯᠢᠯᠴᠠᠭ᠎ᠠ ᠳᠤ ᠣᠷᠣᠯᠴᠠᠵᠤ᠂ ᠲᠡᠷᠢᠭᠦᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ   ᠪᠦᠲᠦᠭᠡᠯ ᠢ ᠳᠡᠯᠭᠡᠷᠡᠭᠦᠯᠦᠨ᠎ᠡ᠃         ᠠᠷᠪᠠᠳᠤᠭᠠᠷ ᠵᠦᠢᠯ   ᠭᠠᠵᠠᠷ ᠬᠥᠳᠡᠯᠦᠯᠲᠡ ᠶᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠭᠯᠠᠭ᠎ᠠ ᠶᠢ ᠡᠷᠬᠢᠯᠡᠬᠦ ᠳᠤ   ᠤᠯᠤᠰ ᠪᠠ ᠥᠪᠡᠷᠳᠡᠭᠡᠨ ᠵᠠᠰᠠᠬᠤ ᠤᠷᠤᠨ ᠤ ᠭᠠᠵᠠᠷ ᠬᠥᠳᠡᠯᠦᠯᠲᠡ ᠶᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠬᠠᠮᠢᠶ᠎ᠠ   ᠪᠦᠬᠦᠢ ᠪᠠᠷᠢᠮᠵᠢᠶ᠎ᠠ ᠶᠢ ᠵᠢᠷᠤᠮᠯᠠᠬᠤ ᠬᠡᠷᠡᠭᠲᠡᠢ᠃           ᠠᠷᠪᠠᠨ ᠨᠢᠭᠡᠳᠦᠭᠡᠷ ᠵᠦᠢᠯ   ᠬᠤᠰᠢᠭᠤ ᠰᠢᠶᠠᠨ ᠤ ᠱᠠᠲᠤᠨ ᠠᠴᠠ ᠳᠡᠭᠡᠭᠰᠢ ᠠᠷᠠᠳ ᠤᠨ ᠵᠠᠰᠠᠭ ᠤᠨ ᠣᠷᠳᠣᠨ   ᠭᠠᠵᠠᠷ ᠬᠥᠳᠡᠯᠦᠯᠲᠡ ᠶᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠳᠤᠮᠳᠠ ᠲᠣᠪᠤᠶᠢᠮ᠎ᠠ ᠠᠮᠵᠢᠯᠲᠠ ᠭᠠᠷᠭᠠᠭᠰᠠᠨ   ᠨᠢᠭᠡᠴᠡ ᠪᠠ ᠬᠤᠪᠢ ᠬᠥᠮᠥᠨ ᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠠᠶᠢᠰᠢᠶᠠᠨ ᠬᠥᠬᠢᠭᠦᠯᠦᠨ᠎ᠡ᠃                 ᠬᠤᠶᠠᠳᠤᠭᠠᠷ ᠪᠦᠯᠦᠭ ᠭᠠᠵᠠᠷ ᠬᠥᠳᠡᠯᠦᠯᠲᠡ ᠶᠢ ᠬᠢᠨᠠᠨ ᠬᠡᠮᠵᠢᠬᠦ ᠪᠠ ᠤᠷᠢᠳᠴᠢᠯᠠᠨ ᠮᠡᠳᠡᠭᠡᠯᠡᠬᠦ                       ᠠᠷᠪᠠᠨ ᠬᠤᠶᠠᠳᠤᠭᠠᠷ ᠵᠦᠢᠯ   ᠥᠪᠡᠷᠳᠡᠭᠡᠨ ᠵᠠᠰᠠᠬᠤ ᠤᠷᠤᠨ ᠤ ᠭᠠᠵᠠᠷ ᠬᠥᠳᠡᠯᠦᠯᠲᠡ ᠶᠢ ᠬᠢᠨᠠᠨ ᠬᠡᠮᠵᠢᠬᠦ ᠥᠷᠲᠡᠭᠡ   ᠳᠣᠣᠷ ᠢ ᠨᠢᠭᠡᠳᠦᠯᠲᠡᠢ ᠲᠥᠯᠥᠪᠵᠢᠭᠦᠯᠵᠦ᠂ ᠱᠠᠲᠤ ᠬᠤᠪᠢᠶᠠᠨ᠂ ᠲᠥᠷᠥᠯ ᠬᠤᠪᠢᠶᠠᠨ ᠪᠦᠲᠦᠭᠡᠨ ᠪᠠᠶᠢᠭᠤᠯᠬᠤ ᠪᠠ   ᠬᠠᠮᠢᠶᠠᠷᠬᠤ ᠶᠢ ᠬᠡᠷᠡᠭᠵᠢᠭᠦᠯᠦᠨ᠎ᠡ᠃           ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠭᠠᠵᠠᠷ ᠬᠥᠳᠡᠯᠦᠯᠲᠡ ᠶᠢᠨ   ᠠᠵᠢᠯ ᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠪᠠᠶᠢᠭᠤᠯᠤᠮᠵᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠠᠮᠢᠶ᠎ᠠ   ᠪᠦᠬᠦᠢ ᠲᠣᠭᠲᠠᠭᠠᠯ ᠪᠠ ᠳᠡᠭᠡᠷ᠎ᠡ ᠱᠠᠲᠤᠨ ᠤ ᠭᠠᠵᠠᠷ ᠬᠥᠳᠡᠯᠦᠯᠲᠡ ᠶᠢ ᠬᠢᠨᠠᠨ ᠬᠡᠮᠵᠢᠬᠦ ᠥᠷᠲᠡᠭᠡ ᠲᠣᠣᠷ ᠤᠨ   ᠲᠥᠯᠥᠪᠵᠢᠭᠦᠯᠭᠡ ᠶᠢ ᠦᠨᠳᠦᠰᠦᠯᠡᠨ ᠭᠠᠵᠠᠷ ᠬᠥᠳᠡᠯᠦᠯᠲᠡ ᠶᠢ ᠬᠢᠨᠠᠨ ᠬᠡᠮᠵᠢᠬᠦ ᠥᠷᠲᠡᠭᠡ ᠲᠣᠣᠷ ᠤᠨ ᠲᠥᠯᠥᠪᠵᠢᠭᠦᠯᠭᠡ ᠶᠢ   ᠲᠣᠭᠲᠠᠭᠠᠵᠤ᠂ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠠᠭᠠᠨ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ   ᠬᠡᠷᠡᠭᠵᠢᠭᠦᠯᠦᠨ᠎ᠡ᠃             ᠠᠷᠪᠠᠨ ᠭᠤᠷᠪᠠᠳᠤᠭᠠᠷ ᠵᠦᠢᠯ   ᠥᠪᠡᠷᠳᠡᠭᠡᠨ ᠵᠠᠰᠠᠬᠤ ᠤᠷᠤᠨ ᠤ ᠱᠠᠲᠤᠨ ᠤ ᠭᠠᠵᠠᠷ ᠬᠥᠳᠡᠯᠦᠯᠲᠡ ᠶᠢ ᠬᠢᠨᠠᠨ   ᠬᠡᠮᠵᠢᠬᠦ ᠥᠷᠲᠡᠭᠡ ᠲᠣᠣᠷ ᠢ ᠥᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠤ ᠭᠠᠵᠠᠷ   ᠬᠥᠳᠡᠯᠦᠯᠲᠡ ᠶᠢᠨ ᠠᠵᠢᠯ ᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠬᠠᠮᠢᠶᠠᠷᠴᠤ᠂ ᠲᠡᠭᠦᠨ ᠢ ᠪᠦᠲᠦᠭᠡᠨ ᠪᠠᠶᠢᠭᠤᠯᠵᠤ   ᠪᠡᠯᠡ ᠣᠷᠣᠭᠤᠯᠬᠤ ᠪᠠ ᠠᠵᠢᠯᠯᠠᠭᠠᠨ ᠤ ᠵᠠᠷᠤᠳᠠᠯ ᠢ ᠥᠪᠡᠷᠳᠡᠭᠡᠨ ᠵᠠᠰᠠᠬᠤ ᠤᠷᠤᠨ ᠤ ᠡᠳ᠋ ᠤᠨ ᠵᠠᠰᠠᠭ ᠠᠴᠠ ᠡᠭᠦᠷᠭᠡᠯᠡᠨ᠎ᠡ᠃           ᠠᠶᠢᠮᠠᠭ ᠬᠤᠲᠠ ᠪᠠ ᠬᠤᠰᠢᠭᠤ ᠰᠢᠶᠠᠨ ᠤ ᠱᠠᠳᠤᠨ ᠤ ᠭᠠᠵᠠᠷ ᠬᠥᠳᠡᠯᠦᠯᠲᠡ ᠶᠢ ᠬᠢᠨᠠᠨ ᠬᠡᠮᠵᠢᠬᠦ ᠥᠷᠲᠡᠭᠡ   ᠲᠣᠣᠷ ᠢ ᠠᠶᠢᠮᠠᠭ ᠤᠨ ᠵᠠᠬᠢᠷᠭ᠎ᠠ᠂ ᠲᠣᠭᠤᠷᠢᠭ ᠲᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠠ ᠬᠤᠰᠢᠭᠤ   ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠭᠠᠵᠠᠷ ᠬᠥᠳᠡᠯᠦᠯᠲᠡ ᠶᠢᠨ ᠠᠵᠢᠯ ᠢ ᠭᠤᠣᠯᠯᠠᠨ ᠬᠠᠮᠢᠶᠠᠷᠬᠤ   ᠰᠠᠯᠠᠭ᠎ᠠ ᠮᠥᠴᠢᠷ ᠪᠤᠶᠤ ᠪᠠᠶᠢᠭᠤᠯᠤᠮᠵᠢ ᠬᠠᠮᠢᠶᠠᠷᠴᠤ᠂ ᠲᠡᠭᠦᠨ ᠢ ᠪᠦᠲᠦᠭᠡᠨ ᠪᠠᠶᠢᠭᠤᠯᠵᠤ ᠪᠡᠯᠡ ᠣᠷᠣᠭᠤᠯᠬᠤ ᠪᠠ   ᠠᠵᠢᠯᠯᠠᠭᠠᠨ ᠤ ᠵᠠᠷᠤᠳᠠᠯ ᠢ ᠠᠶᠢᠮᠠᠭ ᠬᠤᠲᠠ ᠪᠠ ᠬᠤᠰᠢᠭᠤ ᠰᠢᠶᠠᠨ ᠤ ᠱᠠᠲᠤᠨ ᠤ ᠡᠳ᠋ ᠤᠨ ᠵᠠᠰᠠᠭ ᠠᠴᠠ ᠡᠭᠦᠷᠭᠡᠯᠡᠵᠦ᠂   ᠲᠤᠬᠠᠶᠢᠯᠠᠭᠰᠠᠨ ᠠᠵᠢᠯ ᠤᠨ ᠲᠠᠯ᠎ᠠ ᠪᠠᠷ ᠥᠪᠡᠷᠳᠡᠭᠡᠨ ᠵᠠᠰᠠᠬᠤ ᠤᠷᠤᠨ ᠤ ᠭᠠᠵᠠᠷ ᠬᠥᠳᠡᠯᠦᠯᠲᠡ ᠶᠢᠨ ᠠᠵᠢᠯ ᠢ ᠭᠤᠣᠯᠯᠠᠨ   ᠬᠠᠮᠢᠶᠠᠷᠬᠤ ᠰᠠᠯᠠᠭ᠎ᠠ ᠮᠥᠴᠢᠷ ᠤᠨ ᠵᠢᠯᠣᠭᠤᠳᠤᠯᠭ᠎ᠠ ᠶᠢ ᠬᠦᠯᠢᠶᠡᠨ᠎ᠡ᠃           ᠠᠷᠪᠠᠨ ᠲᠥᠷᠪᠡᠳᠦᠭᠡᠷ ᠵᠦᠢᠯ   ᠲᠣᠮᠣ ᠬᠡᠯᠪᠡᠷᠢ ᠶᠢᠨ ᠤᠰᠤᠨ ᠴᠥᠭᠦᠷᠥᠮ᠂ ᠴᠢᠯᠠᠭᠤᠨ ᠲᠣᠰᠣᠨ ᠤ ᠠᠢ ᠰᠠᠪᠠ᠂   ᠠᠭᠤᠷᠬᠠᠢ᠂ ᠬᠢᠮᠢ ᠶᠢᠨ ᠠᠵᠤ ᠦᠢᠯᠡᠳᠪᠦᠷᠢ ᠬᠢᠭᠡᠳ ᠣᠨᠴᠠ ᠲᠣᠮᠣ ᠬᠥᠭᠦᠷᠭᠡ᠂ ᠰᠠᠴᠤᠷᠠᠭᠤᠯᠬᠤ ᠰᠤᠪᠤᠷᠭ᠎ᠠ ᠵᠡᠷᠭᠡ   ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠨᠢᠭᠡᠴᠡ ᠲᠤᠰᠬᠠᠢ   ᠬᠡᠷᠡᠭᠯᠡᠭᠡᠨ ᠤ ᠭᠠᠵᠠᠷ ᠬᠥᠳᠡᠯᠦᠯᠲᠡ ᠶᠢ ᠬᠢᠨᠠᠨ ᠬᠡᠮᠵᠢᠬᠦ ᠥᠷᠲᠡᠭᠡ ᠲᠣᠣᠷ ᠪᠤᠶᠤ ᠴᠢᠩᠭ᠎ᠠ ᠳᠣᠷᠭᠢᠯᠲᠠ ᠶᠢ ᠬᠢᠨᠠᠨ ᠬᠡᠮᠵᠢᠬᠦ   ᠪᠡᠯᠡᠳᠭᠡᠯ ᠲᠦᠬᠦᠭᠡᠷᠦᠮᠵᠢ ᠵᠢᠴᠢ ᠭᠠᠵᠠᠷ ᠬᠥᠳᠡᠯᠦᠯᠲᠡ ᠶᠢ ᠪᠠᠴᠢᠮ ᠠᠷᠭᠠᠴᠠᠬᠤ ᠰᠢᠰᠲ᠋ᠧᠮ ᠢ ᠪᠦᠲᠦᠭᠡᠨ ᠪᠠᠶᠢᠭᠤᠯᠬᠤ ᠶᠢᠨ   ᠬᠠᠮᠲᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠲᠠᠢ ᠵᠡᠷᠭᠡ ᠳᠤᠨᠢ ᠪᠠᠶᠢᠭᠤᠯᠵᠦ᠂ ᠲᠡᠭᠦᠨ ᠤ ᠪᠦᠲᠦᠭᠡᠨ   ᠪᠠᠶᠢᠭᠤᠯᠤᠯᠲᠠ ᠶᠢᠨ ᠪᠡᠯᠡ ᠮᠥᠩᠭᠦ ᠪᠠ ᠠᠵᠢᠯᠯᠠᠭᠠᠨ ᠤ ᠵᠠᠷᠤᠳᠠᠯ ᠢ ᠪᠦᠲᠦᠭᠡᠨ ᠪᠠᠶᠢᠭᠤᠯᠤᠯᠲᠠ ᠶᠢᠨ ᠨᠢᠭᠡᠴᠡ ᠡᠭᠦᠷᠭᠡᠯᠡᠨ᠎ᠡ᠃         ᠪᠦᠲᠦᠭᠡᠨ ᠪᠠᠶᠢᠭᠤᠯᠤᠯᠲᠠ ᠶᠢᠨ ᠨᠢᠭᠡᠴᠡ ᠬᠠᠮᠢᠶ᠎ᠠ ᠪᠦᠬᠦᠢ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢᠶᠠᠨ ᠪᠠᠶᠢᠭ᠎ᠠ   ᠭᠠᠵᠠᠷ ᠤᠨ ᠭᠠᠵᠠᠷ ᠬᠥᠳᠡᠯᠦᠯᠲᠡ ᠶᠢᠨ ᠠᠵᠢᠯ ᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠪᠠᠶᠢᠭᠤᠯᠤᠮᠵᠢ ᠳᠤ   ᠮᠡᠳᠡᠭᠦᠯᠦᠨ ᠳᠠᠩᠰᠠᠯᠠᠭᠤᠯᠬᠤ ᠪᠦᠭᠡᠳ ᠲᠤᠬᠠᠢ ᠶᠢᠨ ᠭᠠᠵᠠᠷ ᠤᠨ ᠭᠠᠵᠠᠷ ᠬᠦᠳᠡᠯᠦᠯᠲᠡ ᠶᠢᠨ ᠠᠵᠢᠯ ᠢ ᠭᠤᠤᠯᠯᠠᠨ ᠬᠠᠮᠢᠶᠠᠷᠬᠤ   ᠰᠠᠯᠠᠭ᠎ᠠ ᠮᠥᠴᠢᠷ ᠪᠤᠶᠤ ᠪᠠᠶᠢᠭᠤᠯᠤᠮᠵᠢ ᠶᠢᠨ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠶᠢ ᠬᠦᠯᠢᠶᠡᠬᠦ ᠬᠡᠷᠡᠭᠲᠡᠢ᠃         ᠠᠷᠪᠠᠨ ᠲᠠᠪᠤᠳᠤᠭᠠᠷ ᠵᠦᠢᠯ   ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ   ᠬᠤᠯᠪᠣᠭᠳᠠᠯ ᠪᠦᠬᠦᠢ ᠨᠢᠭᠡᠴᠡ ᠶᠢ ᠵᠣᠬᠢᠶᠠᠨ ᠪᠠᠶᠢᠭᠤᠯᠤᠨ ᠭᠠᠵᠠᠷ ᠬᠥᠳᠡᠯᠦᠯᠲᠡ ᠶᠢ ᠬᠢᠨᠠᠨ ᠬᠡᠮᠵᠢᠭᠦ ᠥᠷᠲᠡᠭᠡ ᠲᠣᠣᠷ ᠤᠨ   ᠠᠵᠢᠯᠯᠠᠭ᠎ᠠ ᠳᠤ ᠵᠠᠮ ᠬᠠᠷᠢᠯᠴᠠᠭ᠎ᠠ᠂ ᠴᠢᠮᠡᠭᠡ ᠬᠤᠯᠪᠣᠭ᠎ᠠ᠂ ᠴᠠᠬᠢᠯᠭᠠᠨ ᠬᠦᠴᠦᠨ᠂ ᠮᠡᠳᠡᠭᠡ ᠵᠠᠩᠭᠢ ᠵᠡᠷᠭᠡ ᠪᠠᠲᠤᠯᠠᠭ᠎ᠠ   ᠬᠠᠩᠭᠠᠯᠭᠠᠬᠤ ᠬᠡᠷᠡᠭᠲᠡᠢ᠃           ᠭᠠᠵᠠᠷ ᠬᠥᠳᠡᠯᠦᠯᠲᠡ ᠶᠢ ᠬᠢᠨᠠᠨ ᠬᠡᠮᠵᠢᠬᠦ ᠥᠷᠲᠡᠭᠡ ᠳᠣᠣᠷ ᠢ ᠪᠠᠶᠢᠭᠤᠯᠬᠤ ᠳᠤ ᠬᠠᠶᠠᠭᠳᠠᠮᠠᠯ ᠲᠣᠰᠣᠨ ᠬᠤᠳᠳᠤᠭ᠂ ᠠᠭᠤᠷᠬᠠᠢ ᠶᠢᠨ ᠬᠤᠳᠳᠤᠭ ᠵᠡᠷᠭᠡ ᠶᠢ ᠠᠰᠢᠭᠯᠠᠵᠤ ᠪᠣᠯᠬᠤ ᠪᠥᠭᠡᠳ ᠵᠣᠬᠢᠴᠠᠩᠭᠤᠢ ᠠᠶᠤᠯᠭᠦᠢ ᠶᠢᠨ ᠠᠷᠭ᠎ᠠ ᠬᠡᠮᠵᠢᠶ᠎ᠡ   ᠠᠪᠬᠤ ᠬᠡᠷᠡᠭᠲᠡᠢ᠃           ᠠᠷᠪᠠᠨ ᠵᠢᠷᠭᠤᠳᠤᠭᠠᠷ ᠵᠦᠢᠯ   ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠭᠠᠵᠠᠷ ᠬᠥᠳᠡᠯᠦᠯᠲᠡ ᠶᠢ ᠬᠢᠨᠠᠨ   ᠬᠡᠮᠵᠢᠬᠦ ᠪᠡᠯᠡᠳᠭᠡᠯ ᠲᠦᠬᠦᠭᠡᠷᠦᠮᠵᠢ ᠪᠠ ᠣᠷᠴᠢᠨ ᠲᠣᠭᠤᠷᠢᠨ ᠢ ᠰᠢᠨᠵᠢᠨ ᠭᠡᠮᠵᠢᠭᠦ ᠶᠢ ᠬᠠᠤᠯᠢ ᠶᠣᠰᠣᠭᠠᠷ ᠬᠠᠮᠠᠭᠠᠯᠠᠵᠤ᠂   ᠭᠠᠵᠠᠷ ᠬᠥᠳᠡᠯᠦᠯᠲᠡ ᠶᠢ ᠰᠢᠨᠵᠢᠨ ᠬᠡᠮᠵᠢᠭᠦ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠡᠪᠴᠢᠶ᠎ᠡ ᠶᠢ ᠭᠠᠵᠠᠷ ᠰᠢᠷᠣᠢ ᠶᠢᠨ   ᠠᠰᠢᠭᠯᠠᠯᠲᠠ ᠶᠢᠨ ᠶᠡᠷᠦᠩᠬᠡᠢ ᠲᠥᠯᠥᠪᠵᠢᠭᠦᠯᠭᠡ ᠪᠠ ᠬᠤᠲᠠ ᠬᠥᠳᠡᠭᠡ ᠶᠢᠨ ᠲᠥᠯᠥᠪᠵᠢᠭᠦᠯᠭᠡ ᠳᠡᠭᠡᠨ ᠣᠷᠣᠭᠤᠯᠬᠤ   ᠬᠡᠷᠡᠭᠲᠡᠢ᠃ ᠶᠠᠮᠠᠷᠪᠠ ᠨᠢᠭᠡᠴᠡ ᠪᠠ ᠬᠤᠪᠢ ᠬᠥᠮᠥᠨ ᠭᠡᠳ ᠭᠠᠵᠠᠷ ᠬᠥᠳᠡᠯᠦᠯᠲᠡ ᠶᠢ ᠬᠢᠨᠠᠨ ᠬᠡᠮᠵᠢᠬᠦ ᠪᠡᠯᠡᠳᠭᠡᠯ   ᠲᠦᠬᠦᠭᠡᠷᠦᠮᠵᠢ ᠶᠢ ᠳᠤᠷ᠎ᠠ ᠪᠠᠷ ᠢᠶᠠᠨ ᠡᠵᠡᠯᠡᠵᠦ᠂ ᠡᠪᠳᠡᠨ ᠰᠦᠢᠳᠬᠡᠵᠦ᠂ ᠨᠤᠷᠠᠭᠠᠬᠤ ᠪᠤᠶᠤ ᠰᠢᠯᠵᠢᠭᠦᠯᠵᠦ ᠪᠣᠯᠬᠤ ᠦᠭᠡᠢ᠂   ᠭᠠᠵᠠᠷ ᠬᠥᠳᠡᠯᠦᠯᠲᠡ ᠶᠢ ᠰᠢᠨᠵᠢᠨ ᠬᠡᠮᠵᠢᠭᠦ ᠣᠷᠴᠢᠨ ᠲᠣᠭᠤᠷᠢᠨ ᠢ ᠬᠤᠬᠢᠷᠠᠭᠤᠯᠵᠤ ᠪᠣᠯᠬᠤ ᠦᠭᠡᠢ᠂ ᠭᠠᠵᠠᠷ   ᠬᠥᠳᠡᠯᠦᠯᠲᠡ ᠶᠢ ᠬᠢᠨᠠᠨ ᠬᠡᠮᠵᠢᠬᠦ ᠥᠷᠲᠡᠭᠡ ᠳᠣᠣᠷ ᠤᠨ ᠬᠡᠪ ᠤᠨ ᠠᠵᠢᠯ ᠢ ᠬᠠᠷᠰᠢᠯᠠᠬᠤ ᠪᠠ ᠰᠠᠭᠠᠲᠠᠭᠠᠵᠤ ᠪᠣᠯᠬᠤ ᠦᠭᠡᠢ᠃           ᠠᠷᠪᠠᠨ ᠲᠤᠯᠤᠳᠤᠭᠠᠷ ᠵᠦᠢᠯ   ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ   ᠣᠷᠳᠣᠨ ᠤ ᠭᠠᠵᠠᠷ ᠬᠥᠳᠡᠯᠦᠯᠲᠡ ᠶᠢᠨ ᠠᠵᠢᠯ ᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠪᠠᠶᠢᠭᠤᠯᠤᠮᠵᠢ ᠭᠠᠵᠠᠷ   ᠬᠥᠳᠡᠯᠦᠯᠲᠡ ᠶᠢ ᠬᠢᠨᠠᠨ ᠬᠡᠮᠵᠢᠬᠦ ᠪᠡᠯᠡᠳᠭᠡᠯ ᠲᠦᠬᠦᠭᠡᠷᠦᠮᠵᠢ ᠶᠢᠨ ᠲᠠᠷᠬᠠᠯᠲᠠ ᠶᠢᠨ ᠭᠠᠵᠠᠷ ᠬᠢᠭᠡᠳ ᠲᠡᠭᠦᠨ ᠢ ᠬᠠᠮᠠᠭᠠᠯᠠᠬᠤ   ᠬᠡᠪᠴᠢᠶ᠎ᠡ ᠪᠠᠨ ᠲᠤᠬᠠᠢ ᠶᠢᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠬᠦ ᠶᠢᠨ ᠬᠠᠮᠲᠤ ᠠᠳᠠᠯᠢ ᠱᠠᠲᠤᠨ ᠤ   ᠳᠣᠲᠣᠭᠠᠳᠤ ᠶᠢ ᠬᠠᠮᠠᠭᠠᠯᠠᠬᠤ᠂ ᠬᠤᠲᠠ ᠬᠥᠳᠡᠭᠡ ᠶᠢᠨ ᠲᠥᠯᠥᠪᠵᠢᠭᠦᠯᠭᠡ᠂ ᠤᠯᠤᠰ ᠤᠨ ᠭᠠᠵᠠᠷ ᠰᠢᠷᠣᠢ ᠡᠬᠢ ᠪᠠᠶᠠᠯᠢᠭ   ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠠᠮᠠᠭᠠᠯᠠᠯᠲᠠ ᠶᠢᠨ ᠲᠡᠮᠳᠡᠭ ᠪᠣᠰᠬᠠᠵᠤ ᠬᠠᠮᠠᠭᠠᠯᠠᠬᠤ   ᠱᠠᠭᠠᠷᠳᠠᠯᠭ᠎ᠠ ᠪᠠᠨ ᠲᠣᠳᠣᠷᠬᠠᠶᠢᠯᠠᠬᠤ ᠬᠡᠷᠡᠭᠲᠡᠢ᠃         ᠠᠷᠪᠠᠨ ᠨᠠᠢᠮᠠᠳᠤᠭᠠᠷ ᠵᠦᠢᠯ   ᠰᠢᠨ᠎ᠡ ᠪᠠᠷ ᠪᠠᠶᠢᠭᠤᠯᠬᠤ᠂ ᠥᠷᠭᠡᠳᠬᠡᠨ ᠪᠠᠶᠢᠭᠤᠯᠬᠤ᠂ ᠥᠭᠡᠷᠡᠴᠢᠯᠡᠨ ᠪᠠᠶᠢᠭᠤᠯᠬᠤ   ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠨᠤᠭᠤᠳ ᠭᠠᠵᠠᠷ ᠬᠥᠳᠡᠯᠦᠯᠲᠡ ᠶᠢ ᠬᠢᠨᠠᠨ ᠬᠡᠮᠵᠢᠬᠦ ᠪᠡᠯᠡᠳᠭᠡᠯ ᠲᠦᠬᠦᠭᠡᠷᠦᠮᠵᠢ ᠪᠠ   ᠭᠠᠵᠠᠷ ᠬᠥᠳᠡᠯᠦᠯᠲᠡ ᠶᠢ ᠰᠢᠨᠵᠢᠨ ᠬᠡᠮᠵᠢᠭᠦ ᠣᠷᠴᠢᠨ ᠲᠣᠭᠤᠷᠢᠨ ᠢ ᠨᠥᠯᠥᠭᠡᠯᠡᠬᠦ ᠪᠠ ᠬᠤᠬᠢᠷᠠᠭᠤᠯᠵᠦ ᠪᠣᠯᠬᠤ ᠦᠭᠡᠢ᠃           ᠭᠠᠵᠠᠷ ᠬᠥᠳᠡᠯᠦᠯᠲᠡ ᠶᠢ ᠰᠢᠨᠵᠢᠨ ᠬᠡᠮᠵᠢᠭᠦ ᠣᠷᠴᠢᠨ ᠲᠣᠭᠤᠷᠢᠨ ᠢ ᠬᠠᠮᠠᠭᠠᠯᠠᠬᠤ ᠬᠡᠪᠴᠢᠶᠡᠨ ᠳᠣᠲᠣᠷᠠᠬᠢ   ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠷᠥᠯ ᠵᠦᠢᠯ ᠳᠤ ᠬᠤᠲᠠ ᠬᠥᠳᠡᠭᠡ ᠶᠢᠨ ᠲᠥᠯᠥᠪᠵᠢᠭᠦᠯᠭᠡ ᠶᠢ ᠭᠤᠣᠯᠯᠠᠨ   ᠬᠠᠮᠢᠶᠠᠷᠬᠤ ᠰᠠᠯᠠᠭ᠎ᠠ ᠮᠥᠴᠢᠷ ᠠᠴᠠ ᠭᠠᠵᠠᠷ ᠰᠣᠩᠭᠤᠬᠤ ᠰᠠᠨᠠᠯ ᠤᠨ ᠪᠢᠴᠢᠭ ᠪᠤᠶᠤ ᠪᠦᠲᠦᠭᠡᠨ ᠪᠠᠶᠢᠭᠤᠯᠤᠯᠲᠠ ᠳᠤ ᠭᠠᠵᠠᠷ   ᠬᠡᠷᠡᠭᠯᠡᠬᠦ ᠲᠥᠯᠥᠪᠵᠢᠭᠦᠯᠭᠡ ᠶᠢᠨ ᠵᠥᠪᠰᠢᠶᠡᠷᠡᠯ ᠤᠨ ᠪᠢᠴᠢᠭ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ   ᠲᠥᠯᠥᠪᠵᠢᠭᠦᠯᠭᠡ ᠶᠢᠨ ᠵᠥᠪᠰᠢᠶᠡᠷᠡᠯ ᠤᠨ ᠪᠢᠴᠢᠭ ᠢ ᠬᠠᠤᠯᠢ ᠶᠣᠰᠣᠭᠠᠷ ᠬᠢᠨᠠᠨ ᠤᠯᠭᠤᠬᠤ ᠦᠶᠡᠰ᠂ ᠠᠳᠠᠯᠢ ᠱᠠᠲᠤᠨ ᠤ   ᠭᠠᠵᠠᠷ ᠬᠥᠳᠡᠯᠦᠯᠲᠡ ᠶᠢᠨ ᠠᠵᠢᠯ ᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠪᠠᠶᠢᠭᠤᠯᠤᠮᠵᠢ ᠶᠢᠨ ᠰᠠᠨᠠᠯ ᠢ   ᠰᠣᠨᠣᠰᠬᠤ ᠬᠡᠷᠡᠭᠲᠡᠢ᠃         ᠤᠯᠤᠰ ᠪᠠ ᠥᠪᠡᠷᠳᠡᠭᠡᠨ ᠵᠠᠰᠠᠬᠤ ᠤᠷᠤᠨ ᠤ ᠭᠤᠣᠯᠳᠠᠯᠭ᠎ᠠ ᠲᠠᠢ ᠪᠠᠷᠢᠯᠭ᠎ᠠ ᠶᠢ ᠪᠦᠲᠦᠭᠡᠨ ᠪᠠᠶᠢᠭᠤᠯᠬᠤ ᠳᠤ ᠭᠠᠵᠠᠷ   ᠬᠥᠳᠡᠯᠦᠯᠲᠡ ᠶᠢ ᠬᠢᠨᠠᠨ ᠬᠡᠮᠵᠢᠬᠦ ᠪᠡᠯᠡᠳᠭᠡᠯ ᠲᠦᠬᠦᠭᠡᠷᠦᠮᠵᠢ ᠪᠠ ᠭᠠᠵᠠᠷ ᠬᠥᠳᠡᠯᠦᠯᠲᠡ ᠶᠢ ᠰᠢᠨᠵᠢᠨ ᠭᠡᠮᠵᠢᠭᠦ ᠣᠷᠴᠢᠨ   ᠲᠣᠭᠤᠷᠢᠨ ᠳᠤ ᠬᠤᠬᠢᠷᠠᠯ ᠤᠴᠠᠷᠠᠭᠤᠯᠬᠤ ᠠᠴᠠ ᠦᠨᠡᠨ ᠬᠦ ᠵᠠᠶᠢᠯᠠᠵᠤ ᠳᠡᠶᠢᠯᠬᠦ ᠦᠭᠡᠢ ᠪᠣᠯ᠂ ᠪᠦᠲᠦᠭᠡᠨ ᠪᠠᠶᠢᠭᠤᠯᠬᠤ   ᠨᠢᠭᠡᠴᠡ ᠪᠠᠶᠢᠭ᠎ᠠ ᠭᠠᠵᠠᠷ ᠤᠨ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠭᠠᠵᠠᠷ   ᠬᠥᠳᠡᠯᠦᠯᠲᠡ ᠶᠢᠨ ᠠᠵᠢᠯ ᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠪᠠᠶᠢᠭᠤᠯᠤᠮᠵᠢ ᠶᠢᠨ ᠱᠠᠭᠠᠷᠳᠠᠯᠭ᠎ᠠ ᠶᠣᠰᠣᠭᠠᠷ   ᠨᠥᠯᠥᠭᠡᠯᠡᠯ ᠢ ᠲᠡᠪᠴᠢᠬᠦ ᠪᠡᠯᠡᠳᠭᠡᠯ ᠲᠦᠬᠦᠭᠡᠷᠦᠮᠵᠢ ᠶᠢ ᠨᠡᠮᠡᠨ ᠪᠠᠶᠢᠭᠤᠯᠬᠤ ᠪᠤᠶᠤ ᠭᠠᠵᠠᠷ ᠬᠥᠳᠡᠯᠦᠯᠲᠡ ᠶᠢ ᠬᠢᠨᠠᠨ ᠬᠡᠮᠵᠢᠬᠦ   ᠪᠡᠯᠡᠳᠭᠡᠯ ᠲᠦᠬᠦᠭᠡᠷᠦᠮᠵᠢ ᠶᠢ ᠰᠢᠨ᠎ᠡ ᠪᠠᠷ ᠪᠠᠶᠢᠭᠤᠯᠬᠤ ᠶᠢᠨ ᠬᠠᠮᠲᠤ ᠪᠦᠬᠦ ᠵᠠᠷᠣᠳᠠᠯ ᠢ ᠡᠭᠦᠷᠭᠡᠯᠡᠨ᠎ᠡ᠃ ᠰᠢᠨ᠎ᠡ ᠪᠠᠷ   ᠪᠠᠶᠢᠭᠤᠯᠤᠭᠰᠠᠨ ᠭᠠᠵᠠᠷ ᠬᠥᠳᠡᠯᠦᠯᠲᠡ ᠶᠢ ᠬᠢᠨᠠᠨ ᠬᠡᠮᠵᠢᠬᠦ ᠪᠡᠯᠡᠳᠭᠡᠯ ᠲᠦᠬᠦᠭᠡᠷᠦᠮᠵᠢ ᠶᠢ ᠪᠠᠶᠢᠭᠤᠯᠵᠤ ᠬᠡᠪ ᠢᠶᠠᠷ   ᠠᠵᠢᠯᠯᠠᠭᠠᠳ ᠨᠢᠭᠡ ᠵᠢᠯ ᠪᠣᠯᠣᠭᠰᠠᠨ ᠤ ᠳᠠᠷᠤᠭ᠎ᠠ ᠰᠠᠶ᠋ᠢ ᠤᠤᠯ ᠤᠨ ᠭᠠᠵᠠᠷ ᠬᠥᠳᠡᠯᠦᠯᠲᠡ ᠶᠢ ᠬᠢᠨᠠᠨ ᠬᠡᠮᠵᠢᠬᠦ ᠪᠡᠯᠡᠳᠭᠡᠯ   ᠲᠦᠬᠦᠭᠡᠷᠦᠮᠵᠢ ᠶᠢ ᠨᠤᠷᠠᠭᠠᠵᠤ ᠪᠣᠯᠣᠨ᠎ᠠ᠃         ᠠᠷᠪᠠ ᠶᠢᠰᠦᠳᠦᠭᠡᠷ ᠵᠦᠢᠯ   ᠥᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠤ ᠭᠠᠵᠠᠷ   ᠬᠥᠳᠡᠯᠦᠯᠲᠡ ᠶᠢᠨ ᠠᠵᠢᠯ ᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠭᠠᠵᠠᠷ ᠬᠥᠳᠡᠯᠦᠯᠲᠡ ᠶᠢ ᠬᠢᠨᠠᠨ ᠬᠡᠮᠵᠢᠭᠰᠡᠨ ᠮᠡᠳᠡᠭᠡ   ᠵᠠᠩᠭᠢ ᠶᠢ ᠬᠠᠮᠳᠤᠪᠡᠷ ᠡᠳ᠋ᠯᠡᠭᠦ ᠲᠠᠪᠴᠠᠩ ᠢ ᠪᠠᠶᠢᠭᠤᠯᠤᠨ ᠲᠡᠭᠦᠯᠳᠡᠷᠵᠢᠭᠦᠯᠵᠦ᠂ ᠨᠡᠶᠢᠭᠡᠮ ᠳᠠᠶᠠᠭᠠᠷ ᠲᠤ ᠦᠢᠯᠡᠴᠢᠯᠡᠭᠡ   ᠬᠠᠩᠭᠠᠬᠤ ᠬᠡᠷᠡᠭᠲᠡᠢ᠃           ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠭᠠᠵᠠᠷ ᠬᠥᠳᠡᠯᠦᠯᠲᠡ ᠶᠢᠨ   ᠠᠵᠢᠯ ᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠪᠠᠶᠢᠭᠤᠯᠤᠮᠵᠢ ᠭᠠᠵᠠᠷ ᠬᠥᠳᠡᠯᠦᠯᠲᠡ ᠶᠢ ᠬᠢᠨᠠᠨ ᠬᠡᠮᠵᠢᠭᠰᠡᠨ   ᠮᠡᠳᠡᠭᠡ ᠵᠠᠩᠭᠢ ᠪᠠᠨ ᠴᠠᠭ ᠲᠤᠬᠠᠢ ᠳᠤᠨᠢ ᠳᠡᠭᠡᠷ᠎ᠡ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠭᠠᠵᠠᠷ   ᠬᠥᠳᠡᠯᠦᠯᠲᠡ ᠶᠢᠨ ᠠᠵᠢᠯ ᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠪᠠᠶᠢᠭᠤᠯᠤᠮᠵᠢ ᠳᠤ ᠮᠡᠳᠡᠭᠦᠯᠬᠦ ᠬᠡᠷᠡᠭᠲᠡᠢ᠃           ᠲᠤᠰᠬᠠᠢ ᠬᠡᠷᠡᠭᠯᠡᠭᠡᠨ ᠤ ᠭᠠᠵᠠᠷ ᠬᠥᠳᠡᠯᠦᠯᠲᠡ ᠶᠢ ᠬᠢᠨᠠᠨ ᠬᠡᠮᠵᠢᠬᠦ ᠥᠷᠲᠡᠭᠡ ᠳᠣᠣᠷ ᠪᠠ ᠴᠢᠩᠭ᠎ᠠ ᠳᠣᠷᠭᠢᠯᠲᠠ ᠶᠢ   ᠬᠢᠨᠠᠠ ᠬᠡᠮᠵᠢᠬᠦ ᠪᠡᠯᠡᠳᠭᠡᠯ ᠲᠦᠬᠦᠭᠡᠷᠦᠮᠵᠢ ᠶᠢᠨ ᠬᠠᠮᠢᠶᠠᠷᠤᠯᠲᠠ ᠶᠢᠨ ᠨᠢᠭᠡᠴᠡ ᠭᠠᠵᠠᠷ ᠬᠥᠳᠡᠯᠦᠯᠲᠡ ᠶᠢ ᠬᠢᠨᠠᠨ ᠬᠡᠮᠵᠢᠭᠰᠡᠨ   ᠮᠡᠳᠡᠭᠡ ᠵᠠᠩᠭᠢ ᠪᠠᠨ ᠴᠠᠭ ᠲᠤᠬᠠᠢ ᠳᠤᠨᠢ ᠥᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠤ ᠭᠠᠵᠠᠷ   ᠬᠥᠳᠡᠯᠦᠯᠲᠡ ᠶᠢᠨ ᠠᠵᠢᠯ ᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠢ᠃             ᠬᠤᠷᠢᠳᠤᠭᠠᠷ ᠵᠦᠢᠯ   ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠭᠠᠵᠠᠷ   ᠬᠥᠳᠡᠯᠦᠯᠲᠡ ᠶᠢᠨ ᠠᠵᠢᠯ ᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠪᠠᠶᠢᠭᠤᠯᠤᠮᠵᠢ ᠭᠠᠵᠠᠷ ᠬᠥᠳᠡᠯᠦᠯᠲᠡ ᠶᠢ ᠬᠢᠨᠠᠨ   ᠬᠡᠮᠵᠢᠭᠰᠡᠨ ᠮᠡᠳᠡᠭᠡ ᠵᠠᠩᠭᠢ ᠶᠢ ᠰᠤᠳᠤᠯᠤᠭᠰᠠᠨ ᠦᠷ᠎ᠡ ᠳ᠋ᠦᠩ ᠢᠶᠠᠨ ᠦᠨᠳᠦᠰᠦᠯᠡᠨ᠂ ᠭᠠᠵᠠᠷ ᠬᠥᠳᠡᠯᠬᠦ ᠪᠣᠯᠣᠯᠴᠠᠭ᠎ᠠ ᠲᠠᠢ   ᠭᠠᠵᠠᠷ ᠤᠷᠤᠨ᠂ ᠴᠠᠭ ᠪᠠ ᠬᠥᠳᠡᠯᠤᠯᠳᠡ ᠶᠢᠨ ᠲᠡᠰ ᠢ ᠲᠥᠰᠥᠪᠯᠡᠨ ᠪᠣᠳᠣᠬᠤ ᠬᠡᠷᠡᠭᠲᠡᠢ᠃           ᠪᠤᠰᠤᠳ ᠨᠢᠭᠡᠴᠡ ᠪᠠ ᠬᠤᠪᠢ ᠬᠥᠮᠥᠨ ᠤ ᠲᠤᠷᠠᠳᠤᠭᠰᠠᠨ ᠭᠠᠵᠠᠷ ᠬᠥᠳᠡᠯᠦᠯᠲᠡ ᠶᠢᠨ ᠲᠥᠰᠥᠭᠡᠯᠡᠯ ᠤᠨ ᠰᠠᠨᠠᠯ ᠢ   ᠪᠠᠶᠢᠭ᠎ᠠ ᠭᠠᠵᠠᠷ ᠪᠤᠶᠤ ᠲᠥᠰᠥᠭᠡᠯᠡᠭᠰᠡᠨ ᠭᠠᠵᠠᠷ ᠤᠨ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ   ᠵᠠᠰᠠᠭ ᠤᠨ ᠣᠷᠳᠣᠨ ᠤ ᠭᠠᠵᠠᠷ ᠬᠥᠳᠡᠯᠦᠯᠲᠡ ᠶᠢᠨ ᠠᠵᠢᠯ ᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ   ᠪᠠᠶᠢᠭᠤᠯᠤᠮᠵᠢ ᠳᠤ ᠪᠢᠴᠢᠭ ᠢᠶᠠᠷ ᠮᠡᠳᠡᠭᠦᠯᠬᠦ ᠬᠡᠷᠡᠭᠲᠡᠢ᠂ ᠰᠢᠭᠤᠳ ᠥᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ   ᠣᠷᠳᠣᠨ ᠪᠤᠶᠤ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠭᠠᠵᠠᠷ ᠬᠥᠳᠡᠯᠦᠯᠲᠡ ᠶᠢᠨ ᠠᠵᠢᠯ ᠢ ᠭᠤᠣᠯᠯᠠᠨ ᠬᠠᠮᠢᠶᠠᠷᠬᠤ   ᠰᠠᠯᠠᠭ᠎ᠠ ᠮᠥᠴᠢᠷ ᠲᠤ ᠪᠢᠴᠢᠭ ᠢᠶᠠᠷ ᠮᠡᠳᠡᠭᠦᠯᠦᠭᠰᠡᠨ ᠴᠦ ᠪᠣᠯᠣᠨ᠎ᠠ᠃           ᠮᠡᠳᠡᠭᠦᠯᠦᠯᠲᠡ ᠳᠤ ᠲᠥᠰᠥᠭᠡᠯᠡᠭᠰᠡᠨ ᠰᠠᠨᠠᠯ᠂ ᠭᠤᠣᠯ ᠡᠰᠢ ᠪᠠᠷᠢᠮᠲᠠ ᠬᠢᠭᠡᠳ ᠨᠢᠭᠡᠴᠡ ᠶᠢᠨ ᠨᠡᠷᠡᠶᠢᠳᠦᠯ ᠪᠤᠶᠤ   ᠬᠤᠪᠢ ᠬᠥᠮᠥᠨ ᠤ ᠨᠡᠷ᠎ᠡ᠂ ᠬᠠᠷᠢᠯᠴᠠᠬᠤ ᠠᠷᠭ᠎ᠠ ᠬᠡᠯᠪᠡᠷᠢ᠂ ᠬᠠᠶ᠋ᠢᠭ ᠵᠡᠷᠭᠡ ᠬᠤᠯᠪᠣᠭᠳᠠᠯ ᠪᠦᠬᠦᠢ ᠮᠡᠳᠡᠭᠡ ᠵᠠᠩᠬᠢ ᠶᠢ   ᠪᠠᠭᠲᠠᠭᠠᠬᠤ ᠬᠡᠷᠡᠭᠲᠡᠢ᠃           ᠪᠢᠴᠢᠭ ᠤᠨ ᠬᠡᠯᠪᠡᠷᠢ ᠶᠢᠨ ᠮᠡᠳᠡᠭᠦᠯᠦᠯᠲᠡ ᠶᠢ ᠭᠠᠷᠳᠠᠭᠰᠠᠨ ᠭᠠᠵᠠᠷ ᠬᠥᠳᠡᠯᠦᠯᠲᠡ ᠶᠢᠨ ᠠᠵᠢᠯ ᠢ ᠭᠤᠣᠯᠯᠠᠨ   ᠬᠠᠮᠢᠶᠠᠷᠬᠤ ᠰᠠᠯᠠᠭ᠎ᠠ ᠮᠥᠴᠢᠷ ᠪᠤᠶᠤ ᠪᠠᠶᠢᠭᠤᠯᠤᠮᠵᠢ ᠳᠠᠩᠰᠠᠯᠠᠬᠤ ᠶᠢᠨ ᠬᠠᠮᠲᠤ ᠬᠤᠷᠢᠶᠠᠨ ᠠᠪᠤᠭᠰᠠᠨ ᠪᠠᠷᠢᠮᠲᠠ ᠭᠠᠷᠭᠠᠬᠤ   ᠬᠡᠷᠡᠭᠲᠡᠢ᠃             ᠬᠤᠷᠢᠨ ᠨᠢᠭᠡᠳᠦᠭᠡᠷ ᠵᠦᠢᠯ   ᠭᠠᠵᠠᠷ ᠬᠥᠳᠡᠯᠦᠯᠲᠡ ᠶᠢᠨ ᠤᠷᠢᠳᠴᠢᠯᠠᠭᠰᠠᠨ ᠮᠡᠳᠡᠭᠡ ᠶᠢ ᠨᠢᠭᠡᠳᠦᠯᠲᠡᠢ ᠨᠡᠶᠢᠲᠡᠯᠡᠬᠦ   ᠳᠦᠷᠢᠮ ᠢ ᠬᠡᠷᠡᠭᠵᠢᠭᠦᠯᠦᠨ᠎ᠡ᠃         ᠥᠪᠡᠷᠳᠡᠭᠡᠨ ᠵᠠᠰᠠᠬᠤ ᠤᠷᠤᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠭᠠᠵᠠᠷ ᠬᠥᠳᠡᠯᠦᠯᠲᠡ ᠶᠢᠨ ᠤᠷᠲᠤ᠂   ᠳᠤᠮᠳᠠ᠂ ᠣᠬᠤᠷ ᠬᠤᠭᠤᠴᠠᠭᠠᠨ ᠤ ᠤᠷᠢᠳᠴᠢᠯᠠᠭᠰᠠᠨ ᠮᠡᠳᠡᠭᠡ ᠪᠠ ᠭᠠᠵᠠᠷ ᠬᠥᠳᠡᠯᠬᠦ ᠦᠶᠡᠰ ᠤᠨ ᠤᠷᠢᠳᠴᠢᠯᠠᠭᠰᠠᠨ   ᠮᠡᠳᠡᠭᠡ ᠶᠢ ᠥᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠠᠴᠠ ᠤᠯᠤᠰ ᠤᠨ ᠬᠤᠯᠪᠣᠭᠳᠠᠯ ᠪᠦᠬᠦᠢ   ᠲᠣᠭᠲᠠᠭᠠᠯ ᠢ ᠦᠨᠳᠦᠰᠦᠯᠡᠨ ᠨᠡᠶᠢᠲᠡᠯᠡᠨ᠎ᠡ᠃ ᠭᠠᠵᠠᠷ ᠬᠥᠳᠡᠯᠦᠯᠲᠡ ᠶᠢᠨ ᠣᠬᠤᠷ ᠬᠤᠭᠤᠴᠠᠭᠠᠨ ᠤ ᠤᠷᠢᠳᠴᠢᠯᠠᠭᠰᠠᠨ   ᠮᠡᠳᠡᠭᠡ ᠶᠢ ᠨᠢᠭᠡᠨᠲᠡ ᠨᠡᠶᠢᠲᠡᠯᠡᠭᠰᠡᠨ ᠭᠠᠵᠠᠷ ᠣᠷᠣᠨ ᠳᠤ᠂ ᠭᠠᠵᠠᠷ ᠬᠥᠳᠡᠯᠬᠦ ᠦᠶᠡᠰ ᠤᠨ ᠣᠨᠴᠠᠭᠠᠢ ᠪᠠᠶᠢᠳᠠᠯ ᠢᠯᠡᠷᠡᠭᠰᠡᠨ   ᠪᠠᠴᠢᠮ ᠪᠠᠶᠢᠳᠠᠯ ᠳᠣᠣᠷ᠎ᠠ ᠪᠣᠯ ᠲᠤᠬᠠᠢ ᠶᠢᠨ ᠭᠠᠵᠠᠷ ᠤᠨ ᠠᠶᠢᠮᠠᠭ ᠤᠨ ᠵᠠᠬᠢᠷᠭ᠎ᠠ᠂ ᠲᠣᠭᠤᠷᠢᠭ ᠲᠠᠢ ᠬᠤᠲᠠ ᠶᠢᠨ   ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ 48 ᠴᠠᠭ ᠤᠨ   ᠭᠠᠵᠠᠷ ᠬᠥᠳᠡᠯᠬᠦ ᠤᠷᠢᠳᠴᠢᠯᠠᠭᠰᠠᠨ ᠮᠡᠳᠡᠭᠡ ᠶᠢ ᠨᠡᠶᠢᠲᠡᠯᠡᠵᠦ ᠪᠣᠯᠬᠤ ᠶᠢᠨ ᠬᠠᠮᠳᠣ ᠥᠪᠡᠷᠳᠡᠭᠡᠨ ᠵᠠᠰᠠᠬᠤ ᠤᠷᠤᠨ ᠤ   ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠭᠠᠵᠠᠷ ᠬᠥᠳᠡᠯᠦᠯᠲᠡ ᠶᠢᠨ ᠠᠵᠢᠯ ᠢ ᠭᠤᠣᠯᠯᠠᠨ ᠬᠠᠮᠢᠶᠠᠷᠬᠤ ᠰᠠᠯᠠᠭ᠎ᠠ   ᠮᠥᠴᠢᠷ ᠲᠤ ᠮᠡᠳᠡᠭᠦᠯᠵᠦ ᠪᠣᠯᠣᠨ᠎ᠠ︔ ᠬᠥᠬᠡᠬᠤᠲᠠ ᠶᠢᠨ ᠭᠠᠵᠠᠷ ᠬᠥᠳᠡᠯᠬᠦ ᠦᠶᠡᠰ ᠤᠨ ᠤᠷᠢᠳᠴᠢᠯᠠᠭᠰᠠᠨ ᠮᠡᠳᠡᠭᠡ ᠶᠢ   ᠥᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠬᠤᠶᠢᠨ᠎ᠠ   ᠨᠡᠶᠢᠲᠡᠯᠡᠨ᠎ᠠ᠃         ᠰᠣᠨᠢᠨ ᠮᠡᠳᠡᠭᠡᠨ ᠤ ᠵᠠᠭᠤᠴᠢᠯᠠᠭᠤᠷ ᠭᠠᠵᠠᠷ ᠬᠥᠳᠡᠯᠦᠯᠲᠡ ᠯᠦᠭᠡ ᠬᠤᠯᠪᠣᠭᠳᠠᠯ ᠲᠠᠢ ᠤᠷᠢᠳᠴᠢᠯᠠᠭᠰᠠᠨ ᠮᠡᠳᠡᠭᠡ ᠶᠢ   ᠨᠡᠶᠢᠲᠡᠯᠡᠬᠦ᠂ ᠨᠡᠪᠲᠡᠷᠡᠭᠦᠯᠬᠦ ᠳᠤ ᠲᠥᠷᠥ ᠶᠢᠨ ᠶᠠᠪᠤᠳᠠᠯ ᠤᠨ ᠬᠤᠷᠢᠶ᠎ᠠ ᠪᠤᠶᠤ ᠥᠪᠡᠷᠳᠡᠭᠡᠨ ᠵᠠᠰᠠᠬᠤ ᠤᠷᠤᠨ ᠤ ᠠᠷᠠᠳ ᠤᠨ   ᠵᠠᠰᠠᠭ ᠤᠨ ᠣᠷᠳᠣᠨ ᠤ ᠨᠡᠶᠢᠲᠡᠯᠡᠭᠰᠡᠨ ᠠᠭᠤᠯᠭ᠎ᠠ ᠪᠠᠷ ᠪᠠᠷᠢᠮᠵᠢᠶ᠎ᠠ ᠪᠣᠯᠭᠠᠬᠤ ᠬᠡᠷᠡᠭᠲᠡᠢ᠃         ᠬᠤᠷᠢᠨ ᠬᠤᠶᠠᠳᠤᠭᠠᠷ ᠵᠦᠢᠯ   ᠭᠠᠵᠠᠷ ᠬᠥᠳᠡᠯᠬᠦ ᠴᠤᠤᠷᠬᠠᠯ ᠲᠠᠷᠬᠠᠵᠤ ᠨᠡᠶᠢᠭᠡᠮ ᠤᠨ ᠬᠡᠪ ᠤᠨ ᠡᠮᠬᠢ ᠵᠢᠷᠤᠮ ᠢ   ᠰᠠᠮᠠᠭᠤᠷᠠᠭᠤᠯᠬᠤ ᠦᠶᠡᠰ᠂ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠭᠠᠵᠠᠷ   ᠬᠥᠳᠡᠯᠦᠯᠲᠡ ᠶᠢᠨ ᠠᠵᠢᠯ ᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠪᠠᠶᠢᠭᠤᠯᠤᠮᠵᠢ ᠠᠷᠭ᠎ᠠ ᠬᠡᠮᠵᠢᠶ᠎ᠡ ᠠᠪᠴᠤ   ᠪᠠᠶᠢᠭᠠᠳ ᠳᠠᠷᠤᠢ ᠲᠦᠷᠭᠡᠨ ᠲᠣᠳᠣᠳᠬᠠᠵᠤ᠂ ᠰᠣᠨᠢᠨ ᠮᠡᠳᠡᠭᠡ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠬᠠᠮᠵᠢᠯᠴᠠᠨ   ᠬᠠᠪᠰᠤᠷᠤᠯᠴᠠᠬᠤ ᠬᠡᠷᠡᠭᠲᠡᠢ᠃             ᠬᠤᠷᠢᠨ ᠭᠤᠷᠪᠠᠳᠤᠭᠠᠷ ᠵᠦᠢᠯ   ᠥᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠤ ᠭᠠᠵᠠᠷ   ᠬᠥᠳᠡᠯᠦᠯᠲᠡ ᠶᠢᠨ ᠠᠵᠢᠯ ᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠭᠠᠵᠠᠷ ᠬᠥᠳᠡᠯᠦᠯᠲᠡ ᠶᠢᠨ ᠠᠵᠢᠯᠯᠠᠭ᠎ᠠ ᠶᠢᠨ   ᠬᠠᠨᠳᠤᠰᠢ ᠪᠠ ᠬᠥᠳᠡᠯᠦᠭᠰᠡᠨ ᠤ ᠳᠠᠷᠠᠭᠠᠬᠢ ᠨᠥᠯᠥᠭᠡᠯᠡᠯ ᠢ ᠲᠥᠰᠥᠭᠡᠯᠡᠭᠰᠡᠨ ᠦᠷ᠎ᠡ ᠳ᠋ᠦᠩ ᠢᠶᠠᠨ ᠦᠨᠳᠦᠰᠦᠯᠡᠨ᠂   ᠥᠪᠡᠷᠳᠡᠭᠡᠨ ᠵᠠᠰᠠᠬᠤ ᠤᠷᠤᠨ ᠤ ᠭᠠᠵᠠᠷ ᠬᠥᠳᠡᠯᠦᠯᠲᠡ ᠶᠢ ᠭᠤᠣᠯᠳᠠᠯᠭ᠎ᠠ ᠲᠠᠢ ᠬᠢᠨᠠᠨ ᠰᠡᠷᠭᠡᠶᠢᠯᠡᠬᠦ ᠣᠷᠣᠨ ᠤ ᠲᠤᠬᠠᠢ ᠰᠠᠨᠠᠯ   ᠪᠠ ᠭᠠᠵᠠᠷ ᠬᠥᠳᠡᠯᠦᠯᠲᠡ ᠶᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠣᠨ ᠤ ᠠᠵᠢᠯ ᠤᠨ ᠰᠠᠨᠠᠯ ᠳᠤᠷᠠᠳᠴᠤ᠂ ᠥᠪᠡᠷᠳᠡᠭᠡᠨ   ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠦᠨ᠎ᠡ ᠃           ᠭᠠᠵᠠᠷ ᠬᠥᠳᠡᠯᠦᠯᠲᠡ ᠶᠢ ᠭᠤᠣᠯᠳᠠᠯᠭ᠎ᠠ ᠲᠠᠢ ᠬᠢᠨᠠᠨ ᠰᠡᠷᠭᠡᠶᠢᠯᠡᠬᠦ ᠣᠷᠣᠨ ᠤ ᠬᠤᠰᠢᠭᠤ ᠰᠢᠶᠠᠨ ᠤ ᠱᠠᠳᠤᠨ ᠠᠴᠠ   ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠭᠠᠵᠠᠷ ᠬᠥᠳᠡᠯᠦᠯᠲᠡ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠢ   ᠵᠣᠬᠢᠶᠠᠨ ᠪᠠᠶᠢᠭᠤᠯᠤᠨ ᠣᠬᠤᠷ ᠬᠤᠭᠤᠴᠠᠭ᠎ᠠ ᠪᠠ ᠲᠦᠷ ᠴᠠᠭ ᠤᠨ ᠮᠥᠷᠳᠡᠯᠲᠡ ᠶᠢᠨ ᠲᠥᠰᠥᠯ ᠲᠣᠭᠲᠠᠭᠠᠵᠤ᠂ ᠭᠠᠵᠠᠷ   ᠬᠥᠳᠡᠯᠦᠯᠲᠡ ᠶᠢ ᠬᠢᠨᠠᠨ ᠬᠡᠮᠵᠢᠬᠦ ᠥᠷᠲᠡᠭᠡ ᠳᠣᠣᠷ ᠤᠨ ᠨᠢᠭᠲᠠᠴᠠ ᠪᠠᠨ ᠨᠡᠮᠡᠭᠳᠡᠭᠦᠯᠵᠦ᠂ ᠭᠠᠵᠠᠷ ᠬᠥᠳᠡᠯᠦᠯᠲᠡ ᠶᠢᠨ   ᠪᠠᠶᠢᠳᠠᠯ ᠢ ᠮᠥᠷᠳᠡᠬᠦ᠂ ᠬᠥᠳᠡᠯᠦᠩᠭᠦᠢ ᠪᠠᠷ ᠰᠢᠨᠵᠢᠨ ᠬᠡᠮᠵᠢᠭᠦ᠂ ᠬᠠᠮᠲᠤᠪᠠᠷ ᠪᠠᠶᠢᠴᠠᠭᠠᠵᠤ ᠬᠠᠮᠲᠤᠪᠡᠷ ᠰᠡᠷᠭᠡᠶᠢᠯᠡᠬᠦ ᠵᠡᠷᠭᠡ   ᠠᠵᠢᠯ ᠢ ᠰᠠᠶᠢᠲᠤᠷ ᠬᠢᠬᠦ ᠶᠢᠨ ᠬᠠᠮᠲᠤ ᠴᠠᠭ ᠲᠤᠬᠠᠢ ᠳᠤᠨᠢ ᠬᠠᠮᠢᠶ᠎ᠠ ᠪᠦᠬᠦᠢ ᠪᠠᠶᠢᠳᠠᠯ ᠢᠶᠠᠨ ᠳᠡᠭᠡᠷ᠎ᠡ ᠨᠢᠭᠡ ᠱᠠᠲᠤᠨ ᠤ   ᠭᠠᠵᠠᠷ ᠬᠥᠳᠡᠯᠦᠯᠲᠡ ᠶᠢᠨ ᠠᠵᠢᠯ ᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠪᠠᠶᠢᠭᠤᠯᠤᠮᠵᠢ ᠳᠤ ᠮᠡᠳᠡᠭᠦᠯᠬᠦ   ᠬᠡᠷᠡᠭᠲᠡᠢ᠃         ᠬᠤᠷᠢᠨ ᠲᠥᠷᠪᠡᠳᠦᠭᠡᠷ ᠵᠦᠢᠯ   ᠥᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠪᠦᠬᠦ   ᠤᠯᠤᠰ ᠤᠨ ᠭᠠᠵᠠᠷ ᠬᠥᠳᠡᠯᠦᠯᠲᠡ ᠶᠢᠨ ᠬᠦᠴᠦᠯᠡᠴᠡ ᠶᠢ ᠲᠦᠷᠭᠡᠨ ᠮᠡᠳᠡᠭᠦᠯᠬᠦ ᠰᠢᠰᠲ᠋ᠧᠮ ᠤᠨ ᠪᠦᠲᠦᠭᠡᠨ   ᠪᠠᠶᠢᠭᠤᠯᠤᠯᠲᠠ ᠶᠢᠨ ᠱᠠᠭᠠᠷᠳᠠᠯᠭ᠎ᠠ ᠶᠣᠰᠣᠭᠠᠷ ᠥᠪᠡᠷᠳᠡᠭᠡᠨ ᠵᠠᠰᠠᠬᠤ ᠤᠷᠤᠨ ᠤ ᠭᠠᠵᠠᠷ ᠬᠥᠳᠡᠯᠦᠯᠲᠡ ᠶᠢᠨ ᠬᠦᠴᠦᠯᠡᠴᠡ ᠶᠢ   ᠲᠦᠷᠭᠡᠨ ᠮᠡᠳᠡᠭᠦᠯᠬᠦ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠢ᠃                   ᠭᠤᠷᠪᠠᠳᠤᠭᠠᠷ ᠪᠦᠯᠦᠭ ᠭᠠᠵᠠᠷ ᠬᠥᠳᠡᠯᠦᠯᠲᠡ ᠶᠢᠨ ᠭᠠᠮᠰᠢᠭ ᠠᠴᠠ ᠰᠡᠷᠭᠡᠶᠢᠯᠡᠬᠦ                 ᠬᠤᠷᠢᠨ ᠲᠠᠪᠤᠳᠤᠭᠠᠷ ᠵᠦᠢᠯ   ᠭᠠᠵᠠᠷ ᠬᠥᠳᠡᠯᠦᠯᠲᠡ ᠶᠢᠨ ᠭᠠᠮᠰᠢᠭ ᠠᠴᠠ ᠰᠡᠷᠭᠡᠶᠢᠯᠡᠬᠦ ᠳᠤ ᠢᠨᠵᠧᠨᠧᠷᠢᠩ ᠤᠨ   ᠴᠢᠨᠠᠷᠲᠠᠢ ᠰᠡᠷᠭᠡᠶᠢᠯᠡᠬᠦ ᠠᠷᠭ᠎ᠠ ᠬᠡᠮᠵᠢᠶ᠎ᠡ ᠪᠠ ᠢᠨᠵᠧᠨᠧᠷᠢᠩ ᠤᠨ ᠪᠤᠰᠤ ᠴᠢᠨᠠᠷᠲᠠᠢ ᠰᠡᠷᠭᠡᠶᠢᠯᠡᠬᠦ ᠠᠷᠭ᠎ᠠ ᠬᠡᠮᠵᠢᠶ᠎ᠡ ᠶᠢ   ᠤᠶᠠᠯᠳᠤᠭᠤᠯᠬᠤ ᠵᠠᠷᠴᠢᠮ ᠢ ᠪᠠᠷᠢᠮᠲᠠᠯᠠᠨ᠎ᠠ᠃           ᠬᠤᠷᠢᠨ ᠵᠢᠷᠭᠤᠳᠤᠭᠠᠷ ᠵᠦᠢᠯ   ᠥᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠤ ᠭᠠᠵᠠᠷ   ᠬᠥᠳᠡᠯᠦᠯᠲᠡ ᠶᠢᠨ ᠠᠵᠢᠯ ᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ   ᠭᠠᠵᠠᠷ ᠬᠥᠳᠡᠯᠦᠯᠲᠡ ᠶᠢᠨ ᠠᠶᠤᠯᠭᠦᠢ ᠴᠢᠨᠠᠷ ᠤᠨ ᠦᠨᠡᠯᠡᠯᠲᠡ ᠶᠢᠨ ᠮᠡᠳᠡᠭᠦᠯᠦᠯᠲᠡ ᠶᠢ ᠬᠢᠨᠠᠨ ᠲᠣᠭᠲᠠᠭᠠᠬᠤ ᠠᠵᠢᠯ ᠢ   ᠬᠠᠷᠢᠭᠤᠴᠠᠵᠤ᠂ ᠭᠠᠵᠠᠷ ᠬᠥᠳᠡᠯᠦᠯᠲᠡ ᠲᠠᠢ ᠲᠡᠮᠡᠴᠡᠭᠦ ᠰᠡᠷᠭᠡᠶᠢᠯᠡᠯᠲᠡ ᠶᠢᠨ ᠱᠠᠭᠠᠷᠳᠠᠯᠭ᠎ᠠ ᠶᠢ ᠲᠣᠭᠲᠠᠭᠠᠨ᠎ᠠ᠃           ᠬᠤᠷᠢᠨ ᠲᠤᠯᠤᠳᠤᠭᠠᠷ ᠵᠦᠢᠯ   ᠳᠣᠣᠷᠠᠬᠢ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠳᠤ ᠬᠠᠤᠯᠢ ᠶᠣᠰᠣᠭᠠᠷ ᠭᠠᠵᠠᠷ   ᠬᠥᠳᠡᠯᠦᠯᠲᠡ ᠶᠢᠨ ᠠᠶᠤᠯᠭᠦᠢ ᠴᠢᠨᠠᠷ ᠤᠨ ᠦᠨᠡᠯᠡᠯᠲᠡ ᠬᠢᠬᠦ ᠬᠡᠷᠡᠭᠲᠡᠢ᠄           ︵ᠨᠢᠭᠡ︶ ᠲᠣᠮᠣ ᠬᠡᠯᠪᠡᠷᠢ ᠶᠢᠨ ᠴᠠᠬᠢᠯᠭᠠᠨ ᠭᠠᠷᠭᠠᠬᠤ ᠪᠠᠷᠢᠯᠭ᠎ᠠ᠂ ᠴᠠᠬᠢᠯᠭᠠᠨ ᠬᠦᠷᠭᠡᠵᠦ ᠬᠤᠪᠢᠷᠠᠭᠠᠬᠤ ᠬᠦᠢᠰᠦ   ᠪᠠᠷᠢᠯᠭ᠎ᠠ᠂ ᠠᠯᠭᠠᠰᠠᠯ ᠵᠠᠢ ᠨᠢ ᠶᠡᠭᠡ ᠬᠥᠭᠦᠷᠭᠡ᠂ ᠳᠤᠮᠳᠠ ᠤᠷᠲᠤ ᠨᠦᠬᠡᠨ ᠵᠠᠮ᠂ ᠲᠣᠮᠣ ᠳᠤᠮᠳᠠ ᠬᠡᠯᠪᠡᠷᠢ ᠶᠢᠨ ᠷᠠᠳᠢᠣ᠋   ᠲᠧᠯᠸᠢᠰ ᠳᠠᠮᠵᠢᠭᠤᠯᠬᠤ ᠪᠠᠷᠢᠯᠭ᠎ᠠ᠂ ᠰᠢᠤᠳᠠᠨ ᠴᠢᠮᠡᠭᠡ ᠬᠤᠯᠪᠣᠭ᠎ᠠ ᠶᠢᠨ ᠬᠦᠢᠰᠦ ᠪᠠᠷᠢᠯᠭ᠎ᠠ᠂ ᠦᠢᠯᠡᠳᠪᠦᠷᠢ ᠠᠭᠤᠷᠬᠠᠢ ᠶᠢᠨ   ᠠᠵᠤ ᠠᠬᠤᠶᠢᠯᠠᠯ ᠤᠨ ᠲᠣᠮᠣ ᠬᠡᠯᠪᠡᠷᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠵᠡᠷᠭᠡ ᠤᠯᠤᠰ ᠪᠠ   ᠥᠪᠡᠷᠳᠡᠭᠡᠨ ᠵᠠᠰᠠᠬᠤ ᠤᠷᠤᠨ ᠠᠴᠠ ᠲᠣᠭᠲᠠᠭᠠᠭᠰᠠᠨ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ︔           ︵ᠬᠤᠶᠠᠷ︶ ᠤᠰᠤᠨ ᠴᠥᠭᠦᠷᠥᠮ ᠤᠨ ᠬᠠᠰᠢᠯᠭ᠎ᠠ᠂ ᠳᠠᠯᠠᠩ᠂ ᠴᠥᠮ᠎ᠡ ᠶᠢᠨ ᠪᠡᠯᠡᠳᠭᠡᠯ ᠲᠦᠬᠦᠭᠡᠷᠦᠮᠵᠢ ᠪᠠ   ᠲᠣᠰᠣ ᠬᠠᠳᠠᠭᠠᠯᠠᠬᠤ᠂ ᠬᠡᠢ ᠬᠠᠳᠠᠭᠠᠯᠠᠬᠤ ᠪᠡᠯᠡᠳᠭᠡᠯ ᠲᠦᠬᠦᠭᠡᠷᠦᠮᠵᠢ᠂ ᠰᠢᠲᠠᠮᠠᠬᠠᠢ ᠳᠡᠯᠪᠡᠷᠡᠮᠡᠲᠡᠭᠡᠢ ᠪᠤᠶᠤ ᠣᠨᠴᠠ ᠬᠤᠣᠷ   ᠲᠠᠢ᠂ ᠴᠢᠩᠭ᠎ᠠ ᠢᠳᠡᠮᠡᠬᠡᠢ ᠴᠢᠨᠠᠷ ᠲᠠᠢ᠂ ᠰᠠᠴᠤᠷᠠᠭ ᠴᠢᠨᠠᠷ ᠲᠠᠢ ᠡᠳ᠋ ᠪᠣᠳᠠᠰ ᠢ ᠬᠠᠳᠠᠭᠠᠯᠠᠬᠤ ᠪᠡᠯᠡᠳᠭᠡᠯ ᠲᠦᠬᠦᠭᠡᠷᠦᠮᠵᠢ   ᠵᠡᠷᠭᠡ ᠭᠠᠵᠠᠷ ᠬᠥᠳᠡᠯᠦᠯᠲᠡ ᠶᠢᠨ ᠡᠪᠳᠡᠯᠡᠭᠡ ᠳᠤ ᠤᠴᠠᠷᠠᠭᠰᠠᠨ ᠤ ᠳᠠᠷᠠᠭ᠎ᠠ ᠳᠠᠬᠢᠨ ᠬᠦᠨᠳᠦ ᠨᠣᠴᠢᠲᠠᠢ ᠬᠤᠬᠢᠷᠠᠯ   ᠤᠴᠠᠷᠠᠭᠤᠯᠬᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ︔         ︵ᠭᠤᠷᠪᠠ︶ ᠲᠣᠮᠣ ᠬᠡᠯᠪᠡᠷᠢ ᠶᠢᠨ ᠤᠰᠤ ᠲᠠᠲᠠᠬᠤ ᠪᠠᠷᠢᠯᠭ᠎ᠠ᠂ ᠪᠣᠬᠢᠷ ᠤᠰᠤ ᠰᠢᠢᠳᠪᠦᠷᠢᠯᠡᠬᠦ᠂ ᠰᠢᠲᠠᠮᠠᠬᠠᠢ ᠬᠡᠢ᠂   ᠢᠯᠴᠢ ᠬᠠᠩᠭᠠᠬᠤ ᠵᠡᠷᠭᠡ ᠬᠤᠲᠠ ᠶᠢᠨ ᠶᠠᠪᠤᠳᠠᠯ ᠤᠨ ᠴᠢᠬᠤᠯᠠ ᠪᠠᠷᠢᠯᠭ᠎ᠠ ᠶᠢᠨ ᠦᠢᠯᠡᠳᠪᠦᠷᠢ ᠶᠢᠨ ᠭᠡᠷ ᠪᠠᠶᠢᠰᠢᠩ ᠵᠡᠷᠭᠡ   ᠭᠠᠵᠠᠷ ᠬᠥᠳᠡᠯᠦᠯᠲᠡ ᠶᠢᠨ ᠡᠪᠳᠡᠯᠡᠭᠡ ᠳᠤ ᠤᠴᠠᠷᠠᠭᠰᠠᠨ ᠤ ᠳᠠᠷᠠᠭ᠎ᠠ ᠳᠠᠬᠢᠨ ᠬᠦᠨᠳᠦ ᠨᠣᠴᠢᠲᠠᠢ ᠬᠤᠬᠢᠷᠠᠯ ᠤᠴᠠᠷᠠᠭᠤᠯᠬᠤ   ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ︔           ︵ᠳᠥᠷᠪᠡ︶ ᠲᠣᠮᠣ ᠳᠤᠮᠳᠠ ᠬᠤᠲᠠ ᠶᠢᠨ ᠭᠠᠯᠲᠤ ᠲᠡᠷᠭᠡᠨ ᠥᠷᠲᠡᠭᠡ᠂ ᠠᠷᠠᠳ ᠤᠨ ᠬᠡᠷᠡᠭᠯᠡᠭᠡᠨ ᠤ ᠨᠢᠰᠬᠡᠯ ᠤᠨ   ᠪᠠᠭᠤᠳᠠᠯ᠂ ᠨᠢᠭᠡᠳᠦᠭᠡᠷ ᠲᠡᠰ ᠤᠨ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠶᠢᠨ ᠲᠡᠷᠭᠡ ᠬᠦᠯᠢᠶᠡᠬᠦ   ᠠᠰᠠᠷ᠂ ᠲᠣᠮᠣ ᠬᠡᠯᠪᠡᠷᠢ ᠶᠢᠨ ᠲᠢᠶᠠᠲᠷ᠂ ᠲᠠᠮᠢᠷ ᠤᠨ ᠲᠠᠯᠠᠪᠠᠢ ︵ᠣᠷᠳᠣᠨ︶᠂ ᠬᠤᠳᠠᠯᠳᠤᠭᠠᠨ ᠤ ᠦᠢᠯᠡᠴᠢᠯᠡᠭᠡᠨ ᠤ   ᠪᠡᠯᠡᠳᠭᠡᠯ ᠲᠦᠬᠦᠭᠡᠷᠦᠮᠵᠢ ᠵᠡᠷᠭᠡ ᠬᠥᠮᠥᠨ ᠣᠯᠠᠨ ᠴᠤᠭᠯᠠᠷᠠᠳᠠᠭ ᠳᠠᠯᠠᠪᠠᠢ ᠲᠠᠯᠠᠪᠤᠷ ᠤᠨ ᠲᠣᠮᠣ ᠬᠡᠯᠪᠡᠷᠢ ᠶᠢᠨ ᠪᠦᠲᠦᠭᠡᠨ   ᠪᠠᠶᠢᠭᠤᠯᠤᠯᠲᠠ ᠶᠢᠨ ᠪᠠᠷᠢᠯᠭ᠎ᠠ︔           ︵ᠲᠠᠪᠤ︶ ᠬᠢᠵᠠᠭᠠᠷ ᠠᠴᠠ ᠬᠡᠲᠦᠷᠡᠭᠰᠡᠨ ᠥᠨᠳᠥᠷ ᠳᠠᠪᠬᠤᠷᠭᠠᠳᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ︔           ︵ᠵᠢᠷᠭᠤᠭ᠎ᠠ︶ ᠭᠠᠵᠠᠷ ᠬᠥᠳᠡᠯᠦᠯᠲᠡ ᠶᠢᠨ ᠬᠦᠴᠦᠯᠡᠴᠡ ᠶᠢᠨ ᠣᠷᠣᠨ ᠤ ᠵᠠᠭᠠᠭ ᠱᠤᠭᠤᠮ ᠤᠨ ᠬᠤᠶᠠᠷ ᠲᠠᠯ᠎ᠠ ᠶᠢᠨ  8 ᠺᠢᠯᠣᠮᠧᠲᠷ ᠤᠨ ᠣᠷᠣᠨ ᠳᠣᠲᠣᠷᠠᠬᠢ ᠴᠢᠬᠤᠯᠠ ᠪᠠᠷᠢᠯᠭ᠎ᠠ︔           ︵ᠳᠣᠯᠤᠭ᠎ᠠ︶ ᠭᠠᠵᠠᠷ ᠬᠥᠳᠡᠯᠦᠯᠲᠡ ᠶᠢᠨ ᠰᠤᠳᠤᠯᠭᠠᠨ ᠪᠠ ᠮᠠᠲ᠋ᠧᠷᠢᠶᠠᠯ ᠤᠨ ᠨᠠᠷᠢᠯᠢᠭ᠋ ᠤᠨ ᠬᠡᠮᠵᠢᠶ᠎ᠡ ᠨᠢ ᠨᠡᠯᠢᠶᠡᠳ   ᠳᠣᠣᠷ᠎ᠠ ᠬᠢᠯᠢ ᠬᠢᠵᠠᠭᠠᠷ ᠤᠨ ᠣᠷᠣᠨ ᠤ ᠴᠢᠬᠤᠯᠠ ᠪᠠᠷᠢᠯᠭ᠎ᠠ︔           ︵ᠨᠠᠢᠮᠠ︶ ᠭᠠᠵᠠᠷ ᠡᠵᠡᠯᠡᠬᠦ ᠬᠡᠮᠵᠢᠶ᠎ᠡ ᠨᠢ ᠨᠡᠯᠢᠶᠡᠳ ᠶᠡᠭᠡ᠂ ᠠᠳᠠᠯᠢ ᠪᠤᠰᠤ ᠭᠠᠵᠠᠷ ᠰᠢᠨᠵᠢᠯᠡᠭᠡᠨ ᠤ ᠨᠥᠬᠦᠴᠡᠯ   ᠲᠠᠢ ᠣᠷᠣᠨ ᠢ ᠰᠤᠨᠳᠠᠯᠠᠭᠰᠠᠨ ᠰᠢᠨ᠎ᠡ ᠪᠠᠷ ᠪᠠᠶᠢᠭᠤᠯᠤᠭᠰᠠᠨ ᠬᠤᠲᠠ᠂ ᠲᠣᠮᠣ ᠬᠡᠯᠪᠡᠷᠢ ᠶᠢᠨ ᠦᠢᠯᠡᠳᠪᠦᠷᠢ ᠠᠭᠤᠷᠬᠠᠢ ᠶᠢᠨ   ᠠᠵᠤ ᠠᠬᠤᠶᠢᠯᠠᠯ ᠪᠠ ᠨᠡᠭᠡᠭᠡᠯᠲᠡ ᠶᠢᠨ ᠣᠷᠣᠨ︔           ︵ᠶᠢᠰᠦ︶ ᠤᠯᠤᠰ ᠤᠨ ᠪᠠᠷᠢᠯᠭ᠎ᠠ ᠶᠢᠨ ᠢᠨᠵᠧᠨᠧᠷᠢᠩ ᠤᠨ ᠭᠠᠵᠠᠷ ᠬᠥᠳᠡᠯᠦᠯᠲᠡ ᠲᠠᠢ ᠲᠡᠮᠡᠴᠡᠭᠦ ᠰᠡᠷᠭᠡᠶᠢᠯᠡᠯᠲᠡ   ᠪᠠᠶᠢᠷᠢᠯᠠᠭᠤᠯᠤᠭᠰᠠᠨ ᠲᠥᠷᠤᠯ ᠤᠨ ᠪᠠᠷᠢᠮᠵᠢᠶ᠎ᠠ ᠳᠤ ᠲᠣᠭᠲᠠᠭᠠᠭᠰᠠᠨ ᠭᠠᠵᠠᠷ ᠬᠥᠳᠡᠯᠦᠯᠲᠡ ᠶᠢᠨ ᠠᠶᠤᠯᠭᠦᠢ ᠴᠢᠨᠠᠷ ᠤᠨ   ᠦᠨᠡᠯᠡᠯᠲᠡ ᠬᠢᠪᠡᠯ ᠵᠤᠬᠢᠬᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ︔         ︵ᠠᠷᠪᠠ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠭᠠᠵᠠᠷ ᠬᠥᠳᠡᠯᠦᠯᠲᠡ ᠶᠢᠨ ᠠᠶᠤᠯᠭᠦᠢ   ᠴᠢᠨᠠᠷ ᠤᠨ ᠦᠨᠡᠯᠡᠯᠲᠡ ᠬᠢᠬᠦ ᠴᠢᠬᠤᠯᠠ ᠲᠠᠢ ᠪᠦᠲᠦᠭᠡᠨ ᠪᠠᠶᠢᠭᠤᠯᠤᠯᠲᠠ ᠶᠢᠨ ᠪᠤᠰᠤᠳ ᠪᠠᠷᠢᠯᠭ᠎ᠠ᠃         ᠬᠤᠷᠢᠨ ᠨᠠᠢᠮᠠᠳᠤᠭᠠᠷ ᠵᠦᠢᠯ   ᠪᠦᠲᠦᠭᠡᠨ ᠪᠠᠶᠢᠭᠤᠯᠤᠯᠲᠠ ᠶᠢᠨ ᠨᠢᠭᠡᠴᠡ ᠵᠣᠬᠢᠴᠠᠩᠭᠤᠢ ᠬᠢᠷᠢ ᠬᠡᠮ ᠲᠠᠢ ᠨᠢᠭᠡᠴᠡ  ᠲᠤ   ᠨᠠᠶᠢᠳᠠᠨ ᠭᠠᠵᠠᠷ ᠬᠥᠳᠡᠯᠦᠯᠲᠡ ᠶᠢᠨ ᠠᠶᠤᠯᠭᠦᠢ ᠴᠢᠨᠠᠷ ᠢ ᠦᠨᠡᠯᠡᠭᠦᠯᠬᠦ ᠠᠵᠢᠯ ᠢ ᠬᠢᠯᠭᠡᠬᠦ ᠬᠡᠷᠡᠭᠲᠡᠢ᠃       ᠭᠠᠵᠠᠷ ᠬᠥᠳᠡᠯᠦᠯᠲᠡ ᠶᠢᠨ ᠠᠶᠤᠯᠭᠦᠢ ᠴᠢᠨᠠᠷ ᠢ ᠦᠨᠡᠯᠡᠬᠦ ᠠᠵᠢᠯ ᠢ ᠡᠭᠦᠷᠭᠡᠯᠡᠵᠦ ᠪᠠᠶᠢᠭ᠎ᠠ ᠨᠢᠭᠡᠴᠡ ᠭᠠᠵᠠᠷ   ᠬᠥᠳᠡᠯᠦᠯᠲᠡ ᠶᠢᠨ ᠠᠶᠤᠯᠭᠦᠢ ᠴᠢᠨᠠᠷ ᠢ ᠦᠨᠡᠯᠡᠭᠰᠡᠨ ᠮᠡᠳᠡᠭᠦᠯᠦᠯᠲᠡ ᠶᠢᠨ ᠴᠢᠨᠠᠷ ᠴᠢᠨᠰᠠᠭ᠎ᠠ ᠳᠠᠭᠠᠨ ᠬᠠᠷᠢᠭᠤᠴᠠᠬᠤ ᠬᠡᠷᠡᠭᠲᠡᠢ᠃           ᠬᠤᠷᠢ ᠶᠢᠰᠦᠳᠦᠭᠡᠷ ᠵᠦᠢᠯ     ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠵᠠᠷ ᠬᠥᠳᠡᠯᠦᠯᠲᠡ ᠲᠠᠢ ᠲᠡᠮᠡᠴᠡᠭᠦ   ᠰᠡᠷᠭᠡᠶᠢᠯᠡᠯᠲᠡ ᠶᠢᠨ ᠱᠠᠭᠠᠷᠳᠠᠯᠭ᠎ᠠ ᠶᠢ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠳᠠᠷᠠᠭᠠᠯᠠᠯ ᠳᠤ   ᠣᠷᠣᠭᠤᠯᠵᠤ᠂ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠥᠭᠵᠢᠭᠦᠯᠦᠯᠲᠡ ᠪᠠ   ᠥᠭᠡᠷᠡᠴᠢᠯᠡᠯᠲᠡ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠵᠠᠮ ᠬᠠᠷᠢᠯᠴᠠᠭ᠎ᠠ᠂ ᠤᠰᠤᠨ   ᠠᠰᠢᠭᠯᠠᠯᠲᠠ᠂ ᠬᠤᠲᠠ ᠬᠥᠳᠡᠭᠡ ᠶᠢᠨ ᠲᠥᠯᠥᠪᠵᠢᠭᠦᠯᠭᠡ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠭᠠᠵᠠᠷ   ᠬᠥᠳᠡᠯᠦᠯᠲᠡ ᠶᠢᠨ ᠠᠵᠢᠯ ᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠪᠠᠶᠢᠭᠤᠯᠤᠮᠵᠢ ᠶᠢᠨ ᠲᠣᠭᠲᠠᠭᠠᠯ ᠶᠣᠰᠣᠭᠠᠷ   ᠬᠠᠩᠭᠠᠭᠰᠠᠨ ᠭᠠᠵᠠᠷ ᠬᠥᠳᠡᠯᠦᠯᠲᠡ ᠲᠠᠢ ᠲᠡᠮᠡᠴᠡᠭᠦ ᠰᠡᠷᠭᠡᠶᠢᠯᠡᠯᠲᠡ ᠶᠢᠨ ᠱᠠᠭᠠᠷᠳᠠᠯᠭ᠎ᠠ ᠶᠢᠨ ᠬᠢᠨᠠᠨ ᠲᠣᠭᠲᠠᠭᠠᠭᠰᠠᠨ   ᠰᠠᠨᠠᠯ ᠤᠨ ᠪᠢᠴᠢᠭ ᠢ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠪᠤᠯᠤᠮᠵᠢᠳᠤ ᠨᠤᠲᠠᠯᠠᠯ᠂ ᠲᠥᠷᠥᠯ ᠵᠦᠢᠯ ᠤᠨ ᠭᠠᠵᠠᠷ   ᠰᠣᠩᠭᠤᠬᠤ ᠪᠤᠶᠤ ᠲᠥᠷᠥᠯ ᠵᠦᠢᠯ ᠭᠤᠶᠤᠴᠢᠯᠠᠬᠤ ᠳᠤ ᠡᠷᠬᠡᠪᠰᠢ ᠪᠦᠷᠢᠯᠳᠦᠭᠦᠯᠬᠦ ᠠᠭᠤᠯᠭ᠎ᠠ ᠪᠣᠯᠭᠠᠬᠤ ᠬᠡᠷᠡᠭᠲᠡᠢ᠃         ᠭᠠᠵᠠᠷ ᠬᠥᠳᠡᠯᠦᠯᠲᠡ ᠲᠠᠢ ᠲᠡᠮᠡᠴᠡᠭᠦ ᠰᠡᠷᠭᠡᠶᠢᠯᠡᠯᠲᠡ ᠶᠢᠨ ᠱᠠᠭᠠᠷᠳᠠᠯᠭ᠎ᠠ ᠶᠢᠨ ᠬᠢᠨᠠᠨ ᠲᠣᠭᠲᠠᠭᠠᠭᠰᠠᠨ ᠰᠠᠨᠠᠯ ᠤᠨ   ᠪᠢᠴᠢᠭ ᠪᠤᠶᠤ ᠭᠠᠵᠠᠷ ᠬᠥᠳᠡᠯᠦᠯᠲᠡ ᠲᠠᠢ ᠲᠡᠮᠡᠴᠡᠭᠦ ᠰᠡᠷᠭᠡᠶᠢᠯᠡᠯᠲᠡ ᠶᠢᠨ ᠱᠠᠭᠠᠷᠳᠠᠯᠭ᠎ᠠ ᠦᠭᠡᠢ ᠪᠦᠲᠦᠭᠡᠨ   ᠪᠠᠶᠢᠭᠤᠯᠤᠯᠲᠠ ᠶᠢᠨ ᠲᠥᠷᠥᠯ ᠵᠦᠢᠯ ᠢ ᠬᠤᠯᠪᠣᠭᠳᠠᠯ ᠪᠦᠬᠦᠢ ᠰᠠᠯᠠᠭ᠎ᠠ ᠮᠥᠴᠢᠷ ᠵᠥᠪᠰᠢᠶᠡᠷᠡᠵᠦ ᠪᠣᠯᠬᠤ ᠦᠭᠡᠢ᠃         ᠭᠤᠴᠢᠳᠤᠭᠠᠷ ᠵᠦᠢᠯ   ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢ ᠡᠷᠬᠡᠪᠰᠢ ᠤᠯᠤᠰ ᠤᠨ ᠭᠠᠵᠠᠷ ᠬᠥᠳᠡᠯᠦᠯᠲᠡ   ᠲᠠᠢ ᠲᠡᠮᠡᠴᠡᠭᠦ ᠰᠡᠷᠭᠡᠶᠢᠯᠡᠯᠲᠡ ᠶᠢᠨ ᠪᠠᠷᠢᠮᠵᠢᠶ᠎ᠠ ᠪᠠ ᠵᠢᠷᠣᠮᠵᠢᠯ ᠶᠣᠰᠣᠭᠠᠷ ᠵᠢᠷᠤᠵᠤ ᠲᠥᠯᠥᠪᠯᠡᠵᠦ ᠪᠠᠶᠢᠭᠤᠯᠬᠤ ᠬᠡᠷᠡᠭᠲᠡᠢ᠃   ᠰᠢᠨ᠎ᠡ ᠪᠠᠷ ᠪᠠᠶᠢᠭᠤᠯᠤᠭᠰᠠᠨ᠂ ᠥᠷᠭᠡᠳᠬᠡᠨ ᠪᠠᠶᠢᠭᠤᠯᠤᠭᠰᠠᠨ᠂ ᠥᠭᠡᠷᠡᠴᠢᠯᠡᠨ ᠪᠠᠶᠢᠭᠤᠯᠤᠭᠰᠠᠨ ᠪᠦᠲᠦᠭᠡᠨ   ᠪᠠᠶᠢᠭᠤᠯᠤᠯᠲᠠ ᠶᠢᠨ ᠪᠠᠷᠢᠯᠭ᠎ᠠ ᠭᠠᠵᠠᠷ ᠬᠥᠳᠡᠯᠦᠯᠲᠡ ᠲᠠᠢ ᠲᠡᠮᠡᠴᠡᠭᠦ ᠰᠡᠷᠭᠡᠶᠢᠯᠡᠯᠲᠡ ᠶᠢᠨ ᠱᠠᠭᠠᠷᠳᠠᠯᠭ᠎ᠠ ᠳᠤ ᠬᠦᠷᠦᠭᠰᠡᠨ   ᠪᠠᠶᠢᠬᠤ ᠬᠡᠷᠡᠭᠲᠡᠢ᠂ ᠶᠠᠮᠠᠷᠪᠠ ᠨᠢᠭᠡᠴᠡ ᠪᠠ ᠬᠤᠪᠢ ᠬᠥᠮᠥᠨ ᠭᠠᠵᠠᠷ ᠬᠥᠳᠡᠯᠦᠯᠲᠡ ᠲᠠᠢ ᠲᠡᠮᠡᠴᠡᠭᠦ ᠰᠡᠷᠭᠡᠶᠢᠯᠡᠯᠲᠡ ᠶᠢᠨ   ᠪᠠᠷᠢᠮᠵᠢᠶ᠎ᠠ ᠶᠢ ᠳᠣᠷᠣᠭᠰᠢᠯᠠᠭᠤᠯᠵᠤ ᠪᠣᠯᠬᠤ ᠦᠭᠡᠢ᠃ ᠨᠢᠭᠡᠨᠲᠡ ᠪᠠᠶᠢᠭᠤᠯᠤᠭᠰᠠᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ   ᠭᠠᠵᠠᠷ ᠬᠥᠳᠡᠯᠦᠯᠲᠡ ᠲᠠᠢ ᠲᠡᠮᠡᠴᠡᠭᠦ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠠᠪᠤᠭᠰᠠᠨ ᠦᠭᠡᠢ ᠪᠤᠶᠤ ᠭᠠᠵᠠᠷ ᠬᠥᠳᠡᠯᠦᠯᠲᠡ   ᠲᠠᠢ ᠲᠡᠮᠡᠴᠡᠭᠦ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠨᠢ ᠭᠠᠵᠠᠷ ᠬᠥᠳᠡᠯᠦᠯᠲᠡ ᠲᠠᠢ ᠲᠡᠮᠡᠴᠡᠭᠦ ᠰᠡᠷᠭᠡᠶᠢᠯᠡᠯᠲᠡ ᠶᠢᠨ   ᠱᠠᠭᠠᠷᠳᠠᠯᠭ᠎ᠠ ᠳᠤ ᠨᠡᠶᠢᠴᠡᠬᠦ ᠦᠭᠡᠢ ᠪᠣᠯ᠂ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠠᠵᠠᠷ ᠬᠥᠳᠡᠯᠦᠯᠲᠡ   ᠲᠠᠢ ᠲᠡᠮᠡᠴᠡᠭᠦ ᠴᠢᠳᠠᠪᠤᠷᠢ ᠶᠢ ᠬᠢᠨᠠᠨ ᠲᠣᠭᠲᠠᠭᠠᠬᠤ ᠶᠢᠨ ᠬᠠᠮᠲᠤ ᠴᠢᠬᠤᠯᠠ ᠪᠦᠬᠦᠢ ᠭᠠᠵᠠᠷ ᠬᠥᠳᠡᠯᠦᠯᠲᠡ ᠲᠠᠢ ᠲᠡᠮᠡᠴᠡᠭᠦ   ᠪᠠᠲᠤᠳᠬᠠᠬᠤ ᠠᠷᠭ᠎ᠠ ᠬᠡᠮᠵᠢᠶ᠎ᠡ ᠠᠪᠬᠤ ᠬᠡᠷᠡᠭᠲᠡᠢ᠃           ᠰᠤᠷᠭᠠᠭᠤᠯᠢ᠂ ᠬᠡᠤᠭᠡᠳ ᠤᠨ ᠴᠡᠴᠡᠷᠯᠢᠭ᠂ ᠡᠮᠨᠡᠯᠭᠡ ᠶᠢᠨ ᠬᠤᠷᠢᠶ᠎ᠠ ᠵᠡᠷᠭᠡ ᠬᠥᠮᠥᠨ ᠣᠯᠠᠨ ᠴᠤᠭᠯᠠᠷᠠᠳᠠᠭ ᠳᠠᠯᠠᠪᠠᠢ   ᠲᠠᠯᠠᠪᠤᠷ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢ ᠲᠤᠬᠠᠢ ᠶᠢᠨ ᠭᠠᠵᠠᠷ ᠤᠨ ᠭᠡᠷ ᠪᠠᠶᠢᠰᠢᠩ ᠤᠨ ᠪᠦᠲᠦᠭᠡᠨ   ᠪᠠᠶᠢᠭᠤᠯᠤᠯᠲᠠ ᠶᠢᠨ ᠭᠠᠵᠠᠷ ᠬᠥᠳᠡᠯᠦᠯᠲᠡ ᠶᠢ ᠡᠰᠡᠷᠭᠦᠴᠡᠬᠦ ᠰᠡᠷᠭᠡᠶᠢᠯᠡᠯᠲᠡ ᠶᠢᠨ ᠱᠠᠭᠠᠷᠳᠠᠯᠭ᠎ᠠ ᠠᠴᠠ ᠥᠨᠳᠥᠷ ᠪᠠᠷᠢᠮᠵᠢᠶ᠎ᠠ   ᠪᠠᠷ ᠵᠢᠷᠤᠵᠤ ᠲᠥᠯᠥᠪᠯᠡᠬᠦ ᠪᠠ ᠪᠠᠶᠢᠭᠤᠯᠵᠣ᠂ ᠭᠠᠵᠠᠷ ᠬᠥᠳᠡᠯᠦᠯᠲᠡ ᠶᠢ ᠡᠰᠡᠷᠭᠦᠴᠡᠬᠦ ᠰᠡᠷᠭᠡᠶᠢᠯᠡᠯᠲᠡ ᠶᠢᠨ ᠴᠢᠳᠠᠪᠤᠷᠢ ᠶᠢ ᠨᠢ   ᠴᠢᠩᠭᠠᠳᠬᠠᠬᠤ ᠬᠡᠷᠡᠭᠲᠡᠢ᠃         ᠭᠠᠵᠠᠷ ᠬᠥᠳᠡᠯᠦᠯᠲᠡ ᠶᠢᠨ ᠭᠠᠮᠰᠢᠭ ᠤᠨ ᠣᠷᠣᠨ ᠤ ᠣᠷᠣᠨ ᠪᠦᠰᠡ ᠶᠢᠨ ᠴᠢᠨᠠᠷᠲᠠᠢ ᠭᠠᠵᠠᠷ ᠬᠥᠳᠡᠯᠦᠯᠲᠡ ᠲᠠᠢ   ᠲᠡᠮᠡᠴᠡᠭᠦ ᠰᠡᠷᠭᠡᠶᠢᠯᠡᠯᠲᠡ ᠶᠢᠨ ᠱᠠᠭᠠᠷᠳᠠᠯᠭ᠎ᠠ ᠶᠢ ᠬᠤᠪᠢᠷᠠᠭᠤᠯᠬᠤ ᠴᠢᠬᠤᠯᠠ ᠲᠠᠢ ᠪᠣᠯ ᠥᠪᠡᠷᠳᠡᠭᠡᠨ ᠵᠠᠰᠠᠬᠤ ᠤᠷᠤᠨ ᠤ   ᠠᠷᠠᠳ ᠤᠨ ᠵᠠᠰᠠᠭ ᠤᠨ ᠣᠷᠳᠣᠨ ᠤ ᠭᠠᠵᠠᠷ ᠬᠥᠳᠡᠯᠦᠯᠲᠡ ᠶᠢᠨ ᠠᠵᠢᠯ ᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠣᠷᠣᠨ   ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠲᠠᠢ ᠬᠠᠮᠲᠤᠪᠠᠷ ᠲᠣᠭᠲᠠᠭᠠᠯ   ᠶᠣᠰᠣᠭᠠᠷ ᠤᠯᠤᠰ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠢ᠃         ᠭᠤᠴᠢᠨ ᠨᠢᠭᠡᠳᠦᠭᠡᠷ ᠵᠦᠢᠯ   ᠥᠪᠡᠷᠳᠡᠭᠡᠨ ᠵᠠᠰᠠᠬᠤ ᠤᠷᠤᠨ ᠠᠴᠠ ᠬᠤᠲᠠ ᠶᠢᠨ ᠠᠷᠠᠳ ᠤᠨ ᠵᠠᠰᠠᠭ ᠤᠨ   ᠣᠷᠳᠣᠨ ᠤ ᠭᠠᠵᠠᠷ ᠬᠥᠳᠡᠯᠦᠯᠲᠡ ᠶᠢᠨ ᠲᠣᠭᠤᠷᠢᠭ ᠤᠨ ᠵᠢᠷᠤᠭ ᠢ ᠵᠣᠬᠢᠶᠠᠨ ᠪᠠᠶᠢᠭᠤᠯᠤᠨ ᠲᠣᠭᠲᠠᠭᠠᠬᠤ ᠶᠢ   ᠵᠣᠷᠢᠬᠵᠢᠭᠤᠯᠤᠨ᠎ᠠ᠃             ᠭᠠᠵᠠᠷ ᠬᠥᠳᠡᠯᠦᠯᠲᠡ ᠶᠢ ᠭᠤᠣᠯᠳᠠᠯᠭ᠎ᠠ ᠲᠠᠢ ᠬᠢᠨᠠᠨ ᠬᠡᠮᠵᠢᠨ ᠰᠡᠷᠭᠡᠶᠢᠯᠡᠭᠦ ᠲᠤᠭᠤᠷᠢᠭ ᠤᠨ ᠠᠶᠢᠮᠠᠭ ᠤᠨ ᠵᠠᠬᠢᠷᠭ᠎ᠠ᠂   ᠲᠣᠭᠤᠷᠢᠭ ᠲᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ   ᠪᠠᠶᠢᠭᠤᠯᠤᠨ ᠭᠠᠵᠠᠷ ᠬᠥᠳᠡᠯᠦᠯᠲᠡ ᠶᠢᠨ ᠬᠤᠬᠢᠷᠠᠯ ᠢ ᠲᠥᠰᠥᠭᠡᠯᠡᠬᠦ ᠬᠡᠷᠡᠭᠲᠡᠢ᠃         ᠲᠣᠮᠣ᠂ ᠳᠤᠮᠳᠠ ᠬᠤᠲᠠ ᠭᠠᠵᠠᠷ ᠳᠣᠣᠷᠠᠬᠢ ᠬᠥᠳᠡᠯᠭᠡᠭᠡᠨ ᠤ ᠵᠦᠷᠢᠭᠳᠡᠯ ᠢ ᠬᠠᠶᠢᠨ ᠬᠡᠮᠵᠢᠬᠦ ᠠᠵᠢᠯ ᠢ ᠥᠷᠨᠢᠭᠦᠯᠬᠦ   ᠬᠡᠷᠡᠭᠲᠡᠢ᠃           ᠭᠤᠴᠢᠨ ᠬᠤᠶᠠᠳᠤᠭᠠᠷ ᠵᠦᠢᠯ   ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ   ᠮᠠᠯᠴᠢᠨ ᠲᠠᠷᠢᠶᠠᠴᠢᠨ ᠤ ᠣᠷᠣᠨ ᠰᠠᠭᠤᠴᠠ ᠪᠠ ᠬᠥᠳᠡᠭᠡ ᠲᠣᠰᠬᠤᠨ ᠤ ᠣᠯᠠᠨ ᠨᠡᠶᠢᠲᠡ ᠶᠢᠨ ᠪᠡᠯᠡᠳᠭᠡᠯ   ᠲᠦᠬᠦᠭᠡᠷᠦᠮᠵᠢ ᠶᠢᠨ ᠭᠠᠵᠠᠷ ᠬᠥᠳᠡᠯᠦᠯᠲᠡ ᠲᠠᠢ ᠲᠡᠮᠡᠴᠡᠭᠦ ᠰᠡᠷᠭᠡᠶᠢᠯᠡᠯᠲᠡ ᠳᠠᠬᠢ ᠬᠠᠮᠢᠶᠠᠷᠤᠯᠲᠠ ᠪᠠᠨ ᠴᠢᠩᠭᠠᠳᠬᠠᠵᠤ᠂   ᠮᠠᠯᠴᠢᠨ ᠲᠠᠷᠢᠶᠠᠴᠢᠨ ᠤ ᠭᠠᠵᠠᠷ ᠬᠥᠳᠡᠯᠦᠯᠲᠡ ᠲᠠᠢ ᠲᠡᠮᠡᠴᠡᠭᠦ ᠴᠢᠳᠠᠪᠭᠢᠳᠤ ᠭᠡᠷ ᠪᠠᠶᠢᠰᠢᠩ ᠪᠠᠷᠢᠬᠤ ᠶᠢ ᠵᠢᠯᠣᠭᠤᠳᠤᠨ   ᠬᠠᠪᠰᠤᠷᠴᠤ᠂ ᠮᠠᠯᠵᠢᠬᠤ ᠲᠠᠷᠢᠶᠠᠯᠠᠬᠤ ᠣᠷᠣᠨ ᠤ ᠭᠠᠵᠠᠷ ᠬᠥᠳᠡᠯᠦᠯᠲᠡ ᠲᠠᠢ ᠲᠡᠮᠡᠴᠡᠭᠦ ᠮᠡᠷᠭᠡᠵᠢᠯ ᠢ ᠬᠡᠷᠡᠭᠯᠡᠬᠦ ᠰᠤᠳᠤᠯᠭᠠᠨ   ᠪᠠ ᠨᠡᠭᠡᠭᠡᠯᠲᠡ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠭᠠᠵᠠᠷ ᠬᠥᠳᠡᠯᠦᠯᠲᠡ ᠲᠠᠢ ᠲᠡᠮᠡᠴᠡᠭᠦ ᠰᠡᠷᠭᠡᠶᠢᠯᠡᠯᠲᠡ ᠶᠢᠨ   ᠱᠠᠭᠠᠷᠳᠠᠯᠭ᠎ᠠ ᠳᠤ ᠨᠡᠶᠢᠴᠡᠭᠰᠡᠨ᠂ ᠬᠢᠮᠳᠠ ᠲᠣᠬᠢᠯᠢᠬ᠂ ᠲᠤᠬᠠᠢ ᠶᠢᠨ ᠭᠠᠵᠠᠷ ᠤᠨ ᠣᠨᠴᠠᠯᠢᠭ ᠲᠠᠢ ᠪᠠᠷᠢᠯᠭ᠎ᠠ ᠶᠢ ᠵᠢᠷᠤᠵᠤ   ᠲᠥᠯᠥᠪᠯᠡᠬᠦ ᠪᠠ ᠪᠠᠷᠢᠯᠭ᠎ᠠ ᠪᠠᠷᠢᠬᠤ ᠮᠡᠷᠭᠡᠵᠢᠯ ᠢ ᠳᠡᠯᠭᠡᠷᠡᠭᠦᠯᠬᠦ ᠶᠢᠨ ᠬᠠᠮᠲᠤ ᠮᠡᠷᠭᠡᠵᠢᠯ ᠤᠨ ᠪᠣᠯᠪᠠᠰᠤᠷᠠᠯ ᠵᠡᠷᠭᠡ ᠲᠠᠯ᠎ᠠ ᠪᠠᠷ   ᠳᠡᠮᠵᠢᠯᠭᠡ ᠦᠵᠡᠭᠦᠯᠬᠦ ᠬᠡᠷᠡᠭᠲᠡᠢ᠃         ᠭᠤᠴᠢᠨ ᠭᠤᠷᠪᠠᠳᠤᠭᠠᠷ ᠵᠦᠢᠯ   ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ   ᠭᠠᠵᠠᠷ ᠬᠥᠳᠡᠯᠦᠯᠲᠡ ᠶᠢᠨ ᠪᠠᠴᠢᠮ ᠪᠠᠶᠢᠳᠠᠯ ᠢ ᠠᠷᠭᠠᠴᠠᠵᠤ ᠲᠦᠷ ᠳᠠᠯᠳᠠᠯᠠᠬᠤ ᠬᠡᠷᠡᠭᠴᠡᠭᠡ ᠪᠠᠨ ᠦᠨᠳᠦᠰᠦᠯᠡᠨ᠂ ᠬᠤᠲᠠ   ᠬᠥᠳᠡᠭᠡ ᠶᠢᠨ ᠲᠥᠯᠥᠪᠵᠢᠭᠦᠯᠭᠡ ᠲᠣᠭᠲᠠᠭᠠᠬᠤ ᠦᠶᠡᠰ ᠪᠠᠴᠢᠮ ᠪᠠᠶᠢᠳᠠᠯ ᠢ ᠠᠷᠭᠠᠴᠠᠬᠤ ᠳᠤ ᠲᠠᠷᠬᠠᠭᠠᠬᠤ ᠵᠠᠮ ᠪᠠ ᠪᠠᠴᠢᠮ   ᠪᠠᠶᠢᠳᠠᠯ ᠢ ᠠᠷᠭᠠᠴᠠᠬᠤ ᠲᠦᠷ ᠴᠠᠭ ᠵᠠᠶᠢᠯᠠᠵᠦ ᠳᠠᠯᠳᠠᠯᠠᠬᠤ ᠳᠠᠯᠠᠪᠠᠢ ᠲᠠᠯᠠᠪᠤᠷ ᠢ ᠵᠣᠬᠢᠰᠲᠠᠢ ᠲᠣᠭᠲᠠᠭᠠᠵᠤ᠂ ᠭᠠᠵᠠᠷ   ᠬᠥᠳᠡᠯᠦᠯᠲᠡ ᠠᠴᠠ ᠪᠠᠴᠢᠮ ᠵᠠᠶᠢᠯᠠᠵᠦ ᠳᠠᠯᠳᠠᠯᠠᠬᠤ ᠳᠠᠯᠠᠪᠠᠢ ᠲᠠᠯᠠᠪᠤᠷ ᠲᠤ ᠡᠷᠬᠡᠪᠰᠢ ᠪᠠᠶᠢᠬᠤ ᠵᠠᠮ ᠬᠠᠷᠢᠯᠴᠠᠭ᠎ᠠ᠂ ᠤᠰᠤ   ᠬᠠᠩᠭᠠᠬᠤ᠂ ᠴᠠᠬᠢᠯᠭᠠᠨ ᠬᠠᠩᠭᠠᠬᠤ᠂ ᠪᠣᠬᠢᠷᠲᠤᠯ ᠢ ᠭᠠᠳᠠᠭᠰᠢᠯᠠᠭᠤᠯᠬᠤ ᠵᠡᠷᠭᠡ ᠰᠠᠭᠤᠷᠢ ᠪᠡᠯᠡᠳᠭᠡᠯ ᠲᠦᠬᠦᠭᠡᠷᠦᠮᠵᠢ ᠶᠢᠨ   ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠣᠬᠢᠷᠠᠭᠤᠯᠬᠤ ᠬᠡᠷᠡᠭᠲᠡᠢ᠃           ᠠᠵᠤ ᠠᠬᠤᠶᠢᠯᠠᠯ ᠪᠠ ᠨᠡᠶᠢᠭᠡᠮ ᠤᠨ ᠡᠯ᠎ᠡ ᠡᠲᠡᠭᠡᠳ ᠤᠨ ᠭᠠᠵᠠᠷ ᠬᠥᠳᠡᠯᠦᠯᠲᠡ ᠶᠢᠨ ᠪᠠᠴᠢᠮ ᠪᠠᠶᠢᠳᠠᠯ ᠢ ᠠᠷᠭᠠᠴᠠᠬᠤ   ᠲᠦᠷ ᠴᠠᠭ ᠵᠠᠶᠢᠯᠠᠵᠦ ᠳᠠᠯᠳᠠᠯᠠᠬᠤ ᠳᠠᠯᠠᠪᠠᠢ ᠲᠠᠯᠠᠪᠤᠷ ᠲᠤᠰᠠᠯᠠᠨ ᠪᠠᠶᠢᠭᠤᠯᠬᠤ ᠶᠢ ᠵᠣᠷᠢᠬᠵᠢᠭᠤᠯᠤᠨ᠎ᠠ᠃         ᠭᠤᠴᠢᠨ ᠲᠥᠷᠪᠡᠳᠦᠭᠡᠷ ᠵᠦᠢᠯ   ᠭᠠᠵᠠᠷ ᠬᠥᠳᠡᠯᠦᠯᠲᠡ ᠶᠢ ᠭᠤᠣᠯᠳᠠᠯᠭ᠎ᠠ ᠲᠠᠢ ᠬᠢᠨᠠᠨ ᠬᠡᠮᠵᠢᠵᠦ ᠰᠡᠷᠭᠡᠶᠢᠯᠡᠬᠦ   ᠲᠤᠭᠤᠷᠢᠭ ᠤᠨ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠪᠣᠳᠠᠲᠤ ᠬᠡᠷᠡᠭᠴᠡᠭᠡ   ᠪᠠᠨ ᠦᠨᠳᠦᠰᠦᠯᠡᠨ ᠭᠠᠮᠰᠢᠭ ᠠᠴᠠ ᠠᠪᠤᠷᠠᠬᠤ ᠡᠳ᠋ ᠪᠣᠳᠠᠰ ᠪᠠ ᠠᠪᠤᠷᠠᠨ ᠲᠤᠰᠠᠯᠠᠬᠤ ᠬᠡᠷᠡᠭᠰᠡᠯ ᠮᠠᠲ᠋ᠧᠷᠢᠶᠠᠯ ᠢ ᠬᠠᠳᠠᠭᠠᠯᠠᠬᠤ   ᠬᠥᠮᠥᠷᠭᠡ ᠪᠠᠶᠢᠭᠤᠯᠬᠤ ᠬᠡᠷᠡᠭᠲᠡᠢ᠃           ᠭᠤᠴᠢᠨ ᠲᠠᠪᠤᠳᠤᠭᠠᠷ ᠵᠦᠢᠯ   ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ   ᠬᠢᠭᠡᠳ ᠲᠡᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ   ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠡᠷᠭᠡ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ   ᠭᠠᠵᠠᠷ ᠬᠥᠳᠡᠯᠦᠯᠲᠡ ᠶᠢ ᠪᠠᠴᠢᠮ ᠠᠷᠭᠠᠴᠠᠬᠤ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠬᠦ ᠠᠵᠢᠯᠯᠠᠭ᠎ᠠ ᠶᠢ ᠵᠣᠬᠢᠶᠠᠨ   ᠪᠠᠶᠢᠭᠤᠯᠵᠤ ᠥᠷᠨᠢᠭᠦᠯᠬᠦ ᠬᠡᠷᠡᠭᠲᠡᠢ᠃ ᠪᠠᠶᠢᠭᠤᠯᠣᠯᠭ᠎ᠠ᠂ ᠠᠷᠠᠳ ᠤᠨ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠭᠠᠵᠠᠷ ᠬᠥᠳᠡᠯᠦᠯᠲᠡ ᠠᠴᠠ   ᠡᠭᠦᠰᠦᠮᠡᠯ ᠭᠠᠮᠰᠢᠭ ᠤᠨ ᠠᠷᠬᠠᠭ ᠢ ᠲᠣᠭᠲᠠᠭᠰᠠᠨ ᠬᠤᠭᠤᠴᠠᠭ᠎ᠠ ᠲᠠᠢ ᠪᠠᠷ ᠪᠠᠶᠢᠴᠠᠭᠠᠵᠤ᠂ ᠭᠠᠵᠠᠷ ᠬᠥᠳᠡᠯᠦᠯᠲᠡ ᠶᠢᠨ   ᠪᠠᠴᠢᠮ ᠪᠠᠶᠢᠳᠠᠯ ᠢ ᠠᠷᠭᠠᠴᠠᠬᠤ ᠠᠶᠤᠯ ᠠᠴᠠ ᠵᠠᠶᠢᠯᠠᠬᠤ᠂ ᠠᠪᠤᠷᠠᠨ ᠲᠤᠰᠠᠯᠠᠬᠤ ᠪᠣᠯᠪᠠᠰᠤᠷᠠᠯ ᠢ ᠵᠣᠬᠢᠶᠠᠨ ᠪᠠᠶᠢᠭᠤᠯᠤᠨ   ᠥᠷᠨᠢᠭᠦᠯᠬᠦ ᠬᠡᠷᠡᠭᠲᠡᠢ᠃       ᠰᠤᠷᠭᠠᠨ ᠬᠥᠮᠥᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠭᠠᠵᠠᠷ ᠬᠥᠳᠡᠯᠦᠯᠲᠡ ᠶᠢ ᠰᠡᠷᠭᠡᠶᠢᠯᠡᠵᠦ ᠭᠠᠮᠰᠢᠭ ᠢ   ᠪᠠᠭᠠᠰᠬᠠᠬᠤ ᠮᠡᠳᠡᠯᠭᠡ ᠶᠢ ᠰᠤᠷᠤᠭᠴᠢᠳ ᠤᠨ ᠠᠮᠤᠷ ᠲᠦᠪᠰᠢᠨ ᠤ ᠬᠥᠮᠥᠵᠢᠯ ᠤᠨ ᠠᠭᠤᠯᠭ᠎ᠠ ᠪᠣᠯᠭᠠᠬᠤ ᠬᠡᠷᠡᠭᠲᠡᠢ᠃   ᠰᠤᠷᠭᠠᠭᠤᠯᠢ ᠨᠤᠭᠤᠳ ᠵᠢᠯ ᠪᠦᠷᠢ ᠰᠤᠷᠤᠭᠴᠢᠳ ᠢᠶᠠᠨ ᠵᠣᠬᠢᠶᠠᠨ ᠪᠠᠶᠢᠭᠤᠯᠤᠨ ᠭᠠᠵᠠᠷ ᠬᠥᠳᠡᠯᠦᠯᠲᠡ ᠠᠴᠠ ᠪᠠᠴᠢᠮ   ᠲᠠᠷᠬᠠᠭᠠᠬᠤ ᠪᠣᠯᠪᠠᠰᠤᠷᠠᠯ ᠵᠣᠬᠢᠶᠠᠨ ᠪᠠᠶᠢᠭᠤᠯᠵᠤ᠂ ᠰᠤᠷᠤᠭᠴᠢᠳ ᠤᠨ ᠪᠠᠴᠢᠮ ᠪᠠᠶᠢᠳᠠᠯ ᠲᠤᠯᠭᠠᠷᠠᠬᠤ ᠳᠤ ᠠᠶᠤᠯ ᠠᠴᠠ   ᠵᠠᠶᠢᠯᠠᠬᠤ᠂ ᠪᠡᠶ᠎ᠡ ᠪᠠᠨ ᠠᠪᠤᠷᠠᠬᠤ᠂ ᠬᠠᠷᠢᠯᠴᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃           ᠰᠣᠨᠢᠨ ᠮᠡᠳᠡᠭᠡᠨ ᠤ ᠵᠠᠭᠤᠴᠢᠯᠠᠭᠤᠷ ᠭᠠᠵᠠᠷ ᠬᠥᠳᠡᠯᠦᠯᠲᠡ ᠶᠢᠨ ᠭᠠᠮᠰᠢᠭ ᠠᠴᠠ ᠰᠡᠷᠭᠡᠶᠢᠯᠡᠬᠦ ᠪᠠ ᠪᠠᠴᠢᠮ ᠪᠠᠶᠢᠳᠠᠯ ᠢ   ᠠᠷᠭᠠᠴᠠᠬᠤ᠂ ᠪᠡᠶ᠎ᠡ ᠪᠠᠨ ᠠᠪᠤᠷᠠᠬᠤ᠂ ᠬᠠᠷᠢᠯᠴᠠᠨ ᠠᠪᠤᠷᠠᠬᠤ ᠮᠡᠳᠡᠯᠭᠡ ᠶᠢᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ   ᠤᠬᠠᠭᠤᠯᠭ᠎ᠠ ᠶᠢ ᠦᠨ᠎ᠡ ᠲᠥᠯᠥᠪᠦᠷᠢ ᠦᠭᠡᠢ ᠪᠠᠷ ᠥᠷᠨᠢᠭᠦᠯᠬᠦ ᠬᠡᠷᠡᠭᠲᠡᠢ᠃                   ᠳᠥᠷᠪᠡᠳᠦᠭᠡᠷ ᠪᠦᠯᠦᠭ ᠭᠠᠵᠠᠷ ᠬᠥᠳᠡᠯᠦᠯᠲᠡ ᠶᠢᠨ ᠪᠠᠴᠢᠮ ᠪᠠᠶᠢᠳᠠᠯ ᠢ ᠠᠷᠭᠠᠴᠠᠬᠤ ᠪᠠ ᠠᠪᠤᠷᠠᠨ ᠲᠤᠰᠠᠯᠠᠬᠤ                 ᠭᠤᠴᠢᠨ ᠵᠢᠷᠭᠤᠳᠤᠭᠠᠷ ᠵᠦᠢᠯ   ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠲᠤᠰ ᠵᠠᠰᠠᠭ ᠵᠠᠬᠢᠷᠭᠠᠨ ᠤ   ᠣᠷᠣᠨ ᠤ ᠪᠠᠨ ᠭᠠᠵᠠᠷ ᠬᠥᠳᠡᠯᠦᠯᠲᠡ ᠶᠢᠨ ᠪᠠᠴᠢᠮ ᠪᠠᠶᠢᠳᠠᠯ ᠢ ᠠᠷᠭᠠᠴᠠᠬᠤ ᠲᠥᠰᠥᠯ ᠢ ᠲᠣᠭᠲᠠᠭᠠᠵᠤ᠂ ᠳᠡᠭᠡᠷ᠎ᠡ ᠨᠢᠭᠡ   ᠱᠠᠲᠤᠨ ᠤ ᠠᠷᠠᠳ ᠤᠨ ᠵᠠᠰᠠᠭ ᠤᠨ ᠣᠷᠳᠣᠨ ᠤ ᠭᠠᠵᠠᠷ ᠬᠥᠳᠡᠯᠦᠯᠲᠡ ᠶᠢᠨ ᠠᠵᠢᠯ ᠢ ᠭᠤᠣᠯᠯᠠᠨ ᠬᠠᠮᠢᠶᠠᠷᠬᠤ ᠰᠠᠯᠠᠭ᠎ᠠ   ᠮᠥᠴᠢᠷ ᠪᠤᠶᠤ ᠪᠠᠶᠢᠭᠤᠯᠤᠮᠵᠢ ᠳᠤ ᠮᠡᠳᠡᠭᠦᠯᠦᠨ ᠳᠠᠩᠰᠠᠯᠠᠭᠤᠯᠬᠤ ᠬᠡᠷᠡᠭᠲᠡᠢ᠃ ᠬᠥᠬᠡᠬᠤᠲᠠ᠂ ᠪᠤᠭᠤᠲᠤ ᠬᠤᠲᠠ ᠶᠢᠨ ᠭᠠᠵᠠᠷ   ᠬᠥᠳᠡᠯᠦᠯᠲᠡ ᠶᠢᠨ ᠪᠠᠴᠢᠮ ᠪᠠᠶᠢᠳᠠᠯ ᠢ ᠠᠷᠭᠠᠴᠠᠬᠤ ᠲᠥᠰᠥᠯ ᠢ ᠪᠠᠰᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠭᠠᠵᠠᠷ   ᠬᠥᠳᠡᠯᠦᠯᠲᠡ ᠶᠢᠨ ᠠᠵᠢᠯ ᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠬᠤ ᠬᠡᠷᠡᠭᠲᠡᠢ᠃         ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ   ᠰᠠᠯᠠᠭ᠎ᠠ ᠮᠥᠴᠢᠷ ᠲᠣᠭᠲᠠᠭᠠᠭᠰᠠᠨ ᠪᠠᠴᠢᠮ ᠪᠠᠶᠢᠳᠠᠯ ᠢ ᠠᠷᠭᠠᠴᠠᠬᠤ ᠲᠥᠰᠥᠯ ᠢᠶᠠᠨ ᠠᠳᠠᠯᠢ ᠱᠠᠲᠤᠨ ᠤ ᠭᠠᠵᠠᠷ   ᠬᠥᠳᠡᠯᠦᠯᠲᠡ ᠶᠢᠨ ᠠᠵᠢᠯ ᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠪᠠᠶᠢᠭᠤᠯᠤᠮᠵᠢ ᠳᠤ ᠮᠡᠳᠡᠭᠦᠯᠦᠨ   ᠳᠠᠩᠰᠠᠯᠠᠭᠤᠯᠬᠤ ᠬᠡᠷᠡᠭᠲᠡᠢ᠃           ᠵᠠᠮ ᠬᠠᠷᠢᠯᠴᠠᠭ᠎ᠠ᠂ ᠲᠡᠮᠦᠷ ᠵᠠᠮ᠂ ᠤᠰᠤᠨ ᠠᠰᠢᠭᠯᠠᠯᠲᠠ᠂ ᠴᠠᠬᠢᠯᠭᠠᠨ ᠬᠦᠴᠦᠨ᠂ ᠴᠢᠮᠡᠭᠡ ᠬᠤᠯᠪᠣᠭ᠎ᠠ ᠵᠡᠷᠭᠡ   ᠰᠠᠭᠤᠷᠢ ᠲᠦᠬᠦᠭᠡᠷᠦᠮᠵᠢ ᠪᠠ ᠰᠤᠷᠭᠠᠭᠤᠯᠢ᠂ ᠬᠡᠤᠭᠡᠳ ᠤᠨ ᠴᠡᠴᠡᠷᠯᠢᠭ᠂ ᠡᠮᠨᠡᠯᠭᠡ ᠶᠢᠨ ᠬᠤᠷᠢᠶ᠎ᠠ ᠵᠡᠷᠭᠡ ᠬᠥᠮᠥᠨ ᠣᠯᠠᠨ   ᠴᠤᠭᠯᠠᠷᠠᠳᠠᠭ ᠳᠠᠯᠠᠪᠠᠢ ᠲᠠᠯᠠᠪᠤᠷ ᠢ ᠡᠵᠡᠩᠨᠡᠨ ᠬᠠᠮᠢᠶᠠᠷᠴᠤ ᠪᠠᠶᠢᠭ᠎ᠠ ᠨᠢᠭᠡᠴᠡ ᠬᠢᠭᠡᠳ ᠡᠭᠦᠰᠦᠮᠡᠯ ᠭᠠᠮᠰᠢᠭ ᠭᠠᠷᠬᠤ ᠪᠣᠯᠣᠮᠵᠢ   ᠲᠠᠢ ᠴᠥᠮ᠎ᠡ ᠶᠢᠨ ᠲᠦᠬᠦᠭᠡᠷᠦᠮᠵᠢ᠂ ᠠᠭᠤᠷᠬᠠᠢ᠂ ᠠᠶᠤᠯᠲᠠᠢ ᠪᠣᠳᠠᠰ ᠵᠡᠷᠭᠡ ᠶᠢ ᠦᠢᠯᠡᠳᠪᠦᠷᠢᠯᠡᠵᠦ ᠡᠵᠡᠩᠨᠡᠵᠦ ᠪᠠᠶᠢᠭ᠎ᠠ   ᠨᠢᠭᠡᠴᠡ ᠭᠠᠵᠠᠷ ᠬᠥᠳᠡᠯᠦᠯᠲᠡ ᠶᠢ ᠪᠠᠴᠢᠮ ᠠᠷᠭᠠᠴᠠᠬᠤ ᠲᠥᠰᠥᠯ ᠲᠣᠭᠲᠠᠭᠠᠬᠤ ᠶᠢᠨ ᠬᠠᠮᠲᠤ ᠪᠠᠶᠢᠭ᠎ᠠ ᠭᠠᠵᠠᠷ ᠤᠨ ᠬᠤᠰᠢᠭᠤ   ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠭᠠᠵᠠᠷ ᠬᠥᠳᠡᠯᠦᠯᠲᠡ ᠶᠢᠨ ᠠᠵᠢᠯ ᠢ ᠭᠤᠣᠯᠯᠠᠨ ᠬᠠᠮᠢᠶᠠᠷᠬᠤ   ᠰᠠᠯᠠᠭ᠎ᠠ ᠮᠥᠴᠢᠷ ᠪᠤᠶᠤ ᠪᠠᠶᠢᠭᠤᠯᠤᠮᠵᠢ ᠳᠤ ᠮᠡᠳᠡᠭᠦᠯᠦᠨ ᠳᠠᠩᠰᠠᠯᠠᠭᠤᠯᠬᠤ ᠬᠡᠷᠡᠭᠲᠡᠢ᠃         ᠭᠠᠵᠠᠷ ᠬᠥᠳᠡᠯᠦᠯᠲᠡ ᠶᠢ ᠪᠠᠴᠢᠮ ᠠᠷᠭᠠᠴᠠᠬᠤ ᠲᠥᠰᠥᠯ ᠢᠶᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠴᠠᠭ   ᠲᠤᠬᠠᠢ ᠳᠤᠨᠢ ᠵᠠᠰᠠᠪᠤᠷᠢ ᠣᠷᠣᠭᠤᠯᠬᠤ ᠬᠡᠷᠡᠭᠲᠡᠢ᠃           ᠭᠤᠴᠢᠨ ᠲᠤᠯᠤᠳᠤᠭᠠᠷ ᠵᠦᠢᠯ   ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ   ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠭᠠᠵᠠᠷ ᠬᠥᠳᠡᠯᠦᠯᠲᠡ ᠶᠢ ᠪᠠᠴᠢᠮ ᠠᠷᠭᠠᠴᠠᠬᠤ   ᠲᠥᠰᠥᠯ ᠤᠨ ᠪᠣᠯᠪᠠᠰᠤᠷᠠᠯ ᠪᠠ ᠦᠵᠡᠭᠦᠯᠦᠯᠭᠡ ᠥᠷᠨᠢᠭᠦᠯᠬᠦ ᠬᠡᠷᠡᠭᠲᠡᠢ᠃         ᠭᠤᠴᠢᠨ ᠨᠠᠢᠮᠠᠳᠤᠭᠠᠷ ᠵᠦᠢᠯ   ᠭᠠᠵᠠᠷ ᠬᠥᠳᠡᠯᠦᠯᠲᠡ ᠶᠢᠨ ᠭᠠᠮᠰᠢᠭ ᠡᠭᠦᠰᠦᠭᠰᠡᠨ ᠤ ᠳᠠᠷᠠᠭ᠎ᠠ᠂ ᠭᠠᠵᠠᠷ   ᠬᠥᠳᠡᠯᠦᠯᠲᠡ ᠶᠢᠨ ᠭᠠᠮᠰᠢᠭ ᠡᠭᠦᠰᠦᠭᠰᠡᠨ ᠭᠠᠵᠠᠷ ᠤᠨ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ   ᠵᠠᠰᠠᠭ ᠤᠨ ᠣᠷᠳᠣᠨ ᠤᠯᠤᠰ ᠪᠠ ᠥᠪᠡᠷᠳᠡᠭᠡᠨ ᠵᠠᠰᠠᠬᠤ ᠤᠷᠤᠨ ᠤ ᠲᠣᠭᠲᠠᠭᠠᠭᠰᠠᠨ ᠭᠠᠵᠠᠷ ᠬᠥᠳᠡᠯᠦᠯᠲᠡ ᠶᠢ ᠪᠠᠴᠢᠮ   ᠠᠷᠭᠠᠴᠠᠬᠤ ᠯᠤᠭ᠎ᠠ ᠬᠠᠷᠠᠭᠠᠯᠵᠠᠭᠰᠠᠨ ᠵᠡᠷᠭᠡ ᠲᠡᠰ ᠶᠣᠰᠣᠭᠠᠷ ᠭᠠᠵᠠᠷ ᠬᠥᠳᠡᠯᠦᠯᠲᠡ ᠶᠢ ᠪᠠᠴᠢᠮ ᠠᠷᠭᠠᠴᠠᠬᠤ ᠲᠥᠰᠥᠯ ᠢ   ᠱᠠᠲᠤ ᠲᠥᠷᠥᠯ ᠬᠤᠪᠢᠶᠠᠨ ᠬᠡᠷᠡᠭᠵᠢᠭᠦᠯᠵᠦ᠂ ᠭᠠᠵᠠᠷ ᠬᠥᠳᠡᠯᠦᠯᠲᠡ ᠲᠠᠢ ᠲᠡᠮᠡᠴᠡᠵᠦ ᠭᠠᠮᠰᠢᠭ ᠠᠴᠠ ᠠᠪᠤᠷᠠᠬᠤ ᠠᠵᠢᠯ ᠢ   ᠥᠷᠨᠢᠭᠦᠯᠬᠦ ᠬᠡᠷᠡᠭᠲᠡᠢ᠃         ᠭᠠᠵᠠᠷ ᠬᠥᠳᠡᠯᠦᠯᠲᠡ ᠶᠢᠨ ᠭᠠᠮᠰᠢᠭ ᠢ ᠡᠩ ᠤᠨ᠂ ᠨᠡᠯᠢᠶᠡᠳ ᠶᠡᠭᠡ᠂ ᠬᠦᠨᠳᠦ ᠶᠡᠭᠡ ᠪᠠ ᠣᠨᠴᠠ ᠬᠦᠨᠳᠦ ᠭᠡᠵᠦ   ᠳᠥᠷᠪᠡᠨ ᠲᠡᠰ ᠬᠤᠪᠢᠶᠠᠨ᠎ᠠ᠃ ᠡᠩ ᠤᠨ ᠡᠰᠡᠬᠦᠯ᠎ᠡ ᠨᠡᠯᠢᠶᠡᠳ ᠶᠡᠭᠡ ᠭᠠᠵᠠᠷ ᠬᠥᠳᠡᠯᠦᠯᠲᠡ ᠶᠢᠨ ᠭᠠᠮᠰᠢᠭ ᠡᠭᠦᠰᠦᠭᠰᠡᠨ ᠤ   ᠳᠠᠷᠠᠭ᠎ᠠ᠂ ᠭᠠᠵᠠᠷ ᠬᠥᠳᠡᠯᠦᠯᠲᠡ ᠶᠢᠨ ᠭᠠᠮᠰᠢᠭ ᠡᠭᠦᠰᠦᠭᠰᠡᠨ ᠭᠠᠵᠠᠷ ᠤᠨ ᠠᠶᠢᠮᠠᠭ ᠤᠨ ᠵᠠᠬᠢᠷᠭ᠎ᠠ᠂ ᠲᠣᠭᠤᠷᠢᠭ ᠲᠠᠢ   ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ   ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠭᠠᠵᠠᠷ ᠬᠥᠳᠡᠯᠦᠯᠲᠡ ᠶᠢ ᠪᠠᠴᠢᠮ ᠠᠷᠭᠠᠴᠠᠬᠤ ᠲᠥᠰᠥᠯ ᠢ   ᠬᠡᠷᠡᠭᠵᠢᠭᠦᠯᠦᠨ᠎ᠡ︔ ᠬᠦᠨᠳᠦ ᠶᠡᠭᠡ ᠭᠠᠵᠠᠷ ᠬᠥᠳᠡᠯᠦᠯᠲᠡ ᠶᠢᠨ ᠭᠠᠮᠰᠢᠭ ᠡᠭᠦᠰᠦᠭᠰᠡᠨ ᠤ ᠳᠠᠷᠠᠭ᠎ᠠ ᠥᠪᠡᠷᠳᠡᠭᠡᠨ ᠵᠠᠰᠠᠬᠤ   ᠤᠷᠤᠨ ᠤ ᠠᠷᠠᠳ ᠤᠨ ᠵᠠᠰᠠᠭ ᠤᠨ ᠣᠷᠳᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠭᠠᠵᠠᠷ   ᠬᠥᠳᠡᠯᠦᠯᠲᠡ ᠶᠢ ᠪᠠᠴᠢᠮ ᠠᠷᠭᠠᠴᠠᠬᠤ ᠲᠥᠰᠥᠯ ᠢ ᠬᠡᠷᠡᠭᠵᠢᠭᠦᠯᠦᠨ᠎ᠡ︔ ᠣᠨᠴᠠ ᠬᠦᠨᠳᠦ ᠭᠠᠵᠠᠷ ᠬᠥᠳᠡᠯᠦᠯᠲᠡ ᠶᠢᠨ   ᠭᠠᠮᠰᠢᠭ ᠡᠭᠦᠰᠦᠭᠰᠡᠨ ᠤ ᠳᠠᠷᠠᠭ᠎ᠠ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠠᠵᠠᠷ ᠬᠥᠳᠡᠯᠦᠯᠲᠡ ᠶᠢ   ᠪᠠᠴᠢᠮ ᠠᠷᠭᠠᠴᠠᠬᠤ ᠲᠥᠰᠥᠯ ᠢ ᠬᠡᠷᠡᠭᠵᠢᠭᠦᠯᠦᠨ᠎ᠡ᠃             ᠭᠤᠴᠢ ᠶᠢᠰᠦᠳᠦᠭᠡᠷ ᠵᠦᠢᠯ   ᠭᠠᠵᠠᠷ ᠬᠥᠳᠡᠯᠦᠯᠲᠡ ᠶᠢᠨ ᠭᠠᠮᠰᠢᠭ ᠡᠭᠦᠰᠦᠭᠰᠡᠨ ᠤ ᠳᠠᠷᠠᠭ᠎ᠠ᠂ ᠥᠪᠡᠷᠳᠡᠭᠡᠨ ᠵᠠᠰᠠᠬᠤ   ᠤᠷᠤᠨ ᠤ ᠠᠷᠠᠳ ᠤᠨ ᠵᠠᠰᠠᠭ ᠤᠨ ᠣᠷᠳᠣᠨ ᠤ ᠭᠠᠵᠠᠷ ᠬᠥᠳᠡᠯᠦᠯᠲᠡ ᠶᠢᠨ ᠠᠵᠢᠯ ᠢ ᠭᠤᠣᠯᠯᠠᠨ ᠬᠠᠮᠢᠶᠠᠷᠬᠤ ᠰᠠᠯᠠᠭ᠎ᠠ   ᠮᠥᠴᠢᠷ ᠭᠠᠵᠠᠷ ᠬᠥᠳᠡᠯᠦᠯᠲᠡ ᠶᠢᠨ ᠪᠠᠶᠢᠳᠠᠯ ᠪᠠ ᠠᠩᠬ᠎ᠠ ᠠᠯᠬᠤᠮ ᠮᠠᠭᠠᠳᠯᠠᠭᠰᠠᠨ ᠭᠠᠮᠰᠢᠭ ᠤᠨ ᠪᠠᠶᠢᠳᠠᠯ ᠤᠨ   ᠮᠡᠳᠡᠭᠦᠯᠦᠯᠲᠡ ᠪᠠᠨ ᠴᠠᠭ ᠳᠠᠷᠤᠢ ᠳᠤᠨᠢ ᠥᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠳᠤ   ᠮᠡᠳᠡᠭᠦᠯᠬᠦ ᠶᠢᠨ ᠬᠠᠮᠲᠤ ᠭᠠᠵᠠᠷ ᠬᠥᠳᠡᠯᠦᠯᠲᠡ ᠶᠢᠨ ᠭᠠᠮᠰᠢᠭ ᠡᠭᠦᠰᠦᠭᠰᠡᠨ ᠭᠠᠵᠠᠷ ᠤᠨ ᠬᠤᠰᠢᠭᠤ ᠰᠢᠶᠠᠨ ᠤ ᠱᠠᠲᠤᠨ ᠤ   ᠠᠷᠠᠳ ᠤᠨ ᠵᠠᠰᠠᠭ ᠤᠨ ᠣᠷᠳᠣᠨ ᠳᠤ ᠮᠡᠳᠡᠭᠳᠡᠬᠦ ᠬᠡᠷᠡᠭᠲᠡᠢ᠃             ᠭᠠᠵᠠᠷ ᠬᠥᠳᠡᠯᠦᠯᠲᠡ ᠶᠢᠨ ᠭᠠᠮᠰᠢᠭ ᠡᠭᠦᠰᠦᠭᠰᠡᠨ ᠭᠠᠵᠠᠷ ᠤᠨ ᠬᠤᠰᠢᠭᠤ ᠰᠢᠶᠠᠨ ᠤ ᠱᠠᠲᠤᠨ ᠤ ᠠᠷᠠᠳ ᠤᠨ   ᠵᠠᠰᠠᠭ ᠤᠨ ᠣᠷᠳᠣᠨ ᠭᠠᠵᠠᠷ ᠬᠥᠳᠡᠯᠦᠯᠲᠡ ᠶᠢᠨ ᠪᠠᠶᠢᠳᠠᠯ᠂ ᠭᠠᠮᠰᠢᠭ ᠤᠨ ᠪᠠᠶᠢᠳᠠᠯ ᠵᠡᠷᠭᠡ ᠮᠡᠳᠡᠭᠡ ᠵᠠᠩᠭᠢ ᠪᠠᠨ ᠳᠡᠭᠡᠷ᠎ᠡ   ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠬᠦ ᠶᠢᠨ ᠬᠠᠮᠳᠣ ᠳᠡᠭᠡᠷ᠎ᠡ ᠱᠠᠲᠤᠨ ᠤ ᠭᠠᠵᠠᠷ ᠬᠥᠳᠡᠯᠦᠯᠲᠡ᠂ ᠠᠷᠠᠳ ᠤᠨ ᠶᠠᠪᠤᠳᠠᠯ ᠵᠡᠷᠭᠡ ᠰᠠᠯᠠᠭ᠎ᠠ ᠮᠥᠴᠢᠷ ᠲᠤ ᠬᠠᠭᠤᠯᠤᠨ ᠬᠦᠷᠭᠡᠭᠦ ᠬᠡᠷᠡᠭᠲᠡᠢ᠃ ᠴᠢᠬᠤᠯᠠ ᠲᠠᠢ ᠦᠶᠡᠰ ᠱᠠᠲᠤ   ᠠᠯᠤᠰᠯᠠᠨ ᠮᠡᠳᠡᠭᠦᠯᠵᠦ ᠪᠣᠯᠣᠨ᠎ᠠ᠂ ᠣᠷᠣᠶ ᠮᠡᠳᠡᠭᠦᠯᠬᠦ᠂ ᠬᠠᠭᠤᠷᠮᠠᠭ ᠢᠶᠠᠷ ᠮᠡᠳᠡᠭᠦᠯᠬᠦ ᠪᠠ ᠮᠡᠳᠡᠭᠦᠯᠭᠦ ᠦᠭᠡᠢ ᠪᠠᠷ ᠨᠢᠭᠤᠵᠦ   ᠪᠣᠯᠬᠤ ᠦᠭᠡᠢ᠃         ᠭᠠᠵᠠᠷ ᠬᠥᠳᠡᠯᠦᠯᠲᠡ ᠶᠢᠨ ᠪᠠᠶᠢᠳᠠᠯ᠂ ᠭᠠᠮᠰᠢᠭ ᠤᠨ ᠪᠠᠶᠢᠳᠠᠯ ᠪᠠ ᠭᠠᠵᠠᠷ ᠬᠥᠳᠡᠯᠦᠯᠲᠡ ᠲᠠᠢ ᠲᠡᠮᠡᠴᠡᠵᠦ ᠭᠠᠮᠰᠢᠭ   ᠠᠴᠠ ᠠᠪᠤᠷᠠᠬᠤ ᠵᠡᠷᠭᠡ ᠮᠡᠳᠡᠭᠡ ᠵᠠᠩᠭᠢ ᠶᠢ ᠥᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠪᠤᠶᠤ   ᠠᠶᠢᠮᠠᠭ ᠤᠨ ᠵᠠᠬᠢᠷᠭ᠎ᠠ᠂ ᠲᠣᠭᠤᠷᠢᠭ ᠲᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠭᠠᠵᠠᠷ ᠬᠥᠳᠡᠯᠦᠯᠲᠡ ᠲᠠᠢ   ᠲᠡᠮᠡᠴᠡᠵᠦ ᠭᠠᠮᠰᠢᠭ ᠠᠴᠠ ᠠᠪᠤᠷᠠᠬᠤ ᠶᠢ ᠵᠢᠯᠣᠭᠤᠳᠬᠤ ᠪᠠᠶᠢᠭᠤᠯᠤᠮᠵᠢ ᠠᠴᠠ ᠨᠢᠭᠡᠳᠦᠯᠲᠡᠢ ᠨᠡᠶᠢᠲᠡᠯᠡᠨ᠎ᠡ᠃           ᠲᠦᠴᠢᠳᠦᠭᠡᠷ ᠵᠦᠢᠯ   ᠭᠠᠵᠠᠷ ᠬᠥᠳᠡᠯᠦᠯᠲᠡ ᠶᠢᠨ ᠭᠠᠮᠰᠢᠭ ᠡᠭᠦᠰᠦᠭᠰᠡᠨ ᠤ ᠳᠠᠷᠠᠭ᠎ᠠ᠂ ᠭᠠᠵᠠᠷ ᠬᠥᠳᠡᠯᠦᠯᠲᠡ ᠲᠠᠢ   ᠲᠡᠮᠡᠴᠡᠵᠦ ᠭᠠᠮᠰᠢᠭ ᠠᠴᠠ ᠠᠪᠤᠷᠠᠬᠤ ᠶᠢ ᠵᠢᠯᠣᠭᠤᠳᠬᠤ ᠪᠠᠶᠢᠭᠤᠯᠤᠮᠵᠢ ᠳᠠᠷᠤᠢ ᠳᠤᠨᠢ ᠬᠤᠯᠪᠣᠭᠳᠠᠯ ᠪᠦᠬᠦᠢ ᠰᠠᠯᠠᠭ᠎ᠠ   ᠮᠥᠴᠢᠷ ᠪᠠ ᠨᠢᠭᠡᠴᠡ ᠶᠢ ᠵᠣᠬᠢᠶᠠᠨ ᠪᠠᠶᠢᠭᠤᠯᠤᠨ ᠭᠠᠮᠰᠢᠭᠳᠠᠭᠰᠠᠨ ᠪᠠᠶᠢᠳᠠᠯ ᠢᠶᠠᠨ ᠳᠠᠷᠤᠢ ᠲᠦᠷᠭᠡᠨ ᠪᠠᠶᠢᠴᠠᠭᠠᠨ ᠲᠣᠳᠣᠯᠠᠵᠤ  ᠂ ᠭᠠᠵᠠᠷ ᠬᠥᠳᠡᠯᠦᠯᠲᠡ ᠶᠢᠨ ᠪᠠᠴᠢᠮ ᠪᠠᠶᠢᠳᠠᠯ ᠢ ᠠᠪᠤᠷᠠᠨ ᠲᠤᠰᠠᠯᠠᠬᠤ ᠬᠦᠴᠦᠨ ᠢᠶᠠᠨ ᠲᠣᠬᠢᠷᠠᠭᠤᠯᠬᠤ ᠲᠥᠰᠥᠯ ᠳᠤᠷᠠᠳᠴᠤ  ᠂ ᠭᠠᠵᠠᠷ ᠬᠥᠳᠡᠯᠦᠯᠲᠡ ᠲᠠᠢ ᠲᠡᠮᠡᠴᠡᠵᠦ ᠭᠠᠮᠰᠢᠭ ᠠᠴᠠ ᠠᠪᠤᠷᠠᠬᠤ ᠠᠵᠢᠯ ᠢ ᠥᠷᠨᠢᠭᠦᠯᠬᠦ ᠬᠡᠷᠡᠭᠲᠡᠢ᠃           ᠲᠦᠴᠢᠨ ᠨᠢᠭᠡᠳᠦᠭᠡᠷ ᠵᠦᠢᠯ   ᠥᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ   ᠵᠠᠬᠢᠷᠭ᠎ᠠ᠂ ᠲᠣᠭᠤᠷᠢᠭ ᠲᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠣᠯᠠᠨ ᠬᠡᠷᠡᠭᠴᠡᠭᠡ ᠲᠠᠢ᠂ ᠲᠤᠰᠬᠠᠢ   ᠲᠤᠰᠢᠶᠠᠯᠳᠣ ᠬᠢᠭᠡᠳ ᠲᠤᠰᠢᠶᠠᠯ ᠬᠠᠪᠰᠤᠷᠭᠠᠬᠤ ᠶᠢ ᠤᠶᠠᠯᠳᠤᠭᠤᠯᠬᠤ ᠵᠠᠷᠴᠢᠮ ᠶᠣᠰᠣᠭᠠᠷ ᠭᠠᠵᠠᠷ ᠬᠥᠳᠡᠯᠦᠯᠲᠡ ᠶᠢᠨ   ᠭᠠᠮᠰᠢᠭ ᠤᠨ ᠪᠠᠴᠢᠮ ᠪᠠᠶᠢᠳᠠᠯ ᠢ ᠠᠪᠤᠷᠠᠨ ᠲᠤᠰᠠᠯᠠᠬᠤ ᠡᠩᠨᠡᠭᠡ ᠶᠢ ᠪᠠᠶᠢᠭᠤᠯᠬᠤ ᠶᠢᠨ ᠬᠠᠮᠲᠤ ᠭᠠᠵᠠᠷ ᠬᠥᠳᠡᠯᠦᠯᠲᠡ ᠶᠢᠨ   ᠭᠠᠮᠰᠢᠭ ᠤᠨ ᠪᠠᠴᠢᠮ ᠪᠠᠶᠢᠳᠠᠯ ᠢ ᠠᠪᠤᠷᠠᠨ ᠲᠤᠰᠠᠯᠠᠬᠤ ᠡᠩᠨᠡᠭᠡ ᠳᠤ ᠬᠠᠮᠠᠭᠠᠯᠠᠯᠲᠠ ᠶᠢᠨ ᠲᠦᠬᠦᠭᠡᠷᠦᠮᠵᠢ ᠪᠠ ᠠᠪᠤᠷᠠᠨ   ᠲᠤᠰᠠᠯᠠᠬᠤ ᠬᠡᠷᠡᠭᠰᠡᠯ ᠢ ᠲᠣᠬᠢᠷᠠᠭᠤᠯᠵᠤ᠂ ᠠᠪᠤᠷᠠᠨ ᠲᠤᠰᠠᠯᠠᠬᠤ ᠮᠡᠷᠭᠡᠵᠢᠯ ᠤᠨ ᠪᠣᠯᠪᠠᠰᠤᠷᠠᠯ ᠪᠠ ᠦᠵᠡᠭᠦᠯᠦᠯᠭᠡ ᠶᠢ ᠵᠣᠬᠢᠶᠠᠨ   ᠪᠠᠶᠢᠭᠤᠯᠤᠨ ᠥᠷᠨᠢᠭᠦᠯᠵᠦ᠂ ᠠᠪᠤᠷᠠᠨ ᠲᠤᠰᠠᠯᠠᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃             ᠲᠦᠴᠢᠨ ᠬᠤᠶᠠᠳᠤᠭᠠᠷ ᠵᠦᠢᠯ   ᠭᠠᠵᠠᠷ ᠬᠥᠳᠡᠯᠦᠯᠲᠡ ᠶᠢᠨ ᠭᠠᠮᠰᠢᠭ ᠡᠭᠦᠰᠦᠭᠰᠡᠨ ᠤ ᠳᠠᠷᠠᠭ᠎ᠠ᠂ ᠡᠯ᠎ᠡ ᠱᠠᠲᠤᠨ ᠤ   ᠡᠯ᠎ᠡ ᠲᠥᠷᠥᠯ ᠤᠨ ᠭᠠᠵᠠᠷ ᠬᠥᠳᠡᠯᠦᠯᠲᠡ ᠶᠢᠨ ᠪᠠᠴᠢᠮ ᠪᠠᠶᠢᠳᠠᠯ ᠢ ᠠᠪᠤᠷᠠᠨ ᠲᠤᠰᠠᠯᠠᠬᠤ ᠲᠤᠰᠬᠠᠢ ᠡᠩᠨᠡᠭᠡ ᠳᠠᠷᠤᠢ ᠳᠤᠨᠢ   ᠪᠠᠴᠢᠮ ᠵᠠᠷᠯᠢᠭ ᠬᠦᠯᠢᠶᠡᠬᠦ ᠪᠠᠶᠢᠳᠠᠯ ᠳᠤ ᠣᠷᠣᠵᠤ᠂ ᠭᠠᠵᠠᠷ ᠬᠥᠳᠡᠯᠦᠯᠲᠡ ᠲᠠᠢ ᠲᠡᠮᠡᠴᠡᠵᠦ ᠭᠠᠮᠰᠢᠭ ᠠᠴᠠ ᠠᠪᠤᠷᠠᠬᠤ ᠶᠢ   ᠵᠢᠯᠣᠭᠤᠳᠬᠤ ᠪᠠᠶᠢᠭᠤᠯᠤᠮᠵᠢ ᠶᠢᠨ ᠨᠢᠭᠡᠳᠦᠯᠲᠡᠢ ᠪᠠᠶᠢᠷᠢᠯᠠᠭᠤᠯᠤᠯᠲᠠ ᠪᠠ ᠲᠣᠬᠢᠷᠠᠭᠤᠯᠳᠠ ᠶᠣᠰᠣᠭᠠᠷ ᠭᠠᠵᠠᠷ   ᠬᠥᠳᠡᠯᠦᠯᠲᠡ ᠶᠢᠨ ᠭᠠᠮᠰᠢᠭᠳᠠᠭᠰᠠᠨ ᠣᠷᠣᠨ ᠳᠤ ᠬᠦᠷᠴᠦ ᠠᠪᠤᠷᠠᠨ ᠲᠤᠰᠠᠯᠠᠬᠤ ᠬᠡᠷᠡᠭᠲᠡᠢ᠃           ᠭᠠᠵᠠᠷ ᠬᠥᠳᠡᠯᠦᠯᠲᠡ ᠶᠢᠨ ᠭᠠᠮᠰᠢᠭ ᠢ ᠪᠠᠴᠢᠮ ᠠᠪᠤᠷᠠᠬᠤ ᠡᠩᠨᠡᠭᠡ ᠠᠪᠤᠷᠠᠨ ᠲᠤᠰᠠᠯᠠᠬᠤ ᠦᠶᠡᠰ᠂ ᠤᠷᠢᠳᠠᠪᠠᠷ   ᠨᠤᠷᠠᠭᠰᠠᠨ ᠪᠠᠷᠢᠯᠭ᠎ᠠ ᠳᠣᠲᠣᠷ᠎ᠠ ᠳᠠᠷᠤᠭᠳᠠᠭᠰᠠᠨ ᠬᠥᠮᠥᠰ ᠢ ᠪᠠᠴᠢᠮ ᠠᠪᠤᠷᠠᠨ ᠲᠤᠰᠠᠯᠠᠬᠤ ᠬᠡᠷᠡᠭᠲᠡᠢ᠃                       ᠲᠠᠪᠤᠳᠤᠭᠠᠷ ᠪᠦᠯᠦᠭ ᠭᠠᠵᠠᠷ ᠬᠥᠳᠡᠯᠦᠯᠲᠡ ᠶᠢᠨ ᠭᠠᠮᠰᠢᠭ ᠤᠨ ᠳᠠᠷᠠᠭ᠎ᠠ ᠰᠢᠯᠵᠢᠯᠲᠡ ᠶᠢᠨ ᠴᠢᠨᠠᠷᠲᠠᠢ   ᠲᠦᠪᠬᠢᠨᠡᠭᠦᠯᠭᠦ ᠪᠠ ᠰᠡᠷᠭᠦᠭᠡᠨ ᠳᠠᠬᠢᠨ ᠪᠦᠳᠦᠭᠡᠨ ᠪᠠᠶᠢᠭᠤᠯᠬᠤ                   ᠲᠦᠴᠢᠨ ᠭᠤᠷᠪᠠᠳᠤᠭᠠᠷ ᠵᠦᠢᠯ   ᠡᠪᠳᠡᠯᠭᠡ ᠶᠢᠨ ᠴᠢᠨᠠᠷᠲᠠᠢ ᠭᠠᠵᠠᠷ ᠬᠥᠳᠡᠯᠦᠭᠰᠡᠨ ᠤ ᠳᠠᠷᠠᠭ᠎ᠠ᠂ ᠥᠪᠡᠷᠳᠡᠭᠡᠨ   ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠳᠠᠷᠤᠢ ᠳᠤᠨᠢ ᠭᠠᠵᠠᠷ ᠬᠥᠳᠡᠯᠦᠯᠲᠡ ᠶᠢᠨ ᠭᠠᠮᠰᠢᠭ ᠤᠨ ᠬᠤᠬᠢᠷᠠᠯ ᠢ   ᠪᠠᠶᠢᠴᠠᠭᠠᠵᠤ ᠦᠨᠡᠯᠡᠬᠦ ᠬᠡᠷᠡᠭᠲᠡᠢ᠃           ᠭᠠᠵᠠᠷ ᠬᠥᠳᠡᠯᠦᠯᠲᠡ ᠶᠢᠨ ᠭᠠᠮᠰᠢᠭ ᠤᠨ ᠬᠤᠬᠢᠷᠠᠯ ᠢ ᠪᠠᠶᠢᠴᠠᠭᠠᠨ ᠦᠨᠡᠯᠡᠬᠦ ᠪᠣᠳᠠᠲᠠᠢ ᠠᠵᠢᠯ ᠢ ᠥᠪᠡᠷᠳᠡᠭᠡᠨ   ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠤ ᠭᠠᠵᠠᠷ ᠬᠥᠳᠡᠯᠦᠯᠲᠡ ᠶᠢᠨ ᠠᠵᠢᠯ ᠢ ᠭᠤᠣᠯᠯᠠᠨ ᠬᠠᠮᠢᠶᠠᠷᠬᠤ   ᠰᠠᠯᠠᠭ᠎ᠠ ᠮᠥᠴᠢᠷ ᠪᠠ ᠡᠳ᠋ ᠤᠨ ᠵᠠᠰᠠᠭ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂   ᠠᠷᠠᠳ ᠤᠨ ᠶᠠᠪᠤᠳᠠᠯ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠯᠤᠰ ᠪᠠ ᠥᠪᠡᠷᠳᠡᠭᠡᠨ ᠵᠠᠰᠠᠬᠤ ᠤᠷᠤᠨ ᠤ   ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠡᠭᠦᠷᠭᠡᠯᠡᠨ᠎ᠡ᠃           ᠲᠦᠴᠢᠨ ᠲᠥᠷᠪᠡᠳᠦᠭᠡᠷ ᠵᠦᠢᠯ   ᠭᠠᠵᠠᠷ ᠬᠦᠳᠡᠯᠦᠯᠲᠡ ᠶᠢᠨ ᠭᠠᠮᠰᠢᠭ ᠤᠨ ᠬᠤᠬᠢᠷᠠᠯ ᠢ ᠪᠠᠶᠢᠴᠠᠭᠠᠨ ᠦᠨᠡᠯᠡᠭᠰᠡᠨ   ᠮᠡᠳᠡᠭᠦᠯᠦᠯᠲᠡ ᠶᠢ ᠥᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠭᠠᠵᠠᠷ ᠬᠦᠳᠡᠯᠦᠯᠲᠡ ᠶᠢᠨ   ᠭᠠᠮᠰᠢᠭ ᠤᠨ ᠬᠤᠬᠢᠷᠠᠯ ᠢ ᠪᠠᠶᠢᠴᠠᠭᠠᠨ ᠦᠨᠡᠯᠡᠭᠦ ᠲᠤᠰᠬᠠᠢ ᠬᠥᠮᠥᠰ ᠢᠶᠠᠷ ᠬᠢᠨᠠᠨ ᠲᠤᠭᠳᠠᠭᠠᠯᠭᠠᠵᠦ᠂ ᠥᠪᠡᠷᠳᠡᠭᠡᠨ ᠵᠠᠰᠠᠬᠤ   ᠤᠷᠤᠨ ᠤ ᠠᠷᠠᠳ ᠤᠨ ᠵᠠᠰᠠᠭ ᠤᠨ ᠤᠷᠳᠤᠨ ᠢᠶᠠᠷ ᠵᠦᠪᠰᠢᠶᠡᠷᠡᠭᠦᠯᠦᠭᠰᠡᠨ ᠤ ᠳᠠᠷᠠᠭ᠎ᠠ᠂ ᠲᠦᠷᠦ ᠶᠢᠨ ᠶᠠᠪᠤᠳᠠᠯ ᠤᠨ   ᠬᠤᠷᠢᠶ᠎ᠠ ᠳᠤ ᠮᠡᠳᠡᠭᠦᠯᠦᠨ ᠬᠦᠷᠭᠡᠨ᠎ᠡ᠃           ᠭᠠᠵᠠᠷ ᠬᠥᠳᠡᠯᠦᠯᠲᠡ ᠳᠤ ᠭᠠᠮᠰᠢᠭᠳᠠᠭᠰᠠᠨ ᠣᠷᠣᠨ ᠤ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠭᠠᠵᠠᠷ   ᠬᠥᠳᠡᠯᠦᠯᠲᠡ ᠶᠢᠨ ᠭᠠᠮᠰᠢᠭ ᠤᠨ ᠬᠤᠬᠢᠷᠠᠯ ᠢ ᠪᠠᠶᠢᠴᠠᠭᠠᠨ ᠦᠨᠡᠯᠡᠬᠦ ᠠᠵᠢᠯ ᠢ ᠳᠡᠮᠵᠢᠵᠦ᠂ ᠬᠠᠮᠵᠢᠵᠤ᠂ ᠦᠨᠡᠨ ᠪᠣᠳᠠᠲᠠᠢ   ᠨᠠᠶᠢᠳᠠᠪᠤᠷᠢᠲᠠᠢ ᠮᠠᠲ᠋ᠧᠷᠢᠶᠠᠯ ᠪᠠ ᠴᠢᠬᠤᠯᠠ ᠪᠦᠬᠦᠢ ᠠᠮᠢᠳᠤᠷᠠᠯ᠂ ᠵᠠᠮ ᠬᠠᠷᠢᠯᠴᠠᠭᠠᠨ ᠤ ᠨᠥᠬᠦᠴᠡᠯ ᠤᠨ ᠪᠠᠲᠤᠯᠠᠭ᠎ᠠ   ᠬᠠᠩᠭᠠᠬᠤ ᠬᠡᠷᠡᠭᠲᠡᠢ᠃         ᠲᠦᠴᠢᠨ ᠲᠠᠪᠤᠳᠤᠭᠠᠷ ᠵᠦᠢᠯ   ᠭᠠᠵᠠᠷ ᠬᠥᠳᠡᠯᠦᠯᠲᠡ ᠳᠤ ᠭᠠᠮᠰᠢᠭᠳᠠᠭᠰᠠᠨ ᠣᠷᠣᠨ ᠤ ᠡᠯ᠎ᠡ ᠱᠠᠲᠤᠨ ᠤ ᠠᠷᠠᠳ ᠤᠨ   ᠵᠠᠰᠠᠭ ᠤᠨ ᠣᠷᠳᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠭᠠᠮᠰᠢᠭᠳᠠᠭᠰᠠᠨ ᠣᠯᠠᠨ ᠲᠦᠮᠡᠨ ᠢ   ᠰᠢᠯᠵᠢᠯᠲᠡ ᠶᠢᠨ ᠴᠢᠨᠠᠷᠲᠠᠢ ᠲᠦᠪᠬᠢᠨᠡᠭᠦᠯᠭᠦ ᠠᠵᠢᠯ ᠢ ᠰᠠᠶᠢᠲᠤᠷ ᠬᠢᠵᠦ᠂ ᠭᠠᠮᠰᠢᠭ ᠢ ᠰᠡᠷᠭᠡᠶᠢᠯᠡᠬᠦ᠂ ᠬᠢᠵᠢᠭ ᠰᠡᠷᠭᠡᠶᠢᠯᠡᠬᠦ   ᠵᠣᠬᠢᠴᠠᠩᠭᠤᠢ ᠠᠷᠭ᠎ᠠ ᠬᠡᠮᠵᠢᠶ᠎ᠡ ᠠᠪᠴᠤ ᠪᠠᠶᠢᠭᠠᠳ᠂ ᠴᠢᠬᠤᠯᠠ ᠪᠦᠬᠦᠢ ᠰᠠᠭᠤᠷᠢ ᠲᠦᠬᠦᠭᠡᠷᠦᠮᠵᠢ ᠪᠠ ᠣᠯᠠᠨ ᠨᠡᠶᠢᠲᠡ ᠶᠢᠨ   ᠦᠢᠯᠡᠴᠢᠯᠡᠭᠡᠨ ᠤ ᠪᠡᠯᠡᠳᠭᠡᠯ ᠲᠦᠬᠦᠭᠡᠷᠦᠮᠵᠢ ᠶᠢ ᠲᠥᠬᠦᠷᠵᠢᠭᠦᠯᠦᠨ ᠪᠠᠶᠢᠭᠤᠯᠵᠤ᠂ ᠭᠠᠮᠰᠢᠭᠳᠠᠭᠰᠠᠨ ᠣᠯᠠᠨ ᠲᠦᠮᠡᠨ ᠤ   ᠠᠮᠤᠷ ᠲᠦᠪᠰᠢᠨ ᠪᠠ ᠦᠨᠳᠦᠰᠦᠨ ᠠᠮᠢᠳᠤᠷᠠᠯ ᠤᠨ ᠬᠡᠷᠡᠭᠴᠡᠭᠡ ᠶᠢ ᠪᠠᠲᠤᠯᠠᠬᠤ ᠶᠢᠨ ᠬᠠᠮᠲᠤ ᠭᠠᠮᠰᠢᠭᠳᠠᠭᠰᠠᠨ ᠣᠯᠠᠨ   ᠲᠦᠮᠡᠨ ᠪᠠ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠦᠢᠯᠡᠳᠪᠦᠷᠢᠯᠡᠯ ᠢᠶᠠᠷ ᠥᠪᠡᠷ ᠢ ᠪᠠᠨ ᠠᠪᠤᠷᠠᠬᠤ ᠠᠵᠢᠯ ᠢ   ᠥᠷᠨᠢᠭᠦᠯᠵᠦ᠂ ᠰᠤᠷᠭᠠᠭᠤᠯᠢ ᠶᠢᠨ ᠬᠢᠴᠢᠶᠡᠯ ᠬᠥᠮᠥᠵᠢᠯ ᠤᠨ ᠡᠮᠬᠢ ᠵᠢᠷᠤᠮ ᠢ ᠳᠠᠷᠤᠢ ᠲᠦᠷᠭᠡᠨ ᠰᠡᠷᠭᠦᠭᠡᠬᠦ ᠬᠡᠷᠡᠭᠲᠡᠢ᠃         ᠭᠠᠵᠠᠷ ᠬᠥᠳᠡᠯᠦᠯᠲᠡ ᠳᠤ ᠭᠠᠮᠰᠢᠭᠳᠠᠭᠰᠠᠨ ᠣᠷᠣᠨ ᠤ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ   ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠡᠶᠢᠭᠡᠮ ᠤᠨ ᠪᠦᠯᠬᠦᠮ ᠢ ᠵᠣᠬᠢᠶᠠᠨ ᠪᠠᠶᠢᠭᠤᠯᠤᠨ ᠭᠠᠮᠰᠢᠭᠳᠠᠭᠰᠠᠨ ᠣᠯᠠᠨ   ᠲᠦᠮᠡᠨ ᠳᠤ ᠰᠡᠳᠬᠢᠯᠭᠡ ᠶᠢᠨ ᠳᠡᠮᠵᠢᠯᠭᠡ ᠦᠵᠡᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠢ᠃           ᠲᠦᠴᠢᠨ ᠵᠢᠷᠭᠤᠳᠤᠭᠠᠷ ᠵᠦᠢᠯ     ᠰᠢᠯᠵᠢᠯᠲᠡ ᠶᠢᠨ ᠴᠢᠨᠠᠷᠲᠠᠢ ᠲᠦᠪᠢᠨᠡᠭᠦᠯᠭᠦ ᠳᠤ ᠬᠡᠷᠡᠭᠰᠡᠬᠦ ᠭᠠᠵᠠᠷ ᠢ ᠲᠦᠷ ᠴᠠᠭ   ᠬᠡᠷᠡᠭᠯᠡᠬᠦ ᠭᠠᠵᠠᠷ ᠶᠣᠰᠣᠭᠠᠷ ᠲᠣᠬᠢᠷᠠᠭᠤᠯᠵᠤ᠂ ᠤᠷᠢᠳᠠᠪᠠᠷ ᠬᠡᠷᠡᠭᠯᠡᠵᠦ᠂ ᠳᠠᠷᠠᠭ᠎ᠠ ᠳᠤᠨᠢ ᠬᠠᠤᠯᠢ ᠶᠣᠰᠣᠭᠠᠷ ᠬᠠᠮᠢᠶ᠎ᠠ ᠪᠦᠬᠦᠢ   ᠭᠠᠷᠳᠠᠮ ᠢ ᠭᠦᠢᠴᠡᠳᠬᠡᠵᠦ ᠪᠣᠯᠣᠨ᠎ᠠ︔ ᠬᠤᠭᠤᠴᠠᠭ᠎ᠠ ᠨᠢ ᠲᠤᠯᠤᠭᠠᠳ ᠤᠷᠲᠤ ᠬᠤᠭᠤᠴᠠᠭ᠎ᠠ ᠬᠡᠷᠡᠭᠯᠡᠬᠦ ᠭᠠᠵᠠᠷ ᠪᠣᠯᠭᠠᠵᠤ   ᠬᠤᠪᠢᠷᠠᠭᠤᠯᠣᠭᠰᠠᠨ ᠦᠭᠡᠢ ᠪᠣᠯ ᠲᠠᠷᠢᠶᠠᠯᠠᠬᠤ ᠶᠢ ᠨᠢ ᠰᠡᠷᠭᠦᠭᠡᠭᠰᠡᠨ ᠤ ᠳᠠᠷᠠᠭ᠎ᠠ ᠤᠤᠯ ᠬᠡᠷᠡᠭᠯᠡᠭᠴᠢ ᠳᠤᠨᠢ ᠪᠤᠴᠠᠭᠠᠬᠤ   ᠬᠡᠷᠡᠭᠲᠡᠢ᠃ ᠰᠢᠯᠵᠢᠯᠲᠡ ᠶᠢᠨ ᠴᠢᠨᠠᠷᠲᠠᠢ ᠲᠦᠪᠢᠨᠡᠭᠦᠯᠭᠦ ᠠᠵᠢᠯ ᠢ ᠬᠢᠬᠦ ᠳᠤ ᠲᠠᠷᠢᠶᠠᠨ ᠭᠠᠵᠠᠷ ᠢ ᠬᠠᠮᠠᠭᠠᠯᠠᠬᠤ ᠶᠢᠨ ᠬᠠᠮᠲᠤ   ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠬᠢᠭᠡᠳ   ᠠᠮᠢ ᠠᠬᠤᠢ ᠬᠡᠪᠡᠷᠡᠭ ᠣᠷᠣᠨ ᠳᠤ ᠡᠪᠳᠡᠯᠡᠭᠡ ᠤᠴᠠᠷᠠᠭᠤᠯᠬᠤ ᠠᠴᠠ ᠵᠠᠶᠢᠯᠠᠰᠬᠢᠬᠦ ᠬᠡᠷᠡᠭᠲᠡᠢ᠃         ᠲᠦᠴᠢᠨ ᠲᠤᠯᠤᠳᠤᠭᠠᠷ ᠵᠦᠢᠯ   ᠣᠨᠴᠠ ᠬᠦᠨᠳᠦ ᠭᠠᠵᠠᠷ ᠬᠥᠳᠡᠯᠦᠯᠲᠡ ᠶᠢᠨ ᠭᠠᠮᠰᠢᠭ ᠡᠭᠦᠰᠦᠭᠰᠡᠨ ᠤ ᠳᠠᠷᠠᠭ᠎ᠠ᠂   ᠥᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ   ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ᠂ ᠭᠠᠵᠠᠷ ᠬᠥᠳᠡᠯᠦᠯᠲᠡ ᠶᠢᠨ ᠭᠠᠮᠰᠢᠭ ᠤᠨ ᠳᠠᠷᠠᠭ᠎ᠠ ᠰᠡᠷᠭᠦᠭᠡᠨ ᠳᠠᠬᠢᠨ   ᠪᠦᠳᠦᠭᠡᠨ ᠪᠠᠶᠢᠭᠤᠯᠬᠤ ᠲᠥᠯᠥᠪᠵᠢᠭᠦᠯᠭᠡ ᠶᠢ ᠨᠠᠶᠢᠷᠠᠭᠤᠯᠤᠨ᠎ᠠ᠃ ᠬᠦᠨᠳᠦ ᠶᠡᠭᠡ᠂ ᠨᠡᠯᠢᠶᠡᠳ ᠶᠡᠭᠡ ᠬᠢᠭᠡᠳ ᠡᠩ ᠤᠨ   ᠭᠠᠵᠠᠷ ᠬᠥᠳᠡᠯᠦᠯᠲᠡ ᠶᠢᠨ ᠭᠠᠮᠰᠢᠭ ᠡᠭᠦᠰᠦᠭᠰᠡᠨ ᠤ ᠳᠠᠷᠠᠭ᠎ᠠ ᠥᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ   ᠣᠷᠳᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠰᠠᠯᠠᠭ᠎ᠠ ᠮᠥᠴᠢᠷ ᠬᠤᠯᠪᠣᠭᠳᠠᠯ ᠪᠦᠬᠦᠢ ᠰᠠᠯᠠᠭ᠎ᠠ ᠮᠥᠴᠢᠷ ᠢ   ᠵᠣᠬᠢᠶᠠᠨ ᠪᠠᠶᠢᠭᠤᠯᠤᠨ ᠭᠠᠵᠠᠷ ᠬᠥᠳᠡᠯᠦᠯᠲᠡ ᠳᠤ ᠭᠠᠮᠰᠢᠭᠳᠠᠭᠰᠠᠨ ᠣᠷᠣᠨ ᠤ ᠠᠶᠢᠮᠠᠭ ᠬᠤᠲᠠ ᠲᠠᠢ ᠬᠠᠮᠵᠢᠯᠴᠠᠵᠤ   ᠪᠠᠶᠢᠭᠠᠳ ᠭᠠᠵᠠᠷ ᠬᠥᠳᠡᠯᠦᠯᠲᠡ ᠶᠢᠨ ᠭᠠᠮᠰᠢᠭ ᠤᠨ ᠳᠠᠷᠠᠭ᠎ᠠ ᠰᠡᠷᠭᠦᠭᠡᠨ ᠳᠠᠬᠢᠨ ᠪᠦᠳᠦᠭᠡᠨ ᠪᠠᠶᠢᠭᠤᠯᠬᠤ ᠲᠥᠯᠥᠪᠵᠢᠭᠦᠯᠭᠡ   ᠨᠠᠶᠢᠷᠠᠭᠤᠯᠵᠤ᠂ ᠥᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ   ᠵᠥᠪᠰᠢᠶᠡᠷᠡᠭᠦᠯᠦᠭᠰᠡᠨ ᠤ ᠳᠠᠷᠠᠭ᠎ᠠ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃           ᠭᠠᠵᠠᠷ ᠬᠥᠳᠡᠯᠦᠯᠲᠡ ᠶᠢᠨ ᠭᠠᠮᠰᠢᠭ ᠤᠨ ᠳᠠᠷᠠᠭ᠎ᠠ ᠰᠡᠷᠭᠦᠭᠡᠨ ᠳᠠᠬᠢᠨ ᠪᠦᠳᠦᠭᠡᠨ ᠪᠠᠶᠢᠭᠤᠯᠬᠤ ᠲᠥᠯᠥᠪᠵᠢᠭᠦᠯᠭᠡ ᠶᠢ   ᠨᠠᠶᠢᠷᠠᠭᠤᠯᠬᠤ ᠳᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠡ᠂ ᠲᠤᠰᠬᠠᠢ ᠮᠡᠷᠭᠡᠵᠢᠯᠲᠡᠨ ᠪᠠ ᠣᠯᠠᠨ ᠲᠦᠮᠡᠨ   ᠣᠨᠴᠠᠭᠠᠶᠢᠯᠠᠨ ᠭᠠᠵᠠᠷ ᠬᠦᠳᠡᠯᠦᠯᠲᠡ ᠳᠤ ᠭᠠᠮᠰᠢᠭᠳᠠᠭᠰᠠᠨ ᠣᠷᠣᠨ ᠤ ᠣᠯᠠᠨ ᠲᠦᠮᠡᠨ ᠤ ᠰᠠᠨᠠᠯ ᠢ ᠰᠣᠨᠣᠰᠬᠤ ᠬᠡᠷᠡᠭᠲᠡᠢ︔   ᠴᠢᠬᠤᠯᠠ ᠶᠡᠭᠡ ᠵᠦᠢᠯᠡᠰ ᠢ ᠪᠣᠯ ᠬᠠᠮᠢᠶ᠎ᠠ ᠪᠦᠬᠦᠢ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠲᠤᠰᠬᠠᠢ ᠰᠡᠳᠦᠪ ᠢᠶᠠᠷ   ᠨᠤᠲᠠᠯᠠᠭᠤᠯᠬᠤ ᠬᠡᠷᠡᠭᠲᠡᠢ᠃ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠴᠤᠭᠯᠠᠷᠠᠨ ᠰᠠᠭᠤᠷᠢᠰᠢᠭᠰᠠᠨ ᠭᠠᠵᠠᠷ ᠤᠨ   ᠭᠠᠵᠠᠷ ᠬᠥᠳᠡᠯᠦᠯᠲᠡ ᠶᠢᠨ ᠭᠠᠮᠰᠢᠭ ᠤᠨ ᠳᠠᠷᠠᠭ᠎ᠠ ᠰᠡᠷᠭᠦᠭᠡᠨ ᠳᠠᠬᠢᠨ ᠪᠦᠳᠦᠭᠡᠨ ᠪᠠᠶᠢᠭᠤᠯᠬᠤ ᠠᠵᠢᠯ ᠨᠢ ᠲᠤᠬᠠᠢ ᠶᠢᠨ   ᠭᠠᠵᠠᠷ ᠤᠨ ᠣᠯᠠᠨ ᠲᠦᠮᠡᠨ ᠤ ᠰᠠᠨᠠᠯ ᠬᠦᠰᠡᠯ ᠢ ᠬᠦᠨᠳᠦᠳᠬᠡᠬᠦ ᠬᠡᠷᠡᠭᠲᠡᠢ᠃           ᠲᠦᠴᠢᠨ ᠨᠠᠢᠮᠠᠳᠤᠭᠠᠷ ᠵᠦᠢᠯ   ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ   ᠰᠠᠯᠠᠭ᠎ᠠ ᠮᠥᠴᠢᠷ ᠭᠠᠮᠰᠢᠭᠳᠠᠭᠰᠠᠨ ᠣᠯᠠᠨ ᠲᠦᠮᠡᠨ ᠳᠤ ᠠᠵᠢᠯ ᠣᠯᠭᠤᠬᠤ ᠠᠵᠢᠯ ᠢ ᠰᠠᠶᠢᠲᠤᠷ ᠬᠢᠵᠦ᠂ ᠠᠵᠤ ᠠᠬᠤᠶᠢᠯᠠᠯ᠂   ᠠᠵᠢᠯ ᠦᠢᠯᠡᠰ ᠤᠨ ᠨᠢᠭᠡᠴᠡ ᠨᠥᠬᠦᠴᠡᠯ ᠳᠤ ᠲᠣᠬᠢᠷᠠᠭᠰᠠᠨ ᠭᠠᠮᠰᠢᠭᠳᠠᠭᠰᠠᠨ ᠣᠯᠠᠨ ᠲᠦᠮᠡᠨ ᠳᠤ ᠤᠷᠢᠳᠠᠪᠠᠷ ᠠᠵᠢᠯ   ᠣᠯᠭᠤᠬᠤ ᠶᠢ ᠵᠣᠷᠢᠬᠵᠢᠭᠤᠯᠤᠨ᠎ᠠ᠃             ᠵᠢᠷᠭᠤᠳᠤᠭᠠᠷ ᠪᠦᠯᠦᠭ ᠬᠢᠨᠠᠯᠲᠠ ᠬᠠᠮᠢᠶᠠᠷᠤᠯᠲᠠ                     ᠲᠦᠴᠢ ᠶᠢᠰᠦᠳᠦᠭᠡᠷ ᠵᠦᠢᠯ   ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ   ᠬᠢᠭᠡᠳ ᠲᠡᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠳᠣᠣᠷᠠᠬᠢ ᠵᠦᠢᠯᠡᠰ ᠲᠤ ᠬᠠᠤᠯᠢ ᠶᠣᠰᠣᠭᠠᠷ ᠬᠢᠨᠠᠯᠲᠠ ᠲᠠᠯᠪᠢᠨ   ᠪᠠᠶᠢᠴᠠᠭᠠᠬᠤ ᠬᠡᠷᠡᠭᠲᠡᠢ᠄         ︵ᠨᠢᠭᠡ︶ ᠭᠠᠵᠠᠷ ᠬᠥᠳᠡᠯᠦᠯᠲᠡ ᠶᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠲᠥᠯᠥᠪᠵᠢᠭᠦᠯᠭᠡ ᠶᠢ ᠨᠠᠶᠢᠷᠠᠭᠤᠯᠬᠤ   ᠪᠠ ᠬᠡᠷᠡᠭᠵᠢᠭᠦᠯᠬᠦ︔         ︵ᠬᠤᠶᠠᠷ︶ ᠵᠣᠬᠢᠶᠠᠨ ᠪᠠᠶᠢᠭᠤᠯᠤᠯᠳᠠ ᠶᠢᠨ ᠪᠠᠶᠢᠭᠤᠯᠤᠮᠵᠢ ᠶᠢ ᠪᠠᠶᠢᠭᠤᠯᠬᠤ ᠪᠠ ᠵᠠᠷᠤᠳᠠᠯ ᠪᠡᠯᠡ ᠣᠷᠤᠭᠤᠯᠤᠯᠲᠠ︔             ︵ᠭᠤᠷᠪᠠ︶ ᠭᠠᠵᠠᠷ ᠬᠥᠳᠡᠯᠦᠯᠲᠡ ᠶᠢ ᠬᠢᠨᠠᠨ ᠬᠡᠮᠵᠢᠬᠦ ᠪᠡᠯᠡᠳᠭᠡᠯ ᠲᠦᠬᠦᠭᠡᠷᠦᠮᠵᠢ ᠶᠢ ᠪᠦᠲᠦᠭᠡᠨ ᠪᠠᠶᠢᠭᠤᠯᠬᠤ ᠪᠠ   ᠰᠢᠨᠵᠢᠨ ᠬᠡᠮᠵᠢᠭᠦ ᠣᠷᠴᠢᠨ ᠲᠣᠭᠤᠷᠢᠨ ᠢ ᠬᠠᠮᠠᠭᠠᠯᠠᠬᠤ︔         ︵ᠳᠥᠷᠪᠡ︶ ᠭᠠᠵᠠᠷ ᠬᠥᠳᠡᠯᠦᠯᠲᠡ ᠶᠢ ᠪᠠᠴᠢᠮ ᠠᠷᠭᠠᠴᠠᠬᠤ ᠲᠥᠰᠥᠯ ᠢ ᠨᠠᠶᠢᠷᠠᠭᠤᠯᠬᠤ᠂ ᠪᠣᠯᠪᠠᠰᠤᠷᠠᠯ ᠬᠦᠷᠲᠡᠭᠡᠬᠦ  ᠂ ᠦᠵᠡᠭᠦᠯᠦᠯᠭᠡ ᠬᠢᠬᠦ︔           ︵ᠲᠠᠪᠤ︶ ᠭᠠᠵᠠᠷ ᠬᠥᠳᠡᠯᠦᠯᠲᠡ ᠶᠢᠨ ᠭᠠᠮᠰᠢᠭ ᠠᠴᠠ ᠪᠠᠴᠢᠮ ᠠᠪᠤᠷᠠᠬᠤ ᠡᠩᠨᠡᠭᠡ ᠶᠢᠨ ᠪᠠᠶᠢᠭᠤᠯᠤᠯᠲᠠ ᠪᠠ   ᠪᠣᠯᠪᠠᠰᠤᠷᠠᠯ︔       ︵ᠵᠢᠷᠭᠤᠭ᠎ᠠ︶ ᠭᠠᠵᠠᠷ ᠬᠥᠳᠡᠯᠦᠯᠲᠡ ᠶᠢᠨ ᠪᠠᠴᠢᠮ ᠪᠠᠶᠢᠳᠠᠯ ᠳᠣᠣᠷ᠎ᠠ ᠠᠶᠤᠯ ᠠᠴᠠ ᠵᠠᠶᠢᠯᠠᠬᠤ᠂ ᠠᠪᠤᠷᠠᠨ   ᠲᠤᠰᠠᠯᠠᠬᠤ ᠪᠣᠯᠪᠠᠰᠤᠷᠠᠯ ᠬᠢᠬᠦ︔           ︵ᠳᠣᠯᠤᠭ᠎ᠠ︶ ᠭᠠᠵᠠᠷ ᠬᠥᠳᠡᠯᠦᠯᠲᠡ ᠶᠢᠨ ᠪᠠᠴᠢᠮ ᠪᠠᠶᠢᠳᠠᠯ ᠠᠴᠠ ᠵᠠᠶᠢᠯᠠᠵᠤ ᠳᠠᠯᠳᠠᠯᠠᠬᠤ ᠳᠠᠯᠠᠪᠠᠢ ᠲᠠᠯᠠᠪᠤᠷ ᠤᠨ   ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ︔         ︵ᠨᠠᠢᠮᠠ︶ ᠭᠠᠵᠠᠷ ᠬᠥᠳᠡᠯᠦᠯᠲᠡ ᠲᠠᠢ ᠲᠡᠮᠡᠴᠡᠵᠦ ᠭᠠᠮᠰᠢᠭ ᠠᠴᠠ ᠠᠪᠤᠷᠠᠬᠤ ᠡᠳ᠋ ᠪᠣᠳᠠᠰ ᠪᠠ ᠠᠪᠤᠷᠠᠨ   ᠲᠤᠰᠠᠯᠠᠬᠤ ᠬᠡᠷᠡᠭᠰᠡᠯ ᠢ ᠬᠠᠳᠠᠭᠠᠯᠠᠬᠤ︔         ︵ᠶᠢᠰᠦ︶ ᠭᠠᠵᠠᠷ ᠬᠥᠳᠡᠯᠦᠯᠲᠡ ᠶᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠮᠡᠳᠡᠯᠭᠡ ᠶᠢᠨ ᠤᠬᠠᠭᠤᠯᠭ᠎ᠠ ᠬᠥᠮᠥᠵᠢᠯ  ︔           ︵ᠠᠷᠪᠠ︶ ᠭᠠᠵᠠᠷ ᠬᠥᠳᠡᠯᠦᠯᠲᠡ ᠶᠢ ᠭᠤᠣᠯᠳᠠᠯᠭ᠎ᠠ ᠲᠠᠢ ᠬᠢᠨᠠᠨ ᠰᠡᠷᠭᠡᠶᠢᠯᠡᠬᠦ ᠣᠷᠣᠨ ᠤ ᠭᠠᠵᠠᠷ ᠬᠥᠳᠡᠯᠦᠯᠲᠡ ᠶᠢ   ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠤᠨ ᠠᠷᠭ᠎ᠠ ᠪᠠᠷᠢᠯ ᠢᠶᠠᠨ ᠴᠢᠩᠭᠠᠳᠬᠠᠬᠤ︔         ︵ᠠᠷᠪᠠᠨ ᠨᠢᠭᠡ︶ ᠬᠢᠨᠠᠨ ᠪᠠᠶᠢᠴᠠᠭᠠᠬᠤ ᠴᠢᠬᠤᠯᠠ ᠲᠠᠢ ᠪᠤᠰᠤᠳ ᠵᠦᠢᠯᠡᠰ᠃           ᠲᠠᠪᠢᠳᠤᠭᠠᠷ ᠵᠦᠢᠯ   ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠣᠷᠣᠨ   ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠵᠠᠮ ᠬᠠᠷᠢᠯᠴᠠᠭ᠎ᠠ᠂ ᠲᠡᠮᠦᠷ ᠵᠠᠮ᠂ ᠤᠰᠤᠨ   ᠠᠰᠢᠭᠯᠠᠯᠲᠠ᠂ ᠴᠠᠬᠢᠯᠭᠠᠨ ᠬᠦᠴᠦᠨ᠂ ᠭᠠᠵᠠᠷ ᠬᠥᠳᠡᠯᠦᠯᠲᠡ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤᠰᠢᠶᠠᠯ   ᠬᠠᠷᠢᠭᠤᠴᠠᠯᠭ᠎ᠠ ᠶᠢᠨ ᠬᠤᠪᠢᠶᠠᠷᠢ ᠶᠣᠰᠣᠭᠠᠷ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠯᠪᠠᠳᠠᠯᠭ᠎ᠠ ᠶᠢᠨ ᠴᠢᠨᠠᠷᠲᠠᠢ   ᠪᠠᠷᠢᠮᠵᠢᠶ᠎ᠠ᠂ ᠭᠠᠵᠠᠷ ᠬᠥᠳᠡᠯᠦᠯᠲᠡ ᠲᠠᠢ ᠲᠡᠮᠡᠴᠡᠭᠦ ᠰᠡᠷᠭᠡᠶᠢᠯᠡᠯᠲᠡ ᠶᠢᠨ ᠱᠠᠭᠠᠷᠳᠠᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠪᠠ   ᠭᠠᠵᠠᠷ ᠬᠥᠳᠡᠯᠦᠯᠲᠡ ᠶᠢᠨ ᠠᠶᠤᠯᠭᠦᠢ ᠴᠢᠨᠠᠷ ᠢ ᠦᠨᠡᠯᠡᠬᠦ ᠠᠵᠢᠯ ᠳᠠᠬᠢ ᠬᠢᠨᠠᠯᠲᠠ ᠪᠠᠶᠢᠴᠠᠭᠠᠯᠲᠠ ᠪᠠᠨ ᠴᠢᠩᠭᠠᠳᠬᠠᠬᠤ   ᠬᠡᠷᠡᠭᠲᠡᠢ᠃           ᠲᠠᠪᠢᠨ ᠨᠢᠭᠡᠳᠦᠭᠡᠷ ᠵᠦᠢᠯ   ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ   ᠡᠷᠡᠭᠦᠯ ᠬᠠᠮᠠᠭᠠᠯᠠᠯ᠂ ᠦᠢᠯᠡᠳᠪᠦᠷᠢ ᠬᠤᠳᠠᠯᠳᠤᠭ᠎ᠠ᠂ ᠦᠨ᠎ᠡ ᠬᠠᠩᠰᠢ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ   ᠲᠠᠯᠪᠢᠬᠤ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠭᠠᠵᠠᠷ ᠬᠥᠳᠡᠯᠦᠯᠲᠡ ᠲᠠᠢ ᠲᠡᠮᠡᠴᠡᠵᠦ ᠭᠠᠮᠰᠢᠭ ᠠᠴᠠ   ᠠᠪᠤᠷᠠᠬᠤ ᠳᠤ ᠬᠡᠷᠡᠭᠰᠡᠬᠦ ᠢᠳᠡᠭᠡᠨ᠂ ᠡᠮ᠂ ᠠᠷᠢᠭᠤᠳᠬᠠᠬᠤ ᠡᠳ᠋᠂ ᠪᠠᠷᠢᠯᠭ᠎ᠠ ᠶᠢᠨ ᠮᠠᠲ᠋ᠧᠷᠢᠶᠠᠯ ᠵᠡᠷᠭᠡ ᠡᠳ᠋ ᠪᠣᠳᠠᠰ ᠤᠨ   ᠶᠠᠰᠤ ᠴᠢᠨᠠᠷ᠂ ᠦᠨ᠎ᠡ ᠬᠠᠩᠰᠢ ᠳᠤ ᠬᠢᠨᠠᠯᠲᠠ ᠲᠠᠯᠪᠢᠵᠤ ᠪᠠᠶᠢᠴᠠᠭᠠᠬᠤ ᠬᠡᠷᠡᠭᠲᠡᠢ᠃         ᠲᠠᠪᠢᠨ ᠬᠤᠶᠠᠳᠤᠭᠠᠷ ᠵᠦᠢᠯ   ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ   ᠬᠢᠨᠠᠨ ᠪᠣᠳᠣᠬᠤ ᠪᠠᠶᠢᠭᠤᠯᠣᠯᠭ᠎ᠠ ᠭᠠᠵᠠᠷ ᠬᠥᠳᠡᠯᠦᠯᠲᠡ ᠶᠢᠨ ᠪᠠᠴᠢᠮ ᠪᠠᠶᠢᠳᠠᠯ ᠢ ᠠᠪᠤᠷᠠᠨ ᠲᠤᠰᠠᠯᠠᠬᠤ᠂ ᠭᠠᠵᠠᠷ   ᠬᠥᠳᠡᠯᠦᠯᠲᠡ ᠶᠢᠨ ᠳᠠᠷᠠᠭ᠎ᠠ ᠰᠢᠯᠵᠢᠯᠲᠡ ᠶᠢᠨ ᠴᠢᠨᠠᠷᠲᠠᠢ ᠲᠦᠪᠬᠢᠨᠡᠭᠦᠯᠭᠦ ᠪᠠ ᠰᠡᠷᠭᠦᠭᠡᠨ ᠳᠠᠬᠢᠨ ᠪᠦᠳᠦᠭᠡᠨ ᠪᠠᠶᠢᠭᠤᠯᠬᠤ   ᠪᠡᠯᠡ ᠮᠥᠩᠭᠦ᠂ ᠡᠳ᠋ ᠪᠣᠳᠠᠰ ᠢ ᠴᠤᠭᠯᠠᠭᠤᠯᠬᠤ᠂ ᠬᠤᠪᠢᠶᠠᠷᠢᠯᠠᠬᠤ᠂ ᠰᠠᠯᠭᠠᠨ ᠥᠭᠬᠦ᠂ ᠬᠡᠷᠡᠭᠯᠡᠯᠳ᠋ᠨ ᠳᠠᠬᠢ ᠬᠢᠨᠠᠨ ᠪᠣᠳᠣᠯᠲᠠ   ᠪᠠᠨ ᠴᠢᠩᠭᠠᠳᠬᠠᠬᠤ ᠶᠢᠨ ᠬᠠᠮᠲᠤ ᠬᠢᠨᠠᠨ ᠪᠣᠳᠣᠭᠰᠠᠨ ᠦᠷ᠎ᠡ ᠳ᠋ᠦᠩ ᠢᠶᠠᠨ ᠴᠠᠭ ᠳᠠᠷᠤᠢ ᠳᠤᠨᠢ ᠨᠡᠶᠢᠲᠡᠯᠡᠬᠦ ᠬᠡᠷᠡᠭᠲᠡᠢ᠃           ᠲᠠᠪᠢᠨ ᠭᠤᠷᠪᠠᠳᠤᠭᠠᠷ ᠵᠦᠢᠯ   ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ   ᠣᠷᠳᠣᠨ ᠤ ᠬᠢᠨᠠᠨ ᠪᠠᠶᠢᠴᠠᠭᠠᠬᠤ ᠪᠠᠶᠢᠭᠤᠯᠣᠯᠭ᠎ᠠ ᠭᠠᠵᠠᠷ ᠬᠥᠳᠡᠯᠦᠯᠲᠡ ᠶᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠳᠤ   ᠣᠷᠣᠯᠴᠠᠭᠰᠠᠨ ᠲᠥᠷᠥ ᠶᠢᠨ ᠵᠠᠰᠠᠭ ᠵᠠᠬᠢᠷᠭᠠᠨ ᠤ ᠪᠠᠶᠢᠭᠤᠯᠣᠯᠭ᠎ᠠ ᠪᠠ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠡᠷᠬᠡ   ᠣᠯᠭᠤᠭᠰᠠᠨ ᠣᠯᠠᠨ ᠨᠡᠶᠢᠲᠡ ᠶᠢᠨ ᠬᠡᠷᠡᠭ ᠶᠠᠪᠤᠳᠠᠯ ᠢ ᠬᠠᠮᠢᠶᠠᠷᠬᠤ ᠴᠢᠳᠠᠪᠬᠢ ᠲᠠᠢ ᠵᠣᠬᠢᠶᠠᠨ ᠪᠠᠶᠢᠭᠤᠯᠤᠯᠲᠠ ᠬᠢᠭᠡᠳ   ᠲᠡᠭᠦᠨ ᠤ ᠠᠵᠢᠯᠲᠠᠨ ᠳᠠᠬᠢ ᠬᠢᠨᠠᠯᠲᠠ ᠪᠠᠶᠢᠴᠠᠭᠠᠯᠲᠠ ᠪᠠᠨ ᠴᠢᠩᠭᠠᠳᠬᠠᠬᠤ ᠬᠡᠷᠡᠭᠲᠡᠢ᠃         ᠲᠠᠪᠢᠨ ᠲᠥᠷᠪᠡᠳᠦᠭᠡᠷ ᠵᠦᠢᠯ   ᠶᠠᠮᠠᠷᠪᠠ ᠨᠢᠭᠡᠴᠡ ᠪᠠ ᠬᠤᠪᠢ ᠬᠥᠮᠥᠨ ᠭᠠᠵᠠᠷ ᠬᠥᠳᠡᠯᠦᠯᠲᠡ ᠶᠢ ᠰᠡᠷᠭᠡᠶᠢᠯᠡᠵᠦ   ᠭᠠᠮᠰᠢᠭ ᠢ ᠪᠠᠭᠠᠰᠬᠠᠬᠤ ᠠᠵᠢᠯᠯᠠᠭ᠎ᠠ ᠳᠤᠮᠳᠠᠬᠢ ᠬᠠᠤᠯᠢ ᠪᠤᠰᠤ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠡᠷᠬᠡ ᠲᠠᠢ᠃         ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠤᠭᠰᠠᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠤᠶᠤ   ᠬᠤᠯᠪᠣᠭᠳᠠᠯ ᠪᠦᠬᠦᠢ ᠰᠠᠯᠠᠭ᠎ᠠ ᠮᠥᠴᠢᠷ ᠪᠠᠶᠢᠴᠠᠭᠠᠨ ᠬᠠᠷᠭᠤᠭᠤᠯᠤᠭᠰᠠᠨ ᠤ ᠳᠠᠷᠠᠭ᠎ᠠ ᠬᠠᠤᠯᠢ ᠶᠣᠰᠣᠭᠠᠷ ᠰᠢᠢᠳᠪᠦᠷᠢᠯᠡᠬᠦ ᠶᠢᠨ   ᠬᠠᠮᠲᠤ ᠢᠯᠡᠴᠢᠯᠡᠨ ᠮᠡᠳᠡᠭᠦᠯᠦᠭᠰᠡᠨ ᠬᠥᠮᠥᠨ ᠤ ᠨᠢᠭᠤᠴᠠ ᠶᠢ ᠬᠠᠮᠠᠭᠠᠯᠠᠬᠤ ᠬᠡᠷᠡᠭᠲᠡᠢ᠃                   ᠳᠣᠯᠣᠳᠤᠭᠠᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ                     ᠲᠠᠪᠢᠨ ᠲᠠᠪᠤᠳᠤᠭᠠᠷ ᠵᠦᠢᠯ   ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ   ᠭᠠᠵᠠᠷ ᠬᠥᠳᠡᠯᠦᠯᠲᠡ ᠶᠢᠨ ᠠᠵᠢᠯ ᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠪᠠᠶᠢᠭᠤᠯᠤᠮᠵᠢ ᠬᠢᠭᠡᠳ ᠲᠤᠰ   ᠳᠦᠷᠢᠮ ᠤᠨ ᠲᠣᠭᠲᠠᠭᠠᠯ ᠶᠣᠰᠣᠭᠠᠷ ᠬᠢᠨᠠᠯᠲᠠ ᠬᠠᠮᠢᠶᠠᠷᠤᠯᠲᠠ ᠶᠢᠨ ᠡᠷᠬᠡ ᠪᠠᠨ ᠭᠦᠢᠴᠡᠳᠬᠡᠵᠦ ᠪᠠᠶᠢᠭ᠎ᠠ ᠪᠤᠰᠤᠳ ᠭᠤᠣᠯᠯᠠᠨ   ᠬᠠᠮᠢᠶᠠᠷᠬᠤ ᠰᠠᠯᠠᠭ᠎ᠠ ᠮᠥᠴᠢᠷ ᠵᠢᠴᠢ ᠲᠡᠭᠦᠨ ᠤ ᠠᠵᠢᠯᠲᠠᠨ ᠲᠤᠰ ᠳᠦᠷᠢᠮ ᠤᠨ ᠲᠣᠭᠲᠠᠭᠠᠯ ᠠᠴᠠ ᠵᠥᠷᠢᠴᠡᠵᠦ ᠂ ᠬᠢᠨᠠᠯᠲᠠ   ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠭᠡᠢ ᠪᠣᠯ ᠰᠢᠭᠤᠳ ᠬᠠᠷᠢᠭᠤᠴᠠᠵᠤ ᠪᠠᠶᠢᠭ᠎ᠠ   ᠭᠤᠣᠯᠯᠠᠨ ᠬᠠᠮᠢᠶᠠᠷᠤᠭᠴᠢ ᠪᠠ ᠪᠤᠰᠤᠳ ᠰᠢᠭᠤᠳ ᠬᠠᠷᠢᠭᠤᠴᠠᠯᠭ᠎ᠠ ᠲᠠᠢ ᠬᠥᠮᠥᠰ ᠲᠤ ᠬᠠᠤᠯᠢ ᠶᠣᠰᠣᠭᠠᠷ ᠰᠢᠢᠳᠬᠡᠯ   ᠦᠭᠭᠦᠨ᠎ᠡ᠃           ᠲᠠᠪᠢᠨ ᠵᠢᠷᠭᠤᠳᠤᠭᠠᠷ ᠵᠦᠢᠯ   ᠲᠤᠰ ᠳᠦᠷᠢᠮ ᠤᠨ ᠲᠣᠭᠲᠠᠭᠠᠯ ᠠᠴᠠ ᠵᠥᠷᠢᠴᠡᠵᠦ ᠳᠣᠣᠷᠠᠬᠢ ᠠᠵᠢᠯᠯᠠᠭ᠎ᠠ ᠶᠢᠨ   ᠨᠢᠭᠡ ᠶᠢ ᠬᠢᠪᠡᠯ᠂ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠭᠠᠵᠠᠷ   ᠬᠥᠳᠡᠯᠦᠯᠲᠡ ᠶᠢᠨ ᠠᠵᠢᠯ ᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠪᠠᠶᠢᠭᠤᠯᠤᠮᠵᠢ ᠠᠴᠠ ᠬᠠᠤᠯᠢ ᠪᠤᠰᠤ   ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠤᠤᠯ ᠪᠠᠶᠢᠳᠠᠯ ᠢ ᠨᠢ ᠰᠡᠷᠭᠦᠭᠡᠬᠦ ᠪᠤᠶᠤ ᠪᠤᠰᠤᠳ ᠨᠥᠬᠦᠪᠦᠷᠢᠯᠡᠬᠦ ᠠᠷᠭ᠎ᠠ   ᠬᠡᠮᠵᠢᠶ᠎ᠡ ᠠᠪᠤᠭᠤᠯᠤᠨ᠎ᠠ︔ ᠬᠤᠬᠢᠷᠠᠯ ᠤᠴᠠᠷᠠᠭᠤᠯᠤᠭᠰᠠᠨ ᠪᠠᠶᠢᠪᠠᠯ ᠬᠠᠤᠯᠢ ᠶᠣᠰᠣᠭᠠᠷ ᠲᠥᠯᠥᠬᠦ ᠬᠠᠷᠢᠭᠤᠴᠠᠯᠭ᠎ᠠ ᠡᠭᠦᠷᠭᠡᠯᠡᠬᠦ   ᠬᠡᠷᠡᠭᠲᠡᠢ᠄       ︵ᠨᠢᠭᠡ︶ ᠭᠠᠵᠠᠷ ᠬᠥᠳᠡᠯᠦᠯᠲᠡ ᠶᠢ ᠬᠢᠨᠠᠨ ᠬᠡᠮᠵᠢᠬᠦ ᠪᠡᠯᠡᠳᠭᠡᠯ ᠲᠦᠬᠦᠭᠡᠷᠦᠮᠵᠢ ᠶᠢ ᠰᠢᠬᠠᠨ ᠡᠵᠡᠯᠡᠭᠰᠡᠨ᠂ ᠡᠪᠳᠡᠵᠦ   ᠰᠦᠢᠳᠬᠡᠭᠰᠡᠨ᠂ ᠨᠤᠷᠠᠭᠠᠭᠰᠠᠨ ᠪᠤᠶᠤ ᠳᠤᠷ᠎ᠠ ᠪᠠᠷ ᠢᠶᠠᠨ ᠰᠢᠯᠵᠢᠭᠦᠯᠦᠭᠰᠡᠨ︔         ︵ᠬᠤᠶᠠᠷ︶ ᠭᠠᠵᠠᠷ ᠬᠥᠳᠡᠯᠦᠯᠲᠡ ᠶᠢ ᠰᠢᠨᠵᠢᠨ ᠭᠡᠮᠵᠢᠭᠦ ᠣᠷᠴᠢᠨ ᠲᠣᠭᠤᠷᠢᠨ ᠢ ᠬᠤᠬᠢᠷᠠᠭᠤᠯᠤᠭᠰᠠᠨ︔         ᠪᠠᠶᠢᠭᠤᠯᠣᠯᠭ᠎ᠠ ᠨᠢᠭᠡᠴᠡ ᠳᠡᠭᠡᠷᠡᠬᠢ ᠪᠠᠶᠢᠳᠠᠯ ᠳᠤ ᠵᠢᠭᠰᠠᠭᠠᠭᠰᠠᠨ ᠬᠠᠤᠯᠢ ᠪᠤᠰᠤ ᠦᠢᠯᠡ ᠠᠵᠢᠯᠯᠠᠭ᠎ᠠ ᠲᠠᠢ ᠪᠠᠶᠢᠵᠤ᠂ ᠪᠠᠶᠢᠳᠠᠯ ᠨᠢ ᠬᠦᠨᠳᠦ ᠨᠣᠴᠢᠲᠠᠢ ᠪᠣᠯ᠂ 2 ᠲᠦᠮᠡᠨ ᠲᠥᠭᠦᠷᠢᠭ ᠠᠴᠠ ᠳᠡᠭᠡᠭᠰᠢ 20 ᠲᠦᠮᠡᠨ ᠲᠥᠭᠦᠷᠢᠭ ᠠᠴᠠ   ᠳᠣᠷᠣᠭᠰᠢ ᠵᠣᠭᠤᠰ ᠢᠶᠠᠷ ᠲᠣᠷᠭᠠᠨ᠎ᠠ᠃ ᠬᠤᠪᠢ ᠬᠥᠮᠥᠨ ᠳᠡᠭᠡᠷᠡᠬᠢ ᠪᠠᠶᠢᠳᠠᠯ ᠳᠤ ᠵᠢᠭᠰᠠᠭᠠᠭᠰᠠᠨ ᠬᠠᠤᠯᠢ ᠪᠤᠰᠤ ᠦᠢᠯᠡ   ᠠᠵᠢᠯᠯᠠᠭ᠎ᠠ ᠲᠠᠢ ᠪᠠᠶᠢᠵᠤ᠂ ᠪᠠᠶᠢᠳᠠᠯ ᠨᠢ ᠬᠦᠨᠳᠦ ᠨᠣᠴᠢᠲᠠᠢ ᠪᠣᠯ᠂ 2000 ᠲᠥᠭᠦᠷᠢᠭ ᠠᠴᠠ ᠳᠣᠷᠣᠭᠰᠢ ᠵᠣᠭᠤᠰ ᠢᠶᠠᠷ   ᠲᠣᠷᠭᠠᠨ᠎ᠠ᠃ ᠠᠮᠤᠷ ᠢ ᠬᠠᠮᠠᠭᠠᠯᠠᠬᠤ ᠬᠠᠮᠢᠶᠠᠷᠤᠯᠲᠠ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠬᠦᠷᠦᠭᠰᠡᠨ ᠪᠠᠶᠢᠪᠠᠯ᠂   ᠳᠣᠲᠣᠭᠠᠳᠤ ᠶᠢ ᠬᠠᠮᠠᠭᠠᠯᠠᠬᠤ ᠪᠠᠶᠢᠭᠤᠯᠣᠯᠭ᠎ᠠ ᠬᠠᠤᠯᠢ ᠶᠣᠰᠣᠭᠠᠷ ᠰᠢᠢᠳᠬᠡᠨ ᠲᠣᠷᠭᠠᠨ᠎ᠠ᠃           ᠲᠠᠪᠢᠨ ᠲᠤᠯᠤᠳᠤᠭᠠᠷ ᠵᠦᠢᠯ   ᠲᠤᠰ ᠳᠦᠷᠢᠮ ᠤᠨ ᠲᠣᠭᠲᠠᠭᠠᠯ ᠠᠴᠠ ᠵᠥᠷᠢᠴᠡᠵᠦ᠂ ᠱᠠᠭᠠᠷᠳᠠᠯᠭ᠎ᠠ ᠶᠣᠰᠣᠭᠠᠷ   ᠨᠥᠯᠥᠭᠡᠯᠡᠯ ᠢ ᠡᠰᠡᠷᠭᠦᠴᠡᠬᠦ ᠪᠡᠯᠡᠳᠭᠡᠯ ᠲᠦᠬᠦᠭᠡᠷᠦᠮᠵᠢ ᠨᠡᠮᠡᠨ ᠪᠠᠶᠢᠭᠤᠯᠤᠭᠰᠠᠨ ᠦᠭᠡᠢ ᠪᠤᠶᠤ ᠭᠠᠵᠠᠷ ᠬᠥᠳᠡᠯᠦᠯᠲᠡ ᠶᠢ   ᠬᠢᠨᠠᠨ ᠬᠡᠮᠵᠢᠬᠦ ᠪᠡᠯᠡᠳᠭᠡᠯ ᠲᠦᠬᠦᠭᠡᠷᠦᠮᠵᠢ ᠶᠢ ᠰᠢᠨ᠎ᠡ ᠪᠠᠷ ᠪᠠᠶᠢᠭᠤᠯᠤᠭᠰᠠᠨ ᠦᠭᠡᠢ ᠪᠣᠯ ᠬᠤᠰᠢᠭᠤ ᠰᠢᠶᠠᠨ ᠤ ᠱᠠᠳᠤᠨ   ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠭᠠᠵᠠᠷ ᠬᠥᠳᠡᠯᠦᠯᠲᠡ ᠶᠢᠨ ᠠᠵᠢᠯ ᠢ ᠭᠤᠣᠯᠯᠠᠨ ᠬᠠᠮᠢᠶᠠᠷᠬᠤ   ᠰᠠᠯᠠᠭ᠎ᠠ ᠮᠥᠴᠢᠷ ᠪᠤᠶᠤ ᠪᠠᠶᠢᠭᠤᠯᠤᠮᠵᠢ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠵᠠᠯᠠᠷᠠᠭᠤᠯᠤᠨ᠎ᠠ᠃   ᠬᠤᠭᠤᠴᠠᠭ᠎ᠠ ᠨᠢ ᠬᠡᠲᠦᠷᠡᠭᠡᠳ ᠵᠠᠯᠠᠷᠠᠭᠤᠯᠤᠭᠰᠠᠨ ᠦᠭᠡᠢ ᠪᠣᠯ 2 ᠲᠦᠮᠡᠨ ᠲᠥᠭᠦᠷᠢᠭ ᠠᠴᠠ ᠳᠡᠭᠡᠭᠰᠢ 20 ᠲᠦᠮᠡᠨ   ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ︔ ᠬᠤᠬᠢᠷᠠᠯ ᠤᠴᠠᠷᠠᠭᠤᠯᠤᠭᠰᠠᠨ ᠪᠠᠶᠢᠪᠠᠯ ᠬᠠᠤᠯᠢ ᠶᠣᠰᠣᠭᠠᠷ   ᠲᠥᠯᠥᠬᠦ ᠬᠠᠷᠢᠭᠤᠴᠠᠯᠭ᠎ᠠ ᠡᠭᠦᠷᠭᠡᠯᠡᠨ᠎ᠡ᠃             ᠲᠠᠪᠢᠨ ᠨᠠᠢᠮᠠᠳᠤᠭᠠᠷ ᠵᠦᠢᠯ   ᠲᠤᠰ ᠳᠦᠷᠢᠮ ᠤᠨ ᠲᠣᠭᠲᠠᠭᠠᠯ ᠠᠴᠠ ᠵᠥᠷᠢᠴᠡᠵᠦ᠂ ᠭᠠᠵᠠᠷ ᠬᠥᠳᠡᠯᠦᠯᠲᠡ ᠶᠢᠨ   ᠠᠶᠤᠯᠭᠦᠢ ᠴᠢᠨᠠᠷ ᠢ ᠦᠨᠡᠯᠡᠭᠰᠡᠨ ᠦᠭᠡᠢ ᠪᠤᠶᠤ ᠭᠠᠵᠠᠷ ᠬᠥᠳᠡᠯᠦᠯᠲᠡ ᠶᠢᠨ ᠠᠶᠤᠯᠭᠦᠢ ᠴᠢᠨᠠᠷ ᠢ ᠦᠨᠡᠯᠡᠭᠰᠡᠨ   ᠮᠡᠳᠡᠭᠦᠯᠦᠯᠲᠡ ᠳᠤ ᠲᠣᠭᠲᠠᠭᠠᠭᠰᠠᠨ ᠭᠠᠵᠠᠷ ᠬᠥᠳᠡᠯᠦᠯᠲᠡ ᠲᠠᠢ ᠲᠡᠮᠡᠴᠡᠭᠦ ᠰᠡᠷᠭᠡᠶᠢᠯᠡᠯᠲᠡ ᠶᠢᠨ ᠱᠠᠭᠠᠷᠳᠠᠯᠭ᠎ᠠ ᠶᠣᠰᠣᠭᠠᠷ   ᠭᠠᠵᠠᠷ ᠬᠥᠳᠡᠯᠦᠯᠲᠡ ᠲᠠᠢ ᠲᠡᠮᠡᠴᠡᠭᠦ ᠰᠡᠷᠭᠡᠶᠢᠯᠡᠯᠲᠡ ᠬᠢᠭᠰᠡᠨ ᠦᠭᠡᠢ ᠪᠣᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ   ᠭᠠᠵᠠᠷ ᠬᠥᠳᠡᠯᠦᠯᠲᠡ ᠶᠢᠨ ᠠᠵᠢᠯ ᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠪᠠᠶᠢᠭᠤᠯᠤᠮᠵᠢ ᠵᠠᠷᠯᠢᠭᠳᠠᠵᠤ ᠪᠠᠶᠢᠭᠠᠳ   ᠬᠤᠭᠤᠴᠠᠭ᠎ᠠ ᠬᠢᠵᠠᠭᠠᠷᠯᠠᠨ ᠵᠠᠯᠠᠷᠠᠭᠤᠯᠤᠨ᠎ᠠ᠃ ᠬᠤᠭᠤᠴᠠᠭ᠎ᠠ ᠨᠢ ᠬᠡᠲᠦᠷᠡᠭᠡᠳ ᠵᠠᠯᠠᠷᠠᠭᠤᠯᠤᠭᠰᠠᠨ ᠦᠭᠡᠢ ᠪᠣᠯ 3 ᠲᠦᠮᠡᠨ   ᠲᠥᠭᠦᠷᠢᠭ ᠠᠴᠠ ᠳᠡᠭᠡᠭᠰᠢ 30 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃         ᠲᠠᠪᠢ ᠶᠢᠰᠦᠳᠦᠭᠡᠷ ᠵᠦᠢᠯ   ᠲᠤᠰ ᠳᠦᠷᠢᠮ ᠤᠨ ᠲᠣᠭᠲᠠᠭᠠᠯ ᠠᠴᠠ ᠵᠥᠷᠢᠴᠡᠵᠦ᠂ ᠭᠠᠵᠠᠷ ᠬᠥᠳᠡᠯᠬᠦ ᠴᠤᠤᠷᠬᠠᠯ   ᠲᠠᠷᠬᠠᠭᠠᠵᠤ᠂ ᠨᠡᠶᠢᠭᠡᠮ ᠤᠨ ᠬᠡᠪ ᠤᠨ ᠡᠮᠬᠢ ᠵᠢᠷᠤᠮ ᠢ ᠡᠪᠳᠡᠭᠰᠡᠨ ᠪᠣᠯ ᠬᠠᠤᠯᠢ ᠶᠣᠰᠣᠭᠠᠷ ᠠᠮᠤᠷ ᠢ ᠬᠠᠮᠠᠭᠠᠯᠠᠬᠤ   ᠬᠠᠮᠢᠶᠠᠷᠤᠯᠲᠠ ᠶᠢᠨ ᠰᠢᠢᠳᠬᠡᠯ ᠦᠭᠭᠦᠨ᠎ᠡ︔ ᠶᠠᠯ᠎ᠠ ᠳᠤ ᠬᠦᠷᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠡᠷᠡᠭ ᠤᠨ   ᠬᠠᠷᠢᠭᠤᠴᠠᠯᠭ᠎ᠠ ᠨᠡᠬᠡᠮᠵᠢᠯᠡᠨ᠎ᠡ᠃             ᠵᠢᠷᠠᠳᠤᠭᠠᠷ ᠵᠦᠢᠯ   ᠭᠠᠵᠠᠷ ᠬᠥᠳᠡᠯᠦᠯᠲᠡ ᠳᠤ ᠭᠠᠮᠰᠢᠭᠳᠠᠭᠰᠠᠨ ᠣᠷᠣᠨ ᠤ ᠬᠤᠰᠢᠭᠤ ᠰᠢᠶᠠᠨ ᠤ ᠱᠠᠳᠤᠨ ᠠᠴᠠ   ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠭᠠᠵᠠᠷ ᠬᠥᠳᠡᠯᠦᠯᠲᠡ ᠶᠢᠨ ᠪᠠᠶᠢᠳᠠᠯ᠂ ᠭᠠᠮᠰᠢᠭ ᠤᠨ ᠪᠠᠶᠢᠳᠠᠯ ᠵᠡᠷᠭᠡ ᠮᠡᠳᠡᠭᠡ   ᠵᠠᠩᠭᠢ ᠪᠠᠨ ᠣᠷᠣᠶ ᠮᠡᠳᠡᠭᠦᠯᠦᠭᠰᠡᠨ᠂ ᠬᠤᠳᠠᠯ ᠢᠶᠠᠷ ᠮᠡᠳᠡᠭᠦᠯᠦᠭᠰᠡᠨ᠂ ᠮᠡᠳᠡᠭᠦᠯᠭᠦ ᠦᠭᠡᠢ ᠪᠠᠷ ᠨᠢᠭᠤᠭᠰᠠᠨ ᠪᠠᠶᠢᠪᠠᠯ ᠳᠡᠭᠡᠳᠦ   ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠵᠠᠷᠯᠢᠭᠳᠠᠵᠤ ᠵᠠᠯᠠᠷᠠᠭᠤᠯᠤᠨ᠎ᠠ︔ ᠰᠢᠭᠤᠳ ᠬᠠᠷᠢᠭᠤᠴᠠᠯᠭ᠎ᠠ ᠲᠠᠢ   ᠭᠤᠣᠯᠯᠠᠨ ᠬᠠᠮᠢᠶᠠᠷᠤᠭᠴᠢ ᠪᠠ ᠪᠤᠰᠤᠳ ᠰᠢᠭᠤᠳ ᠬᠠᠷᠢᠭᠤᠴᠠᠯᠭ᠎ᠠ ᠲᠠᠢ ᠬᠥᠮᠥᠰ ᠲᠤ ᠬᠠᠤᠯᠢ ᠶᠣᠰᠣᠭᠠᠷ ᠰᠢᠢᠳᠬᠡᠯ   ᠦᠭᠭᠦᠨ᠎ᠡ᠃                     ᠨᠠᠢᠮᠠᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ                     ᠵᠢᠷᠠᠨ ᠨᠢᠭᠡᠳᠦᠭᠡᠷ ᠵᠦᠢᠯ   ᠲᠤᠰ ᠳᠦᠷᠢᠮ ᠢ 2012 ᠣᠨ ᠤ 12 ᠰᠠᠷ᠎ᠠ ᠶᠢᠨ 1 ᠤ ᠡᠳᠦᠷ ᠠᠴᠠ ᠡᠬᠢᠯᠡᠨ   ᠬᠡᠷᠡᠭᠵᠢᠭᠦᠯᠦᠨ᠎ᠡ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
ᠨᠠᠶᠢᠷᠠᠭᠤᠯᠤᠭᠴᠢ᠄ ᠭᠤᠸᠠᠨ ᠴᠠᠩ ᠰᠢ
ᠣᠷᠴᠢᠭᠤᠯᠤᠭᠴᠢ᠄
   
ᠬᠤᠯᠪᠣᠭᠳᠠᠯ ᠪᠦᠬᠦᠢ ᠠᠭᠤᠯᠭ᠎ᠠ ᠶᠢᠨ ᠭᠠᠷᠴᠠᠭ
 
2014-2016 © ᠬᠠᠷᠢᠯᠴᠠᠬᠤ ᠤᠲᠠᠰᠤ᠄ 0471-6280741 ᠢᠮᠧᠯ᠄ nmgbute@163.com
ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠤᠷᠢᠭᠯᠠᠨ᠎ᠠ᠃
︽ᠬᠡᠷᠡᠭᠯᠡᠭᠡᠨ ᠤ ᠮᠡᠷᠭᠡᠵᠢᠯ ᠤᠨ ᠮᠤᠩᠭᠤᠯ ᠰᠦᠯᠵᠢᠶᠡᠨ ᠤ ᠬᠥᠯᠭᠡ︾ ᠦᠮᠴᠢᠯᠡᠯ ᠲᠠᠢ︕