ᠴᠠᠭᠠᠨ ᠢᠳᠡᠭᠡᠨ  ᠤ   ᠦᠢᠯᠡᠰ  ᠢ   ᠴᠡᠭᠴᠡᠯᠡᠬᠦ   ᠪᠠ ᠮᠠᠨᠳᠤᠭᠤᠯᠬᠤ ᠳᠦᠯᠦᠪᠵᠢᠭᠦᠯᠭᠡ ᠶᠢᠨ ᠭᠦᠳᠤᠯᠪᠤᠷᠢ ︵  ᠭᠤᠷᠪᠠ︶
ᠵᠣᠬᠢᠶᠠᠭᠴᠢ᠄ 
      ᠴᠠᠭᠠᠨ   ᠢᠳᠡᠭᠡᠨ   ᠤ   ᠦᠢᠯᠡᠰ   ᠢ   ᠴᠡᠭᠴᠡᠯᠡᠬᠦ   ᠪᠠ       ᠮᠠᠨᠳᠤᠭᠤᠯᠬᠤ ᠳᠦᠯᠦᠪᠵᠢᠭᠦᠯᠭᠡ ᠶᠢᠨ ᠭᠦᠳᠤᠯᠪᠤᠷᠢ ︵  ᠭᠤᠷᠪᠠ︶       ︵ᠲᠠᠪᠤ︶ ᠲᠦᠭᠦᠭᠡᠢ ᠰᠦ ᠬᠤᠷᠢᠶᠠᠨ ᠠᠪᠬᠤ ᠬᠠᠮᠢᠶᠠᠷᠤᠯᠳᠡ ᠶᠢ ᠴᠢᠩᠭᠠᠳᠬᠠᠨ᠎ᠠ᠃              1. ᠰᠦ ᠶᠢᠨ ᠦᠷᠳᠡᠭᠡ ᠶᠢ ᠴᠡᠭᠴᠡᠯᠡᠵᠦ ᠲᠦᠷᠢᠮᠵᠢᠭᠦᠯᠦᠨ᠎ᠠ᠃ ᠬᠦᠳᠡᠭᠡ ᠠᠵᠤ ᠠᠬᠤᠢ ᠶᠢᠨ ᠶᠠᠮᠤᠨ   ᠲᠤᠯᠤᠭᠠᠢᠢᠯᠠᠨ ᠰᠦ ᠶᠢᠨ ᠦᠷᠳᠡᠭᠡ ᠶᠢᠨ ᠲᠤᠰᠬᠠᠢ ᠲᠦᠷᠦᠯ ᠢᠶᠠᠷ ᠴᠡᠭᠴᠡᠯᠡᠨ ᠵᠠᠰᠠᠬᠤ ᠠᠵᠢᠯᠯᠠᠭ᠎ᠠ ᠶᠢ ᠰᠠᠶᠢᠳᠤᠷ ᠵᠤᠬᠢᠶᠠᠨ   ᠪᠠᠶᠢᠭᠤᠯᠵᠤ᠂ ᠲᠦᠭᠦᠭᠡᠢ ᠰᠦ ᠬᠤᠷᠢᠶᠠᠨ ᠠᠪᠬᠤ ᠬᠠᠮᠢᠶᠠᠷᠤᠯᠳᠡ ᠶᠢᠨ ᠤᠷᠳᠤ ᠬᠤᠭᠤᠴᠠᠭᠠᠨ ᠤ ᠪᠦᠳᠦᠮᠵᠢᠳᠤ   ᠲᠤᠭᠳᠠᠴᠡ ᠶᠢ ᠠᠯᠬᠤᠮ ᠠᠯᠬᠤᠮ ᠢᠶᠠᠷ ᠪᠠᠶᠢᠭᠤᠯᠤᠨ᠎ᠠ᠃ ᠪᠦᠭᠦ ᠤᠯᠤᠰ ᠤᠨ ᠰᠦ ᠶᠢᠨ ᠦᠷᠳᠡᠭᠡ ᠶᠢᠨ ᠪᠠᠶᠢᠳᠠᠯ ᠢ   ᠲᠤᠳᠤᠷᠬᠠᠢ ᠤᠢᠢᠯᠠᠭᠠᠨ᠂ ᠬᠠᠤᠯᠢ ᠪᠤᠰᠤ ᠰᠦ ᠰᠠᠷᠢᠭᠠᠯᠠᠭᠴᠢᠳ ᠲᠤ ᠡᠷᠡᠰ ᠴᠤᠬᠢᠯᠳᠡ ᠦᠭᠴᠤ ᠡᠷᠭᠢᠯᠡᠭᠰᠡᠨ ᠠᠵᠢᠯ ᠢ ᠨᠢ   ᠦᠭᠡᠢ ᠪᠤᠯᠭᠠᠨ᠎ᠠ︔ ᠡᠯ᠎ᠠ ᠵᠦᠢᠯ ᠤᠨ ᠰᠦ ᠳᠤ ᠶᠠᠭᠤᠮ᠎ᠠ ᠬᠤᠯᠢᠬᠤ ᠬᠠᠤᠯᠢ ᠪᠤᠰᠤ ᠶᠠᠪᠤᠳᠠᠯ ᠳᠤ ᠬᠦᠴᠦᠲᠡᠢ ᠴᠤᠬᠢᠯᠳᠡ   ᠦᠭᠴᠦ᠂ ᠭᠤᠷᠪᠠᠨ ᠪᠦᠭᠡᠨᠡᠷᠡᠯᠳᠤ ᠼᠢᠶᠠᠨᠲᠦ ᠠᠮᠢᠨ ᠨᠡᠮᠡᠭᠦ ᠵᠡᠷᠭᠡ ᠬᠤᠤᠷ ᠭᠦᠨᠦᠭᠡᠯ ᠲᠠᠢ ᠪᠤᠳᠠᠰ ᠬᠤᠯᠢᠬᠤ ᠦᠵᠡᠭᠳᠡᠯ ᠢ   ᠡᠷᠡᠰ ᠬᠤᠷᠢᠬᠯᠠᠨ᠂ ᠲᠦᠭᠦᠭᠡᠢ ᠰᠦ ᠬᠤᠷᠢᠶᠠᠨ ᠠᠪᠬᠤ ᠡᠮᠬᠢ ᠲᠢᠭᠯᠢᠮ ᠢ ᠵᠢᠷᠤᠮᠵᠢᠭᠤᠯᠵᠤ᠂ ᠲᠡᠰ ᠲᠠᠷᠤᠵᠤ ᠦᠨ᠎ᠠ ᠬᠠᠩᠰᠢ   ᠲᠠᠷᠤᠬᠤ᠂ ᠬᠠᠭᠤᠷᠮᠠᠬᠯᠠᠨ ᠮᠡᠭᠡᠯᠡᠵᠤ ᠵᠠᠬ᠎ᠠ ᠲᠡᠯᠭᠡᠭᠦᠷ ᠢ ᠡᠵᠡᠷᠭᠡᠭᠦ᠂ ᠭᠦᠴᠦᠷᠭᠡᠭᠯᠡᠨ ᠬᠤᠳᠠᠯᠳᠤᠵᠤ ᠪᠤᠷᠤᠯᠠᠭᠤᠯᠬᠤ   ᠶᠠᠪᠤᠳᠠᠯ ᠢ ᠴᠠᠭ ᠲᠠᠷᠤᠢ ᠳᠤᠨᠢ ᠪᠠᠶᠢᠴᠠᠭᠠᠨ ᠰᠢᠢᠳᠪᠦᠷᠢᠯᠡᠨ᠎ᠠ᠃              2 . ᠰᠦ ᠶᠢᠨ ᠦᠷᠳᠡᠭᠡ ᠪᠠᠶᠢᠭᠤᠯᠬᠤ ᠲᠤᠬᠠᠢ ᠵᠦᠪᠰᠢᠶᠡᠷᠡᠯ ᠤᠨ ᠨᠦᠬᠦᠴᠡᠯ ᠤᠨ ᠪᠠᠷᠢᠮᠵᠢᠶ᠎ᠠ ᠶᠢ   ᠲᠡᠭᠡᠭᠰᠢᠯᠡᠬᠦᠯᠦᠨ᠎ᠠ᠃ ᠰᠦ ᠶᠢᠨ ᠦᠷᠳᠡᠭᠡ ᠪᠠᠶᠢᠭᠤᠯᠬᠤ ᠲᠤᠬᠠᠢ ᠵᠦᠪᠰᠢᠶᠡᠷᠠᠯ ᠤᠨ ᠨᠦᠭᠦᠴᠡᠯ ᠢ ᠲᠠᠷᠦ᠋ᠢᠬᠠᠨ ᠲᠤᠭᠳᠠᠭᠠᠵᠤ᠂ ᠲᠦᠭᠦᠭᠡᠢ ᠰᠦ ᠬᠤᠷᠢᠶᠠᠨ ᠠᠪᠬᠤ ᠵᠦᠪᠰᠢᠶᠡᠷᠡᠯ ᠤᠨ ᠦᠨᠡᠮᠯᠡᠯ ᠤᠨ ᠬᠠᠮᠢᠶᠠᠷᠤᠯᠳᠡ ᠶᠢᠨ ᠲᠦᠷᠢᠮ ᠢ ᠬᠡᠷᠡᠭᠵᠢᠭᠦᠯᠦᠨ᠎ᠠ᠃   ᠦᠢᠯᠡᠳᠪᠦᠷᠢ ᠬᠤᠳᠠᠯᠳᠤᠭᠠᠨ ᠤ ᠰᠠᠯᠠᠭ᠎ᠠ ᠮᠦᠴᠢᠷ ᠲᠤ ᠳᠠᠩᠰᠠᠯᠠᠭᠤᠯᠤᠭᠰᠠᠨ ᠴᠠᠭᠠᠨ ᠢᠳᠡᠭᠡᠨ ᠦᠢᠯᠡᠳᠪᠦᠷᠢᠯᠡᠭᠦ ᠠᠵᠤ   ᠠᠬᠤᠢᠢᠯᠠᠯ᠂ ᠰᠠᠭᠠᠯᠢ ᠶᠢᠨ ᠦᠨᠢᠶᠡᠨ ᠤ ᠲᠠᠯᠠᠪᠠᠢ᠂ ᠰᠠᠭᠠᠯᠢ ᠶᠢᠨ ᠦᠨᠢᠶ᠎ᠠ ᠳᠡᠵᠢᠭᠡᠭᠴᠢᠳ ᠤᠨ ᠲᠤᠰᠬᠠᠢ ᠬᠤᠷᠰᠢᠶ᠎ᠠ ᠪᠤᠯ   ᠰᠠᠢᠢ ᠰᠦ ᠶᠢᠨ ᠦᠷᠳᠡᠭᠡ ᠪᠠᠶᠢᠭᠤᠯᠬᠤ ᠬᠢᠷᠢ ᠭᠡᠮ ᠲᠠᠢ᠂ ᠰᠦ ᠶᠢᠨ ᠦᠷᠳᠡᠭᠡ ᠨᠢ ᠡᠷᠭᠡᠪᠰᠢ ᠲᠦᠭᠦᠬᠡᠢ ᠰᠦ ᠬᠤᠷᠢᠶᠠᠨ   ᠠᠪᠬᠤ ᠶᠢ ᠵᠦᠪᠰᠢᠶᠡᠷᠡᠭᠰᠡᠨ ᠦᠨᠡᠮᠯᠡᠯ ᠢ ᠬᠠᠤᠯᠢ ᠪᠠᠷ ᠤᠯᠤᠭᠰᠠᠨ ᠪᠠᠶᠢᠬᠤ ᠭᠡᠷᠡᠭᠲᠡᠢ᠃ ᠰᠦ ᠶᠢᠨ ᠦᠷᠳᠡᠭᠡ ᠶᠢᠨ   ᠬᠠᠤᠯᠢ ᠶᠢᠨ ᠡᠷᠭᠡᠳᠡᠨ ᠨᠢ ᠰᠦ ᠶᠢᠨ ᠦᠷᠳᠡᠭᠡ ᠶᠢᠨ ᠬᠠᠮᠢᠶᠡᠷᠤᠯᠳᠡ ᠪᠠᠨ ᠴᠢᠩᠭᠠᠳᠭᠠᠬᠤ ᠶᠢᠨ ᠬᠠᠮᠳᠤ ᠪᠠᠰᠠ ᠬᠠᠮᠢᠶ᠎ᠠ   ᠪᠦᠭᠦᠢ ᠬᠠᠤᠯᠢ ᠶᠢᠨ ᠬᠠᠷᠢᠭᠤᠴᠠᠯᠭ᠎ᠠ ᠶᠢ ᠡᠭᠦᠷᠭᠡᠯᠡᠨ᠎ᠠ᠃ ᠤᠳᠤ ᠪᠠᠶᠢᠬᠤ ᠬᠤᠪᠢ ᠶᠢᠨ ᠰᠦ ᠶᠢᠨ ᠦᠷᠳᠡᠭᠡ ᠳᠤ   ᠰᠢᠯᠵᠢᠯᠲᠡ ᠶᠢᠨ ᠬᠤᠭᠤᠴᠠᠭ᠎ᠠ ᠲᠤᠭᠳᠠᠭᠠᠨ ᠦᠭᠴᠦ᠂ ᠬᠤᠭᠤᠴᠠᠭ᠎ᠠ ᠨᠢ ᠪᠤᠯᠬᠤ ᠳᠤ ᠱᠠᠭᠠᠷᠳᠠᠯᠭ᠎ᠠ ᠳᠤ ᠬᠦᠷᠦᠭᠰᠡᠨ ᠦᠭᠡᠢ   ᠪᠠᠶᠢᠪᠠᠯ ᠡᠭᠦᠳᠡ ᠶᠢ ᠨᠢ ᠬᠠᠭᠠᠯᠭᠠᠨ᠎ᠠ᠃ ᠡᠬᠦᠨ ᠤ ᠲᠤᠬᠠᠢ ᠪᠤᠳᠠᠳᠠᠢ ᠠᠷᠭ᠎ᠠ ᠶᠢ ᠬᠦᠳᠡᠭᠡ ᠠᠵᠤ ᠠᠬᠤᠢ ᠶᠢᠨ ᠶᠠᠮᠤᠨ  ᠠᠴᠠ   ᠲᠤᠭᠳᠠᠭᠠᠨ᠎ᠠ᠃              3 . ᠪᠠᠷᠢᠮᠵᠢᠶᠠᠵᠢᠬᠰᠠᠨ ᠬᠠᠮᠢᠶᠠᠷᠤᠯᠳᠡ ᠶᠢ ᠶᠠᠪᠤᠭᠤᠯᠦᠨ᠎ᠠ᠃ ᠬᠦᠳᠡᠭᠡ ᠠᠵᠤ ᠠᠬᠤᠢ ᠶᠢᠨ ᠶᠠᠮᠤᠨ ᠲᠤᠯᠤᠭᠠᠢᠢᠯᠡᠨ  ᠂ ︽ᠰᠠᠶᠢᠨ ᠰᠠᠶᠢᠬᠠᠨ ᠲᠠᠷᠢᠶᠠᠯᠠᠩ ᠤᠨ ᠳᠦᠷᠢᠮᠵᠢᠯ ᠶᠢᠨ 8 ᠳ᠋ᠤᠭᠠᠷ ᠬᠡᠰᠡᠭ ᠲᠠᠬᠢ᠄ ᠰᠠᠭᠠᠯᠢ ᠶᠢᠨ ᠦᠨᠢᠶ᠎ᠡ ᠶᠢᠨ ᠡᠵᠡᠮᠳᠡᠭᠦ   ᠴᠢᠭ᠋ ᠪᠡ ᠲᠤᠬᠢᠷᠠᠯᠴᠠᠭᠠᠨ ᠤ ᠴᠢᠨᠠᠷᠳᠠᠢ ᠳᠦᠷᠢᠮᠵᠢᠯ ︵GB\T2004.8︶︾ ᠳᠤ ᠦᠨᠳᠤᠰᠤᠯᠡᠵᠦ᠂ ᠰᠦ ᠶᠢᠨ   ᠦᠷᠳᠡᠭᠡ ᠶᠢᠨ ᠰᠠᠭᠤᠷᠢ ᠲᠦᠭᠦᠭᠡᠷᠤᠮᠵᠢ᠂ ᠡᠷᠡᠭᠦᠯ ᠬᠠᠮᠠᠭᠠᠯᠠᠯ ᠤᠨ ᠨᠦᠭᠦᠴᠡᠯ᠂ ᠲᠤᠨᠤᠬ ᠲᠦᠭᠦᠭᠡᠷᠤᠮᠵᠢ᠂ ᠰᠢᠯᠭᠠᠨ   ᠬᠡᠮᠵᠢᠬᠦ ᠠᠷᠭ᠎ᠠ ᠠᠪᠴᠠᠯ᠂ ᠠᠵᠢᠯᠯᠠᠬᠤ ᠲᠦᠷᠢᠮᠵᠢᠯ᠂ ᠠᠵᠢᠯᠲᠠᠨ ᠤ ᠬᠡᠪ ᠴᠢᠨᠠᠷ ᠵᠡᠷᠭᠡ ᠶᠢᠨ ᠲᠤᠬᠠᠢ ᠲᠤᠳᠤᠷᠬᠠᠢ   ᠱᠠᠭᠠᠷᠳᠠᠯᠠᠭ᠎ᠠ ᠶᠢ ᠲᠤᠷᠠᠳᠤᠨ᠂ 2009 ᠤᠨ ᠤ ᠰᠡᠭᠦᠯᠴᠢ ᠪᠤᠯᠬᠤ ᠳᠤ᠂ ᠪᠦᠭᠦ ᠤᠯᠤᠰ ᠤᠨ ᠰᠦ ᠶᠢᠨ ᠦᠷᠳᠡᠭᠡ   ᠪᠦᠭᠦᠨ ᠢ ᠱᠠᠭᠠᠷᠳᠠᠯᠭ᠎ᠠ ᠳᠤ ᠭᠦᠷᠭᠡᠵᠤ᠂ ᠪᠠᠷᠢᠮᠵᠢᠶᠠᠵᠢᠬᠰᠠᠨ ᠬᠠᠮᠢᠶᠠᠷᠤᠯᠳᠡ ᠢ ᠬᠢᠭᠰᠡᠨ ᠪᠤᠯᠭᠠᠨ᠎ᠠ᠃ ᠱᠠᠭᠠᠷᠳᠠᠯᠭ᠎ᠠ ᠳᠤ   ᠡᠰᠡ ᠭᠦᠷᠦᠭᠰᠡᠨ ᠪᠤᠯ᠂ ᠦᠢᠯᠡᠳᠪᠦᠷᠢᠯᠡᠯ ᠢ ᠨᠢ ᠵᠤᠬᠰᠤᠭᠠᠨ ᠴᠡᠭᠴᠡᠯᠡᠭᠦᠯᠬᠦ ᠪᠠᠷ ᠵᠠᠷᠯᠢᠭᠳᠠᠵᠦ᠂ ᠡᠰᠡᠪᠡᠯ ᠡᠷᠬᠢᠯᠡᠭᠰᠡᠨ   ᠠᠵᠢᠯ ᠢ ᠨᠢ ᠦᠭᠡᠢ ᠪᠤᠯᠭᠠᠨ᠎ᠠ᠃             ︵ᠵᠢᠷᠭᠤᠭ᠎ᠠ︶ ᠲᠡᠵᠢᠭᠡᠨ ᠦᠷᠡᠵᠢᠬᠦᠯᠬᠦ ᠲᠦᠪᠰᠢᠨ ᠢ ᠲᠡᠭᠡᠭᠰᠢᠯᠡᠭᠦᠯᠦᠨ᠎ᠠ  ᠃              1. ᠬᠠᠮᠢᠶ᠎ᠡ ᠪᠦᠭᠦᠢ ᠲᠡᠳᠭᠦᠬᠦ ᠲᠦᠷᠦ ᠶᠢᠨ ᠪᠤᠳᠤᠯᠭ᠎ᠠ ᠶᠢ ᠦᠷᠭᠦᠯᠵᠢᠯᠡᠨ ᠨᠠᠶᠢᠳᠠᠪᠦᠷᠢᠵᠢᠭᠤᠯᠤᠨ᠎ᠠ᠃   ᠲᠦᠷᠦ ᠶᠢᠨ ᠶᠠᠪᠤᠳᠠᠯ ᠤᠨ ᠬᠤᠷᠢᠶᠠᠨ ᠤ ᠲᠠᠷᠬᠠᠭᠠᠭᠰᠠᠨ [2007]31 ᠳ᠋ᠤᠭᠠᠷ ᠲᠤᠭᠠᠳᠤ ᠪᠢᠴᠢᠭ ᠮᠠᠲ᠋ᠧᠷᠢᠶᠠᠯ ᠳᠤ   ᠲᠤᠷᠠᠳᠤᠬᠰᠠᠨ ᠴᠠᠭᠠᠨ ᠢᠳᠡᠭᠡᠨ ᠤ ᠦᠢᠯᠡᠰ ᠢ ᠲᠡᠳᠭᠦᠭᠦ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠦᠷᠭᠦᠯᠵᠢᠯᠡᠨ   ᠭᠡᠷᠭᠵᠢᠬᠦᠯᠬᠦ ᠶᠢᠨ ᠬᠠᠮᠲᠦ ᠲᠡᠳᠭᠦᠭᠦ ᠡᠷᠴᠢᠮ ᠢ ᠴᠢᠨᠠᠬᠰᠢᠳᠡ ᠴᠢᠩᠭᠠᠷᠠᠭᠤᠯᠦᠨ᠎ᠠ᠃ ᠰᠠᠭᠠᠯᠢ ᠶᠢᠨ ᠦᠨᠢᠶᠡᠨ ᠤ ᠰᠠᠶᠢᠨ   ᠡᠭᠦᠯᠳᠡᠷ ᠤᠨ ᠨᠦᠭᠦᠪᠦᠷᠢ ᠪᠡ ᠰᠠᠭᠠᠯᠢ ᠶᠢᠨ ᠦᠨᠢᠶ᠎ᠡ ᠶᠢᠨ ᠲᠠᠭᠠᠳᠬᠠᠯ ᠳᠤ ᠲᠠᠭᠠᠳᠬᠠᠯ ᠤᠨ ᠨᠦᠭᠦᠪᠦᠷᠢ ᠦᠭᠬᠦ ᠲᠦᠷᠦ ᠶᠢᠨ   ᠪᠤᠳᠤᠯᠭ᠎ᠠ ᠶᠢ ᠦᠷᠭᠦᠯᠵᠢᠯᠡᠨ ᠭᠡᠷᠡᠭᠵᠢᠭᠦᠯᠵᠤ᠂ ᠰᠠᠭᠠᠯᠢ ᠶᠢᠨ ᠦᠨᠢᠶᠡᠨ ᠤ ᠰᠠᠶᠢᠨ ᠡᠭᠦᠯᠳᠡᠷ ᠪᠤᠶᠢᠵᠢᠭᠤᠯᠬᠤ ᠲᠠᠯᠠᠪᠠᠢ ᠶᠢᠨ   ᠪᠦᠳᠦᠭᠡᠨ ᠪᠠᠶᠢᠭᠤᠯᠤᠯᠳᠡ ᠶᠢ ᠲᠡᠮᠵᠢᠨ᠂ ᠰᠠᠶᠢᠨ ᠡᠭᠦᠯᠳᠡᠷ ᠤᠨ ᠦᠬᠢᠨ ᠪᠢᠷᠠᠭᠤ ᠰᠢᠳᠦᠯᠡᠩ ᠤᠨ ᠲᠤᠬᠠᠢ ᠨᠦᠭᠦᠪᠦᠷᠢ   ᠤᠯᠭᠤᠬᠤ ᠠᠷᠭ᠎ᠠ ᠶᠢ ᠰᠤᠳᠤᠯᠤᠨ ᠲᠡᠭᠦᠯᠳᠡᠷᠵᠢᠭᠦᠯᠵᠤ᠂ ᠰᠠᠭᠠᠯᠢ ᠶᠢᠨ ᠦᠨᠢᠶ᠎ᠡ ᠶᠢᠨ ᠰᠦ ᠶᠢᠨ ᠭᠠᠷᠤᠯᠲᠠ ᠶᠢ ᠬᠡᠮᠵᠢᠨ   ᠲᠤᠭᠳᠠᠭᠠᠬᠤ ᠵᠡᠷᠭᠡ ᠰᠠᠭᠤᠷᠢ ᠪᠤᠯᠬᠤ ᠠᠵᠢᠯ ᠢ ᠰᠠᠶᠢᠳᠤᠷ ᠬᠢᠨ᠎ᠡ᠃ ᠰᠠᠭᠠᠯᠢ ᠶᠢᠨ ᠦᠨᠢᠶ᠎ᠡ ᠲᠡᠵᠢᠭᠡᠭᠴᠢᠳ ᠢ ᠢᠳᠡᠭᠡᠮᠵᠢᠳᠤ   ᠵᠢᠭᠡᠯᠡᠯᠭᠡ ᠪᠠᠷ ᠲᠡᠳᠭᠦᠬᠦ ᠡᠷᠴᠢᠮ ᠢᠶᠠᠨ ᠴᠢᠩᠭᠠᠷᠠᠭᠤᠯᠵᠤ᠂ ᠴᠠᠭᠠᠨ ᠢᠳᠡᠭᠡᠨ ᠤ ᠦᠢᠯᠡᠰ ᠤᠨ ᠭᠦᠭᠵᠢᠯᠳᠡ ᠶᠢᠨ   ᠱᠠᠭᠠᠷᠳᠠᠯᠭ᠎ᠠ ᠳᠤ ᠵᠤᠬᠢᠴᠠᠬᠰᠠᠨ ᠮᠦᠩᠭᠦᠨ ᠭᠦᠢᠯᠭᠡᠭᠡᠨ ᠤ ᠪᠦᠳᠦᠭᠡᠭᠳᠡᠭᠦᠨ ᠢ ᠨᠡᠭᠡᠭᠡᠨ ᠠᠰᠢᠭᠯᠠᠵᠤ᠂ ᠮᠦᠩᠭᠦᠨ   ᠭᠦᠢᠯᠭᠡᠭᠡᠨ ᠤ ᠦᠢᠯᠡᠴᠢᠯᠡᠭᠡ ᠶᠢ ᠰᠠᠶᠢᠳᠤᠷ ᠬᠢᠨ᠎ᠠ᠃                2. ᠭᠤᠤᠯᠳᠠᠯᠭ᠎ᠠ ᠲᠠᠢ ᠤᠷᠤᠨ᠂ ᠤᠨᠴᠠᠭᠠᠢᠢᠯᠠᠨ ᠭᠦᠴᠢᠷᠳᠡᠯᠳᠠᠢ ᠪᠠᠶᠢᠭ᠎ᠠ ᠰᠠᠭᠠᠯᠢ ᠶᠢᠨ ᠦᠨᠢᠶ᠎ᠡ   ᠲᠠᠵᠢᠭᠡᠭᠴᠢᠳ ᠤᠨ ᠲᠤᠬᠠᠢ ᠲᠦᠷ ᠴᠠᠭ ᠤᠨ ᠲᠡᠩᠭᠡᠷᠡᠭᠦᠯᠦᠨ ᠲᠤᠰᠠᠯᠠᠬᠤ ᠲᠦᠷᠦ ᠶᠢᠨ ᠪᠤᠳᠤᠯᠭ᠎ᠠ ᠶᠢ ᠭᠡᠷᠡᠭᠵᠢᠭᠦᠯᠤᠨ᠎ᠠ᠃   ᠤᠯᠤᠰ ᠠᠴᠠ ᠰᠦ ᠪᠠᠨ ᠠᠰᠠᠬᠨ ᠭᠡᠭᠡᠵᠦ ᠪᠠᠶᠢᠭ᠎ᠠ ᠲᠠᠯ᠎ᠠ ᠪᠠᠷ ᠭᠦᠨᠳᠤ ᠨᠤᠴᠢᠳᠠᠢ ᠤᠷᠤᠨ ᠤ ᠤᠨᠴᠠᠭᠠᠢ ᠭᠦᠴᠢᠷᠳᠠᠯᠳᠠᠢ   ᠦᠨᠢᠶ᠎ᠡ ᠲᠡᠵᠢᠭᠡᠭᠴᠢᠳ ᠤᠨ ᠲᠤᠬᠠᠢ ᠲᠦᠷ ᠴᠠᠭ ᠤᠨ ᠴᠢᠨᠠᠷᠳᠠᠢ ᠲᠡᠩᠭᠡᠷᠡᠭᠦᠯᠦᠨ ᠲᠤᠰᠠᠯᠠᠬᠤ ᠨᠦᠭᠦᠪᠦᠷᠢ ᠤᠯᠭᠤᠬᠤ   ᠲᠦᠷᠦ ᠶᠢᠨ ᠪᠤᠳᠤᠯᠭ᠎ᠠ ᠶᠢ ᠭᠡᠷᠡᠭᠵᠢᠭᠦᠯᠦᠨ᠎ᠠ᠃ ᠤᠳᠤᠬᠠ ᠳᠤ᠂ ᠦᠪᠤᠷ ᠮᠤᠩᠭᠤᠯ᠂ ᠾᠧᠪᠸᠢ᠂ ᠱᠠᠨᠳᠦ᠋ᠩ᠂ ᠱᠠᠨᠰᠢ᠂   ᠯᠢᠶᠤᠤᠨᠢᠩ᠂ ᠾᠧᠨᠠᠨ ᠵᠡᠷᠭᠡ 6 ᠮᠤᠵᠢ ︵ᠤᠷᠤᠨ︶ ᠶᠢ ᠭᠤᠤᠯᠳᠠᠯᠭ᠎ᠠ ᠲᠠᠢ ᠲᠡᠳᠭᠦᠵᠤ ᠤᠨᠴᠠᠭᠠᠢᠢᠯᠠᠨ ᠰᠦ ᠪᠠᠨ ᠠᠰᠬᠠᠨ   ᠭᠡᠭᠡᠵᠤ ᠪᠠᠶᠢᠭ᠎ᠠ ᠤᠨᠴᠠ ᠭᠦᠴᠢᠷᠳᠠᠯᠳᠠᠢ ᠦᠨᠢᠶ᠎ᠡ ᠲᠡᠵᠢᠭᠡᠭᠴᠢᠳ ᠤᠨ ᠲᠤᠬᠠᠢ ᠲᠦᠪ ᠤᠨ ᠡᠳ᠋ ᠤᠨ ᠵᠠᠰᠠᠭ ᠠᠴᠠ   ᠨᠦᠭᠦᠪᠦᠷᠢ ᠶᠢᠨ ᠪᠡᠯᠡ ᠮᠦᠩᠭᠦ ᠶᠢ ᠭᠡᠰᠡᠭᠯᠡᠵᠦ ᠭᠠᠷᠭᠠᠨ ᠨᠢᠭᠡᠯᠡ ᠲᠡᠭᠡᠷ᠎ᠡ ᠲᠤᠷᠤᠬᠰᠢ ᠪᠠᠭᠤᠯᠭᠠᠵᠤ᠂ ᠤᠷᠤᠨ ᠨᠤᠳᠤᠭ ᠨᠢ   ᠪᠤᠳᠠᠳᠠᠢ ᠪᠠᠶᠢᠳᠠᠯ ᠢᠶᠠᠨ ᠦᠨᠳᠤᠰᠤᠯᠡᠨ᠂ ᠤᠷᠤᠨ ᠨᠤᠳᠤᠭ ᠤᠨ ᠡᠳ᠋ ᠤᠨ ᠵᠠᠰᠠᠭ ᠠᠴᠠ ᠭᠠᠷᠭᠠᠬᠤ ᠨᠦᠭᠦᠪᠦᠷᠢ ᠶᠢᠨ ᠪᠡᠯᠡ   ᠮᠦᠩᠭᠦ ᠲᠠᠢ ᠪᠠᠨ ᠤᠶᠠᠯᠳᠤᠭᠤᠯᠤᠨ ᠨᠢᠭᠡᠳᠤᠯᠳᠠᠢ ᠲᠦᠯᠦᠪᠵᠢᠬᠦᠯᠵᠦ ᠭᠡᠷᠡᠭᠯᠡᠨ᠎ᠠ᠃ ᠤᠷᠤᠨ ᠨᠤᠳᠤᠭ ᠤᠨ ᠵᠠᠰᠠᠭ ᠤᠨ   ᠤᠷᠳᠤᠨ ᠪᠠᠰᠠ ᠪᠡᠯᠡ ᠮᠦᠩᠭᠦ ᠲᠤᠬᠢᠷᠠᠭᠤᠯᠵᠤ᠂ ᠭᠦᠴᠢᠷᠳᠠᠯᠳᠠᠢ ᠪᠠᠶᠢᠭ᠎ᠠ ᠰᠠᠭᠠᠯᠢ ᠶᠢᠨ ᠦᠨᠢᠶ᠎ᠡ ᠲᠡᠵᠢᠭᠡᠭᠴᠢᠳ ᠢ   ᠲᠡᠳᠭᠦᠭᠦ ᠡᠷᠴᠢᠮ ᠢᠶᠠᠨ ᠴᠢᠩᠭᠠᠷᠠᠭᠤᠯᠬᠤ ᠭᠡᠷᠡᠭᠲᠡᠢ᠃            3. ᠬᠡᠪᠴᠢᠶᠡᠵᠢᠭᠰᠡᠨ᠂ ᠪᠠᠷᠢᠮᠵᠢᠶᠠᠵᠢᠬᠰᠠᠨ ᠲᠡᠵᠢᠭᠡᠨ ᠦᠷᠡᠵᠢᠬᠦᠯᠬᠦ ᠠᠵᠢᠯ ᠢ ᠠᠬᠢᠭᠤᠯᠤᠨ᠎ᠠ᠃ ᠪᠤᠢ ᠪᠦᠭᠦᠢ   ᠰᠠᠭᠠᠯᠢ ᠶᠢᠨ ᠦᠨᠢᠶ᠎ᠡ ᠲᠡᠵᠢᠭᠡᠵᠤ ᠪᠠᠶᠢᠭ᠎ᠠ ᠲᠠᠯᠠᠪᠠᠢ ︵ᠪᠠᠭ᠎ᠠ ᠲᠤᠭᠤᠷᠢᠭ︶ ᠲᠤᠭᠳᠠᠭᠰᠠᠨ ᠬᠤᠭᠤᠴᠠᠭ᠎ᠠ ᠲᠠᠢ ᠪᠠᠷ ︽  ᠰᠠᠭᠠᠯᠢ ᠶᠢᠨ ᠦᠨᠢᠶ᠎ᠡ ᠶᠢᠨ ᠲᠠᠯᠠᠪᠠᠢ ᠶᠢᠨ ᠡᠷᠡᠭᠦᠯ ᠬᠠᠮᠠᠭᠠᠯᠠᠯ ᠤᠨ ᠲᠦᠷᠢᠮᠵᠢᠯ  ︾ ︵GB16568︶ ᠢ ᠭᠡᠷᠡᠭᠵᠢᠭᠦᠯᠵᠤ᠂ ᠭᠤᠷᠪᠡᠨ ᠵᠢᠯ ᠲᠤᠳᠤᠷ᠎ᠡ ᠪᠠᠷᠢᠮᠵᠢᠶ᠎ᠡ ᠳᠤ ᠬᠦᠷᠭᠡᠨ᠂ ᠪᠠᠷᠢᠮᠵᠢᠶ᠎ᠡ ᠳᠤ ᠡᠰᠡ ᠭᠦᠷᠦᠭᠰᠡᠨ ᠪᠤᠯ ᠡᠷᠡᠰ ᠢᠶᠠᠷ ᠠᠵᠢᠯ ᠢ ᠨᠢ   ᠵᠤᠬᠰᠤᠭᠠᠵᠤ ᠴᠡᠭᠴᠡᠯᠡᠯᠲᠡ ᠬᠢᠯᠭᠡᠨ᠎ᠠ᠃ ᠪᠤᠰᠤᠤᠨ ᠰᠠᠭᠠᠯᠢ ᠶᠢᠨ ᠦᠨᠢᠶ᠎ᠡ ᠲᠡᠵᠢᠭᠡᠵᠦ ᠪᠠᠶᠢᠭ᠎ᠠ ᠡᠷᠤᠭᠡ ︵ᠴᠢᠭ᠋︶ ᠴᠤ ᠡᠨᠡ   ᠶᠤᠰᠤᠭᠠᠷ ᠬᠢᠨ᠎ᠡ᠃             ᠲᠠᠷᠢᠶᠠᠯᠠᠩ ᠤᠨ ᠰᠠᠯᠠᠭ᠎ᠠ ᠮᠦᠴᠢᠷ ᠬᠡᠷᠡᠭᠴᠡᠭᠡ ᠪᠦᠭᠦᠢ ᠮᠡᠷᠭᠡᠵᠢᠯ ᠤᠨ ᠲᠦᠷᠢᠮᠵᠢᠯ ᠤᠨ ᠪᠤᠯᠪᠠᠰᠤᠷᠠᠯ ᠢ   ᠦᠷᠨᠢᠭᠦᠯᠬᠦ ᠬᠡᠷᠡᠭᠲᠡᠢ᠃ ᠲᠦᠪ ᠠᠴᠠ ᠤᠳᠤ ᠪᠠᠶᠢᠭ᠎ᠠ ᠰᠠᠭᠠᠯᠢ ᠶᠢᠨ ᠦᠨᠢᠶ᠎ᠡ ᠶᠢᠨ ᠬᠡᠪᠴᠢᠶᠡᠵᠢᠭᠰᠡᠨ ᠲᠡᠵᠢᠭᠡᠨ   ᠦᠷᠡᠵᠢᠬᠦᠯᠬᠦ ᠪᠦᠳᠦᠭᠡᠨ ᠪᠠᠶᠢᠭᠤᠯᠤᠯᠳᠡ ᠶᠢᠨ ᠪᠡᠯᠡ ᠤᠷᠤᠭᠤᠯᠤᠯᠳᠡ ᠶᠢᠨ ᠬᠡᠪᠴᠢᠶᠡᠨ ᠤ ᠰᠠᠭᠤᠷᠢᠨ ᠲᠡᠭᠡᠷ᠎ᠡ ᠪᠠᠨ   ᠲᠦᠪ ᠤᠨ ᠲᠦᠰᠦᠪ  ᠲᠠᠬᠢ ᠪᠠᠯᠠ ᠤᠷᠤᠭᠤᠯᠤᠯᠳᠡ ᠶᠢᠨ ᠡᠷᠴᠢᠮ ᠢᠶᠠᠨ ᠴᠢᠨᠠᠬᠰᠢᠳᠡ ᠴᠢᠩᠭᠠᠷᠡᠭᠤᠯᠵᠤ᠂ ᠰᠠᠭᠠᠯᠢ ᠶᠢᠨ   ᠦᠨᠢᠶ᠎ᠡ ᠲᠡᠵᠢᠭᠡᠨ ᠦᠷᠡᠵᠢᠬᠦᠯᠵᠦ ᠪᠠᠶᠢᠭ᠎ᠠ ᠭᠤᠤᠯ ᠤᠷᠤᠨ ᠲᠤᠭᠤᠷᠢᠭ ᠤᠨ ᠤᠳᠤ ᠪᠠᠶᠢᠭ᠎ᠠ ᠲᠡᠵᠢᠭᠡᠨ ᠦᠷᠡᠵᠢᠬᠦᠯᠬᠦ   ᠲᠠᠯᠠᠪᠠᠢ ︵ᠪᠠᠭ᠎ᠠ ᠲᠤᠭᠤᠷᠢᠭ︶ ᠶᠢᠨ ᠪᠠᠷᠢᠮᠵᠢᠶᠠᠵᠢᠭᠤᠯᠤᠨ ᠦᠭᠡᠷᠡᠴᠢᠯᠡᠭᠦ ᠠᠵᠢᠯ ᠢ ᠲᠦᠷᠭᠡᠳᠭᠡᠬᠦ ᠪᠡ ᠪᠠᠷᠢᠮᠵᠢᠶᠠᠵᠢᠨ   ᠬᠡᠪᠴᠢᠶᠡᠵᠢᠭᠰᠡᠨ ᠰᠢᠨ᠎ᠡ ᠲᠡᠵᠢᠭᠡᠨ ᠦᠷᠡᠵᠢᠬᠦᠯᠬᠦ ᠲᠠᠯᠠᠪᠠᠢ ︵ᠪᠠᠭ᠎ᠠ ᠲᠤᠭᠤᠷᠢᠭ︶ ᠪᠠᠶᠢᠭᠤᠯᠬᠤ ᠶᠠᠪᠤᠳᠠᠯ ᠢ ᠲᠡᠮᠵᠢᠵᠦ᠂   ᠰᠠᠭᠠᠯᠢ ᠶᠢᠨ ᠦᠨᠢᠶ᠎ᠡ ᠲᠡᠵᠢᠭᠡᠨ ᠦᠷᠡᠵᠢᠬᠦᠯᠬᠦ᠂ ᠭᠡᠮ ᠬᠢᠵᠢᠭ ᠰᠡᠷᠭᠡᠶᠢᠯᠡᠭᠦ᠂ ᠦᠨᠢᠶ᠎ᠡ ᠰᠠᠭᠠᠬᠤ᠂ ᠠᠷᠭᠠᠯ ᠬᠤᠭ ᠶᠢ   ᠴᠡᠪᠡᠷᠯᠡᠭᠦ ᠵᠡᠷᠭᠡ ᠶᠢᠨ ᠨᠦᠭᠦᠴᠡᠯ ᠢ ᠰᠠᠶᠢᠵᠢᠷᠠᠭᠤᠯᠵᠤ᠂ ᠠᠷᠠᠴᠢᠯᠠᠨ ᠲᠡᠵᠢᠭᠡᠬᠦ ᠲᠦᠪᠰᠢᠨ ᠪᠤᠯᠤᠨ ᠲᠦᠭᠦᠬᠡᠢ ᠰᠦ ᠶᠢᠨ   ᠴᠢᠨᠠᠷ ᠴᠢᠨᠰᠠᠭ᠎ᠠ ᠶᠢ ᠲᠡᠭᠡᠭᠰᠢᠯᠡᠭᠦᠯᠦᠨ᠎ᠠ᠃            4 . ᠰᠠᠭᠠᠯᠢ ᠶᠢᠨ ᠦᠨᠢᠶ᠎ᠡ ᠲᠡᠵᠢᠭᠡᠨ ᠦᠷᠡᠵᠢᠬᠦᠯᠬᠦ ᠮᠡᠷᠭᠡᠵᠢᠯ ᠤᠨ ᠵᠢᠯᠤᠭᠤᠳᠤᠯᠭ᠎ᠠ ᠪᠡ ᠦᠢᠯᠡᠴᠢᠯᠡᠭᠡ ᠶᠢ   ᠰᠠᠶᠢᠳᠤᠷ ᠬᠢᠨ᠎ᠠ᠃ ᠰᠠᠭᠠᠯᠢ ᠶᠢᠨ ᠦᠨᠢᠶ᠎ᠡ ᠶᠢ ᠪᠠᠷᠢᠮᠵᠢᠶᠠᠵᠢᠭᠤᠯᠵᠤ ᠲᠡᠵᠢᠭᠡᠨ ᠦᠷᠡᠵᠢᠭᠦᠯᠬᠦ ᠲᠤᠬᠠᠢ ᠵᠠᠩᠬᠢᠯᠠᠭ᠎ᠠ ᠶᠢᠨ   ᠮᠡᠷᠭᠡᠵᠢᠯ ᠤᠨ ᠲᠡᠯᠭᠡᠷᠡᠭᠦᠯᠦᠯᠲᠠ ᠶᠢᠨ ᠠᠵᠢᠯ ᠢ ᠴᠢᠩᠭᠠᠳᠬᠠᠵᠤ᠂ ᠰᠠᠭᠠᠯᠢ ᠶᠢᠨ ᠦᠨᠢᠶᠡᠨ ᠳᠤ ᠵᠤᠬᠢᠶᠠᠮᠠᠯ ᠭᠡᠭᠡᠯᠳᠦᠭᠦᠯᠭᠡ   ᠬᠢᠬᠦ᠂ ᠡᠬᠦᠯᠳᠡᠷ ᠰᠤᠩᠭᠤᠵᠤ ᠰᠢᠯᠢᠵᠦ ᠭᠡᠭᠡᠯᠳᠤᠭᠦᠯᠭᠦ ᠵᠡᠷᠭᠡ ᠮᠡᠷᠭᠡᠵᠢᠯ ᠤᠨ ᠦᠢᠯᠡᠴᠢᠯᠡᠭᠡ ᠶᠢ ᠰᠠᠶᠢᠨ ᠬᠢᠨ᠎ᠡ᠃   ᠰᠠᠭᠠᠯᠢ ᠶᠢᠨ ᠦᠨᠢᠶ᠎ᠡ ᠶᠢᠨ ᠭᠡᠮ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠢ ᠴᠢᠩᠭᠠᠳᠬᠠᠵᠤ᠂ ᠰᠦᠷᠢᠶ᠎ᠡ᠂ ᠪᠷᠤᠽᠢᠯ   ᠵᠡᠷᠭᠡ ᠭᠡᠮ ᠬᠢᠵᠢᠭ ᠢ ᠬᠢᠨᠠᠨ ᠬᠡᠮᠵᠢᠬᠦ ᠪᠡ ᠭᠡᠮᠨᠡᠭᠰᠡᠨ ᠦᠨᠢᠶ᠎ᠡ ᠶᠢ ᠡᠷᠭᠡᠪᠰᠢ ᠠᠯᠠᠵᠤ ᠰᠢᠢᠳᠪᠦᠷᠢᠯᠡᠬᠦ ᠠᠵᠢᠯ ᠢ ᠭᠤᠤᠯᠳᠠᠯᠠᠭ᠎ᠠ   ᠪᠤᠯᠭᠠᠨ ᠴᠢᠩᠭᠠᠳᠬᠠᠵᠤ᠂ ᠭᠡᠮᠨᠡᠭᠰᠡᠨ ᠰᠠᠭᠠᠯᠢ ᠶᠢᠨ ᠦᠨᠢᠶ᠎ᠡ ᠶᠢ ᠨᠢ ᠡᠷᠭᠡᠪᠰᠢ ᠦᠷᠭᠦᠯᠵᠢᠯᠡᠨ ᠠᠯᠠᠵᠦ ᠰᠢᠢᠳᠪᠦᠷᠢᠯᠡᠬᠦ   ᠴᠢᠬᠤᠯᠠ ᠲᠠᠢ ᠪᠠᠶᠢᠭ᠎ᠠ ᠰᠠᠭᠠᠯᠢ ᠶᠢᠨ ᠦᠨᠢᠶ᠎ᠡ ᠲᠡᠵᠢᠭᠡᠭᠴᠢᠳ ᠲᠤ ᠨᠦᠬᠦᠪᠦᠷᠢ ᠤᠯᠭᠤᠨ᠎ᠠ᠃ ᠰᠠᠭᠠᠯᠢ ᠶᠢᠨ ᠦᠨᠢᠶ᠎ᠡ   ᠲᠡᠵᠢᠭᠡᠨ ᠦᠷᠡᠵᠢᠬᠦᠯᠵᠦ ᠪᠠᠶᠢᠭ᠎ᠠ ᠭᠠᠵᠠᠷ ᠤᠨ ᠤᠷᠴᠢᠨ ᠲᠤᠭᠤᠷᠢᠨ ᠤ ᠪᠤᠬᠢᠷᠳᠤᠯ ᠢ ᠵᠠᠰᠠᠬᠤ ᠬᠠᠮᠢᠶ᠎ᠡ ᠪᠦᠭᠦᠢ ᠮᠡᠷᠭᠡᠵᠢᠯ ᠢ   ᠲᠦᠷᠭᠡᠨ ᠲᠡᠯᠭᠡᠷᠡᠭᠦᠯᠵᠤ᠂ ᠬᠠᠮᠢᠶ᠎ᠡ ᠪᠦᠭᠦᠢ ᠠᠵᠢᠯ ᠲᠠᠢ ᠤᠶᠠᠯᠳᠤᠭᠤᠯᠤᠨ ᠰᠠᠭᠠᠯᠢ ᠶᠢᠨ ᠦᠨᠢᠶ᠎ᠡ ᠲᠡᠵᠢᠭᠡᠭᠴᠢᠳ ᠤᠨ ᠬᠤᠭ   ᠨᠤᠪᠰᠢ ᠶᠢ ᠪᠠᠭᠠᠰᠬᠠᠬᠤ ᠠᠷᠭ᠎ᠠ ᠬᠡᠮᠵᠢᠶ᠎ᠡ ᠪᠡ ᠮᠠᠯ ᠤᠨ ᠪᠠᠭᠠᠰᠤ ᠰᠢᠭᠡᠰᠤ ᠶᠢ ᠶᠡᠷᠤᠩᠭᠡᠶᠢᠯᠡᠨ ᠠᠰᠢᠬᠯᠠᠬᠤ ᠮᠡᠷᠭᠡᠵᠢᠯ ᠢ   ᠭᠡᠷᠡᠭᠯᠡᠬᠦ ᠶᠠᠪᠤᠳᠠᠯ ᠢ ᠲᠡᠮᠵᠢᠨ᠎ᠡ᠃             ︵ᠲᠤᠯᠤᠭ᠎ᠠ︶ ᠠᠵᠤ ᠦᠢᠯᠡᠰᠵᠢᠭᠰᠡᠨ ᠡᠵᠡᠩᠨᠡᠯᠲᠡ ᠶᠢ ᠠᠬᠢᠭᠤᠯᠤᠨ᠎ᠠ            1. ᠰᠠᠭᠠᠯᠢ ᠶᠢᠨ ᠦᠨᠢᠶ᠎ᠡ ᠲᠡᠵᠢᠭᠡᠭᠴᠢᠳ ᠤᠨ ᠲᠤᠰᠬᠠᠢᠢᠵᠢᠬᠰᠠᠨ ᠦᠢᠯᠡᠳᠪᠦᠷᠢᠯᠡᠯ ᠤᠨ ᠬᠤᠷᠰᠢᠭᠰᠠᠨ ᠵᠤᠬᠢᠶᠠᠨ   ᠪᠠᠶᠢᠭᠤᠯᠤᠯᠳᠡ ᠶᠢ ᠶᠡᠬᠡᠪᠡᠷ ᠭᠦᠭᠵᠢᠭᠦᠯᠦᠨ᠎ᠠ᠃ ᠰᠠᠭᠠᠯᠢ ᠶᠢᠨ ᠦᠨᠢᠶ᠎ᠡ ᠲᠡᠵᠢᠭᠡᠭᠴᠢᠳ ᠤᠨ ᠲᠤᠰᠬᠠᠢᠢᠵᠢᠬᠰᠠᠨ   ᠦᠢᠯᠡᠳᠪᠦᠷᠢᠯᠡᠯ ᠤᠨ ᠬᠤᠷᠰᠢᠶᠠᠵᠢᠯ᠂ ᠰᠠᠭᠠᠯᠢ ᠶᠢᠨ ᠦᠨᠢᠶᠡᠨ ᠤ ᠦᠢᠯᠡᠰ ᠤᠨ ᠨᠡᠶᠢᠭᠡᠮᠯᠢᠭ ᠵᠡᠷᠭᠡ ᠰᠠᠭᠠᠯᠢ ᠶᠢᠨ ᠦᠨᠢᠶ᠎ᠡ   ᠲᠡᠵᠢᠭᠡᠭᠴᠢᠳ ᠤᠨ ᠡᠷᠬᠢᠯᠡᠬᠦ ᠲᠤᠰᠬᠠᠢᠢᠵᠢᠭᠰᠠᠨ ᠦᠢᠯᠡᠳᠪᠦᠷᠢᠯᠡᠯ ᠤᠨ ᠬᠤᠷᠰᠢᠭᠰᠠᠨ ᠵᠤᠬᠢᠶᠠᠨ ᠪᠠᠶᠢᠭᠤᠯᠤᠯᠲᠠ ᠶᠢᠨ   ᠬᠦᠭᠵᠢᠯᠲᠡ ᠶᠢ ᠢᠳᠡᠪᠬᠢᠲᠡᠢ ᠲᠡᠳᠬᠦᠵᠦ᠂ ᠡᠳᠡᠭᠡᠷ ᠵᠤᠬᠢᠶᠠᠨ ᠪᠠᠶᠢᠭᠤᠯᠤᠯᠲᠠ ᠶᠢᠨ ᠰᠠᠭᠠᠯᠢ ᠶᠢᠨ ᠦᠨᠢᠶ᠎ᠡ   ᠲᠠᠵᠢᠭᠡᠭᠴᠢᠳ ᠤᠨ ᠡᠷᠭᠡ ᠠᠰᠢᠭ ᠢ ᠬᠠᠮᠠᠭᠠᠯᠠᠬᠤ᠂ ᠲᠦᠭᠦᠬᠡᠢ ᠰᠦ ᠬᠤᠷᠢᠶᠠᠨ ᠠᠪᠬᠤ ᠦᠨ᠎ᠠ ᠬᠠᠩᠰᠢ ᠶᠢ ᠵᠦᠪᠳᠡᠯᠴᠡᠨ   ᠲᠤᠭᠳᠠᠭᠠᠬᠤ᠂ ᠰᠠᠭᠠᠯᠢ ᠶᠢᠨ ᠦᠨᠢᠶ᠎ᠡ ᠲᠡᠵᠢᠭᠡᠭᠴᠢᠳ ᠲᠤ ᠦᠢᠯᠡᠴᠢᠯᠡᠭᠡ ᠬᠠᠩᠭᠠᠬᠤ ᠵᠡᠷᠭᠡ ᠲᠠᠯ᠎ᠠ ᠪᠠᠷ ᠬᠢ ᠦᠢᠯᠡᠳᠤᠯ ᠢ   ᠭᠦᠢᠴᠡᠳ ᠪᠠᠳᠠᠷᠠᠭᠤᠯᠤᠨ᠎ᠠ᠃ ᠡᠳ᠋ ᠤᠨ ᠵᠠᠰᠠᠭ ᠤᠨ ᠰᠠᠯᠠᠭ᠎ᠠ ᠮᠦᠴᠢᠷ ᠰᠠᠭᠠᠯᠢ ᠶᠢᠨ ᠦᠨᠢᠶ᠎ᠡ ᠲᠡᠵᠢᠭᠡᠭᠴᠢᠳ ᠤᠨ   ᠲᠤᠰᠬᠠᠢᠢᠵᠢᠬᠰᠠᠨ ᠦᠢᠯᠡᠳᠪᠦᠷᠢᠯᠡᠯ ᠤᠨ ᠬᠤᠷᠰᠢᠭᠰᠠᠨ ᠵᠤᠬᠢᠶᠠᠨ ᠪᠠᠶᠢᠭᠤᠯᠤᠯᠳᠡ ᠶᠢᠨ ᠲᠤᠬᠠᠢ ᠲᠡᠮᠵᠢᠭᠦ ᠡᠷᠴᠢᠮ ᠢᠶᠠᠨ   ᠴᠢᠩᠭᠠᠷᠠᠭᠤᠯᠬᠤ ᠭᠡᠷᠡᠭᠲᠡᠢ᠃ ᠶᠠᠮᠠᠷᠪᠡ ᠨᠢᠭᠡᠴᠡ ᠪᠡ ᠬᠤᠪᠢ ᠭᠦᠮᠦᠨ ᠴᠦᠮ ᠰᠠᠭᠠᠯᠢ ᠶᠢᠨ ᠦᠨᠢᠶ᠎ᠡ ᠲᠡᠵᠢᠭᠡᠭᠴᠢᠳ ᠤᠨ   ᠲᠤᠰᠬᠠᠢᠢᠵᠢᠬᠰᠠᠨ ᠦᠢᠯᠡᠳᠪᠦᠷᠢᠯᠡᠯ ᠤᠨ ᠬᠤᠷᠰᠢᠭᠰᠠᠨ ᠵᠤᠬᠢᠶᠠᠨ ᠪᠠᠶᠢᠭᠤᠯᠤᠯᠳᠡ ᠵᠢᠴᠢ ᠪᠦᠷᠢᠯᠳᠤᠭᠦᠨ ᠤ ᠬᠢᠨᠢ ᠬᠠᠤᠯᠢ   ᠶᠤᠰᠤᠨ ᠤ ᠡᠷᠭᠡ ᠠᠰᠢᠭ ᠲᠤ ᠬᠠᠯᠳᠠᠵᠤ ᠪᠤᠯᠬᠤ ᠦᠭᠡᠢ᠃            2. ᠵᠦᠢ ᠵᠤᠬᠢᠰᠳᠠᠢ ᠠᠰᠢᠭ ᠲᠤᠰᠡ ᠶᠢᠨ ᠬᠤᠯᠪᠤᠯᠳᠤᠬᠰᠠᠨ ᠲᠤᠭᠳᠠᠴᠡ ᠶᠢ ᠪᠠᠶᠢᠭᠤᠯᠤᠨ᠎ᠠ᠃ ᠰᠠᠭᠠᠯᠢ ᠶᠢᠨ   ᠦᠨᠢᠶ᠎ᠡ ᠲᠡᠵᠢᠭᠡᠭᠴᠢᠳ ᠢᠶᠠᠷ ᠰᠠᠭᠤᠷᠢ ᠪᠤᠯᠭᠠᠵᠤ᠂ ᠲᠡᠵᠢᠭᠡᠨ ᠦᠷᠡᠵᠢᠬᠦᠯᠬᠦ ᠰᠠᠭᠤᠷᠢᠨ ᠭᠠᠵᠠᠷ ᠢᠶᠠᠷ ᠲᠦᠰᠢᠭ ᠲᠤᠯᠭᠠᠭᠤᠷᠢ   ᠪᠤᠯᠭᠠᠨ᠂ ᠴᠠᠭᠠᠨ ᠢᠳᠡᠭᠡᠨ ᠦᠢᠯᠡᠳᠪᠤᠷᠢᠯᠡᠬᠦ ᠠᠵᠤ ᠠᠬᠤᠢᠢᠯᠠᠯ ᠢᠶᠠᠷ ᠳᠠᠭᠠᠭᠤᠯᠤᠭᠴᠢ ᠪᠤᠯᠭᠠᠭᠰᠠᠨ ᠴᠠᠭᠠᠨ ᠢᠳᠡᠭᠡᠨ ᠤ   ᠦᠢᠯᠡᠰ ᠤᠨ ᠠᠵᠤ ᠦᠢᠯᠡᠰᠵᠢᠭᠰᠡᠨ ᠡᠵᠡᠩᠨᠡᠯᠲᠡ ᠶᠢᠨ ᠬᠡᠯᠪᠡᠷᠢ ᠶᠢ ᠶᠡᠬᠡᠪᠡᠷ ᠭᠦᠭᠵᠢᠭᠦᠯᠤᠨ ᠠᠰᠢᠭᠯᠠᠵᠤ᠂ ᠴᠠᠭᠠᠨ   ᠢᠳᠡᠭᠡᠨ ᠤ ᠠᠵᠦ ᠦᠢᠯᠡᠰ ᠤᠨ ᠬᠡᠯᠬᠢᠶ᠎ᠡ ᠶᠢᠨ ᠡᠯ᠎ᠡ ᠭᠡᠰᠡᠭ ᠨᠢ ᠬᠠᠷᠢᠯᠴᠠᠨ ᠠᠬᠢᠭᠤᠯᠤᠯᠴᠠᠵᠤ᠂ ᠬᠠᠮᠳᠤᠪᠠᠷ ᠭᠦᠭᠵᠢᠭᠰᠡᠨ   ᠪᠠᠶᠢᠳᠠᠯ ᠢ ᠪᠤᠢ ᠪᠤᠯᠭᠠᠨ᠎ᠠ᠃ ᠴᠠᠭᠠᠨ ᠢᠳᠡᠭᠡᠨ ᠦᠢᠯᠡᠳᠪᠦᠷᠢᠯᠡᠬᠦ ᠠᠵᠤ ᠠᠬᠤᠢᠢᠯᠠᠯ ᠤᠨ ᠵᠠᠬᠢᠶᠠᠯᠠᠭ᠎ᠠ ᠪᠠᠷ ᠰᠦ ᠬᠤᠳᠠᠯᠳᠤᠨ   ᠠᠪᠬᠤ᠂ ᠠᠶᠤᠯ ᠲᠦᠭᠰᠢᠭᠦᠷᠢ ᠶᠢᠨ ᠰᠠᠭᠤᠷᠢ ᠮᠦᠩᠭᠦ ᠭᠠᠷᠭᠠᠬᠤ᠂ ᠠᠰᠢᠭ ᠤᠷᠤᠯᠭ᠎ᠠ ᠠᠴᠠ ᠪᠠᠨ ᠬᠤᠪᠢᠶᠠᠨ ᠦᠭᠬᠦ᠂   ᠬᠤᠪᠢ ᠤᠷᠤᠬᠤ ᠬᠤᠪᠢ ᠤᠷᠤᠭᠤᠯᠬᠤ ᠵᠡᠷᠭᠡ ᠤᠯᠠᠨ ᠵᠦᠢᠯ ᠤᠨ ᠠᠷᠭ᠎ᠠ ᠮᠠᠶ᠋ᠢᠭ ᠢᠶᠠᠷ ᠲᠠᠮᠵᠢᠨ᠂ ᠰᠠᠭᠠᠯᠢ ᠶᠢᠨ ᠦᠨᠢᠶ᠎ᠡ   ᠲᠡᠵᠢᠭᠡᠭᠴᠢᠳ ᠲᠠᠢ ᠲᠤᠭᠳᠠᠪᠤᠷᠢᠲᠦ ᠦᠢᠯᠡᠳᠪᠦᠷᠢᠯᠡᠨ ᠪᠤᠷᠤᠯᠠᠭᠤᠯᠬᠤ ᠬᠠᠷᠢᠴᠠᠭ᠎ᠠ ᠪᠠᠶᠢᠭᠤᠯᠵᠤ᠂ ᠰᠠᠯᠤᠰᠢ ᠦᠭᠡᠢ ᠨᠢᠭᠳᠠ   ᠬᠠᠷᠢᠴᠠᠭ᠎ᠠ ᠪᠦᠬᠦᠢ ᠠᠰᠢᠭ ᠲᠤᠰᠡ ᠶᠢᠨ ᠬᠤᠯᠪᠤᠭᠠᠲᠤ ᠲᠤᠭᠳᠠᠴᠡ ᠶᠢ ᠪᠤᠢ ᠪᠤᠯᠭᠠᠨ᠂ ᠠᠵᠤ ᠠᠬᠤᠢᠢᠯᠠᠯ ᠤᠨ   ᠲᠠᠭᠠᠭᠤᠯᠤᠬᠴᠢ ᠶᠢᠨ ᠦᠢᠯᠡᠳᠤᠯ ᠢᠶᠠᠨ ᠨᠡᠩ ᠰᠠᠶᠢᠨ ᠪᠠᠳᠠᠷᠠᠭᠤᠯᠬᠤ ᠶᠢ ᠵᠤᠷᠢᠡᠡᠵᠢᠭᠤᠯᠤᠨ᠎ᠠ᠃              3. ᠲᠦᠭᠦᠬᠡᠢ ᠰᠦ ᠶᠢᠨ ᠠᠷᠠᠯᠵᠢᠶᠠᠯᠠᠭ᠎ᠠ ᠶᠢ ᠲᠦᠷᠢᠮᠵᠢᠭᠦᠯᠦᠨ᠎ᠠ᠃ ᠡᠯ᠎ᠠ ᠭᠠᠵᠠᠷ ᠤᠨ ᠬᠢᠨ ᠵᠠᠰᠠᠭ ᠤᠨ   ᠤᠷᠳᠤᠨ ᠤ ᠬᠤᠯᠪᠤᠭᠳᠠᠯ ᠪᠦᠭᠦᠢ ᠰᠠᠯᠠᠭ᠎ᠠ ᠮᠦᠴᠢᠷ᠂ ᠠᠵᠢᠯ ᠲᠦᠷᠦᠯ ᠤᠨ ᠨᠡᠶᠢᠭᠡᠮᠯᠢᠭ᠂ ᠴᠠᠭᠠᠨ ᠢᠳᠡᠭᠡᠨ   ᠦᠢᠯᠡᠳᠪᠦᠷᠢᠯᠡᠬᠦ ᠠᠵᠤ ᠠᠬᠤᠢᠢᠯᠠᠯ᠂ ᠲᠦᠭᠦᠭᠡᠢ ᠰᠦ ᠬᠤᠳᠠᠯᠳᠤᠨ ᠠᠪᠤᠭᠴᠢᠳ᠂ ᠰᠠᠭᠠᠯᠢ ᠶᠢᠨ ᠦᠨᠢᠶ᠎ᠡ   ᠲᠡᠵᠢᠭᠡᠭᠴᠢᠳ ᠤᠨ ᠲᠦᠯᠤᠭᠡᠯᠡᠭᠴᠢ ᠵᠡᠷᠭᠡ ᠶᠢᠨ ᠤᠷᠤᠯᠴᠠᠬᠰᠠᠨ ᠲᠦᠭᠦᠭᠡᠢ ᠰᠦ ᠶᠢᠨ ᠦᠨ᠎ᠠ ᠬᠠᠩᠰᠢ ᠶᠢ ᠵᠤᠬᠢᠴᠠᠭᠤᠯᠬᠤ   ᠲᠤᠭᠳᠡᠴᠡ ᠶᠢ ᠪᠠᠶᠢᠭᠤᠯᠵᠤ᠂ ᠲᠦᠭᠦᠭᠡᠢ ᠰᠦ ᠠᠷᠠᠯᠵᠢᠶᠠᠯᠠᠬᠤ ᠯᠠᠪᠯᠠᠯᠲᠠ ᠶᠢᠨ ᠦᠨ᠎ᠠ ᠬᠠᠩᠰᠢ ᠶᠢ ᠵᠦᠪᠳᠡᠯᠴᠡᠨ   ᠲᠤᠭᠳᠠᠭᠠᠬᠤ ᠶᠢᠨ ᠬᠠᠮᠳᠤ ᠪᠠᠰᠠ ᠬᠤᠭᠤᠴᠠᠭ᠎ᠠ ᠲᠠᠢ ᠪᠠᠷ ᠨᠡᠶᠢᠳᠡᠯᠡᠨ᠂ ᠲᠦᠭᠦᠭᠡᠢ ᠰᠦ ᠬᠤᠳᠠᠯᠳᠤᠨ ᠠᠪᠬᠤ ᠪᠠ   ᠪᠤᠷᠤᠯᠠᠭᠤᠯᠬᠤ ᠬᠤᠶᠠᠷ ᠡᠳᠡᠭᠡᠳ ᠤᠨ ᠭᠡᠷ᠎ᠡ ᠲᠤᠭᠳᠠᠬᠤ ᠦᠶ᠎ᠡ ᠶᠢᠨ ᠯᠠᠪᠯᠠᠯᠲᠠ ᠪᠤᠯᠭᠠᠨ᠎ᠠ᠃ ᠡᠯ᠎ᠠ ᠭᠠᠵᠠᠷ ᠤᠨ ᠦᠨ᠎ᠠ   ᠬᠠᠩᠰᠢ ᠪᠠ ᠲᠠᠷᠢᠶᠠᠯᠠᠩ ᠤᠨ ᠰᠠᠯᠠᠭ᠎ᠠ ᠮᠦᠴᠢᠷ ᠵᠢᠯᠤᠭᠤᠳᠤᠯᠭ᠎ᠠ ᠪᠠᠨ ᠴᠢᠩᠭᠠᠳᠬᠠᠵᠤ᠂ ᠵᠤᠬᠢᠴᠠᠭᠤᠯᠬᠤ ᠲᠤᠭᠳᠠᠴᠠ ᠶᠢᠨ   ᠬᠡᠪ ᠤᠨ ᠠᠵᠢᠯ ᠢ ᠪᠠᠳᠤᠯᠠᠬᠤ ᠭᠡᠷᠡᠭᠲᠡᠢ᠃ ᠬᠦᠳᠡᠭᠡ ᠠᠵᠦ ᠠᠬᠤᠢ ᠶᠢᠨ ᠶᠠᠮᠤᠨ ᠦᠢᠯᠡᠳᠪᠦᠷᠢ ᠬᠤᠳᠠᠯᠳᠤᠭᠠᠨ ᠤ ᠶᠡᠷᠤᠩᠬᠡᠢ   ᠲᠤᠪᠴᠢᠶ᠎ᠡ ᠲᠠᠢ ᠬᠠᠮᠳᠤᠷᠠᠨ ᠨᠢᠭᠡᠳᠤᠯᠳᠠᠢ ᠳᠦᠷᠢᠮᠵᠢᠩᠭᠦᠢ ᠲᠦᠭᠦᠭᠡᠢ ᠰᠦ ᠬᠤᠳᠠᠯᠳᠤᠨ ᠠᠪᠬᠤ ᠪᠠ ᠪᠤᠷᠤᠯᠠᠭᠤᠯᠬᠤ   ᠭᠡᠷ᠎ᠡ ᠶᠢᠨ   ᠦᠯᠢᠭᠡᠷ ᠳᠡᠪᠳᠡᠷ ᠢ ᠵᠤᠬᠢᠶᠠᠵᠤ᠂ ᠲᠦᠭᠦᠬᠡᠢ ᠰᠦ ᠠᠷᠠᠯᠵᠢᠶᠠᠯᠠᠬᠤ ᠲᠤᠭ᠎ᠠ ᠬᠡᠮᠵᠢᠶ᠎ᠡ᠂ ᠴᠢᠨᠠᠷ ᠴᠢᠨᠰᠠᠭ᠎ᠠ᠂   ᠦᠨ᠎ᠠ ᠬᠠᠩᠰᠢ᠂ ᠦᠨᠡᠯᠡᠨ ᠪᠤᠳᠤᠬᠤ ᠪᠠᠷᠢᠮᠵᠢᠶ᠎ᠡ ᠪᠡ ᠭᠡᠷ᠎ᠡ ᠠᠴᠠ ᠵᠤᠷᠢᠴᠡᠭᠰᠡᠨ ᠬᠠᠷᠢᠭᠤᠴᠠᠯᠭ᠎ᠠ ᠵᠡᠷᠭᠡ ᠶᠢ ᠲᠤᠳᠤᠷᠬᠠᠢᠢᠯᠠᠨ  ᠂ ᠡᠯ᠎ᠠ ᠭᠠᠵᠷ ᠤᠨ ᠲᠠᠷᠢᠶᠠᠯᠠᠩ ᠤᠨ ᠰᠠᠯᠠᠭ᠎ᠠ ᠮᠦᠴᠢᠷ ᠪᠤᠯᠤᠨ ᠦᠢᠯᠡᠳᠪᠦᠷᠢ ᠬᠤᠳᠠᠯᠳᠤᠭᠠᠨ ᠤ ᠰᠠᠯᠠᠭ᠎ᠠ ᠮᠦᠴᠢᠷ   ᠬᠠᠮᠵᠢᠯᠴᠠᠨ ᠲᠦᠭᠦᠭᠡᠢ ᠰᠦ ᠬᠤᠳᠠᠯᠳᠤᠨ ᠠᠪᠬᠤ ᠪᠠ ᠪᠤᠷᠤᠯᠠᠭᠤᠯᠬᠤ ᠬᠤᠶᠠᠷ ᠡᠳᠡᠭᠡᠳ ᠤᠨ ᠵᠢᠷᠤᠮᠯᠡᠨ ᠭᠦᠢᠴᠡᠳᠭᠡᠭᠦ   ᠶᠠᠪᠤᠳᠠᠯ ᠢ ᠬᠢᠨᠡᠬᠤ ᠭᠡᠷᠡᠭᠲᠡᠢ᠃ ᠤᠳᠤ ᠪᠠᠶᠢᠬᠤ ᠪᠠᠶᠢᠭᠤᠯᠤᠮᠵᠢ ᠪᠡ ᠲᠤᠨᠤᠭ ᠲᠦᠭᠦᠭᠡᠷᠤᠮᠵᠢ ᠳᠡᠭᠡᠨ ᠲᠦᠰᠢᠭᠯᠡᠨ᠂   ᠬᠦᠨᠳᠡᠯᠡᠨ ᠠᠴᠠ ᠰᠢᠯᠭᠠᠨ ᠬᠡᠮᠵᠢᠬᠦ ᠰᠢᠰᠲ᠋ᠧᠮ ᠢ ᠠᠯᠬᠤᠮ ᠠᠯᠬᠤᠮ ᠢᠶᠠᠷ ᠪᠤᠢ ᠪᠤᠯᠭᠠᠨ ᠭᠦᠭᠵᠢᠭᠦᠯᠵᠤ᠂ ᠰᠠᠭᠠᠯᠢ ᠶᠢᠨ   ᠦᠨᠢᠶ᠎ᠡ ᠲᠡᠵᠢᠭᠡᠭᠴᠢᠳ ᠤᠨ ᠡᠷᠭᠡ ᠠᠰᠢᠭ ᠢ ᠬᠠᠮᠠᠭᠠᠯᠠᠨ᠎ᠠ᠃             ︵ᠨᠠᠢᠮᠡ︶ ᠠᠵᠢᠯ ᠲᠦᠷᠦᠯ ᠤᠨ ᠵᠢᠯᠤᠭᠤᠳᠤᠯᠭ᠎ᠠ ᠪᠠ ᠬᠠᠤᠯᠢ ᠲᠦᠷᠢᠮ ᠤᠨ ᠪᠠᠶᠢᠭᠤᠯᠤᠯᠳᠡ ᠶᠢ   ᠴᠢᠩᠭᠠᠳᠬᠠᠨ᠎ᠠ᠃            1. ᠠᠵᠢᠯ ᠲᠦᠷᠦᠯ ᠤᠨ ᠵᠢᠯᠤᠭᠤᠳᠤᠯᠭ᠎ᠠ ᠶᠢ ᠴᠢᠩᠭᠠᠳᠬᠠᠨ᠎ᠠ᠃ ᠬᠤᠯᠪᠤᠭᠳᠠᠯ ᠪᠦᠭᠦᠢ ᠰᠠᠯᠠᠭ᠎ᠠ ᠮᠦᠴᠢᠷ ᠴᠠᠭᠠᠨ   ᠢᠳᠡᠭᠡᠨ ᠤ ᠠᠵᠤ ᠦᠢᠯᠡᠳᠪᠦᠷᠢ ᠶᠢᠨ ᠠᠵᠤ ᠦᠢᠯᠡᠰ ᠤᠨ ᠲᠤᠬᠠᠢ ᠲᠦᠷᠦ ᠶᠢᠨ ᠪᠤᠳᠤᠯᠭ᠎ᠠ᠂ ᠴᠠᠭᠠᠨ ᠢᠳᠡᠭᠡᠨ ᠡᠳ᠋ᠰᠢᠭᠦᠯᠭᠦ   ᠠᠵᠢᠯ ᠲᠦᠷᠦᠯ ᠤᠨ ᠵᠠᠬ᠎ᠠ ᠲᠡᠯᠭᠡᠭᠦᠷ ᠲᠤ ᠤᠷᠤᠬᠤ ᠵᠦᠪᠰᠢᠶᠡᠷᠡᠯ ᠤᠨ ᠨᠦᠭᠦᠴᠡᠯ ᠤᠨ ᠭᠡᠷᠡᠭᠵᠢᠬᠦᠯᠦᠯᠲᠡ ᠶᠢᠨ ᠪᠠᠶᠢᠳᠠᠯ ᠢ   ᠴᠢᠩᠭ᠎ᠠ ᠬᠢᠨᠠᠨ ᠪᠠᠶᠢᠴᠠᠭᠠᠵᠤ᠂ ᠪᠤᠳᠠᠳᠠᠢ ᠪᠠᠶᠢᠳᠠᠯ ᠢᠶᠠᠨ ᠦᠨᠳᠤᠰᠤᠯᠡᠨ ᠲᠡᠲᠡᠭᠡᠷ ᠢ ᠪᠠᠰᠠ ᠵᠠᠰᠠᠪᠤᠷᠢ ᠤᠷᠤᠭᠤᠯᠵᠤ   ᠲᠡᠭᠦᠯᠳᠡᠷᠵᠢᠭᠦᠯᠬᠦ ᠭᠡᠷᠡᠭᠲᠡᠢ᠃ ᠬᠦᠳᠡᠭᠡ ᠠᠵᠤ ᠠᠬᠤᠢ ᠶᠢᠨ ᠶᠠᠮᠤᠨ ᠬᠤᠯᠪᠤᠭᠳᠠᠯ ᠪᠦᠭᠦᠢ ᠰᠠᠯᠠᠭ᠎ᠠ ᠮᠦᠴᠢᠷ ᠲᠠᠢ   ᠬᠠᠮᠳᠤᠷᠠᠨ ᠪᠦᠭᠦ ᠤᠯᠤᠰ ᠤᠨ ᠴᠠᠭᠠᠨ ᠢᠳᠡᠭᠡᠨ ᠤ ᠦᠢᠯᠡᠰ ᠤᠨ ᠭᠦᠭᠵᠢᠯᠳᠡ ᠶᠢᠨ ᠲᠦᠯᠦᠪᠵᠢᠭᠦᠯᠭᠡ ᠶᠢ ᠱᠠᠯᠠᠪᠳᠠᠨ   ᠲᠤᠭᠳᠠᠭᠠᠵᠤ᠂ ᠴᠠᠭᠠᠨ ᠢᠳᠡᠭᠡᠨ ᠤ ᠦᠢᠯᠡᠰ ᠤᠨ ᠭᠦᠭᠵᠢᠯᠳᠡ ᠳᠤ ᠠᠵᠢᠯ ᠲᠦᠷᠦᠯ ᠤᠨ ᠵᠢᠯᠤᠭᠤᠳᠤᠯᠭ᠎ᠠ ᠶᠢ ᠴᠢᠩᠭᠠᠳᠬᠠᠨ   ᠦᠭᠬᠦ ᠭᠡᠷᠡᠭᠲᠡᠢ᠃             2. ᠬᠢᠨᠠᠨ ᠬᠡᠮᠵᠢᠬᠦ ᠪᠠ ᠰᠡᠷᠡᠮᠵᠢᠯᠡᠭᠦᠯᠭᠦ ᠠᠵᠢᠯ ᠢ ᠴᠢᠩᠭᠠᠳᠬᠠᠨ᠎ᠠ᠃ ᠡᠯ᠎ᠠ ᠭᠠᠵᠷ ᠤᠨ ᠬᠤᠳᠠᠯᠳᠤᠭᠠᠨ ᠤ   ᠶᠠᠪᠤᠳᠠᠯ᠂ ᠦᠨ᠎ᠠ ᠬᠠᠩᠰᠢ᠂ ᠲᠠᠷᠢᠶᠠᠯᠠᠩ ᠤᠨ ᠰᠠᠯᠠᠭ᠎ᠠ ᠮᠦᠴᠢᠷ ᠰᠠᠭᠠᠯᠢ ᠶᠢᠨ ᠦᠨᠢᠶ᠎ᠡ ᠲᠡᠵᠢᠭᠡᠨ ᠦᠷᠡᠵᠢᠬᠦᠯᠬᠦ ᠠᠵᠢᠯ᠂   ᠲᠦᠭᠦᠬᠡᠢ ᠰᠦ ᠶᠢᠨ ᠦᠨ᠎ᠠ ᠬᠠᠩᠰᠢ᠂ ᠴᠠᠭᠠᠨ ᠢᠳᠡᠭᠡᠨ ᠤ ᠵᠠᠬ᠎ᠠ ᠲᠡᠯᠭᠡᠭᠦᠷ ᠵᠢᠴᠢ ᠭᠠᠳᠠᠭᠠᠳᠤ ᠠᠴᠠ ᠤᠷᠤᠭᠤᠯᠵᠤ   ᠭᠠᠳᠠᠭᠠᠳᠤ ᠳᠤ ᠭᠠᠷᠭᠠᠬᠤ ᠶᠠᠪᠤᠳᠠᠯ ᠤᠨ ᠲᠤᠬᠠᠢ ᠬᠢᠨᠠᠨ ᠬᠡᠮᠵᠢᠬᠦ ᠠᠵᠢᠯ ᠢ ᠴᠢᠩᠭᠠᠳᠬᠠᠵᠤ᠂ ᠵᠠᠬ᠎ᠠ ᠲᠡᠯᠭᠡᠭᠦᠷ ᠤᠨ   ᠭᠦᠭᠵᠢᠯᠳᠡ ᠶᠢᠨ ᠪᠠᠶᠢᠳᠠᠯ ᠢ ᠴᠠᠭ ᠲᠤᠬᠠᠢ ᠳᠤᠨᠢ ᠵᠠᠳᠠᠯᠤᠨ ᠵᠢᠱᠢᠵᠤ᠂ ᠰᠡᠷᠡᠮᠵᠢᠯᠡᠭᠦᠯᠭᠦ ᠪᠡ ᠮᠡᠳᠡᠭᠡ ᠵᠠᠩᠬᠢ ᠪᠠᠷ ᠬᠦᠳᠦᠯᠦᠨ   ᠲᠠᠭᠠᠭᠤᠯᠬᠤ ᠠᠵᠢᠯ ᠢ ᠰᠠᠶᠢᠳᠤᠷ ᠬᠢᠬᠦ ᠭᠡᠷᠡᠭᠲᠡᠢ᠃            3. ᠠᠵᠢᠯ ᠲᠦᠷᠦᠯ ᠤᠨ ᠨᠡᠶᠢᠭᠡᠮᠯᠢᠭ ᠤᠨ ᠦᠢᠯᠡᠳᠤᠯ ᠢ ᠪᠠᠳᠠᠷᠠᠭᠤᠯᠤᠨ᠎ᠠ᠃ ᠠᠵᠢᠯ ᠲᠦᠷᠦᠯ ᠤᠨ ᠨᠡᠶᠢᠭᠡᠮᠯᠢᠭ   ᠴᠠᠭᠠᠨ ᠢᠳᠡᠭᠡᠨ ᠤ ᠦᠢᠯᠡᠰ ᠲᠠᠬᠢ ᠵᠤᠬᠢᠴᠠᠭᠤᠯᠬᠤ᠂ ᠦᠢᠯᠡᠴᠢᠯᠡᠭᠦ᠂ ᠡᠷᠭᠡ ᠠᠰᠢᠭ ᠢ ᠬᠠᠮᠠᠭᠠᠯᠠᠬᠤ᠂ ᠡᠬᠦᠷᠭᠡ ᠴᠢᠳᠠᠪᠬᠢ   ᠪᠠᠨ ᠬᠦᠢᠴᠡᠳᠭᠡᠬᠦ ᠠᠵᠢᠯ ᠢ ᠬᠢᠨᠠᠮᠠᠭᠠᠢ ᠪᠡᠶᠡᠯᠡᠭᠦᠯᠵᠤ᠂ ᠭᠦᠭᠦᠷᠭᠡ ᠬᠤᠯᠪᠤᠭᠠᠰᠤ ᠶᠢᠨ ᠦᠢᠯᠡᠳᠤᠯ ᠢᠶᠠᠨ ᠭᠦᠢᠴᠡᠳ   ᠪᠠᠳᠠᠷᠠᠭᠤᠯᠬᠤ ᠭᠡᠷᠡᠭᠲᠡᠢ᠃            4. ᠬᠠᠤᠯᠢ ᠲᠦᠷᠢᠮ ᠤᠨ ᠪᠠᠶᠢᠭᠤᠯᠤᠯᠳᠡ ᠶᠢ ᠴᠢᠩᠭᠠᠳᠬᠠᠨ᠎ᠠ᠃ ︽ᠴᠠᠭᠠᠨ ᠢᠳᠡᠭᠡᠨ ᠤ ᠴᠢᠨᠠᠷ ᠴᠢᠨᠰᠠᠭ᠎ᠠ ᠶᠢᠨ   ᠠᠮᠤᠷ ᠲᠦᠪᠰᠢᠨ ᠢ ᠬᠢᠨᠠᠨ ᠬᠠᠮᠢᠶᠠᠷᠬᠤ ᠲᠦᠷᠢᠮ︾ ᠢ ᠬᠢᠨᠠᠮᠠᠭᠠᠢ ᠲᠤᠤᠱᠯᠠᠭᠤᠯᠵᠤ᠂ ᠲᠦᠷᠢᠮ ᠤᠨ ᠤᠬᠠᠭᠤᠯᠭ᠎ᠠ ᠪᠡ ᠬᠠᠤᠯᠢ   ᠭᠡᠷᠡᠭᠵᠢᠭᠦᠯᠭᠦ ᠡᠷᠴᠢᠮ ᠢᠶᠠᠨ ᠴᠢᠩᠭᠠᠷᠠᠭᠤᠯᠤᠨ᠎ᠠ᠃                       ᠲᠦᠷᠪᠡ᠂ ᠬᠠᠷᠢᠭᠤᠴᠠᠯᠭ᠎ᠠ ᠪᠡ ᠦᠨᠡᠯᠡᠯᠲᠡ ᠰᠢᠯᠭᠠᠯᠳᠡ             ︵ᠨᠢᠭᠡ︶ ᠬᠠᠷᠢᠭᠤᠴᠠᠯᠭ᠎ᠠ ᠪᠡ ᠠᠵᠢᠯ ᠤᠨ ᠬᠤᠪᠢᠶᠠᠷᠢᠯᠠᠯ ᠢ ᠲᠤᠳᠤᠷᠬᠠᠢᠢᠯᠠᠨ᠎ᠠ᠃          1. ᠵᠠᠬ᠎ᠠ ᠲᠡᠯᠭᠡᠭᠦᠷ ᠤᠨ ᠭᠤᠤᠯ ᠴᠤᠬᠴᠡ ᠶᠢᠨ ᠬᠠᠷᠢᠭᠤᠴᠠᠯᠭ᠎ᠠ ᠶᠢ ᠲᠤᠳᠤᠷᠬᠠᠢᠢᠯᠠᠨ᠎ᠠ᠃ ᠴᠠᠭᠠᠨ ᠢᠳᠡᠭᠡᠨ   ᠦᠢᠯᠡᠳᠪᠦᠷᠢᠯᠡᠬᠦ ᠠᠵᠤ ᠠᠬᠤᠢᠢᠯᠠᠯ᠂ ᠰᠦ ᠶᠢᠨ ᠦᠷᠳᠡᠭᠡ᠂ ᠰᠠᠭᠠᠯᠢ ᠶᠢᠨ ᠦᠨᠢᠶ᠎ᠡ ᠲᠡᠵᠢᠭᠡᠭᠴᠢᠳ ᠨᠢᠯᠬ᠎ᠠ ᠬᠡᠤᠭᠡᠳ ᠤᠨ   ᠰᠦᠨ ᠲᠠᠯᠬ᠎ᠠ ᠶᠢᠨ ᠲᠤᠬᠠᠢ ᠬᠡᠷᠡᠭ ᠢᠶᠠᠷ ᠴᠡᠭᠡᠷᠯᠡᠯ ᠪᠤᠯᠭᠠᠵᠤ᠂ ᠪᠦᠳᠦᠭᠡᠭᠳᠡᠭᠦᠨ ᠤ ᠴᠢᠨᠠᠷ ᠴᠢᠨᠰᠠᠭ᠎ᠠ ᠶᠢ ᠠᠮᠢ ᠭᠤᠤᠯ ᠢᠶᠠᠨ   ᠮᠡᠲᠦ ᠦᠵᠡᠨ᠂ ᠬᠠᠤᠯᠢ ᠴᠠᠭᠠᠵᠠ ᠪᠤᠯᠤᠨ ᠶᠤᠰᠤ ᠮᠤᠷᠠᠯ ᠤᠨ ᠤᠬᠠᠮᠰᠠᠷ ᠢᠶᠠᠨ ᠲᠡᠭᠡᠭᠰᠢᠯᠡᠭᠦᠯᠵᠤ᠂ ᠬᠠᠮᠢᠶ᠎ᠡ ᠪᠦᠭᠦᠢ ᠬᠠᠤᠯᠢ   ᠴᠠᠭᠠᠵᠠ ᠬᠠᠤᠯᠢ ᠲᠦᠷᠢᠮ ᠪᠡ ᠴᠢᠨᠠᠷ ᠴᠢᠨᠰᠠᠭ᠎ᠠ ᠢᠶᠠᠨ ᠪᠠᠷᠢᠮᠵᠢᠶ᠎ᠡ ᠶᠢ ᠴᠢᠩᠭ᠎ᠠ ᠵᠢᠷᠤᠮᠯᠠᠨ ᠦᠢᠯᠡᠳᠪᠦᠷᠢᠯᠡᠯ   ᠡᠵᠡᠩᠨᠡᠯᠳᠡ ᠢᠶᠠᠨ ᠬᠢᠬᠦ ᠭᠡᠷᠡᠭᠲᠡᠢ᠃ ᠴᠠᠭᠠᠨ ᠢᠳᠡᠭᠡᠨ ᠤ ᠠᠵᠤ ᠠᠬᠤᠢᠢᠯᠠᠯ ᠨᠡᠶᠢᠭᠡᠮ ᠤᠨ ᠬᠠᠷᠢᠭᠤᠴᠠᠯᠭ᠎ᠠ ᠪᠠᠨ ᠬᠢᠨᠠᠮᠠᠭᠠᠢ   ᠭᠦᠢᠴᠡᠳᠭᠡᠵᠤ᠂ ᠤᠬᠠᠮᠰᠠᠷ ᠠᠴᠠ ᠪᠠᠨ ᠬᠢᠨᠠᠯᠲᠠ ᠭᠦᠯᠢᠶᠡᠨ᠂ ᠰᠠᠨᠠᠭᠠᠴᠢᠯᠠᠭ᠎ᠠ ᠠᠴᠠ ᠪᠠᠨ ᠰᠠᠭᠠᠯᠢ ᠶᠢᠨ ᠦᠨᠢᠶ᠎ᠡ   ᠲᠡᠵᠢᠭᠡᠭᠴᠢᠳ ᠪᠡ ᠬᠡᠷᠡᠭᠯᠡᠭᠴᠢᠳ ᠲᠤ ᠮᠡᠷᠭᠡᠵᠢᠯ ᠤᠨ ᠯᠠᠪᠯᠠᠯᠭ᠎ᠠ ᠵᠦᠪᠯᠡᠯᠡᠭᠡ ᠪᠠ ᠰᠢᠨᠵᠢᠯᠡᠬᠦ ᠤᠬᠠᠭᠠᠨ ᠮᠡᠷᠭᠡᠵᠢᠯ   ᠲᠦᠭᠡᠮᠡᠯᠵᠢᠬᠦᠯᠬᠦ ᠤᠬᠠᠭᠤᠯᠭ᠎ᠠ ᠬᠠᠩᠭᠠᠵᠤ᠂ ᠠᠵᠤ ᠠᠬᠤᠢᠢᠯᠠᠯ ᠤᠨ ᠰᠠᠶᠢᠨ ᠰᠠᠶᠢᠬᠠᠨ ᠲᠦᠷᠢ ᠲᠦᠷᠭᠦ ᠶᠢ ᠪᠤᠢ ᠪᠤᠯᠭᠠᠬᠤ   ᠭᠡᠷᠡᠭᠲᠡᠢ᠃            2. ᠤᠷᠤᠨ ᠨᠤᠳᠤᠭ ᠤᠨ ᠵᠠᠰᠠᠭ ᠤᠨ ᠤᠷᠳᠤᠨ ᠤ ᠬᠠᠷᠢᠭᠤᠴᠠᠯᠭ᠎ᠠ ᠶᠢ ᠴᠢᠩᠭᠠᠳᠬᠠᠨ᠎ᠠ᠃ ᠰᠢᠶᠠᠨ ᠤ ᠱᠠᠳᠤ   ᠠᠴᠠ ᠲᠡᠭᠡᠭᠰᠢᠬᠢ ᠤᠷᠤᠨ ᠨᠤᠳᠤᠭ ᠤᠨ ᠵᠠᠰᠠᠭ ᠤᠨ ᠤᠷᠳᠤᠨ ᠲᠤᠰ ᠵᠠᠰᠠᠭ ᠵᠠᠬᠢᠷᠭᠠᠨ ᠤ ᠤᠷᠤᠨ ᠲᠤᠭᠤᠷᠢᠭ ᠲᠤᠳᠤᠷᠠᠬᠢ   ᠴᠠᠭᠠᠨ ᠢᠳᠡᠭᠡᠨ ᠤ ᠦᠢᠯᠡᠰ ᠤᠨ ᠭᠦᠭᠵᠢᠯᠳᠡ ᠪᠤᠯᠤᠨ ᠴᠠᠭᠠᠨ ᠢᠳᠡᠭᠡᠨ ᠤ ᠴᠢᠨᠠᠷ ᠴᠢᠨᠰᠠᠭ᠎ᠠ ᠢᠶᠠᠨ ᠠᠮᠤᠷ ᠲᠦᠪᠰᠢᠨ ᠤ   ᠲᠤᠬᠠᠢ ᠶᠡᠷᠤᠩᠬᠡᠢ ᠬᠠᠷᠢᠭᠤᠴᠠᠯᠭ᠎ᠠ ᠶᠢ ᠡᠭᠦᠷᠴᠦ᠂ ᠤᠳᠤᠷᠢᠳᠤᠯᠭ᠎ᠠ ᠪᠠᠨ ᠴᠢᠩᠭᠠᠳᠬᠠᠨ᠂ ᠨᠢᠯᠬ᠎ᠠ ᠬᠡᠤᠭᠡᠳ ᠤᠨ ᠰᠦᠨ   ᠲᠠᠯᠬ᠎ᠠ ᠶᠢᠨ ᠲᠤᠬᠠᠢ ᠬᠡᠷᠡᠭ ᠢ ᠰᠢᠢᠳᠪᠦᠷᠢᠯᠡᠭᠦ ᠠᠵᠢᠯ ᠢ ᠰᠠᠶᠢᠳᠤᠷ ᠬᠢᠵᠤ᠂ ᠴᠠᠭᠠᠨ ᠢᠳᠡᠭᠡᠨ ᠤ ᠴᠢᠨᠠᠷ ᠴᠢᠨᠰᠠᠭ᠎ᠠ ᠶᠢᠨ   ᠠᠮᠤᠷ ᠲᠦᠪᠰᠢᠨ ᠤ ᠲᠤᠬᠠᠢ ᠬᠢᠨᠠᠨ ᠬᠠᠮᠢᠶᠠᠷᠬᠤ ᠠᠵᠢᠯ ᠢᠶᠠᠨ ᠴᠢᠩᠭᠠᠳᠬᠠᠬᠤ ᠶᠢᠨ ᠬᠠᠮᠳᠤ ᠴᠠᠭᠠᠨ ᠢᠳᠡᠭᠡᠨ ᠤ ᠦᠢᠯᠡᠰ ᠢ   ᠲᠡᠮᠵᠢᠭᠦ ᠡᠷᠴᠢᠮ ᠢᠶᠠᠨ ᠴᠢᠩᠭᠠᠷᠠᠭᠤᠯᠵᠤ᠂ ᠦᠢᠯᠡᠳᠪᠦᠷᠢᠯᠡᠯ ᠢᠶᠠᠨ ᠰᠡᠷᠭᠦᠭᠡᠬᠦ ᠪᠤᠯᠤᠨ ᠴᠠᠭᠠᠨ ᠢᠳᠡᠭᠡᠨ ᠤ ᠦᠢᠯᠡᠰ ᠤᠨ   ᠡᠷᠡᠭᠦᠯ ᠭᠦᠭᠵᠢᠯᠳᠡ ᠶᠢ ᠠᠬᠢᠭᠤᠯᠬᠤ ᠡᠯ᠎ᠠ ᠵᠦᠢᠯ ᠤᠨ ᠲᠦᠷᠦ ᠶᠢᠨ ᠪᠤᠳᠤᠯᠭ᠎ᠠ ᠠᠷᠭ᠎ᠠ ᠭᠡᠮᠵᠢᠶ᠎ᠡ ᠶᠢ ᠲᠤᠭᠳᠠᠭᠠᠨ ᠰᠠᠶᠢᠳᠤᠷ   ᠨᠠᠶᠢᠳᠠᠪᠤᠷᠢᠵᠢᠭᠤᠯᠬᠤ ᠭᠡᠷᠡᠭᠲᠡᠢ᠃              3. ᠰᠠᠯᠠᠭ᠎ᠠ ᠮᠦᠴᠢᠷ ᠤᠨ ᠡᠭᠦᠷᠭᠡ ᠴᠢᠳᠠᠪᠬᠢ ᠪᠠᠨ ᠬᠢᠨᠠᠮᠠᠭᠠᠢ ᠭᠦᠢᠴᠡᠳᠭᠡᠨ᠎ᠠ᠃ ᠬᠤᠯᠪᠤᠭᠳᠠᠯ ᠪᠦᠭᠦᠢ ᠰᠠᠯᠠᠭ᠎ᠠ   ᠮᠦᠴᠢᠷ ᠡᠭᠦᠷᠭᠡ ᠬᠠᠷᠢᠭᠤᠴᠠᠯᠭ᠎ᠠ ᠶᠢᠨ ᠢᠶᠠᠨ ᠬᠤᠪᠢᠶᠠᠷᠢᠯᠠᠯ ᠶᠤᠰᠤᠭᠠᠷ ᠨᠢᠬᠳᠡ ᠬᠠᠮᠵᠢᠯᠴᠠᠨ᠂ ᠠᠵᠢᠯ ᠲᠦᠷᠦᠯ ᠤᠨ   ᠵᠢᠯᠤᠭᠤᠳᠤᠯᠭ᠎ᠠ ᠪᠠᠨ ᠴᠢᠩᠭᠠᠳᠬᠠᠵᠤ᠂ ᠴᠢᠨᠠᠷ ᠴᠢᠨᠰᠠᠭ᠎ᠠ ᠤᠨ ᠬᠢᠨᠠᠯᠲᠠ ᠬᠠᠮᠢᠶᠡᠷᠤᠯᠳᠡ ᠪᠠᠨ ᠴᠢᠩᠳᠠᠯᠠᠨ᠂ ᠲᠠᠷᠤᠢ   ᠲᠦᠷᠭᠡᠨ ᠢᠶᠠᠷ ᠴᠠᠭᠠᠨ ᠢᠳᠡᠭᠡᠨ ᠤ ᠦᠢᠯᠡᠰ ᠤᠨ ᠭᠦᠭᠵᠢᠯᠳᠡ ᠶᠢ ᠬᠡᠪ ᠤᠨ ᠲᠦᠪᠰᠢᠨ ᠳᠤᠨᠢ ᠬᠦᠷᠳᠡᠯ᠎ᠡ ᠰᠡᠷᠬᠦᠭᠡᠬᠦ   ᠭᠡᠷᠡᠭᠲᠡᠢ᠃ ᠬᠦᠳᠡᠭᠡ ᠠᠵᠤ ᠠᠬᠤᠢ ᠶᠢᠨ ᠶᠠᠮᠤᠨ ᠰᠠᠭᠠᠯᠢ ᠶᠢᠨ ᠮᠠᠯ ᠠᠷᠠᠴᠢᠯᠠᠬᠤ ᠠᠵᠢᠯ ᠵᠢᠴᠢ ᠲᠦᠭᠦᠭᠡᠢ ᠰᠦ   ᠦᠢᠯᠡᠳᠪᠦᠷᠢᠯᠡᠭᠦ ᠠᠵᠢᠯ᠂ ᠬᠤᠳᠠᠯᠳᠤᠨ ᠠᠪᠬᠤ ᠠᠵᠢᠯ ᠤᠨ ᠲᠤᠬᠠᠢ ᠬᠢᠨᠠᠯᠲᠠ ᠬᠠᠮᠢᠶᠠᠷᠤᠯᠳᠡ ᠪᠠᠨ ᠴᠢᠩᠭᠠᠳᠬᠠᠬᠤ ᠭᠡᠷᠡᠭᠲᠡᠢ  ︔ ᠶᠠᠰᠤ ᠴᠢᠨᠠᠷ ᠢ ᠰᠢᠯᠭᠠᠨ ᠪᠠᠶᠢᠴᠠᠭᠠᠬᠤ ᠶᠡᠷᠤᠩᠬᠡᠢ ᠲᠤᠪᠴᠢᠶ᠎ᠡ ᠴᠠᠭᠠᠨ ᠢᠳᠡᠭᠡᠨ ᠦᠢᠯᠡᠳᠪᠦᠷᠢᠯᠡᠬᠦ ᠠᠵᠢᠯ ᠪᠡ ᠴᠠᠭᠠᠨ   ᠢᠳᠡᠭᠡᠨ ᠢ ᠭᠠᠳᠠᠭᠠᠳᠤ ᠠᠴᠠ ᠤᠷᠤᠭᠤᠯᠵᠤ ᠭᠠᠳᠠᠭᠠᠳᠤ ᠳᠤ ᠭᠠᠷᠭᠠᠬᠤ ᠠᠵᠢᠯ ᠤᠨ ᠬᠢᠨᠠᠯᠲᠠ ᠬᠠᠮᠢᠶᠠᠷᠤᠯᠳᠡ ᠶᠢ   ᠴᠢᠩᠭᠠᠳᠬᠠᠬᠤ ᠭᠡᠷᠡᠭᠲᠡᠢ︔ ᠦᠢᠯᠡᠳᠪᠦᠷᠢ ᠬᠤᠳᠠᠯᠳᠤᠭᠠᠨ ᠤ ᠶᠡᠷᠤᠩᠬᠡᠢ ᠲᠤᠪᠴᠢᠶ᠎ᠡ ᠴᠠᠭᠠᠨ ᠢᠳᠡᠭᠡᠨ ᠪᠤᠷᠤᠯᠠᠭᠤᠯᠬᠤ   ᠠᠵᠢᠯ ᠤᠨ ᠬᠢᠨᠠᠯᠲᠠ ᠬᠠᠮᠢᠶᠠᠷᠤᠯᠳᠡ ᠶᠢ ᠴᠢᠩᠭᠠᠳᠬᠠᠬᠤ ᠭᠡᠷᠡᠭᠲᠡᠢ︔ ᠡᠷᠡᠭᠦᠯ ᠬᠠᠮᠠᠭᠠᠯᠠᠯ ᠤᠨ ᠶᠠᠮᠤᠨ ᠴᠠᠭᠠᠨ ᠢᠳᠡᠭᠡᠨ ᠤ   ᠴᠢᠨᠠᠷ ᠴᠢᠨᠰᠠᠭ᠎ᠠ ᠶᠢᠨ ᠠᠮᠤᠷ ᠲᠦᠪᠰᠢᠨ ᠤ ᠲᠤᠬᠠᠢ ᠬᠢᠨᠠᠯᠲᠠ ᠬᠠᠮᠢᠶᠠᠷᠤᠯᠲᠠ ᠶᠢᠨ ᠶᠡᠷᠤᠩᠬᠡᠢ ᠵᠤᠬᠢᠴᠠᠭᠤᠯᠭ᠎ᠠ ᠶᠢᠨ ᠠᠵᠢᠯ ᠢ   ᠬᠠᠷᠢᠭᠤᠴᠠᠵᠤ᠂ ᠴᠠᠭᠠᠨ ᠢᠳᠡᠭᠡᠨ ᠤ ᠴᠢᠨᠠᠷ ᠴᠢᠨᠰᠠᠭ᠎ᠠ ᠶᠢᠨ ᠠᠮᠤᠷ ᠲᠦᠪᠰᠢᠨ ᠤ ᠲᠠᠯ᠎ᠠ ᠪᠠᠷ ᠬᠢ ᠬᠦᠨᠳᠦ ᠶᠡᠭᠡ ᠭᠡᠷᠡᠭ ᠤᠨ   ᠲᠤᠬᠠᠢ ᠮᠡᠳᠡᠭᠡ ᠵᠡᠩᠭᠢ ᠶᠢ ᠨᠢᠭᠡᠳᠦᠯᠲᠡᠢ ᠨᠡᠶᠢᠳᠡᠯᠡᠬᠦ ᠭᠡᠷᠡᠭᠲᠡᠢ︔ ᠠᠵᠤ ᠦᠢᠯᠡᠳᠪᠤᠷᠢ ᠪᠤᠯᠤᠨ ᠮᠡᠳᠡᠭᠡ ᠵᠠᠩᠬᠢ ᠶᠢᠨ ᠶᠠᠮᠤᠨ   ᠠᠵᠢᠯ ᠲᠦᠷᠦᠯ ᠤᠨ ᠴᠡᠭᠴᠡᠯᠡᠯᠳᠡ ᠪᠡ ᠲᠦᠷᠢᠮᠵᠢᠬᠦᠯᠦᠯ ᠤᠨ ᠠᠵᠢᠯ ᠢ ᠴᠢᠩᠭᠠᠳᠬᠠᠵᠤ᠂ ᠬᠤᠯᠪᠤᠭᠳᠠᠯ ᠪᠦᠭᠦᠢ ᠰᠠᠯᠠᠭ᠎ᠠ   ᠮᠦᠴᠢᠷ ᠲᠠᠢ ᠬᠠᠮᠳᠤᠷᠠᠨ ᠠᠵᠤ ᠠᠬᠤᠢᠢᠯᠠᠯ ᠤᠨ ᠴᠢᠩᠭ᠎ᠠ ᠬᠠᠮᠢᠶᠡᠷᠤᠯᠳᠡ ᠶᠢ ᠵᠤᠬᠢᠴᠠᠭᠤᠯᠤᠨ ᠠᠬᠢᠭᠤᠯᠵᠤ ᠂ ᠬᠡᠪ ᠤᠨ   ᠦᠢᠯᠡᠳᠪᠦᠷᠢᠯᠡᠯ ᠤᠨ ᠡᠮᠬᠢ ᠲᠢᠭᠯᠢᠮ ᠢ ᠪᠤᠢ ᠪᠤᠯᠭᠠᠬᠤ ᠭᠡᠷᠡᠭᠲᠡᠢ︔ ᠬᠤᠳᠠᠯᠳᠤᠭᠠᠨ ᠤ ᠶᠠᠪᠤᠳᠠᠯ ᠤᠨ ᠶᠠᠮᠤᠨ ᠴᠠᠭᠠᠨ   ᠢᠳᠠᠭᠡᠨ ᠤ ᠵᠠᠬ᠎ᠠ ᠳᠡᠯᠭᠡᠭᠦᠷ ᠤᠨ ᠲᠤᠬᠠᠢ ᠬᠢᠨᠠᠨ ᠬᠡᠮᠵᠢᠬᠦ ᠠᠵᠢᠯ ᠢ ᠴᠢᠩᠭᠠᠳᠬᠠᠵᠤ᠂ ᠵᠠᠬ᠎ᠠ ᠲᠡᠯᠭᠡᠬᠦᠷ ᠤᠨ ᠬᠠᠩᠭᠠᠯᠲᠠ ᠶᠢ   ᠪᠠᠳᠤᠯᠠᠬᠤ ᠬᠡᠷᠡᠭᠲᠡᠢ︔ ᠭᠦᠭᠵᠢᠭᠦᠯᠤᠯᠳᠠ ᠦᠭᠡᠷᠡᠴᠢᠯᠠᠯᠳᠠ ᠶᠢᠨ ᠵᠦᠪᠯᠠᠯ᠂ ᠡᠳ᠋ ᠤᠨ ᠵᠠᠰᠠᠭ ᠤᠨ ᠶᠠᠮᠤᠨ ᠴᠠᠭᠠᠨ   ᠢᠳᠡᠭᠡᠨ ᠤ ᠦᠢᠯᠡᠰ ᠤᠨ ᠭᠦᠭᠵᠢᠯᠳᠡ ᠶᠢ ᠠᠬᠢᠭᠤᠯᠬᠤ ᠲᠤᠬᠠᠢ ᠡᠯ᠎ᠠ ᠵᠦᠢᠯ ᠤᠨ ᠳᠡᠮᠵᠢᠬᠦ ᠲᠦᠷᠦ ᠶᠢᠨ ᠪᠤᠳᠤᠯᠭ᠎ᠠ ᠶᠢ   ᠨᠡᠶᠢᠳᠠᠪᠤᠷᠢᠵᠢᠭᠤᠯᠬᠤ ᠭᠡᠷᠡᠭᠲᠡᠢ︔ ᠠᠷᠠᠳ ᠤᠨ ᠪᠠᠩᠬᠢ᠂ ᠪᠠᠩᠬᠢ ᠶᠢᠨ ᠦᠢᠯᠡᠰ ᠢ ᠬᠢᠨᠠᠨ ᠬᠠᠮᠢᠶᠠᠷᠬᠤ ᠵᠦᠪᠯᠠᠯ ᠴᠠᠭᠠᠨ   ᠢᠳᠡᠭᠡᠨ ᠤ ᠦᠢᠯᠡᠰ ᠤᠨ ᠲᠤᠬᠠᠢ ᠵᠢᠭᠡᠯᠡᠯᠭᠡ ᠲᠡᠯᠪᠢᠭᠰᠡᠨ ᠪᠠᠶᠢᠳᠠᠯ ᠳᠤ ᠬᠢᠨᠠᠯᠲᠠ ᠲᠠᠯᠪᠢᠬᠤ᠂ ᠵᠠᠳᠠᠯᠤᠨ ᠵᠢᠯᠤᠭᠤᠳᠬᠤ   ᠠᠵᠢᠯ ᠢ ᠴᠠᠭ ᠲᠤᠬᠠᠢ ᠳᠤᠨᠢ ᠰᠠᠶᠢᠳᠤᠷ ᠬᠢᠬᠦ ᠭᠡᠷᠡᠭᠲᠡᠢ︔ ᠳᠠᠭᠠᠳᠬᠠᠯ ᠤᠨ ᠦᠢᠯᠡᠰ ᠢ ᠬᠢᠨᠠᠨ ᠬᠠᠮᠢᠶᠠᠷᠬᠤ ᠵᠦᠪᠯᠠᠯ   ᠲᠠᠭᠠᠳᠬᠠᠯ ᠤᠨ ᠺᠤᠮᠫᠠᠨᠢ ᠶᠢ ᠱᠠᠭᠠᠷᠳᠠᠵᠤ ᠪᠠᠶᠢᠭᠠᠳ ᠰᠠᠭᠠᠯᠢ ᠶᠢᠨ ᠦᠨᠢᠶ᠎ᠡ ᠶᠢ ᠲᠠᠭᠠᠳᠬᠠᠯ ᠳᠤ ᠤᠷᠤᠭᠤᠯᠬᠤ ᠠᠵᠢᠯ ᠶᠢ   ᠦᠷᠨᠢᠭᠦᠯᠬᠦ ᠭᠡᠷᠡᠭᠲᠡᠢ᠃ ᠬᠢᠨᠠᠨ ᠪᠠᠶᠢᠴᠠᠭᠠᠬᠤ ᠶᠠᠮᠤᠨ ᠬᠠᠮᠢᠶ᠎ᠡ ᠪᠦᠭᠦᠢ ᠬᠠᠤᠯᠢ ᠴᠠᠭᠠᠵᠠ ᠬᠠᠤᠯᠢ ᠲᠦᠷᠢᠮ ᠪᠡ   ᠬᠠᠷᠢᠭᠤᠴᠠᠯᠭ᠎ᠠ ᠲᠤᠯᠭᠠᠬᠤ ᠲᠦᠷᠢᠮ ᠤᠨ ᠱᠠᠭᠠᠷᠳᠠᠯᠭ᠎ᠠ ᠶᠢ ᠦᠨᠳᠤᠰᠤᠯᠡᠨ᠂ ᠡᠯ᠎ᠠ ᠰᠠᠯᠠᠭ᠎ᠠ ᠮᠦᠴᠢᠷ ᠤᠨ ᠡᠭᠦᠷᠭᠡ   ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ ᠬᠢᠬᠦ ᠵᠤᠬᠢᠴᠠᠭᠤᠯᠭ᠎ᠠ᠂ ᠬᠢᠨᠠᠯᠲᠠ ᠪᠤᠯᠤᠨ   ᠪᠠᠶᠢᠴᠠᠭᠠᠯᠳᠡ ᠪᠠᠨ ᠴᠢᠩᠭᠠᠳᠬᠠᠵᠤ᠂ ᠬᠠᠷᠢᠭᠤᠴᠠᠯᠭ᠎ᠠ ᠠᠯᠳᠡᠬᠰᠠᠨ᠂ ᠲᠤᠰᠢᠶᠠᠯ ᠳᠠᠭᠠᠨ ᠤᠰᠤᠯᠳᠠᠬᠰᠠᠨ᠂ ᠡᠭᠦᠷᠭᠡ ᠪᠠᠨ   ᠡᠰᠡ ᠬᠦᠢᠴᠡᠳᠭᠡᠭᠰᠡᠨ ᠵᠡᠷᠭᠡ ᠰᠢᠯᠳᠡᠭᠠᠨ ᠢᠶᠠᠷ ᠭᠦᠨᠳᠤ ᠨᠤᠴᠢᠳᠠᠢ ᠦᠷ᠎ᠡ ᠳ᠋ᠦ᠋ᠩ ᠭᠠᠷᠭᠠᠭᠰᠠᠨ ᠬᠠᠮᠢᠶ᠎ᠠ ᠪᠦᠬᠦᠢ ᠭᠦᠮᠦᠰ   ᠠᠴᠠ ᠬᠠᠤᠯᠢ ᠶᠤᠰᠤᠭᠠᠷ ᠰᠠᠬᠢᠯᠭ᠎ᠠ ᠶᠤᠰᠤᠭᠠᠷ ᠬᠠᠷᠢᠭᠤᠴᠠᠯᠭ᠎ᠠ ᠨᠡᠭᠡᠮᠵᠢᠯᠡᠬᠦ ᠭᠡᠷᠡᠭᠲᠡᠢ᠃             ︵ᠬᠤᠶᠠᠷ︶ ᠭᠦᠳᠦᠯᠪᠤᠷᠢ ᠶᠢ ᠭᠡᠷᠡᠭᠵᠢᠭᠦᠯᠭᠦ ᠪᠡ ᠦᠨᠡᠯᠡᠨ ᠰᠢᠯᠭᠠᠬᠤ ᠶᠠᠪᠤᠳᠠᠯ ᠢ ᠴᠢᠩᠭᠠᠳᠬᠠᠨ᠎ᠠ᠃           ᠬᠤᠯᠪᠤᠭᠳᠠᠯ ᠪᠦᠭᠦᠢ ᠰᠠᠯᠠᠭ᠎ᠠ ᠮᠦᠴᠢᠷ ᠲᠤᠰ ᠰᠠᠯᠠᠭ᠎ᠠ ᠮᠦᠴᠢᠷ ᠤᠨ ᠢᠶᠠᠨ ᠭᠦᠳᠤᠯᠪᠤᠷᠢ ᠶᠢ   ᠨᠠᠶᠢᠳᠠᠪᠤᠷᠢᠵᠢᠭᠤᠯᠬᠤ ᠪᠤᠳᠠᠳᠠᠢ ᠲᠦᠰᠦᠯ ᠢ ᠲᠤᠭᠳᠠᠭᠠᠵᠤ᠂ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠲᠤᠳᠤᠷ᠎ᠡ ᠪᠠᠨ   ᠭᠡᠷᠡᠭᠵᠢᠭᠦᠯᠵᠤ ᠪᠠᠶᠢᠭ᠎ᠠ ᠪᠠᠶᠢᠳᠠᠯ ᠤᠨ ᠢᠶᠠᠨ ᠲᠤᠬᠠᠢ ᠬᠢᠨᠠᠨ ᠪᠠᠶᠢᠴᠠᠭᠠᠬᠤ ᠠᠵᠢᠯ ᠢ ᠬᠢᠬᠦ ᠭᠡᠷᠡᠭᠲᠡᠢ᠃ ᠡᠯ᠎ᠠ ᠭᠠᠵᠠᠷ ᠤᠨ ᠬᠢᠨ   ᠪᠤᠳᠠᠳᠠᠢ ᠪᠠᠶᠢᠳᠠᠯ  ᠲᠠᠢ ᠪᠠᠨ ᠤᠶᠠᠯᠳᠤᠭᠤᠯᠤᠨ᠂ ᠭᠦᠳᠦᠯᠪᠤᠷᠢ ᠶᠢ ᠬᠡᠷᠡᠭᠵᠢᠭᠦᠯᠭᠦ ᠲᠦᠯᠦᠪᠯᠡᠭᠡ ᠪᠤᠯᠤᠨ ᠬᠠᠮᠢᠶ᠎ᠡ ᠪᠦᠭᠦᠢ   ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠤᠭᠳᠠᠭᠠᠵᠤ᠂ ᠡᠯ᠎ᠠ ᠵᠦᠢᠯ ᠤᠨ ᠡᠭᠦᠷᠭᠡ ᠪᠠᠨ ᠬᠤᠪᠢᠶᠠᠷᠢᠯᠠᠯ ᠲᠠᠢ   ᠨᠠᠶᠢᠳᠠᠪᠤᠷᠢᠵᠢᠭᠤᠯᠬᠤ ᠭᠡᠷᠡᠭᠲᠡᠢ᠃ 2008 ᠤᠨ ᠤ ᠵᠢᠯ ᠤᠨ ᠡᠴᠤᠰ ᠪᠤᠯᠬᠤ ᠠᠴᠠ ᠡᠮᠤᠨ᠎ᠠ᠂ ᠡᠯ᠎ᠠ ᠭᠠᠵᠠᠷ ᠤᠨ ᠬᠢᠨ   ᠭᠦᠳᠦᠯᠪᠤᠷᠢ ᠶᠢ ᠲᠤᠤᠱᠯᠠᠭᠤᠯᠤᠨ ᠭᠡᠷᠡᠭᠵᠢᠬᠦᠯᠦᠭᠰᠡᠨ ᠪᠠᠶᠢᠳᠠᠯ ᠳᠠᠭᠠᠨ ᠪᠦᠭᠦ ᠲᠠᠯ᠎ᠠ ᠶᠢᠨ ᠦᠪᠡᠷ ᠤᠨ ᠪᠠᠶᠢᠴᠠᠭᠠᠯᠲᠠ ᠶᠢ   ᠬᠢᠵᠦ᠂ ᠲᠦᠷᠦ ᠶᠢᠨ ᠶᠠᠪᠤᠳᠠᠯ ᠤᠨ ᠬᠤᠷᠢᠶᠠᠨ ᠳᠤ ᠦᠪᠡᠷ ᠤᠨ ᠪᠠᠶᠢᠴᠠᠭᠠᠯᠳᠡ ᠬᠢᠭᠰᠡᠨ ᠪᠠᠶᠢᠳᠠᠯ ᠢᠶᠠᠨ ᠬᠠᠷᠢᠭᠤ ᠮᠡᠳᠡᠭᠦᠯᠬᠦ   ᠭᠡᠷᠡᠭᠲᠡᠢ ︔ ᠡᠨᠡᠬᠦ ᠰᠠᠭᠤᠷᠢᠨ ᠲᠡᠭᠡᠷ᠎ᠡ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠠᠩᠬᠢᠮ ᠠᠴᠠ ᠡᠯ᠎ᠠ ᠭᠠᠵᠠᠷ ᠲᠤ   ᠬᠢᠨᠠᠨ ᠪᠠᠶᠢᠴᠠᠭᠠᠬᠤ ᠠᠵᠢᠯ ᠢ ᠵᠤᠬᠢᠶᠠᠨ ᠪᠠᠶᠢᠭᠤᠯᠤᠨ ᠬᠢᠬᠦ ᠪᠤᠯᠤᠨ᠎ᠠ᠃            2009 ᠤᠨ ᠠᠴᠠ ᠡᠬᠢᠯᠡᠵᠤ᠂ ᠡᠯ᠎ᠠ ᠭᠠᠵᠠᠷ ᠤᠷᠤᠨ᠂ ᠬᠤᠯᠪᠤᠭᠳᠠᠯ ᠪᠦᠭᠦᠢ ᠰᠠᠯᠠᠭ᠎ᠠ ᠮᠦᠴᠢᠷ ᠬᠠᠭᠠᠰ ᠵᠢᠯ   ᠪᠤᠯᠬᠤ ᠪᠦᠷᠢ ᠭᠦᠳᠦᠯᠪᠤᠷᠢ ᠶᠢ ᠭᠡᠷᠡᠭᠵᠢᠭᠦᠯᠵᠤ ᠪᠠᠶᠢᠭ᠎ᠠ ᠪᠠᠶᠢᠳᠠᠯ ᠳᠠᠭᠠᠨ ᠰᠢᠰᠲ᠋ᠧᠮ ᠲᠠᠢ ᠳ᠋ᠦᠩᠨᠡᠨ ᠦᠨᠡᠯᠡᠬᠦ ᠠᠵᠢᠯ ᠢ   ᠬᠢᠵᠤ᠂ ᠳ᠋ᠦᠩᠨᠡᠨ ᠦᠨᠡᠯᠡᠭᠰᠡᠨ ᠦᠷ᠎ᠡ ᠳ᠋ᠦᠩ ᠢᠶᠠᠨ ᠭᠦᠭᠵᠢᠭᠦᠯᠦᠯᠳᠡ ᠦᠭᠡᠷᠡᠴᠢᠯᠡᠯᠳᠡ ᠶᠢᠨ ᠵᠦᠪᠯᠡᠯ ᠳᠤ ᠳᠡᠪᠰᠢᠬᠦᠯᠦᠨ᠂   ᠭᠦᠭᠵᠢᠭᠦᠯᠦᠯᠳᠡ ᠦᠭᠡᠷᠡᠴᠢᠯᠡᠯᠳᠡ ᠶᠢᠨ ᠵᠦᠪᠯᠡᠯ ᠨᠢ ᠨᠡᠶᠢᠯᠡᠭᠦᠯᠵᠤ ᠬᠤᠷᠢᠶᠠᠩᠭᠤᠢᠢᠯᠠᠭᠠᠳ ᠲᠦᠷᠦ ᠶᠢᠨ ᠶᠠᠪᠤᠳᠠᠯ ᠤᠨ   ᠬᠤᠷᠢᠶᠠᠨ ᠳᠤ ᠮᠡᠳᠡᠭᠦᠯᠦᠨ᠎ᠠ᠃ ᠤᠨ ᠪᠦᠬᠦᠨ ᠳᠤ ᠬᠢᠨᠠᠨ ᠪᠠᠶᠢᠴᠠᠭᠠᠬᠤ ᠶᠠᠮᠤᠨ ᠬᠤᠯᠪᠤᠭᠳᠠᠯ ᠪᠦᠭᠦᠢ ᠰᠠᠯᠠᠭ᠎ᠠ ᠮᠦᠴᠢᠷ   ᠲᠠᠢ ᠬᠠᠮᠳᠤᠷᠠᠨ ᠡᠯ᠎ᠠ ᠭᠠᠵᠠᠷ ᠤᠷᠤᠨ᠂ ᠬᠤᠯᠪᠤᠭᠳᠠᠯ ᠪᠦᠭᠦᠢ ᠰᠠᠯᠠᠭ᠎ᠠ ᠮᠦᠴᠢᠷ ᠤᠨ ᠭᠦᠳᠦᠯᠪᠤᠷᠢ ᠶᠢ ᠭᠡᠷᠡᠭᠵᠢᠭᠦᠯᠵᠤ   ᠪᠠᠶᠢᠬᠤ ᠪᠠᠶᠢᠳᠠᠯ ᠤᠨ ᠲᠤᠬᠠᠢ ᠪᠠᠶᠢᠴᠠᠭᠠᠯᠲᠠ ᠬᠢᠵᠦ ᠦᠨᠡᠯᠡᠨ ᠰᠢᠯᠭᠠᠨ᠎ᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
ᠨᠠᠶᠢᠷᠠᠭᠤᠯᠤᠭᠴᠢ᠄ ᠭᠤᠸᠠᠨ ᠴᠠᠩ ᠰᠢ
ᠣᠷᠴᠢᠭᠤᠯᠤᠭᠴᠢ᠄
   
ᠬᠤᠯᠪᠣᠭᠳᠠᠯ ᠪᠦᠬᠦᠢ ᠠᠭᠤᠯᠭ᠎ᠠ ᠶᠢᠨ ᠭᠠᠷᠴᠠᠭ
 
2014-2016 © ᠬᠠᠷᠢᠯᠴᠠᠬᠤ ᠤᠲᠠᠰᠤ᠄ 0471-6280741 ᠢᠮᠧᠯ᠄ nmgbute@163.com
ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠤᠷᠢᠭᠯᠠᠨ᠎ᠠ᠃
︽ᠬᠡᠷᠡᠭᠯᠡᠭᠡᠨ ᠤ ᠮᠡᠷᠭᠡᠵᠢᠯ ᠤᠨ ᠮᠤᠩᠭᠤᠯ ᠰᠦᠯᠵᠢᠶᠡᠨ ᠤ ᠬᠥᠯᠭᠡ︾ ᠦᠮᠴᠢᠯᠡᠯ ᠲᠠᠢ︕