| ᠴᠠᠭᠠᠨ ᠢᠳᠡᠭᠡᠨ ᠤ ᠦᠢᠯᠡᠰ ᠢ ᠴᠡᠭᠴᠡᠯᠡᠬᠦ ᠪᠠ | ᠮᠠᠨᠳᠤᠭᠤᠯᠬᠤ ᠳᠦᠯᠦᠪᠵᠢᠭᠦᠯᠭᠡ ᠶᠢᠨ ᠭᠦᠳᠤᠯᠪᠤᠷᠢ ︵ᠬᠤᠶᠠᠷ︶ | | ᠭᠤᠷᠪᠠ᠂ ᠡᠭᠦᠷᠭᠡ ᠪᠤᠯᠤᠨ ᠠᠷᠭ᠎ᠠ ᠭᠡᠮᠵᠢᠶ᠎ᠠ | ︵ᠨᠢᠭᠡ︶ ᠴᠢᠨᠠᠷ ᠴᠢᠨᠰᠠᠭ᠎ᠠ ᠶᠢᠨ ᠬᠢᠨᠠᠯᠳᠠ ᠬᠠᠮᠢᠶᠠᠷᠤᠯᠳᠠ ᠶᠢ ᠪᠦᠬᠦ ᠳᠠᠯ᠎ᠠ ᠪᠠᠷ ᠴᠢᠩᠭᠠᠳᠬᠠᠨ᠎ᠠ᠃ | 1᠂ ᠴᠢᠨᠠᠷ ᠴᠢᠨᠰᠠᠭ᠎ᠠ ᠶᠢᠨ ᠪᠠᠷᠢᠮᠵᠢᠶ᠎ᠠ ᠶᠢᠨ ᠰᠢᠰᠲ᠋ᠧᠮ ᠢ ᠳᠡᠭᠦᠯᠳᠡᠷᠵᠢᠭᠦᠯᠤᠨᠠ᠃ ᠡᠷᠡᠭᠦᠯ ᠬᠠᠮᠠᠭᠠᠯᠠᠯ ᠤᠨ ᠶᠠᠮᠤᠨ | ᠳᠤᠯᠤᠭᠠᠢᠢᠯᠠᠨ ᠵᠤᠬᠢᠶᠠᠨ ᠪᠠᠶᠢᠭᠤᠯᠵᠤ ᠪᠠᠶᠢᠭᠠᠳ ᠴᠠᠭᠠᠨ ᠢᠳᠡᠭᠡᠨ ᠤ ᠴᠢᠨᠠᠷ ᠴᠢᠨᠰᠠᠭ᠎ᠠ ᠶᠢᠨ ᠠᠮᠤᠷ ᠳᠦᠪᠰᠢᠨ ᠤ ᠳᠤᠬᠠᠢ | ᠪᠠᠷᠢᠮᠵᠢᠶ᠎ᠠ ᠳᠤ ᠵᠠᠰᠠᠪᠤᠷᠢ ᠤᠷᠤᠭᠤᠯᠬᠤ ᠠᠵᠢᠯ ᠢ ᠱᠠᠯᠠᠪᠳᠠᠨ ᠬᠢᠬᠦ ᠭᠡᠷᠡᠭᠳᠠᠢ︔ ᠬᠦᠳᠡᠭᠡ ᠠᠵᠤ ᠠᠬᠤᠢ ᠶᠢᠨ ᠶᠠᠮᠤᠨ | ᠳᠤᠯᠤᠭᠠᠢᠢᠯᠠᠵᠤ᠂ ᠳᠡᠵᠢᠭᠡᠯ ᠪᠤᠷᠳᠤᠭ᠎ᠠ ᠳᠠᠬᠢ ᠭᠤᠷᠪᠠᠨ ᠪᠦᠭᠡᠮᠨᠡᠷᠡᠯᠳᠤ ᠼᠢᠶᠠᠨᠲᠦ ᠠᠮᠢᠨ ᠵᠢᠴᠢ ᠪᠤᠰᠤᠳ ᠬᠤᠤᠷᠠᠳᠤ ᠡᠳ᠋ ᠢ | ᠬᠢᠵᠠᠭᠠᠷᠯᠠᠬᠤ ᠭᠡᠮᠵᠢᠶ᠎ᠠ ᠶᠢᠨ ᠲᠤᠬᠠᠢ ᠰᠢᠯᠭᠠᠨ ᠪᠠᠶᠢᠴᠠᠭᠠᠬᠤ ᠭᠡᠮᠵᠢᠶ᠎ᠠ ᠶᠢᠨ ᠪᠠᠷᠢᠮᠵᠢᠶ᠎ᠠ ᠶᠢ ᠳᠦᠷᠭᠡᠨ ᠳᠤᠭᠳᠠᠭᠠᠠᠨᠠ᠃ | ᠳᠡᠭᠡᠷᠡᠬᠢ ᠪᠠᠷᠢᠮᠵᠢᠶ᠎ᠠ ᠳᠤ ᠵᠠᠰᠠᠪᠤᠷᠢ ᠤᠷᠤᠭᠤᠯᠬᠤ ︵ᠳᠤᠭᠳᠠᠭᠠᠬᠤ︶ ᠠᠵᠢᠯ ᠢ ᠨᠢᠭᠡ ᠵᠢᠯ ᠤᠨ ᠳᠤᠳᠤᠷ᠎ᠠ ᠪᠠᠶᠡᠯᠡᠭᠦᠯᠵᠤ᠂ | ᠤᠯᠤᠰ ᠤᠨ ᠠᠯᠪᠠᠳᠠᠯᠭ᠎ᠠ ᠪᠠᠷ ᠭᠦᠢᠴᠡᠳᠭᠡᠬᠦ ᠪᠠᠷᠢᠮᠵᠢᠶ᠎ᠠ ᠪᠤᠯᠭᠠᠨ ᠭᠡᠷᠡᠭᠵᠢᠭᠦᠯᠤᠨ᠎ᠠ᠃ ᠰᠢᠨ᠎ᠠ ᠪᠠᠷᠢᠮᠵᠢᠶ᠎ᠠ ᠶᠢ ᠨᠠᠶᠢᠳᠡᠯᠡᠬᠦ | ᠠᠴᠠ ᠡᠮᠤᠨ᠎ᠠ᠂ ᠴᠠᠭᠠᠨ ᠢᠳᠡᠭᠡᠨ ᠤ ᠦᠢᠯᠡᠳᠪᠤᠷᠢᠯᠡᠯ ᠡᠵᠡᠩᠨᠡᠯᠳᠠ ᠶᠢᠨ ᠨᠢᠭᠡᠴᠠ ᠨᠦᠭᠦᠳ ᠤᠳᠤᠬᠠᠨ ᠤ ᠤᠯᠤᠰ ᠤᠨ | ᠪᠠᠷᠢᠮᠵᠢᠶ᠎ᠠ ᠶᠢ ᠭᠡᠷᠡᠭᠵᠢᠭᠦᠯᠬᠦ ᠴᠢᠬᠤᠯᠠᠳᠠᠢ︔ ᠤᠳᠤᠬᠠᠨ ᠳᠤ ᠪᠠᠷᠢᠮᠵᠢᠶ᠎ᠠ ᠦᠭᠡᠢ ᠪᠠᠶᠢᠬᠤ ᠳᠤᠨᠢ ᠤᠯᠤᠰ ᠠᠴᠠ | ᠳᠠᠨᠢᠯᠴᠠᠭᠤᠯᠤᠭᠰᠠᠨ ᠤᠯᠠᠨ ᠤᠯᠤᠰ ᠤᠨ ᠢᠳᠡᠭᠡᠨ ᠤ ᠬᠠᠦᠯᠢ ᠴᠠᠭᠠᠵᠠ ᠶᠢᠨ ᠵᠦᠪᠯᠠᠯ ︵CAC︶᠂ ᠤᠯᠠᠨ ᠤᠯᠤᠰ ᠤᠨ | ᠴᠠᠭᠠᠨ ᠢᠳᠡᠭᠡᠨ ᠤ ᠦᠢᠯᠡᠰ ᠤᠨ ᠬᠤᠯᠪᠤᠭ᠎ᠠ ︵I DF︶ ᠵᠡᠷᠭᠡ ᠤᠯᠠᠨ ᠤᠯᠤᠰ ᠤᠨ ᠵᠤᠬᠢᠶᠠᠨ ᠪᠠᠶᠢᠭᠤᠯᠤᠯᠳᠠ ᠶᠢᠨ | ᠪᠠᠷᠢᠮᠵᠢᠶ᠎ᠠ ᠶᠢ ᠭᠡᠷᠡᠭᠵᠢᠭᠦᠯᠬᠦ ᠴᠢᠬᠤᠯᠠᠳᠠᠢ᠃ | 2᠂ ᠬᠢᠨᠠᠨ ᠭᠡᠮᠵᠢᠬᠦ ᠴᠢᠳᠠᠪᠤᠷᠢ ᠶᠢᠨ ᠪᠠᠶᠢᠭᠤᠯᠤᠯᠳᠠ ᠶᠢ ᠴᠢᠩᠭᠠᠳᠬᠠᠨ᠎ᠠ᠃ | ︵1 ︶ ᠤᠳᠤᠬᠠᠨ ᠤ ᠬᠢᠨᠠᠨ ᠭᠡᠮᠵᠢᠬᠦ ᠠᠵᠢᠯ ᠳᠤ ᠳᠤᠯᠭᠠᠷᠠᠭᠰᠠᠨ ᠳᠤᠪᠤᠶᠢᠮ᠎ᠠ ᠵᠦᠷᠢᠴᠠᠯ ᠢ ᠳᠦᠷᠭᠡᠨ | ᠰᠢᠢᠳᠪᠦᠷᠢᠯᠡᠬᠦ ᠭᠡᠷᠡᠭᠳᠠᠢ᠃ ᠨᠢᠭᠡ ᠳᠤ᠂ ᠠᠵᠢᠯ ᠳᠦᠷᠦᠯ ᠰᠤᠨᠳᠠᠯᠠᠨ ᠭᠠᠵᠠᠷ ᠤᠷᠤᠨ ᠰᠤᠨᠳᠠᠯᠠᠨ ᠦᠨᠳᠤᠷ ᠦᠷ᠎ᠠ | ᠪᠦᠳᠦᠮᠵᠢᠲᠦ ᠰᠢᠩᠭᠡᠨ ᠤ ᠦᠩᠭᠡ ᠶᠢ ᠵᠢᠭᠰᠠᠭᠠᠬᠤ ᠭᠡᠮᠵᠢᠭᠦᠷᠯᠢᠭ ᠵᠡᠷᠭᠡ ᠶᠢᠨ ᠰᠢᠯᠭᠠᠨ ᠭᠡᠮᠵᠢᠬᠦ ᠭᠡᠮᠵᠢᠭᠦᠷᠯᠢᠭ | ᠳᠦᠭᠦᠭᠡᠷᠤᠮᠵᠢ ᠶᠢ ᠲᠤᠬᠢᠷᠡᠭᠤᠯᠤᠨ ᠨᠡᠶᠢᠳᠭᠡᠵᠤ᠂ ᠨᠢᠭᠡᠳᠤᠭᠡᠷ ᠹᠷᠤᠨᠲ ᠤᠨ ᠠᠵᠢᠯ ᠤᠨ ᠭᠡᠷᠡᠭᠴᠡᠭᠡ ᠶᠢ ᠬᠠᠩᠭᠠᠬᠤ ᠭᠡᠷᠡᠭᠳᠠᠢ︔ | ᠬᠤᠶᠠᠷ ᠲᠤ᠂ ᠰᠢᠨᠵᠢᠯᠡᠬᠦ ᠤᠬᠠᠭᠠᠨ ᠮᠡᠷᠭᠡᠵᠢᠯ᠂ ᠠᠵᠤ ᠦᠢᠯᠡᠳᠪᠤᠷᠢ ᠪᠠ ᠮᠡᠳᠡᠭᠡ ᠵᠠᠩᠬᠢ ᠵᠠᠷᠭᠡ ᠰᠠᠯᠠᠭ᠎ᠠ ᠮᠦᠴᠢᠷ | ᠭᠡᠷᠡᠭᠴᠡᠭᠡ ᠪᠦᠬᠦᠢ ᠭᠡᠮᠵᠢᠭᠦᠷᠯᠢᠭ ᠳᠦᠭᠦᠭᠡᠷᠤᠮᠵᠢ ᠶᠢ ᠤᠯᠤᠰ ᠤᠨ ᠳᠤᠳᠤᠭᠠᠳᠤ ᠳᠠᠭᠠᠨ ᠰᠤᠳᠤᠯᠤᠨ ᠦᠢᠯᠡᠳᠬᠦ ᠪᠠ ᠨᠡᠭᠡᠭᠡᠨ | ᠠᠰᠢᠭᠯᠠᠬᠤ ᠠᠵᠢᠯ ᠢ ᠳᠦᠷᠭᠡᠨ ᠵᠤᠬᠢᠶᠠᠨ ᠪᠠᠶᠢᠭᠤᠯᠵᠤ ᠦᠷᠨᠢᠭᠦᠯᠤᠨ᠎ᠠ︔ ᠭᠤᠷᠪᠠ ᠳᠤ᠂ ᠤᠷᠬᠢᠯ ᠤᠨ ᠬᠤᠭᠤᠴᠠᠭ᠎ᠠ ᠠᠴᠠ | ᠵᠠᠶᠢᠯᠠᠰᠬᠢᠨ ᠰᠢᠯᠭᠠᠨ ᠪᠠᠶᠢᠴᠠᠭᠠᠬᠤ ᠠᠷᠭ᠎ᠠ ᠶᠢ ᠳ᠋ᠦᠩᠨᠠᠨ ᠳᠡᠯᠭᠡᠷᠡᠭᠦᠯᠵᠤ᠂ ᠦᠨᠢᠶ᠎ᠠ ᠰᠠᠭᠠᠬᠤ᠂ ᠳᠡᠭᠡᠭᠡᠪᠤᠷᠢᠯᠡᠬᠦ᠂ | ᠦᠢᠯᠡᠳᠪᠤᠷᠢ ᠳᠤ ᠤᠷᠤᠬᠤ ᠵᠡᠷᠭᠡ ᠠᠵᠢᠯ ᠤᠨ ᠪᠦᠬᠦ ᠶᠠᠪᠤᠴᠠ ᠶᠢ ᠬᠢᠨᠠᠨ ᠡᠵᠡᠮᠳᠠᠬᠦ ᠠᠵᠢᠯ ᠢ ᠭᠦᠢᠴᠡᠳᠭᠡᠨ᠎ᠠ᠂ | ᠪᠢᠳᠡᠭᠦᠮᠵᠢᠯᠡᠨ ᠳᠡᠭᠡᠭᠡᠪᠤᠷᠢᠯᠡᠭᠰᠡᠨ ᠳᠦᠭᠦᠭᠡᠢ ᠰᠦ ᠶᠢ ᠦᠢᠯᠡᠳᠪᠤᠷᠢ ᠳᠤ ᠤᠷᠤᠭᠤᠯᠤᠭᠰᠠᠨ ᠤ ᠳᠠᠷᠠᠭ᠎ᠠ ᠦᠯᠢᠭᠡᠷ ᠦᠯᠡᠳᠡᠭᠡᠨ | ᠰᠢᠯᠭᠠᠨ ᠪᠠᠶᠢᠴᠠᠭᠠᠵᠤ᠂ ᠳᠦᠭᠦᠭᠡᠢ ᠰᠦ ᠶᠢᠨ ᠳᠠᠷᠤᠢ ᠳᠦᠷᠭᠡᠨ ᠪᠤᠷᠤᠯᠠᠭᠤᠯᠬᠤ ᠪᠠ ᠴᠢᠨᠠᠷ ᠴᠢᠨᠰᠠᠭ᠎ᠠ ᠶᠢᠨ ᠠᠮᠤᠷ | ᠳᠦᠪᠰᠢᠨ ᠪᠠᠶᠢᠬᠤ ᠶᠢ ᠪᠠᠳᠤᠯᠠᠨ᠎ᠠ︔ ᠳᠦᠷᠪᠡ ᠳᠤ᠂ ᠰᠢᠨᠵᠢᠯᠡᠬᠦ ᠤᠬᠠᠭᠠᠨ ᠮᠡᠷᠭᠡᠵᠢᠯ ᠪᠠ ᠴᠢᠨᠠᠷ ᠴᠢᠨᠰᠠᠭ᠎ᠠ ᠶᠢ ᠰᠢᠯᠭᠠᠨ | ᠪᠠᠶᠢᠴᠠᠭᠠᠬᠤ ᠰᠠᠯᠠᠭ᠎ᠠ ᠮᠦᠴᠢᠷ ᠳᠤᠯᠤᠭᠠᠢᠢᠯᠠᠨ ᠴᠠᠭᠠᠨ ᠢᠳᠡᠭᠡᠨ ᠳᠠᠬᠢ ᠭᠤᠷᠪᠠᠨ ᠪᠦᠭᠡᠮᠨᠡᠷᠡᠯᠳᠤ ᠼᠢᠶᠠᠨᠲᠦ ᠠᠮᠢᠨ ᠢ | ᠳᠦᠷᠭᠡᠨ ᠰᠢᠯᠭᠠᠨ ᠭᠡᠮᠵᠢᠬᠦ ᠠᠷᠭ᠎ᠠ ᠶᠢᠨ ᠳᠤᠬᠠᠢ ᠰᠤᠳᠤᠯᠭ᠎ᠠ ᠬᠢᠭᠡᠳ ᠨᠤᠳᠠᠯᠠᠯᠳᠠ ᠶᠢᠨ ᠠᠵᠢᠯ ᠢ ᠦᠷᠭᠦᠯᠵᠢᠯᠡᠨ | ᠦᠷᠨᠢᠭᠦᠯᠤᠨ᠎ᠠ᠃ | ︵2 ︶ ᠴᠢᠨᠠᠷ ᠴᠢᠨᠰᠠᠭ᠎ᠠ ᠶᠢ ᠰᠢᠯᠭᠠᠨ ᠪᠠᠶᠢᠴᠠᠭᠠᠬᠤ᠂ ᠳᠡᠷᠢᠶᠠᠯᠠᠩ ᠵᠡᠷᠭᠡ ᠰᠢᠰᠲ᠋ᠧᠮ ᠤᠨ ᠰᠢᠯᠭᠠᠨ ᠭᠡᠮᠵᠢᠬᠦ | ᠴᠢᠳᠠᠪᠤᠷᠢ ᠶᠢᠨ ᠪᠠᠶᠢᠭᠤᠯᠤᠯᠳᠠ ᠶᠢ ᠳᠦᠷᠭᠡᠳᠭᠡᠨ᠎ᠠ᠃ ᠡᠯ᠎ᠠ ᠱᠠᠳᠤᠨ ᠤ ᠵᠠᠰᠠᠭ ᠤᠨ ᠤᠷᠳᠤᠨ ᠰᠢᠨ᠎ᠠ ᠪᠠᠶᠢᠳᠠᠯ ᠵᠢᠴᠢ | ᠢᠷᠡᠭᠡᠳᠤᠢ ᠶᠢᠨ ᠭᠡᠷᠡᠭᠴᠡᠭᠡ ᠶᠢ ᠦᠨᠳᠤᠰᠤᠯᠠᠨ᠂ ᠪᠠᠯᠠ ᠤᠷᠤᠭᠤᠯᠤᠯᠳᠠ ᠪᠠᠨ ᠴᠢᠨᠠᠭᠰᠢᠳᠠ ᠨᠡᠮᠡᠭᠳᠡᠭᠦᠯᠵᠤ᠂ ᠴᠢᠨᠠᠷ | ᠴᠢᠨᠰᠠᠭ᠎ᠠ ᠶᠢ ᠰᠢᠯᠭᠠᠨ ᠪᠠᠶᠢᠴᠠᠭᠠᠬᠤ᠂ ᠳᠠᠷᠢᠶᠠᠯᠠᠩ ᠵᠠᠷᠭᠡ ᠰᠢᠰᠲ᠋ᠧᠮ ᠳᠤ ᠴᠢᠬᠤᠯᠠ ᠪᠦᠭᠦᠢ ᠭᠡᠮᠵᠢᠭᠦᠷᠯᠢᠭ ᠳᠦᠭᠦᠭᠡᠷᠤᠮᠵᠢ | ᠬᠤᠳᠠᠯᠳᠤᠨ ᠠᠪᠴᠤ ᠦᠭᠭᠦ ᠠᠵᠢᠯ ᠢ ᠬᠢᠵᠦ᠂ ᠰᠢᠯᠭᠠᠨ ᠪᠠᠶᠢᠴᠠᠭᠠᠬᠤ ᠨᠦᠭᠦᠴᠠᠯ ᠢ ᠨᠢ ᠰᠠᠶᠢᠵᠢᠷᠠᠭᠤᠯᠤᠨ᠎ᠠ︔ ᠦᠨᠳᠤᠰᠤᠨ | ᠱᠠᠳᠤᠨ ᠤ ᠰᠢᠯᠭᠠᠨ ᠭᠡᠮᠵᠢᠬᠦ ᠴᠢᠳᠠᠪᠤᠷᠢ ᠶᠢᠨ ᠪᠠᠶᠢᠭᠤᠯᠤᠯᠳᠠ ᠶᠢ ᠭᠤᠤᠯᠳᠠᠯᠭ᠎ᠠ ᠲᠠᠢ ᠴᠢᠩᠭᠠᠳᠬᠠᠵᠤ᠂ ᠭᠡᠪ ᠤᠨ ᠰᠢᠯᠭᠠᠨ | ᠭᠡᠮᠵᠢᠬᠦ ᠭᠡᠷᠡᠭᠴᠡᠭᠡ ᠶᠢ ᠬᠠᠩᠭᠠᠨ᠎ᠠ᠃ ᠴᠢᠨᠠᠷ ᠴᠢᠨᠰᠠᠭ᠎ᠠ ᠶᠢ ᠰᠢᠯᠭᠠᠨ ᠪᠠᠶᠢᠴᠠᠭᠠᠬᠤ᠂ ᠡᠷᠡᠭᠦᠯ ᠬᠠᠮᠠᠭᠠᠯᠠᠯ᠂ ᠳᠡᠷᠢᠶᠠᠯᠠᠩ᠂ | ᠢᠳᠡᠭᠡᠨ ᠪᠠ ᠡᠮ ᠤᠨ ᠵᠦᠢᠯᠡᠰ ᠢ ᠬᠢᠨᠠᠨ ᠬᠠᠮᠢᠶᠠᠷᠬᠤ ᠵᠡᠷᠭᠡ ᠰᠠᠯᠠᠭ᠎ᠠ ᠮᠦᠴᠢᠷ ᠬᠠᠮᠵᠢᠯᠴᠠᠭ᠎ᠠ ᠪᠠᠨ ᠴᠢᠩᠭᠠᠳᠬᠠᠨ ᠡᠬᠢ | ᠪᠠᠶᠠᠯᠢᠭ ᠢ ᠪᠦᠬᠦᠳᠡᠭᠡᠷ ᠢᠶᠠᠨ ᠠᠰᠢᠭᠯᠠᠬᠤ ᠭᠡᠷᠡᠭᠳᠠᠢ᠃ | ︵3 ︶ ᠰᠦᠢᠳᠭᠡᠯ ᠬᠤᠷᠢᠶᠠᠬᠤ ᠠᠷᠭ᠎ᠠ ᠶᠢ ᠳᠤᠳᠤᠷᠬᠠᠢ ᠪᠤᠯᠭᠠᠨ᠎ᠠ᠃ ᠦᠢᠯᠡᠳᠪᠤᠷᠢᠯᠡᠬᠦ ᠠᠵᠤ ᠠᠬᠤᠢᠢᠯᠠᠯ ᠪᠠ | ᠰᠦ ᠶᠢᠨ ᠦᠷᠳᠡᠭᠡ ᠨᠢ ᠦᠨᠢᠶ᠎ᠠ ᠠᠷᠠᠴᠢᠯᠠᠭᠴᠢᠳ ᠤᠨ ᠪᠤᠷᠤᠯᠠᠭᠤᠯᠵᠤ ᠪᠠᠶᠢᠭ᠎ᠠ ᠳᠦᠭᠦᠭᠡᠢ ᠰᠦ ᠶᠢ ᠰᠢᠯᠭᠠᠨ ᠭᠡᠮᠵᠢᠬᠦ ᠳᠡᠭᠡᠨ | ᠰᠦᠢᠳᠭᠡᠯ ᠬᠤᠷᠢᠶᠠᠵᠤ ᠪᠤᠯᠬᠤ ᠦᠭᠡᠢ᠃ ᠴᠢᠨᠠᠷ ᠴᠢᠨᠰᠠᠭ᠎ᠠ ᠶᠢ ᠰᠢᠯᠭᠠᠨ ᠪᠠᠶᠢᠴᠠᠭᠠᠬᠤ ᠰᠠᠯᠠᠭ᠎ᠠ ᠮᠦᠴᠢᠷ᠂ | ᠳᠡᠷᠢᠶᠠᠯᠠᠩ ᠤᠨ ᠰᠠᠯᠠᠭ᠎ᠠ ᠮᠦᠴᠢᠷ ᠦᠪᠠᠷ ᠦᠪᠠᠷ ᠤᠨ ᠡᠷᠭᠡ ᠳᠤᠰᠢᠶᠠᠯ ᠢᠶᠠᠷ ᠢᠶᠠᠨ ᠴᠠᠭᠠᠨ ᠢᠳᠡᠭᠡᠨ ᠦᠢᠯᠡᠳᠪᠤᠷᠢᠯᠡᠬᠦ | ᠠᠵᠤ ᠠᠬᠤᠢᠢᠯᠠᠯ ᠪᠠ ᠰᠦ ᠶᠢᠨ ᠦᠷᠳᠡᠭᠡᠨ ᠳᠤ ᠬᠠᠦᠯᠢ ᠶᠤᠰᠤᠭᠠᠷ ᠭᠤᠷᠪᠠᠨ ᠪᠦᠭᠡᠮᠨᠡᠷᠡᠯᠳᠤ ᠼᠢᠶᠠᠨᠲᠦ ᠠᠮᠢᠨ ᠵᠢᠴᠢ | ᠪᠤᠰᠤᠳ ᠬᠤᠤᠷᠠᠳᠤ ᠡᠳ᠋ ᠤᠨ ᠲᠤᠬᠠᠢ ᠰᠤᠭᠤᠴᠢᠨ ᠪᠠᠶᠢᠴᠠᠭᠠᠬᠤ ᠪᠤᠶᠤ ᠰᠢᠯᠭᠠᠨ ᠭᠡᠮᠵᠢᠬᠦ ᠠᠵᠢᠯ ᠢ ᠬᠢᠬᠦ ᠳᠤ ᠭᠡᠷᠡᠭᠰᠡᠬᠦ | ᠵᠠᠷᠤᠳᠠᠯ ᠢ ᠨᠢ ᠠᠳᠠᠯᠢ ᠳᠠᠰ ᠤᠨ ᠡᠳ᠋ ᠤᠨ ᠵᠠᠰᠠᠭ ᠠᠴᠠ ᠪᠠᠳᠤᠯᠠᠵᠤ ᠦᠭᠭᠦᠨ᠎ᠠ᠂ ᠰᠢᠯᠭᠠᠭᠳᠠᠨ ᠪᠠᠶᠢᠴᠠᠭᠠᠭᠳᠠᠬᠤ ᠨᠢᠭᠡᠴᠠ | ᠠᠴᠠ ᠰᠦᠢᠳᠭᠡᠯ ᠬᠤᠷᠢᠶᠠᠵᠤ ᠪᠤᠯᠬᠤ ᠦᠭᠡᠢ᠃ ᠠᠵᠤ ᠠᠬᠤᠢᠢᠯᠠᠯ ᠤᠨ ᠨᠠᠶᠢᠳᠠᠭᠰᠠᠨ ᠰᠢᠯᠭᠠᠨ ᠪᠠᠶᠢᠴᠠᠭᠠᠬᠤ | ᠪᠠᠶᠢᠭᠤᠯᠤᠮᠵᠢ ᠶᠢᠨ ᠰᠢᠯᠭᠠᠨ ᠭᠡᠮᠵᠢᠬᠦ ᠳᠤ ᠭᠡᠷᠡᠭᠰᠡᠬᠦ ᠵᠠᠷᠤᠳᠠᠯ ᠤᠨ ᠳᠤᠬᠠᠢ ᠳᠤᠭᠳᠠᠭᠠᠯ ᠢ ᠮᠤᠵᠢ ᠶᠢᠨ ᠳᠠᠰ ᠤᠨ ᠦᠨ᠎ᠠ | ᠬᠠᠩᠰᠢ ᠶᠢ ᠭᠤᠤᠯ ᠬᠠᠮᠢᠶᠠᠷᠬᠤ ᠰᠠᠯᠠᠭ᠎ᠠ ᠮᠦᠴᠢᠷ ᠠᠴᠠ ᠳᠤᠯᠤᠭᠠᠢᠢᠯᠠᠨ ᠳᠤᠭᠳᠠᠭᠠᠨ᠎ᠠ᠃ | 3᠂ ᠴᠢᠨᠠᠷ ᠴᠢᠨᠰᠠᠭ᠎ᠠ ᠶᠢᠨ ᠬᠠᠮᠢᠶᠠᠷᠤᠯᠳᠠ ᠶᠢᠨ ᠳᠦᠷᠢᠮ ᠢ ᠳᠡᠭᠦᠯᠳᠡᠷᠵᠢᠭᠦᠯᠤᠨᠠ᠃ | ︵1︶ ᠴᠠᠭᠠᠨ ᠢᠳᠡᠭᠡᠨ ᠤ ᠲᠤᠬᠠᠢ ᠰᠢᠯᠭᠠᠨ ᠪᠠᠶᠢᠴᠠᠭᠠᠬᠤ ᠳᠦᠷᠢᠮ ᠢ ᠳᠡᠭᠦᠯᠳᠡᠷᠵᠢᠭᠦᠯᠤᠨᠠ᠃ ᠴᠢᠨᠠᠷ ᠴᠢᠨᠰᠠᠭ᠎ᠠ | ᠶᠢᠨ ᠰᠢᠯᠭᠠᠨ ᠪᠠᠶᠢᠴᠠᠭᠠᠬᠤ ᠰᠠᠯᠠᠭ᠎ᠠ ᠮᠦᠴᠢᠷ ᠴᠠᠭᠠᠨ ᠢᠳᠡᠭᠡᠨ ᠤ ᠴᠢᠨᠠᠷ ᠴᠢᠨᠰᠠᠭ᠎ᠠ ᠶᠢᠨ ᠠᠮᠤᠷ ᠳᠦᠪᠰᠢᠨ ᠤ ᠲᠤᠬᠠᠢ | ᠬᠢᠨᠠᠯᠳᠠ ᠬᠠᠮᠢᠶᠠᠷᠤᠯᠳᠠ ᠪᠠᠨ ᠴᠢᠩᠭᠠᠳᠬᠠᠵᠤ᠂ ᠴᠠᠭᠠᠨ ᠢᠳᠡᠭᠡᠨ ᠦᠢᠯᠡᠳᠪᠤᠷᠢᠯᠡᠬᠦ ᠠᠵᠤ ᠠᠬᠤᠢᠢᠯᠠᠯ ᠤᠨ ᠳᠦᠭᠦᠭᠡᠢ | ᠮᠠᠲ᠋ᠧᠷᠢᠶᠠᠯ ᠤᠷᠤᠭᠤᠯᠬᠤ ᠪᠠ ᠦᠢᠯᠡᠳᠪᠤᠷᠢ ᠠᠴᠠ ᠪᠦᠳᠦᠭᠡᠭᠳᠡᠬᠦᠨ ᠢᠶᠠᠨ ᠭᠠᠷᠭᠠᠬᠤ ᠳᠠᠭᠠᠨ ᠪᠦᠯᠦᠭ ᠪᠦᠷᠢ ᠶᠢ ᠴᠦᠮ | ᠰᠢᠯᠭᠠᠨ ᠪᠠᠶᠢᠴᠠᠭᠠᠬᠤ ᠶᠠᠪᠤᠳᠠᠯ ᠳᠤᠨᠢ ᠬᠢᠨᠠᠯᠳᠠ ᠳᠡᠯᠪᠢᠨ᠎ᠠ᠂ ᠭᠤᠷᠪᠠᠨ ᠪᠦᠭᠡᠮᠨᠡᠷᠡᠯᠳᠤ ᠼᠢᠶᠠᠨᠲᠦ ᠠᠮᠢᠨ ᠵᠢᠴᠢ ᠪᠤᠰᠤᠳ | ᠬᠤᠤᠷᠠᠳᠤ ᠡᠳ᠋ ᠢ ᠠᠭᠤᠯᠤᠭᠰᠠᠨ ᠪᠦᠳᠦᠭᠡᠭᠳᠡᠬᠦᠨ ᠢ ᠰᠢᠯᠭᠠᠵᠦ ᠢᠯᠡᠷᠡᠭᠦᠯᠪᠠᠯ᠂ ᠲᠡᠷᠡ ᠪᠦᠳᠦᠭᠡᠭᠳᠡᠬᠦᠨ ᠢ ᠳᠠᠷᠦ᠋ᠢᠬᠠᠨ | ᠪᠤᠴᠠᠭᠠᠯᠭᠠᠨ ᠠᠪᠠᠴᠢᠷᠠᠭᠤᠯᠬᠤ᠂ ᠪᠢᠳᠡᠭᠦᠮᠵᠢᠯᠡᠨ ᠬᠠᠳᠠᠭᠠᠯᠠᠭᠤᠯᠬᠤ᠂ ᠤᠰᠠᠳᠬᠠᠵᠤ ᠰᠢᠢᠳᠪᠦᠷᠢᠯᠡᠭᠦᠯᠬᠦ ᠪᠠᠷ ᠵᠠᠷᠯᠢᠭᠳᠠᠨ᠎ᠠ᠃ | | ︵2 ︶ ᠪᠦᠳᠦᠭᠡᠭᠳᠡᠭᠦᠨ ᠤ ᠴᠢᠨᠠᠷ ᠴᠢᠨᠰᠠᠭ᠎ᠠ ᠶᠢᠨ ᠲᠤᠬᠠᠢ ᠨᠡᠭᠡᠮᠵᠢᠯᠡᠵᠤ ᠪᠤᠯᠬᠤᠢᠢᠴᠠ ᠳᠦᠷᠢᠮ ᠢ ᠲᠤᠭᠳᠠᠭᠠᠨ᠎ᠠ᠃ | ᠳᠡᠵᠢᠭᠡᠯ ᠪᠤᠷᠳᠤᠭ᠎ᠠ ᠬᠠᠩᠭᠠᠬᠤ ᠠᠴᠠ ᠴᠠᠭᠠᠨ ᠢᠳᠡᠭᠡᠨ ᠦᠢᠯᠡᠳᠪᠤᠷᠢᠯᠡᠬᠦ᠂ ᠬᠤᠳᠠᠯᠳᠤᠨ ᠠᠪᠬᠤ᠂ ᠡᠳ᠋ᠰᠢᠬᠦᠯᠬᠦ᠂ | ᠪᠤᠷᠤᠯᠠᠭᠤᠯᠬᠤ ᠵᠡᠷᠭᠡ ᠡᠯ᠎ᠠ ᠠᠵᠢᠯ ᠤᠨ ᠲᠤᠬᠠᠢ ᠴᠦᠮ ᠳᠡᠩᠰᠠ ᠬᠠᠷ᠎ᠠ ᠲᠠᠢ ᠪᠠᠶᠢᠬᠤ ᠳᠦᠷᠢᠮ ᠢ ᠲᠤᠭᠳᠠᠭᠠᠬᠤ ᠭᠡᠷᠡᠭᠳᠠᠢ᠂ | ᠪᠦᠳᠦᠭᠡᠭᠳᠡᠭᠦᠨ ᠤ ᠢᠷᠠᠯᠳᠠ᠂ ᠳᠤᠭ᠎ᠠ ᠭᠡᠮᠵᠢᠶ᠎ᠠ᠂ ᠴᠢᠨᠠᠷ ᠴᠢᠨᠰᠠᠭ᠎ᠠ᠂ ᠪᠦᠯᠦᠭ ᠤᠨ ᠳ᠋ᠤᠭᠠᠷᠯᠠᠯ᠂ ᠡᠳᠤᠷ ᠰᠠᠷ᠎ᠠ ᠵᠠᠷᠭᠡ | ᠬᠠᠮᠢᠶ᠎ᠠ ᠪᠦᠭᠦᠢ ᠮᠡᠳᠡᠭᠡ ᠵᠠᠩᠬᠢ ᠶᠢ ᠦᠨᠠᠨ ᠢᠶᠠᠷ ᠳᠡᠮᠳᠡᠭᠯᠡᠵᠤ ᠳᠡᠯᠪᠢᠨ᠎ᠠ᠃ ᠴᠢᠨᠠᠷ ᠴᠢᠨᠰᠠᠭ᠎ᠠ ᠶᠢ ᠰᠢᠯᠭᠠᠨ ᠪᠠᠶᠢᠴᠠᠭᠠᠬᠤ | ᠰᠠᠯᠠᠭ᠎ᠠ ᠮᠦᠴᠢᠷ᠂ ᠳᠠᠷᠢᠶᠠᠯᠠᠩ᠂ ᠠᠵᠤ ᠦᠢᠯᠡᠳᠪᠤᠷᠢ ᠪᠠ ᠮᠡᠳᠡᠭᠡ ᠵᠠᠩᠬᠢ᠂ ᠦᠢᠯᠡᠳᠪᠤᠷᠢ ᠬᠤᠳᠠᠯᠳᠤᠭ᠎ᠠ᠂ | ᠬᠤᠳᠠᠯᠳᠤᠭᠠᠨ ᠤ ᠶᠠᠪᠤᠳᠠᠯ ᠵᠡᠷᠭᠡ ᠬᠤᠯᠪᠤᠭᠳᠠᠯ ᠪᠦᠭᠦᠢ ᠰᠠᠯᠠᠭ᠎ᠠ ᠮᠦᠴᠢᠷ ᠡᠭᠦᠷᠭᠡ ᠳᠤᠰᠢᠶᠠᠯ ᠤᠨ ᠬᠤᠪᠢᠶᠠᠷᠢᠯᠠᠯ ᠢᠶᠠᠷ ᠢᠶᠠᠨ | ᠬᠠᠦᠯᠢ ᠶᠤᠰᠤᠭᠠᠷ ᠦᠢᠯᠡᠳᠪᠤᠷᠢᠯᠡᠬᠦ ᠠᠴᠠ ᠪᠤᠷᠤᠯᠠᠭᠤᠯᠬᠤ ᠭᠦᠷᠳᠡᠯᠡᠬᠢ ᠪᠦᠬᠦ ᠶᠠᠪᠤᠴᠠ ᠳᠠᠬᠢ ᠴᠢᠨᠠᠷ ᠴᠢᠨᠰᠠᠭ᠎ᠠ ᠶᠢᠨ | ᠲᠤᠬᠠᠢ ᠬᠢᠨᠠᠯᠲᠠ ᠬᠠᠮᠢᠶᠠᠷᠤᠯᠳᠠ ᠪᠠᠨ ᠴᠢᠩᠭᠠᠳᠬᠠᠵᠤ᠂ ᠠᠰᠠᠭᠤᠳᠠᠯ ᠢᠯᠡᠷᠡᠭᠰᠡᠨ ᠢ ᠨᠢ ᠠᠳᠠᠯᠢ ᠪᠤᠰᠤ ᠪᠠᠶᠢᠳᠠᠯ ᠳᠤᠨᠢ | ᠦᠨᠳᠤᠰᠤᠯᠠᠨ ᠴᠡᠭᠴᠡᠯᠠᠯᠳᠠ ᠬᠢᠯᠭᠡᠬᠦ᠂ ᠪᠦᠳᠦᠭᠡᠭᠳᠡᠬᠦᠨ ᠢ ᠨᠢ ᠪᠤᠴᠠᠭᠠᠯᠭᠠᠨ ᠠᠪᠴᠢᠷᠠᠭᠤᠯᠬᠤ᠂ ᠬᠤᠳᠠᠯᠳᠤᠬᠤ ᠶᠢ ᠨᠢ | ᠵᠤᠭᠰᠤᠭᠠᠬᠤ ᠵᠠᠷᠭᠡ ᠠᠳᠠᠯᠢ ᠪᠤᠰᠤ ᠰᠢᠢᠳᠪᠤᠷᠢᠯᠡᠬᠦ ᠠᠷᠭ᠎ᠠ ᠭᠡᠮᠵᠢᠶ᠎ᠠ ᠶᠢ ᠠᠪᠤᠭᠤᠯᠬᠤ ᠪᠠᠷ ᠵᠠᠷᠯᠢᠭᠳᠠᠨ᠎ᠠ᠃ | ︵3 ︶ ᠴᠠᠭᠠᠨ ᠢᠳᠡᠭᠡᠨ ᠦᠢᠯᠡᠳᠪᠤᠷᠢᠯᠡᠬᠦ ᠠᠵᠤ ᠠᠬᠤᠢᠢᠯᠠᠯ ᠤᠨ ᠴᠢᠨᠠᠷ ᠴᠢᠨᠰᠠᠭ᠎ᠠ ᠶᠢᠨ ᠲᠤᠬᠠᠢ | ᠬᠠᠮᠢᠶᠠᠷᠤᠯᠲᠠ ᠶᠢᠨ ᠴᠢᠩᠬ᠎ᠠ ᠴᠢᠮᠪᠠᠢ ᠳᠦᠷᠢᠮ ᠢ ᠲᠤᠭᠳᠠᠭᠠᠨ᠎ᠠ᠃ ᠠᠯᠢᠪᠠ ᠴᠠᠭᠠᠨ ᠢᠳᠡᠭᠡᠨ ᠦᠢᠯᠡᠳᠪᠤᠷᠢᠯᠡᠬᠦ ᠠᠵᠤ | ᠠᠬᠤᠢᠢᠯᠠᠯ ᠲᠤᠭᠳᠠᠭᠰᠠᠨ ᠬᠤᠭᠤᠴᠠᠭᠠᠨ ᠲᠤᠳᠤᠷ᠎ᠠ ︽ᠴᠠᠭᠠᠨ ᠢᠳᠡᠭᠡᠨ ᠤ ᠠᠵᠤ ᠠᠬᠤᠢᠢᠯᠠᠯ ᠤᠨ ᠰᠠᠶᠢᠨ ᠰᠠᠶᠢᠬᠠᠨ | ᠦᠢᠯᠡᠳᠪᠤᠷᠢᠯᠡᠯ ᠤᠨ ᠳᠦᠷᠢᠮᠵᠢᠯ︾ ︵DB12693︶ ᠢ ᠭᠡᠷᠡᠭᠵᠢᠭᠦᠯᠬᠦ ᠭᠡᠷᠡᠭᠲᠡᠢ᠂ ᠭᠤᠷᠪᠠᠨ ᠵᠢᠯ ᠳᠤᠳᠤᠷ᠎ᠠ ᠡᠷᠭᠡᠪᠰᠢ | ᠪᠦᠭᠦᠨ ᠢᠶᠠᠷ ᠢᠶᠠᠨ ᠪᠠᠷᠢᠮᠵᠢᠶ᠎ᠠ ᠳᠤ ᠭᠦᠷᠬᠦ ᠭᠡᠷᠡᠭᠳᠠᠢ᠂ ᠪᠠᠷᠢᠮᠵᠢᠶ᠎ᠠ ᠳᠤ ᠭᠦᠷᠬᠦ ᠦᠭᠡᠢ ᠪᠤᠯ ᠦᠢᠯᠡᠳᠪᠤᠷᠢᠯᠠᠯ ᠢ ᠨᠢ | ᠵᠤᠭᠰᠤᠭᠠᠨ ᠴᠡᠭᠴᠡᠯᠠᠯᠳᠠ ᠬᠢᠯᠭᠡᠨ᠎ᠠ᠃ ᠨᠢᠯᠬ᠎ᠠ ᠭᠡᠦᠭᠡᠳ ᠤᠨ ᠰᠦᠨ ᠳᠡᠯᠬᠠ ᠦᠢᠯᠡᠳᠪᠤᠷᠢᠯᠡᠬᠦ ᠠᠵᠤ ᠠᠬᠤᠢᠢᠯᠠᠯ | ᠬᠤᠤᠷ᠎ᠠ ᠭᠦᠨᠦᠭᠡᠯ ᠳᠤ ᠵᠠᠳᠠᠯᠤᠯᠳᠠ ᠬᠢᠵᠦ᠂ ᠵᠠᠩᠬᠢᠯᠠᠭ᠎ᠠ ᠶᠢ ᠡᠵᠡᠮᠳᠡᠬᠦ ᠰᠢᠰᠲ᠋ᠧᠮ ︵HACCP︶ ᠢ ᠭᠡᠷᠡᠭᠯᠡᠪᠠᠯ | ᠵᠤᠬᠢᠨ᠎ᠠ᠂ ᠴᠠᠭᠠᠨ ᠢᠳᠡᠭᠡᠨ ᠦᠢᠯᠡᠳᠪᠤᠷᠢᠯᠡᠬᠦ ᠪᠤᠰᠤᠳ ᠠᠵᠤ ᠠᠬᠤᠢᠢᠯᠠᠯ ᠤᠨ ᠲᠡᠭᠡᠷᠡᠬᠢ ᠵᠦᠢᠯ ᠢ ᠯᠠᠪᠯᠠᠯᠳᠠ ᠪᠤᠯᠭᠠᠨ | ᠭᠡᠷᠡᠭᠯᠡᠬᠦ ᠶᠠᠪᠤᠳᠠᠯ ᠢ ᠴᠤ ᠵᠤᠷᠢᠬᠵᠢᠭᠤᠯᠤᠨ᠎ᠠ᠃ | ︵4 ︶ ᠳᠦᠭᠦᠭᠡᠢ ᠰᠦ ᠶᠢᠨ ᠴᠢᠨᠠᠷ ᠴᠢᠨᠰᠠᠭ᠎ᠠ ᠶᠢ ᠬᠢᠨᠠᠨ ᠬᠠᠮᠢᠶᠠᠷᠬᠤ ᠳᠦᠷᠢᠮ ᠢ ᠲᠤᠭᠳᠠᠭᠠᠨ᠎ᠠ᠃ | ᠳᠠᠷᠢᠶᠠᠯᠠᠩ ᠤᠨ ᠰᠠᠯᠠᠭ᠎ᠠ ᠮᠦᠴᠢᠷ ᠳᠦᠭᠦᠭᠡᠢ ᠰᠦ ᠦᠢᠯᠡᠳᠪᠤᠷᠢᠯᠡᠬᠦ᠂ ᠬᠤᠳᠠᠯᠳᠤᠨ ᠠᠪᠬᠤ ᠵᠡᠷᠭᠡ ᠠᠵᠢᠯ ᠳᠠᠬᠢ ᠴᠢᠨᠠᠷ | ᠴᠢᠨᠰᠠᠭ᠎ᠠ ᠶᠢᠨ ᠠᠮᠤᠷ ᠳᠦᠪᠰᠢᠨ ᠤ ᠲᠤᠬᠠᠢ ᠬᠢᠨᠠᠨ ᠬᠠᠮᠢᠶᠠᠷᠬᠤ ᠠᠵᠢᠯ ᠢᠶᠠᠨ ᠴᠢᠩᠭᠠᠳᠬᠠᠵᠤ᠂ ᠭᠢᠷᠢ ᠳᠡᠩᠴᠡᠭᠰᠡᠨ ᠦᠭᠡᠢ | ᠳᠦᠭᠦᠭᠡᠢ ᠰᠦ ᠶᠢ ᠴᠠᠭ ᠳᠤᠬᠠᠢ ᠳᠤᠨᠢ ᠬᠤᠤᠷ ᠦᠭᠡᠶᠢᠳᠡᠭᠦᠯᠵᠦ ᠰᠢᠢᠳᠪᠤᠷᠢᠯᠡᠬᠦ ᠭᠡᠷᠡᠭᠲᠡᠢ᠃ | ︵5 ︶ ᠳᠡᠵᠢᠭᠡᠯ ᠪᠤᠷᠳᠤᠭ᠎ᠠ ᠪᠤᠯᠤᠨ ᠮᠠᠯ ᠤᠨ ᠡᠮ ᠤᠨ ᠴᠢᠨᠠᠷ ᠴᠢᠨᠰᠠᠭ᠎ᠠ ᠶᠢᠨ ᠠᠮᠤᠷ ᠳᠦᠪᠰᠢᠨ ᠤ ᠲᠤᠬᠠᠢ | ᠬᠢᠨᠠᠨ ᠬᠠᠮᠢᠶᠠᠷᠬᠤ ᠠᠵᠢᠯ ᠢᠶᠠᠨ ᠴᠢᠩᠭᠠᠳᠬᠠᠨ᠎ᠠ᠃ ᠳᠠᠷᠢᠶᠠᠯᠠᠩ ᠤᠨ ᠰᠠᠯᠠᠭ᠎ᠠ ᠮᠦᠴᠢᠷ ᠳᠡᠵᠢᠭᠡᠯ ᠪᠤᠷᠳᠤᠭ᠎ᠠ ᠪᠤᠯᠤᠨ | ᠮᠠᠯ ᠤᠨ ᠡᠮ ᠦᠢᠯᠡᠳᠪᠤᠷᠢᠯᠡᠬᠦ ᠠᠵᠤ ᠠᠬᠤᠢᠢᠯᠠᠯ ᠤᠨ ᠤᠯᠤᠰ ᠤᠨ ᠪᠠᠷᠢᠮᠵᠢᠶ᠎ᠠ ᠪᠠ ᠮᠡᠷᠭᠡᠵᠢᠯ ᠤᠨ ᠳᠦᠷᠢᠮᠵᠢᠯ ᠢ ᠴᠢᠩᠭ᠎ᠠ | ᠭᠡᠷᠡᠭᠵᠢᠭᠦᠯᠵᠦ ᠪᠠᠶᠢᠭ᠎ᠠ ᠲᠠᠯ᠎ᠠ ᠪᠠᠷ ᠬᠢᠨᠠᠯᠳᠠ ᠳᠡᠯᠪᠢᠨ᠂ ᠴᠠᠭᠠᠵᠨ ᠲᠠᠢ ᠡᠮ ᠤᠨ ᠵᠦᠢᠯ ᠪᠠ ᠬᠠᠦᠯᠢ ᠪᠤᠰᠤ ᠨᠡᠮᠡᠯᠳᠠ ᠡᠳ᠋ ᠢ | ᠭᠡᠷᠡᠭᠯᠡᠬᠦ ᠶᠠᠪᠤᠳᠠᠯ ᠢ ᠡᠬᠢ ᠰᠤᠷᠪᠤᠯᠵᠢ ᠠᠴᠠ ᠨᠢ ᠰᠡᠷᠭᠡᠶᠢᠯᠡᠬᠦ ᠭᠡᠷᠡᠭᠳᠡᠢ᠃ ᠤᠯᠤᠰ ᠤᠨ ᠪᠠᠷᠢᠮᠵᠢᠶ᠎ᠠ ᠳᠤ ᠦᠯᠦ ᠨᠠᠶᠢᠴᠡᠬᠦ | ᠳᠡᠵᠢᠭᠡᠯ ᠪᠤᠷᠳᠤᠭ᠎ᠠ ᠪᠠ ᠮᠠᠯ ᠤᠨ ᠡᠮ ᠢ ᠦᠢᠯᠡᠳᠪᠤᠷᠢ ᠠᠴᠠ ᠭᠠᠷᠭᠠᠯᠭᠠᠨ ᠬᠤᠳᠠᠯᠳᠤᠭᠤᠯᠵᠦ ᠪᠤᠯᠬᠤ ᠦᠭᠡᠢ᠃ ᠳᠡᠵᠢᠭᠡᠯ | ᠪᠤᠷᠳᠤᠭ᠎ᠠ ᠪᠠ ᠮᠠᠯ ᠤᠨ ᠡᠮ ᠦᠢᠯᠡᠳᠪᠤᠷᠢᠯᠡᠬᠦ ᠠᠵᠤ ᠠᠬᠤᠢᠢᠯᠠᠯ ᠤᠨ ᠬᠠᠦᠯᠢ ᠳᠦᠷᠢᠮ ᠵᠦᠷᠢᠴᠡᠬᠦ ᠶᠠᠪᠤᠳᠠᠯ ᠳᠤ ᠴᠤᠬᠢᠯᠳᠠ | ᠦᠭᠬᠦ ᠡᠷᠴᠢᠮ ᠢᠶᠠᠨ ᠴᠢᠩᠭᠠᠷᠠᠭᠤᠯᠤᠨ᠂ ᠰᠢᠨᠵᠢ ᠴᠢᠨᠠᠷ ᠨᠢ ᠭᠦᠨᠳᠤ ᠨᠤᠴᠢᠳᠠᠢ ᠪᠠᠶᠢᠬᠤ ᠶᠢ ᠨᠢ ᠬᠠᠦᠯᠢ ᠶᠤᠰᠤ ᠪᠠᠷ | ᠦᠢᠯᠡᠳᠪᠤᠷᠢᠯᠠᠯ ᠢ ᠨᠢ ᠵᠤᠭᠰᠤᠭᠠᠵᠤ ᠴᠡᠭᠴᠡᠯᠠᠯᠳᠠ ᠬᠢᠯᠭᠡᠨ᠎ᠠ᠃ | ︵ᠬᠤᠶᠠᠷ︶ ᠭᠡᠷᠡᠭᠯᠡᠭᠴᠢᠳ ᠤᠨ ᠢᠳᠡᠭᠡᠯ ᠵᠤᠷᠢᠭ ᠢ ᠳᠡᠬᠢᠨ ᠪᠤᠢ ᠪᠤᠯᠭᠠᠨ᠎ᠠ ᠃ | 1᠂ ᠴᠠᠭ ᠳᠤᠬᠠᠢ ᠳᠤᠨᠢ ᠮᠡᠳᠡᠭᠡ ᠵᠠᠩᠬᠢ ᠶᠢ ᠨᠠᠶᠢᠳᠠᠯᠠᠨ᠎ᠠ᠃ ᠶᠠᠰᠤ ᠴᠢᠨᠠᠷ ᠢ ᠰᠢᠯᠭᠠᠨ ᠪᠠᠶᠢᠴᠠᠭᠠᠬᠤ ᠶᠠᠷᠤᠩᠭᠡᠢ | ᠳᠤᠪᠴᠢᠶ᠎ᠠ ᠴᠠᠭ ᠳᠤᠬᠠᠢ ᠳᠤᠨᠢ ᠴᠠᠭᠠᠨ ᠢᠳᠡᠭᠡᠨ ᠳᠠᠬᠢ ᠭᠤᠷᠪᠠᠨ ᠪᠦᠭᠡᠮᠨᠡᠷᠠᠯᠳᠤ ᠼᠢᠶᠠᠨᠲᠤ ᠠᠮᠢᠨ ᠵᠡᠷᠭᠡ ᠬᠤᠤᠷᠠᠳᠤ ᠡᠳ᠋ ᠢ | ᠰᠢᠯᠭᠠᠨ ᠭᠡᠮᠵᠢᠭᠰᠡᠨ ᠮᠡᠳᠡᠭᠡ ᠵᠠᠩᠬᠢ ᠶᠢ ᠨᠠᠶᠢᠳᠠᠯᠠᠨ᠂ ᠭᠡᠷᠡᠭᠯᠡᠭᠴᠢᠳ ᠤᠨ ᠤᠶᠤᠨᠴᠢ ᠪᠠᠷ ᠭᠡᠷᠡᠭᠯᠡᠭᠡ ᠬᠢᠬᠦ ᠶᠢ | ᠵᠢᠯᠤᠭᠤᠳᠤᠨ᠎ᠠ ᠃ ᠪᠤᠷᠤᠯᠠᠭᠤᠯᠤᠭᠴᠢᠳ ᠢᠯᠡᠷᠭᠡᠢ ᠤᠷᠤᠨ ᠪᠠᠶᠢᠷᠢ ᠳᠤ ᠭᠢᠷᠢ ᠳᠡᠩᠴᠡᠭᠰᠡᠨ ᠪᠠ ᠭᠢᠷᠢ ᠳᠡᠩᠴᠡᠭᠰᠡᠨ ᠦᠭᠡᠢ | ᠴᠠᠭᠠᠨ ᠢᠳᠡᠭᠡᠨ ᠤ ᠪᠦᠳᠦᠭᠡᠭᠳᠡᠭᠦᠨ ᠤ ᠳᠦᠷᠦᠯ ᠳᠡᠮᠳᠡᠭ᠂ ᠪᠦᠯᠦᠭ ᠤᠨ ᠳ᠋ᠤᠭᠠᠷᠯᠠᠯ ᠵᠡᠷᠭᠡ ᠮᠡᠳᠡᠭᠡ ᠵᠠᠩᠬᠢ ᠶᠢ ᠨᠠᠶᠢᠳᠡᠯᠡᠬᠦ | ᠭᠡᠷᠡᠭᠳᠠᠢ ᠃ ᠰᠤᠨᠢᠨ ᠮᠡᠳᠡᠭᠡᠨ ᠤ ᠵᠠᠭᠤᠴᠢᠯᠠᠭᠤᠷ ᠴᠠᠭ ᠳᠤᠬᠠᠢ ᠳᠤᠨᠢ᠂ ᠤᠨᠤᠪᠴᠢᠳᠠᠢ᠂ ᠢᠯᠠ ᠳᠤᠳᠤᠷᠬᠠᠢ᠂ ᠨᠢᠭᠤᠵᠤ | ᠳᠡᠯᠳᠠᠯᠬᠤ ᠦᠭᠡᠢ ᠪᠠᠷ ᠮᠡᠳᠡᠭᠡᠯᠡᠬᠦ ᠵᠠᠷᠴᠢᠮ ᠢ ᠪᠠᠷᠢᠮᠳᠠᠯᠠᠨ᠂ ᠬᠤᠯᠪᠤᠭᠳᠠᠯ ᠪᠦᠭᠦᠢ ᠰᠠᠯᠠᠭ᠎ᠠ ᠮᠦᠴᠢᠷ ᠤᠨ ᠠᠪᠤᠭᠰᠠᠨ | ᠳᠦᠷᠤ ᠶᠢᠨ ᠪᠤᠳᠤᠯᠭ᠎ᠠ ᠠᠷᠭ᠎ᠠ ᠭᠡᠮᠵᠢᠶ᠎ᠠ᠂ ᠦᠢᠯᠡᠳᠪᠤᠷᠢᠯᠠᠬᠦ ᠠᠵᠤ ᠠᠬᠤᠢᠢᠯᠠᠯ ᠤᠨ ᠪᠤᠭᠤᠮᠳᠠ ᠶᠢ ᠴᠢᠩᠭ᠎ᠠ ᠰᠠᠬᠢᠨ | ᠴᠠᠭᠠᠨ ᠢᠳᠡᠭᠡᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠭᠰᠡᠨ ᠵᠡᠷᠭᠡ ᠪᠠᠶᠢᠳᠠᠯ ᠤᠨ ᠲᠤᠬᠠᠢ ᠤᠬᠠᠭᠤᠯᠬᠤ ᠡᠷᠴᠢᠮ ᠢᠶᠠᠨ | ᠴᠢᠩᠭᠠᠷᠠᠭᠤᠯᠤᠨ᠂ ᠨᠠᠶᠢᠭᠡᠮ ᠤᠨ ᠬᠠᠯᠠᠮ ᠠᠰᠠᠭᠤᠳᠠᠯ ᠢ ᠢᠳᠡᠪᠬᠢᠳᠠᠢ ᠳᠤᠰᠬᠠᠵᠤ᠂ ᠰᠡᠵᠢᠭ ᠮᠠᠳᠠᠭ ᠲᠠᠢ ᠵᠦᠢᠯ ᠢ | ᠳᠠᠶᠢᠯᠪᠤᠷᠢᠯᠠᠨ᠂ ᠬᠠᠦᠯᠢ ᠳᠦᠷᠢᠮ ᠠᠴᠠ ᠵᠦᠷᠢᠴᠡᠭᠰᠡᠨ ᠶᠠᠪᠤᠳᠠᠯ ᠤᠨ ᠲᠤᠬᠠᠢ ᠶᠠᠷᠢᠶ᠎ᠠ ᠭᠡᠯᠡᠯᠴᠡᠭᠡᠨ ᠤ ᠬᠢᠨᠠᠯᠳᠠ ᠳᠡᠯᠪᠢᠵᠤ᠂ | ᠦᠨᠠᠨ ᠪᠤᠰᠤ ᠪᠠᠷ ᠮᠡᠳᠡᠭᠡᠯᠠᠬᠦ ᠪᠠ ᠮᠠᠭᠤ ᠰᠠᠨᠠᠭᠠᠲᠠᠢ ᠪᠠᠷ ᠴᠤᠤᠷᠬᠠᠯ ᠭᠠᠷᠭᠠᠬᠤ ᠶᠠᠪᠤᠳᠠᠯ ᠢ ᠰᠡᠷᠭᠡᠶᠢᠯᠡᠬᠦ ᠭᠡᠷᠡᠭᠲᠡᠢ᠃ | | 2᠂ ᠭᠡᠷᠡᠭᠯᠡᠴᠢᠳ ᠤᠨ ᠡᠷᠭᠡ ᠠᠰᠢᠭ ᠢ ᠬᠠᠮᠠᠭᠠᠯᠠᠨ᠎ᠠ᠃ ᠶᠠᠰᠤ ᠴᠢᠨᠠᠷ ᠢ ᠰᠢᠯᠭᠠᠨ ᠪᠠᠶᠢᠴᠠᠭᠠᠬᠤ ᠰᠠᠯᠠᠭ᠎ᠠ ᠮᠦᠴᠢᠷ | ᠠᠴᠠ ᠦᠢᠯᠡᠳᠪᠤᠷᠢᠯᠡᠬᠦ ᠠᠵᠤ ᠠᠬᠤᠢᠢᠯᠠᠯ ᠤᠨ 2008 ᠤᠨ ᠤ 9 ᠰᠠᠷ᠎ᠠ ᠶᠢᠨ 14 ᠤ ᠡᠳᠤᠷ ᠠᠴᠠ ᠡᠮᠤᠨ᠎ᠠ | ᠦᠢᠯᠡᠳᠪᠤᠷᠢᠯᠡᠭᠰᠡᠨ ᠪᠤᠶᠤ ᠪᠦᠯᠦᠭ ᠪᠦᠭᠦᠨ ᠳᠤᠨᠢ ᠭᠤᠷᠪᠠᠨ ᠪᠦᠭᠡᠮᠨᠡᠷᠠᠯᠳᠤ ᠼᠢᠶᠠᠨᠲᠤ ᠠᠮᠢᠨ ᠤ ᠰᠢᠯᠭᠠᠯᠲᠠ ᠪᠠᠶᠢᠴᠠᠭᠠᠯᠳᠠ | ᠶᠢ ᠬᠢᠭᠰᠡᠨ ᠦᠭᠡᠢ ᠠᠯᠢᠪᠠ ᠴᠠᠭᠠᠨ ᠢᠳᠡᠭᠡᠨ ᠳᠤ ᠴᠡᠭᠴᠡᠯᠡᠯᠳᠠ ᠬᠢᠬᠦ ᠪᠠ ᠰᠢᠯᠠᠭᠠᠨ ᠭᠡᠮᠵᠢᠬᠦ ᠠᠵᠢᠯ ᠬᠢᠬᠦ ᠶᠠᠪᠤᠳᠠᠯ ᠳᠤ | ᠬᠢᠨᠠᠯᠲᠠ ᠳᠠᠯᠪᠢᠨ᠎ᠠ᠃ ᠰᠢᠯᠭᠠᠨ ᠭᠡᠮᠵᠢᠬᠦ ᠪᠠᠷ ᠳᠠᠮᠵᠢᠨ ᠭᠢᠷᠢ ᠳᠠᠩᠴᠡᠭᠰᠡᠨ ᠴᠠᠭᠠᠨ ᠢᠳᠡᠭᠡᠨ ᠳᠤ ᠠᠵᠤ ᠠᠬᠤᠢᠢᠯᠠᠯ ᠠᠴᠠ | ᠳᠡᠮᠳᠡᠭ ᠱᠤᠰᠢᠭ᠎ᠠ ᠨᠠᠭᠠᠭᠠᠳ ᠪᠤᠷᠤᠯᠠᠭᠤᠯᠵᠤ ᠪᠤᠯᠤᠨ᠎ᠠ᠃ ᠡᠯ᠎ᠠ ᠭᠠᠵᠠᠷ ᠤᠷᠤᠨ ᠤ ᠦᠢᠯᠡᠳᠪᠤᠷᠢ ᠬᠤᠳᠠᠯᠳᠤᠭᠠᠨ ᠤ | ᠬᠠᠮᠢᠶᠠᠷᠤᠯᠳᠠ ᠶᠢᠨ ᠰᠠᠯᠠᠭ᠎ᠠ ᠮᠦᠴᠢᠷ ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠦᠴᠢᠷ ᠲᠠᠢ ᠬᠠᠮᠳᠤᠷᠠᠵᠤ᠂ | ᠪᠤᠷᠤᠯᠠᠭᠤᠯᠤᠭᠴᠢᠳ ᠤᠨ ᠵᠠᠬ᠎ᠠ ᠳᠡᠯᠭᠡᠭᠦᠷ ᠲᠠᠬᠢ ᠭᠢᠷᠢ ᠳᠡᠩᠴᠡᠬᠦ ᠦᠭᠡᠢ ᠴᠠᠭᠠᠨ ᠢᠳᠡᠭᠡᠨ ᠪᠦᠬᠦᠨ ᠢᠶᠠᠨ ᠬᠤᠳᠠᠯᠳᠤᠬᠤ | ᠪᠠᠨ ᠵᠤᠭᠰᠤᠭᠰᠠᠨ ᠪᠠᠶᠢᠳᠠᠯ ᠳᠤ ᠬᠢᠨᠠᠯᠳᠠ ᠲᠠᠯᠪᠢᠬᠤ ᠭᠡᠷᠡᠭᠳᠠᠢ ᠪᠦᠭᠡᠳ ᠪᠤᠷᠤᠯᠠᠭᠤᠯᠤᠭᠴᠢᠳ ᠤᠨ ᠭᠡᠷᠡᠭᠯᠡᠭᠴᠢᠳ ᠤᠨ | ᠬᠤᠳᠠᠯᠳᠤᠨ ᠠᠪᠤᠭᠰᠠᠨ ᠭᠢᠷᠢ ᠳᠡᠩᠴᠡᠬᠦ ᠦᠭᠡᠢ ᠴᠠᠭᠠᠨ ᠢᠳᠡᠭᠡᠨ ᠢᠶᠠᠨ ᠪᠤᠳᠠᠳᠤ ᠡᠳ᠋ ᠢᠶᠠᠷ ᠨᠢ ᠪᠤᠴᠠᠭᠠᠨ ᠦᠭᠴᠦ | ᠵᠤᠭᠤᠰ ᠢᠶᠠᠨ ᠡᠷᠬᠢᠬᠦᠯᠵᠦ ᠠᠪᠬᠤ ᠶᠠᠪᠤᠳᠠᠯ ᠢ ᠭᠦᠢᠴᠡᠳᠭᠡᠬᠦ ᠳᠤᠨᠢ ᠬᠢᠨᠠᠯᠲᠠ ᠲᠠᠯᠪᠢᠬᠤ ᠭᠡᠷᠡᠭᠳᠠᠢ᠃ ᠬᠤᠯᠪᠤᠭᠳᠠᠯ ᠪᠦᠭᠦᠢ | ᠰᠠᠯᠠᠭ᠎ᠠ ᠮᠦᠴᠢᠷ ᠭᠡᠷᠡᠭᠯᠡᠭᠴᠢᠳ ᠤᠨ ᠵᠠᠭᠠᠯᠳᠤᠯᠭ᠎ᠠ ᠬᠢᠬᠦ ᠵᠠᠮ ᠢ ᠰᠢᠯᠤᠭᠤᠳᠬᠠᠵᠤ᠂ ᠬᠠᠯᠠᠮ ᠤᠳᠠᠰᠤ ᠶᠢ ᠰᠠᠭᠠᠳ ᠦᠭᠡᠢ | ᠨᠡᠪᠳᠡᠷᠡᠬᠦᠯᠬᠦ ᠶᠢ ᠪᠠᠳᠤᠯᠠᠨ᠂ ᠭᠡᠷᠡᠭᠯᠡᠭᠴᠢᠳ ᠤᠨ ᠯᠠᠪᠯᠠᠭ᠎ᠠ ᠵᠦᠪᠯᠡᠯᠭᠡ ᠳᠤ ᠨᠠᠷᠢᠨ ᠭᠢᠨᠠᠮᠭᠠᠢ ᠪᠠᠷ ᠳᠠᠶᠢᠯᠪᠤᠷᠢᠯᠠᠯ ᠬᠢᠵᠦ᠂ | ᠭᠡᠷᠡᠭᠯᠡᠴᠢᠳ ᠤᠨ ᠵᠠᠭᠠᠯᠳᠤᠯᠭ᠎ᠠ ᠪᠠ ᠢᠯᠡᠴᠢᠯᠡᠭᠡ ᠮᠡᠳᠡᠭᠦᠯᠤᠯᠳᠠ ᠶᠢ ᠴᠠᠭ ᠳᠤᠬᠠᠢ ᠳᠤᠨᠢ ᠭᠦᠯᠢᠶᠠᠨ ᠠᠪᠴᠤ ᠰᠢᠢᠳᠪᠤᠷᠢᠯᠠᠨ᠂ | ᠭᠡᠷᠡᠭᠯᠡᠭᠡᠨ ᠤ ᠵᠢᠭᠤᠷᠠᠭᠠᠨ ᠢ ᠲᠤᠬᠢᠲᠡᠢ ᠰᠢᠢᠳᠪᠦᠷᠢᠯᠡᠬᠦ ᠭᠡᠷᠡᠭᠲᠡᠢ᠃ ᠳᠡᠬᠢᠨ ᠦᠢᠯᠡᠳᠪᠤᠷᠢᠯᠡᠭᠰᠡᠨ ᠰᠦ ᠳᠤ ︽ᠳᠡᠬᠢᠨ | ᠦᠢᠯᠡᠳᠪᠤᠷᠢᠯᠡᠭᠰᠡᠨ ᠰᠦ︾ ᠂ ᠢᠯᠴᠢ ᠪᠠᠷ ᠪᠠᠺᠲ᠋ᠧᠷᠢ ᠠᠯᠠᠭᠰᠠᠨ ᠰᠦ ᠳᠤ ︽ᠴᠤᠯᠤ︾ ᠭᠡᠰᠡᠨ ᠳᠡᠮᠳᠡᠭ ᠱᠤᠰᠢᠭ᠎ᠠ | ᠬᠠᠳᠠᠬᠤ ᠳᠤᠬᠠᠢ ᠳᠡᠮᠳᠡᠭ ᠱᠤᠰᠢᠭ᠎ᠠ ᠶᠢᠨ ᠳᠦᠷᠢᠮ ᠢ ᠭᠡᠷᠡᠭᠵᠢᠭᠦᠯᠤᠨ᠂ ᠭᠡᠷᠡᠭᠯᠡᠭᠴᠢᠳ ᠤᠨ ᠰᠤᠩᠭᠤᠬᠤ ᠡᠷᠭᠡ ᠶᠢ | ᠬᠠᠮᠠᠭᠠᠯᠠᠨ᠎ᠠ᠃ | 3᠂ ᠴᠠᠭᠠᠨ ᠢᠳᠡᠭᠡᠨ ᠤ ᠳᠤᠬᠠᠢ ᠮᠡᠳᠡᠯᠭᠡ ᠶᠢ ᠳᠦᠭᠡᠮᠯᠡᠵᠢᠭᠦᠯᠤᠨᠠ᠃ ᠡᠷᠡᠭᠦᠯ ᠬᠠᠮᠠᠭᠠᠯᠠᠯ ᠤᠨ ᠰᠠᠯᠠᠭ᠎ᠠ ᠮᠦᠴᠢᠷ | ᠳᠤᠰᠬᠠᠢ ᠮᠡᠷᠭᠡᠵᠢᠯᠳᠠᠨ ᠪᠠ ᠬᠤᠯᠪᠤᠭᠳᠠᠯ ᠪᠦᠭᠦᠢ ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠠ ᠶᠢ ᠵᠤᠬᠢᠶᠠᠨ | ᠪᠠᠶᠢᠭᠤᠯᠤᠨ᠂ ᠷᠡᠳᠢᠤ᠋ ᠲᠧᠯᠸᠢᠰ᠂ ᠰᠤᠨᠢᠨ ᠰᠡᠳᠭᠦᠯ ᠢᠶᠠᠷ ᠤᠬᠠᠭᠤᠯᠬᠤ᠂ ᠮᠡᠳᠡᠯᠭᠡ ᠶᠢᠨ ᠳᠤᠪᠬᠢᠮᠠᠯ ᠳᠠᠷᠤᠮᠯᠠᠯᠠᠭᠤᠯᠬᠤ | ᠵᠠᠷᠭᠡ ᠤᠯᠠᠨ ᠵᠦᠢᠯ ᠤᠨ ᠠᠷᠭ᠎ᠠ ᠭᠡᠯᠪᠠᠷᠢ ᠪᠠᠷ ᠴᠠᠭᠠᠨ ᠢᠳᠡᠭᠡᠨ ᠤ ᠳᠤᠬᠠᠢ ᠮᠡᠳᠡᠯᠭᠡ ᠶᠢ ᠦᠷᠭᠡᠨ ᠳᠡᠯᠭᠡᠷ ᠢᠶᠠᠷ | ᠤᠬᠠᠭᠤᠯᠵᠤ᠂ ᠡᠷᠡᠭᠦᠯ ᠴᠢᠭᠢᠷᠠᠭ ᠤᠨ ᠳᠤᠬᠠᠢ ᠯᠠᠪᠯᠠᠭ᠎ᠠ ᠵᠦᠪᠯᠡᠭᠡ ᠪᠠ ᠰᠡᠵᠢᠭ ᠮᠠᠳᠠᠭ ᠲᠠᠢ ᠵᠦᠢᠯ ᠢ ᠳᠠᠶᠢᠯᠪᠤᠷᠢᠯᠠᠬᠤ | ᠠᠵᠢᠯ ᠢ ᠰᠠᠶᠢᠳᠤᠷ ᠬᠢᠬᠦ ᠭᠡᠷᠡᠭᠲᠡᠢ᠃ ᠨᠦᠭᠦᠴᠠᠯ ᠲᠠᠢ ᠪᠤᠷᠤᠯᠠᠭᠤᠯᠤᠭᠴᠢᠳ ᠴᠠᠭᠠᠨ ᠢᠳᠡᠭᠡᠨ ᠬᠤᠳᠠᠯᠳᠤᠨ ᠠᠪᠬᠤ ᠶᠢᠨ | ᠭᠦᠳᠤᠴᠢ ᠪᠠ ᠯᠠᠪᠯᠠᠭ᠎ᠠ ᠵᠦᠪᠯᠡᠯᠭᠡ ᠶᠢᠨ ᠴᠢᠭ᠋ ᠭᠠᠷᠠᠭ᠎ᠠ᠂ ᠰᠦᠢᠳᠭᠡᠯ ᠬᠤᠷᠢᠶᠠᠬᠤ ᠦᠭᠡᠢ ᠪᠠᠷ ᠰᠢᠨᠵᠢᠯᠡᠬᠦ ᠤᠬᠠᠭᠠᠨ ᠤ | ᠮᠡᠳᠡᠯᠭᠡ ᠳᠦᠭᠡᠮᠯᠡᠵᠢᠭᠦᠯᠬᠦ ᠮᠠᠲ᠋ᠧᠷᠢᠶᠠᠯ ᠳᠦᠭᠡᠭᠡᠵᠤ ᠪᠤᠯᠤᠨ᠎ᠠ᠃ | ︵ᠭᠤᠷᠪᠠ︶ ᠵᠠᠬ᠎ᠠ ᠳᠡᠯᠭᠡᠭᠦᠷ ᠤᠨ ᠰᠡᠷᠭᠦᠭᠡᠯᠳᠠ ᠬᠢᠭᠡᠳ ᠪᠤᠶᠢᠵᠢᠭᠤᠯᠤᠯᠳᠠ ᠶᠢᠨ ᠠᠵᠢᠯ ᠢ ᠳᠦᠷᠭᠡᠳᠭᠡᠨ᠎ᠠ᠃ | | 1᠂ ᠪᠤᠴᠠᠭᠠᠭᠰᠠᠨ ᠪᠠᠷᠠᠭ᠎ᠠ ᠡᠷᠬᠢᠬᠦᠯᠵᠦ ᠠᠪᠤᠭᠰᠠᠨ ᠮᠦᠩᠬᠦ ᠶᠢᠨ ᠳᠤᠬᠠᠢ ᠵᠤᠭᠤᠰ ᠮᠦᠩᠬᠦ ᠶᠢᠨ ᠳᠠᠩᠰᠠ ᠪᠤᠳᠤᠬᠤ | ᠪᠠ ᠭᠢᠷᠢ ᠳᠡᠩᠴᠡᠬᠦ ᠦᠭᠡᠢ ᠪᠦᠳᠦᠭᠡᠭᠳᠡᠭᠦᠨ ᠢ ᠤᠰᠠᠳᠬᠠᠬᠤ ᠲᠤᠬᠠᠢ ᠠᠷᠭ᠎ᠠ ᠶᠢ ᠳᠤᠳᠤᠷᠬᠠᠢᠢᠯᠠᠨ᠎ᠠ᠃ | ᠪᠤᠷᠤᠯᠠᠭᠤᠯᠤᠭᠴᠢᠳ ᠤᠨ ᠭᠢᠷᠢ ᠳᠡᠩᠴᠡᠬᠦ ᠦᠭᠡᠢ ᠴᠠᠭᠠᠨ ᠢᠳᠡᠭᠡᠨ ᠢ ᠬᠤᠳᠠᠯᠳᠤᠨ ᠤᠷᠤᠭᠤᠯᠬᠤ ᠳᠠᠭᠠᠨ ᠳᠤᠰᠢᠶᠠᠭᠰᠠᠨ | ᠪᠠᠷᠠᠭ᠎ᠠ ᠶᠢᠨ ᠮᠦᠩᠭᠦ ᠵᠢᠴᠢ ᠭᠡᠷᠡᠭᠯᠡᠭᠴᠢᠳ ᠤᠨ ᠪᠠᠷᠠᠭ᠎ᠠ ᠪᠠᠨ ᠪᠤᠴᠠᠭᠠᠬᠤ ᠳᠤᠨᠢ ᠡᠷᠬᠢᠬᠦᠯᠵᠦ ᠦᠭᠭᠦᠭᠰᠡᠨ ᠮᠦᠩᠬᠦ ᠶᠢ | ᠦᠢᠯᠡᠳᠪᠤᠷᠢᠯᠡᠬᠦ ᠠᠵᠤ ᠠᠬᠤᠢᠢᠯᠠᠯ ᠤᠳ ᠪᠤᠷᠤᠯᠠᠭᠤᠯᠤᠭᠴᠢᠳ ᠯᠤᠭ᠎ᠠ ᠴᠠᠭ ᠳᠤᠬᠠᠢ ᠳᠤᠨᠢ ᠲᠠᠩᠰᠠᠯᠠᠨ ᠪᠤᠳᠤᠵᠤ ᠮᠦᠩᠬᠦ ᠶᠢ | ᠨᠢ ᠪᠤᠷᠤᠯᠠᠭᠤᠯᠤᠭᠴᠢᠳ ᠲᠤ ᠦᠭᠬᠦ ᠭᠡᠷᠡᠭᠳᠠᠢ︔ ᠪᠤᠷᠤᠯᠠᠭᠤᠯᠤᠭᠴᠢᠳ ᠴᠠᠭ ᠳᠤᠬᠠᠢ ᠳᠤᠨᠢ ᠳᠠᠩᠰᠠ ᠪᠠᠨ ᠪᠤᠳᠤᠭᠰᠠᠨ ᠤ | ᠰᠠᠭᠤᠷᠢᠨ ᠳᠡᠭᠡᠷ᠎ᠠ ᠦᠢᠯᠡᠳᠪᠤᠷᠢᠯᠡᠬᠦ ᠠᠵᠤ ᠠᠬᠤᠢᠢᠯᠠᠯ ᠤᠨ ᠭᠡᠪ ᠤᠨ ᠪᠤᠷᠤᠯᠠᠭᠤᠯᠤᠯᠳᠠ ᠶᠢᠨ ᠡᠷᠬᠢᠯᠳᠠ ᠶᠢᠨ ᠮᠦᠩᠬᠦ ᠶᠢ | ᠪᠠᠳᠤᠯᠠᠬᠤ ᠭᠡᠷᠡᠭᠳᠠᠢ᠃ ᠪᠤᠷᠤᠯᠠᠭᠤᠯᠤᠭᠴᠢᠳ ᠪᠠᠯᠠ ᠮᠦᠩᠬᠦ ᠪᠠᠷ ᠭᠦᠴᠢᠷᠳᠡᠯᠳᠠᠢ ᠪᠤᠶᠤ ᠦᠢᠯᠡᠳᠪᠤᠷᠢᠯᠡᠬᠦ ᠠᠵᠤ ᠠᠬᠤᠢᠢᠯᠠᠯ | ᠦᠢᠯᠡᠳᠪᠤᠷᠢᠯᠠᠯ ᠢᠶᠠᠨ ᠵᠤᠭᠰᠤᠭᠠᠭᠰᠠᠨ ᠵᠡᠷᠭᠡ ᠰᠢᠯᠳᠠᠭᠠᠨ ᠠᠴᠠ ᠪᠤᠯᠵᠤ᠂ ᠭᠢᠷᠢ ᠳᠡᠩᠴᠡᠬᠦ ᠦᠭᠡᠢ ᠴᠠᠭᠠᠨ ᠢᠳᠡᠭᠡᠨ ᠢ | ᠪᠤᠴᠠᠭᠠᠭᠰᠠᠨ ᠮᠦᠩᠬᠦ ᠶᠢ ᠳᠦᠷ ᠴᠠᠭ ᠦᠭᠴᠤ ᠳᠡᠶᠢᠯᠬᠦ ᠦᠭᠡᠢ ᠪᠤᠯ ᠪᠤᠷᠤᠯᠠᠭᠤᠯᠤᠭᠴᠢᠳ ᠪᠠ ᠦᠢᠯᠡᠳᠪᠤᠷᠢᠯᠡᠬᠦ ᠠᠵᠤ | ᠠᠬᠤᠢᠢᠯᠠᠯ ᠤᠨ ᠪᠠᠶᠢᠭ᠎ᠠ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠠᠰᠠᠭᠤᠳᠠᠯ ᠢ ᠨᠢ ᠳᠤᠰ ᠳᠤᠰ | ᠬᠠᠷᠢᠭᠤᠴᠠᠨ ᠵᠤᠬᠢᠴᠠᠯᠳᠤᠭᠤᠯᠤᠨ ᠰᠢᠢᠳᠪᠤᠷᠢᠯᠡᠬᠦ ᠭᠡᠷᠡᠭᠳᠠᠢ᠃ ᠶᠠᠰᠤ ᠴᠢᠨᠠᠷ ᠢ ᠰᠢᠯᠭᠠᠨ ᠪᠠᠶᠢᠴᠠᠭᠠᠬᠤ ᠰᠠᠯᠠᠭ᠎ᠠ ᠮᠦᠴᠢᠷ | ᠠᠵᠤ ᠦᠢᠯᠡᠳᠪᠤᠷᠢ ᠪᠠ ᠮᠡᠳᠡᠭᠡ ᠵᠠᠩᠬᠢ ᠶᠢᠨ ᠰᠠᠯᠠᠭ᠎ᠠ ᠮᠦᠴᠢᠷ ᠲᠠᠢ ᠬᠠᠮᠳᠤᠷᠠᠨ ᠬᠢᠨᠠᠯᠳᠠ ᠳᠡᠯᠪᠢᠵᠤ ᠪᠠᠶᠢᠭᠠᠳ | ᠦᠢᠯᠡᠳᠪᠤᠷᠢᠯᠡᠬᠦ ᠠᠵᠤ ᠠᠬᠤᠢᠢᠯᠠᠯ ᠢ ᠭᠢᠷᠢ ᠳᠡᠩᠴᠡᠬᠦ ᠦᠭᠡᠢ ᠪᠦᠳᠦᠭᠡᠭᠳᠡᠭᠦᠨ ᠢᠶᠠᠨ ᠪᠤᠴᠠᠭᠠᠨ ᠠᠪᠴᠢᠷᠠᠵᠤ ᠪᠢᠳᠡᠭᠦᠮᠵᠢᠯᠡᠨ | ᠬᠠᠳᠠᠭᠠᠯᠠᠬᠤ ᠪᠤᠯᠭᠠᠨ᠎ᠠ᠂ ᠡᠬᠦᠨ ᠤ ᠬᠠᠮᠳᠤ ᠤᠷᠴᠢᠨ ᠳᠤᠭᠤᠷᠢᠨ ᠢ ᠬᠠᠮᠠᠭᠠᠯᠠᠬᠤ ᠰᠠᠯᠠᠭ᠎ᠠ ᠮᠦᠴᠢᠷ ᠲᠠᠢ ᠬᠠᠮᠳᠤᠷᠠᠵᠤ | ᠪᠠᠶᠢᠭᠠᠳ ᠡᠳᠡᠭᠡᠷ ᠪᠦᠳᠦᠭᠡᠭᠳᠡᠬᠦᠨ ᠢ ᠨᠢ ᠬᠤᠤᠷ᠎ᠠ ᠦᠭᠡᠶᠢᠳᠡᠭᠦᠯᠤᠨ ᠤᠰᠠᠳᠬᠠᠨ᠎ᠠ᠃ ᠬᠤᠳᠠᠯᠳᠤᠬᠤ ᠶᠢ ᠨᠢ | ᠵᠤᠭᠰᠤᠭᠠᠭᠰᠠᠨ ᠬᠢᠷᠢ ᠳᠡᠩᠴᠡᠬᠦ ᠦᠭᠡᠢ ᠴᠠᠭᠠᠨ ᠢᠳᠡᠭᠡᠨ ᠢ ᠦᠢᠯᠡᠳᠪᠤᠷᠢ ᠬᠤᠳᠠᠯᠳᠤᠭᠠᠨ ᠤ ᠰᠠᠯᠠᠭ᠎ᠠ ᠮᠦᠴᠢᠷ ᠪᠤᠯᠤᠨ | ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠦᠴᠢᠷ ᠬᠠᠮᠳᠤᠷᠠᠨ ᠬᠢᠨᠠᠯᠳᠠ ᠳᠡᠯᠪᠢᠵᠤ ᠪᠠᠶᠢᠭᠠᠳ ᠪᠤᠷᠤᠯᠠᠭᠤᠯᠤᠭᠴᠢᠳ ᠢᠶᠠᠷ | ᠪᠢᠳᠡᠭᠦᠮᠵᠢᠯᠡᠵᠦ ᠬᠠᠳᠠᠭᠠᠯᠠᠬᠤ ᠪᠤᠯᠭᠠᠨ᠎ᠠ᠂ ᠪᠤᠷᠤᠯᠠᠭᠤᠯᠤᠭᠴᠢᠳ ᠪᠤᠯᠤᠨ ᠦᠢᠯᠡᠳᠪᠤᠷᠢᠯᠡᠬᠦ ᠠᠵᠤ ᠠᠬᠤᠢᠢᠯᠠᠯ ᠵᠤᠭᠤᠰ | ᠮᠦᠩᠬᠦ ᠪᠠᠨ ᠳᠠᠩᠰᠠᠯᠠᠨ ᠪᠤᠳᠤᠭᠰᠠᠨ ᠤ ᠳᠠᠷᠠᠭ᠎ᠠ ᠤᠷᠴᠢᠨ ᠳᠤᠭᠤᠷᠢᠨ ᠢ ᠬᠠᠮᠠᠭᠠᠯᠠᠬᠤ ᠰᠠᠯᠠᠭ᠎ᠠ ᠮᠦᠴᠢᠷ ᠲᠠᠢ ᠬᠠᠮᠳᠤᠷᠠᠵᠤ | ᠪᠠᠶᠢᠭᠠᠳ ᠡᠳᠡᠭᠡᠷ ᠴᠡᠭᠠᠨ ᠢᠳᠡᠭᠡᠨ ᠢ ᠴᠠᠭ ᠳᠤᠬᠠᠢ ᠳᠤᠨᠢ ᠬᠤᠤᠷ᠎ᠠ ᠦᠭᠡᠶᠢᠳᠡᠭᠦᠯᠤᠨ ᠤᠰᠠᠳᠬᠠᠬᠤ ᠭᠡᠷᠡᠭᠳᠠᠢ᠃ | 2᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠦᠨᠡᠨᠬᠦ ᠪᠠᠳᠤᠯᠠᠨ᠎ᠠ᠃ ᠬᠤᠯᠪᠤᠭᠳᠠᠯ ᠪᠦᠭᠦᠢ ᠰᠠᠯᠠᠭ᠎ᠠ ᠮᠦᠴᠢᠷ ᠴᠠᠭᠠᠨ | ᠢᠳᠡᠭᠡᠨ ᠤ ᠵᠠᠬ᠎ᠠ ᠳᠡᠯᠭᠡᠭᠦᠷ ᠤᠨ ᠳᠤᠬᠠᠢ ᠬᠢᠨᠡᠯᠲᠠ ᠭᠡᠮᠵᠢᠯᠳᠠ ᠶᠢᠨ ᠪᠠᠶᠢᠳᠠᠯ ᠢᠶᠠᠨ ᠡᠳᠤᠷ ᠪᠦᠷᠢ ᠮᠡᠳᠡᠭᠦᠯᠬᠦ ᠠᠵᠢᠯ ᠢ | ᠴᠢᠨᠠᠭᠰᠢᠳᠠ ᠰᠠᠶᠢᠳᠤᠷ ᠬᠢᠵᠤ᠂ ᠵᠠᠬ᠎ᠠ ᠳᠡᠯᠭᠡᠭᠦᠷ ᠤᠨ ᠬᠠᠩᠭᠠᠯᠭ᠎ᠠ ᠪᠠ ᠦᠨ᠎ᠠ ᠬᠠᠩᠰᠢ ᠶᠢᠨ ᠬᠤᠪᠢᠷᠠᠯᠳᠠ ᠶᠢᠨ ᠪᠠᠶᠢᠳᠠᠯ ᠢ | ᠴᠠᠭ ᠳᠤᠬᠠᠢ ᠳᠤᠨᠢ ᠤᠨᠤᠪᠴᠢᠳᠠᠢ ᠡᠵᠡᠮᠰᠢᠨ᠂ ᠠᠵᠤ ᠠᠬᠤᠢᠢᠯᠠᠯ ᠤᠨ ᠭᠢᠷᠢ ᠳᠡᠩᠴᠡᠭᠰᠡᠨ ᠴᠠᠭᠠᠨ ᠢᠳᠡᠭᠡᠨ ᠤ | ᠪᠤᠷᠤᠯᠠᠭᠤᠯᠤᠯᠳᠠ ᠪᠠᠨ ᠨᠡᠮᠡᠭᠳᠡᠭᠦᠯᠬᠦ ᠪᠠ ᠰᠡᠷᠭᠦᠭᠡᠬᠦ ᠳᠤᠨᠢ ᠬᠦᠳᠦᠴᠢ ᠪᠤᠯᠬᠤ ᠭᠡᠷᠡᠭᠳᠠᠢ᠃ ᠦᠢᠯᠡᠳᠪᠤᠷᠢ ᠬᠤᠳᠠᠯᠳᠤᠭᠠᠨ ᠤ | ᠠᠵᠤ ᠠᠬᠤᠢᠢᠯᠠᠯ ᠢ ᠬᠦᠳᠦᠯᠦᠨ ᠵᠢᠯᠦᠭᠤᠳᠴᠤ ᠪᠠᠶᠢᠭᠠᠳ ᠬᠤᠯᠪᠤᠭᠠᠯᠠᠬᠤ ᠠᠷᠭ᠎ᠠ ᠪᠠᠷ ᠳᠠᠮᠵᠢᠨ ᠤᠯᠠᠨ ᠶᠠᠩᠵᠤ ᠶᠢᠨ | ᠠᠮᠢᠳᠤ ᠴᠤᠪᠤᠭᠤᠯᠢᠭ ᠪᠤᠷᠤᠯᠠᠭᠤᠯᠬᠤ ᠠᠷᠭ᠎ᠠ ᠠᠪᠬᠤ ᠪᠤᠯᠭᠠᠵᠦ᠂ ᠴᠠᠭᠠᠨ ᠢᠳᠡᠭᠡᠨ ᠤ ᠵᠠᠬ᠎ᠠ ᠳᠡᠯᠭᠡᠭᠦᠷ ᠤᠨ ᠬᠠᠩᠭᠠᠯᠭ᠎ᠠ ᠶᠢ | ᠦᠨᠡᠨᠬᠦ ᠪᠠᠳᠤᠯᠠᠨ᠂ ᠭᠦᠮᠦᠷᠭᠡ ᠶᠢᠨ ᠭᠡᠪ ᠤᠨ ᠬᠠᠳᠠᠭᠠᠯᠠᠭᠳᠠᠴᠠ ᠶᠢ ᠰᠡᠷᠭᠦᠭᠡᠵᠦ᠂ ᠪᠤᠷᠤᠯᠠᠭᠤᠯᠭ᠎ᠠ ᠨᠢ ᠳᠠᠰᠤᠯᠳᠠᠬᠤ ᠦᠭᠡᠢ | ᠂ ᠪᠦᠯᠦᠭ ᠳᠡᠰ ᠨᠢ ᠳᠠᠰᠤᠯᠳᠠᠬᠤ ᠦᠭᠡᠢ ᠪᠠᠶᠢᠬᠤ ᠪᠤᠯᠭᠠᠨ᠎ᠠ᠃ ᠳᠤᠮᠳᠠ ᠪᠠᠭ᠎ᠠ ᠬᠤᠳᠠ ᠪᠠ ᠭᠦᠳᠡᠭᠡ ᠳᠤᠰᠬᠤᠨ ᠤ | ᠭᠡᠷᠡᠭᠯᠡᠭᠡᠨ ᠤ ᠵᠠᠬ᠎ᠠ ᠳᠡᠯᠭᠡᠭᠦᠷ ᠢ ᠢᠳᠡᠪᠬᠢᠳᠠᠢ ᠨᠡᠭᠡᠭᠡᠵᠤ᠂ ᠠᠵᠤ ᠠᠬᠤᠢᠢᠯᠠᠯ ᠤᠨ ᠬᠤᠳᠠᠯᠳᠤᠨ ᠪᠤᠷᠤᠯᠠᠭᠤᠯᠬᠤ ᠳᠤᠤᠷ ᠴᠢᠬ | ᠪᠤᠯᠤᠨ ︽ᠳᠦᠮᠡᠨ ᠳᠤᠰᠬᠤᠨ ᠮᠢᠩᠭᠠᠨ ᠰᠢᠶᠠᠩ︾ ᠵᠡᠷᠭᠡ ᠢᠨᠵᠧᠨᠧᠷᠢᠩ ᠲᠤ ᠳᠦᠰᠢᠭᠯᠡᠨ᠂ ᠤᠯᠤᠰ ᠤᠨ | ᠳᠤᠳᠤᠭᠠᠳᠤ ᠶᠢᠨ ᠦᠢᠯᠡᠳᠪᠤᠷᠢᠯᠡᠭᠰᠡᠨ ᠭᠢᠷᠢ ᠳᠡᠩᠴᠡᠭᠰᠡᠨ ᠴᠠᠭᠠᠨ ᠢᠳᠡᠭᠡᠨ ᠢ ᠬᠤᠳᠠᠯᠳᠤᠨ ᠠᠪᠬᠤ ᠡᠷᠴᠢᠮ ᠢ | ᠴᠢᠩᠭᠠᠷᠠᠭᠤᠯᠵᠤ᠂ ᠭᠦᠳᠡᠭᠡ ᠳᠤᠰᠬᠤᠨ ᠳᠤ ᠴᠠᠭᠠᠨ ᠢᠳᠡᠭᠡᠨ ᠳᠤᠬᠢᠷᠠᠭᠤᠯᠤᠨ ᠭᠦᠷᠭᠡᠬᠦ ᠠᠵᠢᠯ ᠢ ᠰᠠᠶᠢᠳᠤᠷ ᠬᠢᠨ᠎ᠡ᠃ | | 3᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠨ᠎ᠠ᠃ ᠬᠤᠯᠪᠤᠭᠳᠠᠯ ᠪᠦᠭᠦᠢ ᠰᠠᠯᠠᠭ᠎ᠠ ᠮᠦᠴᠢᠷ ᠬᠢᠨᠠᠯᠳᠠ | ᠳᠡᠯᠪᠢᠨ ᠪᠠᠶᠢᠴᠠᠭᠠᠬᠤ ᠡᠷᠴᠢᠮ ᠢᠶᠠᠨ ᠬᠠᠦᠯᠢ ᠶᠤᠰᠤᠭᠠᠷ ᠦᠷᠭᠦᠯᠵᠢᠯᠡᠨ ᠴᠢᠩᠭᠠᠷᠠᠭᠤᠯᠵᠤ᠂ ᠳᠤᠭᠳᠠᠭᠰᠠᠨ ᠬᠤᠭᠤᠴᠠᠭ᠎ᠠ ᠲᠠᠢ | ᠪᠠᠷ ᠵᠠᠬ᠎ᠠ ᠳᠡᠯᠭᠡᠭᠦᠷ ᠢ ᠳᠤᠭᠤᠷᠢᠨ ᠪᠠᠶᠢᠴᠠᠭᠠᠵᠤ᠂ ᠶᠠᠭᠤᠮ᠎ᠠ ᠬᠤᠯᠢᠵᠤ ᠬᠠᠭᠤᠷᠮᠠᠭᠯᠠᠨ ᠵᠤᠬᠢᠶᠠᠬᠤ᠂ ᠮᠠᠭᠤ ᠢᠶᠠᠷ ᠰᠠᠶᠢᠨ ᠢ | ᠤᠷᠤᠯᠠᠭᠤᠯᠬᠤ᠂ ᠬᠤᠷᠠᠮᠳᠤᠭᠤᠯᠤᠨ ᠳᠡᠷᠤᠵᠤ ᠬᠤᠨᠵᠢᠨ ᠵᠠᠪᠰᠢᠬᠤ᠂ ᠪᠠᠷᠠᠭᠠᠨ ᠤ ᠦᠨ᠎ᠠ ᠬᠠᠩᠰᠢ ᠶᠢ ᠵᠤᠷᠢᠭᠤᠳᠠ ᠦᠰᠭᠡᠬᠦ | ᠵᠡᠷᠭᠡ ᠬᠠᠦᠯᠢ ᠠᠴᠠ ᠵᠦᠷᠢᠴᠡᠭᠰᠡᠨ ᠶᠠᠪᠤᠳᠠᠯ ᠳᠤ ᠴᠢᠩᠭ᠎ᠠ ᠴᠤᠬᠢᠯᠳᠠ ᠦᠭᠴᠤ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ | ᠬᠠᠮᠠᠭᠠᠯᠠᠬᠤ ᠭᠡᠷᠡᠭᠲᠡᠢ᠃ ᠬᠠᠮᠢᠶ᠎ᠠ ᠪᠦᠭᠦᠢ ᠬᠠᠦᠯᠢ ᠴᠠᠭᠠᠵᠠ ᠬᠠᠦᠯᠢ ᠳᠦᠷᠢᠮ ᠢ ᠴᠢᠨᠠᠭᠰᠢᠳᠠ ᠳᠡᠭᠦᠯᠳᠡᠷᠵᠢᠭᠦᠯᠤᠨ᠂ ᠴᠠᠭᠠᠨ | ᠢᠳᠡᠭᠡᠨ ᠦᠢᠯᠡᠳᠪᠤᠷᠢᠯᠡᠬᠦ ᠠᠵᠤ ᠠᠬᠤᠢᠢᠯᠠᠯ ᠤᠨ ᠵᠤᠬᠢᠰ ᠦᠭᠡᠢ ᠪᠠᠷ ᠦᠷᠢᠰᠦᠯᠳᠦᠬᠦ ᠶᠠᠪᠤᠳᠠᠯ ᠢ ᠬᠢᠨᠠᠨ ᠬᠠᠮᠢᠶᠠᠷᠴᠤ᠂ | ᠦᠨ᠎ᠠ ᠬᠠᠩᠰᠢ ᠶᠢ ᠳᠠᠷᠤᠵᠤ ᠭᠦᠨᠳᠡᠷᠤᠨ ᠪᠤᠷᠤᠯᠠᠭᠤᠯᠬᠤ ᠵᠡᠷᠭᠡ ᠮᠠᠭᠤ ᠦᠷᠢᠰᠤᠯᠳᠦᠭᠡᠨ ᠤ ᠦᠵᠡᠭᠳᠡᠯ ᠢ ᠴᠠᠭ ᠳᠤᠬᠠᠢ ᠳᠤᠨᠢ | ᠪᠠᠶᠢᠴᠠᠭᠠᠨ ᠰᠢᠢᠳᠪᠦᠷᠢᠯᠡᠨ᠎ᠠ᠃ ᠬᠤᠯᠪᠤᠭᠳᠠᠯ ᠪᠦᠭᠦᠢ ᠰᠠᠯᠠᠭ᠎ᠠ ᠮᠦᠴᠢᠷ ᠴᠠᠭᠠᠨ ᠢᠳᠡᠭᠡᠨ ᠦᠢᠯᠡᠳᠪᠤᠷᠢᠯᠡᠭᠴᠢᠳ ᠪᠠ | ᠡᠵᠡᠩᠨᠡᠭᠴᠢᠳ ᠤᠨ ᠲᠤᠬᠠᠢ ᠮᠠᠭᠤ ᠳᠡᠮᠳᠡᠭᠯᠡᠯ ᠢ ᠲᠡᠮᠳᠡᠭᠯᠡᠵᠦ ᠳᠤᠭᠳᠠᠭᠰᠠᠨ ᠬᠤᠭᠤᠴᠠᠭ᠎ᠠ ᠲᠠᠢ ᠪᠠᠷ ᠨᠠᠶᠢᠳᠠᠯᠠᠬᠦ ᠭᠡᠷᠡᠭᠲᠡᠢ᠃ | | 4᠂ ᠰᠤᠷᠤᠭᠴᠢᠳ ᠤᠨ ᠤᠤᠭᠤᠬᠤ ᠰᠦ ᠶᠢᠨ ᠲᠤᠬᠠᠢ ᠳᠦᠯᠦᠪᠯᠡᠭᠡ ᠶᠢ ᠦᠷᠭᠦᠯᠵᠢᠯᠠᠨ ᠠᠭᠢᠭᠤᠯᠤᠨ | ᠭᠡᠷᠡᠭᠵᠢᠬᠦᠯᠦᠨ᠎ᠠ᠃ ᠳᠡᠳᠬᠦᠨ ᠳᠡᠮᠵᠢᠬᠦ ᠳᠦᠷᠦ ᠶᠢᠨ ᠪᠤᠳᠤᠯᠭ᠎ᠠ ᠶᠢ ᠳᠡᠭᠦᠯᠳᠡᠷᠵᠢᠭᠦᠯᠤᠨ ᠴᠢᠩᠭᠠᠳᠬᠠᠵᠤ᠂ | ᠰᠤᠷᠤᠭᠴᠢᠳ ᠤᠨ ᠤᠤᠭᠤᠬᠤ ᠰᠦ ᠶᠢᠨ ᠰᠦ ᠶᠢᠨ ᠢᠷᠠᠯᠳᠠ ᠶᠢᠨ ᠰᠠᠭᠤᠷᠢᠨ ᠭᠠᠵᠠᠷ ᠤᠨ ᠪᠠᠶᠢᠭᠤᠯᠤᠯᠳᠠ ᠶᠢ ᠦᠷᠭᠦᠯᠵᠢᠯᠠᠨ | ᠳᠡᠮᠵᠢᠨ᠎ᠠ᠃ ᠳᠠᠷᠢᠶᠠᠯᠠᠩ ᠤᠨ ᠰᠠᠯᠠᠭ᠎ᠠ ᠮᠦᠴᠢᠷ ᠬᠤᠯᠪᠤᠭᠳᠠᠯ ᠪᠦᠭᠦᠢ ᠰᠠᠯᠠᠭ᠎ᠠ ᠮᠦᠴᠢᠷ ᠯᠦᠭᠡ ᠬᠠᠮᠳᠤᠷᠠᠵᠤ ᠪᠠᠶᠢᠭᠠᠳ | ᠰᠤᠷᠤᠭᠴᠢᠳ ᠤᠨ ᠤᠤᠭᠤᠬᠤ ᠰᠦ ᠶᠢ ᠳᠤᠭᠳᠠᠭᠰᠠᠨ ᠴᠢᠬ ᠢᠶᠠᠷ ᠦᠢᠯᠡᠳᠪᠤᠷᠢᠯᠡᠬᠦ ᠠᠵᠤ ᠠᠬᠤᠢᠢᠯᠠᠯ ᠤᠨ ᠲᠤᠬᠠᠢ | ᠵᠦᠪᠰᠢᠶᠠᠷᠠᠯ ᠤᠯᠭᠤᠬᠤ ᠠᠵᠢᠯ ᠢ ᠴᠢᠩᠭᠠᠳᠬᠠᠵᠤ᠂ ᠪᠦᠳᠦᠭᠡᠭᠳᠡᠭᠦᠨ ᠤ ᠶᠠᠰᠤ ᠴᠢᠨᠠᠷ ᠤᠨ ᠠᠮᠤᠷ ᠳᠦᠪᠰᠢᠨ ᠢ ᠪᠠᠳᠤᠯᠠᠬᠤ | ᠭᠡᠷᠡᠭᠲᠡᠢ᠃ | ︵ᠳᠦᠷᠪᠠ︶ ᠴᠠᠭᠠᠨ ᠢᠳᠡᠭᠡᠨ ᠦᠢᠯᠡᠳᠪᠤᠷᠢᠯᠡᠬᠦ ᠠᠵᠤ ᠠᠬᠤᠢᠢᠯᠠᠯ ᠤᠨ ᠭᠡᠪ ᠴᠢᠨᠠᠷ ᠢ ᠪᠦᠬᠦ ᠳᠠᠯ᠎ᠠ ᠪᠠᠷ | ᠳᠡᠭᠡᠭᠰᠢᠯᠡᠭᠦᠯᠤᠨ᠎ᠠ᠃ | 1᠂ ᠠᠵᠢᠯ ᠳᠦᠷᠦᠯ ᠤᠨ ᠴᠡᠭᠴᠡᠯᠡᠯᠳᠠ ᠶᠢ ᠬᠢᠨ᠎ᠠ᠃ ᠠᠵᠤ ᠦᠢᠯᠡᠳᠪᠤᠷᠢ ᠭᠢᠭᠡᠳ ᠮᠡᠳᠡᠭᠡ ᠵᠠᠩᠬᠢ ᠶᠢᠨ ᠶᠠᠮᠤᠨ | ᠬᠤᠯᠪᠤᠭᠳᠠᠯ ᠪᠦᠭᠦᠢ ᠰᠠᠯᠠᠭ᠎ᠠ ᠮᠦᠴᠢᠷ ᠲᠠᠢ ᠬᠠᠮᠳᠤᠷᠠᠵᠤ ᠬᠠᠭᠠᠰ ᠵᠢᠯ ᠤᠨ ᠴᠠᠭ ᠢ ᠵᠠᠷᠤᠴᠠᠭᠤᠯᠵᠤ ᠪᠠᠶᠢᠭᠠᠳ᠂ ᠪᠦᠬᠦ | ᠠᠵᠢᠯ ᠳᠦᠷᠦᠯ ᠳᠤᠳᠤᠷ᠎ᠠ ᠴᠡᠭᠴᠡᠯᠡᠬᠦ ᠪᠠ ᠳᠦᠷᠢᠮᠵᠢᠭᠦᠯᠬᠦ ᠠᠵᠢᠯ ᠢ ᠵᠤᠬᠢᠶᠠᠨ ᠪᠠᠶᠢᠭᠤᠯᠵᠤ ᠦᠷᠨᠢᠭᠦᠯᠤᠨ᠂ ᠴᠠᠭᠠᠨ | ᠢᠳᠡᠭᠡᠨ ᠦᠢᠯᠡᠳᠪᠤᠷᠢᠯᠡᠬᠦ ᠠᠵᠤ ᠠᠬᠤᠢᠢᠯᠠᠯ ᠤᠨ ᠦᠨᠡᠨᠴᠢ ᠨᠠᠶᠢᠳᠠᠪᠤᠷᠢᠳᠠᠢ ᠪᠠᠶᠢᠬᠤ᠂ ᠬᠠᠦᠯᠢ ᠶᠤᠰᠤᠭᠠᠷ ᠡᠵᠡᠩᠨᠠᠯᠳᠠ ᠬᠢᠬᠦ | ᠂ ᠨᠡᠶᠢᠭᠡᠮ ᠤᠨ ᠬᠠᠷᠢᠭᠤᠴᠠᠯᠭ᠎ᠠ ᠶᠢ ᠡᠭᠦᠷᠭᠡᠯᠡᠬᠦ ᠤᠬᠠᠮᠰᠠᠷᠳᠤ ᠴᠢᠨᠠᠷ ᠢ ᠳᠡᠭᠡᠭᠰᠢᠯᠡᠭᠦᠯᠤᠨ᠎ᠠ᠃ ᠪᠦᠳᠦᠭᠡᠭᠳᠡᠭᠦᠨ ᠤ ᠴᠢᠨᠠᠷ | ᠴᠢᠨᠰᠠᠭ᠎ᠠ ᠨᠢ ᠭᠢᠷᠢ ᠳᠠᠩᠴᠠᠬᠦ ᠦᠭᠡᠢ᠂ ᠦᠢᠯᠡᠳᠪᠤᠷᠢᠯᠡᠯ ᠪᠤᠷᠤᠯᠠᠭᠤᠯᠭ᠎ᠠ ᠨᠢ ᠡᠮᠬᠢ ᠵᠠᠮᠪᠠᠷᠠᠭ᠎ᠠ ᠦᠭᠡᠢ᠂ ᠴᠢᠨᠠᠷ | ᠴᠢᠨᠰᠠᠭ᠎ᠠ ᠶᠢᠨ ᠪᠠᠳᠤᠯᠠᠭ᠎ᠠ ᠶᠢᠨ ᠰᠢᠰᠲ᠋ᠧᠮ ᠨᠢ ᠳᠡᠭᠦᠯᠳᠡᠷ ᠪᠤᠰᠤ ᠪᠠᠶᠢᠳᠠᠭ ᠠᠵᠤ ᠠᠬᠤᠢᠢᠯᠠᠯ ᠢ ᠬᠤᠭᠤᠴᠠᠭ᠎ᠠ ᠳᠤᠭᠳᠠᠭᠠᠨ | ᠴᠡᠭᠴᠡᠯᠡᠬᠦ ᠪᠤᠶᠤ ᠦᠢᠯᠡᠳᠪᠤᠷᠢᠯᠠᠯ ᠢ ᠨᠢ ᠵᠤᠭᠰᠤᠭᠠᠵᠤ ᠴᠡᠭᠴᠡᠯᠡᠨ᠎ᠠ︔ ᠠᠵᠤ ᠦᠢᠯᠡᠰ ᠤᠨ ᠳᠦᠷᠦ ᠶᠢᠨ ᠪᠤᠳᠤᠯᠭ᠎ᠠ ᠪᠠ | ᠠᠵᠢᠯ ᠳᠦᠷᠦᠯ ᠳᠤ ᠤᠷᠤᠬᠤ ᠨᠦᠭᠦᠴᠡᠯ ᠳᠤ ᠨᠠᠶᠢᠴᠡᠬᠦ ᠦᠭᠡᠢ ᠪᠤᠶᠤ ᠴᠡᠭᠴᠡᠯᠠᠯᠳᠠ ᠬᠢᠭᠰᠡᠨ ᠤ ᠳᠠᠷᠠᠭ᠎ᠠ ᠮᠦᠨ | ᠪᠠᠳᠤᠯᠠᠭᠳᠠᠬᠤ ᠨᠦᠭᠦᠴᠡᠯ ᠳᠤ ᠭᠦᠷᠬᠦ ᠦᠭᠡᠢ ᠠᠵᠤ ᠠᠬᠤᠢᠢᠯᠠᠯ ᠢ ᠬᠠᠦᠯᠢ ᠶᠤᠰᠤᠭᠠᠷ ᠡᠬᠦᠳᠠ ᠶᠢ ᠨᠢ ᠬᠠᠭᠠᠯᠭᠠᠨ᠎ᠠ︔ | ᠬᠠᠦᠯᠢ ᠪᠤᠰᠤ ᠪᠠᠷ ᠦᠢᠯᠡᠳᠪᠤᠷᠢᠯᠠᠬᠦ ᠠᠵᠤ ᠠᠬᠤᠢᠢᠯᠠᠯ ᠢ ᠡᠷᠡᠰ ᠢᠶᠠᠷ ᠴᠠᠭᠠᠵᠠᠯᠠᠠ ᠰᠢᠢᠳᠪᠤᠷᠢᠯᠡᠨ᠎ᠠ᠃ ᠴᠡᠭᠴᠡᠯᠡᠬᠦ ᠪᠠ | ᠳᠦᠷᠢᠮᠵᠢᠭᠦᠯᠬᠦ ᠬᠤᠭᠤᠴᠠᠭᠠᠨ ᠳᠤ ᠴᠠᠭᠠᠨ ᠢᠳᠡᠭᠡᠨ ᠡᠳ᠋ᠰᠢᠭᠦᠯᠬᠦ ᠰᠢᠨ᠎ᠠ ᠠᠵᠢᠯ ᠤᠨ ᠵᠦᠢᠯ ︵ᠠᠵᠤ ᠠᠬᠤᠢᠢᠯᠠᠯ︶ ᠤᠨ | ᠲᠤᠬᠠᠢ ᠬᠢᠨᠠᠨ ᠵᠦᠪᠰᠢᠶᠠᠷᠠᠬᠦ ᠠᠵᠢᠯ ᠢ ᠳᠦᠷ ᠵᠤᠭᠰᠤᠭᠠᠨ᠎ᠠ᠂ ᠳᠡᠬᠢᠨ ᠵᠤᠬᠢᠶᠠᠨ ᠪᠠᠶᠢᠭᠤᠯᠬᠤ ᠵᠢᠴᠢ ᠡᠬᠦᠳᠠ ᠪᠠᠨ | ᠬᠠᠭᠠᠭᠰᠠᠨ ᠠᠵᠤ ᠠᠬᠤᠢᠢᠯᠠᠯ ᠤᠨ ᠭᠦᠷᠤᠩᠭᠡ ᠶᠢ ᠳᠦᠪᠬᠢᠨᠡᠭᠦᠯᠬᠦ ᠪᠠ ᠠᠵᠢᠯᠳᠠᠨ ᠠᠵᠢᠯᠴᠢᠳ ᠢ ᠳᠤᠬᠢᠷᠠᠭᠤᠯᠬᠤ ᠵᠡᠷᠭᠡ | ᠠᠵᠢᠯ ᠢ ᠲᠤᠬᠢᠳᠠᠢ ᠰᠢᠢᠳᠪᠤᠷᠢᠯᠡᠬᠦ ᠭᠡᠷᠡᠭᠲᠡᠢ᠃ ᠠᠵᠤ ᠠᠬᠤᠢᠢᠯᠠᠯ ᠤᠨ ᠡᠬᠦᠳᠠ ᠪᠠᠨ ᠬᠠᠭᠠᠭᠰᠠᠨ ᠠᠴᠠ ᠪᠤᠯᠵᠤ ︽ᠰᠦ | ᠬᠤᠳᠠᠯᠳᠤᠬᠤ ᠳᠤ ᠭᠦᠴᠢᠷᠳᠠᠯ ᠲᠠᠢ︾ ᠪᠤᠯᠬᠤ ᠠᠰᠠᠭᠤᠳᠠᠯ ᠪᠤᠢ ᠪᠤᠯᠬᠤ ᠠᠴᠠ ᠰᠡᠷᠭᠡᠶᠢᠯᠡᠬᠦ ᠭᠡᠷᠡᠭᠳᠠᠢ᠃ | 2᠂ ᠭᠡᠪ ᠤᠨ ᠦᠢᠯᠡᠳᠪᠤᠷᠢᠯᠠᠯ ᠢᠶᠠᠨ ᠪᠠᠳᠤᠯᠠᠨ᠎ᠠ᠃ | ︵1 ︶ ᠮᠦᠩᠭᠦᠨ ᠭᠦᠢᠯᠭᠡᠭᠡᠨ ᠪᠤᠯᠤᠨ ᠡᠳ᠋ ᠤᠨ ᠵᠠᠰᠠᠭ ᠤᠨ ᠳᠡᠮᠵᠢᠯᠭᠡ ᠶᠢ ᠴᠢᠩᠭᠠᠳᠬᠠᠨ᠎ᠠ᠃ ᠦᠨᠠᠨᠴᠢ | ᠨᠠᠶᠢᠳᠠᠪᠤᠷᠢᠳᠠᠢ ᠬᠠᠦᠯᠢ ᠰᠠᠬᠢᠨ ᠡᠵᠡᠩᠨᠡᠯᠳᠠ ᠬᠢᠳᠡᠭ ᠴᠠᠭᠠᠨ ᠢᠳᠡᠭᠡᠨ ᠦᠢᠯᠡᠳᠪᠤᠷᠢᠯᠡᠬᠦ ᠠᠵᠤ ᠠᠬᠤᠢᠢᠯᠠᠯ ᠨᠢ ᠵᠢᠭᠡᠯᠡᠯᠭᠡ | ᠠᠪᠬᠤ ᠨᠦᠭᠦᠴᠡᠯ ᠳᠤ ᠨᠡᠶᠢᠴᠡᠭᠰᠡᠨ ᠵᠢᠭᠡᠯᠡᠯᠭᠡ ᠶᠢᠨ ᠱᠠᠭᠠᠷᠳᠠᠯᠭ᠎ᠠ ᠲᠠᠢ ᠪᠤᠯ ᠮᠦᠩᠭᠦᠨ ᠭᠦᠢᠯᠭᠡᠭᠡᠨ ᠤ ᠪᠠᠶᠢᠭᠤᠯᠤᠮᠵᠢ | ᠭᠦᠢᠴᠡᠳ ᠵᠢᠭᠡᠯᠡᠯᠭᠡ ᠦᠭᠴᠤ ᠳᠡᠮᠵᠢᠬᠦ ᠭᠡᠷᠡᠭᠳᠠᠢ︔ ᠨᠢᠯᠬ᠎ᠠ ᠭᠡᠦᠭᠡᠳ ᠤᠨ ᠰᠦ ᠶᠢᠨ ᠳᠠᠯᠬ᠎ᠠ ᠶᠢᠨ ᠲᠤᠬᠠᠢ ᠭᠡᠷᠡᠭ ᠤᠨ | ᠨᠦᠯᠦᠭᠡᠯᠠᠯ ᠢᠶᠠᠷ ᠵᠤᠭᠤᠰ ᠮᠦᠩᠬᠦᠨ ᠤ ᠡᠷᠭᠢᠯᠲᠡ ᠨᠢ ᠳᠦᠷ ᠴᠠᠭ ᠭᠦᠴᠢᠷᠳᠠᠯᠳᠠᠢ ᠪᠤᠯᠤᠭᠰᠠᠨ ᠠᠵᠤ ᠠᠬᠤᠢᠢᠯᠠᠯ ᠳᠤ | ᠮᠦᠩᠭᠦᠨ ᠭᠦᠢᠯᠭᠡᠭᠡᠨ ᠤ ᠪᠠᠶᠢᠭᠤᠯᠤᠮᠵᠢ ᠳᠤᠭᠳᠠᠭᠠᠯ ᠶᠤᠰᠤᠭᠠᠷ ᠡᠷᠬᠢᠯᠳᠠ ᠶᠢᠨ ᠵᠤᠭᠤᠰ ᠮᠦᠩᠬᠦ ᠶᠢᠨ ᠵᠢᠭᠡᠯᠡᠯᠭᠡ ᠦᠭᠴᠦ | ᠳᠡᠮᠵᠢᠨ᠂ ᠮᠦᠩᠬᠦᠨ ᠭᠦᠢᠯᠭᠡᠭᠡᠨ ᠤ ᠪᠠᠶᠢᠭᠤᠯᠤᠮᠵᠢ ᠠᠴᠠ ᠬᠤᠭᠤᠴᠠᠭ᠎ᠠ ᠶᠢ ᠨᠢ ᠤᠷᠳᠤᠳᠬᠠᠬᠤ ᠪᠠᠷ ᠵᠦᠪᠰᠢᠶᠠᠷᠡᠭᠰᠡᠨ | ᠪᠤᠯᠪᠠᠴᠤ ᠬᠤᠭᠤᠴᠠᠭ᠎ᠠ ᠶᠢ ᠨᠢ ᠨᠢᠭᠡᠨᠲᠡ ᠭᠡᠳᠤᠷᠡᠭᠦᠯᠦᠭᠰᠡᠨ ᠵᠢᠭᠡᠯᠡᠯᠭᠡ ᠶᠢᠨ ᠳᠤᠷᠭᠠᠭᠤᠯᠢ ᠶᠢᠨ ᠭᠦᠦ ᠮᠦᠩᠬᠦ ᠶᠢ ᠠᠵᠤ | ᠠᠬᠤᠢᠢᠯᠠᠯ ᠠᠴᠠ ᠠᠪᠬᠤ ᠦᠭᠡᠢ ᠪᠠᠷ ᠭᠡᠯᠳᠤᠷᠢᠭᠦᠯᠤᠨᠠ᠃ ᠠᠵᠤ ᠠᠬᠤᠢᠢᠯᠠᠯ ᠤᠨ ᠳᠦᠭᠦᠭᠡᠢ ᠰᠦ ᠬᠤᠳᠠᠯᠳᠤᠨ ᠠᠪᠬᠤ | ᠪᠠᠷ ᠠᠪᠤᠭᠰᠠᠨ ᠵᠢᠭᠡᠯᠡᠯᠭᠡ ᠶᠢᠨ ᠲᠤᠬᠠᠢ ᠳᠦᠪ ᠤᠨ ᠡᠳ᠋ ᠤᠨ ᠵᠠᠰᠠᠭ ᠠᠴᠠ ᠬᠠᠭᠠᠰ ᠵᠢᠯ ᠤᠨ ᠬᠤᠭᠤᠴᠠᠭ᠎ᠠ ᠲᠠᠢ | ᠪᠠᠩᠬᠢ ᠶᠢᠨ ᠵᠢᠭᠡᠯᠡᠯᠭᠡ ᠶᠢᠨ ᠦᠨᠳᠤᠰᠤᠨ ᠪᠠᠷᠢᠮᠵᠢᠶ᠎ᠠ ᠶᠢᠨ ᠠᠰᠢᠭ ᠬᠤᠨᠵᠢᠪᠤᠷᠢ ᠶᠢᠨ ᠨᠤᠷᠮ᠎ᠠ ᠶᠢᠨ ᠬᠠᠭᠠᠰ ᠢᠶᠠᠷ ᠪᠤᠳᠤᠵᠤ | ᠪᠠᠶᠢᠭᠠᠳ ᠭᠤᠷᠪᠠᠨ ᠰᠠᠷ᠎ᠠ ᠶᠢᠨ ᠭᠦᠦ ᠮᠦᠩᠬᠦ ᠶᠢ ᠨᠢ ᠤᠷᠤᠯᠠᠨ ᠦᠭᠴᠤ ᠪᠤᠯᠤᠨ᠎ᠠ᠂ ᠤᠷᠤᠨ ᠨᠤᠳᠤᠭ ᠤᠨ ᠡᠳ᠋ ᠤᠨ ᠵᠠᠰᠠᠭ | ᠴᠤ ᠭᠦᠦ ᠮᠦᠩᠬᠦ ᠤᠷᠤᠯᠠᠨ ᠦᠭᠬᠦ ᠠᠷᠭ᠎ᠠ ᠪᠠᠷ ᠠᠵᠦ ᠠᠬᠤᠢᠢᠯᠠᠯ ᠢ ᠳᠡᠮᠵᠢᠵᠤ ᠪᠤᠯᠤᠨ᠎ᠠ᠃ ᠭᠦᠦ ᠮᠦᠩᠬᠦ ᠶᠢ ᠨᠢ | ᠤᠷᠤᠯᠠᠨ ᠦᠭᠬᠦ ᠪᠤᠳᠠᠳᠠᠢ ᠨᠦᠭᠦᠴᠠᠯ᠂ ᠪᠠᠷᠢᠮᠵᠢᠶ᠎ᠠ ᠪᠠ ᠠᠯᠬᠤᠮ ᠳᠠᠷᠠᠭᠠᠯᠠᠯ ᠢ ᠡᠳ᠋ ᠤᠨ ᠵᠠᠰᠠᠭ ᠤᠨ ᠰᠠᠯᠠᠭ᠎ᠠ ᠮᠦᠴᠢᠷ ᠤᠨ | ᠳᠤᠭᠳᠠᠭᠠᠯ ᠢᠶᠠᠷ ᠨᠠᠶᠢᠳᠠᠪᠤᠷᠢᠵᠢᠭᠤᠯᠤᠨ᠎ᠠ᠃ ᠴᠠᠭᠠᠨ ᠢᠳᠡᠭᠡᠨ ᠤ ᠦᠢᠯᠡᠰ ᠤᠨ ᠪᠠᠯᠠ ᠮᠦᠩᠬᠦ ᠴᠤᠭᠯᠠᠭᠤᠯᠬᠤ ᠠᠷᠭ᠎ᠠ ᠵᠠᠮ ᠢ | ᠦᠷᠭᠡᠳᠭᠡᠵᠤ᠂ ᠨᠦᠭᠦᠴᠡᠯ ᠳᠤ ᠨᠠᠶᠢᠴᠡᠭᠰᠡᠨ ᠠᠵᠤ ᠠᠬᠤᠢᠢᠯᠠᠯ ᠤᠨ ᠵᠢᠭᠡᠯᠡᠯᠭᠡ ᠶᠢᠨ ᠳᠡᠮᠳᠡᠭ ᠳᠠᠷᠬᠠᠭᠠᠬᠤ ᠪᠠ ᠰᠲ᠋ᠤᠺ ᠤᠨ | ᠵᠠᠬ᠎ᠠ ᠳᠡᠯᠭᠡᠭᠦᠷ ᠢᠶᠠᠷ ᠳᠠᠮᠵᠢᠨ ᠪᠠᠯᠠ ᠮᠦᠩᠬᠦ ᠴᠤᠭᠯᠠᠭᠤᠯᠬᠤ ᠶᠠᠪᠤᠳᠠᠯ ᠢ ᠢᠳᠡᠪᠬᠢᠳᠠᠢ ᠳᠡᠮᠵᠢᠨ᠎ᠠ᠃ | ︵2 ︶ ᠳᠦᠭᠦᠭᠡᠢ ᠰᠦ ᠬᠤᠳᠠᠯᠳᠤᠨ ᠠᠪᠬᠤ ᠠᠵᠢᠯ ᠢ ᠰᠠᠶᠢᠳᠤᠷ ᠬᠢᠨ᠎ᠠ᠃ ᠬᠤᠯᠪᠤᠭᠳᠠᠯ ᠪᠦᠭᠦᠢ ᠰᠠᠯᠠᠭ᠎ᠠ | ᠮᠦᠴᠢᠷ ᠠᠵᠤ ᠠᠬᠤᠢᠢᠯᠠᠯ ᠤᠨ ᠨᠡᠶᠢᠭᠡᠮ ᠤᠨ ᠬᠠᠷᠢᠭᠤᠴᠠᠯᠭ᠎ᠠ ᠪᠠᠨ ᠭᠦᠢᠴᠡᠳᠭᠡᠬᠦ ᠶᠠᠪᠤᠳᠠᠯ ᠢ ᠱᠠᠭᠠᠷᠳᠠᠨ᠂ ᠬᠤᠳᠠᠯᠳᠤᠨ | ᠠᠪᠬᠤ ᠭᠡᠷ᠎ᠠ ᠶᠢ ᠮᠠᠭᠠᠳ ᠭᠦᠢᠴᠡᠳᠭᠡᠯᠭᠡᠵᠤ᠂ ᠳᠤᠷ᠎ᠠ ᠪᠠᠷ ᠳᠦᠭᠦᠭᠡᠢ ᠰᠦ ᠦᠯᠦ ᠬᠤᠷᠢᠶᠠᠬᠤ ᠶᠠᠪᠤᠳᠠᠯ ᠢ ᠡᠷᠠᠰ | ᠬᠤᠷᠢᠭᠯᠠᠨ᠂ ᠦᠨᠢᠶ᠎ᠠ ᠠᠷᠠᠴᠢᠯᠠᠭᠴᠢᠳ ᠤᠨ ᠠᠰᠢᠭ ᠳᠤᠰᠠ ᠶᠢ ᠬᠠᠮᠠᠭᠠᠯᠠᠨ᠎ᠠ᠃ ᠴᠢᠨᠠᠷ ᠴᠢᠨᠰᠠᠭ᠎ᠠ ᠶᠢᠨ ᠠᠮᠤᠷ ᠳᠦᠪᠰᠢᠨ ᠢ | ᠦᠨᠡᠨᠬᠦ ᠪᠠᠳᠤᠯᠠᠬᠤ ᠶᠢᠨ ᠳᠦᠯᠦᠭᠡ ᠠᠵᠤ ᠠᠬᠤᠢᠢᠯᠠᠯ ᠨᠢ ᠠᠵᠢᠯᠳᠠᠠ ᠳᠤᠮᠢᠯᠠᠵᠤ ᠠᠵᠢᠯ ᠤᠨ ᠪᠦᠬᠦ ᠶᠠᠪᠤᠴᠠ ᠶᠢ ᠬᠢᠨᠠᠨ | ᠡᠵᠡᠮᠳᠠᠵᠤ᠂ ᠬᠦᠮᠦᠨ ᠨᠢ ᠬᠦᠮᠦᠨ ᠢ ᠪᠠᠶᠢᠴᠠᠭᠠᠬᠤ᠂ ᠬᠦᠮᠦᠨ ᠨᠢ ᠳᠡᠷᠭᠡ ᠶᠢ ᠪᠠᠶᠢᠴᠠᠭᠠᠬᠤ᠂ ᠬᠦᠮᠦᠨ ᠨᠢ ᠦᠷᠳᠡᠭᠡ ᠶᠢ | ᠪᠠᠶᠢᠴᠠᠭᠠᠬᠤ ︽ᠭᠤᠷᠪᠠᠨ ᠪᠠᠶᠢᠴᠠᠭᠠᠬᠤ︾ ᠵᠠᠷᠭᠡ ᠠᠷᠭ᠎ᠠ ᠭᠡᠮᠵᠢᠶ᠎ᠠ ᠪᠠᠷ ᠳᠡᠮᠵᠢᠨ᠂ ᠳᠦᠭᠦᠭᠡᠢ ᠰᠦ ᠶᠢᠨ ᠦᠢᠯᠡᠳᠪᠤᠷᠢ ᠳᠤ | ᠤᠷᠤᠬᠤ ᠪᠤᠭᠤᠮᠳᠠ ᠶᠢ ᠴᠢᠩᠭ᠎ᠠ ᠰᠠᠬᠢᠨ᠎ᠠ᠃ | ︵3 ︶ ᠳᠦᠷᠦᠯ ᠬᠤᠪᠢᠶᠠᠨ ᠵᠢᠯᠤᠭᠤᠳᠬᠤ ᠠᠵᠢᠯ ᠢ ᠴᠢᠩᠭᠠᠳᠬᠠᠨ᠎ᠠ᠃ ᠤᠷᠤᠨ ᠨᠤᠳᠤᠭ ᠤᠨ ᠡᠯ᠎ᠠ ᠱᠠᠳᠤᠨ ᠤ | ᠵᠠᠰᠠᠭ ᠤᠨ ᠤᠷᠳᠤᠨ ᠠᠰᠠᠭᠤᠳᠠᠯ ᠲᠠᠢ ᠠᠵᠤ ᠠᠬᠤᠢᠢᠯᠠᠯ ᠢ ᠳᠦᠷᠭᠡᠨ ᠴᠡᠭᠴᠡᠯᠠᠵᠤ᠂ ᠰᠢᠯᠭᠠᠨ ᠪᠠᠶᠢᠴᠠᠭᠠᠬᠤ ᠪᠠᠷ ᠳᠠᠮᠵᠢᠨ | ᠭᠢᠷᠢ ᠳᠡᠩᠴᠡᠭᠰᠡᠨ ᠤ ᠳᠠᠷᠠᠭ᠎ᠠ ᠳᠦᠷᠭᠡᠭᠡᠨ ᠦᠢᠯᠡᠳᠪᠤᠷᠢᠯᠠᠯ ᠢᠶᠠᠨ ᠰᠡᠷᠭᠦᠭᠡᠬᠦ ᠳᠤᠨᠢ ᠬᠢᠨᠠᠯᠳᠠ ᠳᠡᠯᠪᠢᠬᠤ ᠭᠡᠷᠡᠭᠳᠠᠢ︔ ᠭᠢᠷᠢ | ᠳᠡᠩᠴᠡᠭᠰᠡᠨ ᠠᠵᠤ ᠠᠬᠤᠢᠢᠯᠠᠯ ᠬᠠᠮᠢᠶᠠᠷᠤᠯᠳᠠ ᠪᠠᠨ ᠴᠢᠩᠭᠠᠳᠬᠠᠵᠤ᠂ ᠪᠦᠳᠦᠭᠡᠭᠳᠡᠭᠦᠨ ᠤ ᠪᠡᠯᠡ ᠤᠷᠤᠭᠤᠯᠤᠯᠳᠠ ᠪᠠᠨ | ᠨᠡᠮᠡᠭᠳᠡᠭᠦᠯᠬᠦ ᠭᠡᠷᠡᠭᠲᠡᠢ᠃ ᠶᠠᠭᠤ ᠶᠢ ᠴᠤ ᠢᠯᠭᠠᠬᠤ ᠦᠭᠡᠢ ᠪᠠᠷ ᠠᠯᠢᠪᠠ ᠴᠠᠭᠠᠨ ᠢᠳᠡᠭᠡᠨ ᠤ ᠠᠵᠤ ᠠᠬᠤᠢᠢᠯᠠᠯ ᠢ ᠪᠦᠷ | ᠦᠢᠯᠡᠳᠪᠤᠷᠢᠯᠠᠯ ᠢᠶᠠᠨ ᠵᠤᠭᠰᠤᠭᠠᠨ ᠴᠡᠭᠴᠡᠯᠠᠯᠳᠠ ᠬᠢᠯᠭᠡᠬᠦ ᠪᠠᠷ ᠱᠠᠭᠠᠷᠳᠠᠵᠤ ᠪᠤᠯᠬᠤ ᠦᠭᠡᠢ᠃ | 3᠂ ᠠᠵᠤ ᠠᠬᠤᠢᠢᠯᠠᠯ ᠤᠨ ᠬᠠᠮᠢᠶᠠᠷᠤᠯᠳᠠ ᠶᠢᠨ ᠳᠦᠪᠰᠢᠨ ᠢ ᠳᠡᠭᠡᠭᠰᠢᠯᠡᠭᠦᠯᠤᠨ᠎ᠠ᠃ ᠴᠠᠭᠠᠨ ᠢᠳᠡᠭᠡᠨ | ᠦᠢᠯᠡᠳᠪᠤᠷᠢᠯᠡᠬᠦ ᠠᠵᠤ ᠠᠬᠤᠢᠢᠯᠠᠯ ᠪᠦᠳᠦᠭᠡᠭᠳᠡᠬᠦᠨ ᠤ ᠴᠢᠨᠠᠷ ᠴᠢᠨᠰᠠᠭ᠎ᠠ ᠶᠢ ᠪᠠᠳᠤᠯᠠᠬᠤ ᠬᠠᠷᠢᠭᠤᠴᠠᠯᠭ᠎ᠠ ᠪᠠᠨ ᠦᠨᠡᠨᠬᠦ | ᠡᠭᠦᠷᠭᠡᠯᠠᠵᠤ᠂ ᠠᠵᠤ ᠠᠬᠤᠢᠢᠯᠠᠯ ᠤᠨ ᠬᠠᠮᠢᠶᠠᠷᠤᠯᠳᠠ ᠶᠢᠨ ᠳᠦᠷᠢᠮ ᠢᠶᠠᠨ ᠳᠡᠭᠦᠯᠳᠡᠷᠵᠢᠭᠦᠯᠦᠨ᠂ ᠠᠵᠢᠯᠳᠠᠨ ᠠᠵᠢᠯᠴᠢᠳ ᠤᠨ | ᠪᠦᠳᠦᠭᠡᠭᠳᠡᠭᠦᠨ ᠤ ᠴᠢᠨᠠᠷ ᠴᠢᠨᠰᠠᠭ᠎ᠠ ᠢᠶᠠᠨ ᠤᠬᠠᠮᠰᠠᠷ ᠤᠨ ᠳᠤᠬᠠᠢ ᠭᠦᠮᠦᠵᠢᠯ ᠢ ᠴᠢᠩᠭᠠᠳᠬᠠᠵᠤ᠂ ᠤᠬᠠᠮᠰᠠᠷ ᠠᠴᠠ ᠪᠠᠨ | ᠬᠠᠦᠯᠢ ᠴᠠᠭᠠᠵᠠ ᠬᠠᠦᠯᠢ ᠳᠦᠷᠢᠮ ᠪᠤᠯᠤᠨ ᠴᠢᠨᠠᠷ ᠴᠢᠨᠰᠠᠭ᠎ᠠ ᠶᠢᠨ ᠪᠠᠷᠢᠮᠵᠢᠶ᠎ᠠ ᠶᠢ ᠵᠢᠷᠤᠮᠯᠠᠨ᠂ ᠳᠦᠷᠢᠮ ᠳᠡᠭᠦᠯᠳᠡᠷ᠂ | ᠡᠭᠦᠷᠭᠡ ᠬᠠᠷᠢᠭᠤᠴᠠᠯᠭ᠎ᠠ ᠳᠤᠳᠤᠷᠬᠠᠢ᠂ ᠬᠠᠮᠢᠶᠠᠷᠤᠯᠳᠠ ᠭᠦᠢᠴᠡᠳ᠂ ᠬᠠᠷᠢᠭᠤᠴᠠᠯᠭ᠎ᠠ ᠶᠢ ᠭᠦᠮᠦᠨ ᠳᠤ ᠨᠠᠶᠢᠳᠠᠪᠤᠷᠢᠵᠢᠭᠤᠯᠬᠤ | ᠶᠠᠪᠤᠳᠠᠯ ᠢ ᠭᠦᠢᠴᠡᠳᠭᠡᠬᠦ ᠭᠡᠷᠡᠭᠲᠡᠢ︔ ᠪᠠᠶ᠎ᠠ ᠪᠠᠨ ᠳᠠᠭᠠᠭᠠᠵᠤ ᠰᠢᠨ᠎ᠠ ᠶᠢ ᠡᠭᠦᠳᠬᠦ ᠴᠢᠳᠠᠪᠤᠷᠢ ᠶᠢ ᠪᠤᠢ ᠪᠤᠯᠭᠠᠵᠤ᠂ | ᠪᠦᠳᠦᠭᠡᠭᠳᠡᠭᠦᠨ ᠨᠡᠭᠡᠭᠡᠨ ᠭᠦᠭᠵᠢᠭᠦᠯᠬᠦ ᠴᠢᠳᠠᠪᠤᠷᠢ ᠪᠠ ᠮᠡᠷᠭᠡᠵᠢᠯ ᠳᠤᠨᠤᠭᠯᠠᠯ ᠤᠨ ᠳᠦᠪᠰᠢᠨ ᠢ ᠳᠡᠭᠡᠭᠰᠢᠯᠡᠭᠦᠯᠤᠨ᠂ | ᠬᠤᠷᠤᠭᠳᠠᠯ ᠢ ᠪᠠᠭᠠᠰᠬᠠᠬᠤ ᠪᠠᠷ ᠴᠢᠷᠮᠠᠶᠢᠵᠤ᠂ ᠡᠬᠢ ᠪᠠᠶᠠᠯᠢᠭ ᠢ ᠶᠠᠷᠤᠩᠭᠡᠶᠢᠯᠠᠨ ᠠᠰᠢᠭᠯᠠᠬᠤ ᠪᠠ ᠤᠷᠴᠢᠨ ᠳᠤᠭᠤᠷᠢᠨ ᠢ | ᠬᠠᠮᠠᠭᠠᠯᠠᠬᠤ ᠶᠠᠪᠤᠳᠠᠯ ᠢ ᠴᠢᠩᠭᠠᠳᠬᠠᠬᠤ ᠭᠡᠷᠡᠭᠲᠡᠢ︔ ᠳᠦᠷᠦᠯ ᠳᠡᠮᠳᠡᠭ ᠤᠨ ᠪᠠᠶᠢᠯᠳᠤᠬᠤ ᠪᠤᠳᠤᠯᠭ᠎ᠠ ᠶᠢᠨ ᠭᠡᠷᠡᠭᠵᠢᠬᠦᠯᠦᠯᠲᠡ | ᠶᠢ ᠠᠬᠢᠭᠤᠯᠵᠤ᠂ ᠵᠠᠬ᠎ᠠ ᠳᠡᠯᠭᠡᠭᠦᠷ ᠤᠨ ᠦᠷᠢᠰᠤᠯᠳᠦᠬᠦ ᠭᠦᠴᠦᠨ ᠢᠶᠠᠨ ᠳᠡᠭᠡᠭᠰᠢᠯᠡᠭᠦᠯᠬᠦ ᠭᠡᠷᠡᠭᠲᠡᠢ᠃ | 4᠂ ᠠᠵᠤ ᠦᠢᠯᠡᠰ ᠤᠨ ᠪᠦᠳᠦᠴᠠ ᠶᠢ ᠰᠢᠯᠢᠳᠡᠭᠵᠢᠭᠦᠯᠦᠨ᠎ᠠ᠃ ᠴᠠᠭᠠᠨ ᠢᠳᠡᠭᠡᠨ ᠤ ᠠᠵᠤ ᠦᠢᠯᠡᠰ ᠤᠨ ᠲᠤᠬᠠᠢ | ᠳᠦᠷᠦ ᠶᠢᠨ ᠪᠤᠳᠤᠯᠭ᠎ᠠ ᠶᠢ ᠴᠢᠩᠭ᠎ᠠ ᠭᠡᠷᠡᠭᠵᠢᠭᠦᠯᠵᠤ᠂ ᠠᠵᠢᠯ ᠳᠦᠷᠦᠯ ᠳᠤ ᠤᠷᠤᠬᠤ ᠪᠠᠷᠢᠮᠵᠢᠶ᠎ᠠ ᠶᠢ ᠴᠢᠩᠭᠠᠳᠬᠠᠨ᠂ | ᠰᠤᠬᠤᠷ ᠪᠠᠯᠠᠢ ᠪᠠᠷ ᠪᠠᠯᠠ ᠤᠷᠤᠭᠤᠯᠬᠤ ᠪᠠ ᠳᠡᠬᠢᠨ ᠳᠡᠪᠳᠠᠨ ᠪᠦᠳᠦᠭᠡᠨ ᠪᠠᠶᠢᠭᠤᠯᠬᠤ ᠶᠠᠪᠤᠳᠠᠯ ᠢ ᠰᠡᠷᠭᠡᠶᠢᠯᠡᠵᠤ᠂ ᠴᠠᠭᠠᠨ | ᠢᠳᠡᠭᠡᠨ ᠤ ᠡᠳ᠋ᠰᠢᠭᠦᠯᠤᠯᠳᠠ ᠬᠢᠭᠡᠳ ᠳᠦᠭᠦᠭᠡᠢ ᠰᠦ ᠶᠢᠨ ᠦᠢᠯᠡᠳᠪᠤᠷᠢᠯᠠᠯ ᠤᠨ ᠵᠤᠬᠢᠴᠠᠩᠭᠤᠢ ᠭᠦᠭᠵᠢᠯᠳᠠ ᠶᠢ ᠠᠬᠢᠭᠤᠯᠤᠨ | ᠂ ᠤᠨᠴᠠᠯᠢᠭ ᠢᠶᠠᠷ ᠳᠤᠳᠤ᠂ ᠭᠦᠭᠵᠢᠯᠳᠠ ᠪᠠᠷ ᠵᠤᠬᠢᠴᠠᠩᠭᠤᠢ ᠴᠠᠭᠠᠨ ᠢᠳᠡᠭᠡᠨ ᠤ ᠠᠵᠤ ᠦᠢᠯᠡᠳᠪᠤᠷᠢ ᠶᠢᠨ ᠰᠢᠨ᠎ᠠ | ᠪᠠᠶᠢᠷᠢᠰᠢᠯ ᠲᠠᠷᠬᠠᠴᠠ ᠶᠢ ᠪᠤᠢ ᠪᠤᠯᠭᠠᠨ᠎ᠠ᠃ | ᠵᠠᠭᠦᠨ ᠬᠤᠶᠢᠳᠤ᠂ ᠬᠤᠸᠠᠪᠸᠢ᠂ ᠪᠠᠷᠠᠭᠤᠨ ᠬᠤᠶᠢᠳᠤ ᠤᠷᠤᠨ ᠤ ᠭᠤᠤᠯᠳᠠᠯᠭ᠎ᠠ ᠪᠤᠯᠬᠤ ᠦᠢᠯᠡᠳᠪᠤᠷᠢᠯᠡᠯ ᠤᠨ | ᠤᠷᠤᠨ ᠠᠵᠤ ᠦᠢᠯᠡᠰ ᠤᠨ ᠪᠠᠶᠢᠷᠢᠰᠢᠯᠠᠭᠤᠯᠤᠯᠳᠠ ᠳᠠᠭᠠᠨ ᠳᠤᠬᠢᠷᠠᠭᠤᠯᠤᠯᠳᠠ ᠬᠢᠵᠤ᠂ ᠪᠠᠶᠢᠷᠢᠰᠢᠯ ᠲᠠᠷᠬᠠᠴᠠ ᠨᠢ ᠵᠤᠬᠢᠰᠳᠠᠢ | ᠪᠤᠰᠤ᠂ ᠭᠡᠪᠴᠢᠶᠠᠵᠢᠯ ᠢᠶᠠᠷ ᠪᠠᠭ᠎ᠠ᠂ ᠮᠡᠷᠭᠡᠵᠢᠯ ᠢᠶᠠᠷ ᠬᠤᠴᠤᠷᠤᠩᠭᠤᠢ ᠦᠢᠯᠡᠳᠪᠤᠷᠢᠯᠡᠯ ᠢ ᠰᠢᠷᠪᠢᠵᠦ ᠬᠠᠶᠠᠬᠤ ᠭᠡᠷᠡᠭᠲᠡᠢ︔ | ᠡᠮᠤᠨᠡᠳᠤ ᠤᠷᠤᠨ ᠳᠤᠰ ᠭᠠᠵᠠᠷ ᠤᠨ ᠪᠤᠳᠠᠳᠠᠢ ᠨᠦᠭᠦᠴᠠᠯ ᠢᠶᠠᠨ ᠦᠨᠳᠤᠰᠤᠯᠠᠵᠤ᠂ ᠴᠠᠭᠠᠨ ᠢᠳᠡᠭᠡᠨ ᠤ ᠠᠵᠤ | ᠦᠢᠯᠡᠳᠪᠤᠷᠢ ᠶᠢᠨ ᠭᠡᠪᠴᠢᠶᠠᠵᠢᠯ ᠢᠶᠠᠨ ᠠᠯᠬᠤᠮ ᠠᠯᠬᠤᠮ ᠢᠶᠠᠷ ᠦᠷᠭᠡᠳᠭᠡᠬᠦ ᠭᠡᠷᠡᠭᠲᠡᠢ︔ ᠳᠤᠮᠤ ᠬᠤᠳᠠ ᠶᠢᠨ ᠳᠡᠭᠦᠷᠭᠡ | ᠴᠠᠭᠠᠨ ᠢᠳᠡᠭᠡᠨ ᠤ ᠠᠵᠤ ᠦᠢᠯᠡᠳᠪᠤᠷᠢ ᠶᠢᠨ ᠤᠳᠤᠬᠢᠴᠢᠯᠠᠯᠳᠠ ᠶᠢᠨ ᠠᠯᠬᠤᠮ ᠢᠶᠠᠨ ᠳᠦᠷᠭᠡᠳᠭᠡᠬᠦ ᠭᠡᠷᠡᠭᠲᠡᠢ᠃ ᠠᠵᠤ | ᠠᠬᠤᠢᠢᠯᠠᠯ ᠤᠨ ᠭᠦᠷᠤᠩᠭᠡ ᠪᠠᠨ ᠳᠡᠬᠢᠨ ᠵᠤᠬᠢᠶᠠᠨ ᠪᠠᠶᠢᠭᠤᠯᠬᠤ᠂ ᠪᠤᠰᠤᠳ ᠤᠨ ᠬᠢ ᠶᠢ ᠬᠤᠳᠠᠯᠳᠤᠨ ᠠᠪᠴᠤ ᠨᠠᠶᠢᠯᠡᠭᠦᠯᠦᠨ | ᠠᠪᠬᠤ᠂ ᠭᠦᠴᠦᠷᠭᠡᠭ ᠭᠦᠴᠦᠷᠭᠡᠭ ᠲᠠᠢ ᠪᠠᠨ ᠬᠠᠮᠳᠤᠷᠠᠬᠤ ᠵᠡᠷᠭᠡ ᠠᠷᠭ᠎ᠠ ᠭᠡᠯᠪᠠᠷᠢ ᠪᠠᠷ ᠪᠦᠯᠦᠭᠯᠡᠯᠵᠢᠬᠦ᠂ ᠡᠷᠴᠢᠮᠵᠢᠭᠦ | ᠶᠠᠪᠤᠴᠠ ᠶᠢ ᠳᠦᠷᠭᠡᠳᠭᠡᠬᠦ ᠶᠢ ᠵᠤᠷᠢᠬᠵᠢᠭᠤᠯᠤᠨ ᠳᠡᠮᠵᠢᠵᠤ᠂ ᠡᠳ᠋ᠰᠢᠭᠦᠯᠬᠦ ᠡᠬᠢ ᠪᠠᠶᠠᠯᠢᠭ ᠢᠶᠠᠨ ᠨᠡᠶᠢᠳᠭᠡᠵᠤ ᠠᠵᠤ | ᠦᠢᠯᠡᠰ ᠤᠨ ᠳᠦᠪᠰᠢᠨ ᠢᠶᠠᠨ ᠳᠡᠭᠡᠭᠰᠢᠯᠡᠬᠦᠯᠤᠨ᠎ᠠ᠃ | |