ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠮᠠᠯᠵᠢᠬᠤ ᠲᠠᠷᠢᠶᠠᠯᠠᠬᠤ ᠤᠷᠤᠨ ᠤ ᠶᠠᠳᠠᠭᠤ ᠶᠢ ᠲᠡᠳᠭᠦᠵᠤ ᠨᠡᠭᠡᠭᠡᠨ ᠬᠦᠭᠵᠢᠭᠦᠯᠬᠦ ᠲᠦᠷᠢᠮ
ᠵᠣᠬᠢᠶᠠᠭᠴᠢ᠄ 
            ᠦᠪᠦᠷ   ᠮᠤᠩᠭᠤᠯ   ᠤᠨ   ᠦᠪᠡᠷᠳᠡᠭᠡᠨ   ᠵᠠᠰᠠᠬᠤ   ᠤᠷᠤᠨ  ᠤ   ᠮᠠᠯᠵᠢᠬᠤ             ᠲᠠᠷᠢᠶᠠᠯᠠᠬᠤ ᠤᠷᠤᠨ ᠤ ᠶᠠᠳᠠᠭᠤ ᠶᠢ ᠲᠡᠳᠭᠦᠵᠤ   ᠨᠡᠭᠡᠭᠡᠨ ᠬᠦᠭᠵᠢᠭᠦᠯᠬᠦ ᠲᠦᠷᠢᠮ                 ︵2012 ᠤᠨ ᠤ 11 ᠰᠠᠷ᠎ᠠ ᠶᠢᠨ 29 ᠤ ᠡᠳᠦᠷ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ   ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ   ᠭᠤᠴᠢᠨ ᠬᠤᠶᠠᠳᠤᠭᠠᠷ ᠬᠤᠷᠠᠯ ᠠᠴᠠ ᠪᠠᠳᠤᠯᠠᠪᠠ︶             ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠨᠢᠬᠡᠳᠦᠬᠡᠷ ᠬᠤᠭᠤᠴᠠᠭᠠᠨ ᠤ ᠠᠷᠠᠳ ᠤᠨ   ᠲᠦ᠋ᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠯᠪᠠᠨ ᠵᠠᠷ             ᠲᠦᠴᠢᠨ ᠵᠢᠷᠭᠤᠳᠤᠭᠠᠷ ᠳᠤᠭᠠᠳᠤ             2012 ᠤᠨ ᠤ 11 ᠰᠠᠷ᠎ᠠ ᠶᠢᠨ 29 ᠤ ᠡᠳᠦᠷ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ   ᠨᠢᠭᠡᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠤᠴᠢᠨ   ᠬᠤᠶᠠᠳᠤᠭᠠᠷ ᠬᠤᠷᠠᠯ ᠠᠴᠠ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠮᠠᠯᠵᠢᠬᠤ ᠲᠠᠷᠢᠶᠠᠯᠠᠬᠤ ᠤᠷᠤᠨ ᠤ   ᠶᠠᠳᠠᠭᠤ ᠶᠢ ᠲᠡᠳᠭᠦᠵᠤ ᠨᠡᠭᠡᠭᠡᠨ ᠬᠦᠭᠵᠢᠭᠦᠯᠬᠦ ᠲᠦᠷᠢᠮ︾ ᠢ ᠪᠠᠳᠤᠯᠠᠪᠠ᠂ ᠤᠳᠤ ᠨᠡᠶᠢᠳᠡᠯᠡᠶ᠎ᠡ᠂ 2013 ᠤᠨ ᠤ 1   ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃                                                      2012 ᠤᠨ ᠤ 11 ᠰᠠᠷ᠎ᠠ ᠶᠢᠨ 29 ᠤ ᠡᠳᠤᠷ           ᠨᠢᠬᠡᠳᠦᠬᠡᠷ   ᠪᠦᠯᠦᠭ ᠶᠡᠷᠦᠩᠬᠡᠢ ᠲᠦᠷᠢᠮ             ᠨᠢᠭᠡᠳᠦᠭᠡᠷ   ᠵᠦᠢᠯ     ᠮᠠᠯᠵᠢᠬᠤ ᠲᠠᠷᠢᠶᠠᠯᠠᠬᠤ ᠤᠷᠤᠨ ᠤ ᠶᠠᠳᠠᠭᠤ ᠶᠢ ᠲᠡᠳᠭᠦᠵᠤ ᠨᠡᠭᠡᠭᠡᠨ ᠬᠦᠭᠵᠢᠭᠦᠯᠬᠦ ᠠᠵᠢᠯ ᠢ   ᠵᠢᠷᠤᠮᠵᠢᠭᠤᠯᠵᠤ᠂ ᠶᠠᠳᠠᠭᠤ ᠬᠦᠴᠢᠷ ᠲᠠᠢ ᠭᠠᠵᠠᠷ ᠤᠷᠤᠨ ᠪᠠ ᠶᠠᠳᠠᠭᠤ ᠬᠦᠴᠢᠷ ᠲᠠᠢ ᠬᠦᠮᠦᠨ ᠠᠮᠠ ᠶᠢ ᠶᠠᠳᠠᠭᠤ ᠠᠴᠠ ᠨᠢ   ᠠᠩᠬᠢᠵᠢᠷᠠᠭᠤᠯᠵᠤ ᠪᠠᠶᠠᠵᠢᠭᠤᠯᠣᠨ ᠴᠢᠨᠡᠭᠡᠯᠢᠭᠵᠢᠬᠦᠯᠬᠦ ᠶᠢ ᠲᠦᠷᠭᠡᠳᠭᠡᠨ᠂ ᠬᠤᠳᠠ ᠬᠦᠳᠡᠭᠡ ᠤᠷᠤᠨ ᠪᠦᠰᠡ ᠶᠢᠨ   ᠵᠤᠬᠢᠴᠠᠩᠭᠤᠢ ᠪᠠᠷ ᠬᠦᠭᠵᠢᠬᠦ ᠶᠢ ᠲᠦᠯᠬᠢᠨ ᠠᠬᠢᠭᠤᠯᠵᠤ᠂ ᠨᠡᠶᠢᠭᠡᠮ ᠤᠨ ᠡᠶ᠎ᠡ ᠵᠤᠬᠢᠴᠠᠩᠭᠤᠢ ᠶᠢ ᠠᠬᠢᠭᠤᠯᠬᠤ ᠶᠢᠨ ᠲᠦᠯᠦᠭᠡ  ᠂ ᠦᠪᠡᠷᠳᠡᠭᠡᠨ ᠵᠠᠰᠠᠬᠤ ᠤᠷᠤᠨ ᠤ ᠪᠤᠳᠠᠳᠠᠢ ᠲᠠᠢ ᠪᠠᠨ ᠤᠶᠠᠯᠳᠤᠭᠤᠯᠤᠨ᠂ ᠲᠤᠰ ᠲᠦᠷᠢᠮ ᠢ ᠲᠤᠭᠳᠠᠭᠠᠪᠠ᠃         ᠬᠤᠶᠠᠳᠤᠭᠠᠷ   ᠵᠦᠢᠯ     ᠦᠪᠡᠷᠳᠡᠭᠡᠨ ᠵᠠᠰᠠᠬᠤ ᠤᠷᠤᠨ ᠤ ᠵᠠᠰᠠᠭ ᠵᠠᠬᠢᠷᠭᠠᠨ ᠤ ᠤᠷᠤᠨ ᠤ ᠲᠤᠳᠤᠷᠠᠬᠢ ᠮᠠᠯᠵᠢᠬᠤ   ᠲᠠᠷᠢᠶᠠᠯᠠᠬᠤ ᠤᠷᠤᠨ ᠤ ᠶᠠᠳᠠᠭᠤ ᠶᠢ ᠲᠡᠳᠭᠦᠵᠤ ᠨᠡᠭᠡᠭᠡᠨ ᠬᠦᠭᠵᠢᠭᠦᠯᠬᠦ ᠠᠵᠢᠯᠯᠠᠭ᠎ᠠ ᠳᠤ ᠲᠤᠰ ᠲᠦᠷᠢᠮ ᠢ ᠬᠡᠷᠡᠭᠯᠡᠨ᠎ᠡ᠃         ᠲᠤᠰ ᠲᠦᠷᠢᠮ ᠳᠤ ᠬᠡᠯᠡᠵᠤ ᠪᠠᠶᠢᠭ᠎ᠠ ᠮᠠᠯᠵᠢᠬᠤ ᠲᠠᠷᠢᠶᠠᠯᠠᠬᠤ ᠤᠷᠤᠨ ᠤ ᠶᠠᠳᠠᠭᠤ ᠶᠢ ᠲᠡᠳᠭᠦᠵᠤ ᠨᠡᠭᠡᠭᠡᠨ   ᠬᠦᠭᠵᠢᠭᠦᠯᠬᠦ ᠭᠡᠳᠡᠭ ᠨᠢ ᠲᠦᠷᠦ ᠶᠢᠨ ᠪᠠᠶᠢᠭᠤᠯᠣᠯᠭ᠎ᠠ ᠪᠠ ᠨᠡᠶᠢᠭᠡᠮ ᠤᠨ ᠡᠯ᠎ᠡ ᠡᠳᠡᠭᠡᠳ ᠵᠢᠴᠢ ᠬᠤᠪᠢ ᠬᠦᠮᠦᠨ ᠠᠵᠤ   ᠦᠢᠯᠡᠰ ᠤᠨ ᠬᠦᠭᠵᠢᠯᠳᠡ ᠶᠢ ᠲᠡᠳᠭᠦᠬᠦ᠂ ᠰᠠᠭᠤᠷᠢ ᠲᠦᠬᠦᠭᠡᠷᠦᠮᠵᠢ ᠶᠢ ᠲᠡᠭᠦᠯᠳᠡᠷᠵᠢᠭᠦᠯᠬᠦ᠂ ᠦᠢᠯᠡᠳᠪᠦᠷᠢᠯᠡᠯ   ᠠᠮᠢᠳᠤᠷᠠᠯ ᠤᠨ ᠨᠦᠭᠦᠴᠡᠯ ᠪᠠ ᠰᠤᠷᠭᠠᠨ ᠬᠦᠮᠦᠵᠢᠯ᠂ ᠡᠮ ᠡᠮᠨᠡᠯᠭᠡ᠂ ᠡᠷᠡᠭᠦᠯ ᠬᠠᠮᠠᠭᠠᠯᠠᠯ ᠤᠨ ᠨᠦᠭᠦᠴᠡᠯ ᠢ   ᠰᠠᠶᠢᠵᠢᠷᠠᠭᠤᠯᠬᠤ᠂ ᠬᠦᠮᠦᠨ ᠠᠮᠠ ᠶᠢᠨ ᠬᠡᠪ ᠪᠤᠯᠪᠠᠰᠤᠷᠠᠯ ᠢ ᠲᠡᠭᠡᠭᠰᠢᠯᠡᠭᠦᠯᠬᠦ᠂ ᠮᠡᠷᠭᠡᠵᠢᠯ ᠴᠢᠳᠠᠪᠣᠷᠢ ᠶᠢᠨ ᠪᠤᠯᠪᠠᠰᠤᠷᠠᠯ   ᠦᠷᠨᠢᠭᠦᠯᠬᠦ᠂ ᠠᠵᠢᠯ ᠤᠯᠭᠤᠯᠳᠠ ᠶᠢ ᠰᠢᠯᠵᠢᠭᠦᠯᠬᠦ ᠶᠢ ᠠᠬᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠲᠠᠮᠵᠢᠭᠤᠯᠣᠨ ᠮᠠᠯᠵᠢᠬᠤ   ᠲᠠᠷᠢᠶᠠᠯᠠᠬᠤ ᠤᠷᠤᠨ ᠤ ᠶᠠᠳᠠᠭᠤ ᠬᠦᠴᠢᠷ ᠲᠠᠢ ᠭᠠᠵᠠᠷ ᠤᠷᠤᠨ ᠵᠢᠴᠢ ᠶᠠᠳᠠᠭᠤ ᠬᠦᠴᠢᠷ ᠲᠠᠢ ᠬᠦᠮᠦᠨ ᠠᠮᠠ ᠶᠢ ᠬᠠᠪᠰᠤᠷᠴᠤ   ᠦᠪᠡᠷ ᠢ ᠪᠠᠨ ᠳᠡᠩᠬᠡᠷᠡᠬᠦᠯᠬᠦ ᠴᠢᠳᠠᠪᠦᠷᠢ ᠶᠢ ᠨᠢ ᠲᠡᠭᠡᠭᠰᠢᠯᠡᠭᠦᠯᠵᠦ᠂ ᠶᠠᠳᠠᠭᠤ ᠠᠴᠠ ᠨᠢ ᠠᠩᠭᠢᠵᠢᠷᠠᠭᠤᠯᠣᠨ   ᠪᠠᠶᠠᠵᠢᠭᠤᠯᠬᠤ ᠶᠢ ᠪᠡᠶᠡᠯᠡᠭᠦᠯᠬᠦ ᠠᠵᠢᠯᠯᠠᠭ᠎ᠠ ᠶᠢ ᠵᠢᠭᠠᠵᠤ ᠪᠤᠢ᠃         ᠭᠤᠷᠪᠠᠳᠤᠭᠠᠷ ᠵᠦᠢᠯ     ᠮᠠᠯᠵᠢᠬᠤ ᠲᠠᠷᠢᠶᠠᠯᠠᠬᠤ ᠤᠷᠤᠨ ᠳᠤ ᠶᠠᠳᠠᠭᠤ ᠶᠢ ᠲᠡᠳᠭᠦᠵᠤ ᠨᠡᠭᠡᠭᠡᠨ ᠬᠦᠭᠵᠢᠭᠦᠯᠬᠦ ᠳᠤ   ᠵᠠᠰᠠᠭ ᠤᠨ ᠤᠷᠳᠤᠨ ᠭᠤᠤᠯᠯᠠᠬᠤ᠂ ᠨᠡᠶᠢᠭᠡᠮ ᠤᠨ ᠬᠢᠨ ᠤᠷᠤᠯᠴᠠᠬᠤ᠂ ᠦᠪᠡᠷ ᠤᠨ ᠬᠦᠴᠦ ᠪᠠᠷ ᠢᠶᠠᠨ ᠲᠡᠭᠵᠢᠷᠡᠬᠦ ᠵᠠᠷᠴᠢᠮ ᠢ   ᠪᠠᠷᠢᠮᠳᠠᠯᠠᠵᠤ᠂ ᠶᠠᠳᠠᠭᠤ ᠶᠢ ᠲᠡᠳᠭᠦᠵᠤ ᠨᠡᠭᠡᠭᠡᠨ ᠬᠦᠭᠵᠢᠭᠦᠯᠬᠦ ᠬᠢᠭᠡᠳ ᠮᠠᠯᠵᠢᠬᠤ ᠲᠠᠷᠢᠶᠠᠯᠠᠬᠤ ᠤᠷᠤᠨ ᠤ ᠨᠠᠭᠠᠳᠣ ᠵᠠᠬ᠎ᠠ   ᠶᠢᠨ ᠠᠮᠢᠳᠤᠷᠠᠯ ᠤᠨ ᠪᠠᠳᠤᠯᠠᠪᠣᠷᠢ ᠶᠢᠨ ᠲᠦᠷᠢᠮ ᠢ ᠪᠦᠳᠦᠮᠵᠢᠳᠠᠢ ᠤᠶᠠᠯᠳᠤᠭᠤᠯᠦᠨ᠎ᠡ᠃       ᠲᠦᠷᠪᠡᠳᠦᠭᠡᠷ ᠵᠦᠢᠯ     ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠮᠠᠯᠵᠢᠬᠤ   ᠲᠠᠷᠢᠶᠠᠯᠠᠬᠤ ᠤᠷᠤᠨ ᠤ ᠶᠠᠳᠠᠭᠤ ᠶᠢ ᠲᠡᠳᠭᠦᠵᠤ ᠨᠡᠭᠡᠭᠡᠨ ᠬᠦᠭᠵᠢᠭᠦᠯᠬᠦ ᠶᠢ ᠲᠤᠰ ᠭᠠᠵᠠᠷ ᠤᠷᠤᠨ ᠤ ᠪᠠᠨ ᠤᠯᠤᠰ   ᠠᠷᠠᠳ ᠤᠨ ᠠᠵᠤ ᠠᠬᠤᠢ ᠪᠠ ᠨᠡᠶᠢᠭᠡᠮ ᠤᠨ ᠬᠦᠭᠵᠢᠯᠳᠡ ᠶᠢᠨ ᠲᠦᠯᠦᠪᠵᠢᠭᠦᠯᠭᠡ ᠳᠡᠭᠡᠨ ᠤᠷᠤᠭᠤᠯᠬᠤ ᠶᠢᠨ ᠬᠠᠮᠳᠤ   ᠮᠠᠯᠵᠢᠬᠤ ᠲᠠᠷᠢᠶᠠᠯᠠᠬᠤ ᠤᠷᠤᠨ ᠤ ᠶᠠᠳᠠᠭᠤ ᠶᠢ ᠲᠡᠳᠭᠦᠵᠤ ᠨᠡᠭᠡᠭᠡᠨ ᠬᠦᠭᠵᠢᠭᠦᠯᠬᠦ ᠲᠤᠰᠬᠠᠢ ᠲᠦᠷᠦᠯ ᠤᠨ   ᠲᠦᠯᠦᠪᠵᠢᠭᠦᠯᠭᠡ ᠳᠡᠭᠡᠨ ᠤᠷᠤᠭᠤᠯᠬᠤ ᠬᠡᠷᠡᠭᠳᠠᠢ᠃         ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠬᠤᠯᠪᠤᠭᠳᠠᠯ ᠪᠦᠬᠦᠢ ᠵᠠᠰᠠᠭ   ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠵᠢᠯ ᠲᠦᠷᠦᠯ ᠤᠨ ᠬᠦᠭᠵᠢᠯᠳᠡ ᠶᠢᠨ ᠲᠦᠯᠦᠪᠵᠢᠭᠦᠯᠭᠡ   ᠲᠤᠭᠳᠠᠭᠠᠬᠤ ᠳᠠᠭᠠᠨ ᠮᠠᠯᠵᠢᠬᠤ ᠲᠠᠷᠢᠶᠠᠯᠠᠬᠤ ᠤᠷᠤᠨ ᠤ ᠶᠠᠳᠠᠭᠤ ᠬᠦᠴᠢᠷ ᠲᠠᠢ ᠭᠠᠵᠠᠷ ᠤᠷᠤᠨ ᠤ ᠪᠦᠳᠦᠭᠡᠨ   ᠪᠠᠶᠢᠭᠤᠯᠤᠯᠳᠠ ᠶᠢᠨ ᠲᠦᠷᠦᠯ ᠵᠦᠢᠯ ᠢ ᠤᠷᠢᠳᠴᠢᠯᠠᠨ ᠲᠤᠬᠢᠷᠠᠭᠤᠯᠵᠤ ᠬᠡᠷᠡᠭᠵᠢᠭᠦᠯᠬᠦ ᠬᠡᠷᠡᠭᠳᠠᠢ᠃         ᠲᠠᠪᠤᠳᠤᠭᠠᠷ ᠵᠦᠢᠯ     ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠡᠳ᠋ ᠤᠨ   ᠵᠠᠰᠠᠭ ᠤᠨ ᠲᠤᠰᠬᠠᠢ ᠲᠦᠷᠦᠯ ᠤᠨ ᠶᠠᠳᠠᠭᠤ ᠶᠢ ᠲᠡᠳᠭᠦᠬᠦ ᠪᠡᠯᠡ ᠮᠦᠡᠭᠬᠦ ᠶᠢ ᠲᠤᠰ ᠱᠠᠳᠤᠨ ᠤ ᠡᠳ᠋ ᠤᠨ ᠵᠠᠰᠠᠭ ᠤᠨ   ᠲᠦᠰᠦᠪ ᠲᠡᠭᠡᠨ ᠤᠷᠤᠭᠤᠯᠬᠤ ᠶᠢᠨ ᠬᠠᠮᠳᠤ ᠲᠤᠰ ᠭᠠᠵᠠᠷ ᠤᠷᠤᠨ ᠤ ᠪᠠᠨ ᠠᠵᠤ ᠠᠬᠤᠢ ᠨᠡᠶᠢᠭᠡᠮ ᠤᠨ ᠬᠦᠭᠵᠢᠯᠳᠡ ᠶᠢᠨ   ᠲᠦᠪᠰᠢᠨ ᠯᠦᠭᠡ ᠵᠤᠬᠢᠴᠠᠭᠰᠠᠨ ᠡᠳ᠋ ᠤᠨ ᠵᠠᠰᠠᠭ ᠤᠨ ᠶᠠᠳᠠᠭᠤ ᠶᠢ ᠲᠡᠳᠭᠦᠬᠦ ᠪᠡᠯᠡ ᠤᠷᠤᠭᠤᠯᠤᠯᠳᠠ ᠶᠢ ᠨᠡᠮᠡᠭᠳᠡᠭᠦᠯᠬᠦ   ᠲᠤᠭᠳᠠᠴᠠ ᠶᠢ ᠪᠠᠶᠢᠭᠤᠯᠬᠤ ᠬᠡᠷᠡᠭᠳᠠᠢ᠃         ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠵᠢᠯ ᠪᠦᠷᠢ ᠶᠢᠨ ᠲᠤᠬᠢᠷᠠᠭᠤᠯᠤᠭᠰᠠᠨ ᠡᠳ᠋ ᠤᠨ   ᠵᠠᠰᠠᠭ ᠤᠨ ᠶᠠᠳᠠᠭᠤ ᠶᠢ ᠲᠡᠳᠭᠦᠬᠦ ᠲᠤᠰᠬᠠᠢ ᠲᠦᠷᠦᠯ ᠤᠨ ᠪᠡᠯᠡ ᠮᠦᠡᠭᠬᠦ ᠲᠦᠪ ᠠᠴᠠ ᠤᠷᠤᠭᠤᠯᠤᠭᠰᠠᠨ ᠦᠪᠡᠷᠳᠡᠭᠡᠨ   ᠵᠠᠰᠠᠬᠤ ᠤᠷᠤᠨ ᠤ ᠡᠳ᠋ ᠤᠨ ᠵᠠᠰᠠᠭ ᠤᠨ ᠶᠠᠳᠠᠭᠤ ᠶᠢ ᠲᠡᠳᠭᠦᠬᠦ ᠲᠤᠰᠬᠠᠢ ᠲᠦᠷᠦᠯ ᠤᠨ ᠪᠡᠯᠡ ᠮᠦᠡᠭᠬᠦ ᠠᠴᠠ ᠲᠤᠳᠠᠭᠤ   ᠪᠠᠶᠢᠵᠤ ᠪᠤᠯᠬᠤ ᠦᠭᠡᠢ︔ ᠠᠶᠢᠮᠠᠭ ᠤᠨ ᠵᠠᠬᠢᠷᠭ᠎ᠠ᠂ ᠲᠤᠭᠤᠷᠢᠭ ᠲᠠᠢ ᠬᠤᠳᠠ ᠵᠢᠴᠢ ᠬᠤᠰᠢᠭᠤ ᠰᠢᠶᠠᠨ ᠤ ᠱᠠᠳᠤᠨ ᠤ   ᠠᠷᠠᠳ ᠤᠨ ᠵᠠᠰᠠᠭ ᠤᠨ ᠤᠷᠳᠤᠨ ᠤ ᠤᠨ ᠤ ᠡᠳ᠋ ᠤᠨ ᠵᠠᠰᠠᠭ ᠤᠨ ᠶᠠᠳᠠᠭᠤ ᠶᠢ ᠲᠡᠳᠭᠦᠬᠦ ᠲᠤᠰᠬᠠᠢ ᠲᠦᠷᠦᠯ ᠤᠨ ᠪᠡᠯᠡ   ᠮᠦᠡᠭᠬᠦ ᠲᠤᠬᠢᠷᠠᠭᠤᠯᠬᠤ ᠬᠠᠷᠢᠴᠠᠯ ᠢ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠠᠴᠠ ᠠᠳᠠᠯᠢ   ᠪᠤᠰᠤ ᠪᠠᠶᠢᠳᠠᠯ ᠢ ᠦᠨᠳᠦᠰᠦᠯᠡᠨ ᠬᠢᠨᠠᠨ ᠲᠤᠭᠳᠠᠭᠠᠨ᠎ᠠ᠃         ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ᠂ ᠠᠶᠢᠮᠠᠭ ᠤᠨ ᠵᠠᠬᠢᠷᠭ᠎ᠠ᠂ ᠲᠤᠭᠤᠷᠢᠭ ᠲᠠᠢ   ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠶᠠᠳᠠᠭᠤ ᠶᠢ ᠲᠡᠳᠭᠦᠵᠤ ᠨᠡᠭᠡᠭᠡᠨ ᠬᠦᠭᠵᠢᠭᠦᠯᠬᠦ ᠭᠤᠤᠯᠳᠠᠯᠭ᠎ᠠ ᠲᠠᠢ   ᠬᠤᠰᠢᠭᠤ ᠰᠢᠶᠠᠨ ︵ᠬᠤᠳᠠ᠂ ᠲᠤᠭᠤᠷᠢᠭ︶ ᠤ ᠡᠩ ᠤᠨ ᠴᠢᠨᠠᠷᠳᠠᠢ ᠰᠢᠯᠵᠢᠭᠦᠯᠦᠨ ᠦᠭᠬᠦ ᠨᠡᠮᠡᠭᠳᠡᠯ ᠤᠨ ᠬᠠᠷᠢᠴᠠᠯ ᠢ ᠲᠤᠰ   ᠵᠢᠯ ᠤᠨ ᠬᠡᠷᠡᠭᠯᠡᠵᠤ ᠪᠤᠯᠬᠤ ᠡᠳ᠋ ᠤᠨ ᠬᠦᠴᠦᠨ ᠤ ᠨᠡᠮᠡᠭᠳᠡᠯ ᠤᠨ ᠬᠡᠮᠵᠢᠶ᠎ᠡ ᠠᠴᠠ ᠦᠨᠳᠦᠷ ᠪᠠᠶᠢᠯᠠᠭᠠᠬᠤ ᠬᠡᠷᠡᠭᠳᠠᠢ᠃         ᠵᠢᠷᠭᠤᠳᠤᠭᠠᠷ ᠵᠦᠢᠯ     ᠦᠪᠡᠷᠳᠡᠭᠡᠨ ᠵᠠᠰᠠᠬᠤ ᠤᠷᠤᠨ ᠠᠴᠠ ᠮᠠᠯᠵᠢᠬᠤ ᠲᠠᠷᠢᠶᠠᠯᠠᠬᠤ ᠤᠷᠤᠨ ᠤ ᠶᠠᠳᠠᠭᠤ ᠶᠢ   ᠲᠡᠳᠭᠦᠵᠤ ᠨᠡᠭᠡᠭᠡᠨ ᠬᠦᠭᠵᠢᠭᠦᠯᠬᠦ ᠬᠠᠷᠠᠯᠳᠠᠳᠤ ᠬᠠᠷᠢᠭᠤᠴᠠᠯᠭ᠎ᠠ ᠶᠢᠨ ᠲᠦᠷᠢᠮ ᠪᠠ ᠬᠢᠨᠠᠨ ᠰᠢᠯᠭᠠᠵᠤ ᠦᠨᠡᠯᠡᠭᠦ ᠲᠦᠷᠢᠮ ᠢ   ᠬᠡᠷᠡᠭᠵᠢᠭᠦᠯᠵᠦ᠂ ᠶᠠᠳᠠᠭᠤ ᠶᠢ ᠲᠡᠳᠭᠦᠵᠤ ᠨᠡᠭᠡᠭᠡᠨ ᠬᠦᠭᠵᠢᠭᠦᠯᠬᠦ ᠬᠠᠷᠠᠯᠳᠠ ᠶᠢ ᠪᠡᠶᠡᠯᠡᠭᠦᠯᠦᠭᠰᠡᠨ ᠪᠠᠶᠢᠳᠠᠯ ᠢ ᠡᠯ᠎ᠡ ᠱᠠᠳᠤᠨ ᠤ   ᠠᠷᠠᠳ ᠤᠨ ᠵᠠᠰᠠᠭ ᠤᠨ ᠤᠷᠳᠤᠨ ᠵᠢᠴᠢ ᠲᠡᠭᠦᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠪᠠ ᠬᠠᠷᠢᠭᠤᠴᠠᠯᠭᠠᠳᠠᠨ ᠢ ᠬᠢᠨᠠᠨ   ᠰᠢᠯᠭᠠᠵᠤ ᠦᠨᠡᠯᠡᠬᠦ ᠠᠭᠤᠯᠭ᠎ᠠ ᠪᠤᠯᠭᠠᠨ᠎ᠠ᠃         ᠲᠤᠯᠤᠳᠤᠭᠠᠷ ᠵᠦᠢᠯ     ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠲᠤᠰᠬᠠᠢ   ᠲᠦᠷᠦᠯ ᠤᠨ ᠶᠠᠳᠠᠭᠤ ᠶᠢ ᠲᠡᠳᠭᠦᠬᠦ᠂ ᠠᠵᠢᠯ ᠲᠦᠷᠦᠯ ᠤᠨ ᠶᠠᠳᠠᠭᠤ ᠶᠢ ᠲᠡᠳᠭᠦᠬᠦ᠂ ᠨᠡᠶᠢᠭᠡᠮ ᠠᠴᠠ ᠶᠠᠳᠠᠭᠤ ᠶᠢ ᠲᠡᠳᠭᠦᠬᠦ   ᠵᠡᠷᠭᠡ ᠬᠡᠯᠪᠡᠷᠢ ᠪᠠᠷ ᠮᠠᠯᠵᠢᠬᠤ ᠲᠠᠷᠢᠶᠠᠯᠠᠬᠤ ᠤᠷᠤᠨ ᠤ ᠶᠠᠳᠠᠭᠤ ᠬᠦᠴᠢᠷ ᠲᠠᠢ ᠭᠠᠵᠠᠷ ᠤᠷᠤᠨ ᠤ ᠰᠠᠭᠤᠷᠢ   ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠤ᠂ ᠶᠠᠳᠠᠭᠤ ᠬᠦᠴᠢᠷ ᠲᠠᠢ ᠬᠦᠮᠦᠨ ᠠᠮᠠ ᠶᠢᠨ   ᠦᠢᠯᠡᠳᠪᠦᠷᠢᠯᠡᠯ ᠠᠮᠢᠳᠤᠷᠠᠯ ᠤᠨ ᠨᠦᠭᠦᠴᠡᠯ ᠢ ᠰᠠᠶᠢᠵᠢᠷᠠᠭᠤᠯᠤᠨ᠎ᠠ᠃         ᠶᠠᠳᠠᠭᠤ ᠶᠢ ᠲᠡᠳᠭᠦᠵᠤ ᠨᠡᠭᠡᠭᠡᠨ ᠬᠦᠭᠵᠢᠭᠦᠯᠬᠦ ᠶᠢ ᠠᠮᠢ ᠠᠬᠤᠢ ᠶᠢᠨ ᠪᠦᠳᠦᠭᠡᠨ ᠪᠠᠶᠢᠭᠤᠯᠤᠯᠳᠠ᠂ ᠤᠷᠴᠢᠨ   ᠲᠤᠭᠤᠷᠢᠨ ᠤ ᠬᠠᠮᠠᠭᠠᠯᠠᠯᠳᠠ᠂ ᠨᠡᠶᠢᠭᠡᠮ ᠵᠢᠷᠤᠮ ᠤᠨ ᠰᠢᠨ᠎ᠡ ᠮᠠᠯᠵᠢᠬᠤ ᠲᠠᠷᠢᠶᠠᠯᠠᠬᠤ ᠤᠷᠤᠨ ᠤ ᠪᠦᠳᠦᠭᠡᠨ ᠪᠠᠶᠢᠭᠤᠯᠤᠯᠳᠠ᠂   ᠬᠤᠳᠠ ᠬᠦᠳᠡᠭᠡ ᠶᠢ ᠨᠢᠭᠡ ᠴᠤᠭᠴᠠᠵᠢᠭᠤᠯᠬᠤ ᠪᠦᠳᠦᠭᠡᠨ ᠪᠠᠶᠢᠭᠤᠯᠤᠯᠳᠠ ᠪᠠ ᠬᠦᠮᠦᠨ ᠠᠮᠠ ᠶᠢ ᠨᠢᠭᠡᠳᠦᠯᠳᠠᠢ   ᠲᠦᠯᠦᠪᠵᠢᠭᠦᠯᠦᠨ ᠬᠦᠭᠵᠢᠭᠦᠯᠬᠦ ᠯᠦᠭᠡ ᠵᠤᠬᠢᠴᠠᠭᠤᠯᠤᠨ ᠲᠦᠯᠬᠢᠨ ᠠᠬᠢᠭᠤᠯᠬᠤ ᠬᠡᠷᠡᠭᠳᠠᠢ᠃       ᠨᠠᠢᠮᠠᠳᠤᠭᠠᠷ ᠵᠦᠢᠯ   ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠲᠤᠰ ᠵᠠᠰᠠᠭ ᠵᠠᠬᠢᠷᠭᠠᠨ ᠤ ᠤᠷᠤᠨ ᠤ   ᠲᠤᠳᠤᠷᠠᠬᠢ ᠮᠠᠯᠵᠢᠬᠤ ᠲᠠᠷᠢᠶᠠᠯᠠᠬᠤ ᠤᠷᠤᠨ ᠤ ᠶᠠᠳᠠᠭᠤ ᠶᠢ ᠲᠡᠳᠭᠦᠵᠤ ᠨᠡᠭᠡᠭᠡᠨ ᠬᠦᠭᠵᠢᠭᠦᠯᠬᠦ ᠠᠵᠢᠯ ᠢ ᠨᠢᠭᠡᠳᠦᠯᠳᠠᠢ   ᠲᠦᠯᠦᠪᠵᠢᠭᠦᠯᠦᠨ ᠵᠤᠬᠢᠴᠠᠭᠤᠯᠬᠤ ᠬᠡᠷᠡᠭᠳᠠᠢ᠃         ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠶᠠᠳᠠᠭᠤ ᠶᠢ ᠲᠡᠳᠭᠦᠵᠤ   ᠨᠡᠭᠡᠭᠡᠨ ᠬᠦᠭᠵᠢᠭᠦᠯᠬᠦ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤᠰ ᠵᠠᠰᠠᠭ ᠵᠠᠬᠢᠷᠭᠠᠨ ᠤ ᠤᠷᠤᠨ ᠤ   ᠲᠤᠳᠤᠷᠠᠬᠢ ᠮᠠᠯᠵᠢᠬᠤ ᠲᠠᠷᠢᠶᠠᠯᠠᠬᠤ ᠤᠷᠤᠨ ᠤ ᠶᠠᠳᠠᠭᠤ ᠶᠢ ᠲᠡᠳᠭᠦᠵᠤ ᠨᠡᠭᠡᠭᠡᠨ ᠬᠦᠭᠵᠢᠭᠦᠯᠬᠦ ᠶᠢ ᠵᠤᠬᠢᠶᠠᠨ ᠪᠠᠶᠢᠭᠤᠯᠣᠨ   ᠬᠡᠷᠡᠭᠵᠢᠭᠦᠯᠬᠦ ᠪᠠ ᠬᠢᠨᠠᠯᠳᠠ ᠲᠠᠯᠪᠢᠵᠤ ᠬᠠᠮᠢᠶᠠᠷᠬᠤ ᠠᠵᠢᠯ ᠢ ᠬᠠᠷᠢᠭᠤᠴᠠᠵᠤ᠂ ᠪᠤᠰᠤᠳ ᠬᠤᠯᠪᠤᠭᠳᠠᠯ ᠪᠦᠬᠦᠢ ᠰᠠᠯᠠᠭ᠎ᠠ   ᠮᠦᠴᠢᠷ ᠲᠤᠰ ᠲᠤᠰ ᠤᠨ ᠲᠤᠰᠢᠶᠠᠯ ᠬᠠᠷᠢᠭᠤᠴᠠᠯᠭ᠎ᠠ ᠶᠤᠰᠤᠭᠠᠷ ᠢᠶᠠᠨ ᠬᠠᠮᠢᠶ᠎ᠠ ᠪᠦᠬᠦᠢ ᠶᠠᠳᠠᠭᠤ ᠶᠢ ᠲᠡᠳᠭᠦᠵᠤ ᠨᠡᠭᠡᠭᠡᠨ   ᠬᠦᠭᠵᠢᠭᠦᠯᠬᠦ ᠠᠵᠢᠯ ᠢ ᠬᠠᠷᠢᠭᠤᠴᠠᠨ᠎ᠠ᠃         ᠶᠢᠰᠦᠳᠦᠭᠡᠷ ᠵᠦᠢᠯ   ᠤᠯᠤᠰ ᠪᠠ ᠦᠪᠡᠷᠳᠡᠭᠡᠨ ᠵᠠᠰᠠᠬᠤ ᠤᠷᠤᠨ ᠤ ᠶᠠᠳᠠᠭᠤ ᠶᠢ ᠲᠡᠳᠭᠦᠵᠤ ᠨᠡᠭᠡᠭᠡᠨ ᠬᠦᠭᠵᠢᠭᠦᠯᠬᠦ   ᠠᠵᠢᠯ ᠤᠨ ᠭᠤᠤᠯᠳᠠᠯᠭ᠎ᠠ ᠲᠠᠢ ᠬᠤᠰᠢᠭᠤ ᠰᠢᠶᠠᠨ ︵ᠬᠤᠳᠠ᠂ ᠲᠤᠭᠤᠷᠢᠭ︶ ᠶᠠᠳᠠᠭᠤ ᠶᠢ ᠲᠡᠳᠭᠦᠵᠤ ᠨᠡᠭᠡᠭᠡᠨ   ᠬᠦᠭᠵᠢᠭᠦᠯᠬᠦ ᠠᠵᠢᠯ ᠤᠨ ᠲᠤᠰᠬᠠᠢ ᠪᠠᠶᠢᠭᠤᠯᠤᠮᠵᠢ ᠪᠠᠶᠢᠭᠤᠯᠵᠤ᠂ ᠶᠠᠳᠠᠭᠤ ᠬᠦᠴᠢᠷ ᠲᠠᠢ ᠭᠤᠤᠯᠳᠠᠯᠭ᠎ᠠ ᠲᠠᠢ ᠰᠤᠮᠤ ᠰᠢᠶᠠᠩ   ᠪᠠᠯᠭᠠᠰᠤ ᠶᠠᠳᠠᠭᠤ ᠶᠢ ᠲᠡᠳᠭᠦᠵᠤ ᠨᠡᠭᠡᠭᠡᠨ ᠬᠦᠭᠵᠢᠭᠦᠯᠬᠦ ᠲᠤᠰᠬᠠᠢ ᠲᠤᠰᠢᠶᠠᠯᠳᠤ ᠠᠵᠢᠯᠳᠠᠨ ᠲᠤᠬᠢᠷᠠᠭᠤᠯᠬᠤ ᠬᠡᠷᠡᠭᠳᠠᠢ᠃           ᠠᠷᠪᠠᠳᠤᠭᠠᠷ ᠵᠦᠢᠯ   ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠮᠠᠯᠵᠢᠬᠤ   ᠲᠠᠷᠢᠶᠠᠯᠠᠬᠤ ᠤᠷᠤᠨ ᠤ ᠶᠠᠳᠠᠭᠤ ᠶᠢ ᠲᠡᠳᠭᠦᠵᠤ ᠨᠡᠭᠡᠭᠡᠨ ᠬᠦᠭᠵᠢᠭᠦᠯᠬᠦ ᠠᠵᠢᠯ ᠲᠤᠮᠳᠠ ᠲᠤᠪᠤᠶᠢᠮ᠎ᠠ ᠠᠮᠵᠢᠯᠳᠠ ᠤᠯᠤᠭᠰᠠᠨ   ᠨᠢᠭᠡᠴᠡ ᠪᠠ ᠬᠤᠪᠢ ᠬᠦᠮᠦᠨ ᠢ ᠬᠦᠬᠢᠭᠦᠯᠦᠨ ᠰᠠᠶᠢᠰᠢᠶᠠᠨ ᠬᠡᠷᠡᠭᠳᠠᠢ᠃         ᠬᠤᠶᠠᠳᠤᠭᠠᠷ ᠪᠦᠯᠦᠭ ᠶᠠᠳᠠᠭᠤ ᠶᠢ ᠲᠡᠳᠭᠦᠬᠦ ᠪᠠᠷᠢᠮᠵᠢᠶ᠎ᠠ   ᠡᠳᠡᠭᠡᠳ ᠪᠠ ᠬᠡᠪᠴᠢᠶ᠎ᠡ         ᠠᠷᠪᠠᠨ ᠨᠢᠭᠡᠳᠦᠭᠡᠷ ᠵᠦᠢᠯ   ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠲᠤᠰ ᠭᠠᠵᠠᠷ   ᠤᠷᠤᠨ ᠤ ᠮᠠᠯᠴᠢᠨ ᠲᠠᠷᠢᠶᠠᠴᠢᠨ ᠤ ᠵᠢᠯ ᠤᠨ ᠲᠤᠮᠳᠠᠴᠢ ᠶᠢᠨ ᠴᠡᠪᠡᠷ ᠤᠷᠤᠯᠭ᠎ᠠ᠂ ᠠᠵᠤ ᠠᠬᠤᠢ ᠨᠡᠶᠢᠭᠡᠮ ᠤᠨ   ᠬᠦᠭᠵᠢᠯᠳᠡ ᠶᠢᠨ ᠲᠦᠪᠰᠢᠨ ᠵᠡᠷᠭᠡ ᠶᠢ ᠦᠨᠳᠦᠰᠦᠯᠡᠵᠤ᠂ ᠦᠪᠡᠷᠳᠡᠭᠡᠨ ᠵᠠᠰᠠᠬᠤ ᠤᠷᠤᠨ ᠤ ᠶᠠᠳᠠᠭᠤ ᠶᠢ ᠲᠡᠳᠭᠦᠬᠦ   ᠪᠠᠷᠢᠮᠵᠢᠶ᠎ᠠ ᠶᠢ ᠤᠯᠤᠰ ᠤᠨ ᠶᠠᠳᠠᠭᠤ ᠶᠢ ᠲᠡᠳᠭᠦᠬᠦ ᠪᠠᠷᠢᠮᠵᠢᠶ᠎ᠠ ᠠᠴᠠ ᠦᠨᠳᠦᠷ ᠲᠤᠭᠳᠠᠭᠠᠵᠤ ᠪᠤᠯᠬᠤ ᠶᠢᠨ ᠬᠠᠮᠳᠤ ᠠᠵᠤ   ᠠᠬᠤᠢ ᠨᠡᠶᠢᠭᠡᠮ ᠤᠨ ᠬᠦᠭᠵᠢᠯᠳᠡ ᠶᠢᠨ ᠪᠠᠶᠢᠳᠠᠯ ᠢᠶᠠᠨ ᠦᠨᠳᠦᠰᠦᠯᠡᠨ ᠴᠠᠭ ᠲᠤᠬᠠᠢ ᠳᠤᠨᠢ ᠲᠤᠬᠢᠷᠠᠭᠤᠯᠵᠤ ᠪᠤᠯᠤᠨ᠎ᠠ᠃           ᠠᠶᠢᠮᠠᠭ ᠤᠨ ᠵᠠᠬᠢᠷᠭ᠎ᠠ᠂ ᠲᠤᠭᠤᠷᠢᠭ ᠲᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ ᠦᠪᠡᠷᠳᠡᠭᠡᠨ ᠵᠠᠰᠠᠬᠤ   ᠤᠷᠤᠨ ᠤ ᠶᠠᠳᠠᠭᠤ ᠶᠢ ᠲᠡᠳᠭᠦᠬᠦ ᠪᠠᠷᠢᠮᠵᠢᠶ᠎ᠠ ᠠᠴᠠ ᠦᠨᠳᠦᠷ ᠪᠠᠶᠢᠬᠤ ᠤᠷᠤᠨ ᠨᠤᠳᠤᠭ ᠤᠨ ᠪᠠᠷᠢᠮᠵᠢᠶ᠎ᠠ ᠶᠢ ᠲᠤᠭᠳᠠᠭᠠᠵᠤ   ᠪᠤᠯᠤᠨ᠎ᠠ᠃           ᠠᠷᠪᠠᠨ ᠬᠤᠶᠠᠳᠤᠭᠠᠷ ᠵᠦᠢᠯ   ᠮᠠᠯᠵᠢᠬᠤ ᠲᠠᠷᠢᠶᠠᠯᠠᠬᠤ ᠤᠷᠤᠨ ᠳᠤ ᠶᠠᠳᠠᠭᠤ ᠶᠢ ᠲᠡᠳᠭᠦᠵᠤ ᠨᠡᠭᠡᠭᠡᠨ ᠬᠦᠭᠵᠢᠭᠦᠯᠬᠦ ᠳᠤ   ᠵᠢᠯ ᠤᠨ ᠬᠦᠮᠦᠨ ᠲᠤᠮᠳᠠᠴᠢ ᠶᠢᠨ ᠴᠡᠪᠡᠷ ᠤᠷᠤᠯᠭ᠎ᠠ ᠨᠢ ᠦᠪᠡᠷᠳᠡᠭᠡᠨ ᠵᠠᠰᠠᠬᠤ ᠤᠷᠤᠨ ᠤ ᠶᠠᠳᠠᠭᠤ ᠶᠢ ᠲᠡᠳᠭᠦᠬᠦ ᠪᠠᠷᠢᠮᠵᠢᠶ᠎ᠠ   ᠠᠴᠠ ᠲᠤᠤᠷ᠎ᠠ ᠮᠦᠷᠳᠡᠭᠡᠨ ᠬᠦᠳᠡᠯᠮᠤᠷᠢᠯᠡᠬᠦ ᠴᠢᠳᠠᠪᠦᠷᠢ ᠲᠠᠢ ᠮᠠᠯᠵᠢᠬᠤ ᠲᠠᠷᠢᠶᠠᠯᠠᠬᠤ ᠤᠷᠤᠨ ᠤ ᠬᠦᠮᠦᠨ ᠠᠮᠠ ᠪᠠᠷ ᠭᠤᠤᠯ   ᠡᠳᠡᠭᠡᠳ ᠪᠤᠯᠭᠠᠵᠤ᠂ ᠶᠠᠳᠠᠭᠤ ᠶᠢ ᠲᠡᠳᠭᠦᠬᠦ ᠡᠳᠡᠭᠡᠳ ᠤᠨ ᠳᠣᠳᠣᠷᠠᠬᠢ ᠴᠡᠷᠢᠭ ᠤᠨ ᠭᠡᠷ ᠪᠦᠯᠢ ᠪᠠ ᠦᠷᠡᠭᠳᠡᠭᠰᠡᠨ   ᠪᠠᠭᠠᠳᠤᠷᠴᠤᠳ ᠤᠨ ᠭᠡᠷ ᠪᠦᠯᠢ᠂ ᠵᠡᠮᠳᠡᠭᠴᠤᠳ᠂ ᠲᠦᠯᠦᠪᠯᠡᠭᠡᠳᠦ ᠦᠷᠡᠵᠢᠯ ᠤᠨ ᠡᠷᠦᠬᠡ ᠵᠡᠷᠭᠡ ᠤᠨᠴᠠᠭᠠᠢ ᠬᠠᠮᠳᠤ ᠶᠢ   ᠤᠷᠢᠳᠠᠪᠡᠷ ᠲᠡᠳᠭᠦᠬᠦ ᠬᠡᠷᠡᠭᠳᠠᠢ᠃         ᠠᠷᠪᠠᠨ ᠭᠤᠷᠪᠠᠳᠤᠭᠠᠷ ᠵᠦᠢᠯ   ᠮᠠᠯᠵᠢᠬᠤ ᠲᠠᠷᠢᠶᠠᠯᠠᠬᠤ ᠤᠷᠤᠨ ᠤ ᠶᠠᠳᠠᠭᠤ ᠶᠢ ᠲᠡᠳᠭᠦᠵᠤ ᠨᠡᠭᠡᠭᠡᠨ ᠬᠦᠭᠵᠢᠭᠦᠯᠬᠦ   ᠬᠡᠪᠴᠢᠶ᠎ᠡ ᠳᠤ ᠭᠤᠤᠯᠳᠠᠭᠤ ᠤᠯᠤᠰ ᠪᠠ ᠦᠪᠡᠷᠳᠡᠭᠡᠨ ᠵᠠᠰᠠᠬᠤ ᠤᠷᠤᠨ ᠠᠴᠠ ᠲᠤᠭᠳᠠᠭᠠᠭᠰᠠᠨ ᠲᠦᠪᠯᠡᠷᠡᠭᠰᠡᠨ ᠪᠠ   ᠵᠠᠯᠭᠠᠯᠳᠤᠭᠰᠠᠨ ᠤᠨᠴᠠ ᠬᠦᠴᠢᠷ ᠲᠠᠢ ᠭᠠᠵᠠᠷ ᠤᠷᠤᠨ ᠪᠠ ᠭᠤᠤᠯᠳᠠᠯᠭ᠎ᠠ ᠲᠠᠢ ᠬᠤᠰᠢᠭᠤ ᠰᠢᠶᠠᠨ ︵ᠬᠤᠳᠠ᠂ ᠲᠤᠭᠤᠷᠢᠭ︶ ᠂ ᠶᠠᠳᠠᠭᠤ ᠬᠦᠴᠢᠷ ᠲᠠᠢ ᠭᠠᠴᠠᠭ᠎ᠠ ᠲᠤᠰᠬᠤᠨ ᠪᠠ ᠶᠠᠳᠠᠭᠤ ᠬᠦᠴᠢᠷ ᠲᠠᠢ ᠡᠷᠦᠬᠡ ᠶᠢ ᠪᠠᠭᠳᠠᠵᠤ ᠪᠤᠢ᠃         ᠮᠠᠯᠵᠢᠬᠤ ᠲᠠᠷᠢᠶᠠᠯᠠᠬᠤ ᠤᠷᠤᠨ ᠤ ᠶᠠᠳᠠᠭᠤ ᠶᠢ ᠲᠡᠳᠭᠦᠵᠤ ᠨᠡᠭᠡᠭᠡᠨ ᠬᠦᠭᠵᠢᠭᠦᠯᠬᠦ ᠬᠡᠪᠴᠢᠶ᠎ᠡ ᠶᠢ ᠲᠤᠭᠳᠠᠭᠠᠬᠤ ᠪᠤᠶᠤ   ᠲᠤᠬᠢᠷᠠᠭᠤᠯᠬᠤ ᠦᠶᠡᠰ ᠴᠦᠬᠡᠨ ᠲᠤᠭᠠᠳᠤ ᠦᠨᠳᠦᠰᠦᠳᠡᠨ ᠲᠦᠪᠯᠡᠷᠡᠨ ᠰᠠᠭᠤᠷᠢᠰᠢᠬᠰᠠᠨ ᠤᠷᠤᠨ᠂ ᠬᠤᠪᠢᠰᠬᠠᠯ ᠤᠨ ᠡᠷᠳᠡ   ᠴᠢᠯᠦᠭᠡᠯᠡᠭᠳᠡᠭᠰᠡᠨ ᠤᠷᠤᠨ᠂ ᠬᠢᠯᠢ ᠬᠢᠵᠠᠭᠠᠷ ᠤᠷᠤᠨ ᠲᠡᠰᠢ ᠬᠡᠯᠪᠠᠶᠢᠬᠦ ᠬᠡᠷᠡᠭᠳᠠᠢ᠃         ᠠᠷᠪᠠᠨ ᠲᠦᠷᠪᠡᠳᠦᠭᠡᠷ ᠵᠦᠢᠯ   ᠶᠠᠳᠠᠭᠤ ᠬᠦᠴᠢᠷ ᠲᠠᠢ ᠭᠠᠴᠠᠭ᠎ᠠ ᠲᠤᠰᠬᠤᠨ ᠢ ᠲᠤᠤᠷᠠᠬᠢ ᠲᠠᠷᠠᠭᠠᠯᠠᠯ ᠢᠶᠠᠷ   ᠲᠤᠭᠳᠠᠭᠠᠨ᠎ᠠ᠄         ︵ᠨᠢᠭᠡ︶ ᠭᠠᠴᠠᠭ᠎ᠠ ᠲᠤᠰᠬᠤᠨ ᠤ ᠠᠷᠠᠳ ᠤᠨ ᠵᠦᠪᠯᠡᠯ ᠠᠴᠠ ᠰᠤᠮᠤ ᠰᠢᠶᠠᠩ ᠪᠠᠯᠭᠠᠰᠤᠨ ᠤ ᠠᠷᠠᠳ ᠤᠨ   ᠵᠠᠰᠠᠭ ᠤᠨ ᠤᠷᠳᠤᠨ ᠪᠤᠶᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠪᠢᠴᠢᠭ ᠤᠨ ᠬᠡᠯᠪᠡᠷᠢ ᠶᠢᠨ ᠡᠷᠭᠦᠳᠡᠯ   ᠲᠡᠪᠰᠢᠭᠦᠯᠦᠨ᠎ᠡ︔         ︵ᠬᠤᠶᠠᠷ︶ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠪᠤᠶᠤ ᠵᠡᠭᠡᠯᠢ ᠭᠤᠳᠤᠮᠵᠢ ᠶᠢᠨ ᠬᠡᠷᠡᠭ   ᠡᠷᠬᠢᠯᠡᠬᠦ ᠭᠠᠵᠠᠷ ᠡᠷᠭᠦᠳᠡᠯ ᠢ ᠬᠦᠯᠢᠶᠡᠨ ᠠᠪᠤᠭᠰᠠᠨ ᠡᠳᠦᠷ ᠠᠴᠠ ᠡᠬᠢᠯᠡᠨ ᠠᠷᠪᠠᠨ ᠲᠠᠪᠤᠨ ᠠᠵᠢᠯᠯᠠᠬᠤ ᠡᠳᠦᠷ ᠤᠨ ᠲᠤᠳᠤᠷ᠎ᠠ   ᠬᠢᠨᠠᠨ ᠪᠠᠶᠢᠴᠠᠭᠠᠭᠰᠠᠨ ᠰᠠᠨᠠᠯ ᠭᠠᠷᠭᠠᠵᠤ᠂ ᠬᠢᠨᠠᠨ ᠪᠠᠶᠢᠴᠠᠭᠠᠭᠰᠠᠨ ᠦᠷ᠎ᠡ ᠳ᠋ᠦᠩ ᠢ ᠨᠡᠶᠢᠳᠡ ᠳᠤ ᠢᠯᠡ ᠨᠡᠶᠢᠳᠡᠯᠡᠭᠰᠡᠨ ᠤ   ᠲᠠᠷᠠᠭ᠎ᠠ ᠤᠨᠳᠤᠤ ᠰᠠᠨᠠᠯ ᠦᠭᠡᠢ ᠪᠤᠶᠤ ᠤᠨᠳᠤᠤ ᠰᠠᠨᠠᠯ ᠪᠤᠯᠭᠠᠬᠤ ᠶᠢ ᠵᠦᠪᠰᠢᠶᠡᠷᠡᠭᠰᠡᠨ ᠦᠭᠡᠢ ᠪᠤᠯ ᠬᠤᠰᠢᠭᠤ ᠰᠢᠶᠠᠨ ᠤ   ᠱᠠᠳᠤᠨ ᠤ ᠠᠷᠠᠳ ᠤᠨ ᠵᠠᠰᠠᠭ ᠤᠨ ᠤᠷᠳᠤᠨ ᠳᠤ ᠮᠡᠳᠡᠭᠦᠯᠦᠨ᠎ᠡ︔         ︵ᠭᠤᠷᠪᠠ︶ ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠬᠢᠨᠠᠨ ᠪᠠᠶᠢᠴᠠᠭᠠᠭᠰᠠᠨ ᠰᠠᠨᠠᠯ ᠢ   ᠬᠦᠯᠢᠶᠡᠨ ᠠᠪᠤᠭᠰᠠᠨ ᠡᠳᠦᠷ ᠠᠴᠠ ᠡᠬᠢᠯᠡᠨ ᠠᠷᠪᠠᠨ ᠲᠠᠪᠤᠨ ᠠᠵᠢᠯᠯᠠᠬᠤ ᠡᠳᠦᠷ ᠤᠨ ᠲᠤᠳᠤᠷ᠎ᠠ ᠬᠢᠨᠠᠨ ᠪᠠᠶᠢᠴᠠᠭᠠᠭᠰᠠᠨ   ᠰᠠᠨᠠᠯ ᠭᠠᠷᠭᠠᠵᠤ᠂ ᠨᠦᠭᠦᠴᠡᠯ ᠳᠤ ᠨᠡᠶᠢᠴᠡᠭᠰᠡᠨ ᠢ ᠨᠢ ᠲᠤᠭᠳᠠᠭᠠᠵᠤ ᠦᠭᠬᠦ ᠶᠢᠨ ᠬᠠᠮᠳᠤ ᠱᠠᠳᠤ ᠲᠠᠷᠠᠭᠠᠯᠠᠨ ᠦᠪᠡᠷᠳᠡᠭᠡᠨ   ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠶᠠᠳᠠᠭᠤ ᠶᠢ ᠲᠡᠳᠭᠦᠵᠤ ᠨᠡᠭᠡᠭᠡᠨ ᠬᠦᠭᠵᠢᠭᠦᠯᠬᠦ ᠵᠠᠰᠠᠭ ᠵᠠᠬᠢᠷᠭᠠᠨ ᠤ   ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠭᠦᠯᠦᠨ ᠲᠠᠩᠰᠠᠯᠠᠭᠤᠯᠤᠨ᠎ᠠ︔ ᠨᠦᠭᠦᠴᠡᠯ ᠳᠤ ᠨᠡᠶᠢᠴᠡᠭᠰᠡᠨ ᠦᠭᠡᠢ ᠶᠢ   ᠨᠢ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠳᠤ ᠪᠢᠴᠢᠭ ᠢᠶᠠᠷ ᠮᠡᠳᠡᠭᠳᠡᠨ᠎ᠡ᠃           ᠠᠷᠪᠠᠨ ᠲᠠᠪᠤᠳᠤᠭᠠᠷ ᠵᠦᠢᠯ   ᠶᠠᠳᠠᠭᠤ ᠬᠦᠴᠢᠷ ᠲᠠᠢ ᠡᠷᠦᠬᠡ ᠶᠢ ᠲᠤᠤᠷᠠᠬᠢ ᠲᠠᠷᠠᠭᠠᠯᠠᠯ ᠢᠶᠠᠷ ᠲᠤᠭᠳᠠᠭᠠᠨ᠎ᠠ᠄           ︵ᠨᠢᠭᠡ︶ ᠮᠠᠯᠵᠢᠬᠤ ᠲᠠᠷᠢᠶᠠᠯᠠᠬᠤ ᠡᠷᠦᠬᠡ ᠪᠤᠶᠤ ᠭᠠᠴᠠᠭ᠎ᠠ ᠲᠤᠰᠬᠤᠨ ᠤ ᠠᠷᠠᠳ ᠤᠨ ᠵᠦᠪᠯᠡᠯ ᠠᠴᠠ ᠮᠠᠯᠵᠢᠬᠤ   ᠲᠠᠷᠢᠶᠠᠯᠠᠬᠤ ᠡᠷᠦᠬᠡ ᠶᠢ ᠲᠦᠯᠦᠭᠡᠯᠡᠵᠤ ᠪᠢᠴᠢᠭ ᠤᠨ ᠬᠡᠯᠪᠡᠷᠢ ᠶᠢᠨ ᠡᠷᠭᠦᠳᠡᠯ ᠲᠡᠪᠰᠢᠭᠦᠯᠦᠨ᠎ᠡ︔         ︵ᠬᠤᠶᠠᠷ︶ ᠭᠠᠴᠠᠭ᠎ᠠ ᠲᠤᠰᠬᠤᠨ ᠤ ᠠᠷᠠᠳ ᠤᠨ ᠵᠦᠪᠯᠡᠯ ᠭᠠᠴᠠᠭ᠎ᠠ ᠲᠤᠰᠬᠤᠨ ᠤ ᠠᠷᠠᠳ ᠤᠨ ᠬᠤᠷᠠᠯ ᠪᠤᠶᠤ   ᠭᠠᠴᠠᠭ᠎ᠠ ᠲᠤᠰᠬᠤᠨ ᠤ ᠠᠷᠠᠳ ᠤᠨ ᠲᠦᠯᠦᠭᠡᠯᠡᠭᠴᠢᠳ ᠤᠨ ᠬᠤᠷᠠᠯ ᠬᠤᠷᠠᠯᠳᠤᠭᠤᠯᠤᠨ ᠬᠢᠨᠠᠨ ᠦᠨᠡᠯᠡᠵᠤ᠂ ᠬᠢᠨᠠᠨ   ᠦᠨᠡᠯᠡᠭᠰᠡᠨ ᠦᠷ᠎ᠡ ᠳ᠋ᠦᠩ ᠢᠶᠠᠨ ᠨᠡᠶᠢᠳᠡ ᠳᠤ ᠢᠯᠡ ᠨᠡᠶᠢᠳᠡᠯᠡᠭᠰᠡᠨ ᠤ ᠲᠠᠷᠠᠭ᠎ᠠ ᠤᠨᠳᠤᠤ ᠰᠠᠨᠠᠯ ᠦᠭᠡᠢ ᠪᠤᠶᠤ ᠤᠨᠳᠤᠤ   ᠰᠠᠨᠠᠯ ᠪᠤᠯᠭᠠᠬᠤ ᠶᠢ ᠵᠦᠪᠰᠢᠶᠡᠷᠡᠭᠰᠡᠨ ᠦᠭᠡᠢ ᠪᠤᠯ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠪᠤᠶᠤ   ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠮᠡᠳᠡᠭᠦᠯᠦᠨ᠎ᠡ︔           ︵ᠭᠤᠷᠪᠠ︶ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠪᠤᠶᠤ ᠵᠡᠭᠡᠯᠢ ᠭᠤᠳᠤᠮᠵᠢ ᠶᠢᠨ ᠬᠡᠷᠡᠭ   ᠡᠷᠬᠢᠯᠡᠬᠦ ᠭᠠᠵᠠᠷ ᠭᠠᠴᠠᠭ᠎ᠠ ᠲᠤᠰᠬᠤᠨ ᠤ ᠠᠷᠠᠳ ᠤᠨ ᠵᠦᠪᠯᠡᠯ ᠤᠨ ᠮᠡᠳᠡᠭᠦᠯᠦᠭᠰᠡᠨ ᠬᠢᠨᠠᠨ ᠦᠨᠡᠯᠡᠭᠰᠡᠨ ᠦᠷ᠎ᠡ ᠳ᠋ᠦᠩ ᠢ   ᠬᠦᠯᠢᠶᠡᠨ ᠠᠪᠤᠭᠰᠠᠨ ᠡᠳᠦᠷ ᠠᠴᠠ ᠡᠬᠢᠯᠡᠨ ᠠᠷᠪᠠᠨ ᠲᠠᠪᠤᠨ ᠠᠵᠢᠯᠯᠠᠬᠤ ᠡᠳᠦᠷ ᠤᠨ ᠲᠤᠳᠤᠷ᠎ᠠ ᠬᠢᠨᠠᠨ ᠬᠠᠷᠭᠤᠭᠤᠯᠤᠭᠰᠠᠨ   ᠰᠠᠨᠠᠯ ᠭᠠᠷᠭᠠᠵᠤ᠂ ᠨᠦᠭᠦᠴᠡᠯ ᠳᠤ ᠨᠡᠶᠢᠴᠡᠭᠰᠡᠨ ᠢ ᠨᠢ ᠲᠤᠭᠳᠠᠭᠠᠵᠤ ᠦᠭᠬᠦ ᠶᠢᠨ ᠬᠠᠮᠳᠤ ᠬᠤᠰᠢᠭᠤ ᠰᠢᠶᠠᠨ ᠤ ᠱᠠᠳᠤᠨ ᠤ   ᠠᠷᠠᠳ ᠤᠨ ᠵᠠᠰᠠᠭ ᠤᠨ ᠤᠷᠳᠤᠨ ᠤ ᠶᠠᠳᠠᠭᠤ ᠶᠢ ᠲᠡᠳᠭᠦᠵᠤ ᠨᠡᠭᠡᠭᠡᠨ ᠬᠦᠭᠵᠢᠭᠦᠯᠬᠦ ᠵᠠᠰᠠᠭ ᠵᠠᠬᠢᠷᠭᠠᠨ ᠤ ᠭᠤᠤᠯᠯᠠᠨ   ᠬᠠᠮᠢᠶᠠᠷᠬᠤ ᠰᠠᠯᠠᠭ᠎ᠠ ᠮᠦᠴᠢᠷ ᠲᠤ ᠮᠡᠳᠡᠭᠦᠯᠦᠨ ᠲᠠᠩᠰᠠᠯᠠᠭᠤᠯᠤᠨ᠎ᠠ︔ ᠨᠦᠭᠦᠴᠡᠯ ᠳᠤ ᠨᠡᠶᠢᠴᠡᠭᠰᠡᠨ ᠦᠭᠡᠢ ᠶᠢ ᠨᠢ ᠭᠠᠴᠠᠭ᠎ᠠ   ᠲᠤᠰᠬᠤᠨ ᠤ ᠠᠷᠠᠳ ᠤᠨ ᠵᠦᠪᠯᠡᠯ ᠳᠤ ᠪᠢᠴᠢᠭ ᠢᠶᠠᠷ ᠮᠡᠳᠡᠭᠳᠡᠨ᠎ᠡ᠃           ᠠᠷᠪᠠᠨ ᠵᠢᠷᠭᠤᠳᠤᠭᠠᠷ ᠵᠦᠢᠯ   ᠶᠠᠳᠠᠭᠤ ᠬᠦᠴᠢᠷ ᠲᠠᠢ ᠭᠠᠴᠠᠭ᠎ᠠ ᠲᠤᠰᠬᠤᠨ᠂ ᠶᠠᠳᠠᠭᠤ ᠬᠦᠴᠢᠷ ᠲᠠᠢ ᠡᠷᠦᠬᠡ ᠶᠢ   ᠲᠤᠭᠳᠠᠭᠠᠬᠤ ᠶᠠᠪᠤᠴᠠ ᠳᠠᠬᠢ ᠨᠡᠶᠢᠳᠡ ᠳᠤ ᠢᠯᠡ ᠨᠡᠶᠢᠳᠡᠯᠡᠬᠦ ᠴᠠᠭ ᠢ ᠠᠷᠪᠠᠨ ᠠᠵᠢᠯᠯᠠᠬᠤ ᠡᠳᠦᠷ ᠠᠴᠠ ᠲᠤᠳᠠᠭᠤ   ᠪᠠᠶᠢᠯᠭᠠᠵᠤ ᠪᠤᠯᠬᠤ ᠦᠭᠡᠢ᠃ ᠨᠡᠶᠢᠳᠡᠯᠡᠭᠰᠡᠨ ᠠᠭᠤᠯᠭ᠎ᠠ ᠳᠤ ᠤᠨᠳᠤᠤ ᠰᠠᠨᠠᠯ ᠲᠠᠢ ᠪᠤᠯ ᠰᠤᠮᠤ ᠰᠢᠶᠠᠩ ᠪᠠᠯᠭᠠᠰᠤᠨ ᠤ   ᠠᠷᠠᠳ ᠤᠨ ᠵᠠᠰᠠᠭ ᠤᠨ ᠤᠷᠳᠤᠨ ᠪᠤᠶᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠭᠠᠴᠠᠭ᠎ᠠ ᠲᠤᠰᠬᠤᠨ ᠤ   ᠠᠷᠠᠳ ᠤᠨ ᠵᠦᠪᠯᠡᠯ ᠠᠷᠪᠠᠨ ᠠᠵᠢᠯᠯᠠᠬᠤ ᠡᠳᠦᠷ ᠤᠨ ᠲᠤᠳᠤᠷ᠎ᠠ ᠪᠠᠶᠢᠴᠠᠭᠠᠨ ᠲᠤᠳᠤᠯᠠᠬᠤ ᠬᠡᠷᠡᠭᠳᠠᠢ︔ ᠪᠠᠶᠢᠴᠠᠭᠠᠭᠠᠳ   ᠦᠨᠡᠨ ᠪᠤᠳᠠᠳᠠᠢ ᠪᠤᠯ ᠵᠠᠯᠠᠷᠠᠭᠤᠯᠬᠤ ᠬᠡᠷᠡᠭᠳᠠᠢ᠃           ᠶᠠᠮᠠᠷᠪᠠ ᠵᠤᠬᠢᠶᠠᠨ ᠪᠠᠶᠢᠭᠤᠯᠤᠯᠳᠠ ᠪᠠ ᠬᠤᠪᠢ ᠬᠦᠮᠦᠨ ᠭᠡᠳ ᠬᠤᠳᠠᠯ ᠬᠠᠭᠤᠷᠮᠠᠭᠯᠠᠨ᠂ ᠤᠷᠤᠯᠭ᠎ᠠ ᠪᠠᠨ ᠨᠢᠭᠤᠨ   ᠮᠡᠳᠡᠭᠦᠯᠵᠦ᠂ ᠬᠠᠮᠢᠶ᠎ᠠ ᠪᠦᠬᠦᠢ ᠶᠠᠳᠠᠭᠤ ᠶᠢ ᠲᠡᠳᠭᠦᠬᠦ ᠲᠦᠷᠦ ᠶᠢᠨ ᠪᠤᠳᠤᠯᠭ᠎ᠠ ᠶᠢᠨ ᠬᠠᠷᠠᠭᠠᠯᠵᠠᠯ ᠢ ᠮᠡᠬᠡᠯᠡᠨ ᠠᠪᠴᠤ ᠪᠤᠯᠬᠤ   ᠦᠭᠡᠢ᠃         ᠠᠷᠪᠠᠨ ᠲᠤᠯᠤᠳᠤᠭᠠᠷ ᠵᠦᠢᠯ   ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ   ᠶᠠᠳᠠᠭᠤ ᠶᠢ ᠲᠡᠳᠭᠦᠵᠤ ᠨᠡᠭᠡᠭᠡᠨ ᠬᠦᠭᠵᠢᠭᠦᠯᠬᠦ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠮᠠᠯᠵᠢᠬᠤ   ᠲᠠᠷᠢᠶᠠᠯᠠᠬᠤ ᠤᠷᠤᠨ ᠤ ᠶᠠᠳᠠᠭᠤ ᠶᠢ ᠲᠡᠳᠭᠦᠵᠤ ᠨᠡᠭᠡᠭᠡᠨ ᠬᠦᠭᠵᠢᠭᠦᠯᠬᠦ ᠲᠤᠭ᠎ᠠ ᠪᠦᠷᠢᠳᠭᠡᠯ ᠤᠨ ᠬᠢᠨᠠᠨ ᠰᠢᠯᠭᠠᠬᠤ ᠲᠦᠷᠢᠮ   ᠪᠠ ᠮᠡᠳᠡᠭᠡ ᠵᠠᠩᠭᠢ ᠶᠢᠨ ᠬᠠᠮᠢᠶᠠᠷᠤᠯᠳᠠ ᠶᠢᠨ ᠰᠢᠰᠲ᠋ᠧᠮ ᠢ ᠪᠠᠶᠢᠭᠤᠯᠵᠤ᠂ ᠬᠦᠳᠡᠯᠦᠩᠭᠦᠢ ᠬᠢᠨᠠᠨ ᠬᠠᠮᠢᠶᠠᠷᠤᠯᠳᠠ ᠶᠢ   ᠬᠡᠷᠡᠭᠵᠢᠭᠦᠯᠬᠦ ᠬᠡᠷᠡᠭᠳᠠᠢ᠃             ᠭᠤᠷᠪᠠᠳᠤᠭᠠᠷ ᠪᠦᠯᠦᠭ ᠶᠠᠳᠠᠭᠤ ᠶᠢ ᠲᠡᠳᠭᠦᠬᠦ ᠠᠷᠭ᠎ᠠ ᠬᠡᠮᠵᠢᠶ᠎ᠡ             ᠠᠷᠪᠠᠨ ᠨᠠᠢᠮᠠᠳᠤᠭᠠᠷ ᠵᠦᠢᠯ   ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠮᠠᠯᠵᠢᠬᠤ ᠲᠠᠷᠢᠶᠠᠯᠠᠬᠤ ᠤᠷᠤᠨ ᠤ   ᠶᠠᠳᠠᠭᠤ ᠶᠢ ᠲᠡᠳᠭᠦᠵᠤ ᠨᠡᠭᠡᠭᠡᠨ ᠬᠦᠭᠵᠢᠭᠦᠯᠬᠦ ᠠᠵᠢᠯ ᠤᠨ ᠬᠠᠷᠠᠯᠳᠠᠳᠤ ᠬᠠᠷᠢᠭᠤᠴᠠᠯᠭ᠎ᠠ ᠶᠢᠨ ᠲᠦᠷᠢᠮ ᠢ ᠲᠤᠭᠳᠠᠭᠠᠨ   ᠪᠦᠷᠢᠨᠰᠢᠭᠦᠯᠵᠦ᠂ ᠡᠯ᠎ᠡ ᠰᠠᠯᠠᠭ᠎ᠠ ᠮᠦᠴᠢᠷ ᠤᠨ ᠮᠠᠯᠵᠢᠬᠤ ᠲᠠᠷᠢᠶᠠᠯᠠᠬᠤ ᠤᠷᠤᠨ ᠤ ᠶᠠᠳᠠᠭᠤ ᠶᠢ ᠲᠡᠳᠭᠦᠵᠤ ᠨᠡᠭᠡᠭᠡᠨ   ᠬᠦᠭᠵᠢᠭᠦᠯᠬᠦ ᠬᠠᠷᠠᠯᠳᠠ ᠪᠠ ᠡᠭᠦᠷᠭᠡ ᠶᠢ ᠲᠤᠳᠤᠷᠬᠠᠢᠢᠯᠠᠵᠤ᠂ ᠠᠵᠢᠯ ᠢᠶᠠᠨ ᠶᠠᠳᠠᠭᠤ ᠬᠦᠴᠢᠷ ᠲᠠᠢ ᠭᠠᠴᠠᠭ᠎ᠠ ᠲᠤᠰᠬᠤᠨ ᠪᠠ   ᠶᠠᠳᠠᠭᠤ ᠬᠦᠴᠢᠷ ᠲᠠᠢ ᠡᠷᠦᠬᠡ ᠳᠤ ᠪᠤᠳᠠᠳᠠᠢ ᠨᠠᠶᠢᠳᠠᠪᠦᠷᠢᠵᠢᠭᠤᠯᠬᠤ ᠶᠢ ᠦᠨᠡᠨᠬᠦ ᠪᠠᠳᠤᠯᠠᠬᠤ ᠬᠡᠷᠡᠭᠳᠠᠢ᠃         ᠠᠷᠪᠠ ᠶᠢᠰᠦᠳᠦᠭᠡᠷ ᠵᠦᠢᠯ   ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ   ᠠᠷᠭ᠎ᠠ ᠬᠡᠮᠵᠢᠶ᠎ᠡ ᠠᠪᠴᠤ ᠪᠠᠶᠢᠭᠠᠳ ᠰᠢᠶᠠᠨ ᠳᠣᠭᠤᠷᠢᠭ ᠤᠨ ᠠᠵᠤ ᠠᠬᠤᠢ ᠪᠠᠨ ᠬᠦᠴᠦᠷᠭᠡᠭᠵᠢᠭᠦᠯᠦᠨ᠂ ᠲᠠᠪᠠᠭᠤᠯᠢᠬ   ᠤᠨᠴᠠᠯᠢᠬᠳᠤ ᠠᠵᠤ ᠦᠢᠯᠡᠰ ᠢ ᠬᠦᠭᠵᠢᠭᠦᠯᠵᠦ᠂ ᠰᠢᠶᠠᠨ ᠳᠣᠭᠤᠷᠢᠭ ᠤᠨ ᠠᠵᠤ ᠠᠬᠤᠢ ᠶᠢᠨ ᠪᠤᠳᠠᠳᠤ ᠬᠦᠴᠦᠨ ᠢᠶᠠᠨ   ᠴᠢᠩᠭᠠᠷᠠᠭᠤᠯᠬᠤ ᠬᠡᠷᠡᠭᠳᠠᠢ︔ ᠮᠠᠯᠵᠢᠬᠤ ᠲᠠᠷᠢᠶᠠᠯᠠᠬᠤ ᠤᠷᠤᠨ ᠤ ᠶᠠᠳᠠᠭᠤ ᠬᠦᠴᠢᠷ ᠲᠠᠢ ᠭᠠᠵᠠᠷ ᠤᠷᠤᠨ ᠭᠠᠴᠠᠭ᠎ᠠ   ᠲᠤᠰᠬᠤᠨ ᠤ ᠬᠠᠮᠳᠤ ᠶᠢᠨ ᠠᠵᠤ ᠠᠬᠤᠢ᠂ ᠮᠠᠯᠴᠢᠨ ᠲᠠᠷᠢᠶᠠᠴᠢᠨ ᠤ ᠲᠤᠰᠬᠠᠢ ᠬᠤᠷᠰᠢᠶ᠎ᠠ᠂ ᠮᠠᠯᠴᠢᠨ ᠲᠠᠷᠢᠶᠠᠴᠢᠨ ᠤ   ᠲᠤᠰᠬᠠᠢ ᠡᠷᠦᠬᠡ ᠶᠢᠨ ᠬᠡᠪᠴᠢᠶᠡᠵᠢᠭᠰᠡᠨ ᠠᠵᠤ ᠠᠬᠤᠢ ᠪᠠᠮᠠᠯᠴᠢᠨ ᠲᠠᠷᠢᠶᠠᠴᠢᠨ ᠤ ᠠᠵᠢᠯ ᠲᠦᠷᠦᠯ ᠤᠨ ᠨᠡᠶᠢᠭᠡᠮᠯᠢᠭ ᠢ   ᠬᠦᠭᠵᠢᠭᠦᠯᠬᠦ ᠶᠢ ᠲᠠᠮᠵᠢᠵᠤ᠂ ᠤᠯᠠᠨ ᠠᠷᠭ᠎ᠠ ᠵᠠᠮ ᠢᠶᠠᠷ ᠶᠠᠳᠠᠭᠤ ᠬᠦᠴᠢᠷ ᠲᠠᠢ ᠮᠠᠯᠴᠢᠨ ᠲᠠᠷᠢᠶᠠᠴᠢᠨ ᠤ ᠠᠵᠢᠯ   ᠤᠯᠭᠤᠯᠳᠠ ᠶᠢ ᠠᠬᠢᠭᠤᠯᠤᠨ᠎ᠠ᠃           ᠬᠤᠷᠢᠳᠤᠭᠠᠷ ᠵᠦᠢᠯ   ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠵᠢᠴᠢ   ᠬᠤᠯᠪᠤᠭᠳᠠᠯ ᠪᠦᠬᠦᠢ ᠰᠠᠯᠠᠭ᠎ᠠ ᠮᠦᠴᠢᠷ ᠲᠤᠮᠤ ᠲᠦᠷᠦᠯ ᠵᠦᠢᠯ᠂ ᠭᠤᠤᠯᠳᠠᠯᠭᠠᠳᠤ ᠢᠨᠵᠧᠨᠧᠷᠢᠩ᠂ ᠰᠢᠨ᠎ᠡ ᠪᠠᠷ ᠮᠠᠨᠳᠤᠭᠰᠠᠨ   ᠠᠵᠤ ᠦᠢᠯᠡᠰ ᠢ ᠨᠡᠭᠡᠭᠡᠨ ᠬᠦᠭᠵᠢᠭᠦᠯᠬᠦ ᠲᠦᠷᠦᠯ ᠵᠦᠢᠯ ᠢ ᠮᠠᠯᠵᠢᠬᠤ ᠲᠠᠷᠢᠶᠠᠯᠠᠬᠤ ᠤᠷᠤᠨ ᠤ ᠶᠠᠳᠠᠭᠤ ᠬᠦᠴᠢᠷ ᠲᠠᠢ ᠭᠠᠵᠠᠷ   ᠤᠷᠤᠨ ᠲᠡᠰᠢ ᠬᠡᠯᠪᠠᠶᠢᠬᠦ ᠶᠢ ᠲᠠᠮᠵᠢᠨ ᠵᠢᠯᠤᠭᠤᠳᠴᠤ᠂ ᠬᠦᠳᠡᠯᠮᠤᠷᠢ ᠬᠦᠴᠦ ᠲᠦᠪᠯᠡᠷᠡᠭᠰᠡᠨ ᠲᠦᠷᠦᠯ ᠵᠦᠢᠯ ᠢ ᠶᠠᠳᠠᠭᠤ   ᠬᠦᠴᠢᠷ ᠲᠠᠢ ᠭᠠᠵᠠᠷ ᠤᠷᠤᠨ ᠲᠡᠰᠢ ᠤᠷᠢᠳᠠᠪᠡᠷ ᠰᠢᠯᠵᠢᠭᠦᠯᠬᠦ ᠬᠡᠷᠡᠭᠳᠠᠢ᠃           ᠬᠤᠷᠢᠨ ᠨᠢᠭᠡᠳᠦᠭᠡᠷ ᠵᠦᠢᠯ   ᠦᠪᠡᠷᠳᠡᠭᠡᠨ ᠵᠠᠰᠠᠬᠤ ᠤᠷᠤᠨ ᠠᠴᠠ ᠤᠯᠤᠰ ᠪᠤᠶᠤ ᠦᠪᠡᠷᠳᠡᠭᠡᠨ ᠵᠠᠰᠠᠬᠤ ᠤᠷᠤᠨ ᠤ   ᠲᠤᠭᠳᠠᠭᠠᠭᠰᠠᠨ ᠲᠦᠪᠯᠡᠷᠡᠭᠰᠡᠨ ᠪᠠ ᠵᠠᠯᠭᠠᠯᠳᠤᠭᠰᠠᠨ ᠤᠨᠴᠠ ᠬᠦᠴᠢᠷ ᠲᠠᠢ ᠭᠠᠵᠠᠷ ᠤᠷᠤᠨ ᠳᠤ ᠵᠦᠷᠢᠶᠡᠳᠤ ᠠᠵᠤ   ᠦᠢᠯᠡᠰ ᠤᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ᠲᠡᠭᠡᠷᠡᠬᠢ ᠭᠠᠵᠠᠷ ᠤᠷᠤᠨ ᠤ ᠠᠵᠤ ᠠᠬᠤᠢ ᠨᠡᠶᠢᠭᠡᠮ ᠤᠨ   ᠬᠦᠭᠵᠢᠯᠳᠡ ᠶᠢᠨ ᠲᠦᠷᠦᠯ ᠵᠦᠢᠯ ᠢ ᠤᠷᠢᠳᠠᠪᠡᠷ ᠬᠢᠨᠠᠨ ᠵᠦᠪᠰᠢᠶᠡᠷᠡᠵᠤ ᠬᠡᠷᠡᠭᠵᠢᠭᠦᠯᠦᠨ᠎ᠡ᠃         ᠬᠤᠷᠢᠨ ᠬᠤᠶᠠᠳᠤᠭᠠᠷ ᠵᠦᠢᠯ   ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ   ᠵᠢᠴᠢ ᠲᠡᠭᠦᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠰᠢᠨ᠎ᠡ ᠪᠠᠷ ᠨᠡᠮᠡᠭᠳᠡᠭᠰᠡᠨ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ   ᠭᠠᠵᠠᠷ ᠤᠨ ᠭᠦᠢᠴᠡᠳᠭᠡᠬᠦ ᠲᠤᠭ᠎ᠠ ᠶᠢ ᠪᠤᠰᠤᠳ ᠭᠠᠵᠠᠷ ᠨᠡᠭᠦᠯᠭᠡᠨ ᠶᠠᠳᠠᠭᠤ ᠶᠢ ᠲᠡᠳᠭᠦᠭᠦ ᠭᠡᠷ ᠪᠠᠷᠢᠬᠤ ᠵᠢᠴᠢ ᠬᠠᠮᠢᠶ᠎ᠠ   ᠪᠦᠬᠦᠢ ᠦᠢᠯᠡᠳᠪᠦᠷᠢᠯᠡᠯ ᠤᠨ ᠴᠢᠨᠠᠷᠳᠠᠢ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠬᠡᠷᠡᠭᠴᠡᠭᠡ ᠳᠤ ᠤᠷᠢᠳᠠᠪᠡᠷ ᠬᠡᠷᠡᠭᠯᠡᠵᠤ᠂   ᠮᠠᠯᠵᠢᠬᠤ ᠲᠠᠷᠢᠶᠠᠯᠠᠬᠤ ᠤᠷᠤᠨ ᠤ ᠶᠠᠳᠠᠭᠤ ᠬᠦᠴᠢᠷ ᠲᠠᠢ ᠭᠠᠵᠠᠷ ᠤᠷᠤᠨ ᠤ ᠪᠠᠭ᠎ᠠ ᠬᠤᠳᠠ ᠪᠠᠯᠭᠠᠰᠤᠨ ᠤ ᠪᠦᠳᠦᠭᠡᠨ   ᠪᠠᠶᠢᠭᠤᠯᠤᠯᠳᠠ ᠪᠠ ᠠᠵᠤ ᠦᠢᠯᠡᠰ ᠲᠦᠪᠯᠡᠷᠡᠭᠰᠡᠨ ᠤᠷᠤᠨ ᠤ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠵᠤᠬᠢᠰᠳᠠᠢ   ᠲᠤᠬᠢᠷᠠᠭᠤᠯᠬᠤ ᠬᠡᠷᠡᠭᠳᠠᠢ᠃         ᠬᠤᠷᠢᠨ ᠭᠤᠷᠪᠠᠳᠤᠭᠠᠷ ᠵᠦᠢᠯ   ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ   ᠵᠢᠴᠢ ᠲᠡᠭᠦᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠮᠠᠯᠵᠢᠬᠤ ᠲᠠᠷᠢᠶᠠᠯᠠᠬᠤ ᠤᠷᠤᠨ ᠤ ᠶᠠᠳᠠᠭᠤ ᠬᠦᠴᠢᠷ  ᠲᠠᠢ ᠭᠠᠵᠠᠷ   ᠤᠷᠤᠨ ᠤ ᠵᠠᠮ᠂ ᠲᠠᠷᠢᠶᠠᠨ ᠭᠠᠵᠠᠷ ᠤᠨ ᠤᠰᠤᠯᠠᠯᠳᠠ᠂ ᠮᠠᠯ ᠤᠨ ᠬᠠᠰᠢᠶ᠎ᠠ ᠰᠠᠷᠠᠪᠴᠢ᠂ ᠡᠪᠡᠰᠤ ᠪᠤᠷᠳᠤᠭ᠎ᠠ  ᠶᠢᠨ ᠰᠠᠭᠤᠷᠢᠨ᠂ ᠤᠤᠭᠤᠬᠤ ᠤᠰᠤᠨ ᠤ ᠠᠮᠣᠷ ᠲᠦᠪᠰᠢᠨ᠂ ᠠᠶᠤᠯᠳᠠᠢ ᠭᠡᠷ ᠪᠠᠶᠢᠰᠢᠩ ᠢ ᠦᠭᠡᠷᠡᠴᠢᠯᠡᠨ ᠵᠠᠰᠠᠬᠤ᠂ ᠴᠠᠬᠢᠯᠭᠠᠨ ᠬᠦᠴᠦ᠂   ᠴᠠᠬᠢᠯᠭᠠᠨ ᠬᠤᠯᠪᠤᠭ᠎ᠠ᠂ ᠰᠢᠤᠳᠠᠨ᠂ ᠷᠠᠳᠢᠤ᠋ ᠲᠧᠯᠧᠢᠰ᠂ ᠡᠮ ᠡᠮᠨᠡᠯᠭᠡ ᠡᠷᠡᠭᠦᠯ ᠬᠠᠮᠠᠭᠠᠯᠠᠯ ᠵᠡᠷᠭᠡ ᠰᠠᠭᠤᠷᠢ   ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢ ᠤᠷᠢᠳᠠᠪᠡᠷ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠤᠷᠤᠨ ᠤ ᠶᠠᠳᠠᠭᠤ   ᠬᠦᠴᠢᠷ ᠲᠠᠢ ᠭᠠᠵᠠᠷ ᠤᠷᠤᠨ ᠤ ᠦᠢᠯᠡᠳᠪᠦᠷᠢᠯᠡᠯ ᠠᠮᠢᠳᠤᠷᠠᠯ ᠤᠨ ᠨᠦᠭᠦᠴᠡᠯ ᠢ ᠰᠠᠶᠢᠵᠢᠷᠠᠭᠤᠯᠬᠤ ᠬᠡᠷᠡᠭᠳᠠᠢ᠃           ᠬᠤᠷᠢᠨ ᠲᠦᠷᠪᠡᠳᠦᠭᠡᠷ ᠵᠦᠢᠯ   ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ   ᠵᠢᠴᠢ ᠲᠡᠭᠦᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠰᠢᠨ᠎ᠡ ᠬᠡᠯᠪᠡᠷᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ   ᠦᠢᠯᠡᠴᠢᠯᠡᠭᠡᠨ ᠤ ᠲᠤᠭᠳᠠᠯᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠮᠡᠷᠭᠡᠵᠢᠯᠳᠡᠨ ᠢ ᠵᠤᠬᠢᠶᠠᠨ ᠪᠠᠶᠢᠭᠤᠯᠤᠨ ᠰᠢᠨᠵᠢᠯᠡᠬᠦ   ᠤᠬᠠᠭᠠᠨ ᠮᠡᠷᠭᠡᠵᠢᠯ ᠢᠶᠠᠷ ᠶᠠᠳᠠᠭᠤ ᠶᠢ ᠲᠡᠳᠭᠦᠬᠦ ᠠᠵᠢᠯ ᠦᠷᠨᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠶᠠᠳᠠᠭᠤ ᠶᠢ   ᠲᠡᠳᠭᠦᠬᠦ ᠵᠢᠱᠢᠶ᠎ᠡ ᠦᠵᠡᠭᠦᠯᠬᠦ ᠭᠠᠴᠠᠭ᠎ᠠ ᠲᠤᠰᠬᠤᠨ᠂ ᠵᠢᠱᠢᠶ᠎ᠡ ᠦᠵᠡᠭᠦᠯᠬᠦ ᠡᠷᠦᠬᠡ ᠶᠢ ᠡᠭᠦᠳᠦᠨ ᠪᠠᠶᠢᠭᠤᠯᠵᠤ᠂ ᠰᠢᠨᠵᠢᠯᠡᠬᠦ   ᠤᠬᠠᠭᠠᠨ ᠮᠡᠷᠭᠡᠵᠢᠯ ᠢᠶᠠᠷ ᠪᠠᠶᠠᠵᠢᠭᠰᠠᠨ ᠲᠤᠯᠤᠭᠠᠢᠢᠯᠠᠭᠴᠢ ᠶᠢ ᠬᠦᠮᠦᠵᠢᠭᠦᠯᠵᠦ᠂ ᠲᠡᠷᠢᠭᠦᠨ ᠤ ᠬᠡᠷᠡᠭᠯᠡᠭᠡᠨ ᠤ ᠰᠢᠨ᠎ᠡ   ᠮᠡᠷᠭᠡᠵᠢᠯ ᠢ ᠲᠡᠯᠭᠡᠷᠡᠭᠦᠯᠦᠨ ᠬᠡᠷᠡᠭᠯᠡᠬᠦ ᠶᠢ ᠲᠦᠷᠭᠡᠳᠭᠡᠬᠦ ᠬᠡᠷᠡᠭᠳᠠᠢ᠃           ᠬᠤᠷᠢᠨ ᠲᠠᠪᠤᠳᠤᠭᠠᠷ ᠵᠦᠯ     ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ   ᠵᠢᠴᠢ ᠲᠡᠭᠦᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠮᠠᠯᠵᠢᠬᠤ ᠲᠠᠷᠢᠶᠠᠯᠠᠬᠤ ᠤᠷᠤᠨ ᠤ ᠶᠠᠳᠠᠭᠤ ᠬᠦᠴᠢᠷ  ᠲᠠᠢ ᠭᠠᠵᠠᠷ   ᠤᠷᠤᠨ ᠤ ᠰᠠᠭᠤᠷᠢ ᠰᠤᠷᠭᠠᠨ ᠬᠦᠮᠦᠵᠢᠯ ᠪᠠ ᠠᠵᠢᠯ ᠮᠡᠷᠭᠡᠵᠢᠯ ᠤᠨ ᠰᠣᠷᠭᠠᠨ ᠬᠦᠮᠦᠵᠢᠯ ᠢ ᠴᠢᠩᠭᠠᠳᠬᠠᠵᠤ᠂ ᠬᠤᠳᠠ ᠶᠢᠨ   ᠪᠠᠭᠰᠢ ᠨᠠᠷ ᠮᠠᠯᠵᠢᠬᠤ ᠲᠠᠷᠢᠶᠠᠯᠠᠬᠤ ᠤᠷᠤᠨ ᠤ ᠶᠠᠳᠠᠭᠤ ᠬᠦᠴᠢᠷ ᠲᠠᠢ ᠭᠠᠵᠠᠷ ᠤᠷᠤᠨ ᠳᠤ ᠤᠴᠢᠵᠤ ᠰᠤᠷᠭᠠᠨ ᠬᠦᠮᠦᠵᠢᠯ ᠢ   ᠲᠡᠮᠵᠢᠬᠦ ᠲᠦᠷᠢᠮ ᠢ ᠬᠡᠷᠡᠭᠵᠢᠭᠦᠯᠬᠦ ᠬᠡᠷᠡᠭᠳᠠᠢ᠃ ᠦᠨᠳᠦᠰᠦᠳᠡᠨ ᠤ ᠰᠤᠷᠭᠠᠨ ᠬᠦᠮᠦᠵᠢᠯ ᠢ ᠬᠦᠨᠳᠦᠳᠭᠡᠨ ᠲᠠᠮᠵᠢᠵᠤ᠂   ᠦᠨᠳᠦᠰᠦᠳᠡᠨ ᠤ ᠰᠤᠷᠭᠠᠭᠤᠯᠢ ᠶᠢᠨ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠲᠡᠰᠢ ᠭᠤᠤᠯᠳᠠᠭᠤᠯᠤᠨ   ᠬᠡᠯᠪᠠᠶᠢᠬᠦ ᠬᠡᠷᠡᠭᠳᠠᠢ᠃ ᠠᠯᠪᠠᠨ ᠵᠢᠷᠤᠮ ᠤᠨ ᠰᠤᠷᠭᠠᠨ ᠬᠦᠮᠦᠵᠢᠯ᠂ ᠦᠨᠳᠦᠷ ᠲᠤᠮᠳᠠᠳᠤ ᠶᠢᠨ ᠱᠠᠳᠤᠨ ᠤ ᠰᠤᠷᠭᠠᠨ   ᠬᠦᠮᠦᠵᠢᠯ ᠬᠦᠷᠳᠡᠵᠤ ᠪᠠᠶᠢᠭ᠎ᠠ ᠶᠠᠳᠠᠭᠤ ᠬᠦᠴᠢᠷ ᠲᠠᠢ ᠡᠷᠦᠬᠡ ᠶᠢᠨ ᠪᠠᠶᠢᠷᠢ ᠳᠤ ᠰᠠᠭᠤᠭ᠎ᠠ ᠰᠤᠷᠤᠭᠴᠢ ᠳᠤ ᠠᠮᠢᠳᠤᠷᠠᠯ ᠤᠨ   ᠵᠠᠷᠣᠳᠠᠯ ᠤᠨ ᠨᠦᠬᠦᠪᠦᠷᠢ ᠦᠭᠴᠤ᠂ ᠶᠠᠳᠠᠭᠤ ᠬᠦᠴᠢᠷ ᠲᠠᠢ ᠡᠷᠦᠬᠡ ᠶᠢᠨ ᠰᠤᠷᠭᠠᠭᠤᠯᠢ ᠳᠤ ᠪᠠᠶᠢᠭ᠎ᠠ ᠶᠡᠭᠡ ᠰᠤᠷᠭᠠᠭᠤᠯᠢ ᠶᠢᠨ   ᠤᠶᠤᠳᠠᠨ ᠤ ᠰᠤᠷᠤᠯᠭ᠎ᠠ ᠶᠢ ᠨᠢ ᠲᠡᠳᠭᠦᠵᠦ᠂ ᠲᠡᠭᠦᠨ ᠤ ᠰᠤᠷᠤᠯᠭ᠎ᠠ ᠪᠠᠨ ᠲᠡᠭᠦᠰᠭᠡᠬᠦ ᠶᠢ ᠬᠠᠪᠰᠤᠷᠤᠨ᠎ᠠ᠃           ᠬᠤᠷᠢᠨ ᠵᠢᠷᠭᠤᠳᠤᠭᠠᠷ ᠵᠦᠯ     ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ   ᠵᠢᠴᠢ ᠲᠡᠭᠦᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠮᠠᠯᠵᠢᠬᠤ ᠲᠠᠷᠢᠶᠠᠯᠠᠬᠤ ᠤᠷᠤᠨ ᠤ ᠶᠠᠳᠠᠭᠤ ᠬᠦᠴᠢᠷ  ᠲᠠᠢ ᠭᠠᠵᠠᠷ   ᠤᠷᠤᠨ ᠤ ᠬᠦᠳᠡᠯᠮᠤᠷᠢ ᠬᠦᠴᠦ ᠶᠢᠨ ᠮᠡᠷᠭᠡᠵᠢᠯ ᠴᠢᠳᠠᠪᠦᠷᠢ ᠶᠢᠨ ᠪᠤᠯᠪᠠᠰᠤᠷᠠᠯ᠂ ᠦᠢᠯᠡᠰ ᠪᠤᠰᠬᠠᠬᠤ ᠪᠤᠯᠪᠠᠰᠤᠷᠠᠯ ᠢ   ᠴᠢᠩᠭᠠᠳᠬᠠᠵᠤ᠂ ᠮᠠᠯᠵᠢᠬᠤ ᠲᠠᠷᠢᠶᠠᠯᠠᠬᠤ ᠤᠷᠤᠨ ᠤ ᠶᠠᠳᠠᠭᠤ ᠬᠦᠴᠢᠷ ᠲᠠᠢ ᠭᠠᠵᠠᠷ ᠤᠷᠤᠨ ᠤ ᠬᠦᠳᠡᠯᠮᠤᠷᠢ ᠬᠦᠴᠦ ᠶᠢᠨ   ᠤᠢᠢᠷ᠎ᠠ ᠬᠠᠪᠢ ᠪᠠ ᠲᠤᠬᠠᠢ ᠶᠢᠨ ᠭᠠᠵᠠᠷ ᠲᠠᠭᠠᠨ ᠠᠵᠢᠯ ᠤᠯᠬᠤ ᠪᠠ ᠪᠡᠶ᠎ᠡ ᠪᠠᠨ ᠳᠠᠭᠠᠭᠠᠵᠣ ᠦᠢᠯᠡᠰ ᠪᠤᠰᠬᠠᠬᠤ ᠶᠢ   ᠵᠤᠷᠢᠬᠵᠢᠭᠤᠯᠤᠨ ᠲᠡᠮᠵᠢᠬᠦ ᠬᠡᠷᠡᠭᠳᠠᠢ᠃           ᠬᠤᠷᠢᠨ ᠲᠤᠯᠤᠳᠤᠭᠠᠷ ᠵᠦᠢᠯ     ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ   ᠵᠢᠴᠢ ᠲᠡᠭᠦᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠤᠷᠳᠤ ᠬᠤᠭᠤᠴᠠᠭ᠎ᠠ ᠪᠠᠷ ᠮᠠᠯᠵᠢᠬᠤ ᠲᠠᠷᠢᠶᠠᠯᠠᠬᠤ ᠤᠷᠤᠨ ᠤ   ᠶᠠᠳᠠᠭᠤ ᠬᠦᠴᠢᠷ ᠲᠠᠢ ᠭᠠᠵᠠᠷ ᠤᠷᠤᠨ ᠳᠤ ᠠᠵᠢᠯᠯᠠᠵᠤ ᠪᠠᠶᠢᠭ᠎ᠠ ᠡᠯ᠎ᠡ ᠲᠦᠷᠦᠯ ᠤᠨ ᠲᠤᠰᠬᠠᠢ ᠮᠡᠷᠭᠡᠵᠢᠯᠳᠡᠨ ᠳᠤ   ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠬᠡᠷᠡᠭᠵᠢᠭᠦᠯᠵᠦ᠂ ᠰᠤᠷᠭᠠᠨ ᠬᠦᠮᠦᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠡᠮ   ᠡᠮᠨᠡᠯᠭᠡ ᠡᠷᠡᠭᠦᠯ ᠬᠠᠮᠠᠭᠠᠯᠠᠯ ᠵᠡᠷᠭᠡ ᠲᠤᠰᠬᠠᠢ ᠮᠡᠷᠭᠡᠵᠢᠯᠳᠡᠨ ᠤ ᠲᠤᠭᠳᠠᠭᠰᠠᠨ ᠬᠤᠭᠤᠴᠠᠭ᠎ᠠ ᠲᠠᠢ ᠪᠠᠷ ᠶᠠᠳᠠᠭᠤ ᠬᠦᠴᠢᠷ ᠲᠠᠢ   ᠭᠠᠵᠠᠷ ᠤᠷᠤᠨ ᠳᠤ ᠬᠦᠷᠴᠦ ᠦᠢᠯᠡᠴᠢᠯᠡᠬᠦ ᠶᠢ ᠵᠤᠷᠢᠬᠵᠢᠭᠤᠯᠤᠨ ᠲᠠᠮᠵᠢᠵᠤ᠂ ᠶᠠᠳᠠᠭᠤ ᠬᠦᠴᠢᠷ  ᠲᠠᠢ ᠭᠠᠵᠠᠷ ᠤᠷᠤᠨ ᠤ   ᠲᠤᠰᠬᠠᠢ ᠮᠡᠷᠭᠡᠵᠢᠯᠳᠡᠨ ᠤ ᠦᠷᠭᠦᠯᠵᠢᠯᠡᠨ ᠬᠦᠮᠦᠵᠢᠯ ᠬᠦᠷᠳᠡᠬᠦ ᠶᠢ ᠴᠢᠩᠭᠠᠳᠬᠠᠬᠤ ᠬᠡᠷᠡᠭᠳᠠᠢ᠃         ᠬᠤᠷᠢᠨ ᠨᠠᠢᠮᠠᠳᠤᠭᠠᠷ ᠵᠦᠢᠯ   ᠦᠪᠡᠷᠳᠡᠭᠡᠨ ᠵᠠᠰᠠᠬᠤ ᠤᠷᠤᠨ ᠠᠴᠠ ᠶᠡᠭᠡ ᠲᠡᠭᠡᠳᠦ ᠰᠤᠷᠭᠠᠭᠤᠯᠢ᠂ ᠡᠷᠳᠡᠮ   ᠰᠢᠨᠵᠢᠯᠡᠭᠡᠨ ᠤ ᠬᠦᠷᠢᠶᠡᠯᠡᠩ ᠭᠠᠵᠠᠷ᠂ ᠡᠮ ᠡᠮᠨᠡᠯᠭᠡ ᠶᠢᠨ ᠪᠠᠶᠢᠭᠤᠯᠤᠮᠵᠢ ᠶᠢᠨ ᠮᠠᠯᠵᠢᠬᠤ ᠲᠠᠷᠢᠶᠠᠯᠠᠬᠤ ᠤᠷᠤᠨ ᠤ ᠶᠠᠳᠠᠭᠤ   ᠬᠦᠴᠢᠷ ᠲᠠᠢ ᠭᠠᠵᠠᠷ ᠤᠷᠤᠨ ᠳᠤ ᠲᠤᠭᠳᠠᠭᠰᠠᠨ ᠬᠠᠨᠳᠤᠯᠭ᠎ᠠ ᠲᠠᠢ ᠪᠠᠷ ᠴᠢᠳᠠᠪᠦᠷᠢᠳᠡᠨ ᠬᠦᠮᠦᠵᠢᠭᠦᠯᠵᠦ ᠦᠭᠬᠦ ᠶᠢ   ᠵᠤᠷᠢᠬᠵᠢᠭᠤᠯᠤᠨ ᠲᠡᠮᠵᠢᠨ᠎ᠡ︔ ᠶᠡᠭᠡ ᠲᠡᠭᠡᠳᠦ ᠰᠤᠷᠭᠠᠭᠤᠯᠢ ᠲᠡᠭᠦᠰᠦᠭᠰᠡᠳ ᠤᠨ ᠮᠠᠯᠵᠢᠬᠤ ᠲᠠᠷᠢᠶᠠᠯᠠᠬᠤ ᠤᠷᠤᠨ ᠤ ᠶᠠᠳᠠᠭᠤ   ᠬᠦᠴᠢᠷ ᠲᠠᠢ ᠭᠠᠵᠠᠷ ᠤᠷᠤᠨ ᠳᠤ ᠬᠦᠷᠴᠤ ᠠᠵᠢᠯᠯᠠᠬᠤ ᠪᠠ ᠦᠢᠯᠡᠰ ᠪᠤᠰᠬᠠᠬᠤ ᠶᠢ ᠵᠤᠷᠢᠬᠵᠢᠭᠤᠯᠤᠨ ᠲᠡᠮᠵᠢᠨ᠎ᠡ︔         ᠬᠤᠷᠢ ᠶᠢᠰᠦᠳᠦᠭᠡᠷ ᠵᠦᠢᠯ   ᠦᠪᠡᠷᠳᠡᠭᠡᠨ ᠵᠠᠰᠠᠬᠤ ᠤᠷᠤᠨ ᠠᠴᠠ ᠮᠦᠡᠭᠭᠦᠨ ᠭᠦᠢᠯᠭᠡᠭᠡᠨ ᠤ ᠦᠢᠯᠡᠴᠢᠯᠡᠭᠡᠨ ᠤ   ᠪᠠᠶᠢᠭᠤᠯᠤᠮᠵᠢ ᠶᠢᠨ ᠮᠠᠯᠵᠢᠬᠤ ᠲᠠᠷᠢᠶᠠᠯᠠᠬᠤ ᠤᠷᠤᠨ ᠤ ᠶᠠᠳᠠᠭᠤ ᠬᠦᠴᠢᠷ ᠲᠠᠢ ᠭᠠᠵᠠᠷ ᠤᠷᠤᠨ ᠳᠤ ᠦᠢᠯᠡᠴᠢᠯᠡᠬᠦ ᠲᠤᠤᠷ   ᠴᠢᠭ᠋ ᠢᠶᠠᠨ ᠨᠡᠮᠡᠭᠳᠡᠭᠦᠯᠵᠦ᠂ ᠮᠦᠡᠭᠭᠦᠨ ᠭᠦᠢᠯᠭᠡᠭᠡᠨ ᠤ ᠪᠦᠳᠦᠭᠡᠭᠳᠡᠭᠦᠨ ᠢ ᠠᠰᠢᠭᠯᠠᠨ ᠶᠠᠳᠠᠭᠤ ᠬᠦᠴᠢᠷ ᠲᠠᠢ ᠭᠠᠵᠠᠷ   ᠤᠷᠤᠨ ᠤ ᠬᠦᠭᠵᠢᠯᠳᠡ ᠶᠢ ᠲᠡᠮᠵᠢᠵᠤ᠂ ᠮᠠᠯᠵᠢᠬᠤ ᠲᠠᠷᠢᠶᠠᠯᠠᠬᠤ ᠤᠷᠤᠨ ᠤ ᠮᠦᠡᠭᠭᠦᠨ ᠭᠦᠢᠯᠭᠡᠭᠡᠨ ᠤ ᠪᠦᠳᠦᠭᠡᠭᠳᠡᠭᠦᠨ ᠪᠠ   ᠦᠢᠯᠡᠴᠢᠯᠡᠭᠡᠨ ᠤ ᠬᠡᠯᠪᠡᠷᠢ ᠶᠢᠨ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠬᠤ ᠶᠢ ᠵᠤᠷᠢᠬᠵᠢᠭᠤᠯᠤᠨ᠎ᠠ᠃         ᠦᠪᠡᠷᠳᠡᠭᠡᠨ ᠵᠠᠰᠠᠬᠤ ᠤᠷᠤᠨ ᠠᠴᠠ ᠮᠠᠯᠵᠢᠬᠤ ᠲᠠᠷᠢᠶᠠᠯᠠᠬᠤ ᠤᠷᠤᠨ ᠤ ᠶᠠᠳᠠᠭᠤ ᠬᠦᠴᠢᠷ ᠲᠠᠢ ᠭᠠᠵᠠᠷ ᠤᠷᠤᠨ ᠤ   ᠰᠢᠶᠠᠨ ᠳᠣᠭᠤᠷᠢᠭ ᠤᠨ ᠬᠠᠤᠯᠢ ᠶᠢᠨ ᠡᠷᠬᠡᠳᠡᠨ ᠤ ᠮᠦᠡᠭᠭᠦᠨ ᠭᠦᠢᠯᠭᠡᠭᠡᠨ ᠤ ᠪᠠᠶᠢᠭᠤᠯᠤᠮᠵᠢ ᠶᠢᠨ ᠰᠢᠨ᠎ᠡ ᠪᠠᠷ ᠨᠡᠮᠡᠭᠳᠡᠭᠰᠡᠨ   ᠵᠢᠭᠡᠯᠡᠯᠭᠡ ᠲᠠᠯᠪᠢᠵᠤ ᠪᠤᠯᠬᠤ ᠪᠡᠯᠡ ᠮᠦᠡᠭᠬᠦ ᠶᠢᠨ 70% ᠠᠴᠠ ᠲᠡᠭᠡᠭᠰᠢᠬᠢ ᠶᠢ ᠲᠤᠬᠠᠢ ᠶᠢᠨ ᠭᠠᠵᠠᠷ ᠲᠠᠭᠠᠨ ᠦᠯᠡᠳᠡᠭᠡᠨ   ᠬᠡᠷᠡᠭᠯᠡᠵᠤ᠂ ᠦᠢᠯᠡᠳᠪᠦᠷᠢᠯᠡᠯ ᠢᠶᠠᠨ ᠬᠦᠭᠵᠢᠭᠦᠯᠬᠦ ᠪᠡᠯᠡ ᠮᠦᠡᠭᠬᠦ ᠶᠢᠨ ᠬᠡᠷᠡᠭᠴᠡᠭᠡ ᠶᠢ ᠬᠠᠩᠭᠠᠬᠤ ᠶᠢ ᠵᠤᠷᠢᠬᠵᠢᠭᠤᠯᠤᠨ   ᠲᠡᠮᠵᠢᠨ᠎ᠡ᠃             ᠦᠪᠡᠷᠳᠡᠭᠡᠨ ᠵᠠᠰᠠᠬᠤ ᠤᠷᠤᠨ ᠠᠴᠠ ᠲᠠᠭᠠᠳᠬᠠᠯ ᠤᠨ ᠪᠠᠶᠢᠭᠤᠯᠤᠮᠵᠢ ᠶᠢᠨ ᠮᠠᠯᠵᠢᠬᠤ ᠲᠠᠷᠢᠶᠠᠯᠠᠬᠤ ᠤᠷᠤᠨ ᠤ   ᠶᠠᠳᠠᠭᠤ ᠬᠦᠴᠢᠷ ᠲᠠᠢ ᠭᠠᠵᠠᠷ ᠤᠷᠤᠨ ᠳᠤ ᠦᠨᠳᠦᠰᠦᠨ ᠱᠠᠳᠤᠨ ᠤ ᠦᠢᠯᠡᠴᠢᠯᠡᠭᠡᠨ ᠤ ᠲᠤᠤᠷ ᠴᠢᠭ᠋ ᠪᠠᠶᠢᠭᠤᠯᠵᠤ᠂   ᠶᠠᠳᠠᠭᠤ ᠶᠢ ᠲᠡᠳᠭᠦᠵᠤ ᠨᠡᠭᠡᠭᠡᠨ ᠬᠦᠭᠵᠢᠭᠦᠯᠬᠦ ᠲᠠᠢ ᠬᠠᠮᠢᠶ᠎ᠠ ᠲᠠᠢ ᠲᠠᠭᠠᠳᠬᠠᠯ ᠤᠨ ᠲᠤᠬᠠᠢᠢᠯᠠᠭᠰᠠᠨ ᠠᠵᠢᠯ ᠦᠷᠨᠢᠭᠦᠯᠬᠦ ᠶᠢ   ᠵᠤᠷᠢᠬᠵᠢᠭᠤᠯᠤᠨ ᠲᠡᠮᠵᠢᠨ᠎ᠡ᠃           ᠭᠤᠴᠢᠳᠤᠭᠠᠷ ᠵᠦᠢᠯ   ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ   ᠶᠠᠳᠠᠭᠤ ᠶᠢ ᠲᠡᠳᠭᠦᠵᠤ ᠨᠡᠭᠡᠭᠡᠨ ᠬᠦᠭᠵᠢᠭᠦᠯᠬᠦ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠨᠡᠶᠢᠭᠡᠮ ᠤᠨ   ᠬᠢᠨ ᠤ ᠶᠠᠳᠠᠭᠤ ᠶᠢ ᠲᠡᠳᠭᠦᠬᠦ ᠠᠵᠢᠯ ᠢ ᠨᠢᠭᠡᠳᠦᠯᠳᠠᠢ ᠲᠦᠯᠦᠪᠵᠢᠭᠦᠯᠦᠨ ᠲᠤᠬᠢᠷᠠᠭᠤᠯᠵᠤ᠂ ᠵᠤᠬᠢᠴᠠᠭᠤᠯᠤᠨ ᠲᠠᠶᠢᠴᠢᠯᠠᠬᠤ   ᠬᠡᠷᠡᠭᠳᠠᠢ᠃         ᠲᠦᠷᠦ ᠶᠢᠨ ᠪᠠᠶᠢᠭᠤᠯᠣᠯᠭ᠎ᠠ᠂ ᠠᠵᠢᠯ ᠦᠢᠯᠡᠰ ᠤᠨ ᠨᠢᠭᠡᠴᠡ᠂ ᠤᠯᠤᠰ ᠤᠨ ᠦᠮᠴᠢᠯᠡᠯ ᠤᠨ ᠠᠵᠤ ᠠᠬᠤᠢᠢᠯᠠᠯ᠂   ᠨᠡᠶᠢᠭᠡᠮ ᠤᠨ ᠪᠦᠯᠬᠦᠮ ᠶᠠᠳᠠᠭᠤ ᠬᠦᠴᠢᠷ ᠲᠠᠢ ᠭᠠᠴᠠᠭ᠎ᠠ ᠲᠤᠰᠬᠤᠨ᠂ ᠶᠠᠳᠠᠭᠤ ᠬᠦᠴᠢᠷ ᠲᠠᠢ ᠡᠷᠦᠬᠡ ᠶᠢ ᠲᠤᠭᠳᠠᠭᠰᠠᠨ   ᠴᠢᠭ᠋ ᠢᠶᠠᠷ ᠬᠠᠪᠰᠤᠷᠤᠨ ᠲᠡᠳᠭᠦᠬᠦ ᠶᠢ ᠬᠡᠷᠡᠭᠵᠢᠭᠦᠯᠦᠨ᠎ᠡ᠃           ᠦᠪᠡᠷᠳᠡᠭᠡᠨ ᠵᠠᠰᠠᠬᠤ ᠤᠷᠤᠨ ᠠᠴᠠ ᠢᠷᠭᠡᠨ ᠤ ᠵᠤᠬᠢᠶᠠᠨ ᠪᠠᠶᠢᠭᠤᠯᠤᠯᠳᠠ᠂ ᠠᠷᠠᠳ ᠠᠴᠠ ᠡᠷᠬᠢᠯᠡᠭᠰᠡᠨ ᠠᠵᠤ   ᠠᠬᠤᠢᠢᠯᠠᠯ ᠵᠢᠴᠢ ᠬᠤᠪᠢ ᠬᠦᠮᠦᠨ ᠤ ᠮᠠᠯᠵᠢᠬᠤ ᠲᠠᠷᠢᠶᠠᠯᠠᠬᠤ ᠤᠷᠤᠨ ᠤ ᠶᠠᠳᠠᠭᠤ ᠬᠦᠴᠢᠷ ᠲᠠᠢ ᠭᠠᠵᠠᠷ ᠤᠷᠤᠨ ᠳᠤ   ᠬᠦᠷᠴᠤ ᠪᠡᠯᠡ ᠤᠷᠤᠭᠤᠯᠤᠨ ᠦᠢᠯᠡᠰ ᠡᠷᠬᠢᠯᠡᠵᠤ᠂ ᠶᠠᠳᠠᠭᠤ ᠬᠦᠴᠢᠷ ᠲᠠᠢ ᠭᠠᠵᠠᠷ ᠤᠷᠤᠨ ᠢ ᠬᠠᠪᠰᠤᠷᠴᠤ ᠡᠬᠢ ᠪᠠᠶᠠᠯᠢᠬ ᠢ   ᠨᠡᠭᠡᠭᠡᠨ ᠬᠦᠭᠵᠢᠭᠦᠯᠬᠦ᠂ ᠤᠷᠤᠯᠭ᠎ᠠ ᠶᠢ ᠨᠡᠮᠡᠭᠳᠡᠭᠦᠯᠬᠦ ᠠᠵᠤ ᠦᠢᠯᠡᠰ ᠢ ᠪᠤᠶᠢᠵᠢᠭᠤᠯᠬᠤ ᠶᠢ ᠵᠤᠷᠢᠬᠵᠢᠭᠤᠯᠤᠨ ᠲᠡᠮᠵᠢᠨ᠎ᠡ︔   ᠰᠠᠶᠢᠨ ᠲᠤᠷ᠎ᠠ ᠠᠴᠠ ᠪᠠᠨ ᠤᠷᠤᠯᠴᠠᠭᠴᠢ ᠶᠢᠨ ᠮᠠᠯᠵᠢᠬᠤ ᠲᠠᠷᠢᠶᠠᠯᠠᠬᠤ ᠤᠷᠤᠨ ᠤ ᠨᠡᠭᠡᠭᠡᠨ ᠬᠦᠭᠵᠢᠭᠦᠯᠵᠦ ᠶᠠᠳᠠᠭᠤ ᠶᠢ   ᠲᠡᠳᠭᠦᠬᠦ ᠦᠢᠯᠡᠴᠢᠯᠡᠭᠡᠨ ᠤ ᠲᠤᠤᠷ ᠢ ᠵᠤᠬᠢᠶᠠᠨ ᠪᠠᠶᠢᠭᠤᠯᠵᠤ᠂ ᠶᠠᠳᠠᠭᠤ ᠶᠢ ᠲᠡᠳᠭᠦᠵᠤ ᠨᠡᠭᠡᠭᠡᠨ ᠬᠦᠭᠵᠢᠭᠦᠯᠬᠦ ᠠᠵᠢᠯ ᠳᠤ   ᠤᠷᠤᠯᠴᠠᠬᠤ ᠶᠢ ᠵᠢᠯᠤᠭᠤᠳᠤᠨ ᠲᠠᠮᠵᠢᠨ᠎ᠡ᠃         ᠦᠪᠡᠷᠳᠡᠭᠡᠨ ᠵᠠᠰᠠᠬᠤ ᠤᠷᠤᠨ ᠠᠴᠠ ᠶᠠᠳᠠᠭᠤ ᠶᠢ ᠲᠡᠳᠭᠦᠵᠤ ᠨᠡᠭᠡᠭᠡᠨ ᠬᠦᠭᠵᠢᠭᠦᠯᠬᠦ ᠳᠤ ᠠᠰᠢᠭ ᠲᠠᠢ ᠭᠠᠵᠠᠷ   ᠤᠷᠤᠨ ᠠᠯᠤᠰᠯᠠᠵᠤ ᠶᠠᠳᠠᠭᠤ ᠶᠢ ᠲᠡᠳᠭᠦᠬᠦ ᠶᠢ ᠵᠤᠷᠢᠬᠵᠢᠭᠤᠯᠤᠨ ᠲᠡᠮᠵᠢᠨ᠎ᠡ᠃       ᠭᠤᠴᠢᠨ ᠨᠢᠭᠡᠳᠦᠭᠡᠷ ᠵᠦᠢᠯ     ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ   ᠵᠢᠴᠢ ᠲᠡᠭᠦᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠮᠠᠯᠵᠢᠬᠤ ᠲᠠᠷᠢᠶᠠᠯᠠᠬᠤ ᠤᠷᠤᠨ ᠤ ᠶᠠᠳᠠᠭᠤ ᠶᠢ ᠲᠡᠳᠭᠦᠵᠤ   ᠨᠡᠭᠡᠭᠡᠨ ᠬᠦᠭᠵᠢᠭᠦᠯᠬᠦ ᠬᠦᠷᠢᠶ᠎ᠡ ᠬᠡᠪᠴᠢᠶᠡᠨ ᠳᠠᠬᠢ ᠤᠯᠠᠨ ᠤᠯᠤᠰ ᠤᠨ ᠬᠤᠭᠤᠷᠤᠨᠳᠤᠬᠢ ᠰᠤᠯᠢᠯᠴᠠᠭ᠎ᠠ ᠪᠠ   ᠬᠠᠮᠳᠤᠷᠠᠯᠴᠠᠭ᠎ᠠ ᠶᠢ ᠴᠢᠩᠭᠠᠳᠬᠠᠵᠤ᠂ ᠬᠢᠯᠢ ᠶᠢᠨ ᠭᠠᠳᠠᠨᠠᠬᠢ ᠲᠦᠷᠦᠯ ᠵᠦᠢᠯ᠂ ᠪᠡᠯᠡ ᠮᠦᠡᠭᠬᠦ᠂ ᠮᠡᠷᠭᠡᠵᠢᠯ ᠢ ᠣᠷᠣᠭᠤᠯᠣᠨ   ᠠᠪᠴᠢᠷᠠᠨ ᠠᠰᠢᠭᠯᠠᠵᠤ ᠲᠤᠰ ᠭᠠᠵᠠᠷ ᠤᠷᠤᠨ ᠤ ᠶᠠᠳᠠᠭᠤ ᠶᠢ ᠲᠡᠳᠭᠦᠵᠤ ᠨᠡᠭᠡᠭᠡᠨ ᠬᠦᠭᠵᠢᠭᠦᠯᠬᠦ ᠳᠤ ᠬᠠᠤᠯᠢ ᠶᠤᠰᠤᠭᠠᠷ   ᠤᠷᠤᠯᠴᠠᠭᠤᠯᠤᠨ᠎ᠠ᠃           ᠲᠦᠷᠪᠡᠳᠦᠭᠡᠷ ᠪᠦᠯᠦᠭ ᠲᠦᠷᠦᠯ ᠵᠦᠢᠯ ᠬᠢᠭᠡᠳ ᠪᠡᠯᠡ ᠮᠦᠡᠭᠬᠦ ᠶᠢᠨ ᠬᠠᠮᠢᠶᠠᠷᠤᠯᠳᠠ           ᠭᠤᠴᠢᠨ ᠬᠤᠶᠠᠳᠤᠭᠠᠷ ᠵᠦᠢᠯ   ᠤᠯᠤᠰ ᠪᠠ ᠦᠪᠡᠷᠳᠡᠭᠡᠨ ᠵᠠᠰᠠᠬᠤ ᠤᠷᠤᠨ ᠤ ᠮᠠᠯᠵᠢᠬᠤ ᠲᠠᠷᠢᠶᠠᠯᠠᠬᠤ ᠤᠷᠤᠨ ᠤ   ᠶᠠᠳᠠᠭᠤ ᠬᠦᠴᠢᠷ ᠲᠠᠢ ᠭᠠᠵᠠᠷ ᠤᠷᠤᠨ ᠳᠤ ᠲᠤᠬᠢᠷᠠᠭᠤᠯᠤᠭᠰᠠᠨ ᠨᠡᠶᠢᠳᠡ ᠶᠢᠨ ᠠᠰᠠᠷᠠᠮᠵᠢ ᠶᠢᠨ ᠴᠢᠨᠠᠷᠳᠠᠢ ᠪᠦᠳᠦᠭᠡᠨ   ᠪᠠᠶᠢᠭᠤᠯᠤᠯᠳᠠ ᠶᠢᠨ ᠲᠦᠷᠦᠯ ᠵᠦᠢᠯ ᠳᠤ ᠬᠤᠰᠢᠭᠤ ᠰᠢᠶᠠᠨ ᠤ ᠱᠠᠳᠤᠨ ᠠᠴᠠ ᠲᠤᠷᠤᠭᠰᠢᠬᠢ ᠵᠢᠴᠢ ᠤᠯᠤᠰ ᠠᠴᠠ   ᠲᠤᠭᠳᠠᠭᠠᠭᠰᠠᠨ ᠲᠦᠪᠯᠡᠷᠡᠭᠰᠡᠨ ᠪᠠ ᠵᠠᠯᠭᠠᠯᠳᠤᠭᠰᠠᠨ ᠤᠨᠴᠠ ᠬᠦᠴᠢᠷ ᠲᠠᠢ ᠭᠠᠵᠠᠷ ᠤᠷᠤᠨ ᠲᠡᠰᠢ ᠠᠶᠢᠮᠠᠭ ᠬᠤᠳᠠ ᠶᠢᠨ   ᠲᠦᠭᠦᠷᠵᠢᠭᠦᠯᠦᠭᠰᠡᠨ ᠪᠡᠯᠡ ᠮᠦᠡᠭᠬᠦ ᠶᠢ ᠬᠡᠯᠳᠦᠷᠢᠭᠦᠯᠦᠨ᠎ᠡ᠃         ᠭᠤᠴᠢᠨ ᠭᠤᠷᠪᠠᠳᠤᠭᠠᠷ ᠵᠦᠢᠯ   ᠤᠯᠤᠰ ᠪᠤᠶᠤ ᠦᠪᠡᠷᠳᠡᠭᠡᠨ ᠵᠠᠰᠠᠬᠤ ᠤᠷᠤᠨ ᠠᠴᠠ ᠲᠤᠭᠳᠠᠭᠠᠭᠰᠠᠨ ᠲᠦᠪᠯᠡᠷᠡᠭᠰᠡᠨ   ᠪᠠ ᠵᠠᠯᠭᠠᠯᠳᠤᠭᠰᠠᠨ ᠤᠨᠴᠠ ᠬᠦᠴᠢᠷ ᠲᠠᠢ ᠭᠠᠵᠠᠷ ᠤᠷᠤᠨ ᠪᠤᠯᠬᠤ ᠬᠤᠰᠢᠭᠤ ᠰᠢᠶᠠᠨ ᠤ ᠱᠠᠳᠤᠨ ᠤ ᠠᠷᠠᠳ ᠤᠨ   ᠵᠠᠰᠠᠭ ᠤᠨ ᠤᠷᠳᠤᠨ ᠪᠡᠯᠡ ᠮᠦᠡᠭᠬᠦ ᠶᠢᠨ ᠬᠡᠷᠡᠭᠯᠡᠭᠡ ᠶᠢᠨ ᠴᠢᠭᠯᠡᠯ ᠢ ᠬᠤᠪᠢᠷᠠᠭᠤᠯᠬᠤ ᠦᠭᠡᠢ ᠤᠷᠢᠳᠠᠯ ᠲᠤᠤᠷ᠎ᠠ ᠮᠠᠯᠵᠢᠬᠤ   ᠲᠠᠷᠢᠶᠠᠯᠠᠬᠤ ᠤᠷᠤᠨ ᠳᠤ ᠬᠡᠷᠡᠭᠯᠡᠬᠦ ᠡᠯ᠎ᠡ ᠲᠦᠷᠦᠯ ᠵᠦᠢᠯ ᠪᠠ ᠪᠡᠯᠡ ᠮᠦᠡᠭᠬᠦ ᠶᠢ ᠨᠢᠭᠡᠳᠦᠯᠳᠠᠢ ᠲᠦᠯᠦᠪᠵᠢᠭᠦᠯᠦᠨ ᠂   ᠲᠦᠪᠯᠡᠷᠡᠭᠦᠯᠦᠨ ᠬᠡᠷᠡᠭᠯᠡᠵᠤ ᠪᠤᠯᠤᠨ᠎ᠠ᠃               ᠭᠤᠴᠢᠨ ᠲᠦᠷᠪᠡᠳᠦᠭᠡᠷ ᠵᠦᠢᠯ   ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ   ᠤᠷᠳᠤᠨ ᠤ ᠶᠠᠳᠠᠭᠤ ᠶᠢ ᠲᠡᠳᠭᠦᠵᠤ ᠨᠡᠭᠡᠭᠡᠨ ᠬᠦᠭᠵᠢᠭᠦᠯᠬᠦ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ   ᠮᠠᠯᠵᠢᠬᠤ ᠲᠠᠷᠢᠶᠠᠯᠠᠬᠤ ᠤᠷᠤᠨ ᠤ ᠶᠠᠳᠠᠭᠤ ᠶᠢ ᠲᠡᠳᠭᠦᠵᠤ ᠨᠡᠭᠡᠭᠡᠨ ᠬᠦᠭᠵᠢᠭᠦᠯᠬᠦ ᠲᠦᠷᠦᠯ ᠵᠦᠢᠯ ᠤᠨ ᠬᠦᠮᠦᠷᠭᠡ   ᠪᠠᠶᠢᠭᠤᠯᠵᠤ᠂ ᠶᠠᠳᠠᠭᠤ ᠶᠢ ᠲᠡᠳᠭᠦᠵᠤ ᠨᠡᠭᠡᠭᠡᠨ ᠬᠦᠭᠵᠢᠭᠦᠯᠬᠦ ᠲᠦᠷᠦᠯ ᠵᠦᠢᠯ ᠢ ᠬᠡᠷᠡᠭᠵᠢᠭᠦᠯᠬᠦ ᠤᠨ ᠤ ᠲᠦᠯᠦᠪᠯᠡᠭᠡ   ᠨᠠᠶᠢᠷᠠᠭᠤᠯᠤᠨ ᠵᠤᠬᠢᠶᠠᠬᠤ ᠬᠡᠷᠡᠭᠳᠠᠢ᠃ ᠲᠦᠷᠦᠯ ᠵᠦᠢᠯ ᠢ ᠬᠡᠷᠡᠭᠵᠢᠭᠦᠯᠬᠦ ᠤᠨ ᠤ ᠲᠦᠯᠦᠪᠯᠡᠭᠡ ᠶᠢ ᠵᠦᠪᠰᠢᠶᠡᠷᠡᠭᠦᠯᠦᠭᠰᠡᠨ ᠤ   ᠲᠠᠷᠠᠭ᠎ᠠ ᠲᠤᠷ᠎ᠠ ᠪᠠᠷ ᠬᠤᠪᠢᠷᠠᠭᠤᠯᠵᠤ ᠪᠤᠯᠬᠤ ᠦᠭᠡᠢ︔ ᠦᠨᠡᠬᠡᠷ ᠬᠤᠪᠢᠷᠠᠭᠤᠯᠬᠤ ᠴᠢᠬᠤᠯᠠ ᠲᠠᠢ ᠪᠤᠯ ᠤᠤᠯ ᠤᠨ   ᠵᠦᠪᠰᠢᠶᠡᠷᠡᠭᠦᠯᠦᠭᠰᠡᠨ ᠰᠠᠯᠠᠭ᠎ᠠ ᠮᠦᠴᠢᠷ ᠲᠡᠭᠡᠨ ᠮᠡᠳᠡᠭᠦᠯᠦᠨ ᠵᠦᠪᠰᠢᠶᠡᠷᠡᠭᠦᠯᠬᠦ ᠬᠡᠷᠡᠭᠳᠠᠢ᠃           ᠭᠤᠴᠢᠨ ᠲᠠᠪᠤᠳᠤᠭᠠᠷ ᠵᠦᠢᠯ   ᠮᠠᠯᠵᠢᠬᠤ ᠲᠠᠷᠢᠶᠠᠯᠠᠬᠤ ᠤᠷᠤᠨ ᠤ ᠶᠠᠳᠠᠭᠤ ᠶᠢ ᠲᠡᠳᠭᠦᠵᠤ ᠨᠡᠭᠡᠭᠡᠨ ᠬᠦᠭᠵᠢᠭᠦᠯᠬᠦ   ᠲᠦᠷᠦᠯ ᠵᠦᠢᠯ ᠳᠤ ᠱᠠᠳᠤ ᠲᠦᠷᠦᠯ ᠬᠤᠪᠢᠶᠠᠵᠤ ᠬᠢᠨᠠᠨ ᠵᠦᠪᠰᠢᠶᠡᠷᠡᠬᠦ ᠶᠢ ᠬᠡᠷᠡᠭᠵᠢᠭᠦᠯᠦᠨ᠎ᠡ᠃           ᠲᠡᠳᠭᠦᠵᠤ ᠨᠡᠭᠡᠭᠡᠨ ᠬᠦᠭᠵᠢᠭᠦᠯᠬᠦ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤᠰ ᠲᠤᠰ ᠤᠨ   ᠬᠢᠨᠠᠨ ᠵᠦᠪᠰᠢᠶᠡᠷᠡᠬᠦ ᠡᠷᠬᠡ ᠶᠢᠨ ᠬᠢᠵᠠᠭᠠᠷ ᠶᠤᠰᠤᠭᠠᠷ ᠶᠠᠳᠠᠭᠤ ᠶᠢ ᠲᠡᠳᠭᠦᠵᠤ ᠨᠡᠭᠡᠭᠡᠨ ᠬᠦᠭᠵᠢᠭᠦᠯᠬᠦ ᠲᠦᠷᠦᠯ ᠵᠦᠢᠯ ᠢ   ᠲᠦᠷᠦᠯ ᠬᠤᠪᠢᠶᠠᠨ ᠬᠢᠨᠠᠨ ᠵᠦᠪᠰᠢᠶᠡᠷᠡᠬᠦ ᠬᠡᠷᠡᠭᠳᠠᠢ᠃           ᠭᠤᠴᠢᠨ ᠵᠢᠷᠭᠤᠳᠤᠭᠠᠷ ᠵᠦᠢᠯ   ᠮᠠᠯᠵᠢᠬᠤ ᠲᠠᠷᠢᠶᠠᠯᠠᠬᠤ ᠤᠷᠤᠨ ᠤ ᠶᠠᠳᠠᠭᠤ ᠶᠢ ᠲᠡᠳᠭᠦᠵᠤ ᠨᠡᠭᠡᠭᠡᠨ ᠬᠦᠭᠵᠢᠭᠦᠯᠬᠦ   ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠳᠤ ᠤᠷᠴᠢᠨ ᠲᠤᠭᠤᠷᠢᠨ ᠤ ᠨᠦᠯᠦᠭᠡᠯᠡᠯ ᠢ ᠬᠠᠤᠯᠢ ᠶᠤᠰᠤᠭᠠᠷ ᠦᠨᠡᠯᠡᠵᠤ᠂   ᠲᠦᠷᠦᠯ ᠵᠦᠢᠯ ᠤᠨ ᠬᠠᠷᠢᠭᠤᠴᠠᠯᠭ᠎ᠠ ᠶᠢᠨ ᠲᠦᠷᠢᠮ᠂ ᠲᠦᠷᠦᠯ ᠵᠦᠢᠯ ᠤᠨ ᠲᠠᠩᠰᠠ ᠡᠪᠬᠡᠮᠡᠯ ᠢ ᠲᠠᠩᠰᠠᠯᠠᠭᠤᠯᠬᠤ ᠲᠦᠷᠢᠮ᠂   ᠠᠯᠪᠠᠨ ᠵᠠᠷ ᠵᠠᠷᠯᠠᠬᠤ ᠲᠦᠷᠢᠮ ᠵᠡᠷᠭᠡ ᠶᠢ ᠬᠡᠷᠡᠭᠵᠢᠭᠦᠯᠬᠦ ᠬᠡᠷᠡᠭᠳᠠᠢ᠃         ᠶᠠᠳᠠᠭᠤ ᠶᠢ ᠲᠡᠳᠭᠦᠵᠤ ᠨᠡᠭᠡᠭᠡᠨ ᠬᠦᠭᠵᠢᠭᠦᠯᠬᠦ ᠲᠦᠷᠦᠯ ᠵᠦᠢᠯ ᠨᠢ ᠵᠠᠰᠠᠭ ᠤᠨ ᠤᠷᠳᠤᠨ ᠤ ᠬᠤᠳᠠᠯᠳᠤᠨ ᠠᠪᠬᠤ   ᠪᠠ ᠲᠠᠭᠠᠭᠠᠴᠢᠯᠠᠯᠳᠠ ᠵᠠᠷᠯᠠᠬᠤ ᠪᠠ ᠳᠠᠭᠠᠭᠠᠴᠢᠯᠠᠯᠳᠠ ᠬᠦᠯᠢᠶᠡᠬᠦ ᠱᠠᠭᠠᠷᠳᠠᠯᠭ᠎ᠠ ᠳᠤ ᠨᠡᠶᠢᠴᠡᠪᠡᠯ ᠬᠠᠤᠯᠢ ᠶᠤᠰᠤᠭᠠᠷ   ᠵᠠᠰᠠᠭ ᠤᠨ ᠤᠷᠳᠤᠨ ᠤ ᠬᠤᠳᠠᠯᠳᠤᠨ ᠠᠪᠬᠤ ᠪᠠ ᠲᠠᠭᠠᠭᠠᠴᠢᠯᠠᠯᠳᠠ ᠵᠠᠷᠯᠠᠬᠤ ᠪᠠ ᠳᠠᠭᠠᠭᠠᠴᠢᠯᠠᠯᠳᠠ ᠬᠦᠯᠢᠶᠡᠬᠦ ᠶᠢ   ᠬᠡᠷᠡᠭᠵᠢᠭᠦᠯᠬᠦ ᠬᠡᠷᠡᠭᠳᠠᠢ᠃           ᠭᠤᠴᠢᠨ ᠲᠤᠯᠤᠳᠤᠭᠠᠷ ᠵᠦᠢᠯ   ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢᠨ ᠨᠢᠭᠡᠴᠡ ᠮᠠᠯᠵᠢᠬᠤ ᠲᠠᠷᠢᠶᠠᠯᠠᠬᠤ   ᠤᠷᠤᠨ ᠤ ᠶᠠᠳᠠᠭᠤ ᠶᠢ ᠲᠡᠳᠭᠦᠵᠤ ᠨᠡᠭᠡᠭᠡᠨ ᠬᠦᠭᠵᠢᠭᠦᠯᠬᠦ ᠲᠦᠷᠦᠯ ᠵᠦᠢᠯ ᠢ ᠵᠤᠬᠢᠶᠠᠨ ᠪᠠᠶᠢᠭᠤᠯᠤᠨ ᠬᠡᠷᠡᠭᠵᠢᠭᠦᠯᠬᠦ ᠶᠢ   ᠬᠠᠷᠢᠭᠤᠴᠠᠵᠤ᠂ ᠲᠦᠷᠦᠯ ᠵᠦᠢᠯ ᠢ ᠬᠡᠷᠡᠭᠵᠢᠭᠦᠯᠬᠦ ᠲᠦᠰᠦᠯ ᠨᠠᠶᠢᠷᠠᠭᠤᠯᠤᠨ ᠵᠤᠬᠢᠶᠠᠵᠤ᠂ ᠲᠦᠷᠦᠯ ᠵᠦᠢᠯ ᠤᠨ ᠲᠠᠩᠰᠠ   ᠡᠪᠬᠡᠮᠡᠯ ᠪᠠᠶᠢᠭᠤᠯᠵᠤ᠂ ᠲᠦᠷᠦᠯ ᠵᠦᠢᠯ ᠤᠨ ᠬᠠᠮᠢᠶᠠᠷᠤᠯᠳᠠ ᠶᠢᠨ ᠭᠤᠤᠯ ᠴᠤᠭᠴᠠ ᠶᠢ ᠲᠤᠭᠳᠠᠭᠠᠵᠤ᠂ ᠬᠠᠮᠢᠶᠠᠷᠤᠯᠳᠠ ᠶᠢᠨ   ᠬᠠᠷᠢᠭᠤᠴᠠᠯᠭ᠎ᠠ ᠶᠢ ᠲᠤᠳᠤᠷᠬᠠᠢᠢᠯᠠᠬᠤ ᠬᠡᠷᠡᠭᠳᠠᠢ᠃         ᠶᠠᠮᠠᠷᠪᠠ ᠨᠢᠭᠡᠴᠡ ᠪᠠ ᠬᠤᠪᠢ ᠬᠦᠮᠦᠨ ᠭᠡᠳ ᠶᠠᠳᠠᠭᠤ ᠶᠢ ᠲᠡᠳᠭᠦᠵᠤ ᠨᠡᠭᠡᠭᠡᠨ ᠬᠦᠭᠵᠢᠭᠦᠯᠬᠦ ᠲᠦᠷᠦᠯ ᠵᠦᠢᠯ ᠤᠨ   ᠳᠣᠨᠤᠭ ᠲᠦᠬᠦᠭᠡᠷᠦᠮᠵᠢ᠂ ᠰᠠᠭᠤᠷᠢ ᠲᠦᠭᠦᠭᠡᠷᠤᠮᠵᠢ ᠪᠠ ᠡᠳ᠋ ᠬᠦᠷᠦᠩᠭᠡ ᠶᠢ ᠲᠤᠷ᠎ᠠ ᠪᠠᠷ ᠢᠶᠠᠨ ᠡᠵᠡᠯᠡᠵᠤ᠂ ᠬᠤᠪᠢᠷᠠᠭᠠᠨ   ᠬᠤᠳᠠᠯᠳᠤᠬᠤ ᠪᠤᠶᠤ ᠰᠦᠢᠳᠭᠡᠨ ᠡᠪᠳᠡᠯᠡᠵᠤ ᠪᠤᠯᠬᠤ ᠦᠭᠡᠢ᠃           ᠭᠤᠴᠢᠨ ᠨᠠᠢᠮᠠᠳᠤᠭᠠᠷ ᠵᠦᠢᠯ   ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ   ᠶᠠᠳᠠᠭᠤ ᠶᠢ ᠲᠡᠳᠭᠦᠵᠤ ᠨᠡᠭᠡᠭᠡᠨ ᠬᠦᠭᠵᠢᠭᠦᠯᠬᠦ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠬᠢᠨᠠᠨ   ᠬᠠᠮᠢᠶᠠᠷᠬᠤ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠤᠰᠤᠭᠠᠷ ᠭᠦᠢᠴᠡᠳᠭᠡᠵᠤ᠂ ᠬᠤᠯᠪᠤᠭᠳᠠᠯ ᠪᠦᠬᠦᠢ ᠰᠠᠯᠠᠭ᠎ᠠ ᠮᠦᠴᠢᠷ   ᠲᠠᠢ ᠬᠠᠮᠳᠤ ᠪᠠᠷ ᠨᠢᠭᠡᠨᠳᠡ ᠪᠦᠳᠦᠭᠡᠨ ᠪᠠᠶᠢᠭᠤᠯᠵᠤ ᠲᠠᠭᠤᠰᠤᠭᠰᠠᠨ ᠮᠠᠯᠵᠢᠬᠤ ᠲᠠᠷᠢᠶᠠᠯᠠᠬᠤ ᠤᠷᠤᠨ ᠤ ᠶᠠᠳᠠᠭᠤ ᠶᠢ   ᠲᠡᠳᠭᠦᠵᠤ ᠨᠡᠭᠡᠭᠡᠨ ᠬᠦᠭᠵᠢᠭᠦᠯᠬᠦ ᠲᠦᠷᠦᠯ ᠵᠦᠢᠯ ᠢ ᠰᠢᠯᠭᠠᠨ ᠬᠤᠷᠢᠶᠠᠬᠤ ᠠᠵᠢᠯ ᠢ ᠵᠤᠬᠢᠶᠠᠨ ᠪᠠᠶᠢᠭᠤᠯᠬᠤ ᠬᠡᠷᠡᠭᠳᠠᠢ᠃           ᠭᠤᠴᠢ ᠶᠢᠰᠦᠳᠦᠭᠡᠷ ᠵᠦᠢᠯ     ᠮᠠᠯᠵᠢᠬᠤ ᠲᠠᠷᠢᠶᠠᠯᠠᠬᠤ ᠤᠷᠤᠨ ᠤ ᠶᠠᠳᠠᠭᠤ ᠶᠢ ᠲᠡᠳᠭᠦᠵᠤ ᠨᠡᠭᠡᠭᠡᠨ ᠬᠦᠭᠵᠢᠭᠦᠯᠬᠦ ᠪᠡᠯᠡ   ᠮᠦᠡᠭᠬᠦ ᠳᠤ ᠭᠤᠤᠯᠳᠠᠭᠤ ᠡᠳ᠋ ᠤᠨ ᠵᠠᠰᠠᠭ ᠤᠨ ᠶᠠᠳᠠᠭᠤ ᠶᠢ ᠲᠡᠳᠭᠦᠬᠦ ᠲᠤᠰᠬᠠᠢ ᠲᠦᠷᠦᠯ ᠤᠨ ᠪᠡᠯᠡ ᠮᠦᠡᠭᠬᠦ᠂ ᠶᠠᠳᠠᠭᠤ ᠶᠢ   ᠲᠡᠳᠭᠦᠬᠦ ᠲᠡᠮ ᠬᠦᠤ ᠲᠠᠢ ᠵᠢᠭᠡᠯᠡᠯᠭᠡ ᠵᠢᠴᠢ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠴᠤᠭᠯᠠᠭᠤᠯᠤᠭᠰᠠᠨ᠂ ᠨᠡᠶᠢᠭᠡᠮ   ᠠᠴᠠ ᠬᠠᠨᠳᠢᠪᠯᠠᠭᠰᠠᠨ ᠵᠣᠭᠤᠰ ᠵᠡᠷᠭᠡ ᠶᠢ ᠪᠠᠭᠳᠠᠨ᠎ᠠ᠃               ᠡᠳ᠋ ᠤᠨ ᠵᠠᠰᠠᠭ ᠤᠨ ᠶᠠᠳᠠᠭᠤ ᠶᠢ ᠲᠡᠳᠭᠦᠬᠦ ᠲᠤᠰᠬᠠᠢ ᠲᠦᠷᠦᠯ ᠤᠨ ᠪᠡᠯᠡ ᠮᠦᠡᠭᠬᠦ ᠪᠠ ᠬᠤᠯᠪᠤᠭᠳᠠᠯ ᠪᠦᠬᠦᠢ   ᠰᠠᠯᠠᠭ᠎ᠠ ᠮᠦᠴᠢᠷ ᠤᠨ ᠴᠤᠭᠯᠠᠭᠤᠯᠤᠭᠰᠠᠨ ᠪᠡᠯᠡ ᠮᠦᠡᠭᠬᠦ ᠶᠢ ᠭᠤᠤᠯᠳᠠᠭᠤ ᠮᠠᠯᠵᠢᠬᠤ ᠲᠠᠷᠢᠶᠠᠯᠠᠬᠤ ᠤᠷᠤᠨ ᠤ ᠶᠠᠳᠠᠭᠤ   ᠬᠦᠴᠢᠷ ᠲᠠᠢ ᠭᠠᠵᠠᠷ ᠤᠷᠤᠨ ᠤ ᠦᠨᠳᠦᠰᠦᠨ ᠦᠢᠯᠡᠳᠪᠦᠷᠢᠯᠡᠯ ᠠᠮᠢᠳᠤᠷᠠᠯ ᠤᠨ ᠨᠦᠭᠦᠴᠡᠯ ᠢ ᠰᠠᠶᠢᠵᠢᠷᠠᠭᠤᠯᠬᠤ᠂   ᠤᠨᠴᠠᠯᠢᠬᠳᠤ ᠲᠠᠪᠠᠭᠤᠯᠢᠬ ᠠᠵᠤ ᠦᠢᠯᠡᠰ ᠢ ᠪᠤᠶᠢᠵᠢᠭᠤᠯᠣᠨ ᠬᠦᠴᠦᠷᠭᠡᠭᠵᠢᠭᠦᠯᠬᠦ᠂ ᠮᠠᠯᠵᠢᠬᠤ ᠲᠠᠷᠢᠶᠠᠯᠠᠬᠤ ᠤᠷᠤᠨ ᠤ   ᠶᠠᠳᠠᠭᠤ ᠬᠦᠴᠢᠷ ᠲᠠᠢ ᠭᠠᠵᠠᠷ ᠤᠷᠤᠨ ᠤ ᠬᠦᠳᠡᠯᠮᠤᠷᠢ ᠬᠦᠴᠦ ᠶᠢᠨ ᠮᠡᠷᠭᠡᠵᠢᠯ ᠴᠢᠳᠠᠪᠦᠷᠢ ᠶᠢᠨ ᠪᠤᠯᠪᠠᠰᠤᠷᠠᠯ ᠦᠷᠨᠢᠭᠦᠯᠬᠦ᠂   ᠶᠠᠳᠠᠭᠤ ᠶᠢ ᠲᠡᠳᠭᠦᠬᠦ ᠡᠳᠡᠭᠡᠳ ᠤᠨ ᠬᠦᠭᠵᠢᠯᠳᠡ ᠶᠢᠨ ᠴᠢᠳᠠᠪᠦᠷᠢ ᠶᠢ ᠲᠡᠭᠡᠭᠰᠢᠯᠡᠭᠦᠯᠬᠦ ᠳᠤ ᠬᠡᠷᠡᠭᠯᠡᠨ᠎ᠡ᠃         ᠶᠠᠳᠠᠭᠤ ᠶᠢ ᠲᠡᠳᠭᠦᠬᠦ ᠬᠦᠤ ᠲᠠᠢ ᠵᠢᠭᠡᠯᠡᠯᠭᠡ ᠶᠢ ᠭᠤᠤᠯᠳᠠᠭᠤ ᠶᠠᠳᠠᠭᠤ ᠶᠢ ᠲᠡᠳᠭᠦᠬᠦ ᠡᠳᠡᠭᠡᠳ ᠤᠨ ᠤᠷᠤᠯᠭ᠎ᠠ ᠶᠢ   ᠨᠡᠮᠡᠭᠳᠡᠭᠦᠯᠬᠦ ᠶᠢ ᠲᠠᠶᠢᠴᠢᠯᠠᠵᠤ ᠲᠡᠶᠢᠯᠬᠦ ᠲᠠᠷᠢᠮᠠᠯ ᠲᠡᠵᠢᠭᠡᠪᠦᠷᠢ ᠶᠢᠨ ᠦᠢᠯᠡᠰ᠂ ᠶᠠᠳᠠᠭᠤ ᠶᠢ ᠲᠡᠳᠭᠦᠬᠦ ᠳᠠᠭᠠᠭᠤᠯᠣᠭᠴᠢ ᠠᠵᠤ   ᠦᠢᠯᠡᠰ᠂ ᠮᠠᠯᠴᠢᠨ ᠲᠠᠷᠢᠶᠠᠴᠢᠨ ᠤ ᠶᠠᠳᠠᠭᠤ ᠶᠢ ᠲᠡᠳᠭᠦᠬᠦ ᠬᠠᠷᠢᠯᠴᠠᠨ ᠬᠠᠪᠰᠤᠷᠤᠯᠴᠠᠬᠤ ᠬᠤᠷᠰᠢᠶ᠎ᠠ ᠪᠠ ᠲᠤᠰᠬᠠᠢᠢᠵᠢᠬᠰᠠᠨ   ᠬᠠᠮᠳᠤᠷᠠᠯᠴᠠᠭᠠᠨ ᠤ ᠵᠤᠬᠢᠶᠠᠨ ᠪᠠᠶᠢᠭᠤᠯᠤᠯᠳᠠ ᠵᠡᠷᠭᠡ ᠳᠤ ᠬᠡᠷᠡᠭᠯᠡᠨ᠎ᠡ᠃       ᠨᠡᠶᠢᠭᠡᠮ ᠠᠴᠠ ᠬᠠᠨᠳᠢᠪᠯᠠᠭᠰᠠᠨ ᠵᠣᠭᠤᠰ ᠢ ᠶᠠᠳᠠᠭᠤ ᠶᠢ ᠲᠡᠳᠭᠦᠬᠦ ᠪᠡᠯᠡ ᠮᠦᠡᠭᠬᠦ ᠶᠢ ᠬᠠᠨᠳᠢᠪᠯᠠᠭᠴᠢ ᠶᠢᠨ ᠬᠦᠰᠡᠯ ᠢ   ᠦᠨᠳᠦᠰᠦᠯᠡᠨ ᠬᠡᠷᠡᠭᠯᠡᠨ᠎ᠡ᠃ ᠠᠵᠤ ᠠᠬᠤᠢᠢᠯᠠᠯ ᠪᠠ ᠬᠤᠪᠢ ᠬᠦᠮᠦᠨ ᠶᠠᠳᠠᠭᠤ ᠶᠢ ᠲᠡᠳᠭᠦᠵᠤ ᠨᠡᠭᠡᠭᠡᠨ ᠬᠦᠭᠵᠢᠭᠦᠯᠬᠦ ᠳᠤ   ᠤᠷᠤᠯᠴᠠᠪᠠᠯ ᠭᠠᠶᠢᠯᠢ ᠶᠢᠨ ᠬᠠᠷᠠᠭᠠᠯᠵᠠᠯ ᠢ ᠬᠠᠤᠯᠢ ᠶᠤᠰᠤᠭᠠᠷ ᠬᠦᠷᠳᠡᠨ᠎ᠡ᠃         ᠮᠠᠯᠵᠢᠬᠤ ᠲᠠᠷᠢᠶᠠᠯᠠᠬᠤ ᠤᠷᠤᠨ ᠤ ᠡᠯ᠎ᠡ ᠲᠦᠷᠦᠯ ᠤᠨ ᠶᠠᠳᠠᠭᠤ ᠶᠢ ᠲᠡᠳᠭᠦᠵᠤ ᠨᠡᠭᠡᠭᠡᠨ ᠬᠦᠭᠵᠢᠭᠦᠯᠬᠦ ᠪᠡᠯᠡ   ᠮᠦᠡᠭᠬᠦ ᠶᠢ ᠶᠠᠳᠠᠭᠤ ᠶᠢ ᠲᠡᠳᠭᠦᠵᠤ ᠨᠡᠭᠡᠭᠡᠨ ᠬᠦᠭᠵᠢᠭᠦᠯᠬᠦ ᠯᠦᠭᠡ ᠬᠠᠮᠢᠶ᠎ᠠ ᠦᠭᠡᠢ ᠲᠦᠷᠦᠯ ᠵᠦᠢᠯ ᠳᠤ ᠬᠡᠷᠡᠭᠯᠡᠵᠤ ᠪᠤᠯᠬᠤ   ᠦᠭᠡᠢ᠃           ᠲᠦᠴᠢᠳᠦᠭᠡᠷ ᠵᠦᠢᠯ     ᠡᠳ᠋ ᠤᠨ ᠵᠠᠰᠠᠭ ᠤᠨ ᠶᠠᠳᠠᠭᠤ ᠶᠢ ᠲᠡᠳᠭᠦᠬᠦ ᠲᠤᠰᠬᠠᠢ ᠲᠦᠷᠦᠯ ᠤᠨ ᠪᠡᠯᠡ ᠮᠦᠡᠭᠬᠦ ᠶᠢ   ᠶᠠᠳᠠᠭᠤ ᠶᠢ ᠲᠡᠳᠭᠦᠬᠦ ᠡᠳᠡᠭᠡᠳ ᠤᠨ ᠬᠡᠪᠴᠢᠶ᠎ᠡ ᠵᠢᠴᠢ ᠬᠠᠷᠢᠴᠠᠯ᠂ ᠮᠠᠯᠴᠢᠨ ᠲᠠᠷᠢᠶᠠᠴᠢᠨ ᠤ ᠵᠢᠯ ᠤᠨ ᠬᠦᠮᠦᠨ   ᠲᠤᠮᠳᠠᠴᠢ ᠶᠢᠨ ᠴᠡᠪᠡᠷ ᠤᠷᠤᠯᠭ᠎ᠠ᠂ ᠤᠷᠤᠨ ᠨᠤᠳᠤᠭ ᠤᠨ ᠬᠦᠮᠦᠨ ᠲᠤᠮᠳᠠᠴᠢ ᠶᠢᠨ ᠡᠳ᠋ ᠤᠨ ᠬᠦᠴᠦᠨ᠂ ᠶᠠᠳᠠᠭᠤ   ᠬᠦᠴᠢᠷᠳᠡᠯ ᠤᠨ ᠬᠡᠮᠵᠢᠶ᠎ᠡ ᠪᠠ ᠡᠳ᠋ ᠤᠨ ᠵᠠᠰᠠᠭ ᠤᠨ ᠶᠠᠳᠠᠭᠤ ᠶᠢ ᠲᠡᠳᠭᠦᠬᠦ ᠲᠤᠰᠬᠠᠢ ᠲᠦᠷᠦᠯ ᠤᠨ ᠪᠡᠯᠡ ᠮᠦᠡᠭᠬᠦ ᠶᠢ   ᠬᠡᠷᠡᠭᠯᠡᠵᠤ ᠬᠠᠮᠢᠶᠠᠷᠤᠭᠰᠠᠨ ᠦᠷ᠎ᠡ ᠪᠦᠳᠦᠮᠵᠢ ᠶᠢ ᠦᠨᠡᠯᠡᠭᠰᠡᠨ ᠪᠠᠶᠢᠳᠠᠯ ᠵᠡᠷᠭᠡ ᠬᠦᠴᠦᠨ ᠵᠦᠢᠯ ᠢ ᠦᠨᠳᠦᠰᠦᠯᠡᠵᠤ   ᠬᠤᠪᠢᠶᠠᠷᠢᠯᠠᠨ᠎ᠠ᠃           ᠡᠳ᠋ ᠤᠨ ᠵᠠᠰᠠᠭ ᠤᠨ ᠶᠠᠳᠠᠭᠤ ᠶᠢ ᠲᠡᠳᠭᠦᠬᠦ ᠲᠤᠰᠬᠠᠢ ᠲᠦᠷᠦᠯ ᠤᠨ ᠪᠡᠯᠡ ᠮᠦᠡᠭᠬᠦ ᠶᠢ ᠤᠯᠤᠰ ᠤᠨ ᠬᠦᠮᠦᠷᠭᠡ  ᠠᠴᠠ   ᠦᠭᠬᠦ ᠪᠠ ᠵᠠᠰᠠᠭ ᠤᠨ ᠤᠷᠳᠤᠨ ᠤ ᠬᠤᠳᠠᠯᠳᠤᠨ ᠠᠪᠬᠤ ᠲᠦᠷᠢᠮ ᠤᠨ ᠲᠤᠭᠳᠠᠭᠠᠯ ᠶᠤᠰᠤᠭᠠᠷ ᠦᠭᠭᠦᠨ᠎ᠡ᠃             ᠲᠦᠴᠢᠨ ᠨᠢᠭᠡᠳᠦᠭᠡᠷ ᠵᠦᠢᠯ   ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ   ᠡᠳ᠋ ᠤᠨ ᠵᠠᠰᠠᠭ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠡᠳ᠋ ᠤᠨ ᠵᠠᠰᠠᠭ ᠤᠨ ᠶᠠᠳᠠᠭᠤ ᠶᠢ   ᠲᠡᠳᠭᠦᠬᠦ ᠲᠤᠰᠬᠠᠢ ᠲᠦᠷᠦᠯ ᠤᠨ ᠪᠡᠯᠡ ᠮᠦᠡᠭᠬᠦ ᠶᠢᠨ ᠲᠤᠰᠬᠠᠢ ᠳᠠᠩᠰᠠ ᠪᠠᠶᠢᠭᠤᠯᠵᠤ᠂ ᠮᠠᠯᠵᠢᠬᠤ ᠲᠠᠷᠢᠶᠠᠯᠠᠬᠤ ᠤᠷᠤᠨ ᠤ   ᠶᠠᠳᠠᠭᠤ ᠶᠢ ᠲᠡᠳᠭᠦᠵᠤ ᠨᠡᠭᠡᠭᠡᠨ ᠬᠦᠭᠵᠢᠭᠦᠯᠬᠦ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢᠨ ᠨᠢᠬᠡᠴᠡ ᠡᠳ᠋ ᠤᠨ   ᠵᠠᠰᠠᠭ ᠤᠨ ᠶᠠᠳᠠᠭᠤ ᠶᠢ ᠲᠡᠳᠭᠦᠬᠦ ᠪᠡᠯᠡ ᠮᠦᠡᠭᠬᠦ ᠶᠢᠨ ᠲᠤᠰᠬᠠᠢ ᠲᠠᠩᠰᠠ ᠪᠠᠶᠢᠭᠤᠯᠬᠤ ᠬᠡᠷᠡᠭᠳᠠᠢ᠃ ᠡᠳ᠋ ᠤᠨ ᠵᠠᠰᠠᠭ ᠤᠨ   ᠶᠠᠳᠠᠭᠤ ᠶᠢ ᠲᠡᠳᠭᠦᠬᠦ ᠲᠤᠰᠬᠠᠢ ᠲᠦᠷᠦᠯ ᠤᠨ ᠪᠡᠯᠡ ᠮᠦᠡᠭᠬᠦ ᠳᠤ ᠬᠤᠰᠢᠭᠤ ᠰᠢᠶᠠᠨ ᠤ ᠱᠠᠳᠤᠨ ᠤ ᠡᠳ᠋ ᠤᠨ ᠵᠠᠰᠠᠭ ᠲᠤ   ᠲᠠᠩᠰᠠ ᠲᠠᠶᠢᠯᠬᠤ ᠲᠦᠷᠢᠮ ᠤᠨ ᠬᠠᠮᠢᠶᠠᠷᠤᠯᠳᠠ ᠶᠢ ᠬᠡᠷᠡᠭᠵᠢᠭᠦᠯᠦᠨ᠎ᠡ᠃           ᠡᠳ᠋ ᠤᠨ ᠵᠠᠰᠠᠭ ᠤᠨ ᠶᠠᠳᠠᠭᠤ ᠶᠢ ᠲᠡᠳᠭᠦᠬᠦ ᠲᠤᠰᠬᠠᠢ ᠲᠦᠷᠦᠯ ᠤᠨ ᠪᠡᠯᠡ ᠮᠦᠡᠭᠬᠦ ᠶᠢᠨ ᠲᠤᠰᠬᠠᠢ ᠵᠤᠭᠤᠰ ᠢ   ᠲᠤᠰᠬᠠᠢᠢᠯᠠᠨ ᠬᠡᠷᠡᠭᠯᠡᠬᠦ ᠬᠡᠷᠡᠭᠳᠠᠢ᠂ ᠶᠠᠮᠠᠷᠪᠠ ᠨᠢᠭᠡᠴᠡ ᠪᠠ ᠬᠤᠪᠢ ᠬᠦᠮᠦᠨ ᠭᠡᠳ ᠲᠠᠰᠤᠳᠠᠨ ᠦᠯᠡᠳᠡᠭᠡᠬᠦ᠂ ᠦᠯᠡᠳᠡᠭᠡᠨ   ᠬᠤᠴᠤᠷᠭᠠᠵᠤ᠂ ᠡᠵᠡᠯᠡᠬᠦ᠂ ᠰᠢᠯᠵᠢᠭᠦᠯᠦᠨ ᠬᠡᠷᠡᠭᠯᠡᠬᠦ᠂ ᠮᠡᠬᠡᠯᠡᠨ ᠠᠪᠴᠤ ᠪᠤᠯᠬᠤ ᠦᠭᠡᠢ᠃           ᠲᠦᠴᠢᠨ ᠬᠤᠶᠠᠳᠤᠭᠠᠷ ᠵᠦᠢᠯ   ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ   ᠤᠷᠳᠤᠨ ᠤ ᠡᠳ᠋ ᠤᠨ ᠵᠠᠰᠠᠭ᠂ ᠶᠠᠳᠠᠭᠤ ᠶᠢ ᠲᠡᠳᠭᠦᠵᠤ ᠨᠡᠭᠡᠭᠡᠨ ᠬᠦᠭᠵᠢᠭᠦᠯᠬᠦ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ   ᠰᠠᠯᠠᠭ᠎ᠠ ᠮᠦᠴᠢᠷ ᠡᠳ᠋ ᠤᠨ ᠵᠠᠰᠠᠭ ᠤᠨ ᠶᠠᠳᠠᠭᠤ ᠶᠢ ᠲᠡᠳᠭᠦᠬᠦ ᠲᠤᠰᠬᠠᠢ ᠲᠦᠷᠦᠯ ᠤᠨ ᠪᠡᠯᠡ ᠮᠦᠡᠭᠬᠦ ᠶᠢᠨ ᠬᠡᠷᠡᠭᠯᠡᠯᠳᠡ ᠪᠠ   ᠬᠠᠮᠢᠶᠠᠷᠤᠯᠳᠠ ᠳᠤ ᠦᠷ᠎ᠡ ᠪᠦᠳᠦᠮᠵᠢ ᠶᠢ ᠬᠢᠨᠠᠨ ᠦᠨᠡᠯᠡᠬᠦ ᠶᠢ ᠬᠡᠷᠡᠭᠵᠢᠭᠦᠯᠬᠦ ᠬᠡᠷᠡᠭᠳᠠᠢ᠃           ᠡᠳ᠋ ᠤᠨ ᠵᠠᠰᠠᠭ ᠤᠨ ᠶᠠᠳᠠᠭᠤ ᠶᠢ ᠲᠡᠳᠭᠦᠬᠦ ᠲᠤᠰᠬᠠᠢ ᠲᠦᠷᠦᠯ ᠤᠨ ᠪᠡᠯᠡ ᠮᠦᠡᠭᠬᠦ ᠶᠢᠨ ᠦᠷ᠎ᠡ ᠪᠦᠳᠦᠮᠵᠢ ᠶᠢ   ᠦᠨᠡᠯᠡᠬᠦ ᠭᠤᠤᠯ ᠠᠭᠤᠯᠭ᠎ᠠ ᠳᠤ ᠮᠠᠯᠵᠢᠬᠤ ᠲᠠᠷᠢᠶᠠᠯᠠᠬᠤ ᠤᠷᠤᠨ ᠤ ᠶᠠᠳᠠᠭᠤ ᠶᠢ ᠲᠡᠳᠭᠦᠵᠤ ᠨᠡᠭᠡᠭᠡᠨ ᠬᠦᠭᠵᠢᠭᠦᠯᠬᠦ ᠦᠷ᠎ᠡ   ᠪᠦᠳᠦᠭᠡᠯ᠂ ᠶᠠᠳᠠᠭᠤ ᠶᠢ ᠲᠡᠳᠭᠦᠵᠤ ᠨᠡᠭᠡᠭᠡᠨ ᠬᠦᠭᠵᠢᠭᠦᠯᠬᠦ ᠪᠡᠯᠡ ᠮᠦᠡᠭᠬᠦ ᠶᠢᠨ ᠬᠠᠮᠢᠶᠠᠷᠤᠯᠳᠠ᠂ ᠡᠳ᠋ ᠤᠨ ᠵᠠᠰᠠᠭ ᠤᠨ   ᠶᠠᠳᠠᠭᠤ ᠶᠢ ᠲᠡᠳᠭᠦᠬᠦ ᠲᠤᠰᠬᠠᠢ ᠲᠦᠷᠦᠯ ᠤᠨ ᠪᠡᠯᠡ ᠮᠦᠡᠭᠬᠦ ᠶᠢᠨ ᠲᠦᠰᠦᠪ ᠤᠨ ᠲᠤᠬᠢᠷᠠᠭᠤᠯᠤᠯᠳᠠ ᠪᠠ ᠬᠡᠷᠡᠭᠵᠢᠭᠦᠯᠦᠯᠳᠡ᠂ ᠶᠠᠳᠠᠭᠤ ᠶᠢ ᠲᠡᠳᠭᠦᠵᠤ ᠨᠡᠭᠡᠭᠡᠨ ᠬᠦᠭᠵᠢᠭᠦᠯᠬᠦ ᠲᠦᠷᠦᠯ ᠵᠦᠢᠯ ᠢ ᠬᠡᠷᠡᠭᠵᠢᠭᠦᠯᠦᠭᠰᠡᠨ ᠪᠠᠶᠢᠳᠠᠯ ᠵᠡᠷᠭᠡ ᠪᠠᠭᠳᠠᠨ᠎ᠠ᠃           ᠡᠳ᠋ ᠤᠨ ᠵᠠᠰᠠᠭ᠂ ᠬᠢᠨᠠᠨ ᠪᠤᠳᠤᠬᠤ᠂ ᠬᠢᠨᠠᠨ ᠪᠠᠶᠢᠴᠠᠭᠠᠬᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ   ᠮᠦᠴᠢᠷ ᠮᠠᠯᠵᠢᠬᠤ ᠲᠠᠷᠢᠶᠠᠯᠠᠬᠤ ᠤᠷᠤᠨ ᠤ ᠶᠠᠳᠠᠭᠤ ᠶᠢ ᠲᠡᠳᠭᠦᠵᠤ ᠨᠡᠭᠡᠭᠡᠨ ᠬᠦᠭᠵᠢᠭᠦᠯᠬᠦ ᠪᠡᠯᠡ ᠮᠦᠡᠭᠬᠦ ᠶᠢᠨ   ᠬᠠᠮᠢᠶᠠᠷᠤᠯᠳᠠ ᠪᠠ ᠬᠡᠷᠡᠭᠯᠡᠭᠰᠡᠨ ᠪᠠᠶᠢᠳᠠᠯ ᠢ ᠬᠠᠤᠯᠢ ᠶᠤᠰᠤᠭᠠᠷ ᠬᠢᠨᠠᠨ ᠪᠠᠶᠢᠴᠠᠭᠠᠨ᠎ᠠ᠃       ᠲᠦᠴᠢᠨ ᠭᠤᠷᠪᠠᠳᠤᠭᠠᠷ ᠵᠦᠢᠯ   ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ   ᠤᠷᠳᠤᠨ ᠤ ᠶᠠᠳᠠᠭᠤ ᠶᠢ ᠲᠡᠳᠭᠦᠵᠤ ᠨᠡᠭᠡᠭᠡᠨ ᠬᠦᠭᠵᠢᠭᠦᠯᠬᠦ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ   ᠮᠠᠯᠵᠢᠬᠤ ᠲᠠᠷᠢᠶᠠᠯᠠᠬᠤ ᠤᠷᠤᠨ ᠤ ᠶᠠᠳᠠᠭᠤ ᠶᠢ ᠲᠡᠳᠭᠦᠵᠤ ᠨᠡᠭᠡᠭᠡᠨ ᠬᠦᠭᠵᠢᠭᠦᠯᠬᠦ ᠪᠡᠯᠡ ᠮᠦᠡᠭᠬᠦ ᠶᠢᠨ ᠬᠤᠪᠢᠶᠠᠷᠢᠯᠠᠯᠳᠠ᠂   ᠬᠡᠷᠡᠭᠯᠡᠯᠳᠡ ᠶᠢᠨ ᠪᠠᠶᠢᠳᠠᠯ ᠪᠠ ᠶᠠᠳᠠᠭᠤ ᠶᠢ ᠲᠡᠳᠭᠦᠵᠤ ᠨᠡᠭᠡᠭᠡᠨ ᠬᠦᠭᠵᠢᠭᠦᠯᠬᠦ ᠲᠦᠷᠦᠯ ᠵᠦᠢᠯ ᠤᠨ ᠲᠦᠯᠦᠪᠯᠡᠭᠡ ᠶᠢ   ᠬᠡᠷᠡᠭᠵᠢᠭᠦᠯᠦᠭᠰᠡᠨ ᠪᠠᠶᠢᠳᠠᠯ ᠢ ᠬᠠᠤᠯᠢ ᠶᠤᠰᠤᠭᠠᠷ ᠨᠡᠶᠢᠭᠡᠮ ᠳᠤ ᠨᠡᠶᠢᠳᠡᠯᠡᠬᠦ ᠬᠡᠷᠡᠭᠳᠠᠢ᠃             ᠲᠦᠴᠢᠨ ᠲᠦᠷᠪᠡᠳᠦᠭᠡᠷ ᠵᠦᠢᠯ   ᠭᠠᠴᠠᠭ᠎ᠠ ᠲᠤᠰᠬᠤᠨ ᠤ ᠠᠷᠠᠳ ᠤᠨ ᠵᠦᠪᠯᠡᠯ ᠪᠠ ᠭᠠᠴᠠᠭ᠎ᠠ ᠲᠤᠰᠬᠤᠨ ᠤ ᠠᠷᠠᠳ   ᠲᠤᠰ ᠭᠠᠴᠠᠭ᠎ᠠ ᠲᠤᠰᠬᠤᠨ ᠤ ᠪᠠᠨ ᠶᠠᠳᠠᠭᠤ ᠶᠢ ᠲᠡᠳᠭᠦᠵᠤ ᠨᠡᠭᠡᠭᠡᠨ ᠬᠦᠭᠵᠢᠭᠦᠯᠬᠦ ᠪᠡᠯᠡ ᠮᠦᠡᠭᠬᠦ ᠶᠢᠨ ᠬᠡᠷᠡᠭᠯᠡᠯᠳᠡ ᠶᠢᠨ   ᠪᠠᠶᠢᠳᠠᠯ ᠳᠤ ᠬᠢᠨᠠᠯᠳᠠ ᠲᠠᠯᠪᠢᠬᠤ ᠡᠷᠬᠡ ᠲᠠᠢ᠃               ᠲᠠᠪᠤᠳᠤᠭᠠᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ             ᠲᠦᠴᠢᠨ ᠲᠠᠪᠤᠳᠤᠭᠠᠷ ᠵᠦᠢᠯ   ᠮᠠᠯᠵᠢᠬᠤ ᠲᠠᠷᠢᠶᠠᠯᠠᠬᠤ ᠤᠷᠤᠨ ᠤ ᠶᠠᠳᠠᠭᠤ ᠶᠢ ᠲᠡᠳᠭᠦᠵᠤ ᠨᠡᠭᠡᠭᠡᠨ ᠬᠦᠭᠵᠢᠭᠦᠯᠬᠦ   ᠠᠵᠢᠯ ᠤᠨ ᠡᠭᠦᠷᠭᠡ ᠶᠢ ᠡᠭᠦᠷᠭᠡᠯᠡᠵᠤ ᠪᠠᠶᠢᠭ᠎ᠠ ᠨᠢᠭᠡᠴᠡ ᠪᠠ ᠬᠤᠪᠢ ᠬᠦᠮᠦᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ   ᠦᠭᠡᠢ ᠪᠤᠯ᠂ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠠᠴᠠ ᠬᠤᠭᠤᠴᠠᠭ᠎ᠠ   ᠳᠤᠭᠳᠠᠨ ᠵᠠᠯᠠᠷᠠᠭᠤᠯᠬᠤ ᠪᠠᠷ ᠵᠠᠷᠯᠢᠭᠳᠠᠵᠤ ᠵᠠᠷᠯᠠᠨ ᠰᠢᠭᠦᠮᠵᠢᠯᠡᠨ᠎ᠡ᠃         ᠲᠦᠴᠢᠨ ᠵᠢᠷᠭᠤᠳᠤᠭᠠᠷ ᠵᠦᠢᠯ   ᠬᠤᠳᠠᠯ ᠬᠠᠭᠤᠷᠮᠠᠭ ᠠᠷᠭ᠎ᠠ ᠪᠠᠷᠢᠯ ᠢᠶᠠᠷ ᠮᠠᠯᠵᠢᠬᠤ ᠲᠠᠷᠢᠶᠠᠯᠠᠬᠤ ᠤᠷᠤᠨ ᠤ   ᠶᠠᠳᠠᠭᠤ ᠶᠢ ᠲᠡᠳᠭᠦᠵᠤ ᠨᠡᠭᠡᠭᠡᠨ ᠬᠦᠭᠵᠢᠭᠦᠯᠬᠦ ᠬᠠᠷᠠᠭᠠᠯᠵᠠᠯ ᠤᠨ ᠬᠦᠷᠳᠡᠭᠡᠮᠵᠢ ᠶᠢ ᠮᠡᠬᠡᠯᠡᠨ ᠠᠪᠤᠭᠰᠠᠨ ᠪᠤᠯ ᠬᠤᠯᠪᠤᠭᠳᠠᠯ   ᠪᠦᠬᠦᠢ ᠰᠠᠯᠠᠭ᠎ᠠ ᠮᠦᠴᠢᠷ ᠠᠴᠠ ᠲᠡᠭᠦᠨ ᠤ ᠬᠠᠷᠠᠭᠠᠯᠵᠠᠯ ᠤᠨ ᠬᠦᠷᠳᠡᠮᠵᠢ ᠶᠢ ᠬᠦᠴᠦᠨ ᠦᠭᠡᠢ ᠪᠤᠯᠭᠠᠨ᠎ᠠ︔ ᠠᠵᠤ   ᠠᠬᠤᠢ ᠶᠢᠨ ᠠᠰᠢᠭ ᠲᠤᠰᠠ ᠤᠯᠤᠭᠰᠠᠨ ᠪᠤᠯ ᠬᠠᠤᠯᠢ ᠶᠤᠰᠤᠭᠠᠷ ᠨᠡᠬᠡᠮᠵᠢᠯᠡᠨ ᠪᠤᠴᠠᠭᠠᠯᠭᠠᠨ᠎ᠠ᠃         ᠲᠦᠴᠢᠨ ᠲᠤᠯᠤᠳᠤᠭᠠᠷ ᠵᠦᠯ   ᠮᠠᠯᠵᠢᠬᠤ ᠲᠠᠷᠢᠶᠠᠯᠠᠬᠤ ᠤᠷᠤᠨ ᠤ ᠶᠠᠳᠠᠭᠤ ᠶᠢ ᠲᠡᠳᠭᠦᠵᠤ ᠨᠡᠭᠡᠭᠡᠨ ᠬᠦᠭᠵᠢᠭᠦᠯᠬᠦ   ᠲᠦᠷᠦᠯ ᠵᠦᠢᠯ ᠤᠨ ᠳᠤᠨᠤᠭ ᠲᠦᠬᠦᠭᠡᠷᠦᠮᠵᠢ᠂ ᠰᠠᠭᠤᠷᠢ ᠲᠦᠭᠦᠭᠡᠷᠤᠮᠵᠢ ᠪᠠ ᠡᠳ᠋ ᠬᠦᠷᠦᠩᠭᠡ ᠶᠢ ᠲᠤᠷ᠎ᠠ ᠪᠠᠷ ᠢᠶᠠᠨ   ᠡᠵᠡᠯᠡᠵᠤ᠂ ᠬᠤᠪᠢᠷᠠᠭᠠᠨ ᠬᠤᠳᠠᠯᠳᠤᠬᠤ ᠪᠠ ᠰᠦᠢᠳᠭᠡᠨ ᠡᠪᠳᠡᠯᠡᠭᠰᠡᠨ ᠪᠤᠯ ᠬᠤᠯᠪᠤᠭᠳᠠᠯ ᠪᠦᠬᠦᠢ ᠰᠠᠯᠠᠭ᠎ᠠ ᠮᠦᠴᠢᠷ ᠠᠴᠠ   ᠬᠤᠭᠤᠴᠠᠭ᠎ᠠ ᠳᠤᠭᠳᠠᠠ ᠵᠠᠯᠠᠷᠠᠭᠤᠯᠬᠤ ᠪᠠᠷ ᠵᠠᠷᠯᠢᠭᠳᠠᠵᠤ᠂ ᠰᠢᠭᠤᠳ ᠬᠠᠷᠢᠭᠤᠴᠠᠯᠭ᠎ᠠ ᠲᠠᠢ ᠭᠤᠤᠯᠯᠠᠨ ᠬᠠᠮᠢᠶᠠᠷᠤᠭᠴᠢ ᠪᠠ   ᠪᠤᠰᠤᠳ ᠰᠢᠭᠤᠳ ᠬᠠᠷᠢᠭᠤᠴᠠᠯᠭᠠᠳᠠᠨ ᠳᠤ ᠬᠠᠤᠯᠢ ᠶᠤᠰᠤᠭᠠᠷ ᠰᠢᠢᠳᠭᠡᠯ ᠦᠭᠭᠦᠨ᠎ᠡ︔ ᠶᠠᠯ᠎ᠠ ᠳᠤ ᠬᠦᠷᠦᠭᠰᠡᠨ ᠪᠤᠯ ᠬᠠᠤᠯᠢ   ᠶᠤᠰᠤᠭᠠᠷ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠡ᠃             ᠲᠦᠴᠢᠨ ᠨᠠᠢᠮᠠᠳᠤᠭᠠᠷ ᠵᠦᠢᠯ   ᠡᠳ᠋ ᠤᠨ ᠵᠠᠰᠠᠭ ᠤᠨ ᠶᠠᠳᠠᠭᠤ ᠶᠢ ᠲᠡᠳᠭᠦᠬᠦ ᠲᠤᠰᠬᠠᠢ ᠲᠦᠷᠦᠯ ᠤᠨ ᠪᠡᠯᠡ ᠮᠦᠡᠭᠬᠦ ᠶᠢ   ᠲᠠᠰᠤᠳᠠᠨ ᠦᠯᠡᠳᠡᠭᠡᠭᠰᠡᠨ᠂ ᠦᠯᠡᠳᠡᠭᠡᠨ ᠬᠤᠴᠤᠷᠭᠠᠭᠰᠠᠨ᠂ ᠡᠵᠡᠯᠡᠭᠰᠡᠨ᠂ ᠰᠢᠯᠵᠢᠭᠦᠯᠦᠨ ᠬᠡᠷᠡᠭᠯᠡᠭᠰᠡᠨ ᠪᠤᠶᠤ ᠮᠡᠬᠡᠯᠡᠨ   ᠠᠪᠤᠭᠰᠠᠨ ᠪᠤᠯ ᠬᠤᠯᠪᠤᠭᠳᠠᠯ ᠪᠦᠬᠦᠢ ᠰᠠᠯᠠᠭ᠎ᠠ ᠮᠦᠴᠢᠷ ᠠᠴᠠ ᠬᠤᠭᠤᠴᠠᠭ᠎ᠠ ᠳᠤᠭᠳᠠᠠ ᠵᠠᠯᠠᠷᠠᠭᠤᠯᠵᠤ᠂ ᠰᠢᠭᠤᠳ   ᠬᠠᠷᠢᠭᠤᠴᠠᠯᠭ᠎ᠠ ᠲᠠᠢ ᠭᠤᠤᠯᠯᠠᠨ ᠬᠠᠮᠢᠶᠠᠷᠤᠭᠴᠢ ᠪᠠ ᠰᠢᠭᠤᠳ ᠬᠠᠷᠢᠭᠤᠴᠠᠯᠭᠠᠳᠠᠨ ᠳᠤ ᠬᠠᠤᠯᠢ ᠶᠤᠰᠤᠭᠠᠷ ᠰᠢᠢᠳᠭᠡᠯ   ᠦᠭᠭᠦᠨ᠎ᠡ︔ ᠶᠠᠯ᠎ᠠ ᠳᠤ ᠬᠦᠷᠦᠭᠰᠡᠨ ᠪᠤᠯ ᠬᠠᠤᠯᠢ ᠶᠤᠰᠤᠭᠠᠷ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠡ᠃             ᠲᠦᠴᠢ ᠶᠢᠰᠦᠳᠦᠭᠡᠷ ᠵᠦᠢᠯ   ᠶᠠᠳᠠᠭᠤ ᠶᠢ ᠲᠡᠳᠭᠦᠵᠤ ᠨᠡᠭᠡᠭᠡᠨ ᠬᠦᠭᠵᠢᠭᠦᠯᠬᠦ ᠵᠠᠰᠠᠭ ᠵᠠᠬᠢᠷᠭᠠᠨ ᠤ ᠭᠤᠤᠯᠯᠠᠨ   ᠬᠠᠮᠢᠶᠠᠷᠬᠤ ᠰᠠᠯᠠᠭ᠎ᠠ ᠮᠦᠴᠢᠷ ᠪᠤᠶᠤ ᠪᠤᠰᠤᠳ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠠᠵᠢᠯᠳᠠᠨ ᠲᠤᠰ ᠲᠦᠷᠢᠮ ᠤᠨ   ᠲᠤᠭᠳᠠᠭᠠᠯ ᠠᠴᠠ ᠵᠦᠷᠢᠴᠡᠵᠤ᠂ ᠲᠤᠤᠷᠠᠬᠢ ᠦᠢᠯᠡ ᠠᠵᠢᠯᠯᠠᠭ᠎ᠠ ᠶᠢᠨ ᠨᠢᠭᠡ ᠨᠢ ᠪᠠᠶᠢᠪᠠᠯ᠂ ᠲᠡᠭᠦᠨ ᠤ ᠪᠠᠶᠢᠭ᠎ᠠ ᠨᠢᠭᠡᠴᠡ   ᠪᠤᠶᠤ ᠲᠡᠭᠡᠳᠦ ᠱᠠᠳᠤᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠰᠢᠭᠤᠳ ᠬᠠᠷᠢᠭᠤᠴᠠᠯᠭ᠎ᠠ ᠲᠠᠢ ᠬᠤᠤᠯᠯᠠᠨ   ᠬᠠᠮᠢᠶᠠᠷᠤᠭᠴᠢ ᠪᠠ ᠪᠤᠰᠤᠳ ᠰᠢᠭᠤᠳ ᠬᠠᠷᠢᠭᠤᠴᠠᠯᠭᠠᠳᠠᠨ ᠳᠤ ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠢᠳᠭᠡᠯ   ᠦᠭᠭᠦᠨ᠎ᠡ︔ ᠶᠠᠯ᠎ᠠ ᠳᠤ ᠬᠦᠷᠦᠭᠰᠡᠨ ᠪᠤᠯ ᠬᠠᠤᠯᠢ ᠶᠤᠰᠤᠭᠠᠷ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠡ᠄           ︵ᠨᠢᠭᠡ︶ ᠵᠦᠪᠰᠢᠶᠡᠷᠡᠭᠦᠯᠦᠭᠰᠡᠨ ᠦᠭᠡᠢ ᠪᠠᠷ ᠮᠠᠯᠵᠢᠬᠤ ᠲᠠᠷᠢᠶᠠᠯᠠᠬᠤ ᠤᠷᠤᠨ ᠤ ᠶᠠᠳᠠᠭᠤ ᠶᠢ ᠲᠡᠳᠭᠦᠵᠤ ᠨᠡᠭᠡᠭᠡᠨ   ᠬᠦᠭᠵᠢᠭᠦᠯᠬᠦ ᠲᠦᠷᠦᠯ ᠵᠦᠢᠯ ᠤᠨ ᠬᠡᠷᠡᠭᠵᠢᠭᠦᠯᠬᠦ ᠤᠨ ᠤ ᠲᠦᠯᠦᠪᠯᠡᠭᠡ ᠶᠢ ᠲᠤᠷ᠎ᠠ ᠪᠠᠷ ᠬᠤᠪᠢᠷᠠᠭᠤᠯᠤᠭᠰᠠᠨ︔           ︵ᠬᠤᠶᠠᠷ︶ ᠮᠠᠯᠵᠢᠬᠤ ᠲᠠᠷᠢᠶᠠᠯᠠᠬᠤ ᠤᠷᠤᠨ ᠤ ᠶᠠᠳᠠᠭᠤ ᠶᠢ ᠲᠡᠳᠭᠦᠵᠤ ᠨᠡᠭᠡᠭᠡᠨ ᠬᠦᠭᠵᠢᠭᠦᠯᠬᠦ ᠲᠦᠷᠦᠯ ᠵᠦᠢᠯ ᠢ   ᠬᠠᠤᠯᠢ ᠶᠤᠰᠤᠭᠠᠷ ᠬᠢᠨᠠᠨ ᠵᠦᠪᠰᠢᠶᠡᠷᠡᠭᠰᠡᠨ ᠦᠭᠡᠢ︔             ︵ᠭᠤᠷᠪᠠ︶ ᠮᠠᠯᠵᠢᠬᠤ ᠲᠠᠷᠢᠶᠠᠯᠠᠬᠤ ᠤᠷᠤᠨ ᠤ ᠶᠠᠳᠠᠭᠤ ᠶᠢ ᠲᠡᠳᠭᠦᠵᠤ ᠨᠡᠭᠡᠭᠡᠨ ᠬᠦᠭᠵᠢᠭᠦᠯᠬᠦ ᠲᠦᠷᠦᠯ ᠵᠦᠢᠯ ᠳᠤ   ᠵᠠᠰᠠᠭ ᠤᠨ ᠤᠷᠳᠤᠨ ᠤ ᠬᠤᠳᠠᠯᠳᠤᠨ ᠠᠪᠬᠤ ᠪᠠ ᠲᠠᠭᠠᠭᠠᠴᠢᠯᠠᠯᠳᠠ ᠵᠠᠷᠯᠠᠬᠤ ᠪᠠ ᠳᠠᠭᠠᠭᠠᠴᠢᠯᠠᠯᠳᠠ ᠬᠦᠯᠢᠶᠡᠬᠦ ᠶᠢ ᠬᠠᠤᠯᠢ   ᠶᠤᠰᠤᠭᠠᠷ ᠬᠡᠷᠡᠭᠵᠢᠭᠦᠯᠦᠭᠰᠡᠨ ᠦᠭᠡᠢ︔             ︵ᠲᠦᠷᠪᠡ︶ ᠮᠠᠯᠵᠢᠬᠤ ᠲᠠᠷᠢᠶᠠᠯᠠᠬᠤ ᠤᠷᠤᠨ ᠤ ᠶᠠᠳᠠᠭᠤ ᠶᠢ ᠲᠡᠳᠭᠦᠵᠤ ᠨᠡᠭᠡᠭᠡᠨ ᠬᠦᠭᠵᠢᠭᠦᠯᠬᠦ ᠪᠡᠯᠡ ᠮᠦᠡᠭᠬᠦ ᠶᠢ   ᠶᠠᠳᠠᠭᠤ ᠶᠢ ᠲᠡᠳᠭᠦᠵᠤ ᠨᠡᠭᠡᠭᠡᠨ ᠬᠦᠭᠵᠢᠭᠦᠯᠬᠦ ᠯᠦᠭᠡ ᠬᠠᠮᠢᠶ᠎ᠠ ᠦᠭᠡᠢ ᠲᠦᠷᠦᠯ ᠵᠦᠢᠯ ᠳᠤ ᠬᠡᠷᠡᠭᠯᠡᠭᠰᠡᠨ︔               ︵ᠲᠠᠪᠤ︶ ᠡᠷᠬᠡ ᠲᠤᠰᠢᠶᠠᠯ ᠢᠶᠠᠨ ᠲᠤᠷ᠎ᠠ ᠪᠠᠷ ᠬᠡᠷᠡᠭᠯᠡᠵᠤ᠂ ᠠᠯᠪᠠᠨ ᠲᠤᠰᠢᠶᠠᠯ ᠳᠠᠭᠠᠨ ᠠᠯᠠᠮᠠᠶᠢᠷᠠᠨ ᠤᠰᠤᠯᠳᠠᠵᠤ᠂   ᠬᠠᠤᠯᠢ ᠶᠤᠰᠤ ᠶᠢ ᠵᠦᠷᠢᠴᠡᠭᠰᠡᠨ ᠪᠤᠰᠤᠳ ᠠᠵᠢᠯᠯᠠᠭ᠎ᠠ᠃                 ᠵᠢᠷᠭᠤᠳᠤᠭᠠᠷ ᠪᠦᠯᠦᠭ ᠲᠠᠭᠠᠯᠳᠤᠭᠤᠯᠤᠭᠰᠠᠨ ᠲᠦᠷᠢᠮ                   ᠲᠠᠪᠢᠳᠤᠭᠠᠷ   ᠵᠦᠢᠯ     ᠲᠤᠰ ᠲᠦᠷᠢᠮ ᠢ 2013 ᠤᠨ ᠤ 1 ᠰᠠᠷ᠎ᠠ ᠶᠢᠨ 1 ᠤ ᠡᠳᠦᠷ ᠠᠴᠠ ᠡᠬᠢᠯᠡᠨ   ᠬᠡᠷᠡᠭᠵᠢᠭᠦᠯᠦᠨ᠎ᠡ᠂ ᠬᠦᠴᠦᠨ ᠪᠦᠬᠦᠢ ᠬᠤᠭᠤᠴᠠᠭ᠎ᠠ ᠨᠢ ︽ᠲᠤᠮᠳᠠᠳᠤ ᠤᠯᠤᠰ ᠤᠨ ᠬᠦᠳᠡᠭᠡ ᠲᠤᠰᠬᠤᠨ ᠤ ᠶᠠᠳᠠᠭᠤ ᠶᠢ   ᠲᠡᠳᠭᠦᠵᠤ ᠨᠡᠭᠡᠭᠡᠨ ᠬᠦᠭᠵᠢᠭᠦᠯᠬᠦ ᠬᠦᠳᠦᠯᠪᠦᠷᠢ ︵2011 — 2020︶︾ ᠶᠢ ᠬᠡᠷᠡᠭᠵᠢᠭᠦᠯᠬᠦ ᠬᠤᠭᠤᠴᠠᠭ᠎ᠠ ᠪᠤᠯᠤᠨ᠎ᠠ᠃    
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
ᠨᠠᠶᠢᠷᠠᠭᠤᠯᠤᠭᠴᠢ᠄ ᠭᠤᠸᠠᠨ ᠴᠠᠩ ᠰᠢ
ᠣᠷᠴᠢᠭᠤᠯᠤᠭᠴᠢ᠄
   
ᠬᠤᠯᠪᠣᠭᠳᠠᠯ ᠪᠦᠬᠦᠢ ᠠᠭᠤᠯᠭ᠎ᠠ ᠶᠢᠨ ᠭᠠᠷᠴᠠᠭ
 
2014-2016 © ᠬᠠᠷᠢᠯᠴᠠᠬᠤ ᠤᠲᠠᠰᠤ᠄ 0471-6280741 ᠢᠮᠧᠯ᠄ nmgbute@163.com
ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠤᠷᠢᠭᠯᠠᠨ᠎ᠠ᠃
︽ᠬᠡᠷᠡᠭᠯᠡᠭᠡᠨ ᠤ ᠮᠡᠷᠭᠡᠵᠢᠯ ᠤᠨ ᠮᠤᠩᠭᠤᠯ ᠰᠦᠯᠵᠢᠶᠡᠨ ᠤ ᠬᠥᠯᠭᠡ︾ ᠦᠮᠴᠢᠯᠡᠯ ᠲᠠᠢ︕