ᠲᠠᠷᠢᠶᠠᠨ  ᠤ ᠬᠤᠷᠢᠶᠠᠯᠳᠠ ᠠᠪᠬᠤ ᠲᠤᠬᠢᠳᠡᠢ ᠴᠠᠭ ᠢ   ᠬᠡᠷᠬᠢᠨ ᠡᠵᠡᠮᠰᠢᠬᠦ ᠪᠤᠢ︖
ᠵᠣᠬᠢᠶᠠᠭᠴᠢ᠄ 
ᠰᠡᠴᠡᠨ ᠮᠦᠩᠬᠡ ᠨᠠᠨᠳᠢᠨ᠎ᠠ
              ᠲᠠᠷᠢᠶᠠᠨ  ᠤ ᠬᠤᠷᠢᠶᠠᠯᠳᠠ ᠠᠪᠬᠤ ᠲᠤᠬᠢᠳᠡᠢ ᠴᠠᠭ ᠢ   ᠬᠡᠷᠬᠢᠨ ᠡᠵᠡᠮᠰᠢᠬᠦ ᠪᠤᠢ︖       ᠶᠡᠷᠤᠩᠭᠡᠢ ᠳᠡᠭᠡᠨ ᠠᠪᠤᠴᠠᠯᠳᠤᠩᠭᠤᠢ ᠬᠡᠯᠪᠡᠷᠢ ᠶᠢᠨ ᠡᠷᠳᠡᠨᠢ ᠰᠢᠰᠢ ᠪᠤᠯ ᠬᠠᠭᠤᠷᠮᠠᠭ ᠪᠤᠯᠪᠠᠰᠤᠷᠠᠯᠳᠠ ᠶᠢᠨ ᠴᠢᠨᠡᠷ ᠲᠠᠢ ᠪᠠᠶᠢᠳᠠᠭ᠃ ᠲᠤᠬᠠᠶᠢᠯᠠᠪᠠᠯ ᠦᠷ᠎ᠡ ᠨᠢ ᠪᠦᠷᠢᠨ ᠪᠤᠯᠪᠠᠰᠤᠷᠠᠬᠤ ᠠᠴᠠ ᠡᠮᠤᠨ᠎ᠠ ᠦᠷᠡᠳᠤ ᠲᠦᠷᠦᠬᠦᠦ ᠶᠢᠨ ᠪᠤᠭᠤᠯᠳᠠ ᠨᠠᠪᠴᠢ ᠨᠢ ᠴᠠᠶᠢᠷᠠᠨ᠎ᠠ᠂ ᠬᠡᠳᠡᠯ᠎ᠡ ᠡᠰᠢ ᠨᠠᠪᠴᠢ  ᠨᠢ ᠮᠦᠨᠬᠦ ᠨᠤᠭᠤᠭᠠᠨ ᠢᠶᠠᠷ ᠢᠶᠠᠨ ᠪᠠᠶᠢᠵᠤ᠂ ᠦᠵᠡᠬᠦ ᠳᠤ ᠪᠤᠯᠪᠠᠰᠤᠷᠠᠭᠰᠠᠨ ᠰᠢᠭ᠋ ᠪᠠᠶᠢᠵᠤ᠂ ᠦᠨᠡᠨ ᠳᠡᠭᠡᠨ ᠪᠤᠯᠪᠠᠰᠤᠷᠠᠭᠠᠳᠤᠢ ᠪᠠᠶᠢᠳᠠᠭ᠃ ᠡᠷᠳᠡᠨᠢ ᠰᠢᠰᠢ ᠶᠢᠨ ᠪᠦᠷᠢᠨ ᠪᠤᠯᠪᠠᠰᠤᠷᠠᠭᠰᠠᠨ ᠤᠨᠴᠠᠯᠢᠭ ᠨᠢ ᠬᠡᠪᠡᠯ᠂ ᠦᠷᠡᠳᠦ ᠲᠦᠷᠦᠭᠦᠦ ᠶᠢ ᠪᠤᠭᠤᠭᠰᠠᠨ ᠨᠠᠪᠴᠢ ᠨᠢ ᠴᠠᠶᠢᠷᠠᠨ ᠰᠤᠯᠠᠷᠠᠵᠤ᠂ ᠮᠦᠬᠦᠯᠢᠭ  ᠨᠢ ᠬᠠᠳᠠᠭᠤᠷᠠᠵᠤ᠂ ᠬᠢᠮᠤᠰᠤ ᠪᠠᠷ ᠰᠢᠬᠢᠳᠭᠡᠬᠦ ᠳᠤ ᠤᠷᠤ ᠤᠷᠤᠬᠤ ᠦᠭᠡᠢ᠂ ᠦᠩᠭᠡ ᠨᠢ ᠬᠢᠯᠳᠤᠭᠠᠨᠠᠵᠤ᠂ ᠬᠦᠪᠦᠷᠠᠯ ᠲᠠᠢ ᠦᠢᠷᠬᠠᠨ ᠪᠠᠶᠢᠭ᠎ᠠ ᠡᠰ  ᠤᠨ ᠬᠡᠰᠡᠭ ᠨᠢ ᠬᠠᠷᠠᠯᠠᠵᠤ᠂   ᠪᠢᠤᠯᠤᠬᠢ ᠶᠢᠨ ᠪᠤᠯᠪᠠᠰᠤᠷᠠᠯᠳᠠ ᠳᠤ ᠬᠦᠷᠦᠭᠰᠡᠨ ᠪᠠᠶᠢᠳᠠᠭ᠃ ᠡᠶᠢᠮᠤ ᠠᠴᠠ 9 ᠳ᠋ᠤᠭᠡᠷ ᠰᠠᠷ᠎ᠠ ᠶᠢᠨ ᠰᠡᠭᠦᠯᠴᠢ 10 ᠳ᠋ᠤᠭᠠᠷ ᠰᠠᠷ᠎ᠠ ᠶᠢᠨ ᠡᠬᠢ ᠪᠠᠷ ᠶᠠᠭ ᠡᠶᠢᠮᠤ ᠪᠠᠶᠢᠳᠠᠯ ᠳᠤ   ᠬᠠᠳᠤᠵᠦ ᠬᠤᠷᠢᠶᠠᠪᠠᠯ ᠬᠠᠮᠤᠭ ᠤᠨ ᠲᠤᠬᠢᠷᠠᠮᠵᠢᠳᠡᠢ ᠶᠤᠮ᠃
 
ᠢᠷᠡᠯᠲᠡ᠄ http://www.mptnp.com/
ᠨᠠᠶᠢᠷᠠᠭᠤᠯᠤᠭᠴᠢ᠄ ᠭᠤᠸᠠᠨ ᠴᠠᠩ ᠰᠢ
ᠣᠷᠴᠢᠭᠤᠯᠤᠭᠴᠢ᠄
   
ᠬᠤᠯᠪᠣᠭᠳᠠᠯ ᠪᠦᠬᠦᠢ ᠠᠭᠤᠯᠭ᠎ᠠ ᠶᠢᠨ ᠭᠠᠷᠴᠠᠭ
 
2014-2016 © ᠬᠠᠷᠢᠯᠴᠠᠬᠤ ᠤᠲᠠᠰᠤ᠄ 0471-6280741 ᠢᠮᠧᠯ᠄ nmgbute@163.com
ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠤᠷᠢᠭᠯᠠᠨ᠎ᠠ᠃
︽ᠬᠡᠷᠡᠭᠯᠡᠭᠡᠨ ᠤ ᠮᠡᠷᠭᠡᠵᠢᠯ ᠤᠨ ᠮᠤᠩᠭᠤᠯ ᠰᠦᠯᠵᠢᠶᠡᠨ ᠤ ᠬᠥᠯᠭᠡ︾ ᠦᠮᠴᠢᠯᠡᠯ ᠲᠠᠢ︕