20 ᠮᠤ᠋ ᠨᠤᠳᠤᠭ ᠪᠡᠯᠴᠢᠭᠡᠷ  ᠢ ᠲᠤᠷ᠎ᠠ ᠪᠠᠷ ᠬᠠᠭᠠᠯᠪᠤᠷᠢᠯᠠᠭᠰᠠᠨ ᠪᠠᠶᠢᠪᠡᠯ ᠡᠷᠡᠭᠦᠤ  ᠶᠢᠨ ᠬᠠᠷᠢᠭᠤᠴᠠᠯᠭ᠎ᠠ ᠨᠡᠬᠡᠮᠵᠢᠯᠡᠬᠦ ᠪᠤᠯᠤᠨ᠎ᠠ
ᠵᠣᠬᠢᠶᠠᠭᠴᠢ᠄ 
            20 ᠮᠤ᠋ ᠨᠤᠳᠤᠭ ᠪᠡᠯᠴᠢᠭᠡᠷ  ᠢ ᠲᠤᠷ᠎ᠠ ᠪᠠᠷ ᠬᠠᠭᠠᠯᠪᠤᠷᠢᠯᠠᠭᠰᠠᠨ               ᠪᠠᠶᠢᠪᠡᠯ   ᠡᠷᠡᠭᠦᠤ  ᠶᠢᠨ ᠬᠠᠷᠢᠭᠤᠴᠠᠯᠭ᠎ᠠ   ᠨᠡᠬᠡᠮᠵᠢᠯᠡᠬᠦ ᠪᠤᠯᠤᠨ᠎ᠠ             — ︽ᠨᠤᠳᠤᠭ ᠪᠡᠯᠴᠢᠭᠡᠷ ᠤᠨ ᠡᠬᠢ ᠪᠠᠶᠠᠯᠢᠭ ᠢ ᠡᠪᠳᠡᠭᠰᠡᠨ ᠡᠷᠡᠭᠦᠦ ᠶᠢᠨ ᠬᠡᠷᠡᠭ ᠢ ᠰᠢᠭᠦᠨ ᠰᠢᠢᠳᠪᠦᠷᠢᠯᠡᠬᠦ  ᠳᠤ ᠬᠠᠤᠯᠢ ᠴᠠᠭᠠᠵᠠ ᠶᠢ ᠬᠡᠷᠡᠭᠯᠡᠬᠦ ᠠᠰᠠᠭᠤᠳᠠᠯ ᠤᠳ ᠤᠨ ᠲᠤᠬᠠᠢ ᠠᠷᠠᠳ ᠤᠨ ᠲᠡᠭᠡᠳᠦ ᠰᠢᠭᠦᠬᠦ ᠬᠤᠷᠢᠶᠠᠨ ᠤ ᠲᠠᠶᠢᠯᠪᠤᠷᠢ︾         ︵ᠬᠠᠤᠯᠢ ᠲᠠᠶᠢᠯᠪᠤᠷᠢ [ 2012 ] 15 ᠳ᠋ᠤᠭᠠᠷ ᠲᠤᠭᠠᠳᠤ︶ ᠶᠢ 2012 ᠤᠨ ᠤ 10 ᠰᠠᠷ᠎ᠠ ᠶᠢᠨ 22 ᠤᠨ ᠡᠳᠦᠷ ᠠᠷᠠᠳ ᠤᠨ ᠲᠡᠭᠡᠳᠦ ᠰᠢᠭᠦᠬᠦ ᠬᠤᠷᠢᠶᠠᠨ ᠤ ᠰᠢᠭᠦᠨ ᠲᠠᠰᠤᠯᠬᠤ ᠵᠦᠪᠯᠡᠯ ᠤᠨ 1558 ᠳ᠋ᠤᠭᠠᠷ ᠬᠤᠷᠠᠯᠳᠤᠭᠠᠨ ᠠᠴᠠ ᠪᠠᠳᠤᠯᠠᠵᠤ᠂ 2012 ᠤᠨ ᠤ 11 ᠰᠠᠷ᠎ᠠ ᠶᠢᠨ 22 ᠤᠨ ᠡᠳᠦᠷ ᠠᠴᠠ ᠡᠬᠢᠯᠡᠵᠦ ᠬᠡᠷᠡᠭᠵᠢᠭᠦᠯᠪᠡ᠃           ᠨᠤᠳᠤᠭ ᠪᠡᠯᠴᠢᠭᠡᠷ ᠤᠨ ᠡᠬᠢ ᠪᠠᠶᠠᠯᠢᠭ ᠢ ᠡᠪᠳᠡᠭᠰᠡᠨ ᠶᠠᠯᠠᠳᠤ ᠠᠵᠢᠯᠯᠠᠭ᠎ᠠ ᠶᠢ ᠬᠠᠤᠯᠢ ᠶᠤᠰᠤᠭᠠᠷ ᠶᠠᠯᠠᠯᠠᠨ ᠰᠢᠳᠭᠡᠬᠦ ᠶᠢᠨ ᠲᠦᠯᠦᠭᠡ᠂ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ︾ ᠶᠢᠨ ᠬᠤᠯᠪᠤᠭᠳᠠᠯ ᠪᠦᠬᠦᠢ ᠲᠤᠭᠳᠠᠭᠠᠯ ᠢ ᠦᠨᠳᠦᠰᠦᠯᠡᠵᠦ᠂ ᠤᠳᠤ ᠡᠨᠡᠬᠦ ᠲᠦᠷᠦᠯ ᠤᠨ ᠡᠷᠡᠭᠦᠦ ᠶᠢᠨ ᠬᠡᠷᠡᠭ ᠢ ᠰᠢᠭᠦᠨ ᠰᠢᠢᠳᠪᠦᠷᠢᠯᠡᠬᠦ ᠳᠤ ᠬᠠᠤᠯᠢ ᠴᠠᠭᠠᠵᠠ ᠶᠢ ᠬᠡᠷᠡᠭᠯᠡᠬᠦ ᠠᠰᠠᠭᠤᠳᠠᠯ ᠤᠳ ᠤᠨ ᠲᠤᠬᠠᠢ ᠲᠤᠤᠷᠠᠬᠢ ᠮᠡᠳᠦ ᠲᠠᠶᠢᠯᠪᠤᠷᠢ ᠬᠢᠶ᠎ᠡ᠄       ᠨᠢᠭᠡᠳᠦᠭᠡᠷ ᠵᠦᠢᠯ᠄ ᠨᠤᠳᠤᠭ ᠪᠡᠯᠴᠢᠭᠡᠷ ᠤᠨ ᠬᠠᠤᠯᠢ ᠵᠡᠷᠭᠡ ᠭᠠᠵᠠᠷ ᠰᠢᠷᠦᠢ ᠶᠢᠨ ᠬᠠᠮᠢᠶᠠᠷᠤᠯᠳᠠ ᠶᠢᠨ ᠬᠠᠤᠯᠢ ᠲᠤᠭᠳᠠᠭᠠᠯ ᠠᠴᠠ ᠵᠦᠷᠢᠴᠡᠵᠦ᠂ ᠨᠤᠳᠤᠭ ᠪᠡᠯᠴᠢᠭᠡᠷ ᠢ ᠬᠠᠤᠯᠢ ᠪᠤᠰᠤ ᠪᠠᠷ ᠡᠵᠡᠯᠡᠨ ᠬᠡᠷᠡᠭᠯᠡᠵᠦ᠂ ᠡᠵᠡᠯᠡᠭᠳᠡᠨ ᠬᠡᠷᠡᠭᠯᠡᠭᠳᠡᠭᠰᠡᠨ ᠨᠤᠳᠤᠭ ᠪᠡᠯᠴᠢᠭᠡᠷ ᠤᠨ ᠬᠡᠷᠡᠭᠴᠡᠭᠡ ᠶᠢ ᠬᠤᠪᠢᠷᠠᠭᠤᠯᠵᠤ᠂ ᠲᠤᠭ᠎ᠠ ᠬᠡᠮᠵᠢᠶ᠎ᠡ ᠨᠢ ᠨᠡᠯᠢᠶᠡᠳ ᠶᠡᠭᠡ᠂ ᠨᠤᠳᠤᠭ ᠪᠡᠯᠴᠢᠭᠡᠷ ᠢ ᠶᠡᠭᠡ ᠬᠡᠮᠵᠢᠶ᠎ᠡ ᠪᠠᠷ ᠰᠦᠢᠳᠭᠡᠭᠰᠡᠨ ᠪᠠᠶᠢᠪᠠᠯ᠂ ᠡᠷᠡᠭᠦᠦ ᠶᠢᠨ ᠬᠠᠤᠯᠢ ᠶᠢᠨ 342 ᠵᠦᠢᠯ ᠤᠨ ᠲᠤᠭᠳᠠᠭᠠᠯ ᠢ ᠦᠨᠳᠦᠰᠦᠯᠡᠵᠦ᠂ ᠬᠦᠳᠡᠭᠡ ᠠᠵᠤ ᠠᠬᠤᠢ ᠳᠤ ᠬᠡᠷᠡᠭᠯᠡᠬᠦ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠶᠠᠯ᠎ᠠ ᠪᠠᠷ ᠶᠠᠯ᠎ᠠ ᠲᠤᠭᠳᠠᠭᠠᠵᠤ ᠰᠢᠳᠭᠡᠨ᠎ᠡ᠃         ᠬᠤᠶᠠᠳᠤᠭᠠᠷ ᠵᠦᠢᠯ᠄ ᠨᠤᠳᠤᠭ ᠪᠡᠯᠴᠢᠭᠡᠷ ᠢ ᠬᠠᠤᠯᠢ ᠪᠤᠰᠤ ᠪᠠᠷ ᠡᠵᠡᠯᠡᠨ ᠬᠡᠷᠡᠭᠯᠡᠵᠦ᠂ ᠡᠵᠡᠯᠡᠭᠳᠡᠨ ᠬᠡᠷᠡᠭᠯᠡᠭᠳᠡᠭᠰᠡᠨ ᠨᠤᠳᠤᠭ ᠪᠡᠯᠴᠢᠭᠡᠷ ᠤᠨ ᠬᠡᠷᠡᠭᠴᠡᠭᠡ ᠶᠢ ᠬᠤᠪᠢᠷᠠᠭᠤᠯᠤᠭᠠᠳ᠂ ᠲᠤᠭ᠎ᠠ ᠬᠡᠮᠵᠢᠶ᠎ᠡ ᠨᠢ 20 ᠮᠤ᠋ ᠠᠴᠠ ᠲᠡᠭᠡᠭᠰᠢ ᠪᠠᠶᠢᠪᠠᠯ᠂ ᠡᠰᠡᠭᠦᠯ᠎ᠡ ᠨᠤᠳᠤᠭ ᠪᠡᠯᠴᠢᠭᠡᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠡᠳ ᠵᠠᠰᠠᠭ ᠵᠠᠬᠢᠷᠭᠠᠨ ᠤ ᠰᠢᠳᠭᠡᠯ ᠤᠯᠵᠤ ᠦᠩᠭᠡᠷᠡᠭᠡᠳ᠂ ᠭᠤᠷᠪᠠᠨ ᠵᠢᠯ ᠤᠨ ᠲᠤᠳᠤᠷ᠎ᠠ ᠪᠠᠰᠠ ᠨᠤᠳᠤᠭ ᠪᠡᠯᠴᠢᠭᠡᠷ ᠢ ᠬᠠᠤᠯᠢ ᠪᠤᠰᠤ ᠪᠠᠷ ᠡᠵᠡᠯᠡᠨ ᠬᠡᠷᠡᠭᠯᠡᠵᠦ᠂ ᠡᠵᠡᠯᠡᠭᠳᠡᠨ ᠬᠡᠷᠡᠭᠯᠡᠭᠳᠡᠭᠰᠡᠨ ᠨᠤᠳᠤᠭ ᠪᠡᠯᠴᠢᠭᠡᠷ ᠤᠨ ᠬᠡᠷᠡᠭᠴᠡᠭᠡ ᠶᠢ ᠬᠤᠪᠢᠷᠠᠭᠤᠯᠤᠭᠠᠳ᠂ ᠲᠤᠭ᠎ᠠ ᠬᠡᠮᠵᠢᠶ᠎ᠡ ᠨᠢ 10 ᠮᠤ᠋  ᠠᠴᠠ ᠲᠡᠭᠡᠭᠰᠢ ᠪᠠᠶᠢᠪᠠᠯ᠂ ᠡᠷᠡᠭᠦᠦ ᠶᠢᠨ ᠬᠠᠤᠯᠢ ᠶᠢᠨ 342 ᠵᠦᠢᠯ ᠳᠤ ᠲᠤᠭᠳᠠᠭᠠᠭᠰᠠᠨ ︽ᠲᠤᠭ᠎ᠠ ᠬᠡᠮᠵᠢᠶ᠎ᠡ ᠨᠢ ᠨᠡᠯᠢᠶᠡᠳ ᠶᠡᠭᠡ︾ ᠭᠡᠰᠡᠨ ᠢᠶᠠᠷ ᠲᠤᠭᠳᠠᠭᠠᠬᠤ ᠶᠤᠰᠤᠳᠠᠢ᠃         ᠨᠤᠳᠤᠭ ᠪᠡᠯᠴᠢᠭᠡᠷ ᠢ ᠬᠠᠤᠯᠢ ᠪᠤᠰᠤ ᠪᠠᠷ ᠡᠵᠡᠯᠡᠨ ᠬᠡᠷᠡᠭᠯᠡᠵᠦ᠂ ᠡᠵᠡᠯᠡᠭᠳᠡᠨ ᠬᠡᠷᠡᠭᠯᠡᠭᠳᠡᠭᠰᠡᠨ ᠨᠤᠳᠤᠭ ᠪᠡᠯᠴᠢᠭᠡᠷ  ᠤᠨ ᠬᠡᠷᠡᠭᠴᠡᠭᠡ ᠶᠢ ᠬᠤᠪᠢᠷᠠᠭᠤᠯᠵᠤ᠂ ᠲᠤᠭ᠎ᠠ ᠬᠡᠮᠵᠢᠶ᠎ᠡ ᠨᠢ ᠨᠡᠯᠢᠶᠡᠳ ᠶᠡᠭᠡ᠂ ᠲᠤᠤᠷ᠎ᠠ ᠵᠢᠭᠰᠠᠭᠠᠭᠰᠠᠨ ᠦᠢᠯᠡ ᠪᠠᠶᠢᠳᠠᠯ  ᠤᠨ ᠨᠢᠭᠡ ᠨᠢ ᠪᠠᠶᠢᠪᠠᠯ᠂ ᠡᠷᠡᠭᠦᠦ ᠶᠢᠨ ᠬᠠᠤᠯᠢ ᠶᠢᠨ 342 ᠵᠦᠢᠯ ᠳᠤ ᠲᠤᠭᠳᠠᠭᠠᠭᠰᠠᠨ ︽ᠲᠠᠷᠢᠶᠠᠨ ᠭᠠᠵᠠᠷ᠂ ᠤᠶᠢᠳᠤ ᠭᠠᠵᠠᠷ ᠵᠡᠷᠭᠡ ᠬᠦᠳᠡᠭᠡ ᠠᠵᠤ ᠠᠬᠤᠢ ᠳᠤ ᠬᠡᠷᠡᠭᠯᠡᠬᠦ ᠭᠠᠵᠠᠷ ᠢ ᠶᠡᠭᠡ ᠬᠡᠮᠵᠢᠶ᠎ᠡ ᠪᠠᠷ ᠡᠪᠳᠡᠭᠰᠡᠨ︾ ᠭᠡᠰᠡᠨ ᠢᠶᠠᠷ ᠲᠤᠭᠳᠠᠭᠠᠬᠤ ᠶᠤᠰᠤᠳᠠᠢ᠃         ︵ᠨᠢᠭᠡ︶ ᠨᠤᠳᠤᠭ ᠪᠡᠯᠴᠢᠭᠡᠷ ᠢ ᠬᠠᠭᠠᠯᠪᠤᠷᠢᠯᠠᠵᠤ ᠠᠮᠤ ᠪᠤᠳᠠᠭᠠᠨ ᠤ ᠲᠠᠷᠢᠮᠠᠯ᠂ ᠠᠵᠤ ᠠᠬᠤᠢ ᠶᠢᠨ ᠲᠠᠷᠢᠮᠠᠯ᠂ ᠤᠢ ᠮᠤᠳᠤ ᠲᠠᠷᠢᠭᠰᠠᠨ︔         ︵ᠬᠤᠶᠠᠷ︶ ᠨᠤᠳᠤᠭ ᠪᠡᠯᠴᠢᠭᠡᠷ ᠲᠡᠭᠡᠷ᠎ᠡ ᠵᠤᠭᠤᠷᠢ ᠪᠠᠶᠢᠭᠤᠯᠬᠤ᠂ ᠭᠡᠷ ᠪᠠᠷᠢᠬᠤ᠂ ᠵᠠᠮ ᠵᠠᠰᠠᠬᠤ᠂ ᠬᠠᠶᠢᠷ ᠮᠠᠯᠳᠠᠬᠤ᠂ ᠴᠢᠯᠠᠭᠤ ᠮᠠᠯᠳᠠᠬᠤ᠂ ᠠᠭᠤᠷᠬᠠᠢ ᠮᠠᠯᠳᠠᠬᠤ᠂ ᠰᠢᠷᠦᠢ ᠠᠪᠬᠤ᠂ ᠬᠦᠷᠦᠰᠦ ᠤᠷᠭᠤᠮᠠᠯ ᠢ ᠬᠤᠰᠤᠭᠰᠠᠨ︔         ︵ᠭᠤᠷᠪᠠ︶ ᠨᠤᠳᠤᠭ ᠪᠡᠯᠴᠢᠭᠡᠷ ᠲᠡᠭᠡᠷ᠎ᠡ ᠬᠠᠶᠠᠭᠳᠠᠮᠠᠯ ᠪᠤᠳᠠᠰ ᠢ ᠤᠪᠤᠭᠠᠯᠠᠨ ᠬᠠᠶᠠᠭᠰᠠᠨ ᠪᠤᠶᠤ ᠭᠠᠳᠠᠭᠰᠢᠯᠠᠭᠤᠯᠵᠤ᠂ ᠨᠤᠳᠤᠭ ᠪᠡᠯᠴᠢᠭᠡᠷ ᠤᠨ ᠤᠤᠯ ᠤᠨ ᠤᠷᠭᠤᠮᠠᠯ ᠤᠨ ᠪᠦᠷᠭᠦᠴᠡ ᠶᠢ ᠬᠦᠨᠳᠦ ᠨᠤᠴᠢᠳᠠᠢ ᠰᠦᠢᠳᠭᠡᠭᠰᠡᠨ ᠪᠤᠶᠤ ᠬᠦᠨᠳᠦ ᠨᠤᠴᠢᠳᠠᠢ ᠪᠤᠬᠢᠷᠳᠠᠭᠤᠯᠤᠭᠰᠠᠨ︔         ︵ᠲᠦᠷᠪᠡ︶ ᠨᠤᠳᠤᠭ ᠪᠡᠯᠴᠢᠭᠡᠷ ᠢ ᠬᠠᠮᠠᠭᠠᠯᠠᠬᠤ᠂ ᠪᠦᠳᠦᠭᠡᠨ ᠪᠠᠶᠢᠭᠤᠯᠬᠤ᠂ ᠠᠰᠢᠭᠯᠠᠬᠤ ᠲᠦᠯᠦᠪᠵᠢᠭᠦᠯᠭᠡ  ᠠᠴᠠ ᠵᠦᠷᠢᠴᠡᠵᠦ ᠡᠪᠡᠰᠦ ᠲᠠᠷᠢᠬᠤ ᠪᠠ ᠪᠤᠷᠳᠤᠭᠠᠨ ᠲᠠᠷᠢᠮᠠᠯ ᠲᠠᠷᠢᠵᠤ᠂ ᠨᠤᠳᠤᠭ ᠪᠡᠯᠴᠢᠭᠡᠷ ᠢ ᠡᠯᠡᠰᠦᠷᠭᠡᠭᠵᠢᠭᠦᠯᠦᠭᠰᠡᠨ ᠪᠤᠶᠤ ᠬᠦᠷᠦᠰᠦ ᠰᠢᠷᠦᠢ ᠶᠢ ᠬᠦᠨᠳᠦ ᠨᠤᠴᠢᠳᠠᠢ ᠡᠪᠳᠡᠭᠳᠡᠭᠦᠯᠦᠭᠰᠡᠨ︔         ︵ᠲᠠᠪᠤ︶ ᠨᠤᠳᠤᠭ ᠪᠡᠯᠴᠢᠭᠡᠷ ᠢ ᠬᠦᠨᠳᠦ ᠨᠤᠴᠢᠳᠠᠢ ᠰᠦᠢᠳᠭᠡᠭᠰᠡᠨ ᠪᠤᠰᠤᠳ ᠦᠢᠯᠡ ᠪᠠᠶᠢᠳᠠᠯ᠃         ᠭᠤᠷᠪᠠᠳᠤᠭᠠᠷ ᠵᠦᠢᠯ᠄ ᠲᠦᠷᠦ ᠶᠢᠨ ᠪᠠᠶᠢᠭᠤᠯᠤᠯᠭ᠎ᠠ ᠶᠢᠨ ᠠᠵᠢᠯᠳᠠᠨ ᠬᠤᠪᠢ ᠶᠢᠨ ᠨᠠᠶᠢᠷ ᠢᠶᠠᠷ ᠭᠡᠮ ᠦᠢᠯᠡᠳᠴᠦ ᠂ ᠨᠤᠳᠤᠭ ᠪᠡᠯᠴᠢᠭᠡᠷ ᠤᠨ ᠬᠠᠤᠯᠢ ᠵᠡᠷᠭᠡ ᠭᠠᠵᠠᠷ ᠰᠢᠷᠦᠢ ᠶᠢᠨ ᠬᠠᠮᠢᠶᠠᠷᠤᠯᠳᠠ ᠶᠢᠨ ᠬᠠᠤᠯᠢ ᠲᠤᠭᠳᠠᠭᠠᠯ ᠠᠴᠠ ᠵᠦᠷᠢᠴᠡᠵᠦ᠂ ᠲᠤᠤᠷ᠎ᠠ ᠵᠢᠭᠰᠠᠭᠠᠭᠰᠠᠨ ᠦᠢᠯᠡ ᠪᠠᠶᠢᠳᠠᠯ ᠤᠨ ᠨᠢᠭᠡ ᠨᠢ ᠪᠠᠶᠢᠪᠠᠯ᠂ ᠡᠷᠡᠭᠦᠦ ᠶᠢᠨ ᠬᠠᠤᠯᠢ ᠶᠢᠨ 410 ᠳ᠋ᠤᠭᠠᠷ ᠵᠦᠢᠯ ᠳᠤ ᠲᠤᠭᠳᠠᠭᠠᠭᠰᠠᠨ ︽ᠦᠢᠯᠡ ᠪᠠᠶᠢᠳᠠᠯ ᠨᠢ ᠬᠦᠨᠳᠦ ᠨᠤᠴᠢᠳᠠᠢ︾ ᠭᠡᠰᠡᠨ ᠢᠶᠠᠷ ᠲᠤᠭᠳᠠᠭᠠᠬᠤ ᠶᠤᠰᠤᠳᠠᠢ᠃         ︵ᠨᠢᠭᠡ︶ 40 ᠮᠤ᠋ ᠠᠴᠠ ᠲᠡᠭᠡᠭᠰᠢ ᠨᠤᠳᠤᠭ ᠪᠡᠯᠴᠢᠭᠡᠷ ᠢ ᠲᠠᠳᠠᠪᠤᠷᠢᠯᠠᠨ ᠠᠪᠬᠤ᠂ ᠲᠠᠳᠠᠪᠤᠷᠢᠯᠠᠨ ᠬᠡᠷᠡᠭᠯᠡᠬᠦ᠂ ᠡᠵᠡᠯᠡᠨ ᠬᠡᠷᠡᠭᠯᠡᠬᠦ ᠶᠢ ᠬᠠᠤᠯᠢ ᠪᠤᠰᠤ ᠪᠠᠷ ᠵᠦᠪᠰᠢᠶᠡᠷᠡᠭᠰᠡᠨ︔         ︵ᠬᠤᠶᠠᠷ︶ ᠨᠤᠳᠤᠭ ᠪᠡᠯᠴᠢᠭᠡᠷ ᠢ ᠲᠠᠳᠠᠪᠤᠷᠢᠯᠠᠨ ᠠᠪᠬᠤ᠂ ᠲᠠᠳᠠᠪᠤᠷᠢᠯᠠᠨ ᠬᠡᠷᠡᠭᠯᠡᠬᠦ᠂ ᠡᠵᠡᠯᠡᠨ ᠬᠡᠷᠡᠭᠯᠡᠬᠦ ᠶᠢ ᠬᠠᠤᠯᠢ ᠪᠤᠰᠤ ᠪᠠᠷ ᠵᠦᠪᠰᠢᠶᠡᠷᠡᠭᠡᠳ᠂ 20 ᠮᠤ᠋ ᠠᠴᠠ ᠲᠡᠭᠡᠭᠰᠢ ᠨᠤᠳᠤᠭ ᠪᠡᠯᠴᠢᠭᠡᠷ ᠢ ᠰᠦᠢᠳᠭᠡᠭᠰᠡᠨ︔         ︵ᠭᠤᠷᠪᠠ︶ ᠨᠤᠳᠤᠭ ᠪᠡᠯᠴᠢᠭᠡᠷ ᠢ ᠲᠠᠳᠠᠪᠤᠷᠢᠯᠠᠨ ᠠᠪᠬᠤ᠂ ᠲᠠᠳᠠᠪᠤᠷᠢᠯᠠᠨ ᠬᠡᠷᠡᠭᠯᠡᠬᠦ᠂ ᠡᠵᠡᠯᠡᠨ ᠬᠡᠷᠡᠭᠯᠡᠬᠦ ᠶᠢ ᠬᠠᠤᠯᠢ ᠪᠤᠰᠤ ᠪᠠᠷ ᠵᠦᠪᠰᠢᠶᠡᠷᠡᠭᠡᠳ᠂ ᠭᠤᠴᠢᠨ ᠲᠦᠮᠡᠨ ᠲᠦᠭᠦᠷᠢᠭ ᠠᠴᠠ ᠲᠡᠭᠡᠭᠰᠢ ᠠᠵᠤ ᠠᠬᠤᠢ ᠶᠢᠨ ᠰᠢᠭᠤᠳ ᠬᠤᠬᠢᠷᠠᠯ ᠤᠴᠠᠷᠠᠭᠤᠯᠤᠭᠰᠠᠨ᠂ ᠡᠰᠡᠭᠦᠯ᠎ᠡ ᠬᠠᠷ᠎ᠠ ᠬᠤᠤᠷ ᠲᠠᠢ ᠪᠤᠰᠤᠳ ᠦᠢᠯᠡ ᠪᠠᠶᠢᠳᠠᠯ ᠲᠠᠢ ᠪᠠᠶᠢᠬᠤ︔         ᠲᠤᠤᠷ᠎ᠠ ᠵᠢᠭᠰᠠᠭᠠᠭᠰᠠᠨ ᠦᠢᠯᠡ ᠪᠠᠶᠢᠳᠠᠯ ᠤᠨ ᠨᠢᠭᠡ ᠨᠢ ᠪᠠᠶᠢᠪᠠᠯ᠂ ᠡᠷᠡᠭᠦᠦ ᠶᠢᠨ ᠬᠠᠤᠯᠢ ᠶᠢᠨ 410 ᠳ᠋ᠤᠭᠠᠷ ᠵᠦᠢᠯ ᠳᠤ ᠲᠤᠭᠳᠠᠭᠠᠭᠰᠠᠨ ︽ᠤᠯᠤᠰ ᠤᠷᠤᠨ ᠪᠤᠶᠤ ᠬᠠᠮᠳᠤ ᠨᠡᠶᠢᠳᠡ ᠶᠢᠨ ᠠᠰᠢᠭ ᠲᠤᠰᠠ ᠳᠤ ᠤᠨᠴᠠᠭᠠᠢ ᠬᠦᠨᠳᠦ ᠨᠤᠴᠢᠳᠠᠢ ᠬᠤᠬᠢᠷᠠᠯ ᠤᠴᠠᠷᠠᠭᠤᠯᠤᠭᠰᠠᠨ︾ ᠭᠡᠰᠡᠨ ᠢᠶᠠᠷ ᠲᠤᠭᠳᠠᠭᠠᠬᠤ ᠶᠤᠰᠤᠳᠠᠢ᠃         ︵ᠨᠢᠭᠡ︶ ᠨᠠᠶᠠᠨ ᠮᠤ᠋ ᠠᠴᠠ ᠲᠡᠭᠡᠭᠰᠢ ᠨᠤᠳᠤᠭ ᠪᠡᠯᠴᠢᠭᠡᠷ ᠢ ᠲᠠᠳᠠᠪᠤᠷᠢᠯᠠᠨ ᠠᠪᠬᠤ᠂ ᠲᠠᠳᠠᠪᠤᠷᠢᠯᠠᠨ ᠬᠡᠷᠡᠭᠯᠡᠬᠦ᠂ ᠡᠵᠡᠯᠡᠨ ᠬᠡᠷᠡᠭᠯᠡᠬᠦ ᠶᠢ ᠬᠠᠤᠯᠢ ᠪᠤᠰᠤ ᠪᠠᠷ ᠵᠦᠪᠰᠢᠶᠡᠷᠡᠭᠰᠡᠨ︔         ︵ᠬᠤᠶᠠᠷ︶ ᠨᠤᠳᠤᠭ ᠪᠡᠯᠴᠢᠭᠡᠷ ᠢ ᠲᠠᠳᠠᠪᠤᠷᠢᠯᠠᠨ ᠠᠪᠬᠤ᠂ ᠲᠠᠳᠠᠪᠤᠷᠢᠯᠠᠨ ᠬᠡᠷᠡᠭᠯᠡᠬᠦ᠂ ᠡᠵᠡᠯᠡᠨ ᠬᠡᠷᠡᠭᠯᠡᠬᠦ ᠶᠢ ᠬᠠᠤᠯᠢ ᠪᠤᠰᠤ ᠪᠠᠷ ᠵᠦᠪᠰᠢᠶᠡᠷᠡᠭᠡᠳ᠂ 40 ᠮᠤ᠋ ᠠᠴᠠ ᠲᠡᠭᠡᠭᠰᠢ ᠨᠤᠳᠤᠭ ᠪᠡᠯᠴᠢᠭᠡᠷ ᠢ ᠰᠦᠢᠳᠭᠡᠭᠰᠡᠨ︔         ︵ᠭᠤᠷᠪᠠ︶ ᠨᠤᠳᠤᠭ ᠪᠡᠯᠴᠢᠭᠡᠷ ᠢ ᠲᠠᠳᠠᠪᠤᠷᠢᠯᠠᠨ ᠠᠪᠬᠤ᠂ ᠲᠠᠳᠠᠪᠤᠷᠢᠯᠠᠨ ᠬᠡᠷᠡᠭᠯᠡᠬᠦ᠂ ᠡᠵᠡᠯᠡᠨ ᠬᠡᠷᠡᠭᠯᠡᠬᠦ ᠶᠢ ᠬᠠᠤᠯᠢ ᠪᠤᠰᠤ ᠪᠠᠷ ᠵᠦᠪᠰᠢᠶᠡᠷᠡᠭᠡᠳ᠂ ᠵᠢᠷᠠᠨ ᠲᠦᠮᠡᠨ ᠲᠦᠭᠦᠷᠢᠭ ᠠᠴᠠ ᠲᠡᠭᠡᠭᠰᠢ ᠠᠵᠤ ᠠᠬᠤᠢ ᠶᠢᠨ ᠰᠢᠭᠤᠳ ᠬᠤᠬᠢᠷᠠᠯ ᠤᠴᠠᠷᠠᠭᠤᠯᠤᠭᠰᠠᠨ᠂ ᠡᠰᠡᠭᠦᠯ᠎ᠡ ᠤᠨᠴᠠᠭᠠᠢ ᠬᠠᠷ᠎ᠠ ᠬᠤᠤᠷ ᠲᠠᠢ ᠪᠤᠰᠤᠳ ᠦᠢᠯᠡ ᠪᠠᠶᠢᠳᠠᠯ ᠲᠠᠢ ᠪᠠᠶᠢᠬᠤ︔         ᠲᠦᠷᠪᠡᠳᠦᠭᠡᠷ ᠵᠦᠢᠯ᠄ ᠨᠤᠳᠤᠭ ᠪᠡᠯᠴᠢᠭᠡᠷ ᠤᠨ ᠬᠢᠨᠠᠯᠳᠠ ᠲᠠᠯᠪᠢᠵᠤ ᠪᠠᠶᠢᠴᠠᠭᠠᠬᠤ ᠠᠵᠢᠯᠳᠠᠨ ᠤ ᠡᠭᠦᠷᠭᠡ ᠲᠤᠰᠢᠶᠠᠯ ᠢᠶᠠᠨ ᠬᠠᠤᠯᠢ ᠶᠤᠰᠤᠭᠠᠷ ᠭᠦᠢᠴᠡᠳᠭᠡᠬᠦ ᠶᠢ ᠬᠦᠴᠦᠷᠭᠡᠭᠯᠡᠯ᠂ ᠰᠦᠷᠳᠡᠭᠦᠯᠦᠯ ᠤᠨ ᠠᠷᠭ᠎ᠠ ᠪᠠᠷ ᠬᠠᠷᠰᠢᠯᠠᠭᠠᠳ ᠶᠠᠯ᠎ᠠ ᠪᠤᠯᠵᠤ ᠪᠦᠷᠢᠯᠳᠦᠭᠰᠡᠨ ᠪᠠᠶᠢᠪᠠᠯ᠂ ᠡᠷᠡᠭᠦᠦ ᠶᠢᠨ ᠬᠠᠤᠯᠢ ᠶᠢᠨ 277 ᠳ᠋ᠤᠭᠠᠷ ᠵᠦᠢᠯ ᠤᠨ ᠲᠤᠭᠳᠠᠭᠠᠯ ᠢ ᠦᠨᠳᠦᠰᠦᠯᠡᠵᠦ᠂ ᠠᠯᠪᠠᠨ ᠶᠠᠪᠤᠳᠠᠯ ᠭᠦᠢᠴᠡᠳᠭᠡᠬᠦ ᠶᠢ ᠬᠠᠷᠰᠢᠯᠠᠭᠰᠠᠨ ᠶᠠᠯ᠎ᠠ ᠪᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠤᠯᠠᠨ ᠲᠦᠮᠡᠨ ᠢ ᠦᠳᠦᠭᠡᠵᠦ ᠪᠠᠶᠢᠭᠠᠳ ᠨᠤᠳᠤᠭ ᠪᠡᠯᠴᠢᠭᠡᠷ ᠤᠨ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠳᠠᠭᠠᠯ ᠤᠨ ᠬᠡᠷᠡᠭᠵᠢᠭᠦᠯᠦᠯᠳᠡ ᠶᠢ ᠡᠰᠡᠷᠭᠦᠴᠡᠭᠡᠳ ᠶᠠᠯ᠎ᠠ ᠪᠤᠯᠵᠤ ᠪᠦᠷᠢᠯᠳᠦᠭᠰᠡᠨ ᠪᠠᠶᠢᠪᠠᠯ᠂ ᠡᠷᠡᠭᠦᠦ ᠶᠢᠨ ᠬᠠᠤᠯᠢ ᠶᠢᠨ 278 ᠳ᠋ᠤᠭᠠᠷ ᠵᠦᠢᠯ ᠤᠨ ᠲᠤᠭᠳᠠᠭᠠᠯ ᠢ ᠦᠨᠳᠦᠰᠦᠯᠡᠵᠦ᠂ ᠦᠳᠦᠭᠡᠯᠭᠡ ᠬᠢᠵᠦ ᠬᠠᠤᠯᠢ ᠬᠡᠷᠡᠭᠵᠢᠭᠦᠯᠦᠯᠳᠡ ᠶᠢ ᠬᠦᠴᠦᠷᠬᠡᠭᠯᠡᠯ ᠢᠶᠠᠷ ᠡᠰᠡᠷᠭᠦᠴᠡᠭᠰᠡᠨ ᠶᠠᠯ᠎ᠠ ᠪᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃         ᠲᠠᠪᠤᠳᠤᠭᠠᠷ ᠵᠦᠢᠯ᠄ ᠨᠢᠭᠡᠴᠡ ᠡᠷᠡᠭᠦᠦ ᠶᠢᠨ ᠬᠠᠤᠯᠢ ᠶᠢᠨ 342 ᠳ᠋ᠤᠭᠠᠷ ᠵᠦᠢᠯ ᠳᠤ ᠲᠤᠭᠳᠠᠭᠠᠭᠰᠠᠨ ᠦᠢᠯᠡ ᠠᠵᠢᠯᠯᠠᠭ᠎ᠠ ᠶᠢ ᠬᠢᠭᠰᠡᠨ ᠪᠠᠶᠢᠪᠠᠯ᠂ ᠨᠢᠭᠡᠴᠡ ᠶᠢ ᠵᠤᠭᠤᠰ ᠢᠶᠠᠷ ᠶᠠᠯᠠᠳᠠᠬᠤ ᠪᠠᠷ ᠰᠢᠳᠭᠡᠬᠦ ᠶᠢᠨ ᠬᠠᠮᠳᠤ᠂ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠨ ᠬᠠᠮᠢᠶᠠᠷᠤᠭᠴᠢ ᠪᠤᠯᠤᠨ ᠰᠢᠭᠤᠳ ᠬᠠᠷᠢᠭᠤᠴᠠᠯᠭ᠎ᠠ ᠲᠠᠢ ᠪᠤᠰᠤᠳ ᠬᠦᠮᠦᠨ ᠢ ᠲᠤᠰ ᠲᠠᠶᠢᠯᠪᠤᠷᠢ ᠳᠤ ᠲᠤᠭᠳᠠᠭᠠᠭᠰᠠᠨ ᠶᠠᠯ᠎ᠠ ᠲᠤᠭᠳᠠᠭᠠᠵᠤ ᠡᠷᠡᠭᠦᠦ ᠤᠨᠤᠭᠠᠬᠤ ᠪᠠᠷᠢᠮᠵᠢᠶ᠎ᠡ ᠶᠢ ᠦᠨᠳᠦᠰᠦᠯᠡᠵᠦ ᠶᠠᠯ᠎ᠠ ᠲᠤᠭᠳᠠᠭᠠᠵᠤ ᠰᠢᠳᠭᠡᠨ᠎ᠡ᠃         ᠵᠢᠷᠭᠤᠳᠤᠭᠠᠷ ᠵᠦᠢᠯ᠄ ᠨᠤᠳᠤᠭ ᠪᠡᠯᠴᠢᠭᠡᠷ ᠤᠨ ᠡᠬᠢ ᠪᠠᠶᠠᠯᠢᠭ ᠢ ᠡᠪᠳᠡᠭᠰᠡᠨ ᠬᠠᠤᠯᠢ ᠶᠢ ᠵᠦᠷᠢᠴᠡᠵᠦ ᠶᠠᠯ᠎ᠠ ᠬᠢᠭᠰᠡᠨ ᠠᠵᠢᠯᠯᠠᠭ᠎ᠠ ᠶᠢ ᠤᠯᠠᠨ ᠤᠳᠠᠭ᠎ᠠ ᠬᠢᠬᠡᠳ ᠰᠢᠢᠳᠪᠦᠷᠢᠯᠡᠭᠡᠳᠦᠢ ᠪᠠᠶᠢᠵᠤ᠂ ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠶᠤᠰᠤᠳᠠᠢ ᠪᠤᠯ᠂ ᠨᠡᠶᠢᠯᠡᠭᠦᠯᠵᠦ ᠪᠤᠳᠤᠭᠰᠠᠨ ᠲᠤᠭ᠎ᠠ ᠬᠡᠮᠵᠢᠶ᠎ᠡ ᠪᠠᠷ ᠶᠠᠯ᠎ᠠ ᠲᠤᠭᠳᠠᠭᠠᠵᠤ ᠰᠢᠳᠭᠡᠨ᠎ᠡ᠃         ᠲᠤᠯᠤᠳᠤᠭᠠᠷ ᠵᠦᠢᠯ᠄ ᠲᠤᠰ ᠲᠠᠶᠢᠯᠪᠤᠷᠢ ᠳᠤ ᠬᠡᠯᠡᠵᠦ ᠪᠠᠶᠢᠭ᠎ᠠ ︽ᠨᠤᠳᠤᠭ ᠪᠡᠯᠴᠢᠭᠡᠷ︾ ᠭᠡᠳᠡᠭ ᠪᠤᠯ ᠪᠠᠶᠢᠭᠠᠯᠢ  ᠶᠢᠨ ᠨᠤᠳᠤᠭ ᠪᠡᠯᠴᠢᠭᠡᠷ ᠪᠠ ᠲᠠᠷᠢᠮᠠᠯ ᠪᠡᠯᠴᠢᠭᠡᠷ ᠢ ᠪᠠᠭᠳᠠᠭᠠᠨ᠎ᠠ᠂ ᠪᠠᠶᠢᠭᠠᠯᠢ ᠶᠢᠨ ᠨᠤᠳᠤᠭ ᠪᠡᠯᠴᠢᠭᠡᠷ ᠲᠤ ᠡᠪᠡᠰᠦᠳᠦ ᠲᠠᠯ᠎ᠠ ᠂ ᠡᠪᠡᠰᠦᠳᠦ ᠠᠭᠤᠯᠠ ᠪᠠ ᠡᠪᠡᠰᠦᠳᠦ ᠪᠡᠯ ᠢ ᠪᠠᠭᠳᠠᠭᠠᠵᠤ᠂ ᠲᠠᠷᠢᠮᠠᠯ ᠪᠡᠯᠴᠢᠭᠡᠷ ᠲᠤ ᠰᠠᠶᠢᠵᠢᠷᠭᠤᠯᠤᠭᠰᠠᠨ ᠡᠪᠡᠰᠦᠳᠦ ᠲᠠᠯ᠎ᠠ ᠪᠠ ᠲᠠᠷᠢᠶᠠᠯᠠᠬᠤ ᠶᠢ ᠵᠤᠭᠰᠤᠭᠠᠵᠤ ᠪᠡᠯᠴᠢᠭᠡᠷ ᠢ ᠰᠡᠷᠭᠦᠭᠡᠭᠰᠡᠨ ᠭᠠᠵᠠᠷ ᠢ ᠪᠠᠭᠳᠠᠭᠠᠵᠤ᠂ ᠬᠤᠳᠠ ᠪᠠᠯᠭᠠᠰᠤᠨ ᠤ ᠡᠪᠡᠰᠦᠳᠦ ᠭᠠᠵᠠᠷ ᠢ ᠪᠠᠭᠳᠠᠭᠠᠬᠤ ᠦᠭᠡᠢ᠃         ᠡᠷᠡᠭᠦᠦ ᠶᠢᠨ ᠬᠠᠤᠯᠢ ᠶᠢᠨ ᠬᠤᠯᠪᠤᠭᠳᠠᠯ ᠪᠦᠬᠦᠢ ᠵᠦᠢᠯ ᠵᠤᠷᠪᠤᠰ ᠤᠳ᠄         ︽ᠬᠦᠳᠡᠭᠡ ᠠᠵᠤ ᠠᠬᠤᠢ ᠳᠤ ᠬᠡᠷᠡᠭᠯᠡᠬᠦ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠶᠠᠯ᠎ᠠ︾         ᠭᠠᠵᠠᠷ ᠰᠢᠷᠦᠢ ᠶᠢᠨ ᠬᠠᠮᠢᠶᠠᠷᠤᠯᠳᠠ ᠶᠢᠨ ᠬᠠᠤᠯᠢ ᠲᠤᠭᠳᠠᠭᠠᠯ ᠢ ᠵᠦᠷᠢᠴᠡᠵᠦ᠂ ᠲᠠᠷᠢᠶᠠᠨ ᠭᠠᠵᠠᠷ᠂ ᠤᠶᠢᠳᠤ ᠭᠠᠵᠠᠷ ᠵᠡᠷᠭᠡ ᠬᠦᠳᠡᠭᠡ ᠠᠵᠤ ᠠᠬᠤᠢ ᠳᠤ ᠬᠡᠷᠡᠭᠯᠡᠬᠦ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠵᠦ᠂ ᠡᠵᠡᠯᠡᠨ ᠬᠡᠷᠡᠭᠯᠡᠭᠰᠡᠨ ᠭᠠᠵᠠᠷ ᠤᠨ ᠢᠶᠠᠨ ᠤᠭ ᠤᠨ ᠬᠡᠷᠡᠭᠴᠡᠭᠡ ᠶᠢ ᠬᠤᠪᠢᠷᠠᠭᠤᠯᠤᠭᠰᠠᠨ ᠪᠦᠭᠡᠳ ᠲᠤᠭ᠎ᠠ ᠬᠡᠮᠵᠢᠶ᠎ᠡ ᠨᠢ ᠨᠡᠯᠢᠶᠡᠳ ᠶᠡᠭᠡ᠂ ᠲᠠᠷᠢᠶᠠᠨ ᠭᠠᠵᠠᠷ᠂ ᠤᠶᠢᠳᠤ ᠭᠠᠵᠠᠷ ᠵᠡᠷᠭᠡ ᠬᠦᠳᠡᠭᠡ ᠠᠵᠤ ᠠᠬᠤᠢ ᠳᠤ ᠬᠡᠷᠡᠭᠯᠡᠬᠦ ᠭᠠᠵᠠᠷ ᠢ ᠶᠡᠭᠡ ᠬᠡᠮᠵᠢᠶ᠎ᠡ ᠪᠠᠷ ᠡᠪᠳᠡᠵᠦ ᠰᠦᠢᠳᠭᠡᠭᠰᠡᠨ ᠪᠠᠶᠢᠪᠠᠯ᠂ ᠲᠠᠪᠤᠨ ᠵᠢᠯ ᠠᠴᠠ ᠲᠤᠭᠤᠭᠰᠢ ᠬᠤᠭᠤᠴᠠᠭ᠎ᠠ ᠲᠠᠢ ᠬᠤᠷᠢᠬᠤ ᠪᠤᠶᠤ ᠬᠤᠷᠢᠵᠦ ᠬᠦᠳᠡᠯᠮᠦᠷᠢᠯᠡᠬᠦᠯᠬᠦ ᠪᠠᠷ ᠰᠢᠳᠭᠡᠵᠦ᠂ ᠵᠤᠭᠤᠰ ᠢᠶᠠᠷ ᠶᠠᠯᠠᠳᠠᠬᠤ ᠪᠠᠷ ᠨᠡᠶᠢᠯᠡᠬᠦᠯᠦᠨ ᠰᠢᠳᠭᠡᠬᠦ ᠪᠤᠶᠤ ᠲᠠᠩ ᠢᠶᠠᠷ ᠰᠢᠳᠭᠡᠨ᠎ᠡ᠃         ︽ᠠᠯᠪᠠᠨ ᠶᠠᠪᠤᠳᠠᠯ ᠭᠦᠢᠴᠡᠳᠭᠡᠬᠦ ᠶᠢ ᠬᠠᠷᠰᠢᠯᠠᠭᠰᠠᠨ ᠶᠠᠯ᠎ᠠ︾         ᠲᠦᠷᠦ ᠶᠢᠨ ᠪᠠᠶᠢᠭᠤᠯᠤᠯᠭ᠎ᠠ ᠶᠢᠨ ᠠᠵᠢᠯᠳᠠᠨ ᠤ ᠬᠠᠤᠯᠢ ᠶᠤᠰᠤᠭᠠᠷ ᠲᠤᠰᠢᠶᠠᠯ ᠢᠶᠠᠨ ᠪᠡᠶᠡᠯᠡᠬᠦᠯᠬᠦ ᠶᠢ ᠬᠦᠴᠦᠷᠭᠡᠭᠯᠡᠯ᠂ ᠰᠦᠷᠳᠡᠬᠦᠯᠦᠯ ᠤᠨ ᠠᠷᠭ᠎ᠠ ᠪᠠᠷ ᠬᠠᠷᠰᠢᠯᠠᠭᠰᠠᠨ ᠪᠠᠶᠢᠪᠠᠯ᠂ ᠭᠤᠷᠪᠠᠨ ᠵᠢᠯ ᠠᠴᠠ ᠲᠤᠭᠤᠭᠰᠢ ᠬᠤᠭᠤᠴᠠᠭ᠎ᠠ  ᠲᠠᠢ ᠬᠤᠷᠢᠬᠤ᠂ ᠬᠤᠷᠢᠵᠦ ᠬᠦᠳᠡᠯᠮᠦᠷᠢᠯᠡᠬᠦᠯᠬᠦ᠂ ᠵᠠᠬᠢᠷᠤᠨ ᠬᠠᠮᠢᠶᠠᠷᠬᠤ ᠪᠤᠶᠤ ᠵᠤᠭᠤᠰ ᠢᠶᠠᠷ ᠶᠠᠯᠠᠳᠠᠬᠤ ᠪᠠᠷ ᠰᠢᠳᠭᠡᠨ᠎ᠡ᠃ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠠ ᠤᠷᠤᠨ ᠨᠤᠳᠤᠭ ᠤᠨ ᠡᠯ᠎ᠡ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠡᠰᠢᠬᠦᠨ ᠤ ᠬᠠᠤᠯᠢ ᠶᠤᠰᠤᠭᠠᠷ ᠲᠦᠯᠦᠭᠡᠯᠡᠭᠴᠢ ᠶᠢᠨ ᠲᠤᠰᠢᠶᠠᠯ ᠢᠶᠠᠨ ᠪᠡᠶᠡᠯᠡᠬᠦᠯᠬᠦ ᠶᠢ ᠬᠦᠴᠦᠷᠭᠡᠭᠯᠡᠯ᠂ ᠰᠦᠷᠳᠡᠬᠦᠯᠦᠯ ᠤᠨ ᠠᠷᠭ᠎ᠠ ᠪᠠᠷ ᠬᠠᠷᠰᠢᠯᠠᠭᠰᠠᠨ ᠪᠠᠶᠢᠪᠠᠯ᠂ ᠡᠮᠦᠨᠡᠬᠢ ᠪᠠᠳᠠᠭ ᠤᠨ ᠲᠤᠭᠳᠠᠭᠠᠯ ᠶᠤᠰᠤᠭᠠᠷ ᠰᠢᠳᠭᠡᠨ᠎ᠡ᠃ ᠪᠠᠶᠢᠭᠠᠯᠢ ᠶᠢᠨ ᠭᠠᠮᠰᠢᠭ ᠪᠤᠯᠤᠨ ᠬᠡᠨᠡᠳᠳᠡ ᠭᠠᠷᠤᠭᠰᠠᠨ ᠬᠡᠷᠡᠭ ᠤᠨ ᠲᠤᠮᠳᠠ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠠᠵᠢᠯᠳᠠᠨ ᠤ ᠬᠠᠤᠯᠢ ᠶᠤᠰᠤᠭᠠᠷ ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠬᠦ ᠶᠢ ᠬᠦᠴᠦᠷᠭᠡᠭᠯᠡᠯ᠂ ᠰᠦᠷᠳᠡᠬᠦᠯᠦᠯ ᠤᠨ ᠠᠷᠭ᠎ᠠ ᠪᠠᠷ ᠬᠠᠷᠰᠢᠯᠠᠭᠰᠠᠨ ᠪᠠᠶᠢᠪᠠᠯ᠂ ᠨᠢᠭᠡᠳᠦᠭᠡᠷ ᠪᠠᠳᠠᠭ ᠤᠨ ᠲᠤᠭᠳᠠᠭᠠᠯ ᠶᠤᠰᠤᠭᠠᠷ ᠰᠢᠳᠭᠡᠨ᠎ᠡ᠃ ᠤᠯᠤᠰ ᠤᠨ ᠠᠮᠤᠷ ᠢ ᠬᠠᠮᠠᠭᠠᠯᠠᠬᠤ ᠪᠠᠶᠢᠭᠤᠯᠤᠯᠭ᠎ᠠ ᠲᠤᠳᠤᠭᠠᠳᠦ ᠶᠢ ᠬᠠᠮᠠᠭᠠᠯᠠᠬᠤ ᠪᠠᠶᠢᠭᠤᠯᠤᠯᠭ᠎ᠠ ᠶᠢᠨ ᠤᠯᠤᠰ ᠤᠨ ᠠᠮᠤᠷ ᠲᠦᠪᠰᠢᠨ ᠤᠨ ᠠᠵᠢᠯ ᠤᠨ ᠡᠭᠦᠷᠭᠡ ᠪᠠᠨ ᠪᠡᠶᠡᠯᠡᠬᠦᠯᠬᠦ ᠶᠢ ᠵᠤᠷᠢᠭᠤᠳᠠ ᠬᠠᠷᠰᠢᠯᠠᠬᠤ ᠂ ᠬᠦᠴᠦᠷᠭᠡᠭᠯᠡᠯ ᠤᠨ ᠠᠷᠭ᠎ᠠ ᠶᠢ ᠬᠡᠷᠡᠭᠯᠡᠭᠰᠡᠨ ᠦᠭᠡᠢ ᠪᠤᠯᠪᠠᠴᠦ ᠬᠦᠨᠳᠦ ᠨᠤᠴᠢᠲᠠᠢ ᠣᠷᠰᠢᠭ ᠲᠠᠳᠠᠭᠰᠠᠨ ᠪᠠᠶᠢᠪᠠᠯ᠂ ᠨᠢᠭᠡᠳᠦᠭᠡᠷ ᠪᠠᠳᠠᠭ ᠤᠨ ᠲᠤᠭᠳᠠᠭᠠᠯ ᠶᠤᠰᠤᠭᠠᠷ ᠰᠢᠳᠭᠡᠨ᠎ᠡ᠃         ︽ᠦᠳᠦᠭᠡᠯᠭᠡ ᠬᠢᠵᠦ ᠬᠠᠤᠯᠢ ᠬᠡᠷᠡᠭᠵᠢᠭᠦᠯᠦᠯᠳᠡ ᠶᠢ ᠬᠦᠴᠦᠷᠬᠡᠭᠯᠡᠯ ᠢᠶᠠᠷ ᠡᠰᠡᠷᠭᠦᠴᠡᠭᠰᠡᠨ ᠶᠠᠯ᠎ᠠ︾ ᠤᠯᠠᠨ ᠲᠦᠮᠡᠨ ᠢ ᠦᠳᠦᠭᠡᠵᠦ ᠪᠠᠶᠢᠭᠠᠳ ᠤᠯᠤᠰ ᠤᠨ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠳᠠᠭᠠᠯ ᠢ ᠬᠡᠷᠡᠭᠵᠢᠬᠦᠯᠬᠦ ᠶᠢ ᠡᠰᠡᠷᠬᠦᠴᠡᠭᠰᠡᠨ ᠪᠠᠶᠢᠪᠠᠯ᠂ ᠭᠤᠷᠪᠠᠨ ᠵᠢᠯ ᠠᠴᠠ ᠲᠤᠭᠤᠭᠰᠢ ᠬᠤᠭᠤᠴᠠᠭ᠎ᠠ ᠲᠠᠢ ᠬᠤᠷᠢᠬᠤ᠂ ᠬᠤᠷᠢᠵᠦ ᠬᠦᠳᠡᠯᠮᠦᠷᠢᠯᠡᠬᠦᠯᠬᠦ᠂ ᠵᠠᠬᠢᠷᠤᠨ ᠬᠠᠮᠢᠶᠠᠷᠬᠤ ᠪᠤᠶᠤ ᠤᠯᠤᠰ ᠲᠦᠷᠦ ᠶᠢᠨ ᠡᠷᠭᠡ ᠶᠢ ᠨᠢ ᠬᠠᠰᠣᠬᠤ ᠪᠠᠷ ᠰᠢᠳᠭᠡᠨ᠎ᠡ︔ ᠬᠦᠨᠳᠦ ᠨᠤᠴᠢᠲᠠᠢ ᠣᠷᠰᠢᠭ ᠲᠠᠳᠠᠭᠰᠠᠨ ᠪᠠᠶᠢᠪᠠᠯ᠂ ᠭᠤᠷᠪᠠᠨ ᠵᠢᠯ ᠠᠴᠠ ᠲᠡᠭᠡᠭᠰᠢ ᠲᠤᠯᠤᠭᠠᠨ ᠵᠢᠯ ᠠᠴᠠ ᠲᠤᠭᠤᠭᠰᠢ ᠬᠤᠭᠤᠴᠠᠭ᠎ᠠ  ᠲᠠᠢ ᠬᠤᠷᠢᠬᠤ ᠪᠠᠷ ᠰᠢᠳᠭᠡᠨ᠎ᠡ᠃       ︽ᠭᠠᠵᠠᠷ ᠰᠢᠷᠦᠢ ᠲᠠᠳᠠᠪᠤᠷᠢᠯᠠᠨ ᠬᠡᠷᠡᠭᠯᠡᠬᠦ᠂ ᠡᠵᠡᠯᠡᠨ ᠬᠡᠷᠡᠭᠯᠡᠬᠦ ᠶᠢ ᠬᠠᠤᠯᠢ ᠪᠤᠰᠤ ᠪᠠᠷ ᠵᠦᠪᠰᠢᠶᠡᠷᠡᠭᠰᠡᠨ ᠶᠠᠯ᠎ᠠ︾ ᠲᠦᠷᠦ ᠶᠢᠨ ᠪᠠᠶᠢᠭᠤᠯᠤᠯᠭ᠎ᠠ ᠶᠢᠨ ᠠᠵᠢᠯᠳᠠᠨ ᠬᠤᠪᠢ ᠶᠢᠨ ᠨᠠᠶᠢᠷ ᠢᠶᠠᠷ ᠬᠠᠤᠯᠢ ᠶᠢ ᠵᠦᠷᠢᠴᠡᠵᠦ᠂ ᠭᠠᠵᠠᠷ ᠰᠢᠷᠦᠢ ᠶᠢᠨ ᠬᠠᠮᠢᠶᠠᠷᠤᠯᠳᠠ ᠶᠢᠨ ᠬᠠᠤᠯᠢ ᠲᠤᠭᠳᠠᠭᠠᠯ ᠢ ᠵᠦᠷᠢᠴᠡᠨ ᠡᠷᠭᠡ ᠲᠤᠰᠢᠶᠠᠯ ᠢᠶᠠᠨ ᠲᠤᠷ᠎ᠡ ᠪᠠᠷ ᠢᠶᠠᠨ ᠬᠡᠷᠡᠭᠯᠡᠵᠦ᠂ ᠭᠠᠵᠠᠷ ᠰᠢᠷᠦᠢ ᠲᠠᠳᠠᠪᠤᠷᠢᠯᠠᠨ ᠬᠡᠷᠡᠭᠯᠡᠬᠦ᠂ ᠡᠵᠡᠯᠡᠨ ᠬᠡᠷᠡᠭᠯᠡᠬᠦ ᠶᠢ ᠬᠠᠤᠯᠢ ᠪᠤᠰᠤ ᠪᠠᠷ ᠵᠦᠪᠰᠢᠶᠡᠷᠡᠭᠰᠡᠨ ᠪᠤᠶᠤ ᠤᠯᠤᠰ ᠤᠨ ᠦᠮᠴᠢᠯᠡᠯᠳᠦ ᠭᠠᠵᠠᠷ ᠰᠢᠷᠦᠢ ᠶᠢᠨ ᠬᠡᠷᠡᠭᠯᠡᠬᠦ ᠡᠷᠭᠡ ᠶᠢ ᠬᠠᠤᠯᠢ ᠪᠤᠰᠤ ᠪᠠᠷ ᠲᠤᠤᠷ᠎ᠡ ᠦᠨ᠎ᠡ ᠪᠠᠷ ᠬᠤᠳᠠᠯᠳᠤᠵᠦ᠂ ᠦᠢᠯᠡ ᠪᠠᠶᠢᠳᠠᠯ ᠨᠢ ᠬᠦᠨᠳᠦ ᠪᠠᠶᠢᠪᠠᠯ᠂ ᠭᠤᠷᠪᠠᠨ ᠵᠢᠯ ᠠᠴᠠ ᠲᠤᠭᠤᠭᠰᠢ ᠬᠤᠭᠤᠴᠠᠭ᠎ᠠ ᠲᠠᠢ ᠬᠤᠷᠢᠬᠤ ᠪᠤᠶᠤ ᠬᠤᠷᠢᠵᠦ ᠬᠦᠳᠡᠯᠮᠦᠷᠢᠯᠡᠬᠦᠯᠬᠦ ᠪᠠᠷ ᠰᠢᠳᠭᠡᠨ᠎ᠡ︔ ᠤᠯᠤᠰ ᠤᠷᠤᠨ ᠪᠤᠶᠤ ᠨᠡᠶᠢᠳᠡ ᠶᠢᠨ ᠠᠰᠢᠭ ᠲᠤᠰᠠ ᠳᠤ ᠤᠨᠴᠠ ᠬᠦᠨᠳᠦ ᠬᠤᠬᠢᠷᠠᠯ ᠤᠴᠠᠷᠠᠭᠤᠯᠤᠭᠰᠠᠨ ᠪᠠᠶᠢᠪᠠᠯ᠂ ᠭᠤᠷᠪᠠᠨ ᠵᠢᠯ ᠠᠴᠠ ᠲᠡᠭᠡᠭᠰᠢ ᠲᠤᠯᠤᠭᠠᠨ ᠵᠢᠯ ᠠᠴᠠ ᠲᠤᠭᠤᠭᠰᠢ ᠬᠤᠭᠤᠴᠠᠭ᠎ᠠ ᠲᠠᠢ ᠬᠤᠷᠢᠬᠤ ᠪᠠᠷ ᠰᠢᠳᠭᠡᠨ᠎ᠡ᠃
 
ᠢᠷᠡᠯᠲᠡ᠄ ᠠᠮᠢᠳᠤᠷᠠᠯ ᠭᠠᠷᠠᠭ  ᠤᠨ ᠰᠤᠨᠢᠨ
ᠨᠠᠶᠢᠷᠠᠭᠤᠯᠤᠭᠴᠢ᠄ ᠭᠤᠸᠠᠨ ᠴᠠᠩ ᠰᠢ
ᠣᠷᠴᠢᠭᠤᠯᠤᠭᠴᠢ᠄
   
ᠬᠤᠯᠪᠣᠭᠳᠠᠯ ᠪᠦᠬᠦᠢ ᠠᠭᠤᠯᠭ᠎ᠠ ᠶᠢᠨ ᠭᠠᠷᠴᠠᠭ
 
2014-2016 © ᠬᠠᠷᠢᠯᠴᠠᠬᠤ ᠤᠲᠠᠰᠤ᠄ 0471-6280741 ᠢᠮᠧᠯ᠄ nmgbute@163.com
ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠤᠷᠢᠭᠯᠠᠨ᠎ᠠ᠃
︽ᠬᠡᠷᠡᠭᠯᠡᠭᠡᠨ ᠤ ᠮᠡᠷᠭᠡᠵᠢᠯ ᠤᠨ ᠮᠤᠩᠭᠤᠯ ᠰᠦᠯᠵᠢᠶᠡᠨ ᠤ ᠬᠥᠯᠭᠡ︾ ᠦᠮᠴᠢᠯᠡᠯ ᠲᠠᠢ︕