| | ᠥᠪᠤᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ︽ᠪᠦᠭᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠡᠨᠧᠷᠭᠢ ᠠᠷᠪᠢᠯᠠᠬᠤ ᠬᠠᠤᠯᠢ︾ ᠶᠢ ᠬᠡᠷᠡᠭᠵᠢᠭᠦᠯᠬᠦ ᠠᠷᠭ᠎ᠠ | | | | | | ︵2012 ᠤᠨ ᠤ 7 ᠰᠠᠷ᠎ᠠ ᠶᠢᠨ 21 ᠤ ᠡᠳᠦᠷ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ | ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ | ᠭᠤᠴᠢᠳᠤᠭᠠᠷ ᠬᠤᠷᠠᠯ ᠠᠴᠠ ᠪᠠᠳᠤᠯᠠᠪᠠ︶ | ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ | ᠲᠦ᠋ᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠯᠪᠠᠨ ᠵᠠᠷ | ᠲᠦᠴᠢᠳᠦᠭᠡᠷ ᠲᠤᠭᠠᠳᠤ | 2012 ᠣᠨ ᠤ 7 ᠰᠠᠷ᠎ᠠ ᠶᠢᠨ 21 ᠤ ᠡᠳᠦᠷ ᠥᠪᠤᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ | ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠥᠯᠤᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ | ᠭᠤᠴᠢᠳᠤᠭᠠᠷ ᠬᠤᠷᠠᠯ ᠠᠴᠠ ︽ᠥᠪᠤᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ︿ᠪᠦᠭᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠡᠨᠧᠷᠭᠢ ᠠᠷᠪᠢᠯᠠᠬᠤ ᠬᠠᠤᠯᠢ﹀ ᠶᠢ ᠬᠡᠷᠡᠭᠵᠢᠭᠦᠯᠬᠦ ᠠᠷᠭ᠎ᠠ︾ ᠶᠢ ᠪᠠᠲᠤᠯᠠᠪᠠ᠂ ᠣᠳᠣ | ᠨᠡᠶᠢᠲᠡᠯᠡᠶ᠎ᠡ᠂ 2012 ᠣᠨ ᠤ 10 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ | 2012 ᠤᠨ ᠤ 7 ᠰᠠᠷ᠎ᠠ ᠶᠢᠨ 21 ᠤ ᠡᠳᠤᠷ | | ᠨᠢᠭᠡᠳᠦᠭᠡᠷ ᠪᠦ᠋ᠯᠦᠭ ᠶᠡᠷᠦᠩᠬᠡᠢ ᠲᠦᠷᠢᠮ | ᠨᠢᠭᠡᠳᠦᠭᠡᠷ ᠵᠦᠢᠯ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠨᠧᠷᠭᠢ ᠠᠷᠪᠢᠯᠠᠬᠤ ᠬᠠᠤᠯᠢ︾ | ᠪᠠ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠢ ᠦᠨᠳᠦᠰᠦᠯᠡᠵᠦ᠂ | ᠥᠪᠡᠷᠳᠡᠭᠡᠨ ᠵᠠᠰᠠᠬᠤ ᠤᠷᠤᠨ ᠤ ᠪᠣᠳᠠᠲᠠᠢ ᠲᠠᠢ ᠪᠠᠨ ᠤᠶᠠᠯᠳᠤᠭᠤᠯᠤᠨ ᠲᠤᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠥᠪᠡᠷᠳᠡᠭᠡᠨ ᠵᠠᠰᠠᠬᠤ ᠤᠷᠤᠨ ᠤ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠡᠨᠧᠷᠭᠢ | ᠨᠡᠭᠡᠭᠡᠬᠦ ᠂ ᠠᠰᠢᠭᠯᠠᠬᠤ᠂ ᠪᠣᠯᠪᠠᠰᠤᠷᠠᠭᠤᠯᠬᠤ᠂ ᠬᠤᠪᠢᠷᠠᠭᠤᠯᠬᠤ᠂ ᠬᠡᠷᠡᠭᠯᠡᠬᠦ᠂ ᠬᠠᠮᠢᠶᠠᠷᠬᠤ ᠵᠡᠷᠭᠡ ᠠᠵᠢᠯᠯᠠᠭ᠎ᠠ | ᠥᠷᠨᠢᠭᠦᠯᠬᠦ ᠳᠤ ᠲᠤᠰ ᠠᠷᠭ᠎ᠠ ᠶᠢ ᠵᠢᠷᠤᠮᠯᠠᠬᠤ ᠬᠡᠷᠡᠭᠲᠡᠢ᠃ | ᠭᠤᠷᠪᠠᠳᠤᠭᠠᠷ ᠵᠦᠢᠯ ᠡᠨᠧᠷᠭᠢ ᠠᠷᠪᠢᠯᠠᠬᠤ ᠠᠵᠢᠯ ᠨᠢ ᠡᠨᠧᠷᠭᠢ ᠠᠷᠪᠢᠯᠠᠬᠤ ᠪᠠ ᠨᠡᠭᠡᠭᠡᠬᠦ ᠶᠢ ᠬᠠᠮᠲᠤ ᠳᠤᠨᠢ | ᠠᠳᠬᠤᠵᠤ᠂ ᠡᠨᠧᠷᠭᠢ ᠠᠷᠪᠢᠯᠠᠬᠤ ᠶᠢ ᠲᠡᠷᠢᠭᠦᠨ ᠪᠠᠶᠢᠷᠢᠨ ᠳᠤ ᠲᠠᠯᠪᠢᠭᠰᠠᠨ ᠡᠨᠧᠷᠭᠢ ᠶᠢᠨ ᠬᠥᠭᠵᠢᠯᠲᠡ ᠶᠢᠨ ᠪᠠᠶᠢᠯᠳᠤᠬᠤ | ᠪᠣᠳᠣᠯᠭ᠎ᠠ ᠶᠢ ᠬᠡᠷᠡᠭᠵᠢᠭᠦᠯᠵᠦ᠂ ᠵᠠᠰᠠᠭ ᠤᠨ ᠣᠷᠳᠣᠨ ᠵᠢᠯᠣᠭᠤᠳᠤᠨ ᠳᠠᠭᠠᠭᠤᠯᠬᠤ᠂ ᠵᠠᠬ᠎ᠠ ᠳᠡᠯᠭᠡᠭᠦᠷ ᠢᠶᠠᠷ ᠵᠣᠬᠢᠴᠠᠭᠤᠯᠬᠤ᠂ | ᠰᠢᠨᠵᠢᠯᠡᠬᠦ ᠣᠬᠠᠭᠠᠨ ᠮᠡᠷᠭᠡᠵᠢᠯ ᠢᠶᠠᠷ ᠠᠬᠢᠭᠤᠯᠬᠤ᠂ ᠨᠡᠶᠢᠭᠡᠮ ᠣᠷᠣᠯᠴᠠᠬᠤ ᠪᠠ ᠬᠠᠤᠯᠢ ᠶᠣᠰᠣᠭᠠᠷ ᠬᠠᠮᠢᠶᠠᠷᠬᠤ ᠵᠠᠷᠴᠢᠮ ᠢ | ᠪᠠᠷᠢᠮᠲᠠᠯᠠᠬᠤ ᠬᠡᠷᠡᠭᠲᠡᠢ᠃ | ᠲᠦᠷᠪᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ | ᠡᠨᠧᠷᠭᠢ ᠠᠷᠪᠢᠯᠠᠬᠤ ᠠᠵᠢᠯ ᠳᠠᠬᠢ ᠤᠳᠤᠷᠢᠳᠤᠯᠭ᠎ᠠ ᠪᠠᠨ ᠴᠢᠩᠭᠠᠳᠬᠠᠵᠤ᠂ ᠡᠨᠧᠷᠭᠢ ᠠᠷᠪᠢᠯᠠᠬᠤ ᠠᠵᠢᠯ ᠢ ᠲᠤᠰ ᠱᠠᠲᠤᠨ ᠤ | ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ᠂ ᠣᠨ ᠤ ᠲᠥᠯᠥᠪᠯᠡᠭᠡ ᠳᠡᠭᠡᠨ | ᠣᠷᠣᠭᠤᠯᠵᠤ᠂ ᠡᠨᠧᠷᠭᠢ ᠠᠷᠪᠢᠯᠠᠬᠤ ᠳᠤᠮᠳᠠ ᠤᠷᠲᠤ ᠬᠤᠭᠤᠴᠠᠭᠠᠨ ᠤ ᠲᠥᠯᠥᠪᠵᠢᠭᠦᠯᠭᠡ᠂ ᠣᠨ ᠤ ᠡᠨᠧᠷᠭᠢ ᠠᠷᠪᠢᠯᠠᠬᠤ | ᠲᠥᠯᠥᠪᠯᠡᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠬᠤ ᠪᠠ ᠬᠡᠷᠡᠭᠵᠢᠭᠦᠯᠬᠦ ᠬᠡᠷᠡᠭᠲᠡᠢ︔ ᠡᠨᠧᠷᠭᠢ ᠶᠢᠨ ᠬᠤᠷᠣᠭᠳᠠᠯ ᠳᠣᠣᠷ᠎ᠠ᠂ | ᠭᠠᠳᠠᠭᠰᠢᠯᠠᠭᠤᠯᠣᠯ ᠳᠣᠣᠷ᠎ᠠ᠂ ᠨᠡᠮᠡᠭᠳᠡᠯ ᠥᠷᠲᠡᠭ ᠥᠨᠳᠥᠷ ᠪᠠ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ | ᠬᠡᠯᠪᠡᠷᠢ ᠶᠢᠨ ᠠᠵᠤ ᠦᠢᠯᠡᠰ ᠢ ᠵᠢᠯᠤᠭᠤᠳᠤᠨ ᠬᠥᠭᠵᠢᠭᠦᠯᠬᠦ ᠬᠡᠷᠡᠭᠲᠡᠢ︔ ᠰᠢᠨ᠎ᠡ ᠡᠨᠧᠷᠭᠢ᠂ ᠳᠠᠬᠢᠨ ᠡᠭᠦᠰᠬᠦ ᠡᠨᠧᠷᠭᠢ ᠶᠢ | ᠨᠡᠭᠡᠭᠡᠨ ᠠᠰᠢᠭᠯᠠᠬᠤ ᠶᠢ ᠳᠡᠮᠵᠢᠬᠦ ᠬᠡᠷᠡᠭᠲᠡᠢ︔ ᠡᠷᠭᠢᠯᠳᠦᠳᠦ ᠠᠵᠤ ᠠᠬᠤᠢ ᠶᠢ ᠬᠥᠭᠵᠢᠭᠦᠯᠵᠦ᠂ ᠠᠷᠢᠭᠤᠨ ᠴᠡᠪᠡᠷ | ᠦᠢᠯᠡᠳᠪᠦᠷᠢᠯᠡᠯ ᠢ ᠲᠦᠯᠬᠢᠨ ᠠᠬᠢᠭᠤᠯᠵᠤ᠂ ᠬᠤᠴᠣᠷᠤᠩᠭᠤᠢ ᠦᠢᠯᠡᠳᠪᠦᠷᠢᠯᠡᠯ ᠤᠨ ᠴᠢᠳᠠᠪᠤᠷᠢ ᠶᠢ ᠰᠢᠭᠰᠢᠭᠳᠡᠭᠦᠯᠵᠦ᠂ | ᠡᠨᠧᠷᠭᠢ ᠶᠢ ᠠᠰᠢᠭᠯᠠᠬᠤ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠬᠡᠷᠡᠭᠲᠡᠢ᠃ | ᠲᠠᠪᠤᠳᠤᠭᠠᠷ ᠵᠦᠢᠯ ᠥᠪᠡᠷᠳᠡᠭᠡᠨ ᠵᠠᠰᠠᠬᠤ ᠤᠷᠤᠨ ᠡᠨᠧᠷᠭᠢ ᠠᠷᠪᠢᠯᠠᠬᠤ ᠬᠠᠷᠠᠯᠲᠠ ᠬᠠᠷᠢᠭᠤᠴᠠᠯᠭ᠎ᠠ ᠶᠢᠨ ᠳᠦᠷᠢᠮ | ᠪᠠ ᠡᠨᠧᠷᠭᠢ ᠠᠷᠪᠢᠯᠠᠬᠤ ᠰᠢᠯᠭᠠᠨ ᠦᠨᠡᠯᠡᠬᠦ ᠳᠦᠷᠢᠮ ᠢ ᠬᠡᠷᠡᠭᠵᠢᠭᠦᠯᠵᠦ᠂ ᠡᠨᠧᠷᠭᠢ ᠠᠷᠪᠢᠯᠠᠬᠤ ᠬᠠᠷᠠᠯᠲᠠ ᠶᠢ | ᠪᠡᠶᠡᠯᠡᠭᠦᠯᠦᠭᠰᠡᠨ ᠪᠠᠶᠢᠳᠠᠯ ᠢ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠬᠢᠭᠡᠳ ᠲᠡᠭᠦᠨ ᠤ ᠬᠠᠷᠢᠭᠤᠴᠠᠯᠭᠠᠲᠠᠨ ᠢ | ᠰᠢᠯᠭᠠᠨ ᠦᠨᠡᠯᠡᠬᠦ ᠠᠭᠤᠯᠭ᠎ᠠ ᠪᠣᠯᠭᠠᠨ᠎ᠠ᠃ | ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠰᠠᠯᠠᠭ᠎ᠠ ᠮᠥᠴᠢᠷ ︵ᠳᠣᠷᠣᠭᠰᠢ ᠡᠨᠧᠷᠭᠢ ᠠᠷᠪᠢᠯᠠᠬᠤ ᠠᠵᠢᠯ ᠤᠨ | ᠬᠠᠮᠢᠶᠠᠷᠤᠯᠲᠠ ᠶᠢᠨ ᠰᠠᠯᠠᠭ᠎ᠠ ᠮᠥᠴᠢᠷ ᠭᠡᠵᠤ ᠲᠦᠭᠦᠮᠴᠢᠯᠡᠨ᠎ᠡ︶ ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠡᠨᠧᠷᠭᠢ | ᠠᠷᠪᠢᠯᠠᠬᠤ ᠶᠢ ᠬᠢᠨᠠᠨ ᠬᠠᠮᠢᠶᠠᠷᠬᠤ ᠠᠵᠢᠯ ᠢ ᠬᠠᠷᠢᠭᠤᠴᠠᠨ᠎ᠠ᠃ | ᠠᠵᠤ ᠠᠬᠤᠢ ᠪᠠ ᠮᠡᠳᠡᠭᠡ ᠵᠠᠩᠭᠢᠵᠢᠯᠲᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠂ ᠵᠠᠮ ᠲᠡᠭᠡᠭᠡᠪᠦᠷᠢ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ᠂ ᠲᠠᠷᠢᠶᠠᠯᠠᠩ ᠮᠠᠯ ᠠᠵᠤ | ᠠᠬᠤᠢ᠂ ᠬᠤᠳᠠᠯᠳᠤᠭᠠᠨ ᠤ ᠶᠠᠪᠤᠳᠠᠯ᠂ ᠪᠠᠶᠢᠭᠤᠯᠣᠯᠭ᠎ᠠ ᠶᠢᠨ ᠶᠠᠪᠤᠳᠠᠯ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ | ᠥᠪᠡᠷ ᠥᠪᠡᠷ ᠤᠨ ᠲᠤᠰᠢᠶᠠᠯ ᠬᠠᠷᠢᠭᠤᠴᠠᠯᠭ᠎ᠠ ᠶᠣᠰᠣᠭᠠᠷ ᠢᠶᠠᠨ ᠡᠨᠧᠷᠭᠢ ᠠᠷᠪᠢᠯᠠᠬᠤ ᠶᠢ ᠬᠢᠨᠠᠨ ᠬᠠᠮᠢᠶᠠᠷᠬᠤ ᠠᠵᠢᠯ ᠢ | ᠬᠠᠷᠢᠭᠤᠴᠠᠬᠤ ᠶᠢᠨ ᠬᠠᠮᠲᠤ ᠠᠳᠠᠯᠢ ᠱᠠᠲᠤᠨ ᠤ ᠡᠨᠧᠷᠭᠢ ᠠᠷᠪᠢᠯᠠᠬᠤ ᠠᠵᠢᠯ ᠢ ᠬᠠᠮᠢᠶᠠᠷᠬᠤ ᠰᠠᠯᠠᠭ᠎ᠠ ᠮᠥᠴᠢᠷ ᠤᠨ | ᠵᠢᠯᠣᠭᠤᠳᠤᠯᠭ᠎ᠠ ᠶᠢ ᠬᠦᠯᠢᠶᠡᠬᠦ ᠬᠡᠷᠡᠭᠲᠡᠢ᠃ | ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠬᠠᠷᠢᠶ᠎ᠠ ᠲᠣᠭᠤᠷᠢᠭ ᠤᠨ ᠢᠶᠠᠨ ᠡᠨᠧᠷᠭᠢ ᠠᠷᠪᠢᠯᠠᠬᠤ ᠶᠢ | ᠬᠢᠨᠠᠨ ᠬᠠᠮᠢᠶᠠᠷᠬᠤ ᠠᠵᠢᠯ ᠢ ᠰᠠᠶᠢᠲᠤᠷ ᠬᠢᠬᠦ ᠬᠡᠷᠡᠭᠲᠡᠢ᠃ | ᠲᠤᠯᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ | ᠵᠢᠴᠢ ᠳᠡᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠡᠨᠧᠷᠭᠢ ᠠᠷᠪᠢᠯᠠᠬᠤ ᠬᠠᠤᠯᠢ ᠴᠠᠭᠠᠵᠠ᠂ ᠬᠠᠤᠯᠢ ᠲᠣᠭᠲᠠᠭᠠᠯ ᠪᠠ | ᠡᠨᠧᠷᠭᠢ ᠠᠷᠪᠢᠯᠠᠬᠤ ᠪᠠᠷᠢᠮᠵᠢᠶ᠎ᠠ ᠶᠢ ᠬᠡᠷᠡᠭᠵᠢᠭᠦᠯᠦᠭᠰᠡᠨ ᠪᠠᠶᠢᠳᠠᠯ ᠢ ᠬᠢᠨᠠᠨ ᠪᠠᠶᠢᠴᠠᠭᠠᠬᠤ ᠪᠠᠨ ᠴᠢᠩᠭᠠᠳᠬᠠᠵᠤ᠂ ᠡᠨᠧᠷᠭᠢ | ᠠᠷᠪᠢᠯᠠᠬᠤ ᠶᠢ ᠬᠢᠨᠠᠨ ᠪᠠᠶᠢᠴᠠᠭᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠡᠳᠦᠷ ᠲᠤᠲᠤᠮ ᠤᠨ ᠡᠨᠧᠷᠭᠢ | ᠠᠷᠪᠢᠯᠠᠬᠤ ᠶᠢ ᠬᠢᠨᠠᠨ ᠪᠠᠶᠢᠴᠠᠭᠠᠬᠤ ᠠᠵᠢᠯ ᠢ ᠴᠢᠩᠭᠠᠳᠬᠠᠬᠤ ᠬᠡᠷᠡᠭᠲᠡᠢ᠃ | ᠨᠠᠢᠮᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ | ᠪᠣᠯᠣᠨ ᠲᠡᠭᠦᠨ ᠤ ᠰᠠᠯᠠᠭ᠎ᠠ ᠮᠥᠴᠢᠷ᠂ ᠰᠣᠨᠢᠨ ᠮᠡᠳᠡᠭᠡᠨ ᠤ ᠵᠠᠭᠤᠴᠢᠯᠠᠭᠤᠷ᠂ ᠰᠤᠷᠭᠠᠭᠤᠯᠢ᠂ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠡ᠂ ᠨᠡᠶᠢᠭᠡᠮ ᠲᠣᠭᠤᠷᠢᠭ ᠡᠨᠧᠷᠭᠢ ᠠᠷᠪᠢᠯᠠᠬᠤ ᠤᠬᠠᠭᠤᠯᠭ᠎ᠠ ᠬᠥᠮᠥᠵᠢᠯ ᠢ ᠴᠢᠩᠭᠠᠳᠬᠠᠵᠤ᠂ ᠡᠨᠧᠷᠭᠢ | ᠠᠷᠪᠢᠯᠠᠬᠤ ᠮᠡᠳᠡᠯᠭᠡ ᠶᠢ ᠲᠦᠭᠡᠮᠡᠯᠵᠢᠭᠦᠯᠵᠦ᠂ ᠪᠦᠬᠦ ᠠᠷᠠᠳ ᠤᠨ ᠡᠨᠧᠷᠭᠢ ᠠᠷᠪᠢᠯᠠᠬᠤ ᠤᠬᠠᠮᠰᠠᠷ ᠢ ᠳᠡᠭᠡᠭᠰᠢᠯᠡᠭᠦᠯᠬᠦ | ᠬᠡᠷᠡᠭᠲᠡᠢ᠃ | ᠬᠤᠶᠠᠳᠤᠭᠠᠷ ᠪᠦ᠋ᠯᠦᠭ ᠡᠨᠧᠷᠭᠢ ᠠᠷᠪᠢᠯᠠᠬᠤ ᠬᠠᠮᠢᠶᠠᠷᠤᠯᠲᠠ | ᠶᠢᠰᠦᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ | ᠬᠡᠷᠡᠭ ᠵᠥᠪᠯᠡᠬᠦ ᠵᠣᠬᠢᠴᠠᠭᠤᠯᠬᠤ ᠲᠤᠭᠳᠠᠴᠠ ᠶᠢ ᠪᠠᠶᠢᠭᠤᠯᠵᠤ᠂ ᠡᠨᠧᠷᠭᠢ ᠠᠷᠪᠢᠯᠠᠬᠤ ᠠᠵᠢᠯ ᠳᠤᠮᠳᠠᠬᠢ ᠴᠢᠬᠤᠯᠠ ᠶᠡᠭᠡ | ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠡᠨᠧᠷᠭᠢ ᠠᠷᠪᠢᠯᠠᠬᠤ ᠠᠵᠢᠯ ᠢ ᠪᠠᠶᠢᠷᠢᠯᠠᠭᠤᠯᠵᠤ᠂ ᠵᠣᠬᠢᠴᠠᠭᠤᠯᠵᠤ᠂ ᠬᠢᠨᠠᠯᠲᠠ | ᠲᠠᠯᠪᠢᠵᠤ᠂ ᠪᠠᠶᠢᠴᠠᠭᠠᠵᠤ᠂ ᠠᠬᠢᠭᠤᠯᠬᠤ ᠬᠡᠷᠡᠭᠲᠡᠢ᠃ | ᠠᠷᠪᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠠᠵᠤ ᠠᠬᠤᠢ ᠪᠠ ᠮᠡᠳᠡᠭᠡ ᠵᠠᠩᠭᠢᠵᠢᠯᠲᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ | ᠵᠠᠮ ᠲᠡᠭᠡᠭᠡᠪᠦᠷᠢ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ᠂ ᠲᠠᠷᠢᠶᠠᠯᠠᠩ ᠮᠠᠯ ᠠᠵᠤ ᠠᠬᠤᠢ᠂ | ᠬᠤᠳᠠᠯᠳᠤᠭᠠᠨ ᠤ ᠶᠠᠪᠤᠳᠠᠯ᠂ ᠪᠠᠶᠢᠭᠤᠯᠣᠯᠭ᠎ᠠ ᠶᠢᠨ ᠶᠠᠪᠤᠳᠠᠯ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤᠰ | ᠲᠤᠰ ᠤᠨ ᠲᠤᠰᠢᠶᠠᠯ ᠬᠠᠷᠢᠭᠤᠴᠠᠯᠭ᠎ᠠ ᠶᠣᠰᠣᠭᠠᠷ ᠢᠶᠠᠨ ᠠᠳᠠᠯᠢ ᠱᠠᠲᠤᠨ ᠤ ᠡᠨᠧᠷᠭᠢ ᠠᠷᠪᠢᠯᠠᠬᠤ ᠠᠵᠢᠯ ᠢ ᠬᠠᠮᠢᠶᠠᠷᠬᠤ | ᠰᠠᠯᠠᠭ᠎ᠠ ᠮᠥᠴᠢᠷ ᠢ ᠬᠠᠮᠵᠢᠨ ᠠᠵᠢᠯ ᠲᠥᠷᠥᠯ ᠤᠨ ᠡᠨᠧᠷᠭᠢ ᠠᠷᠪᠢᠯᠠᠬᠤ ᠲᠥᠯᠥᠪᠵᠢᠭᠦᠯᠭᠡ᠂ ᠣᠨ ᠤ ᠡᠨᠧᠷᠭᠢ ᠠᠷᠪᠢᠯᠠᠬᠤ | ᠲᠥᠯᠥᠪᠯᠡᠭᠡ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ᠃ | ᠠᠷᠪᠠᠨ ᠨᠢᠭᠡᠳᠦᠭᠡᠷ ᠵᠦᠢᠯ ᠥᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠥᠪᠡᠷᠳᠡᠭᠡᠨ | ᠵᠠᠰᠠᠬᠤ ᠤᠷᠤᠨ ᠤ ᠡᠨᠧᠷᠭᠢ ᠠᠷᠪᠢᠯᠠᠬᠤ ᠳᠤᠮᠳᠠ ᠤᠷᠲᠤ ᠬᠤᠭᠤᠴᠠᠭᠠᠨ ᠤ ᠲᠥᠯᠥᠪᠵᠢᠭᠦᠯᠭᠡ ᠶᠢ ᠦᠨᠳᠦᠰᠦᠯᠡᠨ᠂ | ᠥᠪᠡᠷᠳᠡᠭᠡᠨ ᠵᠠᠰᠠᠬᠤ ᠤᠷᠤᠨ ᠤ ᠳᠤᠮᠳᠠ ᠤᠷᠲᠤ ᠬᠤᠭᠤᠴᠠᠭ᠎ᠠ ᠪᠠ ᠣᠨ ᠤ ᠡᠨᠧᠷᠭᠢ ᠠᠷᠪᠢᠯᠠᠬᠤ ᠬᠠᠷᠠᠯᠲᠠ ᠶᠢ | ᠲᠣᠭᠲᠠᠭᠠᠬᠤ ᠶᠢᠨ ᠬᠠᠮᠲᠤ ᠭᠠᠵᠠᠷ ᠣᠷᠣᠨ ᠳᠤᠨᠢ ᠲᠣᠬᠢᠷᠠᠭᠤᠯᠬᠤ᠂ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠪᠠᠷ | ᠠᠶᠢᠮᠠᠭ ᠤᠨ ᠵᠠᠬᠢᠷᠭ᠎ᠠ᠂ ᠲᠣᠭᠤᠷᠢᠭ ᠲᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠠ ᠭᠤᠣᠯᠳᠠᠯᠭ᠎ᠠ ᠲᠠᠢ ᠡᠨᠧᠷᠭᠢ | ᠬᠡᠷᠡᠭᠯᠡᠬᠦ ᠨᠢᠭᠡᠴᠡ ᠳᠤ ᠲᠠᠷᠬᠠᠭᠠᠬᠤ ᠬᠡᠷᠡᠭᠲᠡᠢ᠃ | ᠭᠤᠣᠯᠳᠠᠯᠭ᠎ᠠ ᠲᠠᠢ ᠡᠨᠧᠷᠭᠢ ᠬᠡᠷᠡᠭᠯᠡᠬᠦ ᠨᠢᠭᠡᠴᠡ ᠶᠢᠨ ᠤᠨ ᠤ ᠡᠨᠧᠷᠭᠢ ᠬᠡᠷᠡᠭᠯᠡᠬᠦ ᠪᠠᠷᠢᠮᠵᠢᠶ᠎ᠠ ᠶᠢ ᠥᠪᠡᠷᠳᠡᠭᠡᠨ | ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠤ ᠡᠨᠧᠷᠭᠢ ᠠᠷᠪᠢᠯᠠᠬᠤ ᠠᠵᠢᠯ ᠢ ᠬᠠᠮᠢᠶᠠᠷᠬᠤ ᠰᠠᠯᠠᠭ᠎ᠠ ᠮᠥᠴᠢᠷ | ᠠᠴᠠ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠬᠦ ᠬᠡᠷᠡᠭᠲᠡᠢ᠃ | ᠠᠷᠪᠠᠨ ᠬᠤᠶᠠᠳᠤᠭᠠᠷ ᠵᠦᠢᠯ ᠥᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠤ ᠶᠠᠰᠤ | ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠰᠠᠯᠠᠭ᠎ᠠ ᠮᠥᠴᠢᠷ ᠥᠪᠡᠷᠳᠡᠭᠡᠨ ᠵᠠᠰᠠᠬᠤ ᠤᠷᠤᠨ ᠤ ᠬᠤᠯᠪᠣᠭᠳᠠᠯ ᠪᠦᠬᠦᠢ | ᠰᠠᠯᠠᠭ᠎ᠠ ᠮᠥᠴᠢᠷ ᠲᠠᠢ ᠬᠠᠮᠲᠤ ᠪᠠᠷ ᠦᠢᠯᠡᠳᠪᠦᠷᠢᠯᠡᠯ ᠤᠨ ᠶᠠᠪᠤᠴᠠ ᠳᠤᠮᠳᠠ ᠡᠨᠧᠷᠭᠢ ᠶᠢᠨ ᠬᠤᠷᠣᠭᠳᠠᠯ ᠶᠡᠭᠡ | ᠦᠢᠯᠡᠳᠬᠦᠨ ᠤ ᠨᠢᠭᠡᠴᠢ ᠦᠢᠯᠡᠳᠬᠦᠨ ᠤ ᠡᠨᠧᠷᠭᠢ ᠶᠢᠨ ᠬᠤᠷᠣᠭᠳᠠᠯ ᠤᠨ ᠬᠢᠵᠠᠭᠠᠷ ᠤᠨ ᠣᠷᠣᠨ ᠨᠤᠲᠤᠭ ᠤᠨ | ᠪᠠᠷᠢᠮᠵᠢᠶ᠎ᠠ ᠶᠢ ᠬᠠᠤᠯᠢ ᠶᠣᠰᠣᠭᠠᠷ ᠲᠣᠭᠲᠠᠭᠠᠬᠤ ᠬᠡᠷᠡᠭᠲᠡᠢ᠃ | ᠠᠷᠪᠠᠨ ᠭᠤᠷᠪᠠᠳᠤᠭᠠᠷ ᠵᠦᠢᠯ ᠥᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠤ ᠡᠨᠧᠷᠭᠢ | ᠠᠷᠪᠢᠯᠠᠬᠤ ᠠᠵᠢᠯ ᠢ ᠬᠠᠮᠢᠶᠠᠷᠬᠤ ᠰᠠᠯᠠᠭ᠎ᠠ ᠮᠥᠴᠢᠷ ᠠᠳᠠᠯᠢ ᠱᠠᠲᠤᠨ ᠤ ᠬᠠᠮᠢᠶ᠎ᠠ ᠪᠦᠬᠦᠢ ᠠᠵᠢᠯ ᠲᠥᠷᠥᠯ ᠤᠨ | ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠲᠤ ᠪᠠᠷ ᠤᠯᠤᠰ ᠠᠴᠠ ᠢᠯᠠ ᠪᠠᠷ ᠵᠠᠷᠯᠢᠭᠳᠠᠨ ᠰᠢᠭᠰᠢᠭᠳᠡᠭᠦᠯᠦᠭᠰᠡᠨ ᠡᠨᠧᠷᠭᠢ | ᠬᠡᠷᠡᠭᠯᠡᠭᠰᠡᠨ ᠦᠢᠯᠡᠳᠬᠦᠨ᠂ ᠲᠥᠬᠦᠭᠡᠷᠦᠮᠵᠢ᠂ ᠦᠢᠯᠡᠳᠪᠦᠷᠢᠯᠡᠯ ᠤᠨ ᠤᠷᠠᠯᠠᠯ ᠤᠨ ᠭᠠᠷᠴᠠᠭ ᠪᠠ ᠤᠯᠤᠰ ᠤᠨ ᠠᠵᠤ | ᠦᠢᠯᠡᠰ ᠤᠨ ᠲᠥᠷᠥ ᠶᠢᠨ ᠪᠣᠳᠣᠯᠭ᠎ᠠ ᠶᠢ ᠦᠨᠳᠦᠰᠦᠯᠡᠨ᠂ ᠥᠪᠡᠷᠳᠡᠭᠡᠨ ᠵᠠᠰᠠᠬᠤ ᠤᠷᠤᠨ ᠤ ᠢᠯᠠ ᠪᠠᠷ ᠵᠠᠷᠯᠢᠭᠳᠠᠨ | ᠰᠢᠭᠰᠢᠭᠳᠡᠭᠦᠯᠦᠭᠰᠡᠨ ᠡᠨᠧᠷᠭᠢ ᠬᠡᠷᠡᠭᠯᠡᠭᠰᠡᠨ ᠦᠢᠯᠡᠳᠬᠦᠨ᠂ ᠲᠥᠬᠦᠭᠡᠷᠦᠮᠵᠢ᠂ ᠦᠢᠯᠡᠳᠪᠦᠷᠢᠯᠡᠯ ᠤᠨ ᠤᠷᠠᠯᠠᠯ ᠤᠨ ᠭᠠᠷᠴᠠᠭ | ᠪᠠ ᠬᠡᠷᠡᠭᠵᠢᠭᠦᠯᠬᠦ ᠲᠥᠯᠥᠪᠯᠡᠭᠡ ᠲᠣᠭᠲᠠᠭᠠᠵᠤ᠂ ᠥᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠳᠤ | ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠨᠡᠶᠢᠲᠡᠯᠡᠨ ᠬᠡᠷᠡᠭᠵᠢᠭᠦᠯᠬᠦ ᠬᠡᠷᠡᠭᠲᠡᠢ᠃ | ᠡᠨᠧᠷᠭᠢ ᠬᠡᠷᠡᠭᠯᠡᠬᠦ ᠨᠢᠭᠡᠴᠡ ᠰᠢᠭᠰᠢᠭᠳᠡᠭᠰᠡᠨ ᠡᠨᠧᠷᠭᠢ ᠬᠡᠷᠡᠭᠯᠡᠭᠰᠡᠨ ᠦᠢᠯᠡᠳᠬᠦᠨ᠂ ᠲᠥᠬᠦᠭᠡᠷᠦᠮᠵᠢ᠂ | ᠦᠢᠯᠡᠳᠪᠦᠷᠢᠯᠡᠯ ᠤᠨ ᠤᠷᠠᠯᠠᠯ ᠢ ᠪᠤᠰᠤᠳ ᠲᠤ ᠨᠠᠶᠢᠷ ᠲᠠᠯᠪᠢᠬᠤ ᠪᠤᠶᠤ ᠪᠤᠰᠤᠳ ᠲᠤ ᠲᠦᠷᠢᠶᠡᠰᠦᠯᠡᠨ ᠵᠢᠭᠡᠯᠡᠭᠦᠯᠵᠦ | ᠬᠡᠷᠡᠭᠯᠡᠭᠦᠯᠵᠦ ᠪᠣᠯᠬᠤ ᠦᠭᠡᠢ᠃ | ᠠᠷᠪᠠᠨ ᠲᠦᠷᠪᠡᠳᠦᠭᠡᠷ ᠵᠦᠢᠯ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠳᠠ ᠶᠢᠨ ᠲᠥᠷᠥᠯ ᠵᠦᠢᠯ ᠳᠤ | ᠬᠠᠤᠯᠢ ᠶᠣᠰᠣᠭᠠᠷ ᠡᠨᠧᠷᠭᠢ ᠠᠷᠪᠢᠯᠠᠬᠤ ᠶᠢ ᠦᠨᠡᠯᠡᠬᠦ ᠪᠠ ᠬᠢᠨᠠᠨ ᠪᠠᠶᠢᠴᠠᠭᠠᠬᠤ ᠳᠦᠷᠢᠮ ᠢ ᠬᠡᠷᠡᠭᠵᠢᠭᠦᠯᠦᠨ᠎ᠡ᠃ | | ᠠᠷᠪᠠᠨ ᠲᠠᠪᠤᠳᠤᠭᠠᠷ ᠵᠦᠢᠯ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠳᠠ ᠶᠢᠨ ᠲᠥᠷᠥᠯ ᠵᠦᠢᠯ ᠤᠨ | ᠡᠨᠧᠷᠭᠢ ᠠᠷᠪᠢᠯᠠᠬᠤ ᠶᠢ ᠦᠨᠡᠯᠡᠬᠦ ᠶᠢ ᠲᠥᠷᠥᠯ ᠵᠦᠢᠯ ᠤᠨ ᠵᠢᠷᠤᠭ ᠲᠥᠯᠥᠪᠯᠡᠭᠡ ᠶᠢᠨ ᠵᠢᠯ ᠤᠨ ᠶᠡᠷᠦᠩᠬᠡᠶᠢᠯᠡᠭᠰᠡᠨ | ᠡᠨᠧᠷᠭᠢ ᠶᠢᠨ ᠬᠡᠷᠡᠭᠯᠡᠭᠡᠨ ᠤ ᠬᠡᠮᠵᠢᠶ᠎ᠡ ᠪᠠᠷ ᠲᠥᠷᠥᠯ ᠬᠤᠪᠢᠶᠠᠨ ᠬᠠᠮᠢᠶᠠᠷᠤᠨ᠎ᠠ᠄ | ︵ᠨᠢᠭᠡ︶ ᠵᠢᠯ ᠤᠨ ᠶᠡᠷᠦᠩᠬᠡᠶᠢᠯᠡᠭᠰᠡᠨ ᠡᠨᠧᠷᠭᠢ ᠶᠢᠨ ᠬᠡᠷᠡᠭᠯᠡᠭᠡᠨ ᠤ ᠬᠡᠮᠵᠢᠶ᠎ᠡ ᠨᠢ 3000 ᠲᠣᠨ ᠪᠠᠷᠢᠮᠵᠢᠶᠠᠲᠤ | ᠨᠡᠭᠦᠷᠡᠰᠦᠨ ᠤ ᠬᠡᠮᠵᠢᠶ᠎ᠡ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ ᠶᠢᠨ ᠲᠥᠷᠥᠯ ᠵᠦᠢᠯ | ᠡᠨᠧᠷᠭᠢ ᠠᠷᠪᠢᠯᠠᠬᠤ ᠶᠢ ᠦᠨᠡᠯᠡᠭᠰᠡᠨ ᠮᠡᠳᠡᠭᠦᠯᠦᠯᠲᠡ ᠶᠢᠨ ᠪᠢᠴᠢᠭ ᠨᠠᠶᠢᠷᠠᠭᠤᠯᠬᠤ ᠬᠡᠷᠡᠭᠲᠡᠢ︔ | ︵ᠬᠤᠶᠠᠷ︶ ᠵᠢᠯ ᠤᠨ ᠶᠡᠷᠦᠩᠬᠡᠶᠢᠯᠡᠭᠰᠡᠨ ᠡᠨᠧᠷᠭᠢ ᠶᠢᠨ ᠬᠡᠷᠡᠭᠯᠡᠭᠡᠨ ᠤ ᠬᠡᠮᠵᠢᠶ᠎ᠡ ᠨᠢ 1000 ᠲᠣᠨ ᠪᠠᠷᠢᠮᠵᠢᠶᠠᠲᠤ | ᠨᠡᠭᠦᠷᠡᠰᠦᠨ ᠤ ᠬᠡᠮᠵᠢᠶ᠎ᠡ ᠠᠴᠠ ᠳᠡᠭᠡᠭᠰᠢ 3000 ᠲᠣᠨ ᠪᠠᠷᠢᠮᠵᠢᠶᠠᠳᠤ ᠨᠡᠭᠦᠷᠡᠰᠦᠨ ᠤ ᠬᠡᠮᠵᠢᠶ᠎ᠡ ᠬᠦᠷᠬᠦ ᠦᠭᠡᠢ ᠲᠣᠭᠲᠠᠮᠠᠯ | ᠬᠦᠷᠦᠩᠭᠡ ᠶᠢᠨ ᠪᠡᠯᠡ ᠣᠷᠤᠭᠤᠯᠤᠯᠲᠠ ᠶᠢᠨ ᠲᠥᠷᠥᠯ ᠵᠦᠢᠯ ᠡᠨᠧᠷᠭᠢ ᠠᠷᠪᠢᠯᠠᠬᠤ ᠶᠢ ᠦᠨᠡᠯᠡᠭᠰᠡᠨ ᠮᠡᠳᠡᠭᠦᠯᠦᠯᠲᠡ ᠶᠢᠨ | ᠬᠦᠰᠦᠨᠦᠭᠲᠦ ᠵᠣᠬᠢᠶᠠᠬᠤ ᠬᠡᠷᠡᠭᠲᠡᠢ︔ | ︵ᠭᠤᠷᠪᠠ︶ ᠵᠢᠯ ᠤᠨ ᠶᠡᠷᠦᠩᠬᠡᠶᠢᠯᠡᠭᠰᠡᠨ ᠡᠨᠧᠷᠭᠢ ᠶᠢᠨ ᠬᠡᠷᠡᠭᠯᠡᠭᠡᠨ ᠤ ᠬᠡᠮᠵᠢᠶ᠎ᠡ ᠨᠢ 1000 ᠲᠣᠨ ᠪᠠᠷᠢᠮᠵᠢᠶᠠᠲᠤ | ᠨᠡᠭᠦᠷᠡᠰᠦᠨ ᠤ ᠬᠡᠮᠵᠢᠶᠡᠨ ᠳᠤ ᠬᠦᠷᠬᠦ ᠦᠭᠡᠢ ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ ᠶᠢᠨ ᠲᠥᠷᠥᠯ ᠵᠦᠢᠯ | ᠡᠨᠧᠷᠭᠢ ᠠᠷᠪᠢᠯᠠᠬᠤ ᠬᠦᠰᠦᠨᠦᠭᠲᠦ ᠶᠢ ᠲᠠᠭᠯᠠᠬᠤ ᠬᠡᠷᠡᠭᠲᠡᠢ᠃ | ᠠᠷᠪᠠᠨ ᠵᠢᠷᠭᠤᠳᠤᠭᠠᠷ ᠵᠦᠢᠯ ᠪᠦᠲᠦᠭᠡᠨ ᠪᠠᠶᠢᠭᠤᠯᠬᠤ ᠨᠢᠭᠡᠴᠡ ᠨᠢ ᠤᠯᠤᠰ ᠠᠴᠠ ᠮᠡᠳᠡᠷᠡᠭᠰᠡᠨ ᠬᠢᠷᠢ | ᠬᠡᠮ ᠤᠨ ᠨᠥᠬᠦᠴᠡᠯ ᠲᠠᠢ ᠡᠨᠧᠷᠭᠢ ᠠᠷᠪᠢᠯᠠᠬᠤ ᠶᠢ ᠦᠨᠡᠯᠡᠬᠦ ᠪᠠᠶᠢᠭᠤᠯᠤᠮᠵᠢ ᠳᠤ ᠨᠠᠶᠢᠳᠠᠵᠤ ᠡᠨᠧᠷᠭᠢ ᠠᠷᠪᠢᠯᠠᠬᠤ ᠶᠢ | ᠦᠨᠡᠯᠡᠭᠰᠡᠨ ᠪᠢᠴᠢᠭ᠂ ᠡᠨᠧᠷᠭᠢ ᠠᠷᠪᠢᠯᠠᠬᠤ ᠶᠢ ᠦᠨᠡᠯᠡᠭᠰᠡᠨ ᠮᠡᠳᠡᠭᠦᠯᠦᠯᠲᠡ ᠶᠢᠨ ᠬᠦᠰᠦᠨᠦᠭᠲᠦ ︵ᠳᠣᠷᠣᠭᠰᠢ ᠨᠢᠭᠡᠳᠦᠯᠲᠡᠢ | ᠪᠠᠷ ᠡᠨᠧᠷᠭᠢ ᠠᠷᠪᠢᠯᠠᠬᠤ ᠶᠢ ᠦᠨᠡᠯᠡᠭᠰᠡᠨ ᠪᠢᠴᠢᠭ ᠭᠡᠨ᠎ᠡ︶ ᠶᠢ ᠨᠠᠶᠢᠷᠠᠭᠤᠯᠬᠤ ᠬᠡᠷᠡᠭᠲᠡᠢ᠃ ᠪᠦᠲᠦᠭᠡᠨ ᠪᠠᠶᠢᠭᠤᠯᠬᠤ | ᠨᠢᠭᠡᠴᠡ ᠪᠠ ᠡᠨᠧᠷᠭᠢ ᠠᠷᠪᠢᠯᠠᠬᠤ ᠶᠢ ᠦᠨᠡᠯᠡᠭᠰᠡᠨ ᠪᠢᠴᠢᠭ ᠢ ᠨᠠᠶᠢᠷᠠᠭᠤᠯᠬᠤ ᠪᠠᠶᠢᠭᠤᠯᠤᠮᠵᠢ᠂ ᠦᠨᠡᠯᠡᠬᠦ ᠠᠵᠢᠯᠲᠠᠨ ᠬᠠᠮᠲᠤ | ᠪᠠᠷ ᠡᠨᠧᠷᠭᠢ ᠠᠷᠪᠢᠯᠠᠬᠤ ᠶᠢ ᠦᠨᠡᠯᠡᠭᠰᠡᠨ ᠪᠢᠴᠢᠭ ᠤᠨ ᠦᠨᠡᠨ ᠪᠣᠳᠠᠲᠤ ᠴᠢᠨᠠᠷ ᠲᠤ ᠬᠠᠷᠢᠭᠤᠴᠠᠬᠤ ᠬᠡᠷᠡᠭᠲᠡᠢ᠃ ᠪᠦᠲᠦᠭᠡᠨ | ᠪᠠᠶᠢᠭᠤᠯᠬᠤ ᠨᠢᠭᠡᠴᠡ ᠥᠪᠡᠷᠲᠡᠭᠡᠨ ᠡᠨᠧᠷᠭᠢ ᠠᠷᠪᠢᠯᠠᠬᠤ ᠶᠢ ᠳᠠᠩᠰᠠᠯᠠᠬᠤ ᠬᠦᠰᠦᠨᠦᠭᠲᠦ ᠶᠢ ᠲᠠᠭᠯᠠᠵᠤ ᠪᠣᠯᠣᠨ᠎ᠠ᠃ | ᠡᠨᠧᠷᠭᠢ ᠠᠷᠪᠢᠯᠠᠬᠤ ᠶᠢ ᠦᠨᠡᠯᠡᠭᠰᠡᠨ ᠪᠢᠴᠢᠭ ᠪᠠ ᠡᠨᠧᠷᠭᠢ ᠠᠷᠪᠢᠯᠠᠬᠤ ᠶᠢ ᠳᠠᠩᠰᠠᠯᠠᠭᠰᠠᠨ ᠬᠦᠰᠦᠨᠦᠭᠲᠦ ᠶᠢᠨ | ᠪᠣᠳᠠᠲᠠᠢ ᠠᠭᠤᠯᠭ᠎ᠠ ᠪᠠ ᠬᠡᠯᠪᠡᠷᠢ ᠶᠢ ᠥᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠤ ᠡᠨᠧᠷᠭᠢ | ᠠᠷᠪᠢᠯᠠᠬᠤ ᠠᠵᠢᠯ ᠢ ᠬᠠᠮᠢᠶᠠᠷᠬᠤ ᠰᠠᠯᠠᠭ᠎ᠠ ᠮᠥᠴᠢᠷ ᠠᠳᠠᠯᠢ ᠱᠠᠲᠤᠨ ᠤ ᠠᠵᠢᠯ ᠲᠥᠷᠥᠯ ᠤᠨ ᠬᠠᠮᠢᠶᠠᠷᠤᠯᠲᠠ ᠶᠢᠨ ᠰᠠᠯᠠᠭ᠎ᠠ | ᠮᠥᠴᠢᠷ ᠲᠠᠢ ᠬᠠᠮᠲᠤ ᠪᠠᠷ ᠲᠣᠭᠲᠠᠭᠠᠨ᠎ᠠ᠃ | ᠠᠷᠪᠠᠨ ᠲᠤᠯᠤᠳᠤᠭᠠᠷ ᠵᠦᠢᠯ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ ᠰᠠᠯᠠᠭ᠎ᠠ ᠮᠥᠴᠢᠷ ᠶᠠᠮᠠᠷᠪᠠ ᠬᠡᠯᠪᠡᠷᠢ | ᠪᠠᠷ ᠴᠤ ᠭᠡᠳ ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ ᠶᠢᠨ ᠲᠥᠷᠥᠯ ᠵᠦᠢᠯ ᠤᠨ ᠡᠨᠧᠷᠭᠢ ᠠᠷᠪᠢᠯᠠᠬᠤ ᠶᠢ | ᠦᠨᠡᠯᠡᠬᠦ ᠪᠠᠶᠢᠭᠤᠯᠤᠮᠵᠢ ᠶᠢ ᠡᠨᠧᠷᠭᠢ ᠠᠷᠪᠢᠯᠠᠬᠤ ᠶᠢ ᠦᠨᠡᠯᠡᠭᠦᠯᠬᠦ ᠪᠠᠷ ᠵᠢᠭᠠᠨ ᠲᠣᠭᠲᠠᠭᠠᠵᠤ ᠪᠣᠯᠬᠤ ᠦᠭᠡᠢ᠃ | | ᠠᠷᠪᠠᠨ ᠨᠠᠢᠮᠠᠳᠤᠭᠠᠷ ᠵᠦᠢᠯ ᠳᠣᠣᠷᠠᠬᠢ ᠪᠠᠶᠢᠳᠠᠯ ᠤᠨ ᠨᠢᠭᠡ ᠨᠢ ᠪᠠᠶᠢᠬᠤ ᠲᠣᠭᠲᠠᠮᠠᠯ ᠬᠥᠷᠥᠩᠭᠡ ᠶᠢᠨ ᠪᠡᠯᠡ | ᠣᠷᠤᠭᠤᠯᠤᠯᠲᠠ ᠶᠢᠨ ᠲᠥᠷᠥᠯ ᠵᠦᠢᠯ ᠤᠨ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ ᠶᠢ ᠵᠥᠪᠰᠢᠶᠡᠷᠡᠵᠦ ᠪᠣᠯᠬᠤ ᠦᠭᠡᠢ᠄ | | ︵ᠨᠢᠭᠡ︶ ᠤᠯᠤᠰ ᠪᠠ ᠥᠪᠡᠷᠳᠡᠭᠡᠨ ᠵᠠᠰᠠᠬᠤ ᠤᠷᠤᠨ ᠤ ᠢᠯᠠ ᠪᠠᠷ ᠵᠠᠷᠯᠢᠭᠳᠠᠨ ᠰᠢᠭᠰᠢᠭᠳᠡᠭᠦᠯᠦᠭᠰᠡᠨ ᠡᠨᠧᠷᠭᠢ | ᠬᠡᠷᠡᠭᠯᠡᠭᠰᠡᠨ ᠦᠢᠯᠡᠳᠬᠦᠨ᠂ ᠲᠥᠬᠦᠭᠡᠷᠦᠮᠵᠢ ᠪᠠ ᠦᠢᠯᠡᠳᠪᠦᠷᠢᠯᠡᠯ ᠤᠨ ᠤᠷᠠᠯᠠᠯ ᠢ ᠬᠡᠷᠡᠭᠯᠡᠭᠰᠡᠨ︔ | ︵ᠬᠤᠶᠠᠷ︶ ᠡᠨᠧᠷᠭᠢ ᠬᠡᠷᠡᠭᠯᠡᠭᠰᠡᠨ ᠦᠢᠯᠡᠳᠬᠦᠨ᠂ ᠲᠥᠬᠦᠭᠡᠷᠦᠮᠵᠢ ᠨᠢ ᠠᠯᠪᠠᠳᠠᠯᠭ᠎ᠠ ᠶᠢᠨ ᠴᠢᠨᠠᠷᠲᠠᠢ ᠡᠨᠧᠷᠭᠢ ᠶᠢᠨ | ᠦᠷ᠎ᠡ ᠠᠰᠢᠭ ᠤᠨ ᠪᠠᠷᠢᠮᠵᠢᠶ᠎ᠠ ᠳᠤ ᠨᠡᠶᠢᠴᠡᠬᠦ ᠦᠭᠡᠢ︔ | ︵ᠭᠤᠷᠪᠠ︶ ᠨᠢᠭᠡᠴᠢ ᠦᠢᠯᠡᠳᠬᠦᠨ ᠤ ᠡᠨᠧᠷᠭᠢ ᠶᠢᠨ ᠬᠤᠷᠣᠭᠳᠠᠯ ᠨᠢ ᠤᠯᠤᠰ᠂ ᠠᠵᠢᠯ ᠲᠥᠷᠥᠯ ᠪᠤᠶᠤ ᠣᠷᠣᠨ | ᠨᠤᠲᠤᠭ ᠤᠨ ᠬᠢᠵᠠᠭᠠᠷ ᠤᠨ ᠪᠠᠷᠢᠮᠵᠢᠶ᠎ᠠ ᠠᠴᠠ ᠬᠡᠲᠦᠷᠡᠭᠰᠡᠨ︔ | ︵ᠳᠥᠷᠪᠡ︶ ᠤᠯᠤᠰ ᠪᠠ ᠥᠪᠡᠷᠳᠡᠭᠡᠨ ᠵᠠᠰᠠᠬᠤ ᠤᠷᠤᠨ ᠤ ᠪᠤᠰᠤᠳ ᠡᠨᠧᠷᠭᠢ ᠠᠷᠪᠢᠯᠠᠬᠤ ᠲᠣᠭᠲᠠᠭᠠᠯ ᠳᠤ | ᠨᠡᠶᠢᠴᠡᠬᠦ ᠦᠭᠡᠢ᠃ | ᠠᠷᠪᠠ ᠶᠢᠰᠦᠳᠦᠭᠡᠷ ᠵᠦᠢᠯ ᠥᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠤ ᠠᠵᠤ | ᠠᠬᠤᠢ ᠪᠠ ᠮᠡᠳᠡᠭᠡ ᠵᠠᠩᠭᠢᠵᠢᠯᠲᠠ ᠶᠢᠨ ᠰᠠᠯᠠᠭ᠎ᠠ ᠮᠥᠴᠢᠷ ᠠᠳᠠᠯᠢ ᠱᠠᠲᠤᠨ ᠤ ᠡᠨᠧᠷᠭᠢ ᠠᠷᠪᠢᠯᠠᠬᠤ ᠠᠵᠢᠯ ᠢ ᠬᠠᠮᠢᠶᠠᠷᠬᠤ | ᠰᠠᠯᠠᠭ᠎ᠠ ᠮᠥᠴᠢᠷ ᠲᠠᠢ ᠬᠠᠮᠳᠤ ᠪᠠᠷ ᠡᠨᠧᠷᠭᠢ ᠠᠷᠪᠢᠯᠠᠬᠤ ᠳᠤ ᠠᠰᠢᠭᠲᠠᠢ ᠪᠠᠶᠢᠬᠤ ᠵᠠᠷᠴᠢᠮ ᠶᠣᠰᠣᠭᠠᠷ ᠠᠵᠤ | ᠦᠢᠯᠡᠳᠪᠦᠷᠢ ᠶᠢᠨ ᠪᠦᠲᠦᠴᠡ ᠶᠢᠨ ᠲᠣᠬᠢᠷᠠᠭᠤᠯᠤᠯᠲᠠ ᠶᠢᠨ ᠭᠠᠷᠴᠠᠭ ᠨᠠᠶᠢᠷᠠᠭᠤᠯᠵᠤ᠂ ᠥᠪᠡᠷᠳᠡᠭᠡᠨ ᠵᠠᠰᠠᠬᠤ ᠤᠷᠤᠨ ᠤ | ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠨᠡᠶᠢᠲᠡᠯᠡᠨ ᠬᠡᠷᠡᠭᠵᠢᠭᠦᠯᠦᠨ᠎ᠡ᠃ | | ᠬᠤᠷᠢᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠰᠠᠯᠠᠭ᠎ᠠ ᠮᠥᠴᠢᠷ ᠤᠯᠤᠰ ᠤᠨ ᠲᠣᠭᠲᠠᠭᠠᠯ ᠶᠣᠰᠣᠭᠠᠷ ᠡᠨᠧᠷᠭᠢ ᠶᠢᠨ | ᠬᠤᠷᠣᠭᠳᠠᠯ ᠶᠡᠭᠡ ᠣᠨᠴᠠᠭᠠᠢ ᠲᠥᠷᠥᠯ ᠤᠨ ᠲᠥᠬᠦᠭᠡᠷᠦᠮᠵᠢ ᠶᠢ ᠵᠢᠷᠤᠵᠤ ᠲᠥᠯᠥᠪᠯᠡᠬᠦ᠂ ᠦᠢᠯᠡᠳᠬᠦ᠂ ᠤᠭᠰᠠᠷᠠᠬᠤ᠂ | ᠥᠭᠡᠷᠡᠴᠢᠯᠡᠬᠦ᠂ ᠰᠡᠯᠪᠢᠨ ᠵᠠᠰᠠᠬᠤ᠂ ᠬᠡᠷᠡᠭᠯᠡᠬᠦ ᠬᠢᠭᠡᠳ ᠰᠢᠯᠭᠠᠨ ᠪᠠᠶᠢᠴᠠᠭᠠᠬᠤ ᠳᠤ ᠡᠨᠧᠷᠭᠢ ᠠᠷᠪᠢᠯᠠᠬᠤ ᠬᠢᠨᠠᠨ | ᠪᠠᠶᠢᠴᠠᠭᠠᠯᠲᠠ ᠪᠠ ᠬᠢᠨᠠᠨ ᠬᠠᠮᠢᠶᠠᠷᠤᠯᠲᠠ ᠬᠢᠬᠦ ᠬᠡᠷᠡᠭᠳᠠᠢ᠃ | ᠬᠤᠷᠢᠨ ᠨᠢᠭᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠰᠠᠯᠠᠭ᠎ᠠ ᠮᠥᠴᠢᠷ ᠪᠠ ᠬᠢᠯᠢ ᠪᠠᠷ ᠣᠷᠣᠵᠤ ᠭᠠᠷᠬᠤ ᠶᠢ | ᠪᠠᠶᠢᠴᠠᠭᠠᠨ ᠰᠢᠯᠭᠠᠬᠤ ᠬᠢᠵᠢᠭ ᠪᠠᠶᠢᠴᠠᠭᠠᠬᠤ ᠪᠠᠶᠢᠭᠤᠯᠤᠮᠵᠢ ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ | ᠡᠨᠧᠷᠭᠢ ᠶᠢᠨ ᠦᠷ᠎ᠡ ᠠᠰᠢᠭ ᠤᠨ ᠢᠯᠭᠠᠨ ᠬᠠᠮᠢᠶᠠᠷᠤᠯᠲᠠ ᠳᠤ ᠣᠷᠣᠭᠤᠯᠤᠭᠰᠠᠨ ᠦᠢᠯᠡᠳᠬᠦᠨ ᠢ ᠬᠢᠨᠠᠨ ᠪᠠᠶᠢᠴᠠᠭᠠᠬᠤ | ᠬᠡᠷᠡᠭᠲᠡᠢ᠃ | ᠬᠤᠷᠢᠨ ᠬᠤᠶᠠᠳᠤᠭᠠᠷ ᠵᠦᠢᠯ ᠥᠪᠡᠷᠳᠡᠭᠡᠨ ᠵᠠᠰᠠᠬᠤ ᠤᠷᠤᠨ ᠡᠨᠧᠷᠭᠢ ᠠᠷᠪᠢᠯᠠᠬᠤ ᠦᠢᠯᠡᠴᠢᠯᠡᠭᠡᠨ ᠤ | ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠡᠨᠧᠷᠭᠢ ᠠᠷᠪᠢᠯᠠᠬᠤ ᠦᠢᠯᠡᠴᠢᠯᠡᠭᠡᠨ ᠤ ᠪᠠᠶᠢᠭᠤᠯᠤᠮᠵᠢ ᠶᠢᠨ ᠡᠨᠧᠷᠭᠢ | ᠠᠷᠪᠢᠯᠠᠬᠤ ᠯᠠᠪᠯᠠᠭ᠎ᠠ ᠂ ᠵᠢᠷᠤᠭ ᠲᠥᠯᠥᠪᠯᠡᠭᠡ᠂ ᠦᠨᠡᠯᠡᠯᠲᠡ᠂ ᠰᠢᠯᠭᠠᠨ ᠪᠠᠶᠢᠴᠠᠭᠠᠯᠲᠠ᠂ ᠬᠢᠨᠠᠨ ᠪᠣᠳᠣᠯᠲᠠ᠂ ᠨᠤᠲᠠᠯᠠᠬᠤ | ᠵᠡᠷᠭᠡ ᠦᠢᠯᠡᠴᠢᠯᠡᠭᠡ ᠥᠷᠨᠢᠭᠦᠯᠬᠦ ᠶᠢ ᠳᠡᠮᠵᠢᠵᠦ᠂ ᠡᠨᠧᠷᠭᠢ ᠠᠷᠪᠢᠯᠠᠬᠤ ᠮᠡᠳᠡᠯᠭᠡ ᠶᠢᠨ ᠤᠬᠠᠭᠤᠯᠭ᠎ᠠ ᠪᠠ ᠡᠨᠧᠷᠭᠢ | ᠠᠷᠪᠢᠯᠠᠬᠤ ᠮᠡᠷᠭᠡᠵᠢᠯ ᠤᠨ ᠪᠣᠯᠪᠠᠰᠤᠷᠠᠯ ᠥᠷᠨᠢᠭᠦᠯᠵᠦ᠂ ᠡᠨᠧᠷᠭᠢ ᠠᠷᠪᠢᠯᠠᠬᠤ ᠮᠡᠳᠡᠭᠡ ᠵᠠᠩᠭᠢ᠂ ᠡᠨᠧᠷᠭᠢ ᠠᠷᠪᠢᠯᠠᠬᠤ | ᠵᠢᠱᠢᠶ᠎ᠡ ᠦᠵᠡᠭᠦᠯᠬᠦ ᠪᠠ ᠪᠤᠰᠤᠳ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠡᠨᠧᠷᠭᠢ ᠠᠷᠪᠢᠯᠠᠬᠤ ᠦᠢᠯᠡᠴᠢᠯᠡᠭᠡ ᠬᠠᠩᠭᠠᠬᠤ | ᠬᠡᠷᠡᠭᠳᠠᠢ᠃ | ᠡᠨᠧᠷᠭᠢ ᠠᠷᠪᠢᠯᠠᠬᠤ ᠦᠢᠯᠡᠴᠢᠯᠡᠭᠡᠨ ᠤ ᠪᠠᠶᠢᠭᠤᠯᠤᠮᠵᠢ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ | ᠪᠠ ᠭᠡᠷ᠎ᠡ ᠶᠢᠨ ᠪᠣᠯᠵᠤᠭ᠎ᠠ ᠶᠣᠰᠣᠭᠠᠷ ᠡᠨᠧᠷᠭᠢ ᠠᠷᠪᠢᠯᠠᠬᠤ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠬᠦ ᠬᠡᠷᠡᠭᠲᠡᠢ᠃ | | ᠬᠤᠷᠢᠨ ᠭᠤᠷᠪᠠᠳᠤᠭᠠᠷ ᠵᠦᠢᠯ ᠥᠪᠡᠷᠳᠡᠭᠡᠨ ᠵᠠᠰᠠᠬᠤ ᠤᠷᠤᠨ ᠠᠴᠠ ᠭᠡᠷ᠎ᠡ ᠶᠢᠨ ᠲᠦᠷᠢᠮᠳᠤ ᠡᠨᠧᠷᠭᠢ ᠶᠢ | ᠬᠠᠮᠢᠶᠠᠷᠬᠤ ᠬᠡᠯᠪᠡᠷᠢ ᠶᠢ ᠬᠡᠷᠡᠭᠵᠢᠭᠦᠯᠵᠦ᠂ ᠡᠨᠧᠷᠭᠢ ᠠᠷᠪᠢᠯᠠᠬᠤ ᠦᠢᠯᠡᠴᠢᠯᠡᠭᠡᠨ ᠤ ᠠᠵᠤ ᠦᠢᠯᠡᠰ ᠢ ᠬᠥᠭᠵᠢᠭᠦᠯᠦᠨ᠎ᠡ᠃ | ᠡᠨᠧᠷᠭᠢ ᠠᠷᠪᠢᠯᠠᠬᠤ ᠦᠢᠯᠡᠴᠢᠯᠡᠭᠡᠨ ᠤ ᠪᠠᠶᠢᠭᠤᠯᠤᠮᠵᠢ ᠡᠨᠧᠷᠭᠢ ᠬᠡᠷᠡᠭᠯᠡᠬᠦ ᠨᠢᠭᠡᠴᠡ ᠲᠠᠢ ᠡᠨᠧᠷᠭᠢ ᠠᠷᠪᠢᠯᠠᠬᠤ | ᠦᠢᠯᠡᠴᠢᠯᠡᠭᠡᠨ ᠤ ᠭᠡᠷ᠎ᠡ ᠲᠣᠭᠲᠠᠬᠤ ᠪᠠᠷ ᠳᠠᠮᠵᠢᠭᠤᠯᠣᠨ ᠡᠨᠧᠷᠭᠢ ᠠᠷᠪᠢᠯᠠᠬᠤ ᠨᠢᠭᠡᠴᠡ ᠳᠤ ᠡᠨᠧᠷᠭᠢ ᠠᠷᠪᠢᠯᠠᠬᠤ | ᠮᠠᠭᠠᠳᠯᠠᠯᠲᠠ᠂ ᠵᠢᠷᠤᠭ ᠲᠥᠯᠥᠪᠯᠡᠭᠡ᠂ ᠪᠡᠯᠡ ᠨᠡᠶᠢᠯᠡᠭᠦᠯᠬᠦ᠂ ᠥᠭᠡᠷᠡᠴᠢᠯᠡᠬᠦ ᠪᠠ ᠠᠵᠢᠯᠯᠠᠬᠤ ᠬᠠᠮᠢᠶᠠᠷᠤᠯᠲᠠ ᠵᠡᠷᠭᠡ | ᠦᠢᠯᠡᠴᠢᠯᠡᠭᠡ ᠬᠠᠩᠭᠠᠬᠤ ᠶᠢᠨ ᠬᠠᠮᠲᠤ ᠭᠡᠷ᠎ᠡ ᠶᠣᠰᠣᠭᠠᠷ ᠡᠨᠧᠷᠭᠢ ᠬᠡᠷᠡᠭᠯᠡᠬᠦ ᠨᠢᠭᠡᠴᠡ ᠲᠠᠢ ᠡᠨᠧᠷᠭᠢ ᠠᠷᠪᠢᠯᠠᠭᠰᠠᠨ ᠦᠷ᠎ᠡ | ᠠᠰᠢᠭ ᠢᠶᠠᠨ ᠬᠠᠮᠲᠤ ᠪᠠᠷ ᠡᠳ᠋ᠯᠡᠨ᠎ᠡ᠃ | ᠬᠤᠷᠢᠨ ᠲᠦᠷᠪᠡᠳᠦᠭᠡᠷ ᠵᠦᠢᠯ ᠥᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠤ ᠡᠨᠧᠷᠭᠢ | ᠠᠷᠪᠢᠯᠠᠬᠤ ᠠᠵᠢᠯ ᠢ ᠬᠠᠮᠢᠶᠠᠷᠬᠤ ᠰᠠᠯᠠᠭ᠎ᠠ ᠮᠥᠴᠢᠷ ᠠᠳᠠᠯᠢ ᠱᠠᠲᠤᠨ ᠤ ᠬᠤᠯᠪᠣᠭᠳᠠᠯ ᠪᠦᠬᠦᠢ ᠠᠵᠢᠯ ᠲᠥᠷᠥᠯ ᠤᠨ | ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠲᠤ ᠪᠠᠷ ᠡᠨᠧᠷᠭᠢ ᠠᠷᠪᠢᠯᠠᠬᠤ ᠮᠡᠳᠡᠭᠡ ᠵᠠᠩᠭᠢ ᠶᠢᠨ ᠦᠢᠯᠡᠴᠢᠯᠡᠭᠡᠨ ᠤ | ᠲᠠᠪᠴᠠᠩ ᠪᠠᠶᠢᠭᠤᠯᠵᠤ᠂ ᠡᠨᠧᠷᠭᠢ ᠠᠷᠪᠢᠯᠠᠬᠤ ᠪᠦᠷᠢᠳᠬᠡᠯ᠂ ᠡᠨᠧᠷᠭᠢ ᠠᠷᠪᠢᠯᠠᠬᠤ ᠲᠥᠷᠥ ᠶᠢᠨ ᠪᠣᠳᠤᠯᠭ᠎ᠠ᠂ ᠡᠨᠧᠷᠭᠢ | ᠠᠷᠪᠢᠯᠠᠬᠤ ᠪᠠᠷᠢᠮᠵᠢᠶ᠎ᠠ ᠵᠡᠷᠭᠡ ᠲᠤᠰᠬᠠᠢ ᠮᠡᠷᠭᠡᠵᠢᠯ ᠤᠨ ᠦᠨᠳᠦᠰᠦᠨ ᠲᠤᠭ᠎ᠠ ᠪᠦᠷᠢᠳᠬᠡᠯ ᠤᠨ ᠬᠥᠮᠥᠷᠭᠡ ᠶᠢ | ᠲᠡᠭᠦᠯᠳᠡᠷᠵᠢᠭᠦᠯᠵᠦ᠂ ᠡᠨᠧᠷᠭᠢ ᠠᠷᠪᠢᠯᠠᠬᠤ ᠰᠢᠨ᠎ᠡ ᠦᠢᠯᠡᠳᠬᠦᠨ᠂ ᠰᠢᠨ᠎ᠡ ᠮᠡᠷᠭᠡᠵᠢᠯ ᠤᠨ ᠮᠡᠳᠡᠭᠡ ᠵᠠᠩᠭᠢ ᠶᠢ ᠲᠣᠭᠲᠠᠭᠰᠠᠨ | ᠬᠤᠭᠤᠴᠠᠭ᠎ᠠ ᠲᠠᠢ ᠪᠠᠷ ᠨᠡᠶᠢᠲᠡᠯᠡᠬᠦ ᠬᠡᠷᠡᠭᠲᠡᠢ᠃ | ᠬᠤᠷᠢᠨ ᠲᠠᠪᠤᠳᠤᠭᠠᠷ ᠵᠦᠢᠯ ᠡᠨᠧᠷᠭᠢ ᠠᠷᠪᠢᠯᠠᠬᠤ ᠠᠵᠢᠯ ᠢ ᠬᠠᠮᠢᠶᠠᠷᠬᠤ ᠰᠠᠯᠠᠭ᠎ᠠ ᠮᠥᠴᠢᠷ ᠪᠤᠶᠤ ᠠᠵᠢᠯ | ᠲᠥᠷᠥᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠡᠨᠧᠷᠭᠢ ᠠᠷᠪᠢᠯᠠᠬᠤ ᠬᠢᠨᠠᠨ ᠪᠠᠶᠢᠴᠠᠭᠠᠯᠲᠠ ᠶᠢ ᠬᠠᠤᠯᠢ ᠶᠣᠰᠣᠭᠠᠷ | ᠥᠷᠨᠢᠭᠦᠯᠵᠦ᠂ ᠪᠠᠶᠢᠴᠠᠭᠠᠭᠳᠠᠬᠤ ᠨᠢᠭᠡᠴᠡ ᠪᠠ ᠬᠤᠪᠢ ᠬᠥᠮᠥᠨ ᠬᠠᠮᠵᠢᠯᠴᠠᠬᠤ ᠬᠡᠷᠡᠭᠲᠡᠢ᠂ ᠲᠡᠪᠴᠢᠬᠦ ᠪᠤᠶᠤ ᠬᠠᠷᠰᠢᠯᠠᠵᠤ | ᠪᠣᠯᠬᠤ ᠦᠭᠡᠢ᠃ | ᠭᠤᠷᠪᠠᠳᠤᠭᠠᠷ ᠪᠦ᠋ᠯᠦᠭ ᠡᠨᠧᠷᠭᠢ ᠶᠢ ᠵᠣᠬᠢᠰᠲᠠᠢ ᠬᠡᠷᠡᠭᠯᠡᠬᠦ ᠪᠠ ᠠᠷᠪᠢᠯᠠᠬᠤ | ᠬᠤᠷᠢᠨ ᠵᠢᠷᠭᠤᠳᠤᠭᠠᠷ ᠵᠦᠢᠯ ᠡᠨᠧᠷᠭᠢ ᠬᠡᠷᠡᠭᠯᠡᠬᠦ ᠨᠢᠭᠡᠴᠡ ᠡᠨᠧᠷᠭᠢ ᠶᠢ ᠬᠡᠮᠵᠢᠬᠦ᠂ ᠪᠠᠶᠢᠴᠠᠭᠠᠨ ᠬᠠᠮᠢᠶᠠᠷᠬᠤ | ᠪᠠᠨ ᠴᠢᠩᠭᠠᠳᠬᠠᠵᠤ᠂ ᠬᠠᠤᠯᠢ ᠶᠣᠰᠣᠭᠠᠷ ᠰᠢᠯᠭᠠᠨ ᠪᠠᠶᠢᠴᠠᠭᠠᠭᠠᠳ ᠬᠢᠷᠢ ᠲᠡᠩᠴᠡᠭᠰᠡᠨ ᠡᠨᠧᠷᠭᠢ ᠶᠢᠨ ᠬᠡᠮᠵᠢᠭᠦᠷ ᠢ | ᠲᠣᠭᠲᠠᠭᠠᠯ ᠶᠣᠰᠣᠭᠠᠷ ᠲᠣᠬᠢᠷᠠᠭᠤᠯᠤᠨ ᠬᠡᠷᠡᠭᠯᠡᠬᠦ ᠬᠡᠷᠡᠭᠲᠡᠢ᠃ | ᠬᠤᠷᠢᠨ ᠲᠤᠯᠤᠳᠤᠭᠠᠷ ᠵᠦᠢᠯ ᠡᠨᠧᠷᠭᠢ ᠬᠡᠷᠡᠭᠯᠡᠬᠦ ᠨᠢᠭᠡᠴᠡ ᠡᠨᠧᠷᠭᠢ ᠶᠢᠨ ᠬᠡᠷᠡᠭᠯᠡᠯᠲᠡ ᠶᠢ ᠪᠦᠷᠢᠳᠬᠡᠬᠦ ᠪᠠ | ᠡᠨᠧᠷᠭᠢ ᠶᠢᠨ ᠠᠰᠢᠭᠯᠠᠯᠲᠠ ᠶᠢᠨ ᠪᠠᠶᠢᠳᠠᠯ ᠢ ᠵᠠᠳᠠᠯᠬᠤ ᠳᠦᠷᠢᠮ ᠢ ᠪᠠᠶᠢᠭᠤᠯᠵᠤ᠂ ᠡᠨᠧᠷᠭᠢ ᠶᠢᠨ ᠬᠡᠷᠡᠭᠯᠡᠯᠲᠡ ᠶᠢ ᠲᠥᠷᠥᠯ | ᠬᠤᠪᠢᠶᠠᠨ ᠬᠡᠮᠵᠢᠨ ᠪᠦᠷᠢᠳᠬᠡᠵᠦ᠂ ᠠᠩᠬᠠᠨ ᠤ ᠲᠡᠮᠳᠡᠭᠯᠡᠯ ᠪᠠ ᠪᠦᠷᠢᠳᠬᠡᠯ ᠤᠨ ᠳᠠᠩᠰᠠ ᠶᠢ ᠰᠠᠶᠢᠲᠤᠷ ᠬᠢᠵᠦ᠂ | ᠡᠨᠧᠷᠭᠢ ᠶᠢᠨ ᠬᠡᠷᠡᠭᠯᠡᠯᠲᠡ ᠶᠢᠨ ᠪᠦᠷᠢᠳᠬᠡᠯ ᠤᠨ ᠲᠤᠭ᠎ᠠ ᠪᠠᠷᠢᠮᠲᠠ ᠶᠢᠨ ᠦᠨᠡᠨ ᠪᠣᠳᠠᠲᠠᠢ᠂ ᠪᠦᠷᠢᠨ ᠪᠦᠲᠦᠨ ᠪᠠᠶᠢᠬᠤ ᠶᠢ | ᠪᠠᠲᠤᠯᠠᠬᠤ ᠶᠢᠨ ᠬᠠᠮᠲᠤ ᠪᠠᠶᠢᠭ᠎ᠠ ᠭᠠᠵᠠᠷ ᠤᠨ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ | ᠡᠨᠧᠷᠭᠢ ᠠᠷᠪᠢᠯᠠᠬᠤ ᠠᠵᠢᠯ ᠢ ᠬᠠᠮᠢᠶᠠᠷᠬᠤ ᠰᠠᠯᠠᠭ᠎ᠠ ᠮᠥᠴᠢᠷ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠡᠨᠧᠷᠭᠢ ᠶᠢᠨ | ᠪᠦᠷᠢᠳᠬᠡᠯ ᠤᠨ ᠮᠡᠳᠡᠭᠦᠯᠦᠯᠲᠡ ᠶᠢᠨ ᠬᠦᠰᠦᠨᠦᠭᠲᠦ ᠶᠢ ᠮᠡᠳᠡᠭᠦᠯᠬᠦ ᠬᠡᠷᠡᠭᠲᠡᠢ᠃ | ᠣᠨ ᠤ ᠶᠡᠷᠦᠩᠬᠡᠶᠢᠯᠡᠭᠰᠡᠨ ᠡᠨᠧᠷᠭᠢ ᠶᠢᠨ ᠬᠡᠷᠡᠭᠯᠡᠭᠡᠨ ᠤ ᠬᠡᠮᠵᠢᠶ᠎ᠡ ᠨᠢ 3000 ᠲᠣᠨ ᠪᠠᠷᠢᠮᠵᠢᠶᠠᠲᠤ ᠨᠡᠭᠦᠷᠡᠰᠦᠨ ᠤ | ᠬᠡᠮᠵᠢᠶ᠎ᠡ ᠠᠴᠠ ᠳᠡᠭᠡᠭᠰᠢ ᠡᠨᠧᠷᠭᠢ ᠬᠡᠷᠡᠭᠯᠡᠬᠦ ᠨᠢᠭᠡᠴᠡ ᠵᠢᠯ ᠪᠦᠷᠢ ᠰᠠᠭᠤᠭ᠎ᠠ ᠭᠠᠵᠠᠷ ᠤᠨ ᠬᠤᠰᠢᠭᠤ ᠰᠢᠶᠠᠨ ᠤ ᠱᠠᠳᠤᠨ ᠤ | ᠠᠷᠠᠳ ᠤᠨ ᠵᠠᠰᠠᠭ ᠤᠨ ᠣᠷᠳᠣᠨ ᠤ ᠡᠨᠧᠷᠭᠢ ᠠᠷᠪᠢᠯᠠᠬᠤ ᠠᠵᠢᠯ ᠢ ᠬᠠᠮᠢᠶᠠᠷᠬᠤ ᠰᠠᠯᠠᠭ᠎ᠠ ᠮᠥᠴᠢᠷ ᠪᠠ ᠬᠤᠯᠪᠣᠭᠳᠠᠯ ᠪᠦᠬᠦᠢ | ᠰᠠᠯᠠᠭ᠎ᠠ ᠮᠥᠴᠢᠷ ᠲᠤ ᠡᠨᠧᠷᠭᠢ ᠶᠢᠨ ᠠᠰᠢᠭᠯᠠᠯᠲᠠ ᠶᠢᠨ ᠪᠠᠶᠢᠳᠠᠯ ᠤᠨ ᠮᠡᠳᠡᠭᠦᠯᠦᠯᠲᠡ ᠪᠠᠨ ᠮᠡᠳᠡᠭᠦᠯᠦᠨ ᠬᠦᠷᠭᠡᠬᠦ ᠬᠡᠷᠡᠭᠲᠡᠢ᠃ | | ᠬᠤᠷᠢᠨ ᠨᠠᠢᠮᠠᠳᠤᠭᠠᠷ ᠵᠦᠢᠯ ᠭᠤᠣᠯᠳᠠᠯᠭ᠎ᠠ ᠲᠠᠢ ᠡᠨᠧᠷᠭᠢ ᠬᠡᠷᠡᠭᠯᠡᠬᠦ ᠨᠢᠭᠡᠴᠡ ᠶᠢᠨ ᠨᠡᠷᠡᠰ ᠢ ᠥᠪᠡᠷᠳᠡᠭᠡᠨ | ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠤ ᠡᠨᠧᠷᠭᠢ ᠠᠷᠪᠢᠯᠠᠬᠤ ᠠᠵᠢᠯ ᠢ ᠬᠠᠮᠢᠶᠠᠷᠬᠤ ᠰᠠᠯᠠᠭ᠎ᠠ ᠮᠥᠴᠢᠷ | ᠠᠳᠠᠯᠢ ᠱᠠᠲᠤᠨ ᠤ ᠪᠦᠷᠢᠳᠬᠡᠯ ᠤᠨ ᠰᠠᠯᠠᠭ᠎ᠠ ᠮᠥᠴᠢᠷ ᠲᠠᠢ ᠬᠠᠮᠲᠤ ᠪᠠᠷ ᠲᠣᠭᠲᠠᠮᠠᠯ ᠬᠤᠭᠤᠴᠠᠭ᠎ᠠ ᠲᠠᠢ ᠪᠠᠷ ᠨᠡᠶᠢᠭᠡᠮ ᠳᠤ | ᠨᠡᠶᠢᠲᠡᠯᠡᠬᠦ ᠬᠡᠷᠡᠭᠲᠡᠢ᠃ | ᠥᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠤ ᠡᠨᠧᠷᠭᠢ ᠠᠷᠪᠢᠯᠠᠬᠤ ᠠᠵᠢᠯ ᠢ ᠬᠠᠮᠢᠶᠠᠷᠬᠤ | ᠰᠠᠯᠠᠭ᠎ᠠ ᠮᠥᠴᠢᠷ ᠪᠠ ᠠᠵᠢᠯ ᠲᠥᠷᠥᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠭᠤᠣᠯᠳᠠᠯᠭ᠎ᠠ ᠲᠠᠢ ᠡᠨᠧᠷᠭᠢ ᠬᠡᠷᠡᠭᠯᠡᠬᠦ | ᠨᠢᠭᠡᠴᠡ ᠶᠢᠨ ᠡᠨᠧᠷᠭᠢ ᠠᠷᠪᠢᠯᠠᠬᠤ ᠶᠢ ᠬᠢᠨᠠᠨ ᠬᠠᠮᠢᠶᠠᠷᠬᠤ ᠬᠡᠷᠡᠭᠲᠡᠢ᠃ | ᠬᠤᠷᠢ ᠶᠢᠰᠦᠳᠦᠭᠡᠷ ᠵᠦᠢᠯ ᠭᠤᠣᠯᠳᠠᠯᠭ᠎ᠠ ᠲᠠᠢ ᠡᠨᠧᠷᠭᠢ ᠬᠡᠷᠡᠭᠯᠡᠬᠦ ᠨᠢᠭᠡᠴᠡ ᠡᠨᠧᠷᠭᠢ ᠠᠷᠪᠢᠯᠠᠬᠤ ᠠᠵᠢᠯ ᠢ | ᠬᠠᠮᠢᠶᠠᠷᠬᠤ ᠰᠠᠯᠠᠭ᠎ᠠ ᠮᠥᠴᠢᠷ ᠪᠠ ᠠᠵᠢᠯ ᠲᠥᠷᠥᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠪᠠᠭᠤᠯᠭᠠᠭᠰᠠᠨ ᠡᠨᠧᠷᠭᠢ | ᠠᠷᠪᠢᠯᠠᠬᠤ ᠬᠠᠷᠠᠯᠲᠠ ᠶᠣᠰᠣᠭᠠᠷ᠂ ᠡᠨᠧᠷᠭᠢ ᠠᠷᠪᠢᠯᠠᠬᠤ ᠲᠥᠯᠥᠪᠵᠢᠭᠦᠯᠭᠡ ᠨᠠᠶᠢᠷᠠᠭᠤᠯᠵᠤ᠂ ᠣᠨ ᠤ ᠡᠨᠧᠷᠭᠢ ᠠᠷᠪᠢᠯᠠᠬᠤ | ᠲᠥᠯᠥᠪᠯᠡᠭᠡ ᠲᠣᠭᠲᠠᠭᠠᠬᠤ ᠶᠢᠨ ᠬᠠᠮᠲᠤ ᠣᠨ ᠤ ᠡᠨᠧᠷᠭᠢ ᠠᠷᠪᠢᠯᠠᠬᠤ ᠬᠠᠷᠠᠯᠲᠠ ᠶᠢᠨ ᠬᠠᠷᠢᠭᠤᠴᠠᠯᠭ᠎ᠠ ᠶᠢᠨ ᠪᠢᠴᠢᠭ | ᠲᠣᠭᠲᠠᠭᠠᠬᠤ ᠬᠡᠷᠡᠭᠲᠡᠢ᠃ | ᠭᠤᠣᠯᠳᠠᠯᠭ᠎ᠠ ᠲᠠᠢ ᠡᠨᠧᠷᠭᠢ ᠬᠡᠷᠡᠭᠯᠡᠬᠦ ᠨᠢᠭᠡᠴᠡ ᠵᠢᠯ ᠪᠦᠷᠢ ᠶᠢᠨ ᠨᠢᠭᠡᠳᠦᠭᠡᠷ ᠤᠯᠠᠷᠢᠯ ᠳᠤ ᠡᠨᠧᠷᠭᠢ ᠠᠷᠪᠢᠯᠠᠬᠤ | ᠠᠵᠢᠯ ᠢ ᠬᠠᠮᠢᠶᠠᠷᠬᠤ ᠰᠠᠯᠠᠭ᠎ᠠ ᠮᠥᠴᠢᠷ ᠪᠠ ᠠᠵᠢᠯ ᠲᠥᠷᠥᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠳᠡᠭᠡᠷ᠎ᠡ | ᠵᠢᠯ ᠤᠨ ᠡᠨᠧᠷᠭᠢ ᠶᠢᠨ ᠠᠰᠢᠭᠯᠠᠯᠲᠠ ᠶᠢᠨ ᠪᠠᠶᠢᠳᠠᠯ ᠤᠨ ᠮᠡᠳᠡᠭᠦᠯᠦᠯᠲᠡ ᠪᠠᠨ ᠮᠡᠳᠡᠭᠦᠯᠬᠦ ᠶᠢᠨ ᠬᠠᠮᠲᠤ ᠮᠡᠳᠡᠭᠦᠯᠦᠨ | ᠬᠦᠷᠭᠡᠭᠰᠡᠨ ᠡᠨᠧᠷᠭᠢ ᠶᠢᠨ ᠠᠰᠢᠭᠯᠠᠯᠲᠠ ᠶᠢᠨ ᠪᠠᠶᠢᠳᠠᠯ ᠤᠨ ᠮᠡᠳᠡᠭᠦᠯᠦᠯᠲᠡ ᠶᠢᠨ ᠦᠨᠡᠨ ᠪᠣᠳᠠᠲᠤ ᠴᠢᠨᠠᠷ ᠲᠤ ᠬᠠᠷᠢᠭᠤᠴᠠᠬᠤ | ᠬᠡᠷᠡᠭᠲᠡᠢ᠃ | ᠭᠤᠴᠢᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠡᠨᠧᠷᠭᠢ ᠠᠷᠪᠢᠯᠠᠬᠤ ᠠᠵᠢᠯ ᠢ ᠬᠠᠮᠢᠶᠠᠷᠬᠤ ᠰᠠᠯᠠᠭ᠎ᠠ ᠮᠥᠴᠢᠷ ᠪᠠ ᠠᠵᠢᠯ ᠲᠥᠷᠥᠯ ᠤᠨ ᠬᠠᠮᠢᠶᠠᠷᠤᠯᠲᠠ ᠶᠢᠨ ᠰᠠᠯᠠᠭ᠎ᠠ | ᠮᠥᠴᠢᠷ ᠭᠤᠣᠯᠳᠠᠯᠭ᠎ᠠ ᠲᠠᠢ ᠡᠨᠧᠷᠭᠢ ᠬᠡᠷᠡᠭᠯᠡᠬᠦ ᠨᠢᠭᠡᠴᠡ ᠶᠢᠨ ᠮᠡᠳᠡᠭᠦᠯᠦᠭᠰᠡᠨ ᠡᠨᠧᠷᠭᠢ ᠶᠢᠨ ᠠᠰᠢᠭᠯᠠᠯᠲᠠ ᠶᠢᠨ ᠪᠠᠶᠢᠳᠠᠯ ᠤᠨ | ᠮᠡᠳᠡᠭᠦᠯᠦᠯᠲᠡ ᠶᠢ ᠬᠢᠨᠠᠨ ᠪᠠᠶᠢᠴᠠᠭᠠᠬᠤ ᠬᠡᠷᠡᠭᠲᠡᠢ᠃ ᠡᠨᠧᠷᠭᠢ ᠠᠷᠪᠢᠯᠠᠬᠤ ᠬᠠᠮᠢᠶᠠᠷᠤᠯᠲᠠ ᠶᠢᠨ ᠳᠦᠷᠢᠮ ᠨᠢ ᠲᠡᠭᠦᠯᠳᠡᠷ | ᠪᠤᠰᠤ ᠂ ᠡᠨᠧᠷᠭᠢ ᠠᠷᠪᠢᠯᠠᠬᠤ ᠠᠷᠭ᠎ᠠ ᠪᠠᠷᠢᠯ ᠢ ᠨᠠᠶᠢᠳᠠᠪᠤᠷᠢᠵᠢᠭᠤᠯᠤᠭᠰᠠᠨ ᠦᠭᠡᠢ᠂ ᠡᠨᠧᠷᠭᠢ ᠶᠢᠨ ᠠᠰᠢᠭᠯᠠᠯᠲᠠ ᠶᠢᠨ | ᠨᠤᠷᠮ᠎ᠠ ᠳᠣᠣᠷ᠎ᠠ ᠪᠠᠶᠢᠭ᠎ᠠ ᠭᠤᠣᠯᠳᠠᠯᠭ᠎ᠠ ᠲᠠᠢ ᠡᠨᠧᠷᠭᠢ ᠬᠡᠷᠡᠭᠯᠡᠬᠦ ᠨᠢᠭᠡᠴᠡ ᠳᠤ ᠲᠤᠬᠠᠢ ᠶᠢᠨ ᠲᠠᠯᠠᠪᠠᠢ ᠶᠢᠨ ᠪᠠᠶᠢᠴᠠᠭᠠᠯᠲᠠ | ᠬᠢᠵᠦ᠂ ᠡᠨᠧᠷᠭᠢ ᠬᠡᠷᠡᠭᠯᠡᠬᠦ ᠲᠥᠬᠦᠭᠡᠷᠦᠮᠵᠢ ᠶᠢᠨ ᠡᠨᠧᠷᠭᠢ ᠶᠢᠨ ᠦᠷ᠎ᠡ ᠠᠰᠢᠭ ᠢ ᠰᠢᠯᠭᠠᠨ ᠪᠠᠶᠢᠴᠠᠭᠠᠬᠤ ᠠᠵᠢᠯᠯᠠᠭ᠎ᠠ | ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠨᠧᠷᠭᠢ ᠶᠢᠨ ᠬᠢᠨᠠᠨ ᠪᠣᠳᠣᠯᠲᠠ ᠶᠢ ᠵᠠᠷᠯᠢᠭᠳᠠᠨ ᠬᠡᠷᠡᠭᠵᠢᠭᠦᠯᠬᠦ ᠶᠢᠨ ᠬᠠᠮᠲᠤ | ᠪᠢᠴᠢᠭ ᠤᠨ ᠬᠡᠯᠪᠡᠷᠢ ᠶᠢᠨ ᠬᠤᠭᠤᠴᠠᠭ᠎ᠠ ᠬᠢᠵᠠᠭᠠᠷᠯᠠᠨ ᠵᠠᠯᠠᠷᠠᠭᠤᠯᠬᠤ ᠱᠠᠭᠠᠷᠳᠠᠯᠭ᠎ᠠ ᠳᠤᠷᠠᠳᠬᠤ ᠬᠡᠷᠡᠭᠲᠡᠢ᠃ | ᠭᠤᠴᠢᠨ ᠨᠢᠭᠡᠳᠦᠭᠡᠷ ᠵᠦᠢᠯ ᠭᠤᠣᠯᠳᠠᠯᠭ᠎ᠠ ᠲᠠᠢ ᠡᠨᠧᠷᠭᠢ ᠬᠡᠷᠡᠭᠯᠡᠬᠦ ᠨᠢᠭᠡᠴᠡ ᠡᠨᠧᠷᠭᠢ ᠶᠢᠨ ᠬᠠᠮᠢᠶᠠᠷᠤᠯᠲᠠ ᠶᠢᠨ | ᠠᠵᠢᠯ ᠤᠨ ᠪᠠᠶᠢᠷᠢ ᠲᠤᠬᠢᠷᠠᠭᠤᠯᠵᠤ᠂ ᠡᠨᠧᠷᠭᠢ ᠠᠷᠪᠢᠯᠠᠬᠤ ᠲᠤᠰᠬᠠᠢ ᠮᠡᠷᠭᠡᠵᠢᠯ ᠤᠨ ᠮᠡᠳᠡᠯᠭᠡ ᠲᠠᠢ᠂ ᠪᠣᠳᠠᠲᠠᠢ ᠲᠤᠷᠰᠢᠯᠭ᠎ᠠ | ᠲᠠᠢ ᠪᠤᠶᠤ ᠳᠤᠮᠳᠠ ᠵᠡᠷᠭᠡ ᠠᠴᠠ ᠳᠡᠭᠡᠭᠰᠢ ᠮᠡᠷᠭᠡᠵᠢᠯ ᠤᠨ ᠴᠣᠯᠠ ᠲᠠᠢ ᠬᠥᠮᠥᠰ ᠳᠣᠲᠣᠷ᠎ᠠ ᠠᠴᠠ ᠡᠨᠧᠷᠭᠢ ᠶᠢ ᠬᠠᠮᠢᠶᠠᠷᠬᠤ | ᠬᠠᠷᠢᠭᠤᠴᠠᠯᠭᠠᠲᠠᠨ ᠤᠷᠢᠵᠤ ᠲᠣᠬᠢᠷᠠᠭᠤᠯᠬᠤ ᠶᠢᠨ ᠬᠠᠮᠲᠤ ᠡᠨᠧᠷᠭᠢ ᠠᠷᠪᠢᠯᠠᠬᠤ ᠠᠵᠢᠯ ᠢ ᠬᠠᠮᠢᠶᠠᠷᠬᠤ ᠰᠠᠯᠠᠭ᠎ᠠ ᠮᠥᠴᠢᠷ ᠪᠠ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠬᠤ ᠬᠡᠷᠡᠭᠲᠡᠢ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠣᠷᠳᠣᠨ ᠤ ᠡᠨᠧᠷᠭᠢ ᠠᠷᠪᠢᠯᠠᠬᠤ ᠠᠵᠢᠯ ᠢ | ᠬᠠᠮᠢᠶᠠᠷᠬᠤ ᠰᠠᠯᠠᠭ᠎ᠠ ᠮᠥᠴᠢᠷ ᠲᠣᠭᠲᠠᠮᠠᠯ ᠬᠤᠭᠤᠴᠠᠭ᠎ᠠ ᠲᠠᠢ ᠪᠠᠷ ᠭᠤᠣᠯᠳᠠᠯᠭ᠎ᠠ ᠲᠠᠢ ᠡᠨᠧᠷᠭᠢ ᠬᠡᠷᠡᠭᠯᠡᠬᠦ ᠨᠢᠭᠡᠴᠡ ᠶᠢᠨ | ᠡᠨᠧᠷᠭᠢ ᠶᠢ ᠬᠠᠮᠢᠶᠠᠷᠬᠤ ᠬᠠᠷᠢᠭᠤᠴᠠᠯᠭᠠᠲᠠᠨ ᠳᠤ ᠲᠤᠰᠬᠠᠢ ᠮᠡᠷᠭᠡᠵᠢᠯ ᠤᠨ ᠡᠨᠧᠷᠭᠢ ᠠᠷᠪᠢᠯᠠᠬᠤ ᠪᠣᠯᠪᠠᠰᠤᠷᠠᠯ ᠬᠢᠬᠦ ᠬᠡᠷᠡᠭᠲᠡᠢ᠃ | | ᠭᠤᠣᠯᠳᠠᠯᠭ᠎ᠠ ᠲᠠᠢ ᠡᠨᠧᠷᠭᠢ ᠬᠡᠷᠡᠭᠯᠡᠬᠦ ᠨᠢᠭᠡᠴᠡ ᠭᠤᠣᠯ ᠡᠨᠧᠷᠭᠢ ᠬᠤᠷᠣᠭᠳᠠᠭᠤᠯᠬᠤ ᠲᠥᠬᠦᠭᠡᠷᠦᠮᠵᠢ ᠶᠢᠨ | ᠠᠵᠢᠯᠲᠠᠨ ᠢ ᠪᠣᠯᠪᠠᠰᠤᠷᠠᠭᠤᠯᠬᠤ ᠳᠦᠷᠢᠮ ᠢ ᠪᠠᠶᠢᠭᠤᠯᠬᠤ ᠬᠡᠷᠡᠭᠲᠡᠢ᠃ | ᠭᠤᠴᠢᠨ ᠬᠤᠶᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠠᠵᠤ ᠠᠬᠤᠢ ᠪᠠ ᠮᠡᠳᠡᠭᠡ ᠵᠠᠩᠭᠢᠵᠢᠯᠲᠠ ᠶᠢᠨ ᠰᠠᠯᠠᠭ᠎ᠠ ᠮᠥᠴᠢᠷ ᠲᠤᠰ ᠵᠠᠰᠠᠭ ᠵᠠᠬᠢᠷᠭᠠᠨ ᠤ ᠣᠷᠣᠨ ᠤ | ᠳᠣᠲᠣᠷᠠᠬᠢ ᠠᠵᠤ ᠦᠢᠯᠡᠳᠪᠦᠷᠢ ᠶᠢᠨ ᠡᠨᠧᠷᠭᠢ ᠠᠷᠪᠢᠯᠠᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠬᠤ ᠶᠢᠨ ᠬᠠᠮᠲᠤ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤ ᠪᠠᠷ ᠨᠡᠭᠦᠷᠡᠰᠦ᠂ ᠴᠠᠬᠢᠯᠭᠠᠨ᠂ ᠪᠣᠯᠣᠳ ᠲᠡᠮᠦᠷ᠂ ᠥᠩᠭᠡᠲᠦ | ᠲᠡᠮᠦᠷᠯᠢᠭ᠂ ᠪᠠᠷᠢᠯᠭ᠎ᠠ ᠶᠢᠨ ᠮᠠᠲ᠋ᠧᠷᠢᠶᠠᠯ᠂ ᠴᠢᠯᠠᠭᠤᠨ ᠲᠣᠰᠣ ᠪᠣᠯᠪᠠᠰᠤᠷᠠᠭᠤᠯᠬᠤ᠂ ᠬᠢᠮᠢ ᠶᠢᠨ ᠠᠵᠤ ᠦᠢᠯᠡᠳᠪᠦᠷᠢ ᠵᠡᠷᠭᠡ | ᠭᠤᠣᠯ ᠪᠣᠯᠬᠤ ᠡᠨᠧᠷᠭᠢ ᠬᠡᠷᠡᠭᠯᠡᠬᠦ ᠰᠠᠯᠠᠭ᠎ᠠ ᠮᠥᠴᠢᠷ ᠤᠨ ᠡᠨᠧᠷᠭᠢ ᠠᠷᠪᠢᠯᠠᠬᠤ ᠮᠡᠷᠭᠡᠵᠢᠯ ᠤᠨ ᠠᠷᠭ᠎ᠠ ᠬᠡᠮᠵᠢᠶ᠎ᠡ ᠶᠢ | ᠲᠣᠭᠲᠠᠭᠠᠵᠤ᠂ ᠠᠵᠤ ᠠᠬᠤᠶᠢᠯᠠᠯ ᠤᠨ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠠᠬᠢᠭᠤᠯᠬᠤ ᠬᠡᠷᠡᠭᠲᠡᠢ᠃ | | ᠭᠤᠴᠢᠨ ᠭᠤᠷᠪᠠᠳᠤᠭᠠᠷ ᠵᠦᠢᠯ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠠᠵᠤ ᠠᠬᠤᠢ | ᠮᠡᠷᠭᠡᠵᠢᠯ ᠤᠨ ᠨᠡᠭᠡᠭᠡᠯᠲᠡ ᠶᠢᠨ ᠣᠷᠣᠨ᠂ ᠳᠡᠭᠡᠳᠦ ᠰᠢᠨ᠎ᠡ ᠮᠡᠷᠭᠡᠵᠢᠯ ᠤᠨ ᠨᠡᠭᠡᠭᠡᠯᠲᠡ ᠶᠢᠨ ᠣᠷᠣᠨ᠂ ᠠᠵᠤ ᠦᠢᠯᠡᠰ | ᠲᠥᠪᠯᠡᠷᠡᠭᠰᠡᠨ ᠣᠷᠣᠨ ᠡᠨᠧᠷᠭᠢ ᠠᠷᠪᠢᠯᠠᠬᠤ ᠲᠥᠯᠥᠪᠵᠢᠭᠦᠯᠭᠡ ᠪᠠ ᠡᠨᠧᠷᠭᠢ ᠠᠰᠢᠭᠯᠠᠬᠤ ᠲᠥᠯᠥᠪᠯᠡᠭᠡ ᠶᠢ ᠨᠢᠭᠡᠳᠦᠯᠲᠡᠢ | ᠲᠣᠭᠲᠠᠭᠠᠵᠤ᠂ ᠡᠨᠧᠷᠭᠢ ᠠᠷᠪᠢᠯᠠᠬᠤ ᠬᠠᠮᠢᠶᠠᠷᠤᠯᠲᠠ ᠶᠢᠨ ᠪᠠᠷᠢᠮᠵᠢᠶ᠎ᠠ ᠪᠠᠶᠢᠭᠤᠯᠵᠤ᠂ ᠡᠨᠧᠷᠭᠢ ᠶᠢ ᠥᠨᠳᠥᠷ ᠦᠷ᠎ᠡ | ᠠᠰᠢᠭᠲᠠᠢ ᠲᠠᠢ ᠪᠠᠷ ᠡᠷᠭᠢᠯᠳᠡᠳᠠᠢ ᠪᠠᠷ ᠠᠰᠢᠭᠯᠠᠬᠤ ᠦᠢᠯᠡᠳᠪᠦᠷᠢᠯᠡᠯ ᠪᠠ ᠬᠡᠷᠡᠭᠯᠡᠭᠡᠨ ᠤ ᠵᠠᠭᠪᠤᠷ ᠢ ᠬᠡᠷᠡᠭᠵᠢᠭᠦᠯᠵᠦ᠂ | ᠡᠨᠧᠷᠭᠢ ᠬᠡᠷᠡᠭᠯᠡᠬᠦ ᠨᠢᠭᠡᠴᠡ ᠳᠤ ᠲᠥᠪᠯᠡᠷᠡᠭᠦᠯᠦᠨ ᠢᠯᠴᠢ ᠬᠠᠩᠭᠠᠬᠤ ᠵᠡᠷᠭᠡ ᠥᠨᠳᠥᠷ ᠦᠷ᠎ᠡ ᠠᠰᠢᠭᠲᠤ ᠡᠨᠧᠷᠭᠢ ᠬᠠᠩᠭᠠᠬᠤ | ᠬᠡᠯᠪᠡᠷᠢ ᠶᠢ ᠬᠡᠷᠡᠭᠯᠡᠨ᠎ᠡ᠃ | ᠭᠤᠴᠢᠨ ᠲᠦᠷᠪᠡᠳᠦᠭᠡᠷ ᠵᠦᠢᠯ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠷᠢᠭᠤᠨ ᠴᠡᠪᠡᠷ ᠡᠨᠧᠷᠭᠢ | ᠪᠠ ᠡᠨᠧᠷᠭᠢ ᠶᠢᠨ ᠬᠤᠷᠣᠭᠳᠠᠯ ᠪᠠᠭ᠎ᠠ᠂ ᠪᠣᠬᠢᠷᠲᠤᠯ ᠪᠠᠭ᠎ᠠ ᠡᠨᠧᠷᠭᠢ ᠠᠷᠪᠢᠯᠠᠬᠤ ᠣᠷᠴᠢᠨ ᠲᠣᠭᠤᠷᠢᠨ ᠢ ᠬᠠᠮᠠᠭᠠᠯᠠᠬᠤ | ᠬᠡᠯᠪᠡᠷᠢ ᠶᠢᠨ ᠲᠥᠬᠦᠭᠡᠷᠦᠮᠵᠢ ᠶᠢ ᠰᠣᠳᠣᠯᠣᠨ ᠨᠡᠭᠡᠭᠡᠬᠦ᠂ ᠦᠢᠯᠡᠳᠪᠦᠷᠢᠯᠡᠬᠦ᠂ ᠬᠡᠷᠡᠭᠯᠡᠬᠦ ᠶᠢ ᠵᠣᠷᠢᠬᠵᠢᠭᠤᠯᠵᠤ᠂ ᠠᠵᠤ | ᠠᠬᠤᠶᠢᠯᠠᠯ ᠤᠨ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠠᠬᠢᠭᠤᠯᠤᠨ᠎ᠠ᠃ | ᠠᠵᠤ ᠦᠢᠯᠡᠳᠪᠦᠷᠢ ᠶᠢᠨ ᠠᠵᠤ ᠠᠬᠤᠶᠢᠯᠠᠯ ᠤᠯᠤᠰ᠂ ᠥᠪᠡᠷᠳᠡᠭᠡᠨ ᠵᠠᠰᠠᠬᠤ ᠤᠷᠤᠨ ᠠᠴᠠ ᠨᠢᠭᠡᠨᠲᠡ | ᠰᠢᠭᠰᠢᠭᠳᠡᠭᠰᠡᠨ ᠢᠶᠠᠷ ᠨᠡᠶᠢᠲᠡᠯᠡᠭᠰᠡᠨ ᠴᠠᠬᠢᠯᠭᠠᠨ ᠦᠢᠯᠡᠳᠬᠦᠨ ᠢ ᠬᠡᠷᠡᠭᠯᠡᠭᠰᠡᠨ ᠪᠣᠯ ᠰᠢᠨᠡᠳᠬᠡᠬᠦ ᠲᠥᠯᠥᠪᠯᠡᠭᠡ ᠲᠣᠭᠲᠠᠭᠠᠵᠤ᠂ | ᠲᠣᠭᠲᠠᠭᠠᠯ ᠶᠣᠰᠣᠭᠠᠷ ᠬᠤᠭᠤᠴᠠᠭ᠎ᠠ ᠬᠢᠵᠠᠭᠠᠷᠯᠠᠨ ᠬᠡᠷᠡᠭᠯᠡᠬᠦ ᠪᠠᠨ ᠵᠣᠭᠰᠣᠭᠠᠬᠤ ᠬᠡᠷᠡᠭᠲᠡᠢ᠃ | ᠭᠤᠴᠢᠨ ᠲᠠᠪᠤᠳᠤᠭᠠᠷ ᠵᠦᠢᠯ ᠴᠠᠬᠢᠯᠭᠠᠨ ᠲᠣᠣᠷ ᠤᠨ ᠠᠵᠤ ᠠᠬᠤᠶᠢᠯᠠᠯ ᠤᠯᠤᠰ ᠪᠠ ᠥᠪᠡᠷᠳᠡᠭᠡᠨ ᠵᠠᠰᠠᠬᠤ | ᠤᠷᠤᠨ ᠤ ᠲᠣᠭᠲᠠᠭᠠᠭᠰᠠᠨ ᠲᠣᠣᠷ ᠨᠡᠶᠢᠯᠡᠭᠦᠯᠬᠦ ᠮᠡᠷᠭᠡᠵᠢᠯ ᠤᠨ ᠪᠠᠷᠢᠮᠵᠢᠶ᠎ᠠ ᠶᠣᠰᠣᠭᠠᠷ ᠴᠠᠬᠢᠯᠭᠠᠨ ᠲᠣᠣᠷ ᠤᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠵᠤ᠂ ᠡᠬᠢ ᠪᠠᠶᠠᠯᠢᠭ ᠢ ᠲᠣᠬᠢᠷᠠᠭᠤᠯᠣᠨ ᠰᠢᠯᠢᠳᠡᠭᠵᠢᠭᠦᠯᠵᠦ᠂ ᠡᠬᠢ ᠪᠠᠶᠠᠯᠢᠭ ᠢ ᠶᠡᠷᠦᠩᠬᠡᠶᠢᠯᠡᠨ | ᠠᠰᠢᠭᠯᠠᠬᠤ ᠲᠣᠭᠲᠠᠭᠠᠯ ᠳᠤ ᠨᠡᠶᠢᠴᠡᠭᠰᠡᠨ ᠴᠠᠬᠢᠯᠭᠠᠨ ᠭᠠᠷᠭᠠᠬᠤ ᠮᠠᠰᠢᠨ ᠴᠣᠭᠴᠠᠯᠠᠪᠣᠷᠢ ᠶᠢ ᠲᠣᠬᠢᠷᠠᠭᠤᠯᠵᠤ ᠴᠠᠬᠢᠯᠭᠠᠨ | ᠲᠣᠣᠷ ᠲᠠᠢ ᠲᠣᠣᠷ ᠨᠡᠶᠢᠯᠡᠭᠦᠯᠦᠨ ᠠᠵᠢᠯᠯᠠᠭᠤᠯᠵᠤ᠂ ᠴᠠᠬᠢᠯᠭᠠᠨ ᠡᠨᠧᠷᠭᠢ᠂ ᠨᠠᠷᠠᠨ ᠡᠨᠧᠷᠭᠢ᠂ ᠠᠮᠢᠳᠤ ᠪᠣᠳᠠᠰ ᠤᠨ ᠡᠨᠧᠷᠭᠢ | ᠵᠡᠷᠭᠡ ᠳᠠᠬᠢᠨ ᠡᠭᠦᠰᠬᠦ ᠡᠨᠧᠷᠭᠢ ᠶᠢᠨ ᠴᠠᠬᠢᠯᠭᠠᠨ ᠬᠦᠴᠦᠨ ᠪᠣᠯᠬᠤ ᠴᠢᠳᠠᠪᠤᠷᠢ ᠶᠢ ᠳᠡᠭᠡᠭᠰᠢᠯᠡᠭᠦᠯᠵᠦ᠂ ᠳᠠᠬᠢᠨ ᠡᠭᠦᠰᠬᠦ | ᠡᠨᠧᠷᠭᠢ ᠶᠢᠨ ᠴᠠᠬᠢᠯᠭᠠᠨ ᠭᠠᠷᠭᠠᠬᠤ ᠳᠤ ᠳᠣᠣᠷ ᠲᠤ ᠣᠷᠣᠭᠤᠯᠬᠤ ᠦᠢᠯᠡᠴᠢᠯᠡᠭᠡ ᠬᠠᠩᠭᠠᠬᠤ ᠬᠡᠷᠡᠭᠲᠡᠢ᠃ | ᠭᠤᠴᠢᠨ ᠵᠢᠷᠭᠤᠳᠤᠭᠠᠷ ᠵᠦᠢᠯ ᠪᠠᠷᠢᠯᠭ᠎ᠠ ᠶᠢ ᠪᠦᠲᠦᠭᠡᠨ ᠪᠠᠶᠢᠭᠤᠯᠬᠤ᠂ ᠵᠢᠷᠤᠵᠦ ᠲᠥᠯᠥᠪᠯᠡᠬᠦ᠂ ᠪᠠᠷᠢᠯᠭ᠎ᠠ | ᠪᠠᠷᠢᠬᠤ ᠪᠠ ᠬᠢᠨᠠᠨ ᠬᠠᠮᠢᠶᠠᠷᠬᠤ ᠨᠢᠭᠡᠴᠡ ᠪᠠᠷᠢᠯᠭ᠎ᠠ ᠶᠢᠨ ᠡᠨᠧᠷᠭᠢ ᠠᠷᠪᠢᠯᠠᠬᠤ ᠪᠠᠷᠢᠮᠵᠢᠶ᠎ᠠ ᠶᠢ ᠵᠢᠷᠤᠮᠯᠠᠬᠤ ᠬᠡᠷᠡᠭᠲᠡᠢ᠃ | | ᠤᠯᠤᠰ ᠠᠴᠠ ᠪᠠᠷᠢᠯᠭ᠎ᠠ ᠶᠢᠨ ᠡᠨᠧᠷᠭᠢ ᠠᠷᠪᠢᠯᠠᠬᠤ ᠪᠠᠷᠢᠮᠵᠢᠶ᠎ᠠ ᠲᠣᠭᠲᠠᠭᠠᠭᠰᠠᠨ ᠦᠭᠡᠢ ᠪᠣᠯ᠂ ᠥᠪᠡᠷᠳᠡᠭᠡᠨ | ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠪᠦᠬᠦ ᠣᠷᠣᠨ ᠤ ᠪᠠᠷᠢᠯᠭ᠎ᠠ ᠶᠢᠨ ᠡᠨᠧᠷᠭᠢ ᠠᠷᠪᠢᠯᠠᠬᠤ | ᠬᠥᠭᠵᠢᠯᠲᠡ ᠶᠢᠨ ᠲᠦᠪᠰᠢᠨ ᠢ ᠦᠨᠳᠦᠰᠦᠯᠡᠨ᠂ ᠪᠠᠷᠢᠯᠭ᠎ᠠ ᠶᠢᠨ ᠡᠨᠧᠷᠭᠢ ᠠᠷᠪᠢᠯᠠᠬᠤ ᠣᠷᠣᠨ ᠨᠤᠲᠤᠭ ᠤᠨ ᠪᠠᠷᠢᠮᠵᠢᠶ᠎ᠠ ᠵᠢᠴᠢ | ᠢᠵᠢ ᠪᠦᠷᠢᠳᠦᠭᠰᠡᠨ ᠮᠡᠷᠭᠡᠵᠢᠯ ᠤᠨ ᠳᠦᠷᠢᠮᠵᠢᠯ ᠢ ᠵᠣᠬᠢᠶᠠᠨ ᠪᠠᠶᠢᠭᠤᠯᠤᠨ ᠲᠣᠭᠲᠠᠭᠠᠵᠤ ᠪᠣᠯᠣᠨ᠎ᠠ᠃ | ᠭᠤᠴᠢᠨ ᠲᠤᠯᠤᠳᠤᠭᠠᠷ ᠵᠦᠢᠯ ᠬᠠᠮᠢᠶ᠎ᠠ ᠪᠦᠬᠦᠢ ᠰᠠᠯᠠᠭ᠎ᠠ ᠮᠥᠴᠢᠷ ᠬᠤᠲᠠ ᠶᠢᠨ ᠨᠠᠷᠢᠯᠢᠬ ᠲᠥᠯᠥᠪᠵᠢᠭᠦᠯᠭᠡ | ᠪᠠ ᠪᠠᠯᠭᠠᠰᠤᠨ ᠤ ᠨᠠᠷᠢᠯᠢᠬ ᠲᠥᠯᠥᠪᠵᠢᠭᠦᠯᠭᠡ ᠶᠢ ᠨᠠᠶᠢᠷᠠᠭᠤᠯᠬᠤ ᠦᠶᠡᠰ᠂ ᠪᠠᠷᠢᠯᠭ᠎ᠠ ᠶᠢᠨ ᠪᠠᠶᠢᠷᠢᠯᠠᠭᠤᠯᠤᠯᠲᠠ᠂ ᠬᠡᠯᠪᠡᠷᠢ | ᠪᠠᠶᠢᠳᠠᠯ᠂ ᠰᠠᠭᠤᠷᠢᠰᠢᠯ᠂ ᠰᠠᠯᠬᠢ ᠨᠡᠪᠲᠡᠷᠡᠬᠦ ᠪᠠ ᠨᠣᠭᠤᠭᠠᠷᠠᠭᠤᠯᠤᠯᠲᠠ ᠵᠡᠷᠭᠡ ᠨᠢ ᠪᠠᠷᠢᠯᠭ᠎ᠠ ᠶᠢᠨ ᠡᠨᠧᠷᠭᠢ ᠠᠷᠪᠢᠯᠠᠬᠤ | ᠪᠠᠷᠢᠮᠵᠢᠶ᠎ᠠ ᠲᠠᠢ ᠨᠡᠶᠢᠴᠡᠬᠦ ᠬᠡᠷᠡᠭᠲᠡᠢ᠃ | ᠰᠢᠨ᠎ᠡ ᠪᠠᠷ ᠪᠠᠷᠢᠬᠰᠠᠨ ᠪᠠᠷᠢᠯᠭ᠎ᠠ ᠡᠨᠧᠷᠭᠢ ᠠᠷᠪᠢᠯᠠᠬᠤ ᠰᠢᠨ᠎ᠡ ᠮᠠᠶ᠋ᠢᠭ ᠤᠨ ᠬᠡᠷᠡᠮ ᠪᠠ ᠪᠤᠰᠤᠳ ᠰᠢᠨ᠎ᠡ | ᠬᠡᠯᠪᠡᠷᠢ ᠶᠢᠨ ᠡᠨᠧᠷᠭᠢ ᠠᠷᠪᠢᠯᠠᠬᠤ ᠪᠠᠷᠢᠯᠭ᠎ᠠ ᠶᠢᠨ ᠮᠠᠲ᠋ᠧᠷᠢᠶᠠᠯ ᠢ ᠬᠡᠷᠡᠭᠯᠡᠬᠦ ᠬᠡᠷᠡᠭᠲᠡᠢ᠂ ᠨᠠᠷᠠᠨ ᠡᠨᠧᠷᠭᠢ᠂ ᠭᠠᠵᠠᠷ ᠤᠨ | ᠬᠠᠯᠠᠭᠤᠨ ᠡᠨᠧᠷᠭᠢ᠂ ᠰᠠᠯᠬᠢᠨ ᠡᠨᠧᠷᠭᠢ ᠵᠡᠷᠭᠡ ᠳᠠᠬᠢᠨ ᠡᠭᠦᠰᠬᠦ ᠡᠨᠧᠷᠭᠢ ᠶᠢ ᠠᠰᠢᠭᠯᠠᠬᠤ ᠰᠢᠰᠲ᠋ᠧᠮ ᠢ ᠤᠭᠰᠠᠷᠠᠨ | ᠬᠡᠷᠡᠭᠯᠡᠬᠦ ᠶᠢ ᠵᠣᠷᠢᠬᠵᠢᠭᠤᠯᠤᠨ᠎ᠠ᠃ ᠰᠢᠨ᠎ᠡ ᠪᠠᠷ ᠪᠠᠷᠢᠯᠭ᠎ᠠ ᠪᠠᠷᠢᠬᠤ ᠪᠤᠶᠤ ᠪᠠᠶᠢᠭ᠎ᠠ ᠪᠠᠷᠢᠯᠭ᠎ᠠ ᠳᠤ ᠡᠨᠧᠷᠭᠢ ᠠᠷᠪᠢᠯᠠᠬᠤ | ᠥᠭᠡᠷᠡᠴᠢᠯᠡᠯᠲᠡ ᠬᠢᠬᠦ ᠳᠤ ᠲᠣᠭᠲᠠᠭᠠᠯ ᠶᠣᠰᠣᠭᠠᠷ ᠢᠯᠴᠢ ᠬᠡᠷᠡᠭᠯᠡᠬᠦ ᠬᠡᠮᠵᠢᠭᠦᠷ᠂ ᠭᠡᠷ ᠳᠣᠲᠣᠷᠠᠬᠢ ᠳᠤᠯᠠᠭᠠᠨ ᠢ | ᠲᠣᠬᠢᠷᠠᠭᠤᠯᠬᠤ ᠲᠣᠨᠣᠭᠯᠠᠯ ᠪᠠ ᠢᠯᠴᠢ ᠬᠠᠩᠭᠠᠬᠤ ᠰᠢᠰᠲ᠋ᠧᠮ ᠢ ᠲᠣᠬᠢᠷᠠᠭᠤᠯᠬᠤ ᠲᠣᠨᠣᠭᠯᠠᠯ ᠤᠭᠰᠠᠷᠠᠬᠤ ᠬᠡᠷᠡᠭᠲᠡᠢ᠃ | | ᠳᠠᠬᠢᠨ ᠰᠢᠨ᠎ᠡ ᠪᠠᠷ ᠡᠭᠦᠰᠬᠦ ᠡᠨᠧᠷᠭᠢ ᠶᠢ ᠠᠰᠢᠭᠯᠠᠬᠤ ᠲᠥᠬᠦᠭᠡᠷᠦᠮᠵᠢ ᠶᠢ ᠪᠦᠲᠦᠭᠡᠨ ᠪᠠᠶᠢᠭᠤᠯᠬᠤ ᠳᠤ ᠠᠷᠠᠳ ᠤᠨ | ᠬᠡᠷᠡᠭᠯᠡᠭᠡᠨ ᠤ ᠪᠦᠲᠦᠭᠡᠨ ᠪᠠᠶᠢᠭᠤᠯᠤᠯᠲᠠ ᠶᠢᠨ ᠭᠤᠣᠯ ᠴᠣᠭᠴᠠ ᠶᠢᠨ ᠪᠠᠷᠢᠯᠭ᠎ᠠ ᠲᠠᠢ ᠬᠠᠮᠳᠣ ᠵᠢᠷᠤᠵᠤ ᠲᠥᠯᠥᠪᠯᠡᠵᠦ᠂ | ᠬᠠᠮᠳᠣ ᠪᠠᠷᠢᠵᠤ᠂ ᠬᠠᠮᠳᠣ ᠰᠢᠯᠭᠠᠨ ᠬᠤᠷᠢᠶᠠᠬᠤ ᠬᠡᠷᠡᠭᠲᠡᠢ᠃ | ᠭᠤᠴᠢᠨ ᠨᠠᠢᠮᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠣᠷᠣᠨ ᠰᠠᠭᠤᠴᠠ ᠪᠠ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠰᠠᠯᠠᠭ᠎ᠠ | ᠮᠥᠴᠢᠷ ᠣᠳᠣ ᠪᠠᠶᠢᠭ᠎ᠠ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠣᠨ ᠵᠢᠯ᠂ ᠪᠦᠲᠦᠴᠡ ᠬᠡᠯᠪᠡᠷᠢ᠂ ᠡᠨᠧᠷᠭᠢ | ᠬᠡᠷᠡᠭᠯᠡᠬᠦ ᠰᠢᠰᠲ᠋ᠧᠮ᠂ ᠡᠨᠧᠷᠭᠢ ᠬᠡᠷᠡᠭᠯᠡᠬᠦ ᠵᠢᠭᠠᠯᠲᠠ ᠲᠤᠭ᠎ᠠ᠂ ᠠᠮᠢ ᠨᠠᠰᠤ ᠦᠶᠡᠯᠡᠯ ᠵᠡᠷᠭᠡ ᠪᠠᠶᠢᠳᠠᠯ ᠢ ᠪᠠᠶᠢᠴᠠᠭᠠᠵᠤ | ᠪᠦᠷᠢᠳᠬᠡᠬᠦ ᠪᠠ ᠵᠠᠳᠠᠯᠵᠤ᠂ ᠣᠳᠣ ᠪᠠᠶᠢᠭ᠎ᠠ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢᠨ ᠲᠥᠯᠥᠪᠯᠡᠭᠡ | ᠲᠣᠭᠲᠠᠭᠠᠵᠤ᠂ ᠡᠨᠧᠷᠭᠢ ᠠᠷᠪᠢᠯᠠᠬᠤ ᠥᠭᠡᠷᠡᠴᠢᠯᠡᠯᠲᠡ ᠶᠢᠨ ᠬᠠᠷᠠᠯᠲᠠ᠂ ᠬᠡᠪᠴᠢᠶ᠎ᠡ ᠪᠠ ᠱᠠᠭᠠᠷᠳᠠᠯᠭ᠎ᠠ ᠶᠢ ᠲᠣᠳᠣᠷᠬᠠᠶᠢᠯᠠᠵᠤ᠂ | ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠦᠨ᠎ᠡ᠃ | | ᠭᠤᠴᠢᠨ ᠶᠢᠰᠦᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠲᠥᠯᠥᠪᠵᠢᠭᠦᠯᠭᠡ ᠶᠢᠨ | ᠬᠠᠮᠢᠶᠠᠷᠤᠯᠲᠠ ᠶᠢᠨ ᠰᠠᠯᠠᠭ᠎ᠠ ᠮᠥᠴᠢᠷ ᠪᠠᠷᠢᠯᠭ᠎ᠠ ᠶᠢᠨ ᠲᠥᠯᠥᠪᠵᠢᠭᠦᠯᠭᠡ ᠵᠢᠷᠤᠭ ᠲᠥᠯᠥᠪᠯᠡᠭᠡᠨ ᠤ ᠲᠥᠰᠥᠯ᠂ ᠪᠠᠷᠢᠯᠭ᠎ᠠ ᠶᠢᠨ | ᠵᠢᠷᠤᠭ ᠲᠥᠯᠥᠪᠯᠡᠭᠡ ᠶᠢᠨ ᠮᠠᠲ᠋ᠧᠷᠢᠶᠠᠯ ᠢ ᠬᠢᠨᠠᠨ ᠪᠠᠶᠢᠴᠠᠭᠠᠵᠦ᠂ ᠪᠠᠷᠢᠯᠭ᠎ᠠ ᠶᠢᠨ ᠡᠨᠧᠷᠭᠢ ᠠᠷᠪᠢᠯᠠᠬᠤ ᠠᠯᠪᠠᠳᠠᠯᠭ᠎ᠠ ᠶᠢᠨ | ᠴᠢᠨᠠᠷᠲᠠᠢ ᠪᠠᠷᠢᠮᠵᠢᠶ᠎ᠠ ᠳᠤ ᠨᠡᠶᠢᠴᠡᠬᠦ ᠦᠭᠡᠢ ᠪᠣᠯ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠥᠪᠵᠢᠭᠦᠯᠭᠡ ᠶᠢ | ᠵᠥᠪᠰᠢᠶᠡᠷᠡᠬᠦ ᠦᠨᠡᠮᠯᠡᠯ ᠪᠠ ᠪᠠᠷᠢᠯᠭ᠎ᠠ ᠪᠠᠷᠢᠬᠤ ᠶᠢ ᠵᠥᠪᠰᠢᠶᠡᠷᠡᠬᠦ ᠦᠨᠡᠮᠯᠡᠯ ᠲᠠᠷᠬᠠᠭᠠᠵᠤ ᠪᠣᠯᠬᠤ ᠦᠭᠡᠢ᠃ | ᠪᠦᠲᠦᠭᠡᠨ ᠪᠠᠶᠢᠭᠤᠯᠬᠤ ᠨᠢᠭᠡᠴᠡ ᠪᠠᠷᠢᠯᠭ᠎ᠠ ᠳᠠᠭᠤᠰᠴᠤ ᠰᠢᠯᠭᠠᠨ ᠬᠤᠷᠢᠶᠠᠬᠤ ᠶᠢ ᠵᠣᠬᠢᠶᠠᠨ ᠪᠠᠶᠢᠭᠤᠯᠬᠤ ᠦᠶᠡᠰ᠂ | ᠪᠠᠷᠢᠯᠭ᠎ᠠ ᠶᠢᠨ ᠡᠨᠧᠷᠭᠢ ᠠᠷᠪᠢᠯᠠᠬᠤ ᠠᠯᠪᠠᠳᠠᠯᠭ᠎ᠠ ᠶᠢᠨ ᠴᠢᠨᠠᠷᠲᠠᠢ ᠪᠠᠷᠢᠮᠵᠢᠶ᠎ᠠ ᠶᠢ ᠴᠦ ᠰᠢᠯᠭᠠᠨ ᠬᠤᠷᠢᠶᠠᠬᠤ ᠬᠡᠷᠡᠭᠲᠡᠢ᠂ | ᠪᠠᠷᠢᠯᠭ᠎ᠠ ᠶᠢᠨ ᠡᠨᠧᠷᠭᠢ ᠠᠷᠪᠢᠯᠠᠬᠤ ᠠᠯᠪᠠᠳᠠᠯᠭ᠎ᠠ ᠶᠢᠨ ᠴᠢᠨᠠᠷᠲᠠᠢ ᠪᠠᠷᠢᠮᠵᠢᠶ᠎ᠠ ᠳᠤ ᠨᠡᠶᠢᠴᠡᠬᠦ ᠦᠭᠡᠢ ᠪᠣᠯ ᠰᠢᠯᠭᠠᠨ ᠬᠤᠷᠢᠶᠠᠬᠤ | ᠰᠠᠯᠠᠭ᠎ᠠ ᠮᠥᠴᠢᠷ ᠪᠠᠷᠢᠯᠭ᠎ᠠ ᠳᠠᠭᠤᠰᠴᠤ ᠰᠢᠯᠭᠠᠨ ᠬᠤᠷᠢᠶᠠᠬᠤ ᠳᠤ ᠬᠢᠷᠢ ᠲᠡᠩᠴᠡᠭᠰᠡᠨ ᠮᠡᠳᠡᠭᠦᠯᠦᠯᠲᠡ ᠭᠠᠷᠭᠠᠵᠤ ᠪᠣᠯᠬᠤ | ᠦᠭᠡᠢ᠃ | ᠲᠦᠴᠢᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠡᠵᠡᠩᠨᠡᠯᠲᠡ ᠲᠡᠭᠡᠭᠡᠪᠦᠷᠢ ᠶᠢᠨ ᠮᠠᠰᠢᠨ ᠲᠡᠷᠭᠡᠨ ᠤ | ᠰᠢᠲᠠᠭᠠᠭᠴᠢ ᠡᠳ᠋ ᠤᠨ ᠬᠡᠷᠡᠭᠯᠡᠭᠡ ᠶᠢ ᠰᠢᠯᠭᠠᠨ ᠪᠠᠶᠢᠴᠠᠭᠠᠬᠤ ᠳᠣᠮᠳᠠᠬᠢ ᠬᠢᠨᠠᠨ ᠬᠠᠮᠢᠶᠠᠷᠤᠯᠲᠠ ᠪᠠᠨ ᠴᠢᠩᠭᠠᠳᠬᠠᠵᠤ᠂ | ᠠᠷᠢᠭᠤᠨ ᠴᠡᠪᠡᠷ ᠰᠢᠲᠠᠭᠠᠭᠴᠢ ᠡᠳ᠋᠂ ᠴᠢᠯᠠᠭᠤᠨ ᠲᠣᠰᠣ ᠶᠢ ᠣᠷᠣᠯᠠᠬᠤ ᠰᠢᠲᠠᠭᠠᠭᠴᠢ ᠡᠳ᠋ ᠢ ᠨᠡᠭᠡᠭᠡᠨ ᠦᠢᠯᠡᠳᠪᠦᠷᠢᠯᠡᠬᠦ | ᠪᠠ ᠳᠡᠯᠭᠡᠷᠡᠭᠦᠯᠦᠨ ᠬᠡᠷᠡᠭᠯᠡᠬᠦ ᠶᠢ ᠵᠣᠷᠢᠬᠵᠢᠭᠤᠯᠬᠤ ᠬᠡᠷᠡᠭᠳᠠᠢ᠃ | ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠮᠠᠶ᠋ᠢᠭ ᠤᠨ ᠵᠠᠮ ᠲᠡᠭᠡᠭᠡᠪᠦᠷᠢ ᠶᠢᠨ ᠪᠠᠭᠠᠵᠢ ᠶᠢ ᠰᠣᠳᠣᠯᠣᠨ | ᠨᠡᠭᠡᠭᠡᠬᠦ᠂ ᠦᠢᠯᠡᠳᠬᠦ᠂ ᠬᠡᠷᠡᠭᠯᠡᠬᠦ ᠶᠢ ᠵᠣᠷᠢᠬᠵᠢᠭᠤᠯᠵᠤ᠂ ᠡᠨᠧᠷᠭᠢ ᠶᠢᠨ ᠬᠤᠷᠣᠭᠳᠠᠯ ᠶᠡᠭᠡ ᠬᠠᠭᠤᠴᠢᠨ ᠡᠵᠡᠩᠨᠡᠯᠲᠡ | ᠲᠡᠭᠡᠭᠡᠪᠦᠷᠢ ᠶᠢᠨ ᠮᠠᠰᠢᠨ ᠢ ᠰᠢᠭᠰᠢᠭᠳᠡᠭᠦᠯᠵᠤ᠂ ᠰᠢᠨᠡᠳᠬᠡᠨ᠎ᠡ᠃ | ᠲᠦᠴᠢᠨ ᠨᠢᠭᠡᠳᠦᠭᠡᠷ ᠵᠦᠢᠯ ᠵᠠᠮ ᠲᠡᠭᠡᠭᠡᠪᠦᠷᠢ ᠶᠢᠨ ᠨᠢᠭᠡᠴᠡ ᠡᠨᠧᠷᠭᠢ ᠠᠷᠪᠢᠯᠠᠬᠤ ᠲᠥᠯᠥᠪᠯᠡᠭᠡ ᠪᠠ ᠡᠨᠧᠷᠭᠢ | ᠠᠷᠪᠢᠯᠠᠬᠤ ᠠᠷᠭ᠎ᠠ ᠬᠡᠮᠵᠢᠶ᠎ᠡ ᠲᠣᠭᠲᠠᠭᠠᠨ ᠬᠡᠷᠡᠭᠵᠢᠭᠦᠯᠵᠦ᠂ ᠡᠨᠧᠷᠭᠢ ᠠᠷᠪᠢᠯᠠᠬᠤ ᠬᠠᠮᠢᠶᠠᠷᠤᠯᠲᠠ ᠶᠢᠨ ᠳᠦᠷᠢᠮ ᠢ | ᠪᠠᠶᠢᠭᠤᠯᠤᠨ ᠲᠡᠭᠦᠯᠳᠡᠷᠵᠢᠭᠦᠯᠵᠦ᠂ ᠦᠢᠯᠡᠳᠪᠦᠷᠢᠯᠡᠯ ᠤᠨ ᠶᠠᠪᠤᠴᠠ ᠳᠤᠮᠳᠠᠬᠢ ᠲᠡᠭᠡᠭᠡᠪᠦᠷᠢ ᠶᠢᠨ ᠬᠡᠮᠵᠢᠶ᠎ᠡ᠂ ᠲᠡᠭᠡᠭᠡᠪᠦᠷᠢ ᠶᠢᠨ | ᠴᠢᠳᠠᠪᠤᠷᠢ᠂ ᠪᠠᠷᠢᠯᠭ᠎ᠠ ᠶᠢᠨ ᠠᠵᠢᠯ ᠵᠡᠷᠭᠡ ᠣᠯᠠᠨ ᠵᠦᠢᠯ ᠤᠨ ᠬᠦᠴᠦᠨ ᠵᠦᠢᠯ ᠤᠨ ᠬᠤᠪᠢᠷᠠᠯᠲᠠ ᠶᠢ ᠦᠨᠳᠦᠰᠦᠯᠡᠨ | ᠦᠢᠯᠡᠳᠪᠦᠷᠢᠯᠡᠯ ᠤᠨ ᠲᠥᠯᠥᠪᠯᠡᠭᠡ ᠪᠠᠨ ᠴᠠᠭ ᠲᠤᠬᠠᠢ ᠳᠤᠨᠢ ᠲᠣᠬᠢᠷᠠᠭᠤᠯᠵᠤ᠂ ᠵᠠᠮ ᠬᠠᠷᠢᠯᠴᠠᠭᠠᠨ ᠤ ᠡᠨᠧᠷᠭᠢ ᠬᠡᠷᠡᠭᠯᠡᠬᠦ | ᠲᠥᠬᠦᠭᠡᠷᠦᠮᠵᠢ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ᠃ | ᠲᠦᠴᠢᠨ ᠬᠤᠶᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠣᠯᠠᠨ ᠨᠡᠶᠢᠲᠡ ᠶᠢᠨ ᠵᠠᠮ ᠬᠠᠷᠢᠯᠴᠠᠭ᠎ᠠ ᠶᠢ ᠤᠷᠢᠳᠴᠢᠯᠠᠨ ᠬᠥᠭᠵᠢᠭᠦᠯᠵᠤ᠂ ᠣᠯᠠᠨ ᠨᠡᠶᠢᠲᠡ ᠶᠢᠨ ᠵᠠᠮ | ᠬᠠᠷᠢᠯᠴᠠᠭ᠎ᠠ ᠳᠠᠬᠢ ᠣᠷᠤᠭᠤᠯᠤᠯᠲᠠ ᠪᠠᠨ ᠨᠡᠮᠡᠭᠳᠡᠭᠦᠯᠵᠦ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠦᠢᠯᠡᠴᠢᠯᠡᠭᠡᠨ ᠤ | ᠲᠣᠭᠲᠠᠴᠠ ᠶᠢ ᠲᠡᠭᠦᠯᠳᠡᠷᠵᠢᠭᠦᠯᠵᠦ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ᠂ ᠮᠠᠰᠢᠨ | ᠬᠥᠳᠡᠯᠭᠡᠭᠦᠷᠲᠦ ᠪᠤᠰᠤ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠢᠶᠠᠷ ᠭᠠᠳᠠᠭᠰᠢ ᠭᠠᠷᠬᠤ ᠶᠢ ᠵᠣᠷᠢᠬᠵᠢᠭᠤᠯᠬᠤ ᠬᠡᠷᠡᠭᠲᠡᠢ᠃ | | ᠲᠦᠴᠢᠨ ᠭᠤᠷᠪᠠᠳᠤᠭᠠᠷ ᠵᠦᠢᠯ ᠣᠯᠠᠨ ᠨᠡᠶᠢᠲᠡ ᠶᠢᠨ ᠪᠠᠶᠢᠭᠤᠯᠤᠮᠵᠢ ᠰᠢᠨ᠎ᠡ ᠪᠠᠷ ᠪᠠᠷᠢᠯᠭ᠎ᠠ ᠪᠠᠷᠢᠬᠤ ᠪᠠ ᠣᠳᠣ | ᠪᠠᠶᠢᠭ᠎ᠠ ᠪᠠᠷᠢᠯᠭ᠎ᠠ ᠶᠢ ᠡᠨᠧᠷᠭᠢ ᠠᠷᠪᠢᠯᠠᠬᠤ ᠪᠠᠷ ᠥᠭᠡᠷᠡᠴᠢᠯᠡᠬᠦ ᠳᠤ ᠰᠢᠨ᠎ᠡ ᠮᠠᠶ᠋ᠢᠭ ᠤᠨ ᠬᠡᠷᠡᠮ ᠤᠨ ᠮᠠᠲ᠋ᠧᠷᠢᠶᠠᠯ ᠵᠡᠷᠭᠡ | ᠡᠨᠧᠷᠭᠢ ᠠᠷᠪᠢᠯᠠᠬᠤ ᠪᠠᠷᠢᠯᠭ᠎ᠠ ᠶᠢᠨ ᠮᠠᠲ᠋ᠧᠷᠢᠶᠠᠯ ᠪᠠ ᠡᠨᠧᠷᠭᠢ ᠠᠷᠪᠢᠯᠠᠬᠤ ᠲᠥᠬᠦᠭᠡᠷᠦᠮᠵᠢ ᠶᠢ ᠬᠡᠷᠡᠭᠯᠡᠬᠦ ᠬᠡᠷᠡᠭᠲᠡᠢ᠃ ᠳᠠᠬᠢᠨ | ᠡᠭᠦᠰᠬᠦ ᠡᠨᠧᠷᠭᠢ ᠶᠢ ᠠᠰᠢᠭᠯᠠᠬᠤ ᠨᠥᠬᠦᠴᠡᠯ ᠪᠦᠷᠢᠳᠦᠭᠰᠡᠨ ᠪᠣᠯ ᠳᠠᠬᠢᠨ ᠡᠭᠦᠰᠬᠦ ᠡᠨᠧᠷᠭᠢ ᠶᠢ ᠠᠰᠢᠭᠯᠠᠬᠤ ᠰᠢᠰᠲ᠋ᠧᠮ ᠢ | ᠤᠭᠰᠠᠷᠠᠵᠤ ᠬᠡᠷᠡᠭᠯᠡᠬᠦ ᠬᠡᠷᠡᠭᠲᠡᠢ᠃ | ᠲᠦᠴᠢᠨ ᠲᠦᠷᠪᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠪᠠᠶᠢᠭᠤᠯᠣᠯᠭ᠎ᠠ ᠶᠢᠨ ᠶᠠᠪᠤᠳᠠᠯ ᠢ ᠬᠠᠮᠢᠶᠠᠷᠬᠤ ᠪᠠᠶᠢᠭᠤᠯᠤᠮᠵᠢ ᠠᠳᠠᠯᠢ ᠱᠠᠲᠤᠨ ᠤ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠠᠢ ᠬᠠᠮᠲᠤ ᠪᠠᠷ ᠬᠠᠮᠢᠶᠠᠷᠤᠯᠲᠠ ᠶᠢᠨ ᠡᠷᠬᠡ ᠶᠢᠨ ᠬᠢᠵᠠᠭᠠᠷ ᠶᠣᠰᠣᠭᠠᠷ ᠢᠶᠠᠨ ᠣᠯᠠᠨ ᠨᠡᠶᠢᠲᠡ ᠶᠢᠨ | ᠪᠠᠶᠢᠭᠤᠯᠤᠮᠵᠢ ᠶᠢᠨ ᠡᠨᠧᠷᠭᠢ ᠬᠡᠷᠡᠭᠯᠡᠬᠦ ᠬᠡᠮᠵᠢᠶ᠎ᠡ ᠶᠢᠨ ᠪᠠᠷᠢᠮᠵᠢᠶ᠎ᠠ ᠲᠣᠭᠲᠠᠭᠠᠬᠤ ᠶᠢᠨ ᠬᠠᠮᠲᠤ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠪᠠᠶᠢᠳᠠᠯ ᠢᠶᠠᠨ ᠦᠨᠳᠦᠰᠦᠯᠡᠨ ᠴᠠᠭ ᠲᠤᠬᠠᠢ ᠳᠤᠨᠢ ᠲᠣᠬᠢᠷᠠᠭᠤᠯᠬᠤ ᠬᠡᠷᠡᠭᠲᠡᠢ᠃ | ᠲᠦᠴᠢᠨ ᠲᠠᠪᠤᠳᠤᠭᠠᠷ ᠵᠦᠢᠯ ᠣᠯᠠᠨ ᠨᠡᠶᠢᠲᠡ ᠶᠢᠨ ᠪᠠᠶᠢᠭᠤᠯᠤᠮᠵᠢ ᠪᠠ ᠲᠣᠮᠣ ᠬᠡᠯᠪᠡᠷᠢ ᠶᠢᠨ ᠣᠯᠠᠨ | ᠨᠡᠶᠢᠲᠡ ᠶᠢᠨ ᠪᠠᠷᠢᠯᠭ᠎ᠠ ᠡᠨᠧᠷᠭᠢ ᠶᠢᠨ ᠬᠡᠷᠡᠭᠯᠡᠭᠡᠨ ᠤ ᠬᠡᠮᠵᠢᠭᠦᠷ ᠤᠭᠰᠠᠷᠠᠵᠤ᠂ ᠡᠨᠧᠷᠭᠢ ᠶᠢᠨ ᠬᠡᠷᠡᠭᠯᠡᠭᠡ ᠶᠢ ᠲᠥᠷᠥᠯ | ᠬᠤᠪᠢᠶᠠᠨ᠂ ᠵᠦᠢᠯ ᠬᠤᠪᠢᠶᠠᠨ ᠬᠡᠮᠵᠢᠬᠦ ᠪᠠ ᠡᠨᠧᠷᠭᠢ ᠶᠢ ᠬᠢᠨᠠᠨ ᠪᠣᠳᠣᠬᠤ ᠳᠦᠷᠢᠮ ᠢ ᠬᠡᠷᠡᠭᠵᠢᠭᠦᠯᠬᠦ ᠬᠡᠷᠡᠭᠲᠡᠢ᠃ | ᠣᠯᠠᠨ ᠨᠡᠶᠢᠲᠡ ᠶᠢᠨ ᠪᠠᠶᠢᠭᠤᠯᠤᠮᠵᠢ ᠪᠠ ᠲᠣᠮᠣ ᠬᠡᠯᠪᠡᠷᠢ ᠶᠢᠨ ᠣᠯᠠᠨ ᠨᠡᠶᠢᠲᠡ ᠶᠢᠨ ᠪᠠᠷᠢᠯᠭ᠎ᠠ ᠶᠢᠨ ᠡᠨᠧᠷᠭᠢ ᠬᠡᠷᠡᠭᠯᠡᠭᠰᠡᠨ | ᠪᠠᠶᠢᠳᠠᠯ ᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠨᠡᠶᠢᠭᠡᠮ ᠳᠤ ᠨᠡᠶᠢᠲᠡᠯᠡᠨ᠎ᠡ᠃ | ᠲᠦᠴᠢᠨ ᠵᠢᠷᠭᠤᠳᠤᠭᠠᠷ ᠵᠦᠢᠯ ᠪᠠᠭᠤᠳᠠᠯ᠂ ᠬᠤᠳᠠᠯᠳᠤᠭ᠎ᠠ ᠳᠡᠯᠭᠡᠭᠦᠷ᠂ ᠵᠤᠭ᠎ᠠ ᠴᠡᠩᠭᠡᠯ ᠤᠨ ᠲᠠᠯᠠᠪᠤᠷ ᠵᠡᠷᠭᠡ | ᠨᠢᠭᠡᠴᠡ ᠦᠷ᠎ᠡ ᠠᠰᠢᠭ ᠥᠨᠳᠥᠷ᠂ ᠡᠨᠧᠷᠭᠢ ᠶᠢᠨ ᠬᠤᠷᠣᠭᠳᠠᠯ ᠪᠠᠭ᠎ᠠ ᠦᠢᠯᠡᠳᠬᠦᠨ ᠪᠤᠶᠤ ᠪᠡᠯᠡᠳᠬᠡᠯ ᠲᠦᠬᠦᠭᠡᠷᠦᠮᠵᠢ ᠶᠢ | ᠰᠣᠩᠭᠤᠨ ᠬᠡᠷᠡᠭᠯᠡᠬᠦ ᠶᠢᠨ ᠬᠠᠮᠲᠤ ᠡᠨᠧᠷᠭᠢ ᠬᠡᠷᠡᠭᠯᠡᠬᠦ ᠪᠡᠯᠡᠳᠬᠡᠯ ᠲᠦᠬᠦᠭᠡᠷᠦᠮᠵᠢ ᠶᠢᠨ ᠬᠠᠮᠢᠶᠠᠷᠤᠯᠲᠠ ᠪᠠᠨ ᠴᠢᠩᠭᠠᠳᠬᠠᠬᠤ | ᠬᠡᠷᠡᠭᠲᠡᠢ᠃ | ᠲᠦᠴᠢᠨ ᠲᠤᠯᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠲᠤᠬᠠᠢ ᠶᠢᠨ ᠭᠠᠵᠠᠷ ᠲᠠᠭᠠᠨ ᠵᠤᠬᠢᠴᠠᠭᠤᠯᠬᠤ᠂ ᠣᠯᠠᠨ ᠴᠢᠳᠠᠪᠬᠢ ᠪᠠᠷ ᠬᠠᠷᠢᠯᠴᠠᠨ ᠨᠥᠬᠦᠪᠦᠷᠢᠯᠡᠬᠦ᠂ | ᠶᠡᠷᠦᠩᠬᠡᠶᠢᠯᠡᠨ ᠠᠰᠢᠭᠯᠠᠬᠤ᠂ ᠦᠷ᠎ᠡ ᠠᠰᠢᠭ ᠢ ᠡᠷᠬᠢᠮᠯᠡᠬᠦ ᠵᠠᠷᠴᠢᠮ ᠶᠣᠰᠣᠭᠠᠷ᠂ ᠲᠠᠷᠢᠶᠠᠯᠠᠩ ᠮᠠᠯ ᠠᠵᠤ ᠠᠬᠤᠢ ᠪᠠ | ᠮᠠᠯᠵᠢᠬᠤ ᠲᠠᠷᠢᠶᠠᠯᠠᠬᠤ ᠣᠷᠣᠨ ᠤ ᠡᠨᠧᠷᠭᠢ ᠠᠷᠪᠢᠯᠠᠬᠤ ᠠᠵᠢᠯ ᠢ ᠴᠢᠩᠭᠠᠳᠬᠠᠵᠤ᠂ ᠲᠠᠷᠢᠶᠠᠯᠠᠩ ᠮᠠᠯ ᠠᠵᠤ ᠠᠬᠤᠢ ᠪᠠ | ᠮᠠᠯᠵᠢᠬᠤ ᠲᠠᠷᠢᠶᠠᠯᠠᠬᠤ ᠣᠷᠣᠨ ᠤ ᠡᠨᠧᠷᠭᠢ ᠠᠷᠪᠢᠯᠠᠬᠤ ᠮᠡᠷᠭᠡᠵᠢᠯ᠂ ᠡᠨᠧᠷᠭᠢ ᠠᠷᠪᠢᠯᠠᠬᠤ ᠦᠢᠯᠡᠳᠬᠦᠨ ᠢ ᠳᠡᠯᠭᠡᠷᠡᠭᠦᠯᠵᠦ | ᠬᠡᠷᠡᠭᠯᠡᠬᠦ ᠪᠡᠯᠡ ᠣᠷᠤᠭᠤᠯᠤᠯᠲᠠ ᠪᠠᠨ ᠨᠡᠮᠡᠭᠳᠡᠭᠦᠯᠬᠦ ᠬᠡᠷᠡᠭᠲᠡᠢ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠷᠭ᠎ᠠ ᠬᠡᠮᠵᠢᠶ᠎ᠡ ᠠᠪᠴᠤ | ᠪᠠᠶᠢᠭᠠᠳ ᠮᠠᠯᠵᠢᠬᠤ ᠲᠠᠷᠢᠶᠠᠯᠠᠬᠤ ᠣᠷᠣᠨ ᠳᠤ ᠨᠠᠮᠤᠭ ᠤᠨ ᠬᠡᠢ᠂ ᠰᠦᠷᠡᠯ ᠢ ᠬᠡᠶᠢᠵᠢᠭᠦᠯᠬᠦ᠂ ᠨᠠᠷᠠᠨ ᠡᠨᠧᠷᠭᠢ ᠵᠡᠷᠭᠡ ᠰᠢᠨ᠎ᠡ | ᠡᠨᠧᠷᠭᠢ᠂ ᠠᠷᠢᠭᠤᠨ ᠴᠡᠪᠡᠷ ᠡᠨᠧᠷᠭᠢ ᠪᠠ ᠳᠠᠬᠢᠨ ᠡᠭᠦᠰᠬᠦ ᠡᠨᠧᠷᠭᠢ ᠶᠢ ᠨᠡᠭᠡᠭᠡᠨ ᠠᠰᠢᠭᠯᠠᠬᠤ ᠬᠡᠷᠡᠭᠲᠡᠢ᠃ | ᠲᠦᠷᠪᠡᠳᠦᠭᠡᠷ ᠪᠦ᠋ᠯᠦᠭ ᠡᠨᠧᠷᠭᠢ ᠠᠷᠪᠢᠯᠠᠬᠤ ᠮᠡᠷᠭᠡᠵᠢᠯ ᠢ ᠳᠠᠪᠰᠢᠭᠤᠯᠬᠤ ᠪᠠ ᠵᠣᠷᠢᠬᠵᠢᠭᠤᠯᠬᠤ ᠠᠷᠭ᠎ᠠ ᠬᠡᠮᠵᠢᠶ᠎ᠡ | ᠲᠦᠴᠢᠨ ᠨᠠᠢᠮᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ | ᠡᠨᠧᠷᠭᠢ ᠠᠷᠪᠢᠯᠠᠬᠤ ᠮᠡᠷᠭᠡᠵᠢᠯ ᠢ ᠰᠤᠳᠤᠯᠤᠨ ᠨᠡᠭᠡᠭᠡᠬᠦ ᠶᠢ ᠵᠠᠰᠠᠭ ᠤᠨ ᠣᠷᠳᠣᠨ ᠤ ᠰᠢᠨᠵᠢᠯᠡᠬᠦ ᠣᠬᠠᠭᠠᠨ ᠮᠡᠷᠭᠡᠵᠢᠯ ᠤᠨ | ᠪᠡᠯᠡ ᠣᠷᠤᠭᠤᠯᠤᠯᠲᠠ ᠶᠢᠨ ᠭᠤᠣᠯᠳᠠᠯᠭ᠎ᠠ ᠲᠠᠢ ᠬᠦᠷᠢᠶ᠎ᠡ ᠬᠡᠪᠴᠢᠶ᠎ᠡ ᠳᠤ ᠤᠷᠤᠭᠤᠯᠵᠤ᠂ ᠰᠢᠨᠵᠢᠯᠡᠬᠦ ᠣᠬᠠᠭᠠᠨ ᠮᠡᠷᠭᠡᠵᠢᠯ ᠤᠨ | ᠰᠤᠳᠤᠯᠭᠠᠨ ᠤ ᠪᠠᠶᠢᠭᠤᠯᠤᠮᠵᠢ᠂ ᠶᠡᠭᠡ ᠳᠡᠭᠡᠳᠦ ᠰᠤᠷᠭᠠᠭᠤᠯᠢ᠂ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ᠂ ᠠᠵᠤ | ᠠᠬᠤᠶᠢᠯᠠᠯ ᠪᠠ ᠬᠤᠪᠢ ᠬᠥᠮᠥᠨ ᠤ ᠡᠨᠧᠷᠭᠢ ᠠᠷᠪᠢᠯᠠᠬᠤ ᠮᠡᠷᠭᠡᠵᠢᠯ ᠤᠨ ᠬᠡᠷᠡᠭᠯᠡᠭᠡᠨ ᠤ ᠰᠤᠳᠤᠯᠭᠠᠨ ᠥᠷᠨᠢᠭᠦᠯᠬᠦ ᠶᠢ | ᠳᠡᠮᠵᠢᠵᠦ᠂ ᠡᠨᠧᠷᠭᠢ ᠠᠷᠪᠢᠯᠠᠬᠤ ᠨᠡᠶᠢᠲᠡᠯᠢᠭ ᠴᠢᠨᠠᠷ ᠪᠠ ᠵᠠᠩᠭᠢᠯᠠᠭ᠎ᠠ ᠶᠢᠨ ᠮᠡᠷᠭᠡᠵᠢᠯ ᠢ ᠨᠡᠭᠡᠭᠡᠨ ᠬᠥᠭᠵᠢᠭᠦᠯᠵᠦ᠂ ᠡᠨᠧᠷᠭᠢ | ᠠᠷᠪᠢᠯᠠᠬᠤ ᠮᠡᠷᠭᠡᠵᠢᠯ ᠢ ᠰᠢᠨᠡᠴᠢᠯᠡᠬᠦ ᠬᠢᠭᠡᠳ ᠦᠷ᠎ᠡ ᠪᠦᠲᠦᠭᠡᠯ ᠢ ᠤᠯᠠᠷᠢᠭᠤᠯᠬᠤ ᠶᠢ ᠠᠬᠢᠭᠤᠯᠬᠤ ᠬᠡᠷᠡᠭᠲᠡᠢ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠡᠨᠧᠷᠭᠢ ᠠᠷᠪᠢᠯᠠᠬᠤ ᠲᠤᠰᠬᠠᠢ | ᠲᠥᠷᠥᠯ ᠤᠨ ᠪᠡᠯᠡ ᠮᠥᠩᠭᠦ ᠲᠣᠬᠢᠷᠠᠭᠤᠯᠵᠤ᠂ ᠡᠨᠧᠷᠭᠢ ᠠᠷᠪᠢᠯᠠᠬᠤ ᠮᠡᠷᠭᠡᠵᠢᠯ ᠢ ᠰᠤᠳᠤᠯᠤᠨ ᠨᠡᠭᠡᠭᠡᠬᠦ᠂ ᠡᠨᠧᠷᠭᠢ ᠠᠷᠪᠢᠯᠠᠬᠤ | ᠮᠡᠷᠭᠡᠵᠢᠯ ᠪᠠ ᠦᠢᠯᠡᠳᠬᠦᠨ ᠢ ᠵᠢᠱᠢᠶ᠎ᠡ ᠦᠵᠡᠭᠦᠯᠬᠦ ᠪᠠ ᠳᠡᠯᠭᠡᠷᠡᠭᠦᠯᠬᠦ᠂ ᠭᠤᠣᠯᠳᠠᠯᠭ᠎ᠠ ᠲᠠᠢ ᠡᠨᠧᠷᠭᠢ ᠠᠷᠪᠢᠯᠠᠬᠤ | ᠢᠨᠵᠧᠨᠧᠷᠢᠩ ᠢ ᠬᠡᠷᠡᠭᠵᠢᠭᠦᠯᠬᠦ᠂ ᠡᠨᠧᠷᠭᠢ ᠠᠷᠪᠢᠯᠠᠬᠤ ᠤᠬᠠᠭᠤᠯᠭ᠎ᠠ ᠬᠥᠮᠥᠵᠢᠯ᠂ ᠮᠡᠳᠡᠭᠡ ᠵᠠᠩᠭᠢ ᠶᠢᠨ ᠦᠢᠯᠡᠴᠢᠯᠡᠭᠡ ᠪᠠ | ᠱᠠᠩᠨᠠᠨ ᠬᠥᠬᠢᠭᠦᠯᠬᠦ ᠵᠡᠷᠭᠡ ᠶᠢ ᠳᠡᠮᠵᠢᠬᠦ ᠬᠡᠷᠡᠭᠲᠡᠢ᠃ | ᠲᠦᠴᠢ ᠶᠢᠰᠦᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠠᠵᠤ ᠠᠬᠤᠶᠢᠯᠠᠯ ᠤᠨ ᠡᠨᠧᠷᠭᠢ ᠠᠷᠪᠢᠯᠠᠬᠤ ᠦᠢᠯᠡᠳᠬᠦᠨ ᠪᠠ ᠲᠥᠬᠦᠭᠡᠷᠦᠮᠵᠢ ᠦᠢᠯᠡᠳᠪᠦᠷᠢᠯᠡᠬᠦ ᠶᠢ | ᠵᠣᠷᠢᠬᠵᠢᠭᠤᠯᠤᠨ ᠳᠡᠮᠵᠢᠵᠦ᠂ ᠠᠵᠤ ᠠᠬᠤᠶᠢᠯᠠᠯ ᠤᠨ ᠡᠨᠧᠷᠭᠢ ᠠᠷᠪᠢᠯᠠᠬᠤ ᠦᠢᠯᠡᠳᠬᠦᠨ ᠢ ᠨᠤᠳᠠᠯᠠᠬᠤ ᠶᠢ ᠳᠡᠮᠵᠢᠨ᠎ᠡ᠃ | ᠬᠡᠷᠡᠭᠯᠡᠭᠴᠢᠳ ᠤᠨ ᠡᠨᠧᠷᠭᠢ ᠶᠢᠨ ᠠᠰᠢᠭᠯᠠᠯᠲᠠ ᠶᠢᠨ ᠵᠡᠷᠭᠡ ᠲᠡᠰ ᠨᠡᠯᠢᠶᠡᠳ ᠥᠨᠳᠥᠷ ᠪᠤᠶᠤ ᠡᠨᠧᠷᠭᠢ ᠠᠷᠪᠢᠯᠠᠬᠤ | ᠶᠢ ᠨᠤᠳᠠᠯᠠᠭᠰᠠᠨ ᠲᠡᠮᠳᠡᠭ ᠲᠠᠢ ᠡᠨᠧᠷᠭᠢ ᠬᠡᠷᠡᠭᠯᠡᠬᠦ ᠦᠢᠯᠡᠳᠬᠦᠨ ᠢ ᠬᠤᠳᠠᠯᠳᠤᠨ ᠠᠪᠬᠤ ᠪᠠ ᠬᠡᠷᠡᠭᠯᠡᠬᠦ ᠶᠢ ᠵᠣᠷᠢᠬᠵᠢᠭᠤᠯᠤᠨ | ᠳᠡᠮᠵᠢᠨ᠎ᠡ᠃ | ᠵᠠᠰᠠᠭ ᠤᠨ ᠣᠷᠳᠣᠨ ᠤ ᠬᠤᠳᠠᠯᠳᠤᠨ ᠠᠪᠬᠤ ᠶᠢ ᠬᠢᠨᠠᠨ ᠬᠠᠮᠢᠶᠠᠷᠬᠤ ᠰᠠᠯᠠᠭ᠎ᠠ ᠮᠥᠴᠢᠷ ᠬᠤᠯᠪᠣᠭᠳᠠᠯ ᠪᠦᠬᠦᠢ | ᠰᠠᠯᠠᠭ᠎ᠠ ᠮᠥᠴᠢᠷ ᠲᠠᠢ ᠬᠠᠮᠲᠤ ᠪᠠᠷ ᠡᠨᠧᠷᠭᠢ ᠠᠷᠪᠢᠯᠠᠬᠤ ᠦᠢᠯᠡᠳᠬᠦᠨ᠂ ᠲᠥᠬᠦᠭᠡᠷᠦᠮᠵᠢ ᠶᠢ ᠵᠠᠰᠠᠭ ᠤᠨ ᠣᠷᠳᠣᠨ ᠤ | ᠬᠤᠳᠠᠯᠳᠤᠨ ᠠᠪᠬᠤ ᠭᠠᠷᠴᠠᠭ ᠲᠣᠭᠲᠠᠭᠠᠬᠤ ᠳᠤ ᠡᠨᠧᠷᠭᠢ ᠠᠷᠪᠢᠯᠠᠬᠤ ᠦᠢᠯᠡᠳᠬᠦᠨ ᠢ ᠨᠤᠳᠠᠯᠠᠭᠰᠠᠨ ᠪᠢᠴᠢᠭ ᠲᠠᠢ | ᠦᠢᠯᠡᠳᠬᠦᠨ᠂ ᠲᠥᠬᠦᠭᠡᠷᠦᠮᠵᠢ ᠶᠢ ᠤᠷᠢᠳᠠᠪᠠᠷ ᠵᠢᠭᠰᠠᠭᠠᠬᠤ ᠬᠡᠷᠡᠭᠲᠡᠢ᠃ | ᠲᠠᠪᠢᠳᠤᠭᠠᠷ ᠵᠦᠢᠯ ᠡᠨᠧᠷᠭᠢ ᠬᠡᠷᠡᠭᠯᠡᠬᠦ ᠨᠢᠭᠡᠴᠡ ᠶᠢᠨ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ | ᠠᠷᠠᠳ ᠤᠨ ᠵᠠᠰᠠᠭ ᠤᠨ ᠣᠷᠳᠣᠨ ᠲᠠᠢ ᠡᠨᠧᠷᠭᠢ ᠠᠷᠪᠢᠯᠠᠬᠤ ᠰᠠᠶᠢᠨ ᠳᠤᠷ᠎ᠠ ᠶᠢᠨ ᠬᠡᠯᠡᠯᠴᠡᠭᠡᠷ ᠲᠣᠭᠲᠠᠬᠤ ᠶᠢ | ᠵᠣᠷᠢᠬᠵᠢᠭᠤᠯᠤᠨ᠎ᠠ᠃ ᠰᠠᠶᠢᠨ ᠳᠤᠷ᠎ᠠ ᠶᠢᠨ ᠬᠡᠯᠡᠯᠴᠡᠭᠡᠷ ᠲᠠᠬᠢ ᠡᠨᠧᠷᠭᠢ ᠠᠷᠪᠢᠯᠠᠬᠤ ᠬᠠᠷᠠᠯᠲᠠ ᠪᠠᠨ ᠳᠠᠪᠠᠭᠤᠯᠤᠨ | ᠪᠡᠶᠡᠯᠡᠭᠦᠯᠦᠭᠰᠡᠨ ᠡᠨᠧᠷᠭᠢ ᠬᠡᠷᠡᠭᠯᠡᠬᠦ ᠨᠢᠭᠡᠴᠡ ᠶᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠬᠡᠯᠡᠯᠴᠡᠭᠡᠷ ᠶᠣᠰᠣᠭᠠᠷ ᠬᠥᠬᠢᠭᠦᠯᠬᠦ ᠬᠡᠷᠡᠭᠲᠡᠢ᠃ | ᠡᠨᠧᠷᠭᠢ ᠬᠡᠷᠡᠭᠯᠡᠬᠦ ᠨᠢᠭᠡᠴᠡ ᠵᠣᠬᠢᠬᠤ ᠪᠡᠯᠡ ᠮᠥᠩᠭᠦ ᠭᠠᠷᠭᠠᠵᠤ᠂ ᠲᠤᠰ ᠨᠢᠭᠡᠴᠡ ᠶᠢᠨ ᠢᠶᠠᠨ ᠡᠨᠧᠷᠭᠢ ᠠᠷᠪᠢᠯᠠᠬᠤ | ᠱᠠᠩᠨᠠᠯ ᠤᠨ ᠮᠥᠩᠭᠦ ᠪᠣᠯᠭᠠᠬᠤ ᠬᠡᠷᠡᠭᠲᠡᠢ᠃ ᠱᠠᠩᠨᠠᠯ ᠤᠨ ᠮᠥᠩᠭᠦ ᠶᠢ ᠠᠷᠪᠢᠯᠠᠭᠰᠠᠨ ᠡᠨᠧᠷᠭᠢ ᠶᠢᠨ ᠥᠷᠲᠡᠭ ᠳᠣᠲᠣᠷ᠎ᠠ ᠠᠴᠠ | ᠬᠠᠤᠯᠢ ᠶᠣᠰᠣᠭᠠᠷ ᠭᠠᠷᠭᠠᠨ ᠠᠪᠴᠤ᠂ ᠥᠪᠡᠷ ᠤᠨ ᠥᠷᠲᠡᠭ ᠤᠨ ᠵᠠᠷᠤᠳᠠᠯ ᠳᠤ ᠣᠷᠣᠭᠤᠯᠤᠨ᠎ᠠ᠃ | ᠲᠠᠪᠢᠨ ᠨᠢᠭᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠡᠳ᠋ ᠤᠨ ᠵᠠᠰᠠᠭ ᠤᠨ ᠨᠥᠬᠦᠪᠦᠷᠢ᠂ ᠦᠨ᠎ᠡ ᠬᠠᠩᠰᠢ ᠶᠢᠨ ᠲᠣᠬᠢᠷᠠᠭᠤᠯᠭ᠎ᠠ᠂ | ᠭᠠᠶᠢᠯᠢ ᠰᠦᠢᠳᠬᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠵᠡᠷᠭᠡ ᠶᠢ ᠨᠠᠶᠢᠳᠠᠪᠤᠷᠢᠵᠢᠭᠤᠯᠬᠤ ᠪᠠᠷ ᠳᠠᠮᠵᠢᠭᠤᠯᠣᠨ᠂ | ᠡᠨᠧᠷᠭᠢ ᠬᠡᠷᠡᠭᠯᠡᠬᠦ ᠨᠢᠭᠡᠴᠡ ᠶᠢᠨ ᠡᠨᠧᠷᠭᠢ ᠠᠷᠪᠢᠯᠠᠬᠤ ᠠᠵᠢᠯᠯᠠᠭ᠎ᠠ ᠥᠷᠨᠢᠭᠦᠯᠬᠦ ᠶᠢ ᠵᠣᠷᠢᠬᠵᠢᠭᠤᠯᠤᠨ ᠳᠡᠮᠵᠢᠬᠦ ᠬᠡᠷᠡᠭᠲᠡᠢ᠃ | | ᠲᠠᠪᠢᠨ ᠬᠤᠶᠠᠳᠤᠭᠠᠷ ᠵᠦᠢᠯ ᠥᠪᠡᠷᠳᠡᠭᠡᠨ ᠵᠠᠰᠠᠬᠤ ᠤᠷᠤᠨ ᠠᠴᠠ ᠡᠨᠧᠷᠭᠢ ᠠᠷᠪᠢᠯᠠᠬᠤ ᠪᠠ ᠳᠠᠬᠢᠨ ᠡᠭᠦᠰᠬᠦ | ᠡᠨᠧᠷᠭᠢ ᠶᠢ ᠨᠡᠭᠡᠭᠡᠨ ᠠᠰᠢᠭᠯᠠᠬᠤ ᠦᠨ᠎ᠡ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠡᠨᠧᠷᠭᠢ ᠶᠢᠨ ᠬᠤᠷᠣᠭᠳᠠᠯ ᠨᠢ | ᠬᠡᠮᠵᠢᠶᠡᠨ ᠠᠴᠠ ᠬᠡᠲᠦᠷᠡᠪᠡᠯ ᠦᠨ᠎ᠡ ᠨᠡᠮᠡᠬᠦ ᠳᠦᠷᠢᠮ ᠪᠠ ᠡᠨᠧᠷᠭᠢ ᠶᠢᠨ ᠱᠠᠲᠤᠯᠢᠭ ᠦᠨ᠎ᠡ ᠶᠢᠨ ᠳᠦᠷᠢᠮ ᠢ ᠠᠯᠬᠤᠮ | ᠠᠯᠬᠤᠮ ᠢᠶᠠᠷ ᠪᠠᠶᠢᠭᠤᠯᠤᠨ ᠲᠡᠭᠦᠯᠳᠡᠷᠵᠢᠭᠦᠯᠵᠦ᠂ ᠡᠨᠧᠷᠭᠢ ᠬᠡᠷᠡᠭᠯᠡᠬᠦ ᠨᠢᠭᠡᠴᠡ ᠪᠠ ᠬᠤᠪᠢ ᠬᠥᠮᠥᠨ ᠤ ᠡᠨᠧᠷᠭᠢ | ᠠᠷᠪᠢᠯᠠᠬᠤ ᠶᠢ ᠵᠢᠯᠣᠭᠤᠳᠤᠨ ᠳᠠᠭᠠᠭᠤᠯᠤᠨ᠎ᠠ᠃ | ᠲᠠᠪᠢᠨ ᠭᠤᠷᠪᠠᠳᠤᠭᠠᠷ ᠵᠦᠢᠯ ᠥᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠤ ᠡᠨᠧᠷᠭᠢ | ᠠᠷᠪᠢᠯᠠᠬᠤ ᠠᠵᠢᠯ ᠢ ᠬᠠᠮᠢᠶᠠᠷᠬᠤ ᠰᠠᠯᠠᠭ᠎ᠠ ᠮᠥᠴᠢᠷ ᠪᠠ ᠠᠵᠢᠯ ᠲᠥᠷᠥᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤᠰ | ᠲᠤᠰ ᠤᠨ ᠲᠤᠰᠢᠶᠠᠯ ᠬᠠᠷᠢᠭᠤᠴᠠᠯᠭ᠎ᠠ ᠶᠣᠰᠣᠭᠠᠷ ᠡᠳ᠋ ᠤᠨ ᠵᠠᠰᠠᠭ ᠤᠨ ᠨᠥᠬᠦᠪᠦᠷᠢ᠂ ᠭᠠᠶᠢᠯᠢ ᠰᠦᠢᠳᠬᠡᠯ ᠤᠨ ᠬᠠᠷᠠᠭᠠᠯᠵᠠᠯ | ᠪᠠ ᠲᠤᠰᠬᠠᠢ ᠲᠥᠷᠥᠯ ᠤᠨ ᠪᠡᠯᠡ ᠮᠥᠩᠭᠦᠨ ᠤ ᠳᠡᠮᠵᠢᠯᠭᠡ ᠬᠦᠷᠲᠡᠵᠦ ᠪᠠᠶᠢᠭ᠎ᠠ ᠲᠥᠷᠥᠯ ᠵᠦᠢᠯ ᠤᠨ ᠡᠨᠧᠷᠭᠢ ᠠᠷᠪᠢᠯᠠᠭᠰᠠᠨ | ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠪᠠᠶᠢᠴᠠᠭᠠᠵᠦ᠂ ᠲᠥᠷᠥᠯ ᠵᠦᠢᠯ ᠢ ᠪᠡᠶᠡᠯᠡᠭᠦᠯᠦᠭᠰᠡᠨ ᠪᠠᠶᠢᠳᠠᠯ ᠢ | ᠦᠨᠡᠯᠡᠵᠦ ᠰᠢᠯᠭᠠᠨ ᠬᠤᠷᠢᠶᠠᠨ᠎ᠠ᠃ | ᠡᠳ᠋ ᠤᠨ ᠵᠠᠰᠠᠭ᠂ ᠬᠢᠨᠠᠨ ᠪᠣᠳᠣᠬᠤ ᠰᠠᠯᠠᠭ᠎ᠠ ᠮᠥᠴᠢᠷ ᠲᠤᠰᠬᠠᠢ ᠲᠥᠷᠥᠯ ᠤᠨ ᠪᠡᠯᠡ ᠮᠥᠩᠭᠦᠨ ᠤ ᠬᠡᠷᠡᠭᠯᠡᠯᠲᠡ ᠶᠢᠨ | ᠪᠠᠶᠢᠳᠠᠯ ᠪᠠ ᠳᠡᠮᠵᠢᠯᠭᠡ ᠶᠢᠨ ᠲᠥᠷᠥᠯ ᠵᠦᠢᠯ ᠢ ᠬᠡᠷᠡᠭᠵᠢᠭᠦᠯᠦᠭᠰᠡᠨ ᠪᠠᠶᠢᠳᠠᠯ ᠢ ᠬᠢᠨᠠᠨ ᠪᠠᠶᠢᠴᠠᠭᠠᠬᠤ ᠪᠠ ᠬᠢᠨᠠᠨ ᠪᠣᠳᠣᠬᠤ | ᠬᠡᠷᠡᠭᠲᠡᠢ᠃ | ᠲᠠᠪᠤᠳᠤᠭᠠᠷ ᠪᠦ᠋ᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ | ᠲᠠᠪᠢᠨ ᠲᠦᠷᠪᠡᠳᠦᠭᠡᠷ ᠵᠦᠢᠯ ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ︽ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠨᠧᠷᠭᠢ ᠠᠷᠪᠢᠯᠠᠬᠤ ᠬᠠᠤᠯᠢ︾ ᠪᠠ ᠤᠯᠤᠰ ᠤᠨ ᠬᠤᠯᠪᠣᠭᠳᠠᠯ | ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠨᠢᠭᠡᠨᠲᠡ ᠪᠣᠳᠠᠲᠠᠢ ᠰᠢᠢᠳᠬᠡᠨ ᠲᠣᠷᠭᠠᠬᠤ ᠲᠣᠭᠲᠠᠭᠠᠯ ᠲᠠᠢ ᠪᠣᠯ ᠲᠡᠷᠡ | ᠲᠣᠭᠲᠠᠭᠠᠯ ᠢ ᠨᠢ ᠬᠡᠷᠡᠭᠵᠢᠭᠦᠯᠦᠨ᠎ᠡ᠃ | ᠲᠠᠪᠢᠨ ᠲᠠᠪᠤᠳᠤᠭᠠᠷ ᠵᠦᠢᠯ ᠲᠤᠰ ᠠᠷᠭ᠎ᠠ ᠶᠢᠨ ᠬᠤᠷᠢᠨ ᠳᠣᠯᠣᠳᠤᠭᠠᠷ ᠵᠦᠢᠯ ᠤᠨ ᠲᠣᠭᠲᠠᠭᠠᠯ ᠠᠴᠠ | ᠵᠥᠷᠢᠴᠡᠭᠰᠡᠨ ᠪᠠᠶᠢᠪᠠᠯ᠂ ᠡᠨᠧᠷᠭᠢ ᠠᠷᠪᠢᠯᠠᠬᠤ ᠠᠵᠢᠯ ᠢ ᠬᠠᠮᠢᠶᠠᠷᠬᠤ ᠰᠠᠯᠠᠭ᠎ᠠ ᠮᠥᠴᠢᠷ ᠵᠠᠷᠯᠢᠭᠳᠠᠵᠤ ᠪᠠᠶᠢᠭᠠᠳ | ᠬᠤᠭᠤᠴᠠᠭ᠎ᠠ ᠬᠢᠵᠠᠭᠠᠷᠯᠠᠨ ᠵᠠᠯᠠᠷᠠᠭᠤᠯᠬᠤ ᠶᠢᠨ ᠬᠠᠮᠲᠤ ᠵᠠᠷᠯᠠᠨ ᠰᠢᠭᠦᠮᠵᠢᠯᠡᠨ᠎ᠡ᠃ | ᠲᠠᠪᠢᠨ ᠵᠢᠷᠭᠤᠳᠤᠭᠠᠷ ᠵᠦᠢᠯ ᠡᠨᠧᠷᠭᠢ ᠠᠷᠪᠢᠯᠠᠬᠤ ᠠᠵᠢᠯ ᠢ ᠬᠠᠮᠢᠶᠠᠷᠬᠤ ᠰᠠᠯᠠᠭ᠎ᠠ ᠮᠥᠴᠢᠷ ᠪᠠ ᠠᠵᠢᠯ | ᠲᠥᠷᠥᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠠᠵᠢᠯᠲᠠᠨ ᠳᠣᠣᠷᠠᠬᠢ ᠠᠵᠢᠯᠯᠠᠭ᠎ᠠ ᠶᠢᠨ ᠨᠢᠭᠡ ᠨᠢ ᠪᠠᠶᠢᠪᠠᠯ᠂ | ᠲᠡᠭᠦᠨ ᠤ ᠪᠠᠶᠢᠭ᠎ᠠ ᠨᠢᠭᠡᠴᠡ ᠪᠤᠶᠤ ᠳᠡᠭᠡᠷ᠎ᠡ ᠱᠠᠲᠤᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠢ ᠰᠢᠭᠤᠳ | ᠬᠠᠷᠢᠭᠤᠴᠠᠯᠭ᠎ᠠ ᠲᠠᠢ ᠭᠤᠣᠯᠯᠠᠨ ᠬᠠᠮᠢᠶᠠᠷᠤᠭᠴᠢ ᠪᠠ ᠪᠤᠰᠤᠳ ᠰᠢᠭᠤᠳ ᠬᠠᠷᠢᠭᠤᠴᠠᠯᠭ᠎ᠠ ᠲᠠᠢ ᠬᠥᠮᠥᠨ ᠳᠤ ᠬᠠᠤᠯᠢ | ᠶᠣᠰᠣᠭᠠᠷ ᠵᠠᠰᠠᠭ ᠵᠠᠬᠢᠷᠭᠠᠨ ᠤ ᠰᠢᠢᠳᠬᠡᠯ ᠣᠯᠭᠤᠨ᠎ᠠ︔ ᠶᠠᠯ᠎ᠠ ᠳᠤ ᠬᠦᠷᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ | ᠬᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠡ᠄ | ︵ᠨᠢᠭᠡ︶ ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ ᠶᠢᠨ ᠲᠥᠷᠥᠯ ᠵᠦᠢᠯ ᠳᠤ ᠲᠣᠭᠲᠠᠭᠠᠯ ᠶᠣᠰᠣᠭᠠᠷ | ᠡᠨᠧᠷᠭᠢ ᠠᠷᠪᠢᠯᠠᠬᠤ ᠬᠢᠨᠠᠨ ᠪᠠᠶᠢᠴᠠᠭᠠᠯᠲᠠ ᠬᠢᠭᠰᠡᠨ ᠦᠭᠡᠢ︔ | ︵ᠬᠤᠶᠠᠷ︶ ᠡᠨᠧᠷᠭᠢ ᠠᠷᠪᠢᠯᠠᠬᠤ ᠬᠢᠨᠠᠨ ᠪᠠᠶᠢᠴᠠᠭᠠᠯᠲᠠ ᠶᠢ ᠬᠠᠤᠯᠢ ᠶᠣᠰᠣᠭᠠᠷ ᠬᠢᠭᠰᠡᠨ ᠦᠭᠡᠢ ᠪᠤᠶᠤ ᠡᠨᠧᠷᠭᠢ | ᠠᠷᠪᠢᠯᠠᠬᠤ ᠬᠢᠨᠠᠨ ᠪᠠᠶᠢᠴᠠᠭᠠᠯᠲᠠ ᠶᠢ ᠥᠩᠭᠡᠷᠡᠭᠡᠵᠦ ᠳᠡᠶᠢᠯᠦᠭᠰᠡᠨ ᠦᠭᠡᠢ ᠲᠣᠭᠲᠠᠮᠠᠯ ᠬᠥᠷᠥᠩᠭᠡ ᠶᠢᠨ ᠪᠡᠯᠡ | ᠣᠷᠤᠭᠤᠯᠤᠯᠲᠠ ᠶᠢᠨ ᠲᠥᠷᠥᠯ ᠵᠦᠢᠯ ᠢ ᠪᠦᠲᠦᠭᠡᠨ ᠪᠠᠶᠢᠭᠤᠯᠬᠤ ᠶᠢ ᠵᠥᠪᠰᠢᠶᠡᠷᠡᠭᠰᠡᠨ ᠪᠤᠶᠤ ᠬᠢᠨᠠᠨ ᠵᠥᠪᠰᠢᠶᠡᠷᠡᠭᠰᠡᠨ︔ | ︵ᠭᠤᠷᠪᠠ︶ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠬᠤ ᠲᠥᠷᠥᠯ ᠵᠦᠢᠯ ᠤᠨ ᠡᠨᠧᠷᠭᠢ ᠠᠷᠪᠢᠯᠠᠬᠤ ᠶᠢ | ᠦᠨᠡᠯᠡᠬᠦ ᠪᠠᠶᠢᠭᠤᠯᠤᠮᠵᠢ ᠶᠢ ᠵᠢᠭᠠᠨ ᠲᠣᠭᠲᠠᠭᠠᠵᠤ ᠪᠠᠶᠢᠭᠠᠳ ᠡᠨᠧᠷᠭᠢ ᠠᠷᠪᠢᠯᠠᠬᠤ ᠦᠨᠡᠯᠡᠯᠲᠡ ᠬᠢᠯᠭᠡᠭᠰᠡᠨ︔ | ︵ᠳᠥᠷᠪᠡ︶ ᠬᠢᠨᠠᠯᠲᠠ ᠪᠠᠶᠢᠴᠠᠭᠠᠯᠲᠠ ᠪᠠ ᠵᠠᠰᠠᠭ ᠵᠠᠬᠢᠷᠭᠠᠨ ᠤ ᠰᠢᠢᠳᠬᠡᠯ ᠢ ᠬᠠᠤᠯᠢ ᠶᠣᠰᠣᠭᠠᠷ ᠬᠡᠷᠡᠭᠵᠢᠭᠦᠯᠦᠭᠰᠡᠨ | ᠦᠭᠡᠢ︔ | ︵ᠲᠠᠪᠤ︶ ᠠᠯᠪᠠᠨ ᠲᠤᠰᠢᠶᠠᠯ ᠳᠠᠭᠠᠨ ᠠᠯᠮᠠᠶᠢᠷᠠᠨ ᠣᠰᠣᠯᠳᠠᠭᠰᠠᠨ᠂ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠭᠰᠡᠨ | ᠂ ᠬᠤᠪᠢ ᠶᠢᠨ ᠨᠠᠶᠢᠷ ᠢᠶᠠᠷ ᠬᠠᠤᠯᠢ ᠶᠣᠰᠣ ᠶᠢ ᠵᠥᠷᠢᠴᠡᠭᠰᠡᠨ ᠪᠤᠰᠤᠳ ᠦᠢᠯᠡ ᠠᠵᠢᠯᠯᠠᠭ᠎ᠠ᠃ | ᠵᠢᠷᠭᠤᠳᠤᠭᠠᠷ ᠪᠦ᠋ᠯᠦᠭ ᠳᠠᠭᠠᠯᠳᠤᠭᠤᠯᠤᠭᠰᠠᠨ ᠳᠦᠷᠢᠮ | ᠲᠠᠪᠢᠨ ᠲᠤᠯᠤᠳᠤᠭᠠᠷ ᠵᠦᠢᠯ ᠲᠤᠰ ᠠᠷᠭ᠎ᠠ ᠶᠢ 2012 ᠣᠨ ᠤ 10 ᠰᠠᠷ᠎ᠠ ᠶᠢᠨ 1 ᠤ ᠡᠳᠦᠷ ᠠᠴᠠ ᠡᠬᠢᠯᠡᠨ | ᠬᠡᠷᠡᠭᠵᠢᠭᠦᠯᠦᠨ᠎ᠡ᠃ 2002 ᠣᠨ ᠤ 1 ᠰᠠᠷ᠎ᠠ ᠶᠢᠨ 17 ᠤ ᠡᠳᠦᠷ ᠥᠪᠤᠷ ᠮᠤᠩᠭᠤᠯ ᠤᠨ ᠥᠪᠡᠷᠳᠡᠭᠡᠨ ᠵᠠᠰᠠᠬᠤ | ᠤᠷᠤᠨ ᠤ ᠶᠢᠰᠦᠳᠦᠭᠡᠷ ᠬᠤᠭᠤᠴᠠᠭᠠᠨ ᠤ ᠠᠷᠠᠳ ᠤᠨ ᠲᠥᠯᠤᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ | ᠶᠢᠨ ᠬᠤᠷᠢᠨ ᠨᠠᠢᠮᠠᠳᠤᠭᠠᠷ ᠬᠤᠷᠠᠯ ᠠᠴᠠ ᠪᠠᠲᠤᠯᠠᠭᠰᠠᠨ ︽ᠥᠪᠤᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ︿ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠨᠧᠷᠭᠢ ᠠᠷᠪᠢᠯᠠᠬᠤ ᠬᠠᠤᠯᠢ﹀ ᠶᠢ ᠬᠡᠷᠡᠭᠵᠢᠭᠦᠯᠬᠦ ᠠᠷᠭ᠎ᠠ︾ | ᠬᠠᠮᠲᠤ ᠳᠤᠨᠢ ᠬᠦᠴᠦᠨ ᠦᠭᠡᠢ ᠪᠣᠯᠣᠨ᠎ᠠ᠃ | |