ᠨᠠᠶᠢᠷᠠᠭᠤᠯᠣᠭᠴᠢ ᠶᠢᠨ ᠪᠠᠶᠠᠴᠢ ᠴᠣᠭᠴᠠ ᠶᠢᠨ ᠪᠠᠶᠢᠷᠢ   ᠰᠠᠭᠤᠷᠢ ᠬᠢᠭᠡᠳ ᠭᠤᠣᠯᠯᠠᠭᠴᠢ ᠦᠢᠯᠡᠳᠦᠯ
ᠵᠣᠬᠢᠶᠠᠭᠴᠢ᠄ 
ᠮ᠊ · ᠲᠣᠬᠳᠠᠬᠤ
ᠲᠤᠰ ᠦᠭᠦᠯᠡᠯ   ᠨᠢ 2011 ᠤᠨ ᠳᠠᠬᠢ ᠦᠪᠦᠷ ᠮᠤᠩᠭᠤᠯ  ᠤᠨ ᠦᠪᠡᠷᠳᠡᠭᠡᠨ ᠵᠠᠰᠠᠬᠤ ᠤᠷᠤᠨ  ᠤ ᠰᠢᠨᠵᠢᠯᠡᠬᠦ   ᠤᠬᠠᠭᠠᠨ ᠮᠡᠷᠭᠡᠵᠢᠯ  ᠤᠨ ᠲᠦᠯᠦᠪᠯᠡᠭᠡ  ᠶᠢᠨ ᠲᠦᠷᠦᠯ ᠵᠦᠢᠯ ᠪᠤᠯᠬᠤ   ︽ᠦᠪᠦᠷ ᠮᠤᠩᠭᠤᠯ  ᠤᠨ ᠦᠪᠡᠷᠳᠡᠭᠡᠨ ᠵᠠᠰᠠᠬᠤ   ᠤᠷᠤᠨ  ᠤ ᠲᠡᠭᠡᠳᠤ ᠲᠠᠰ ᠲᠠᠪᠬᠤᠷᠭᠠᠳᠤ ᠰᠢᠨᠵᠢᠯᠡᠬᠦ ᠤᠬᠠᠭᠠᠨ ᠮᠡᠷᠭᠡᠵᠢᠯ  ᠤᠨ ᠴᠢᠳᠠᠪᠦᠷᠢᠳᠡᠨ  ᠤ ᠭᠠᠳᠠᠭᠠᠳᠤ ᠤᠯᠤᠰ   ᠤᠨ ᠰᠢᠨᠵᠢᠯᠡᠬᠦ ᠤᠬᠠᠭᠠᠨ ᠮᠡᠷᠭᠡᠵᠢᠯ  ᠤᠨ ᠰᠤᠷᠪᠤᠯᠵᠢ ᠪᠢᠴᠢᠭ  ᠢ ᠬᠠᠶᠢᠨ ᠯᠠᠪᠯᠠᠬᠤ ᠦᠢᠯᠡᠴᠢᠯᠡᠭᠡᠨ  ᠤ ᠨᠦᠭᠦᠴᠡᠯ ᠪᠠ   ᠮᠤᠩᠭᠤᠯ ᠬᠡᠯᠡᠨ  ᠤ ᠰᠢᠨᠵᠢᠯᠡᠬᠦ ᠤᠬᠠᠭᠠᠨ ᠮᠡᠷᠭᠡᠵᠢᠯ  ᠤᠨ ᠳ᠋ᠠᠶᠢᠲᠨ ᠬᠦᠮᠦᠷᠭᠡ  ᠶᠢᠨ   ᠪᠠᠶᠢᠭᠤᠯᠤᠯᠳᠠ︾ ︵  ᠵᠦᠪᠰᠢᠶᠡᠷᠡᠭᠰᠡᠨ ᠨᠤᠮᠧᠷ᠄ 20110404︶   ᠭᠡᠬᠦ ᠲᠦᠰᠦᠯ  ᠤᠨ ᠲᠤᠰᠠᠯᠠᠮᠵᠢ ᠲᠠᠢ ᠪᠠᠷ   ᠨᠡᠶᠢᠳᠡᠯᠡᠭᠳᠡᠪᠡ᠃                       ᠨᠠᠶᠢᠷᠠᠭᠤᠯᠣᠭᠴᠢ ᠶᠢᠨ ᠪᠠᠶᠠᠴᠢ ᠴᠣᠭᠴᠠ ᠶᠢᠨ ᠪᠠᠶᠢᠷᠢ                           ᠰᠠᠭᠤᠷᠢ     ᠬᠢᠭᠡᠳ     ᠭᠤᠣᠯᠯᠠᠭᠴᠢ     ᠦᠢᠯᠡᠳᠦᠯ                                                                     ᠮ᠊ · ᠲᠣᠬᠳᠠᠬᠤ        [ ᠠᠭᠤᠯᠭ᠎ᠠ ᠶᠢᠨ ᠲᠣᠪᠴᠢ ]   ᠨᠠᠶᠢᠷᠠᠭᠤᠯᠣᠭᠴᠢ ᠮᠠᠨᠢ ᠨᠠᠶᠢᠷᠠᠭᠤᠯᠬᠤ ᠠᠵᠢᠯᠯᠠᠭᠠᠨ ᠤ ᠲᠣᠮᠳᠠ ᠪᠠᠶᠠᠴᠢ ᠴᠣᠭᠴᠠ ᠶᠢᠨ ᠪᠠᠶᠢᠷᠢ ᠰᠠᠭᠤᠷᠢ ᠶᠢ ᠡᠵᠡᠯᠡᠵᠦ ᠪᠠᠶᠢᠭ᠎ᠠ ᠮᠦᠷᠳᠡᠭᠡᠨ ᠭᠤᠣᠯᠯᠠᠭᠴᠢ ᠦᠢᠯᠡᠳᠦᠯ ᠦᠵᠡᠭᠦᠯᠵᠦ ᠪᠠᠶᠢᠳᠠᠭ᠃ ᠲᠡᠭᠦᠨ ᠤ ᠭᠤᠣᠯᠯᠠᠭᠴᠢ ᠦᠢᠯᠡᠳᠦᠯ ᠨᠢ ᠭᠤᠣᠯᠳᠠᠭᠤ ᠰᠡᠳᠦᠪ ᠣᠬᠠᠭᠠᠯᠠᠨ ᠰᠡᠳᠦᠭᠦ ᠠᠵᠢᠯᠯᠠᠭ᠎ᠠ ᠳᠤ ᠬᠢ ᠰᠢᠯᠢᠳᠡᠭ ᠢ ᠡᠭᠦᠳᠭᠦ ᠦᠢᠯᠡᠳᠦᠯ᠂ ᠬᠢᠨᠠᠨ ᠰᠢᠯᠭᠠᠵᠣ ᠲᠣᠳᠣᠯᠠᠨ ᠲᠣᠭᠳᠠᠭᠠᠬᠤ ᠠᠵᠢᠯᠯᠠᠭ᠎ᠠ ᠳᠤ ᠬᠢ ᠰᠢᠯᠢᠳᠡᠭ ᠢ ᠰᠣᠩᠭᠤᠬᠤ ᠦᠢᠯᠡᠳᠦᠯ ᠬᠢᠭᠡᠳ ᠰᠢᠢᠳᠪᠦᠷᠢᠯᠡᠭᠦ ᠠᠵᠢᠯᠯᠠᠭ᠎ᠠ ᠳᠤ ᠬᠢ ᠰᠢᠯᠢᠳᠡᠭᠵᠢᠭᠦᠯᠭᠦ ᠦᠢᠯᠡᠳᠦᠯ ᠤᠳ ᠲᠤ ᠢᠯᠡᠷᠡᠵᠦ ᠪᠣᠢ᠃ ᠨᠠᠶᠢᠷᠠᠭᠤᠯᠣᠭᠴᠢ ᠶᠢᠨ ᠪᠠᠶᠠᠴᠢ ᠴᠣᠭᠴᠠ ᠶᠢᠨ ᠪᠠᠶᠢᠷᠢ ᠰᠠᠭᠤᠷᠢ ᠪᠠ ᠭᠤᠣᠯᠯᠠᠭᠴᠢ ᠦᠢᠯᠡᠳᠦᠯ ᠨᠢ ᠬᠠᠷᠢᠴᠠᠩᠭᠤᠢ ᠪᠠᠶᠢᠳᠠᠭ ᠲᠣᠯᠠ ᠬᠠᠷᠢᠴᠠᠩᠭᠤᠢ ᠣᠳᠬ᠎ᠠ ᠰᠠᠨᠠᠭᠠᠨ ᠤ ᠲᠠᠯ᠎ᠠ ᠪᠠᠷ ᠣᠶᠢᠯᠠᠭᠠᠪᠠᠯ ᠵᠣᠬᠢᠨ᠎ᠠ᠃        [ ᠵᠠᠩᠭᠢᠯᠠᠭ᠎ᠠ ᠦᠭᠡ ] ᠨᠠᠶᠢᠷᠠᠭᠤᠯᠣᠭᠴᠢ︔ ᠪᠡᠶᠡᠴᠢ ᠴᠣᠭᠴᠠ ᠶᠢᠨ ᠪᠠᠶᠢᠷᠢ ᠰᠠᠭᠤᠷᠢ︔ ᠭᠤᠣᠯᠯᠠᠭᠴᠢ ᠦᠢᠯᠡᠳᠦᠯ         ᠨᠠᠶᠢᠷᠠᠭᠤᠯᠣᠭᠴᠢ ᠶᠢᠨ ᠠᠵᠢᠯᠯᠠᠭ᠎ᠠ ᠪᠣᠯ ᠵᠣᠬᠢᠶᠠᠯ ᠪᠦᠳᠦᠭᠡᠯ ᠳᠤ ᠣᠬᠠᠭᠠᠯᠠᠯ ᠲᠦᠰᠦᠪᠯᠡᠯ ᠪᠠ ᠬᠢᠨᠠᠯᠳᠠ ᠰᠢᠭᠦᠯᠳᠡ ᠬᠢᠵᠦ ᠪᠠᠶᠢᠭᠠᠳ ᠣᠯᠠᠮᠵᠢᠯᠠᠨ ᠲᠡᠯᠭᠡᠷᠡᠭᠦᠯᠵᠦ ᠪᠣᠯᠬᠤ ᠬᠡᠮᠵᠢᠶᠡᠨ ᠳᠤ ᠭᠦᠷᠭᠡᠭᠦ ᠲᠠᠬᠢᠨ ᠡᠭᠦᠳᠦᠯᠳᠡ ᠶᠢᠨ ᠠᠵᠢᠯᠯᠠᠭ᠎ᠠ ᠮᠦᠨ᠃ ᠡᠨᠡ ᠭᠦ ᠠᠵᠢᠯᠯᠠᠭ᠎ᠠ ᠲᠣᠮᠳᠠ ᠬᠠᠷᠢᠯᠴᠠᠨ ᠬᠤᠯᠪᠣᠯᠳᠣᠵᠣ ᠪᠠᠶᠢᠭ᠎ᠠ ᠪᠦᠭᠡᠳ ᠬᠠᠷᠢᠯᠴᠠᠨ ᠦᠢᠯᠡᠳᠦᠯᠴᠠᠵᠣ ᠪᠦᠭᠦᠢ ᠬᠤᠶᠠᠷ ᠲᠠᠯ᠎ᠠ ᠣᠷᠣᠰᠢᠵᠣ ᠪᠠᠶᠢᠳᠠᠭ᠃ ᠨᠢᠭᠡ ᠨᠢ ᠣᠬᠠᠭᠠᠯᠠᠨ ᠲᠦᠰᠦᠪᠯᠡᠭᠦ ᠪᠠ ᠬᠢᠨᠠᠨ ᠰᠢᠭᠦᠭᠦ ᠠᠵᠢᠯᠯᠠᠭ᠎ᠠ ᠶᠢ ᠪᠡᠶᠡᠯᠡᠭᠦᠯᠦᠭᠴᠢ ᠪᠣᠯᠣᠨ᠎ᠠ᠃ ᠡᠨᠡ ᠨᠢ ᠨᠠᠶᠢᠷᠠᠭᠤᠯᠬᠤ ᠠᠵᠢᠯᠯᠠᠭ᠎ᠠ ᠶᠢᠨ ᠪᠡᠶᠡᠴᠢ ᠴᠣᠭᠴᠠ ᠪᠣᠯᠬᠤ ᠪᠦᠭᠡᠳ ᠨᠠᠶᠢᠷᠠᠭᠤᠯᠬᠤᠢ ᠪᠡᠶᠡᠴᠢ ᠴᠣᠭᠴᠠ ᠬᠡᠵᠦ ᠨᠠᠷᠠᠶᠢᠳᠴᠦ ᠪᠣᠯᠬᠤ ᠶᠣᠮ᠂ ᠨᠦᠭᠦᠭᠡ ᠨᠢ ᠣᠬᠠᠭᠠᠯᠠᠨ ᠲᠦᠰᠦᠪᠯᠡᠭᠦ ᠪᠠ ᠬᠢᠨᠠᠨ ᠰᠢᠭᠦᠭᠦ ᠠᠵᠢᠯᠯᠠᠭ᠎ᠠ ᠶᠢᠨ ᠪᠣᠰᠣᠳᠴᠢ ᠴᠣᠭᠴᠠ ᠪᠣᠯᠬᠤ ᠪᠦᠭᠡᠳ ᠨᠠᠶᠢᠷᠠᠭᠤᠯᠬᠤᠢ ᠪᠣᠰᠣᠳᠴᠢ ᠴᠣᠭᠴᠠ ᠬᠡᠵᠦ ᠨᠡᠷᠡᠶᠢᠳᠴᠦ ᠪᠣᠯᠳᠠᠭ᠃ ᠨᠠᠶᠢᠷᠠᠭᠤᠯᠬᠤ ᠠᠵᠢᠯᠯᠠᠭ᠎ᠠ ᠶᠢᠨ ᠲᠣᠮᠳᠠ᠂ ᠣᠬᠠᠭᠠᠯᠠᠨ ᠲᠦᠰᠦᠪᠯᠡᠭᠦ ᠪᠠ ᠬᠢᠨᠠᠨ ᠰᠢᠭᠦᠭᠦ ᠮᠡᠳᠦ ᠶᠢᠨ ᠠᠬᠢᠨ ᠪᠦᠳᠦᠭᠡᠭᠦ ᠠᠵᠢᠯᠯᠠᠭ᠎ᠠ ᠶᠢ ᠡᠷᠭᠢᠯᠡᠵᠦ ᠪᠦᠭᠦᠢ ᠨᠠᠶᠢᠷᠠᠭᠤᠯᠬᠤᠢ ᠪᠡᠶᠡᠴᠢ ᠴᠣᠭᠴᠠ ᠪᠣᠯ ᠨᠠᠶᠢᠷᠠᠭᠤᠯᠣᠭᠴᠢ ᠮᠦᠨ᠃ ᠡᠨᠡ ᠮᠡᠳᠦ ᠶᠢᠨ ᠠᠵᠢᠯᠯᠠᠭ᠎ᠠ ᠶᠢ ᠭᠦᠯᠢᠶᠡᠵᠦ ᠪᠦᠭᠦᠢ ᠨᠠᠶᠢᠷᠠᠭᠤᠯᠬᠤᠢ ᠪᠣᠰᠣᠳᠴᠢ ᠴᠣᠭᠴᠠ ᠶᠢ ᠵᠣᠬᠢᠶᠠᠯ ᠪᠦᠳᠦᠭᠡᠯ ︵ᠵᠣᠬᠢᠶᠠᠭᠴᠢ ᠶᠢ ᠪᠠᠭᠳᠠᠭᠠᠳᠠᠭ︶ ᠪᠣᠯᠣᠨ᠎ᠠ᠃ ᠨᠠᠶᠢᠷᠠᠭᠤᠯᠣᠭᠴᠢ ᠮᠠᠨᠢ ᠨᠠᠶᠢᠷᠠᠭᠤᠯᠬᠤ ᠠᠵᠢᠯᠯᠠᠭ᠎ᠠ ᠲᠣᠮᠳᠠ ᠪᠡᠶᠡᠴᠢ ᠴᠣᠭᠴᠠ ᠶᠢᠨ ᠪᠠᠶᠢᠷᠢ ᠰᠠᠭᠤᠷᠢ ᠳᠤ ᠪᠠᠶᠢᠭ᠎ᠠ ᠪᠦᠭᠡᠳ ᠭᠤᠣᠯᠯᠠᠭᠴᠢ ᠦᠢᠯᠡᠳᠦᠯ ᠦᠵᠡᠭᠦᠯᠵᠦ ᠪᠠᠶᠢᠬᠤ ᠶᠣᠮ᠃         ᠨᠢᠭᠡ᠂ ᠨᠠᠶᠢᠷᠠᠭᠤᠯᠬᠤᠢ ᠪᠡᠶᠡᠴᠢ ᠴᠣᠭᠴᠠ ᠶᠢᠨ ᠪᠠᠶᠢᠷᠢ ᠰᠠᠭᠤᠷᠢ ᠬᠢᠭᠡᠳ ᠨᠠᠶᠢᠷᠠᠭᠤᠯᠣᠭᠴᠢ ᠶᠢᠨ ᠨᠠᠶᠢᠷᠠᠭᠤᠯᠬᠤ ᠠᠵᠢᠯᠯᠠᠭ᠎ᠠ  ᠳᠠᠬᠢ ᠭᠤᠣᠯᠯᠠᠭᠴᠢ ᠦᠢᠯᠡᠳᠦᠯ         ︽ᠨᠠᠶᠢᠷᠠᠭᠤᠯᠬᠤ ᠪᠣᠶᠣ ᠨᠠᠶᠢᠷᠠᠭᠤᠯᠬᠤᠢ︾ ᠬᠡᠳᠡᠭ ᠨᠢ ᠨᠠᠶᠢᠷᠠᠭᠤᠯᠬᠤ ᠠᠵᠢᠯᠯᠠᠭ᠎ᠠ ᠶᠢ ᠬᠡᠯᠡᠵᠦ ᠪᠣᠢ᠃ ᠨᠠᠶᠢᠷᠠᠭᠤᠯᠬᠤ ᠠᠵᠢᠯᠯᠠᠭ᠎ᠠ ᠶᠢ ᠭᠤᠣᠯ ᠨᠢ ᠨᠠᠶᠢᠷᠠᠭᠤᠯᠣᠭᠴᠢᠳ ᠭᠦᠢᠴᠡᠳᠭᠡᠵᠦ ᠪᠠᠶᠢᠳᠠᠭ᠃ ᠨᠠᠶᠢᠷᠠᠭᠤᠯᠬᠤᠢ ᠪᠠᠶᠠᠴᠢ ᠴᠣᠭᠴᠠ ᠬᠡᠵᠦ ᠬᠡᠯᠡᠳᠡᠭ ᠨᠠᠶᠢᠷᠠᠭᠤᠯᠣᠭᠴᠢ ᠨᠢ ᠨᠠᠶᠢᠷᠠᠭᠤᠯᠬᠤ ᠠᠵᠢᠯᠯᠠᠭ᠎ᠠ ᠶᠢ ᠡᠷᠭᠢᠯᠡᠵᠦ ᠪᠠᠶᠢᠭ᠎ᠠ ᠭᠦᠮᠦᠰ ᠢ ᠵᠢᠭᠠᠵᠣ ᠪᠠᠶᠢᠭ᠎ᠠ ᠶᠣᠮ᠃ ᠲᠡᠷᠡᠴᠢᠯᠡᠨ ᠲᠡᠳᠡ ᠮᠦᠨ ᠵᠣᠬᠢᠬᠤ ᠬᠡᠮᠵᠢᠶᠡᠨ ᠤ ᠲᠣᠰᠬᠠᠢ ᠮᠡᠷᠭᠡᠵᠢᠯ ᠤᠨ ᠮᠡᠳᠡᠯᠭᠡ ᠪᠣᠯᠣᠨ ᠨᠠᠶᠢᠷᠠᠭᠤᠯᠬᠤ ᠣᠷ᠎ᠠ ᠴᠢᠳᠠᠪᠣᠷᠢ ᠲᠠᠢ ᠨᠠᠶᠢᠷᠠᠭᠤᠯᠬᠤ ᠠᠵᠢᠯᠯᠠᠭ᠎ᠠ ᠶᠢ ᠡᠷᠭᠢᠯᠡᠵᠦ ᠪᠦᠭᠦᠢ ᠭᠦᠮᠦᠰ ᠪᠣᠯᠬᠤ ᠶᠣᠮ᠃ ᠡᠭᠦᠨ ᠠᠴᠠ ᠮᠡᠳᠡᠵᠦ ᠪᠣᠯᠬᠤ ᠨᠢ ᠨᠠᠶᠢᠷᠠᠭᠤᠯᠣᠭᠴᠢ ᠨᠢ ᠨᠠᠶᠢᠷᠠᠭᠤᠯᠬᠤ ᠠᠵᠢᠯᠯᠠᠭ᠎ᠠ ᠶᠢᠨ ᠪᠡᠶᠡᠴᠢ ᠴᠣᠭᠴᠠ ᠶᠢᠨ ᠬᠤᠪᠢ ᠳᠤ ᠬᠤᠶᠠᠷ ᠵᠦᠢᠯ ᠤᠨ ᠲᠣᠭᠳᠠᠭᠠᠮᠵᠢ ᠴᠢᠨᠠᠷᠳᠠᠢ ᠪᠠᠶᠢᠳᠠᠭ ᠶᠣᠮ᠄ ᠨᠢᠭᠡ ᠳᠤ᠂ ᠵᠣᠬᠢᠬᠤ ᠬᠡᠮᠵᠢᠶᠡᠨ ᠤ ᠲᠣᠰᠬᠠᠢ ᠮᠡᠷᠭᠡᠵᠢᠯ ᠤᠨ ᠮᠡᠳᠡᠯᠭᠡ ᠮᠡᠳᠡᠴᠡ ᠲᠠᠢ ᠪᠦᠭᠡᠳ ᠨᠠᠶᠢᠷᠠᠭᠤᠯᠬᠤ ᠣᠷ᠎ᠠ ᠴᠢᠳᠠᠪᠣᠷᠢ ᠲᠠᠢ ᠪᠠᠶᠢᠬᠤ ; ᠬᠤᠶᠠᠷ ᠲᠤ᠂ ᠨᠠᠶᠢᠷᠠᠭᠤᠯᠬᠤ ᠠᠵᠢᠯᠯᠭ᠎ᠠ ᠬᠢᠵᠦ ᠪᠠᠶᠢᠬᠤ ᠬᠡᠷᠡᠭᠳᠡᠢ᠃ ᠡᠭᠦᠨ ᠤ ᠲᠣᠳᠣᠷᠠᠭᠢ ᠲᠦᠷᠦᠭᠦᠦ ᠨᠢᠭᠡ ᠲᠣᠭᠳᠠᠭᠠᠮᠵᠢ ᠴᠢᠨᠠᠷ ᠪᠣᠯ ᠴᠢᠬᠤᠯᠠ ᠨᠦᠭᠦᠴᠡᠯ ᠪᠣᠯᠣᠨ᠎ᠠ᠃ ᠬᠤᠶᠠᠳᠠᠭᠢ ᠲᠣᠭᠳᠠᠭᠠᠮᠵᠢ ᠴᠢᠨᠠᠷ ᠪᠣᠯ ᠭᠦᠢᠴᠡᠮᠵᠢ ᠨᠦᠭᠦᠴᠡᠯ ᠪᠣᠯᠬᠤ ᠶᠣᠮ᠃ ᠶᠠᠭᠤᠨ ᠳᠤ ᠬᠡᠪᠡᠯ᠂ ᠵᠣᠬᠢᠬᠤ ᠬᠡᠮᠵᠢᠶᠡᠨ ᠤ ᠮᠡᠳᠡᠯᠭᠡ ᠪᠠ ᠣᠷ᠎ᠠ ᠴᠢᠳᠠᠪᠣᠷᠢ ᠦᠭᠡᠢ ᠪᠣᠯ ᠨᠠᠶᠢᠷᠠᠭᠤᠯᠬᠤ ᠠᠵᠢᠯᠯᠠᠭᠠᠨ ᠢ ᠭᠦᠢᠴᠡᠳᠭᠡᠵᠦ ᠲᠡᠶᠢᠯᠭᠦ ᠦᠭᠡᠢ ᠶᠣᠮ᠃ ᠬᠡᠪᠡᠴᠦ ᠵᠦᠪᠭᠡᠨ ᠡᠶᠢᠮᠦᠷᠭᠦᠦ ᠨᠦᠭᠦᠴᠡᠯ ᠲᠠᠢ ᠪᠠᠶᠢᠵᠣ᠂ ᠬᠠᠷᠢᠨ ᠨᠠᠶᠢᠷᠠᠭᠤᠯᠬᠤ ᠠᠵᠢᠯᠯᠠᠭᠠᠨ ᠢ ᠡᠰᠡ ᠭᠦᠢᠴᠡᠳᠭᠡᠵᠦ᠂ ᠲᠡᠷᠡᠴᠢᠯᠡᠨ ᠨᠠᠶᠢᠷᠠᠭᠤᠯᠬᠤ ᠪᠡᠶᠡᠴᠢ ᠴᠣᠭᠴᠠ ᠠᠴᠠ ᠨᠠᠶᠢᠷᠠᠭᠤᠯᠬᠤ ᠪᠣᠰᠣᠳᠴᠢ ᠴᠣᠭᠴᠠ ᠳᠤ ᠦᠵᠡᠭᠦᠯᠳᠡᠭ ᠦᠢᠯᠡᠳᠦᠯ ᠢ ᠪᠡᠶᠡᠯᠡᠭᠦᠯᠵᠦ ᠪᠠᠶᠢᠳᠠᠭ ᠦᠭᠡᠢ ᠶᠣᠮ ᠪᠣᠯ᠂ ᠮᠦᠨ ᠨᠠᠶᠢᠷᠠᠭᠤᠯᠬᠤ ᠪᠡᠶᠡᠴᠢ ᠴᠣᠭᠴᠠ ᠪᠣᠯᠵᠣ ᠲᠠᠶᠢᠯᠭᠦ ᠦᠭᠡᠢ ᠶᠣᠮ᠃         ᠨᠠᠶᠢᠷᠠᠭᠤᠯᠬᠤᠢ ᠪᠣᠰᠣᠳᠴᠢ ᠴᠣᠭᠴᠠ ᠳᠤ ᠬᠤᠶᠠᠷ ᠲᠦᠷᠦᠯ ᠪᠠᠭᠳᠠᠭᠳᠠᠵᠣ ᠪᠣᠢ᠄ ᠨᠢᠭᠡ ᠨᠢ ᠨᠠᠶᠢᠷᠠᠭᠤᠯᠬᠤ ᠠᠵᠢᠯᠯᠠᠭ᠎ᠠ ᠳᠤ ᠰᠢᠭᠤᠳ ᠣᠷᠣᠯᠴᠠᠵᠣ ᠨᠠᠶᠢᠷᠠᠭᠤᠯᠬᠤ ᠪᠠᠶᠠᠴᠢ ᠴᠣᠭᠴᠠ ᠶᠢᠨ ᠦᠢᠯᠡᠳᠦᠯ ᠢ ᠭᠦᠯᠢᠶᠡᠭᠰᠡᠳ ︵ᠵᠣᠬᠢᠶᠠᠯ ᠪᠦᠳᠦᠭᠡᠯ︶ ᠪᠢᠯᠡ᠂ ᠲᠡᠷᠡ ᠨᠢ ᠰᠢᠭᠤᠳ ᠣᠷᠣᠯᠴᠠᠭ᠎ᠠ ᠲᠠᠢ ᠨᠠᠶᠢᠷᠠᠭᠤᠯᠬᠤᠢ ᠪᠣᠰᠣᠳᠴᠢ ᠴᠣᠭᠴᠠ ᠪᠣᠯᠣᠨ᠎ᠠ᠃ ᠨᠦᠭᠦᠭᠡ ᠨᠢ ᠨᠠᠶᠢᠷᠠᠭᠤᠯᠬᠤ ᠠᠵᠢᠯᠯᠠᠭ᠎ᠠ ᠳᠤ ᠰᠢᠭᠤᠳ ᠣᠷᠣᠯᠴᠠᠵᠣ ᠨᠠᠶᠢᠷᠠᠭᠤᠯᠬᠤᠢ ᠪᠡᠶᠡᠴᠢ ᠴᠣᠭᠴᠠ ᠶᠢᠨ ᠦᠢᠯᠡᠳᠦᠯ ᠢ ᠡᠰᠡ ᠭᠦᠯᠢᠶᠡᠳᠡᠭ ᠪᠠᠶᠢᠵᠣ ᠮᠡᠳᠡᠭᠦ ᠪᠣᠯᠪᠠᠴᠦ ᠲᠡᠷᠡ ᠭᠦ ᠦᠢᠯᠡᠳᠦᠯ ᠢ ᠲᠠᠮ ᠢᠶᠠᠷ ᠭᠦᠯᠢᠶᠡᠭᠰᠡᠳ ︵ᠵᠣᠬᠢᠶᠠᠯ ᠪᠦᠳᠦᠭᠡᠯ ᠤᠨ ᠵᠣᠬᠢᠶᠠᠭᠴᠢ︶ ᠪᠣᠯᠣᠨ᠎ᠠ᠃ ᠲᠡᠷᠡ ᠨᠢ ᠲᠠᠮ ᠣᠷᠣᠯᠴᠠᠭ᠎ᠠ ᠪᠦᠭᠦᠢ ᠨᠠᠶᠢᠷᠠᠭᠤᠯᠬᠤᠢ ᠪᠣᠰᠣᠳᠴᠢ ᠴᠣᠭᠴᠠ ᠶᠣᠮ᠃ ᠵᠣᠬᠢᠶᠠᠭᠴᠢ ᠪᠣᠯ ᠵᠣᠬᠢᠶᠠᠯ ᠪᠦᠳᠦᠭᠡᠯ ᠤᠨ ᠲᠠᠭᠠᠭᠠᠴᠢᠯᠠᠭᠴᠢ ᠮᠦᠨ᠃ ᠵᠣᠬᠢᠶᠠᠯ ᠪᠦᠳᠦᠭᠡᠯ ᠪᠣᠯ ᠵᠣᠬᠢᠶᠠᠭᠴᠢ ᠶᠢ ᠲᠦᠯᠦᠭᠡᠯᠡᠨ ᠨᠠᠶᠢᠷᠠᠭᠤᠯᠬᠤ ᠠᠵᠢᠯᠯᠠᠭ᠎ᠠ ᠳᠤ ᠣᠷᠣᠯᠴᠠᠵᠣ ᠪᠦᠭᠦᠢ ᠨᠠᠶᠢᠷᠠᠭᠤᠯᠬᠤᠢ ᠪᠡᠶᠡᠴᠢ ᠴᠣᠭᠴᠠ ᠶᠢᠨ ᠦᠢᠯᠡᠳᠦᠯ ᠢ ᠭᠦᠯᠢᠶᠡᠵᠦ ᠪᠠᠶᠢᠳᠠᠭ᠃ ᠨᠠᠶᠢᠷᠠᠭᠤᠯᠬᠤᠢ ᠪᠡᠶᠡᠴᠢ ᠴᠣᠭᠴᠠ ᠶᠢᠨ ᠵᠣᠬᠢᠶᠠᠯ ᠪᠦᠳᠦᠭᠡᠯ ᠯᠤᠭ᠎ᠠ ᠶᠢᠨ ᠬᠠᠷᠢᠴᠠᠭ᠎ᠠ ᠬᠤᠯᠪᠣᠭ᠎ᠠ ᠨᠢ᠂ ᠬᠡᠷᠡᠭ ᠲᠡᠭᠡᠷ᠎ᠡ ᠪᠠᠨ ᠲᠠᠮ ᠢᠶᠠᠷ ᠵᠣᠬᠢᠶᠠᠭᠴᠢ ᠯᠤᠭ᠎ᠠ ᠡᠭᠦᠰᠴᠦ ᠪᠠᠶᠢᠭ᠎ᠠ ᠬᠠᠷᠢᠴᠠᠭ᠎ᠠ ᠪᠣᠯᠬᠤ ᠶᠣᠮ᠃ ᠨᠠᠶᠢᠷᠠᠭᠤᠯᠬᠤᠢ ᠪᠡᠶᠡᠴᠢ ᠴᠣᠭᠴᠠ ᠠᠴᠠ ᠵᠣᠬᠢᠶᠠᠯ ᠪᠦᠳᠦᠭᠡᠯ ᠳᠤ ᠦᠵᠡᠭᠦᠯᠭᠦ ᠦᠢᠯᠡᠳᠦᠯ ᠨᠢ ᠮᠦᠨ ᠴᠢᠨᠠᠷ ᠲᠡᠭᠡᠷ᠎ᠡ ᠪᠠᠨ ᠲᠠᠮ ᠢᠶᠠᠷ ᠵᠣᠬᠢᠶᠠᠭᠴᠢ ᠳᠤ ᠦᠵᠡᠭᠦᠯᠵᠦ ᠪᠠᠶᠢᠭ᠎ᠠ ᠦᠢᠯᠡᠳᠦᠯ ᠪᠣᠯᠬᠤ ᠠᠵᠢ᠃ ᠵᠣᠬᠢᠶᠠᠯ ᠪᠦᠳᠦᠭᠡᠯ ᠨᠢ ᠨᠠᠶᠢᠷᠠᠭᠤᠯᠬᠤ ᠣᠬᠠᠭᠠᠨ ᠤ ᠦᠨᠳᠦᠰᠦᠨ ᠣᠬᠠᠭᠳᠠᠬᠤᠨ ᠪᠣᠯᠣᠭᠰᠠᠨ ᠤ ᠬᠤᠪᠢ ᠳᠤ᠂ ᠲᠡᠳᠡᠭᠡᠷ ᠭᠦᠴᠦ ᠭᠦᠳᠡᠯᠮᠦᠷᠢ ᠵᠠᠷᠣᠴᠠᠭᠤᠯᠣᠨ ᠪᠦᠳᠦᠭᠡᠭᠰᠡᠨ ᠮᠦᠷᠳᠡᠭᠡᠨ ᠨᠠᠶᠢᠷᠠᠭᠤᠯᠬᠤ ᠠᠵᠢᠯᠯᠠᠭ᠎ᠠ ᠳᠤ ᠣᠷᠣᠯᠴᠠᠭᠤᠯᠵᠣ ᠨᠠᠶᠢᠷᠠᠭᠤᠯᠬᠤ ᠪᠡᠶᠡᠴᠢ ᠴᠣᠭᠴᠠ ᠶᠢᠨ ᠬᠢᠨᠠᠯᠳᠠ ᠵᠠᠰᠠᠯᠳᠠ ᠶᠢ ᠭᠦᠯᠢᠶᠡᠯᠭᠡᠭᠦ ᠪᠠᠷ ᠪᠡᠯᠡᠳᠭᠡᠭᠰᠡᠨ ᠲᠠᠷᠡᠴᠢᠯᠡᠨ ᠣᠯᠠᠮᠵᠢᠯᠠᠨ ᠲᠡᠯᠭᠡᠷᠡᠭᠦᠯᠭᠦ ᠶᠢ ᠡᠷᠡᠮᠠᠯᠵᠠᠯᠠᠵᠣ ᠪᠣᠢ ᠰᠣᠶᠣᠯ ᠤᠨ ᠪᠦᠳᠦᠭᠡᠭᠳᠡᠭᠦᠨ ᠢ ᠣᠨᠴᠠᠯᠠᠨ ᠵᠢᠭᠠᠵᠣ ᠪᠠᠶᠢᠭ᠎ᠠ ᠶᠣᠮ᠃ ᠲᠡᠭᠦᠨ ᠤ ᠢᠯᠡᠷᠡᠯ ᠬᠡᠯᠪᠡᠷᠢ ᠳᠤ ᠦᠰᠦᠭ ᠪᠢᠴᠢᠭ ᠤᠨ ᠪᠦᠳᠦᠭᠡᠯ᠂ ᠣᠷᠠᠨ ᠵᠢᠷᠤᠭ ᠤᠨ ᠪᠦᠳᠦᠭᠡᠯ᠂ ᠲᠠᠭᠤᠣ ᠭᠦᠭᠵᠢᠮ ᠤᠨ ᠪᠦᠳᠦᠭᠡᠯ᠂ ᠬᠡᠷᠡᠯ ᠵᠢᠷᠤᠭ ᠰᠡᠭᠦᠳᠡᠷᠯᠡᠭᠰᠡᠨ ᠪᠦᠳᠦᠭᠡᠯ᠂ ᠲᠠᠭᠤᠣ ᠲᠦᠷᠰᠦᠳᠦ ᠪᠦᠳᠦᠭᠡᠯ᠂ ᠺᠢᠨᠣ᠋ ᠲᠧᠯᠸᠢᠰ ᠤᠨ ᠪᠦᠳᠦᠭᠡᠯ ᠵᠡᠷᠭᠡ ᠪᠠᠭᠳᠠᠨ᠎ᠠ᠃ ᠬᠡᠯᠡᠯᠭᠡᠨ ᠦᠭᠡᠢ᠂ ᠵᠣᠬᠢᠶᠠᠯ ᠪᠦᠳᠦᠭᠡᠯ ᠤᠨ ᠵᠣᠬᠢᠶᠠᠭᠴᠢ ᠨᠢ ᠰᠢᠭᠤᠳ ᠨᠠᠶᠢᠷᠠᠭᠤᠯᠬᠤᠢ ᠪᠣᠰᠣᠳᠴᠢ ᠴᠣᠭᠴᠠ ᠪᠣᠯᠣᠨ ᠲᠠᠮ ᠨᠠᠶᠢᠷᠠᠭᠤᠯᠬᠤᠢ ᠪᠣᠰᠣᠳᠴᠢ ᠴᠣᠭᠴᠠ ᠪᠣᠯᠣᠭᠰᠠᠨ ᠤ ᠬᠤᠪᠢ ᠳᠤ᠂ ᠵᠠᠷᠢᠮ ᠳᠤ ᠪᠠᠨ ᠣᠷᠣᠨ ᠪᠠᠶᠢᠷᠢ ᠶᠢᠨ ᠬᠤᠪᠢᠷᠠᠯᠳᠠ ᠴᠣ᠋ ᠭᠠᠷᠳᠠᠭ᠃ ᠨᠠᠶᠢᠷᠠᠭᠤᠯᠬᠤᠢ ᠪᠡᠶᠡᠴᠢ ᠴᠣᠭᠴᠠ ᠠᠴᠠ ᠣᠬᠠᠭᠠᠯᠠᠨ ᠲᠦᠰᠦᠪᠯᠡᠭᠦ ᠠᠵᠢᠯᠯᠠᠭ᠎ᠠ ᠡᠷᠭᠢᠯᠡᠭᠦ ᠦᠶ᠎ᠡ ᠳᠤ᠂ ᠵᠣᠬᠢᠶᠠᠭᠴᠢ ᠨᠢ ᠲᠡᠭᠦᠨ ᠤ ᠵᠣᠬᠢᠶᠠᠯ ᠪᠦᠳᠦᠭᠡᠯ ᠠᠴᠠ ᠪᠠᠨ ᠣᠷᠢᠳ ᠢᠶᠠᠷ ᠨᠠᠶᠢᠷᠠᠭᠤᠯᠬᠤ ᠠᠵᠢᠯᠯᠠᠭ᠎ᠠ ᠳᠤ ᠰᠢᠭᠤᠳ ᠣᠷᠣᠯᠴᠠᠳᠠᠭ ᠪᠠᠶᠢᠨ᠎ᠠ᠃ ᠨᠠᠶᠢᠷᠠᠭᠤᠯᠬᠤᠢ ᠪᠡᠶᠡᠴᠢ ᠴᠣᠭᠴᠠ ᠠᠴᠠ ᠵᠣᠬᠢᠶᠠᠭᠴᠢ ᠯᠤᠭ᠎ᠠ ᠵᠣᠬᠢᠶᠠᠯ ᠪᠦᠳᠦᠭᠡᠯ ᠤᠨ ᠬᠢᠷᠢ ᠬᠡᠮᠵᠢᠶ᠎ᠡ ᠶᠢ ᠲᠡᠭᠡᠭᠰᠢᠯᠡᠭᠦᠯᠭᠦ ᠲᠣᠬᠠᠢ ᠵᠦᠪᠯᠡᠯᠳᠦᠵᠦ᠂ ᠵᠣᠬᠢᠶᠠᠯ ᠪᠦᠳᠦᠭᠡᠯ ᠳᠤ ᠵᠠᠰᠠᠯᠳᠠ ᠣᠷᠣᠭᠤᠯᠬᠤ ᠦᠶ᠎ᠡ ᠳᠤ᠂ ᠨᠠᠶᠢᠷᠠᠭᠤᠯᠬᠤᠢ ᠪᠡᠶᠡᠴᠢ ᠴᠣᠭᠴᠠ ᠶᠢᠨ ᠦᠢᠯᠡᠳᠦᠯ ᠨᠢ ᠴᠣ᠋ ᠰᠢᠭᠤᠳ ᠢᠶᠠᠷ ᠵᠣᠬᠢᠶᠠᠭᠴᠢ ᠳᠤ ᠦᠷᠳᠡᠭ ᠪᠦᠭᠡᠳ ᠵᠣᠬᠢᠶᠠᠭᠴᠢ ᠪᠠᠷ ᠲᠠᠮᠵᠢᠨ ᠵᠣᠬᠢᠶᠠᠯ ᠪᠦᠳᠦᠭᠡᠯ ᠳᠤ ᠨᠢ ᠨᠡᠪᠳᠡᠷᠡᠭᠰᠡᠨ ᠪᠠᠶᠢᠳᠠᠭ᠃         ᠨᠠᠶᠢᠷᠠᠭᠤᠯᠬᠤᠢ ᠪᠡᠶᠡᠴᠢ ᠴᠣᠭᠴᠠ ᠬᠢᠭᠡᠳ ᠨᠠᠶᠢᠷᠠᠭᠤᠯᠬᠤᠢ ᠪᠣᠰᠣᠳᠴᠢ ᠴᠣᠭᠴᠠ ᠨᠢ ᠨᠢᠭᠡᠨ ᠵᠦᠷᠢᠴᠡᠯᠳᠦ ᠪᠡᠶ᠎ᠡ ᠪᠠᠷ ᠣᠷᠣᠰᠢᠳᠠᠭ ᠤᠨ ᠬᠤᠪᠢ ᠳᠤ᠂ ᠬᠠᠷᠢᠯᠴᠠᠨ ᠬᠤᠯᠪᠣᠯᠴᠠᠵᠣ ᠬᠠᠷᠢᠯᠴᠠᠨ ᠦᠢᠯᠡᠳᠦᠯᠴᠡᠵᠦ ᠨᠠᠶᠢᠷᠠᠭᠤᠯᠬᠤ ᠠᠵᠢᠯᠯᠠᠭ᠎ᠠ ᠶᠢᠨ ᠶᠠᠪᠣᠭᠳᠠᠬᠤ ᠶᠢ ᠲᠦᠯᠭᠢᠴᠡᠵᠦ ᠪᠠᠶᠢᠭ᠎ᠠ ᠶᠣᠮ᠃ ᠨᠠᠶᠢᠷᠠᠭᠤᠯᠬᠤᠢ ᠪᠡᠶᠡᠴᠢ ᠴᠣᠭᠴᠠ ᠬᠢᠭᠡᠳ ᠨᠠᠶᠢᠷᠠᠭᠤᠯᠬᠤᠢ ᠪᠣᠰᠣᠳᠴᠢ ᠴᠣᠭᠴᠠ ᠶᠢᠨ ᠵᠦᠷᠢᠴᠡᠯ ᠨᠢ ᠨᠠᠶᠢᠷᠠᠭᠤᠯᠬᠤ ᠠᠵᠢᠯᠯᠠᠭ᠎ᠠ ᠶᠢᠨ ᠵᠦᠷᠢᠴᠡᠯᠳᠦ ᠰᠢᠰᠲ᠋ᠧᠮ ᠳᠤ ᠬᠢ ᠦᠨᠳᠦᠰᠦᠨ ᠵᠦᠷᠢᠴᠡᠯ ᠪᠣᠯᠣᠨ᠎ᠠ᠃ ᠡᠨᠡ ᠭᠦ ᠵᠦᠷᠢᠴᠡᠯ ᠤᠨ ᠰᠢᠨᠵᠢ ᠴᠢᠨᠠᠷ ᠪᠣᠯᠣᠨ ᠪᠠᠶᠢᠳᠠᠯ ᠨᠢ ᠪᠣᠰᠣᠳ ᠵᠦᠷᠢᠴᠡᠯ ᠤᠨ ᠭᠦᠭᠵᠢᠯᠳᠡ ᠶᠢ ᠰᠢᠢᠳᠪᠣᠷᠢᠯᠡᠵᠦ᠂ ᠨᠠᠶᠢᠷᠠᠭᠤᠯᠬᠤ ᠠᠵᠢᠯᠯᠠᠭ᠎ᠠ ᠶᠢᠨ ᠬᠢᠷᠢ ᠬᠡᠮᠵᠢᠶ᠎ᠡ ᠪᠣᠯᠣᠨ ᠬᠠᠨᠳᠣᠯᠭ᠎ᠠ ᠴᠢᠭᠯᠡᠯ ᠢ ᠲᠣᠭᠳᠠᠭᠠᠵᠣ ᠪᠠᠶᠢᠳᠠᠭ᠃ ᠨᠠᠶᠢᠷᠠᠭᠤᠯᠬᠤᠢ ᠪᠡᠶᠡᠴᠢ ᠴᠣᠭᠴᠠ ᠪᠣᠯᠣᠨ ᠨᠠᠶᠢᠷᠠᠭᠤᠯᠬᠤᠢ ᠪᠣᠰᠣᠳᠴᠢ ᠴᠣᠭᠴᠠ ᠬᠤᠶᠠᠷ ᠤᠨ ᠵᠦᠷᠢᠴᠡᠯ ᠲᠣᠮᠳᠠ᠂ ᠡᠩ ᠤᠨ ᠪᠠᠶᠢᠳᠠᠯ ᠳᠤ ᠨᠠᠶᠢᠷᠠᠭᠤᠯᠣᠭᠴᠢ ᠨᠢ ᠭᠤᠣᠯ ᠪᠠᠶᠢᠷᠢ ᠶᠢ ᠡᠵᠡᠯᠡᠵᠦ᠂ ᠭᠤᠣᠯᠯᠠᠬᠤ ᠦᠢᠯᠡᠳᠦᠯ ᠦᠵᠡᠭᠦᠯᠵᠦ ᠪᠠᠶᠢᠳᠠᠭ᠃         ᠨᠠᠶᠢᠷᠠᠭᠤᠯᠬᠤᠢ ᠪᠡᠶᠡᠴᠢ ᠴᠣᠭᠴᠠ ᠶᠢᠨ ᠪᠠᠶᠢᠷᠢ ᠰᠠᠭᠤᠷᠢ ᠪᠠ ᠭᠤᠣᠯᠯᠠᠬᠤ ᠦᠢᠯᠡᠳᠦᠯ ᠨᠢ ᠨᠠᠶᠢᠷᠠᠭᠤᠯᠬᠤ ᠠᠵᠢᠯᠯᠠᠭ᠎ᠠ ᠪᠣᠯᠣᠨ ᠨᠠᠶᠢᠷᠠᠭᠤᠯᠬᠤ ᠶᠠᠪᠣᠴᠠ ᠳᠤ ᠬᠢ ᠵᠠᠩᠭᠢᠯᠠᠭ᠎ᠠ ᠪᠦᠷᠢ ᠳᠤ ᠲᠠᠯ᠎ᠠ ᠪᠦᠭᠦᠨ ᠳᠤ ᠢᠯᠡᠷᠡᠳᠡᠭ ᠶᠣᠮ᠃         ᠨᠢᠭᠡᠳᠦᠭᠡᠷ ᠲᠤ ᠨᠠᠶᠢᠷᠠᠭᠤᠯᠣᠭᠴᠢ ᠪᠣᠯ ᠨᠠᠶᠢᠷᠠᠭᠤᠯᠬᠤ ᠠᠵᠢᠯᠯᠠᠭ᠎ᠠ ᠶᠠᠪᠣᠭᠳᠠᠭᠤᠯᠬᠤ ᠶᠢᠨ ᠪᠡᠶᠡᠴᠢ ᠴᠣᠭᠴᠠ ᠮᠦᠨ᠃ ᠨᠠᠶᠢᠷᠠᠭᠤᠯᠣᠭᠴᠢ ᠪᠣᠯᠣᠨ ᠨᠠᠶᠢᠷᠠᠭᠤᠯᠬᠤ ᠠᠵᠢᠯᠯᠠᠭ᠎ᠠ ᠪᠠᠶᠢᠬᠤ ᠦᠭᠡᠢ ᠶᠣᠮ ᠪᠣᠯ᠂ ᠨᠠᠶᠢᠷᠠᠭᠤᠯᠬᠤ ᠠᠵᠢᠯᠯᠠᠭ᠎ᠠ ᠴᠣ᠋ ᠪᠠᠶᠢᠵᠣ ᠴᠢᠳᠠᠬᠤ ᠪᠣᠯᠣᠯᠴᠠᠭ᠎ᠠ ᠪᠠᠨ ᠠᠯᠳᠠᠬᠤ ᠨᠢ ᠮᠡᠳᠡᠭᠡᠵᠢ ᠪᠢᠯᠡ᠃         ᠬᠤᠶᠠᠳᠣᠭᠠᠷ ᠲᠤ ᠨᠠᠶᠢᠷᠠᠭᠤᠯᠣᠭᠴᠢ ᠪᠣᠯ ᠨᠠᠶᠢᠷᠠᠭᠤᠯᠬᠤ ᠠᠵᠢᠯᠯᠠᠭ᠎ᠠ ᠳᠤ ᠦᠢᠯᠡᠳᠦᠯ ᠦᠵᠡᠭᠦᠯᠳᠡᠭ ᠪᠡᠶᠡᠴᠢ ᠴᠣᠭᠴᠠ ᠮᠦᠨ᠃ ᠨᠠᠶᠢᠷᠠᠭᠤᠯᠬᠤ ᠠᠵᠢᠯᠯᠠᠭ᠎ᠠ ᠶᠢᠨ ᠶᠠᠪᠣᠴᠠ ᠨᠢ ᠨᠠᠶᠢᠷᠠᠭᠤᠯᠣᠭᠴᠢ ᠠᠴᠠ ᠡᠭᠢᠯᠡᠳᠡᠭ ᠶᠣᠮ᠂ ᠨᠠᠶᠢᠷᠠᠭᠤᠯᠣᠭᠴᠢ ᠶᠢᠨ ᠦᠢᠯᠡᠳᠦᠯ ᠨᠢ ᠨᠠᠶᠢᠷᠠᠭᠤᠯᠣᠭᠴᠢ ᠠᠴᠠ ᠭᠠᠷᠣᠭᠰᠠᠨ ᠵᠣᠬᠢᠶᠠᠯ ᠪᠦᠳᠦᠭᠡᠯ ︵ᠲᠠᠮ ᠢᠶᠠᠷ ᠵᠣᠬᠢᠶᠠᠭᠴᠢ︶  ᠳᠤ ᠭᠦᠳᠡᠭ᠂ ᠪᠦᠭᠦ᠋ᠢᠯᠡ ᠠᠵᠢᠯᠯᠠᠭ᠎ᠠ ᠶᠢᠨ ᠶᠠᠪᠣᠴᠠ ᠳᠤ ᠨᠠᠶᠢᠷᠠᠭᠤᠯᠣᠭᠴᠢ ᠨᠢ ᠢᠮᠠᠭᠳᠠ ᠰᠠᠨᠠᠭᠠᠴᠢᠯᠠᠭᠠᠳᠣ ᠪᠠᠶᠢᠷᠢ ᠳᠤ ᠣᠷᠣᠰᠢᠳᠠᠭ ᠶᠣᠮ᠃ ᠨᠠᠶᠢᠷᠠᠭᠤᠯᠬᠤ ᠠᠵᠢᠯᠯᠠᠭ᠎ᠠ ᠦᠭᠡᠢ ᠶᠣᠮ ᠪᠣᠯ ᠵᠣᠬᠢᠶᠠᠯ ᠪᠦᠳᠦᠭᠡᠯ ᠮᠠᠨᠢ ᠨᠠᠶᠢᠷᠠᠭᠤᠯᠬᠤ ᠠᠵᠢᠯᠯᠠᠭ᠎ᠠ ᠶᠢᠨ ᠶᠠᠪᠣᠴᠠ ᠳᠤ ᠭᠦᠷᠳᠡᠳᠡᠭ ᠢᠯᠭᠠᠨ ᠲᠣᠳᠣᠯᠠᠯᠳᠠ ᠪᠣᠯᠣᠨ ᠲᠡᠭᠡᠭᠰᠢᠯᠡᠯᠳᠡ ᠲᠠᠢ ᠪᠣᠯᠬᠤ ᠪᠣᠯᠣᠯᠴᠠᠭ᠎ᠠ ᠬᠡᠵᠦ ᠪᠠᠶᠢᠳᠠᠭ ᠦᠭᠡᠢ ᠶᠣᠮ᠃ ᠡᠨᠡ ᠭᠦ ᠣᠨᠴᠠᠯᠠᠭᠰᠠᠨ ᠪᠠᠶᠢᠳᠠᠯ ᠲᠣᠣᠷ᠎ᠠ ᠪᠣᠯ ᠨᠠᠶᠢᠷᠠᠭᠤᠯᠣᠭᠴᠢ ᠮᠠᠨᠢ᠂ ᠰᠠᠨᠠᠭᠠᠴᠢᠯᠠᠭᠠᠳᠣ ᠭᠦᠳᠡᠯᠦᠩᠭᠦᠢ ᠪᠠᠶᠢᠷᠢᠳᠦ ᠪᠠᠶᠢᠵᠦ᠂ ᠵᠣᠬᠢᠶᠠᠯ ᠪᠦᠳᠦᠭᠡᠯ ︵ᠵᠣᠬᠢᠶᠠᠭᠴᠢ︶ ᠰᠠᠨᠠᠭᠠᠴᠢᠯᠠᠭ᠎ᠠ ᠪᠣᠰᠣ ᠪᠠᠶᠢᠷᠢ ᠳᠤ ᠣᠷᠣᠰᠢᠵᠣ ᠭᠦᠳᠡᠯᠦᠩᠭᠦᠢ ᠪᠣᠰᠣ ᠪᠠᠶᠢᠳᠠᠭ᠂           ᠭᠤᠷᠪᠠᠳᠣᠭᠠᠷ ᠲᠤ᠂ ᠨᠠᠶᠢᠷᠠᠭᠤᠯᠣᠭᠴᠢ ᠪᠣᠯ ᠨᠠᠶᠢᠷᠠᠭᠤᠯᠬᠤ ᠠᠵᠢᠯᠯᠠᠭ᠎ᠠ ᠶᠢᠨ ᠣᠬᠠᠭᠳᠠᠬᠤᠨ ᠤ ᠪᠡᠶᠡᠴᠢ ᠴᠣᠭᠴᠠ ᠪᠣᠯᠣᠨ᠎ᠠ᠃ ᠨᠠᠶᠢᠷᠠᠭᠤᠯᠬᠤ ᠠᠵᠢᠯᠯᠠᠭ᠎ᠠ ᠨᠢ ᠨᠠᠶᠢᠷᠠᠭᠤᠯᠣᠭᠴᠢ ᠶᠢᠨ ᠲᠠᠨᠢᠯᠳᠠ ᠦᠵᠡᠯ ᠣᠬᠠᠮᠰᠠᠷ ᠤᠨ ᠵᠠᠬᠢᠷᠣᠮᠵᠢ ᠲᠣᠣᠷ᠎ᠠ ᠶᠠᠪᠣᠭᠳᠠᠳᠠᠭ ᠶᠣᠮ᠃ ᠨᠠᠶᠢᠷᠠᠭᠤᠯᠣᠭᠴᠢ ᠮᠠᠨᠢ ᠨᠠᠶᠢᠷᠠᠭᠤᠯᠬᠤ ᠠᠵᠢᠯᠯᠠᠭᠠᠨ ᠤ ᠴᠢᠭᠯᠡᠯ ᠬᠠᠨᠳᠣᠰᠢ ᠶᠢ ᠣᠳᠣᠷᠢᠳᠣᠮᠵᠢᠯᠠᠵᠣ᠂ ᠨᠠᠶᠢᠷᠠᠭᠤᠯᠬᠤ ᠠᠵᠢᠯᠯᠠᠭ᠎ᠠ ᠶᠢᠨ ᠪᠠᠶᠢᠳᠠᠯ ᠢ ᠲᠣᠭᠳᠠᠭᠠᠨ ᠰᠢᠢᠳᠪᠦᠷᠢᠯᠡᠳᠡᠭ᠃ ᠭᠦᠮᠦᠰ ᠤᠨ ᠠᠵᠢᠯᠯᠠᠭ᠎ᠠ ᠨᠢ ᠦᠵᠡᠯ ᠰᠠᠨᠠᠭ᠎ᠠ ᠳᠤ ᠵᠠᠬᠢᠷᠣᠭᠳᠠᠳᠠᠭ᠃ ᠨᠠᠶᠢᠷᠠᠭᠤᠯᠬᠤ ᠠᠵᠢᠯᠯᠠᠭ᠎ᠠ ᠡᠭᠢᠯᠡᠭᠦ ᠠᠴᠠ ᠡᠮᠦᠨ᠎ᠡ ᠲᠠᠷᠣᠢ ᠨᠠᠶᠢᠷᠠᠭᠤᠯᠬᠤ ᠠᠵᠢᠯᠯᠠᠭ᠎ᠠ ᠶᠢᠨ ᠲᠣᠬᠠᠢ ᠠᠯᠢ ᠣᠯᠠᠨ ᠣᠷᠠᠨ ᠰᠠᠡᠳᠭᠢᠮᠵᠢ ᠣᠷᠢᠳ ᠢᠶᠠᠷ ᠪᠣᠢ ᠪᠣᠯᠳᠠᠭ ᠪᠦᠭᠡᠳ ᠡᠨᠡ ᠭᠦ ᠣᠷᠠᠨ ᠰᠡᠳᠭᠢᠮᠵᠢ ᠶᠢ ᠨᠠᠶᠢᠷᠠᠭᠤᠯᠣᠭᠴᠢ ᠶᠢᠨ ᠰᠠᠨᠠᠭᠠᠴᠢᠯᠠᠭ᠎ᠠ ᠠᠴᠠ ᠪᠠᠨ ᠡᠵᠡᠨ ᠮᠡᠳᠡᠵᠦ ᠶᠠᠪᠣᠭᠳᠠᠭᠤᠯᠵᠣ ᠪᠠᠶᠢᠳᠠᠭ᠃ ᠡᠨᠡ ᠭᠦ ᠣᠷᠢᠳᠴᠢᠯᠠᠯ ᠣᠷᠠᠨ ᠰᠡᠳᠭᠢᠮᠵᠢ ᠪᠠᠶᠢᠬᠤ ᠦᠭᠡᠢ ᠪᠣᠯ ᠲᠠᠷᠣᠢ ᠨᠠᠶᠢᠷᠠᠭᠤᠯᠬᠤ ᠠᠵᠢᠯᠯᠠᠭ᠎ᠠ ᠨᠢ ᠬᠠᠮᠢᠭ᠎ᠠ ᠠᠴᠠ ᠡᠭᠢᠯᠡᠭᠦ ᠪᠠᠨ ᠣᠯᠵᠣ ᠶᠠᠳᠠᠨ ᠵᠢᠷᠦᠮᠯᠠᠬᠤ ᠵᠦᠢᠯ ᠴᠣ᠋ ᠠᠯᠠᠭ᠎ᠠ ᠪᠣᠯᠵᠣ᠂ ᠬᠡᠪ ᠤᠨ ᠠᠵᠢᠯᠯᠠᠭ᠎ᠠ ᠪᠠᠨ ᠴᠣ᠋ ᠶᠠᠪᠣᠭᠳᠠᠭᠤᠯᠬᠤ ᠠᠷᠭ᠎ᠠ ᠦᠭᠡᠢ ᠪᠣᠯᠳᠠᠭ ᠪᠢᠯᠡ᠃           ᠲᠦᠷᠪᠡᠳᠦᠭᠡᠷ ᠲᠤ᠂ ᠨᠠᠶᠢᠷᠠᠭᠤᠯᠣᠭᠴᠢ ᠪᠣᠯ ᠨᠠᠶᠢᠷᠠᠭᠤᠯᠬᠤ ᠠᠵᠢᠯᠯᠠᠭ᠎ᠠ ᠶᠢᠨ ᠬᠢᠷᠢ ᠬᠡᠮᠵᠢᠶ᠎ᠡ ᠶᠢ ᠰᠢᠢᠳᠪᠦᠷᠢᠯᠡᠭᠦ ᠪᠡᠶᠡᠴᠢ ᠴᠣᠭᠴᠠ ᠮᠦᠨ᠃ ᠨᠠᠶᠢᠷᠠᠭᠤᠯᠬᠤ ᠠᠵᠢᠯᠯᠠᠭ᠎ᠠ ᠶᠢᠨ ᠬᠢᠷᠢ ᠬᠡᠮᠵᠢᠶ᠎ᠡ ᠨᠢ ᠨᠠᠶᠢᠷᠠᠭᠤᠯᠣᠭᠴᠢ ᠶᠢᠨ ᠬᠢᠷᠢ ᠬᠡᠮᠵᠢᠶ᠎ᠡ ᠪᠠᠷ ᠰᠢᠢᠳᠪᠦᠷᠢᠯᠡᠳᠡᠳᠡᠭ᠃ ᠵᠣᠬᠢᠶᠠᠯ ᠪᠦᠳᠦᠭᠡᠯ ᠢ ᠵᠦᠪ ᠢᠯᠭᠠᠨ ᠲᠠᠨᠢᠬᠤ ᠪᠠ ᠰᠢᠯᠢᠳᠡᠭᠵᠢᠭᠦᠯᠦᠨ ᠲᠡᠭᠡᠭᠰᠢᠯᠡᠭᠦᠯᠭᠦ ᠳᠤ ᠭᠢᠷᠢ ᠬᠡᠮᠵᠢᠶ᠎ᠡ ᠰᠠᠶᠢᠳᠠᠢ ᠨᠠᠶᠢᠷᠠᠭᠤᠯᠣᠭᠴᠢ ᠪᠠ ᠭᠢᠷᠢ ᠬᠡᠮᠵᠢᠶ᠎ᠡ ᠪᠠᠷ ᠦᠨᠳᠦᠷ ᠨᠠᠶᠢᠷᠠᠭᠤᠯᠬᠤ ᠠᠵᠢᠯᠯᠠᠭ᠎ᠠ ᠳᠤ ᠲᠦᠰᠢᠭᠯᠡᠭᠦ ᠶᠣᠮ᠃         ᠲᠠᠪᠣᠳᠣᠭᠠᠷ ᠲᠤ᠂ ᠨᠠᠶᠢᠷᠠᠭᠤᠯᠣᠭᠴᠢ ᠪᠣᠯ ᠨᠠᠶᠢᠷᠠᠭᠤᠯᠬᠤ ᠠᠵᠢᠯᠯᠠᠭ᠎ᠠ ᠶᠢ ᠡᠷᠭᠡᠰᠢᠶᠡᠭᠦ ᠪᠡᠶᠡᠴᠢ ᠴᠣᠭᠴᠠ ᠪᠣᠯᠣᠨ᠎ᠠ ᠃ ᠨᠠᠶᠢᠷᠠᠭᠤᠯᠬᠤ ᠠᠵᠢᠯᠯᠠᠭ᠎ᠠ ᠶᠢᠨ ᠶᠠᠪᠣᠴᠠ ᠶᠢ ᠪᠣᠯ ᠨᠠᠶᠢᠷᠠᠭᠤᠯᠣᠭᠴᠢ ᠠᠴᠠ ᠡᠷᠭᠡᠰᠢᠶᠡᠭᠦ ᠶᠢᠨ ᠲᠠᠭᠠᠣ ᠨᠢᠭᠡᠳᠦᠯᠳᠡᠢ ᠲᠣᠬᠢᠷᠠᠭᠤᠯᠵᠣ ᠪᠠᠶᠢᠳᠠᠭ᠃ ᠨᠠᠶᠢᠷᠠᠭᠤᠯᠣᠭᠴᠢ ᠮᠠᠨᠢ ᠨᠠᠶᠢᠷᠠᠭᠤᠯᠬᠤ ᠠᠵᠢᠯᠯᠠᠭ᠎ᠠ ᠶᠢᠨ ᠠᠬᠢᠴᠠ ᠶᠢ ᠬᠢᠵᠠᠭᠠᠷᠯᠠᠵᠣ ᠪᠠᠶᠢᠭ᠎ᠠ ᠶᠣᠮ᠃ ᠨᠠᠶᠢᠷᠠᠭᠤᠯᠬᠤ ᠠᠵᠢᠯᠯᠠᠭ᠎ᠠ ᠪᠣᠯ ᠨᠢᠭᠡᠨ ᠰᠢᠰᠲ᠋ᠧᠮᠳᠦ ᠪᠠᠷᠢᠯᠭ᠎ᠠ ᠪᠣᠯᠬᠤ ᠶᠣᠮ᠃ ᠲᠡᠭᠦᠨ ᠳᠤ ᠲᠣᠩ ᠣᠯᠠᠨ ᠪᠣᠳᠠᠳᠠᠢ ᠵᠠᠩᠭᠢᠯᠠᠭ᠎ᠠ ᠪᠠᠶᠢᠳᠠᠭ ᠪᠢᠯᠡ᠃ ᠵᠣᠬᠢᠶᠠᠯ ᠪᠦᠳᠦᠭᠡᠯ ᠶᠢ ᠨᠠᠶᠢᠷᠠᠭᠤᠯᠬᠤ ᠠᠵᠢᠯᠯᠠᠭ᠎ᠠ ᠳᠤ ᠣᠷᠣᠬᠤ ᠲᠠᠢ ᠵᠡᠷᠭᠡ ᠲᠠᠷᠣᠢ ᠨᠠᠶᠢᠷᠠᠭᠤᠯᠣᠭᠴᠢ ᠶᠢᠨ ᠰᠠᠨᠠᠭ᠎ᠠ ᠪᠠᠷ ᠲᠣᠬᠢᠷᠠᠭᠤᠯᠣᠭᠳᠠᠵᠣ᠂ ᠡᠮᠭᠢ ᠵᠢᠷᠦᠮ ᠲᠠᠢ ᠪᠠᠷ ᠨᠠᠶᠢᠷᠠᠭᠤᠯᠣᠭᠴᠢ ᠶᠢᠨ ᠰᠢᠢᠳᠪᠦᠷᠢᠯᠡᠯᠳᠡ ᠶᠢ ᠭᠦᠯᠢᠶᠡᠳᠡᠭ᠃ ᠨᠠᠶᠢᠷᠠᠭᠤᠯᠬᠤ ᠠᠵᠢᠯᠯᠠᠭ᠎ᠠ ᠶᠢᠨ ᠠᠯᠢ ᠣᠯᠠᠨ ᠵᠠᠩᠭᠢᠯᠠᠭ᠎ᠠ ᠨᠤᠭᠤᠳ ᠨᠢ ᠪᠦᠷ ᠲᠣᠳᠣᠭᠠᠳᠣ ᠳᠤ ᠪᠠᠨ ᠬᠠᠷᠢᠴᠠᠭ᠎ᠠ ᠬᠤᠯᠪᠣᠭ᠎ᠠ ᠲᠠᠢ᠂ ᠬᠠᠷᠢᠯᠴᠠᠨ ᠵᠠᠯᠭᠠᠯᠳᠣᠵᠣ ᠨᠢᠭᠡᠨ ᠪᠦᠷᠢᠨ ᠪᠦᠳᠦᠨ ᠰᠢᠨᠵᠢᠯᠡᠭᠦ ᠣᠬᠠᠭᠠᠨᠴᠢ ᠴᠣᠪᠣᠷᠠᠯ ᠶᠠᠪᠣᠴᠠ ᠪᠣᠯᠣᠨ ᠪᠦᠷᠢᠯᠳᠦᠳᠡᠭ᠃ ᠡᠨᠡ ᠭᠦ ᠴᠣᠪᠣᠷᠠᠯ ᠶᠠᠪᠣᠴᠠ ᠶᠢ ᠶᠠᠷᠢᠶᠠᠨ ᠦᠭᠡᠢ ᠮᠦᠨ ᠨᠠᠶᠢᠷᠠᠭᠤᠯᠣᠭᠴᠢ ᠠᠴᠠ ᠡᠷᠭᠡᠰᠢᠶᠡᠳᠡᠭ ᠪᠠᠶᠢᠨ᠎ᠠ᠃         ᠵᠢᠷᠭᠤᠳᠣᠭᠠᠷ ᠲᠤ᠂ ᠨᠠᠶᠢᠷᠠᠭᠤᠯᠣᠭᠴᠢ ᠪᠣᠯ ᠨᠠᠶᠢᠷᠠᠭᠤᠯᠬᠤ ᠠᠵᠢᠯᠯᠠᠭ᠎ᠠ ᠶᠢᠨ ᠬᠠᠷᠢᠭᠤᠴᠠᠯᠭ᠎ᠠ ᠶᠢᠨ ᠪᠡᠶᠡᠴᠢ ᠴᠣᠭᠴᠠ ᠮᠦᠨ᠃ ᠨᠠᠶᠢᠷᠠᠭᠤᠯᠣᠭᠴᠢ ᠠᠴᠠ ᠨᠠᠶᠢᠷᠠᠭᠤᠯᠬᠤ ᠠᠵᠢᠯᠯᠠᠭ᠎ᠠ ᠶᠢᠨ ᠦᠷ᠎ᠡ ᠳ᠋ᠦᠩ ᠳᠤ ᠬᠠᠷᠢᠭᠤᠴᠠᠵᠣ ᠪᠠᠶᠢᠳᠠᠭ᠃ ᠲᠡᠷᠡ ᠨᠢ ᠨᠠᠶᠢᠷᠠᠭᠤᠯᠬᠤ ᠠᠵᠢᠯ ᠤᠨ ᠰᠢᠭᠤᠳ ᠬᠠᠷᠢᠭᠤᠴᠠᠯᠭᠠᠳᠠᠨ ᠪᠣᠯᠬᠤ ᠶᠣᠮ᠃ ᠵᠣᠬᠢᠶᠠᠯ ᠪᠦᠳᠦᠭᠡᠯ ᠨᠢ ᠨᠠᠶᠢᠷᠠᠭᠤᠯᠣᠭᠴᠢ ᠶᠢᠨ ᠨᠠᠶᠢᠷᠠᠭᠤᠯᠬᠤ ᠠᠵᠢᠯᠯᠠᠭ᠎ᠠ ᠪᠠᠷ ᠲᠡᠮᠵᠢᠨ ᠲᠡᠯᠡᠭᠡᠢ ᠳ᠋ᠡᠭᠢᠨ ᠳᠤ ᠣᠯᠠᠮᠵᠢᠯᠠᠭᠳᠠᠨ ᠲᠠᠷᠬᠠᠭᠳᠠᠵᠣ ᠪᠠᠶᠢᠭ᠎ᠠ ᠪᠣᠯᠬᠤᠷ ᠬᠡᠳᠦᠢ ᠴᠦ ᠬᠡᠰᠡᠨ ᠨᠡᠶᠢᠭᠡᠮ ᠨᠡᠶᠢᠳᠡ ᠳᠤ ᠨᠦᠯᠦᠭᠡ ᠦᠵᠡᠭᠦᠯᠵᠦ ᠵᠣᠬᠢᠬᠤ ᠦᠷ᠎ᠡ ᠳ᠋ᠦᠩ ᠪᠣᠢ ᠪᠣᠯᠭᠠᠬᠤ ᠨᠢ ᠵᠠᠶᠢᠯᠠᠰᠢ ᠦᠭᠡᠢ ᠶᠣᠮ᠃ ᠬᠡᠳᠦ᠋ᠢᠪᠡᠷ ᠵᠣᠬᠢᠶᠠᠭᠴᠢ ᠮᠠᠨᠢ ᠦᠪᠡᠷ ᠤᠨ ᠵᠣᠬᠢᠶᠠᠯ ᠪᠦᠳᠦᠭᠡᠯ ᠳᠤ ᠪᠠᠨ ᠡᠴᠣᠰ ᠤᠨ ᠬᠠᠷᠢᠭᠤᠴᠠᠯᠭ᠎ᠠ ᠲᠠᠢ ᠬᠡᠳᠡᠭ ᠪᠣᠯᠪᠠᠴᠦ᠂ ᠨᠠᠶᠢᠷᠠᠭᠤᠯᠣᠭᠴᠢ ᠨᠢ ᠮᠦᠨ ᠵᠣᠬᠢᠶᠠᠯ ᠪᠦᠳᠦᠭᠡᠯ ᠢ ᠣᠯᠠᠮᠵᠢᠯᠠᠨ ᠲᠠᠮᠵᠢᠭᠤᠯᠬᠤ ᠶᠠᠪᠣᠳᠠᠯ ᠢ ᠰᠢᠭᠤᠳ ᠠᠬᠢᠭᠤᠯᠳᠠᠭ ᠬᠠᠷᠢᠭᠤᠴᠠᠭᠴᠢ ᠪᠣᠯᠣᠭᠰᠠᠨ ᠤ ᠬᠤᠪᠢ ᠳᠤ ᠬᠡᠯᠡᠯᠭᠡᠨ ᠦᠭᠡᠢ ᠪᠠᠰᠠ ᠬᠠᠷᠢᠭᠤᠴᠠᠯᠭ᠎ᠠ ᠡᠭᠦᠷᠭᠡᠯᠡᠵᠦ ᠪᠠᠶᠢᠭ᠎ᠠ ᠶᠣᠮ᠃ ᠡᠳᠡᠭᠡᠷ ᠪᠦᠭᠦᠨ ᠨᠢ ᠴᠦᠮ ᠨᠠᠶᠢᠷᠠᠭᠤᠯᠣᠭᠴᠢ ᠶᠢᠨ ᠨᠠᠶᠢᠷᠠᠭᠤᠯᠬᠤ ᠠᠵᠢᠯᠯᠠᠭ᠎ᠠ ᠳᠤ ᠬᠢ ᠪᠡᠶᠡᠴᠢ ᠴᠣᠭᠴᠠ ᠶᠢᠨ ᠪᠠᠶᠢᠷᠢ ᠰᠠᠭᠤᠷᠢ ᠲᠠᠢ ᠪᠠᠶᠢᠬᠤ ᠶᠢ ᠭᠦᠢᠴᠡᠳ ᠬᠠᠷᠠᠭᠤᠯᠵᠣ᠂ ᠮᠦᠨ ᠨᠠᠶᠢᠷᠠᠭᠤᠯᠣᠭᠴᠢ ᠮᠠᠨᠢ ᠨᠡᠷ᠎ᠡ ᠨᠢ ᠨᠢᠳᠡᠷ ᠲᠠᠢ ᠪᠠᠨ ᠨᠡᠶᠢᠴᠡᠭᠰᠡᠨ ᠨᠠᠶᠢᠷᠠᠭᠤᠯᠬᠤ ᠪᠡᠶᠡᠴᠢ ᠴᠣᠭᠴᠠ ᠪᠣᠯᠬᠤ ᠶᠢ ᠢᠯᠡᠳᠭᠡᠵᠦ ᠪᠠᠶᠢᠭ᠎ᠠ ᠠᠵᠢ᠃         ᠬᠤᠶᠠᠷ᠂ ᠨᠠᠶᠢᠷᠠᠭᠤᠯᠬᠤᠢ ᠪᠡᠶᠡᠴᠢ ᠴᠣᠭᠴᠠ — ᠨᠠᠶᠢᠷᠠᠭᠤᠯᠣᠭᠴᠢ ᠶᠢᠨ ︽ᠣᠬᠠᠭᠠᠯᠠᠨ ᠲᠦᠰᠦᠭᠡᠯᠡᠭᠦ ᠪᠠ ︽ ᠢᠯᠭᠠᠨ ᠲᠣᠳᠣᠯᠠᠵᠣ ᠬᠢᠨᠠᠬᠤ︾ ᠡᠭᠦᠳᠦᠯᠳᠡ ᠶᠢᠨ ᠦᠢᠯᠡᠳᠦᠯ         ᠨᠠᠶᠢᠷᠠᠭᠤᠯᠣᠭᠴᠢ ᠪᠣᠯ ᠨᠠᠶᠢᠷᠠᠭᠤᠯᠬᠤ ᠠᠵᠢᠯᠯᠠᠭ᠎ᠠ ᠶᠢᠨ ᠪᠡᠶᠡᠴᠢ ᠴᠣᠭᠴᠠ ᠪᠣᠯᠬᠤ ᠲᠣᠯᠠ ᠨᠠᠶᠢᠷᠠᠭᠤᠯᠬᠤᠢ ᠪᠣᠰᠣᠳᠴᠢ ᠴᠣᠭᠴᠠ ᠳᠤ ᠨᠢᠭᠡᠨ ᠵᠦᠢᠯ ᠤᠨ ᠭᠤᠣᠯᠯᠠᠬᠤ ᠦᠢᠯᠡᠳᠦᠯ ᠦᠵᠡᠭᠦᠯᠵᠦ ᠪᠠᠶᠢᠳᠠᠭ᠃ ᠲᠡᠷᠡᠴᠢᠯᠡᠨ ᠡᠨᠡ ᠭᠦ ᠭᠤᠣᠯᠯᠠᠭᠴᠢ ᠦᠢᠯᠡᠳᠦᠯ ᠨᠢ ᠨᠠᠶᠢᠷᠠᠭᠤᠯᠬᠤ ᠠᠵᠢᠯᠯᠠᠭ᠎ᠠ ᠶᠢᠨ ᠲᠠᠯ᠎ᠠ ᠨᠢᠭᠡᠪᠦᠷᠢ ᠳᠤ ᠪᠠ ᠪᠦᠭᠦ᠋ᠢᠯᠡ ᠨᠠᠶᠢᠷᠠᠭᠤᠯᠬᠤ ᠶᠠᠪᠣᠴᠠ ᠳᠤ ᠡᠭᠢᠨ ᠠᠴᠠ ᠠᠳᠠᠭ ᠲᠤ ᠲᠣᠯᠳᠠᠯ᠎ᠠ ᠨᠡᠪᠳᠡᠷᠡᠵᠦ ᠪᠠᠶᠢᠳᠠᠭ᠃ ᠡᠭᠦᠨ ᠳᠤ ᠨᠠᠶᠢᠷᠠᠭᠤᠯᠣᠭᠴᠢ ᠠᠴᠠ ᠵᠣᠬᠢᠶᠠᠯ ᠪᠦᠳᠦᠭᠡᠯ ᠤᠨ ᠲᠣᠬᠠᠢ ︽ᠣᠬᠠᠭᠠᠯᠠᠨ ᠲᠦᠰᠦᠪᠯᠡᠭᠦ︾᠂ ︽ᠢᠯᠭᠠᠨ ᠲᠣᠳᠣᠯᠠᠵᠣ ᠬᠢᠨᠠᠬᠤ︾ ᠪᠠ ︽ᠰᠢᠢᠳᠪᠦᠷᠢᠯᠡᠭᠦ︾ ᠠᠵᠢᠯᠯᠠᠭ᠎ᠠ ᠶᠢᠨ ᠲᠣᠮᠳᠠ ᠣᠨᠴᠠᠭᠠᠶᠢᠯᠠᠨ ᠲᠣᠪᠤᠶᠢᠮ᠎ᠠ ᠢᠯᠡᠷᠡᠵᠦ ᠪᠠᠶᠢᠭ᠎ᠠ ᠠᠵᠢ᠃         ᠨᠢᠭᠡᠳᠦᠭᠡᠷ ᠲᠤ᠂ ᠨᠠᠶᠢᠷᠠᠭᠤᠯᠬᠤᠢ ᠪᠡᠶᠡᠴᠢ ᠴᠣᠭᠴᠠ ᠶᠢᠨ ︽ᠣᠬᠠᠭᠠᠯᠠᠨ ᠲᠦᠰᠦᠪᠯᠡᠭᠦ︾ ᠠᠵᠢᠯᠯᠠᠭ᠎ᠠ ᠳᠤ ᠬᠢ ᠨᠠᠶᠢᠷᠠᠭᠤᠯᠬᠤᠢ ᠪᠣᠰᠣᠳᠴᠢ ᠴᠣᠭᠴᠠ ᠳᠤ ᠦᠵᠡᠭᠦᠯᠭᠦ ᠰᠢᠯᠢᠳᠡᠭ ᠢ ᠡᠭᠦᠳᠦᠨ ᠪᠦᠳᠦᠭᠡᠭᠦ ᠶᠢ ᠣᠬᠠᠭᠠᠯᠠᠨ ᠲᠦᠰᠦᠪᠯᠡᠭᠦ ᠪᠣᠯ ᠨᠠᠶᠢᠷᠠᠭᠤᠯᠣᠭᠴᠢ ᠠᠴᠠ ᠵᠣᠬᠢᠶᠠᠯ ᠪᠦᠳᠦᠭᠡᠯ ᠢ ᠠᠭᠤᠳᠠᠯᠣᠨ ᠨᠡᠭᠡᠭᠡᠭᠦ ᠶᠠᠪᠣᠳᠠᠯ ᠮᠦᠨ᠃ ᠣᠬᠠᠭᠠᠯᠠᠨ ᠲᠦᠰᠦᠪᠯᠡᠭᠦ ᠲᠣᠮᠳᠠ ᠨᠠᠶᠢᠷᠠᠭᠤᠯᠣᠭᠴᠢ ᠶᠢᠨ ᠭᠤᠣᠯᠯᠠᠬᠤ ᠦᠢᠯᠡᠳᠦᠯ ᠨᠢ ᠲᠡᠭᠦᠨ ᠤ ᠰᠢᠯᠢᠳᠡᠭ ᠢ ᠡᠭᠦᠳᠦᠨ ᠪᠦᠳᠦᠭᠡᠭᠦ ᠦᠢᠯᠡᠳᠦᠯ ᠪᠣᠯᠵᠣ ᠢᠯᠡᠷᠡᠳᠡᠭ ᠶᠣᠮ᠃ ᠣᠬᠠᠭᠠᠯᠠᠨ ᠲᠦᠰᠦᠪᠯᠡᠭᠦ ᠪᠣᠯ ᠨᠠᠶᠢᠷᠠᠭᠤᠯᠬᠤ ᠠᠵᠢᠯᠯᠠᠭ᠎ᠠ ᠶᠢᠨ ᠴᠢᠬᠤᠯᠠ ᠨᠢᠭᠡᠨ ᠠᠭᠤᠯᠭ᠎ᠠ ᠪᠣᠯᠬᠤ ᠪᠦᠭᠡᠳ ᠨᠠᠶᠢᠷᠠᠭᠤᠯᠬᠤ ᠠᠵᠢᠯᠯᠠᠭ᠎ᠠ ᠶᠢᠨ ᠡᠭᠢᠯᠡᠯᠳᠡ ᠮᠦᠨ᠃ ᠲᠡᠷᠡᠴᠢᠯᠡᠨ ᠨᠠᠶᠢᠷᠠᠭᠤᠯᠬᠤ ᠠᠵᠢᠯᠯᠠᠭ᠎ᠠ ᠶᠢᠨ ᠶᠠᠪᠣᠴᠠ ᠳᠤ ᠬᠢ ᠨᠢᠭᠡᠨ ᠵᠠᠩᠭᠢᠯᠠᠭ᠎ᠠ ᠶᠢᠨ ᠭᠤᠭᠴᠤᠭ᠎ᠠ ᠮᠦᠨ᠃ ᠣᠬᠠᠭᠠᠯᠠᠨ ᠲᠦᠰᠦᠪᠯᠡᠭᠦ ᠶᠢᠨ ᠠᠮᠵᠢᠯᠳᠠᠳᠠᠢ ᠡᠰᠡᠭᠦ ᠨᠢ ᠪᠦᠭᠦ᠋ᠢᠯᠡ ᠨᠠᠶᠢᠷᠠᠭᠤᠯᠬᠤ ᠠᠵᠢᠯᠯᠠᠭ᠎ᠠ ᠶᠢᠨ ᠦᠷ᠎ᠡ ᠪᠦᠳᠦᠮᠵᠢ ᠶᠢ ᠰᠢᠭᠤᠳ ᠲᠣᠭᠳᠠᠭᠠᠵᠣ ᠪᠠᠶᠢᠳᠠᠭ᠃ ᠶᠠᠭ ᠰᠠᠶᠢᠬᠠᠨ ᠭᠦᠮᠦᠰ ᠤᠨ ᠶᠡᠷᠦ ᠳᠤ ᠪᠠᠨ ᠬᠡᠯᠡᠭᠰᠡᠨᠴᠢᠯᠡᠨ ︽ᠰᠠᠶᠢᠨ ᠡᠭᠢᠯᠡᠯᠳᠡ ᠨᠢ ᠠᠮᠵᠢᠯᠳᠠ ᠪᠦᠳᠦᠮᠵᠢ ᠶᠢᠨ ᠬᠠᠭᠠᠰ ᠲᠠᠢ ᠰᠠᠴᠠᠭᠤ ᠪᠠᠶᠢᠭ᠎ᠠ ᠶᠣᠮ︾ ᠃ ᠰᠠᠶᠢᠨ ᠰᠠᠶᠢᠬᠠᠨ ᠣᠬᠠᠭᠠᠯᠠᠯᠳᠠ ᠲᠦᠰᠦᠪᠯᠡᠯᠳᠡ ᠨᠢ ᠨᠠᠶᠢᠷᠠᠭᠤᠯᠬᠤ ᠠᠵᠢᠯᠯᠠᠭ᠎ᠠ ᠶᠢᠨ ᠲᠡᠭᠡᠳᠦ ᠬᠡᠮᠵᠢᠶ᠎ᠡ ᠪᠠᠷ ᠴᠢᠨᠠᠷᠯᠢᠭ ᠶᠠᠪᠣᠭᠳᠠᠬᠤ ᠶᠢᠨ ᠣᠷᠢᠳᠠᠯ ᠪᠣᠯᠣᠨ᠎ᠠ᠃ ᠣᠬᠠᠭᠠᠯᠠᠨ ᠲᠦᠰᠦᠪᠯᠡᠭᠦ ᠶᠢᠨ ᠡᠭᠦᠷᠭᠡ ᠪᠣᠯ ᠡᠭᠦᠳᠦᠯᠳᠡ ᠶᠢᠨ ᠰᠠᠨᠠᠭᠠᠴᠢᠯᠠᠭ᠎ᠠ ᠪᠦᠭᠦᠢ ᠵᠣᠬᠢᠶᠠᠭᠴᠢ ᠶᠢ ᠡᠷᠢᠵᠦ ᠰᠣᠩᠭᠤᠬᠤ᠂ ᠡᠭᠦᠳᠦᠯᠳᠡ ᠶᠢᠨ ᠰᠠᠨᠠᠭᠠᠴᠢᠯᠠᠭ᠎ᠠ ᠪᠦᠭᠦᠢ ᠵᠣᠬᠢᠶᠠᠯ ᠪᠦᠳᠦᠭᠡᠯ ᠢ ᠵᠣᠬᠢᠶᠠᠨ ᠪᠠᠶᠢᠭᠤᠯᠵᠣ᠂ ᠡᠭᠦᠳᠦᠯᠳᠡ ᠶᠢᠨ ᠰᠠᠨᠠᠭᠠᠴᠢᠯᠠᠭ᠎ᠠ ᠪᠦᠭᠦᠢ ᠵᠣᠬᠢᠶᠠᠯ ᠪᠦᠳᠦᠭᠡᠯ ᠢ ᠪᠦᠳᠦᠭᠡᠵᠦ᠂ ᠨᠡᠶᠢᠭᠡᠮ ᠨᠡᠶᠢᠳᠡ ᠳᠤ ᠵᠣᠯᠭᠠᠭᠤᠯᠬᠤ ᠶᠠᠪᠣᠳᠠᠯ ᠢ ᠲᠦᠷᠭᠡᠳᠭᠡᠵᠦ ᠲᠦᠯᠬᠢᠴᠡᠵᠦ ᠪᠠᠶᠢᠬᠤ ᠪᠣᠯᠣᠨ᠎ᠠ᠃ ᠪᠦᠭᠦ᠋ᠢᠯᠡ ᠣᠬᠠᠭᠠᠯᠠᠨ ᠲᠦᠰᠦᠪᠯᠡᠭᠦ ᠠᠵᠢᠯᠯᠠᠭ᠎ᠠ ᠨᠢ ᠲᠠᠷᠣᠢ ᠡᠭᠦᠳᠦᠯᠳᠡ ᠶᠢᠨ ᠰᠠᠨᠠᠭᠠᠴᠢᠯᠠᠭ᠎ᠠ ᠶᠢ ᠪᠣᠳᠣᠯᠬᠢᠯᠠᠵᠣ᠂ ᠲᠡᠷᠡᠴᠢᠯᠡᠨ ᠪᠡᠶᠡᠯᠡᠭᠦᠯᠭᠦ ᠪᠠ ᠲᠡᠯᠭᠡᠷᠡᠭᠦᠯᠭᠦ ᠶᠠᠪᠣᠴᠠ ᠪᠣᠯᠬᠤ ᠶᠢ ᠡᠭᠦᠨ ᠠᠴᠠ ᠮᠡᠳᠡᠵᠦ ᠪᠣᠯᠬᠤ ᠶᠣᠮ᠃ ᠣᠬᠠᠭᠠᠯᠠᠨ ᠲᠦᠰᠦᠪᠯᠡᠭᠦ ᠬᠢᠷᠢ ᠬᠡᠮᠵᠢᠶ᠎ᠡ ᠶᠢ ᠡᠭᠦᠳᠦᠯᠳᠡ ᠶᠢᠨ ᠰᠠᠨᠠᠭᠠᠴᠢᠯᠠᠭ᠎ᠠ ᠪᠠᠶᠢᠬᠤ ᠡᠰᠡᠭᠦ ᠵᠢᠴᠢ ᠡᠭᠦᠳᠦᠯᠳᠡ ᠶᠢᠨ ᠰᠠᠨᠠᠭᠠᠴᠢᠯᠠᠭ᠎ᠠ ᠶᠢᠨ ᠰᠢᠨ᠎ᠠ ᠰᠡᠪᠡᠭᠦᠨ ᠰᠢᠯᠢᠳᠡᠭ ᠰᠠᠶᠢᠨ ᠤ ᠬᠡᠮᠵᠢᠶ᠎ᠡ ᠪᠠᠷ ᠰᠢᠢᠳᠪᠦᠷᠢᠯᠡᠭᠳᠡᠳᠡᠭ ᠪᠢᠯᠡ᠃ ᠨᠠᠶᠢᠷᠠᠭᠤᠯᠣᠭᠴᠢ ᠶᠢᠨ ᠣᠬᠠᠭᠠᠯᠠᠨ ᠲᠦᠰᠦᠪᠯᠡᠭᠦ ᠲᠣᠮᠳᠠᠬᠢ ᠭᠤᠣᠯᠯᠠᠬᠤ ᠦᠢᠯᠡᠳᠦᠯ ᠨᠢ ᠲᠠᠷᠣᠢ ᠡᠭᠦᠳᠦᠯᠳᠡ ᠶᠢᠨ ᠰᠠᠨᠠᠭᠠᠴᠢᠯᠠᠭ᠎ᠠ ᠶᠢ ᠢᠯᠡᠷᠡᠭᠦᠯᠦᠨ᠂ ᠡᠭᠦᠳᠦᠯᠳᠡ ᠶᠢᠨ ᠰᠠᠨᠠᠭᠠᠴᠢᠯᠠᠭ᠎ᠠ ᠶᠢ ᠲᠣᠷᠠᠳᠣᠨ ᠭᠠᠷᠭᠠᠵᠣ᠂ ᠡᠭᠦᠳᠦᠯᠳᠡ ᠶᠢᠨ ᠰᠠᠨᠠᠭᠠᠴᠢᠯᠠᠭ᠎ᠠ ᠳᠤ ᠣᠷᠣᠰᠢᠵᠣ ᠪᠠᠶᠢᠳᠠᠭ᠃ ᠡᠭᠦᠳᠦᠯᠳᠡ ᠶᠢᠨ ᠰᠠᠨᠠᠭᠠᠴᠢᠯᠠᠭ᠎ᠠ ᠪᠦᠭᠦᠢ ᠣᠬᠠᠭᠠᠯᠠᠯ ᠲᠦᠰᠦᠪᠯᠡᠯ ᠨᠢ ᠡᠭᠦᠳᠦᠯᠳᠡ ᠶᠢᠨ ᠰᠠᠨᠠᠭᠠᠴᠢᠯᠠᠭ᠎ᠠ ᠪᠦᠭᠦᠢ ᠨᠠᠶᠢᠷᠠᠭᠤᠯᠣᠭᠴᠢ ᠶᠢᠨ ᠰᠢᠨ᠎ᠠ ᠶᠢ ᠡᠭᠦᠳᠭᠦ ᠦᠵᠡᠯ ᠣᠬᠠᠮᠰᠠᠷ ᠠᠴᠠ ᠢᠷᠡᠯᠳᠡ ᠲᠠᠢ ᠪᠠᠶᠢᠵᠣ᠂ ᠨᠠᠶᠢᠷᠠᠭᠤᠯᠣᠭᠴᠢᠳ ᠤᠨ ᠰᠢᠨ᠎ᠠ ᠶᠢ ᠡᠭᠦᠳᠭᠦ ᠠᠵᠢᠯᠯᠠᠭ᠎ᠠ ᠪᠠᠷ ᠪᠡᠶᠡᠯᠡᠭᠳᠡᠳᠡᠭ ᠶᠣᠮ᠃ ᠰᠢᠨ᠎ᠠ ᠶᠢ ᠡᠭᠦᠳᠭᠦ ᠦᠵᠡᠯ ᠣᠬᠠᠮᠰᠠᠷ ᠪᠠ ᠰᠢᠨ᠎ᠠ ᠶᠢ ᠡᠭᠦᠳᠭᠦ ᠠᠵᠢᠯᠯᠠᠭ᠎ᠠ ᠪᠣᠯ ᠨᠠᠶᠢᠷᠠᠭᠤᠯᠣᠭᠴᠢᠳ ᠤᠨ ᠪᠡᠶᠡᠴᠢ ᠴᠢᠳᠠᠮᠠᠭᠠᠢ ᠴᠢᠨᠠᠷ ᠤᠨ ᠲᠦᠪᠯᠡᠷᠡᠩᠭᠦᠢ ᠢᠯᠡᠷᠡᠯ ᠪᠣᠯᠬᠤ ᠮᠦᠷᠳᠡᠭᠡᠨ ᠪᠠᠰᠠ ᠨᠠᠶᠢᠷᠠᠭᠤᠯᠣᠭᠴᠢ ᠶᠢᠨ ᠭᠤᠣᠯᠯᠠᠭᠴᠢ ᠦᠢᠯᠡᠳᠦᠯ ᠤᠨ ᠲᠦᠪᠯᠡᠷᠡᠩᠭᠦᠢ ᠪᠡᠶᠡᠯᠡᠯ ᠮᠦᠨ᠃ ᠨᠠᠶᠢᠷᠠᠭᠤᠯᠬᠤ ᠠᠵᠢᠯᠯᠠᠭ᠎ᠠ ᠲᠣᠮᠳᠠ ᠣᠬᠠᠭᠠᠯᠠᠨ ᠲᠦᠰᠦᠪᠯᠡᠭᠦ ᠶᠠᠪᠣᠳᠠᠯ ᠤᠨ ᠪᠠᠶᠢᠷᠢ ᠰᠠᠭᠤᠷᠢ ᠨᠢ ᠡᠳᠦᠷ ᠢᠷᠡᠭᠦᠶ᠎ᠡ ᠦᠨᠳᠦᠷᠵᠢᠵᠦ᠂ ᠦᠢᠯᠡᠳᠦᠯ ᠨᠢ ᠡᠳᠦᠷ ᠠᠴᠠ ᠡᠳᠦᠷ ᠲᠤ ᠨᠡᠮᠡᠭᠳᠡᠵᠦ ᠪᠠᠶᠢᠭ᠎ᠠ ᠪᠠᠶᠢᠳᠠᠯ ᠳᠤ᠂ ᠣᠳᠣ ᠨᠢᠭᠡᠨ ᠨᠠᠶᠢᠷᠠᠭᠤᠯᠣᠭᠴᠢ ᠶᠢᠨ ᠲᠣᠰᠢᠶᠠᠯ ᠳᠤ ᠪᠠᠨ ᠲᠣᠬᠢᠷᠠᠬᠤ ᠡᠰᠡᠭᠦ᠂ ᠰᠢᠯᠢᠳᠡᠭ ᠡᠰᠡᠭᠦ᠂ ᠭᠤᠣᠯᠯᠠᠭᠴᠢ ᠦᠢᠯᠡᠳᠦᠯ ᠢᠶᠠᠨ ᠪᠠᠳᠠᠷᠠᠭᠤᠯᠵᠣ ᠲᠡᠶᠢᠯᠭᠦ ᠡᠰᠡᠭᠦ ᠶᠢ ᠠᠵᠢᠬᠤ ᠳᠤ᠂ ᠭᠤᠣᠯᠳᠠᠭᠤ ᠡᠭᠦᠳᠦᠯᠳᠡ ᠶᠢᠨ ᠰᠠᠨᠠᠭᠠᠴᠢᠯᠠᠭ᠎ᠠ ᠲᠠᠢ ᠪᠠᠷ ᠣᠬᠠᠭᠠᠯᠠᠨ ᠲᠦᠰᠦᠪᠯᠡᠵᠦ ᠪᠠᠶᠢᠬᠤ ᠡᠰᠡᠭᠦ ᠶᠢ ᠦᠵᠡᠭᠦ ᠴᠢᠬᠤᠯᠠ ᠲᠠᠢ ᠪᠢᠯᠡ᠃ ᠨᠠᠶᠢᠷᠠᠭᠤᠯᠣᠭᠴᠢ ᠨᠢ ᠵᠣᠬᠢᠶᠠᠯ ᠪᠦᠳᠦᠭᠡᠯ ᠤᠨ ᠣᠬᠠᠭᠠᠯᠠᠨ ᠲᠦᠰᠦᠪᠯᠡᠭᠴᠢ ᠪᠣᠯᠣᠭᠰᠠᠨ ᠤ ᠬᠤᠪᠢ ᠳᠤ᠂ ᠲᠡᠭᠦᠨ ᠤ ᠦᠢᠯᠡᠳᠦᠯ ᠨᠢ ᠮᠠᠦ ᠲᠡᠷᠢᠭᠦᠯᠡᠭᠴᠢ ᠠᠴᠠ ᠣᠳᠣᠷᠢᠳᠬᠤ ᠺᠠᠳ᠋ᠷ ᠤᠨ ᠲᠣᠬᠠᠢ ᠬᠡᠯᠡᠭᠰᠡᠨ ᠲᠠᠢ ᠪᠠᠷᠣᠭᠴᠠᠭᠠᠯᠠᠵᠣ ᠪᠣᠢ᠃ ᠮᠠᠦ ᠽᠧ ᠳ᠋ᠦᠩ ᠠᠴᠠ ᠣᠳᠣᠷᠢᠳᠬᠤ ᠺᠠᠳ᠋ᠷ ᠤᠨ ᠬᠠᠷᠢᠭᠤᠴᠠᠯᠭ᠎ᠠ ᠶᠢᠨ ᠲᠣᠬᠠᠢ ᠶᠠᠷᠢᠬᠤ ᠳᠤ ᠪᠠᠨ ᠣᠳᠣᠷᠢᠳᠬᠤ ᠺᠠᠳ᠋ᠷ ᠤᠨ ᠬᠠᠷᠢᠭᠤᠴᠠᠯᠭ᠎ᠠ ᠨᠢ ᠨᠢᠭᠡᠨᠳᠡᠭᠦᠷ ᠠᠷᠭ᠎ᠠ ᠣᠬᠠᠭᠠᠨ ᠭᠠᠷᠭᠠᠵᠣ᠂ ᠨᠦᠭᠦᠭᠡᠨᠳᠡᠭᠦᠷ ᠺᠠᠳ᠋ᠷ ᠢ ᠬᠡᠷᠡᠭᠯᠡᠭᠦ ᠶᠠᠪᠣᠳᠠᠯ ᠪᠣᠯᠣᠨ᠎ᠠ ᠬᠡᠰᠡᠨ ᠪᠢᠯᠡ᠃ ᠨᠠᠶᠢᠷᠠᠭᠤᠯᠣᠭᠴᠢ ᠠᠴᠠ ᠣᠬᠠᠭᠠᠯᠠᠨ ᠲᠦᠰᠦᠪᠯᠡᠭᠦ ᠠᠵᠢᠯᠯᠠᠭ᠎ᠠ ᠶᠠᠪᠣᠭᠳᠠᠭᠤᠯᠬᠤ ᠳᠤ ᠪᠠᠨ ᠮᠦᠨ ᠴᠣ᠋ ᠠᠷᠭ᠎ᠠ ᠣᠬᠠᠭᠠᠨ ᠭᠠᠷᠭᠠᠵᠣ ᠺᠠᠳ᠋ᠷ ᠬᠡᠷᠡᠭᠯᠡᠵᠦ ᠪᠠᠶᠢᠬᠤ ᠪᠢᠰᠢ ᠦᠦ︖ ᠵᠣᠬᠢᠬᠤ ᠠᠴᠢ ᠬᠤᠯᠪᠣᠭᠳᠠᠯ ᠤᠨ ᠲᠠᠯ᠎ᠠ ᠪᠠᠷ ᠠᠪᠴᠦ ᠦᠵᠡᠪᠡᠯ᠂ ᠲᠡᠭᠦᠨ ᠢ ᠪᠠᠰᠠ ᠨᠠᠶᠢᠷᠠᠭᠤᠯᠬᠤ ᠠᠵᠢᠯᠯᠠᠭ᠎ᠠ ᠶᠢᠨ ︽ᠵᠤᠬᠢᠶᠠᠨ ᠪᠠᠶᠢᠭᠤᠯᠣᠭᠴᠢ︾ ᠪᠣᠶᠣ ︽ᠣᠳᠣᠷᠢᠳᠣᠭᠴᠢ︾ ᠭᠡᠵᠦ ᠭᠡᠯᠡᠵᠦ ᠪᠣᠯᠬᠤ ᠦᠬᠡᠢ ᠬᠡᠵᠢ ᠦᠦ︖         ᠬᠤᠶᠠᠳᠣᠭᠠᠷ ᠲᠤ᠂ ᠨᠠᠶᠢᠷᠠᠭᠤᠯᠣᠭᠴᠢ ᠪᠡᠶᠡᠴᠢ ᠴᠣᠭᠴᠠ ᠶᠢᠨ ︽ᠢᠯᠭᠠᠨ ᠲᠣᠳᠣᠯᠠᠵᠤ ᠬᠢᠨᠠᠬᠤ︾ ᠠᠵᠢᠯᠯᠠᠭ᠎ᠠ ᠳᠤ ᠬᠢ ᠨᠠᠶᠢᠷᠠᠭᠤᠯᠬᠤᠢ ᠪᠣᠰᠣᠳᠴᠢ ᠴᠣᠭᠴᠠ ᠳᠤ ᠦᠵᠡᠭᠦᠯᠬᠦ ᠰᠢᠯᠢᠳᠡᠭ ᠢ ᠰᠣᠩᠭᠤᠬᠤ ᠦᠢᠯᠡᠳᠦᠯ᠃ ᠢᠯᠭᠠᠨ ᠲᠣᠳᠣᠯᠠᠵᠤ ᠬᠢᠨᠠᠬᠤ ᠬᠡᠳᠡᠭ ᠨᠢ ᠨᠠᠶᠢᠷᠠᠭᠤᠯᠣᠭᠴᠢ ᠶᠢᠨ ᠵᠤᠬᠢᠶᠡᠯ ᠪᠦᠳᠦᠭᠡᠯ ᠳᠤ ᠰᠣᠩᠭᠤᠯᠳᠠ ᠬᠢᠬᠦ ᠶᠢ ᠬᠡᠯᠡᠵᠦ ᠪᠣᠢ᠃ ᠢᠯᠭᠠᠨ ᠲᠣᠳᠣᠯᠠᠬᠤ ᠠᠵᠢᠯᠯᠠᠭ᠎ᠠ ᠳᠤ᠂ ᠨᠠᠶᠢᠷᠠᠭᠤᠯᠣᠭᠴᠢ ᠶᠢᠨ ᠭᠤᠣᠯᠯᠠᠭᠴᠢ ᠦᠢᠯᠡᠳᠦᠯ ᠨᠢ ᠲᠡᠷᠡ ᠪᠠᠷ ᠰᠢᠯᠢᠳᠡᠭ ᠢ ᠨᠢ ᠰᠣᠩᠭᠤᠬᠤ ᠦᠢᠯᠡᠳᠦᠯ ᠳᠤ ᠢᠯᠡᠷᠡᠵᠦ ᠪᠠᠶᠢᠳᠠᠭ᠃ ᠢᠯᠭᠠᠨ ᠲᠣᠳᠣᠯᠠᠵᠤ ᠬᠢᠨᠠᠬᠤ ᠨᠢ ᠬᠢᠨᠠᠨ ᠰᠢᠢᠳᠪᠦᠷᠢᠯᠡᠬᠦ ᠶᠢᠨ ᠲᠦᠷᠦᠭᠦᠦ ᠠᠯᠬᠤᠮ ᠪᠣᠯᠣᠨ᠎ᠠ᠃ ᠲᠡᠯᠭᠡᠷᠡᠩᠬᠦᠢ ᠣᠳᠬ᠎ᠠ ᠠᠴᠠ ᠬᠡᠯᠡᠪᠡᠯ᠂ ᠢᠯᠭᠠᠨ ᠲᠣᠳᠣᠯᠠᠵᠤ ᠬᠢᠨᠠᠬᠤ ᠨᠢ ᠪᠠᠰᠠ ᠴᠣ᠋ ᠨᠠᠶᠢᠷᠠᠭᠤᠯᠣᠭᠴᠢ ᠠᠴᠠ ᠵᠣᠬᠢᠶᠠᠯ ᠪᠦᠳᠦᠭᠡᠯ ᠳᠤ ᠬᠢᠵᠦ ᠪᠠᠶᠢᠭ᠎ᠠ ᠨᠢᠭᠡ ᠵᠦᠢᠯ ᠤᠨ ᠰᠢᠢᠳᠪᠦᠷᠢᠯᠡᠯᠳᠡ ᠪᠣᠯᠬᠤ ᠠᠵᠢ᠃ ᠢᠯᠭᠠᠨ ᠲᠣᠳᠣᠯᠠᠵᠣ ᠬᠢᠨᠠᠬᠤ ᠪᠠᠷ ᠲᠠᠮᠵᠢᠭᠠᠳ ᠵᠣᠬᠢᠶᠠᠯ ᠪᠦᠳᠦᠭᠡᠯ ᠤᠨ ᠰᠠᠶᠢᠨ ᠮᠠᠭᠤ ᠶᠢ ᠲᠣᠳᠣᠯᠠᠵᠣ᠂ ᠦᠨᠡᠨ ᠬᠤᠳᠠᠯ ᠢ ᠰᠢᠯᠭᠠᠨ ᠦᠵᠡᠵᠦ᠂ ᠠᠪᠬᠤ ᠪᠠ ᠣᠷᠬᠢᠬᠤ ᠶᠢ ᠲᠣᠭᠳᠠᠭᠠᠵᠣ ᠪᠠᠶᠢᠳᠠᠭ᠃ ᠢᠪᠴᠣᠣ ᠣᠳᠬ᠎ᠠ ᠠᠴᠠ ᠬᠡᠯᠡᠪᠡᠯ᠂ ᠰᠢᠢᠳᠪᠦᠷᠢᠯᠡᠭᠦ ᠬᠡᠳᠡᠭ ᠨᠢ ᠢᠯᠭᠠᠨ ᠲᠣᠳᠣᠯᠠᠵᠣ ᠬᠢᠨᠠᠬᠤ ᠪᠠᠷ ᠲᠠᠮᠵᠢᠵᠣ ᠣᠯᠠᠮᠵᠢᠯᠠᠨ ᠲᠡᠯᠭᠡᠷᠡᠭᠦᠯᠭᠦ ᠳᠤ ᠲᠣᠬᠢᠷᠠᠬᠤ ᠪᠣᠶᠣ ᠦᠨᠳᠦᠰᠦᠨ ᠳᠤ ᠪᠠᠨ ᠲᠣᠬᠢᠷᠠᠬᠤ ᠬᠡᠵᠦ ᠦᠵᠡᠭᠰᠡᠨ ᠵᠣᠬᠢᠶᠠᠯ ᠪᠦᠳᠦᠭᠡᠯ ᠳᠤ ᠬᠢᠭᠦ ᠵᠠᠰᠠᠯᠳᠠ ᠶᠢ ᠲᠣᠰᠬᠠᠶᠢᠯᠠᠨ ᠵᠢᠭᠠᠵᠣ ᠪᠣᠢ ᠃ ᠢᠪᠴᠣᠣ ᠣᠳᠬ᠎ᠠ ᠶᠢᠨ ᠲᠠᠯ᠎ᠠ ᠪᠠᠷ ᠬᠢ ᠰᠢᠢᠳᠪᠦᠷᠢᠯᠡᠯᠳᠡ ᠲᠠᠢ ᠬᠠᠷᠢᠴᠠᠭᠤᠯᠪᠠᠯ᠂ ᠢᠯᠭᠠᠨ ᠲᠣᠳᠣᠯᠠᠵᠣ ᠬᠢᠨᠠᠬᠤ ᠳᠤ ᠭᠤᠣᠯᠳᠠᠭᠤ ᠨᠠᠶᠢᠷᠠᠭᠤᠯᠣᠭᠴᠢ ᠪᠣᠯᠣᠭᠰᠠᠳ ᠦᠪᠡᠷ ᠤᠨ ᠢᠶᠠᠨ ᠱᠠᠭᠠᠷᠳᠠᠯᠭ᠎ᠠ ᠪᠠᠷ ᠵᠣᠬᠢᠶᠠᠯ ᠪᠦᠳᠦᠭᠡᠯ ᠳᠤ ᠰᠢᠭᠰᠢᠯᠳᠡ ᠰᠣᠩᠭᠤᠯᠳᠠ ᠬᠢᠵᠣ ᠪᠠᠶᠢᠳᠠᠭ᠃ ᠰᠢᠭ᠍ᠰᠢᠯᠳᠠ ᠰᠣᠩᠭᠤᠯᠳᠠ ᠬᠢᠭᠦ ᠪᠣᠯ ᠨᠢᠭᠡᠨ ᠵᠦᠢᠯ ᠤᠨ ᠴᠣᠯᠣ ᠴᠡᠪᠡᠷ ᠨᠠᠶᠢᠷᠠᠭᠤᠯᠬᠤ ᠠᠵᠢᠯᠯᠠᠭ᠎ᠠ ᠮᠦᠨ᠃ ᠰᠢᠭᠰᠢᠨ ᠰᠣᠩᠭᠤᠬᠤ ᠶᠠᠪᠣᠴᠠ ᠳᠤ ᠵᠣᠬᠢᠶᠠᠯ ᠪᠦᠳᠦᠭᠡᠯ ︵ᠵᠣᠬᠢᠶᠠᠭᠴᠢ ᠪᠠᠭᠳᠠᠨ᠎ᠠ︶ ᠪᠣᠯ ᠬᠠᠷᠢᠴᠠᠯᠠᠰᠢ ᠦᠭᠡᠢ ᠰᠠᠨᠠᠭᠠᠴᠢᠯᠠᠭᠠᠳᠣ ᠪᠣᠰᠣ ᠪᠠᠶᠢᠷᠢ ᠳᠤ ᠪᠠᠶᠢᠳᠠᠭ᠃ ᠰᠢᠯᠢᠭᠳᠡᠨ ᠰᠣᠩᠭᠤᠭᠳᠠᠬᠤ ᠡᠰᠡᠭᠦ ᠨᠢ ᠪᠦᠷ ᠨᠠᠶᠢᠷᠠᠭᠤᠯᠣᠭᠴᠢ ᠶᠢᠨ ᠦᠨᠡᠨ ᠰᠠᠶᠢᠨ ᠤ ᠲᠣᠷ᠎ᠠ ᠪᠠᠷ ᠲᠠᠰᠣᠯᠣᠨ ᠰᠢᠢᠳᠪᠦᠷᠢᠯᠡᠭᠳᠡᠭᠡ ᠶᠣᠮ᠃ ᠡᠨᠡ ᠲᠠᠯ᠎ᠠ ᠪᠠᠷ ᠨᠠᠶᠢᠷᠠᠭᠤᠯᠣᠭᠴᠢ ᠶᠢᠨ ᠭᠤᠣᠯᠯᠠᠭᠴᠢ ᠦᠢᠯᠡᠳᠦᠯ ᠨᠢ ᠡᠷᠡᠭᠡᠯᠵᠡᠭᠡ ᠦᠭᠡᠢ ᠪᠠᠶᠢᠳᠠᠭ᠃ ᠨᠠᠶᠢᠷᠠᠭᠤᠯᠣᠭᠴᠢ ᠶᠢᠨ ᠢᠯᠭᠠᠨ ᠲᠣᠳᠣᠯᠠᠵᠣ ᠬᠢᠨᠠᠬᠤ ᠠᠵᠢᠯᠯᠠᠭ᠎ᠠ ᠳᠤ ᠬᠢ ᠭᠤᠣᠯᠯᠠᠭᠴᠢ ᠦᠢᠯᠡᠳᠦᠯ ᠨᠢ ᠢᠯᠭᠠᠨ ᠲᠣᠳᠣᠯᠠᠬᠤ ᠪᠠ ᠬᠢᠨᠠᠨ ᠰᠢᠯᠭᠠᠬᠤ ᠪᠠᠷ ᠲᠠᠮᠵᠢᠵᠣ᠂ ᠨᠠᠶᠢᠷᠠᠭᠤᠯᠬᠤ ᠠᠵᠢᠯᠯᠠᠭ᠎ᠠ ᠳᠤ ᠰᠢᠯᠵᠢᠭᠦᠯᠦᠭᠳᠡᠭᠰᠡᠨ ᠵᠣᠬᠢᠶᠠᠯ ᠪᠦᠳᠦᠭᠡᠯ ᠲᠣᠳᠣᠷ᠎ᠠ ᠠᠴᠠ ᠲᠡᠳᠡᠭᠡᠷ ᠰᠢᠯᠢᠳᠡᠭ ᠰᠠᠶᠢᠨ ᠮᠦᠷᠳᠡᠭᠡᠨ ᠨᠠᠶᠢᠷᠠᠭᠤᠯᠣᠭᠴᠢ ᠶᠢᠨ ᠰᠠᠨᠠᠭᠠᠨ ᠳᠤ ᠨᠡᠶᠢᠴᠡᠵᠦ ᠪᠠᠶᠢᠭ᠎ᠠ ᠣᠯᠠᠮᠵᠢᠯᠠᠨ ᠲᠡᠯᠭᠡᠷᠡᠭᠦᠯᠵᠦ ᠪᠣᠯᠬᠤᠶᠢᠴᠠ ᠵᠣᠬᠢᠶᠠᠯ ᠪᠦᠳᠦᠭᠡᠯ ᠤᠳ ᠢ ᠰᠢᠯᠢᠨ ᠰᠣᠩᠭᠤᠵᠣ ᠠᠪᠣᠭᠠᠳ ᠨᠠᠶᠢᠷᠠᠭᠤᠯᠬᠤ ᠴᠣᠪᠣᠷᠠᠯ ᠶᠠᠪᠣᠴᠠ ᠶᠢᠨ ᠲᠣᠳᠣᠭᠠᠷᠬᠢ ᠠᠯᠬᠤᠮ ᠤᠨ ᠠᠵᠢᠯ ᠤᠨ ᠲᠠᠷᠠᠭᠠᠯᠠᠯ ᠢᠶᠠᠷ ᠰᠢᠯᠵᠢᠭᠦᠯᠭᠦ ᠶᠠᠪᠣᠳᠠᠯ ᠪᠣᠯᠣᠨ᠎ᠠ᠃ ᠢᠯᠭᠠᠨ ᠲᠣᠳᠣᠯᠠᠵᠣ ᠬᠢᠨᠠᠬᠤ ᠨᠢ ᠣᠯᠠᠮᠵᠢᠯᠠᠯᠳᠣ ᠠᠴᠢ ᠬᠤᠯᠪᠣᠭᠳᠠᠯ ᠤᠨ ᠲᠠᠯ᠎ᠠ ᠪᠠᠷ ᠬᠢ ᠨᠠᠶᠢᠷᠠᠭᠤᠯᠬᠤ ᠠᠵᠢᠯᠯᠠᠭ᠎ᠠ ᠶᠢᠨ ᠲᠦᠷᠦᠭᠦᠦ ᠪᠣᠭᠤᠮᠳᠠ ᠪᠣᠯᠬᠤ ᠶᠣᠮ         ᠭᠤᠷᠪᠠᠳᠣᠭᠠᠷ ᠲᠤ᠂ ᠨᠠᠶᠢᠷᠠᠭᠤᠯᠬᠤᠢ ᠪᠡᠶᠡᠴᠢ ᠴᠣᠭᠴᠠ ᠠᠴᠠ ︽ᠰᠢᠢᠳᠪᠦᠷᠢᠯᠡᠭᠦ︾ ᠠᠵᠢᠯᠯᠠᠭ᠎ᠠ ᠶᠢᠨ ᠲᠣᠮᠳᠠ ᠨᠠᠶᠢᠷᠠᠭᠤᠯᠬᠤᠢ ᠪᠣᠰᠣᠳᠴᠢ ᠴᠣᠭᠴᠠ ᠳᠤ ᠦᠵᠡᠭᠦᠯᠳᠡᠭ ᠰᠢᠯᠢᠳᠡᠭᠵᠢᠭᠦᠯᠭᠦ ᠦᠢᠯᠡᠳᠦᠯ᠃ ᠰᠢᠢᠳᠪᠦᠷᠢᠯᠡᠭᠦ ᠪᠣᠯ ᠨᠠᠶᠢᠷᠠᠭᠤᠯᠣᠭᠴᠢ ᠠᠴᠠ ᠵᠣᠬᠢᠶᠠᠯ ᠪᠦᠳᠦᠭᠡᠯ ᠳᠤ ᠦᠵᠡᠭᠦᠯᠳᠡᠭ ᠲᠡᠭᠡᠭᠰᠢᠯᠡᠯᠳᠡ ᠮᠦᠨ ᠪᠢᠯᠡ᠃ ᠰᠢᠢᠳᠪᠦᠷᠢᠯᠡᠭᠦ ᠠᠵᠢᠯᠯᠠᠭ᠎ᠠ ᠲᠣᠮᠳᠠ ᠨᠠᠶᠢᠷᠠᠭᠤᠯᠣᠭᠴᠢ ᠶᠢᠨ ᠭᠤᠣᠯᠯᠠᠭᠴᠢ ᠦᠢᠯᠡᠳᠦᠯ ᠨᠢ ᠲᠡᠭᠦᠨ ᠤ ᠰᠢᠯᠢᠳᠡᠭᠵᠢᠭᠦᠯᠭᠦ ᠦᠢᠯᠡᠳᠦᠯ ᠢᠶᠠᠷ ᠢᠯᠡᠷᠡᠳᠡᠭ᠃ ᠵᠣᠬᠢᠶᠠᠯ ᠪᠦᠳᠦᠭᠡᠯ ᠤᠨ ᠵᠣᠬᠢᠶᠠᠭᠴᠢ ᠬᠢᠭᠡᠳ ᠨᠠᠶᠢᠷᠠᠭᠤᠯᠣᠭᠴᠢ ᠠᠳᠠᠯᠢ ᠪᠣᠰᠣ ᠪᠠᠶᠢᠳᠠᠭ ᠲᠣᠯᠠ ᠵᠣᠬᠢᠶᠠᠯ ᠪᠦᠳᠦᠭᠡᠯ ᠤᠨ ᠣᠯᠠᠮᠵᠢᠯᠠᠭᠳᠠᠨ ᠲᠡᠯᠭᠡᠷᠡᠭᠦ ᠡᠰᠡᠭᠦ ᠲᠠᠯ᠎ᠠ ᠪᠠᠷ ᠬᠢ ᠦᠵᠡᠯᠳᠡ ᠨᠢ ᠴᠣ᠋ ᠢᠮᠠᠭᠳᠠ ᠠᠳᠠᠯᠢ ᠦᠭᠡᠢ ᠪᠠᠶᠢᠳᠠᠭ᠃ ᠡᠶᠢᠨ ᠭᠦ ᠵᠣᠬᠢᠶᠠᠭᠴᠢ ᠶᠢᠨ ᠪᠢᠴᠢᠭᠰᠡᠨ ᠵᠣᠬᠢᠶᠠᠯ ᠪᠦᠳᠦᠭᠡᠯ ᠤᠨ ᠡᠭᠡ ᠪᠢᠴᠢᠭ ᠤᠳ ᠣᠯᠠᠮᠵᠢᠯᠠᠭᠳᠠᠨ ᠲᠡᠯᠭᠡᠷᠡᠭᠰᠡᠨ ᠨᠢ ᠮᠦᠨ ᠠᠳᠠᠯᠢ ᠪᠣᠰᠣ ᠪᠠᠶᠢᠳᠠᠭ᠃ ᠢᠩᠭᠢᠭᠦᠯᠡᠷ ᠨᠠᠶᠢᠷᠠᠭᠤᠯᠣᠭᠴᠢ ᠪᠣᠯᠣᠭᠰᠠᠳ ᠮᠠᠨᠢ ᠵᠣᠬᠢᠬᠤ ᠬᠡᠮᠵᠢᠶᠡᠨ ᠤ ᠪᠠᠷᠢᠮᠵᠢᠶ᠎ᠠ ᠪᠠᠷ ᠵᠣᠬᠢᠶᠠᠯ ᠪᠦᠳᠦᠭᠡᠯ ᠳᠤ ᠵᠠᠰᠠᠪᠣᠷᠢ ᠣᠷᠣᠭᠤᠯᠣᠨ ᠰᠢᠢᠳᠪᠦᠷᠢᠯᠡᠭᠦ ᠶᠠᠪᠣᠳᠠᠯ ᠱᠠᠭᠠᠷᠳᠠᠭᠳᠠᠵᠣ ᠪᠠᠶᠢᠭ᠎ᠠ ᠶᠣᠮ᠃ ᠨᠠᠶᠢᠷᠠᠭᠤᠯᠣᠭᠴᠢ ᠶᠢᠨ ᠵᠣᠬᠢᠶᠠᠯ ᠪᠦᠳᠦᠭᠡᠯ ᠢ ᠰᠢᠢᠳᠪᠦᠷᠢᠯᠡᠭᠦ ᠳᠤ ᠠᠭᠤᠯᠭ᠎ᠠ ᠶᠢᠨ ᠲᠠᠯ᠎ᠠ ᠪᠠᠷ ᠬᠢ ᠮᠦᠨ ᠬᠡᠯᠪᠡᠷᠢ ᠶᠢᠨ ᠲᠠᠯ᠎ᠠ ᠪᠠᠷ ᠬᠢ ᠬᠡᠵᠦ ᠪᠠᠶᠢᠳᠠᠭ᠃ ᠲᠡᠷᠡᠴᠢᠯᠡᠨ ᠲᠣᠰᠬᠠᠢ ᠮᠡᠷᠭᠡᠵᠢᠯ ᠤᠨ ᠴᠢᠨᠠᠷ ᠲᠠᠢ ᠪᠣᠶᠣ ᠡᠰᠡᠭᠦᠯ᠎ᠡ ᠮᠡᠷᠭᠡᠵᠢᠯ ᠤᠨ ᠴᠢᠨᠠᠷ ᠲᠠᠢ ᠰᠢᠢᠳᠪᠦᠷᠢᠯᠡᠯᠳᠡ ᠬᠡᠵᠦ ᠪᠠᠶᠢᠳᠠᠭ᠃ ᠨᠠᠶᠢᠷᠠᠭᠤᠯᠣᠭᠴᠢ ᠠᠴᠠ ᠵᠣᠬᠢᠶᠠᠯ ᠪᠦᠳᠦᠭᠡᠯ ᠢ ᠰᠢᠢᠳᠪᠦᠷᠢᠯᠡᠭᠦ ᠶᠢᠨ ᠲᠣᠰᠠ ᠳᠤ ᠵᠠᠷᠣᠴᠠᠭᠤᠯᠣᠭᠰᠠᠨ ᠭᠦᠴᠦ ᠭᠦᠳᠡᠯᠮᠦᠷᠢ ᠯᠦᠭᠡ ᠰᠢᠨᠵᠢ ᠴᠢᠨᠠᠷ ᠤᠨ ᠲᠠᠯ᠎ᠠ ᠪᠠᠷ ᠠᠳᠠᠯᠢᠬᠠᠨ ᠪᠠᠶᠢᠵᠣ᠂ ᠪᠦᠷ ᠪᠦᠳᠦᠭᠡᠯᠴᠢ ᠴᠢᠨᠠᠷ ᠲᠠᠢ ᠪᠠᠶᠢᠭ᠎ᠠ ᠶᠣᠮ᠃ ᠴᠢᠭᠯᠡᠯ ᠬᠠᠨᠳᠣᠰᠢ ᠶᠢᠨ ᠲᠠᠯ᠎ᠠ ᠪᠠᠷ ᠴᠣ᠋ ᠠᠳᠠᠯᠢᠬᠠᠨ ᠪᠠᠶᠢᠳᠠᠭ ᠪᠦᠭᠡᠳ ᠪᠦᠷ ᠵᠣᠬᠢᠶᠠᠯ ᠪᠦᠳᠦᠭᠡᠯ ᠤᠨ ᠪᠦᠳᠦᠭᠡᠯᠳᠡ ᠶᠢᠨ ᠭᠦᠳᠡᠯᠮᠦᠷᠢ ᠶᠢᠨ ᠦᠷᠭᠦᠯᠵᠢᠯᠡᠯ ᠪᠣᠯᠣᠨ᠎ᠠ᠃ ᠵᠣᠬᠢᠶᠠᠯ ᠪᠦᠳᠦᠭᠡᠯ ᠢ ᠰᠢᠢᠳᠪᠦᠷᠢᠯᠡᠭᠦ ᠶᠠᠪᠣᠴᠠ ᠳᠤ᠂ ᠨᠠᠶᠢᠷᠠᠭᠤᠯᠣᠭᠴᠢ ᠶᠢᠨ ᠭᠤᠣᠯᠯᠠᠭᠴᠢ ᠦᠢᠯᠡᠳᠦᠯ ᠴᠣ᠋ ᠭᠦᠢᠴᠡᠳ ᠪᠠᠳᠠᠷᠠᠭᠤᠯᠣᠭᠳᠠᠵᠣ ᠪᠠᠶᠢᠭ᠎ᠠ ᠠᠵᠢ᠃ ᠨᠠᠶᠢᠷᠠᠭᠤᠯᠣᠭᠴᠢ ᠮᠠᠨᠢ ᠠᠭᠤᠯᠭ᠎ᠠ ᠶᠢᠨ ᠲᠠᠯ᠎ᠠ ᠪᠠᠷ ᠪᠣᠶᠣ ᠲᠣᠰᠬᠠᠢ ᠮᠡᠷᠭᠡᠵᠢᠯ ᠤᠨ ᠴᠢᠨᠠᠷ ᠪᠦᠭᠦᠢ ᠠᠰᠠᠭᠤᠳᠠᠯ ᠤᠨ ᠲᠠᠯ᠎ᠠ ᠪᠠᠷ ᠵᠣᠬᠢᠶᠠᠯ ᠪᠦᠳᠦᠭᠡᠯ ᠢ ᠰᠢᠢᠳᠪᠦᠷᠢᠯᠡᠭᠦ ᠳᠤ ᠪᠠᠨ᠂ ᠰᠢᠭᠤᠳ ᠭᠠᠷ ᠣᠷᠣᠵᠣ ᠵᠠᠰᠠᠪᠣᠷᠢ ᠣᠷᠣᠭᠤᠯᠬᠤ ᠶᠣᠮ ᠦᠦ᠂ ᠡᠰᠡᠭᠦᠯ᠎ᠡ ᠰᠠᠨᠠᠯ ᠲᠣᠷᠠᠳᠴᠦ ᠵᠣᠬᠢᠶᠠᠭᠴᠢ ᠪᠠᠷ ᠵᠠᠰᠠᠯᠳᠠ ᠬᠢᠯᠭᠡᠭᠰᠡᠨ ᠴᠣ᠋ ᠬᠠᠮᠢᠶ᠎ᠠ ᠦᠭᠡᠢ᠂ ᠪᠦᠷ ᠯᠠ ᠣᠣᠯ ᠤᠨ ᠰᠠᠭᠤᠷᠢ ᠲᠡᠭᠡᠷ᠎ᠡ ᠨᠢ ᠵᠣᠬᠢᠶᠠᠯ ᠪᠦᠳᠦᠭᠡᠯ ᠢ ᠴᠢᠨᠠᠷᠵᠢᠭᠤᠯᠬᠤ ᠨᠢᠭᠡᠨ ᠵᠦᠢᠯ ᠤᠨ ᠲᠡᠭᠡᠭᠰᠢᠯᠡᠯᠳᠡ ᠪᠣᠯᠬᠤ ᠶᠣᠮ᠃ ᠮᠦᠨ ᠴᠣ᠋ ᠵᠣᠬᠢᠶᠠᠯ ᠪᠦᠳᠦᠭᠡᠯ ᠳᠤ ᠣᠣᠯ ᠤᠨ ᠠᠬᠤᠭᠤᠯᠣᠭᠳᠠᠵᠣ ᠪᠠᠶᠢᠭᠰᠠᠨ ᠪᠦᠳᠦᠭᠡᠯᠴᠢ ᠭᠦᠳᠡᠯᠮᠦᠷᠢ ᠶᠢᠨ ᠲᠡᠭᠡᠭᠰᠢᠯᠡᠯᠳᠡ ᠪᠣᠯᠬᠤ ᠪᠦᠭᠡᠳ ᠨᠢᠭᠡᠨ ᠲᠠᠬᠢᠨ ᠪᠦᠳᠦᠭᠡᠨ ᠪᠠᠶᠢᠭᠤᠯᠣᠯᠳᠠ ᠪᠣᠯᠬᠤ ᠶᠣᠮ᠃ ᠬᠡᠳᠦᠢ ᠪᠠᠷ ᠬᠡᠯᠪᠡᠷᠢ ᠶᠢᠨ ᠲᠠᠯ᠎ᠠ ᠪᠠᠷ ᠬᠢ ᠶᠠᠪᠣᠳᠠᠯ ᠪᠣᠯᠣᠭᠰᠠᠨ ᠴᠣ᠋᠂ ᠴᠢᠭᠠᠰᠢᠯᠠᠭᠠᠳ ᠲᠠᠩ ᠮᠡᠷᠭᠡᠵᠢᠯ ᠤᠨ ᠴᠢᠨᠠᠷᠳᠠᠢ ᠠᠰᠠᠭᠤᠳᠠᠯ ᠪᠠᠶᠢᠭᠰᠠᠨ ᠴᠣ᠋ ᠨᠠᠶᠢᠷᠠᠭᠤᠯᠣᠭᠴᠢ ᠶᠢᠨ ᠰᠢᠢᠳᠪᠦᠷᠢᠯᠡᠯᠳᠡ ᠨᠢ ᠪᠠᠰᠠ ᠴᠣ᠋ ᠭᠤᠣᠯᠯᠠᠭᠴᠢ ᠦᠢᠯᠡᠳᠦᠯ ᠤᠨ ᠬᠢᠨᠢ ᠪᠡᠶᠡᠯᠡᠯ ᠪᠣᠯᠬᠤ ᠶᠣᠮ᠃ ᠪᠢᠳᠡ ᠣᠳᠣ ᠨᠠᠶᠢᠷᠠᠭᠤᠯᠣᠭᠴᠢ ᠠᠴᠠ ᠵᠣᠬᠢᠶᠠᠯ ᠪᠦᠳᠦᠭᠡᠯ ᠢ ᠰᠢᠢᠳᠪᠦᠷᠢᠯᠡᠭᠦ ᠦᠶ᠎ᠡ ᠳᠤ ᠢᠯᠡᠷᠡᠵᠦ ᠪᠦᠭᠦᠢ ᠭᠤᠣᠯᠯᠠᠭᠴᠢ ᠦᠢᠯᠡᠳᠦᠯ ᠪᠣᠯᠣᠨ ᠲᠡᠷᠡ ᠲᠣᠬᠠᠢ ᠦᠵᠡᠭᠦᠯᠦᠭᠰᠡᠨ ᠲᠡᠬᠢᠨ ᠪᠦᠳᠦᠭᠡᠯᠳᠡ ᠨᠢ ᠬᠡᠳᠦᠢ ᠪᠠᠷ ᠵᠣᠬᠢᠶᠠᠯ ᠪᠦᠳᠦᠭᠡᠯ ᠤᠨ ᠣᠣᠯ ᠤᠨ ᠪᠦᠳᠦᠭᠡᠯᠳᠡ ᠠᠴᠠ ᠨᠡᠩ ᠪᠡᠷᠭᠡ ᠬᠡᠵᠦ ᠬᠡᠯᠡᠵᠦ ᠪᠣᠯᠬᠤ ᠦᠭᠡᠢ ᠴᠣ᠋ ᠬᠠᠷᠢᠨ ᠣᠴᠢᠷ ᠦᠭᠡᠢ ᠠᠮᠠᠷᠬᠠᠨ ᠬᠡᠵᠦ ᠬᠡᠯᠡᠵᠦ ᠪᠣᠯᠬᠤ ᠦᠭᠡᠢ ᠶᠣᠮ ᠬᠡᠵᠦ ᠬᠡᠯᠡᠭᠦᠰᠢᠳᠡᠢ ᠪᠢᠰᠢ ᠦᠦ︖ ᠨᠠᠶᠢᠷᠠᠭᠤᠯᠣᠭᠴᠢ ᠪᠣᠯᠣᠭᠰᠠᠳ ᠵᠣᠬᠢᠶᠠᠯ ᠪᠦᠳᠦᠭᠡᠯ ᠳᠤ ᠲᠣᠭᠳᠠᠵᠣ ᠲᠡᠶᠢᠯᠦᠭᠦᠰᠢᠳᠡᠢ ᠣᠠᠬᠠᠭᠠᠯᠢᠭ ᠰᠠᠶᠢᠨ ᠵᠠᠰᠠᠯᠳᠠ ᠬᠢᠭᠦ ᠰᠠᠨᠠᠯ ᠲᠣᠷᠠᠳᠬᠤ ᠪᠣᠶᠣ ᠡᠰᠡᠭᠦᠯ᠎ᠡ ᠰᠢᠭᠤᠳ ᠭᠠᠷᠳᠠᠨ ᠬᠡᠮᠡᠷᠯᠢᠭ ᠲᠤ ᠴᠡᠴᠡᠭ ᠬᠠᠳᠬᠤᠮᠠᠯᠠᠬᠤ ᠰᠢᠭ ᠵᠠᠰᠠᠯᠳᠠ ᠣᠷᠣᠭᠤᠯᠬᠤ ᠬᠡᠪᠡᠯ᠂ ᠶᠠᠮᠠᠷ ᠨᠢᠭᠡᠨ ᠲᠠᠯ᠎ᠠ ᠪᠠᠷ ᠵᠣᠬᠢᠶᠠᠭᠴᠢ ᠠᠴᠠ ᠲᠠᠪᠠᠭ᠋ᠣ ᠵᠦᠢᠯ ᠪᠠᠶᠢᠬᠤ ᠦᠭᠡᠢ ᠪᠣᠯ ᠲᠡᠷᠡ ᠨᠢ ᠰᠡᠳᠭᠢᠭᠦᠶ᠎ᠡ ᠪᠡᠷᠭᠡ ᠶᠠᠪᠣᠳᠠᠯ ᠪᠣᠯᠬᠤ ᠶᠣᠮ᠃         ᠨᠠᠶᠢᠷᠠᠭᠤᠯᠣᠭᠴᠢ ᠶᠢᠨ ᠨᠠᠶᠢᠷᠠᠭᠤᠯᠬᠤ ᠠᠵᠢᠯᠯᠠᠭ᠎ᠠ ᠶᠢᠨ ᠲᠣᠮᠳᠠᠭᠢ ᠪᠠᠶᠠᠴᠢ ᠴᠣᠭᠴᠠ ᠶᠢᠨ ᠪᠠᠶᠢᠷᠢ ᠰᠠᠭᠤᠷᠢ ᠬᠢᠭᠡᠳ ᠭᠤᠣᠯᠯᠠᠬᠤ ᠦᠢᠯᠡᠳᠦᠯ ᠨᠢ ᠨᠠᠶᠢᠷᠠᠭᠤᠯᠣᠭᠴᠢ ᠶᠢᠨ ᠣᠷᠣᠨ ᠪᠠᠶᠢᠷᠢ ᠶᠢᠨ ᠲᠣᠭᠳᠠᠮᠵᠢᠯᠳᠠ ᠪᠣᠯᠬᠤ ᠪᠠᠷ ᠦᠯᠦ ᠪᠠᠷᠠᠮ ᠂ ᠪᠠᠰᠠ ᠨᠠᠶᠢᠷᠠᠭᠤᠯᠣᠭᠴᠢ ᠳᠤ ᠲᠠᠯᠪᠢᠵᠦ ᠪᠦᠭᠦᠢ ᠱᠠᠭᠠᠷᠳᠠᠯᠭ᠎ᠠ ᠪᠣᠯᠬᠤ ᠪᠢᠯᠡ᠃ ᠨᠢᠭᠡᠨ ᠲᠣᠰᠢᠶᠠᠯ ᠳᠠᠭᠠᠨ ᠲᠣᠬᠢᠷᠠᠭᠰᠠᠨ ᠨᠠᠶᠢᠷᠠᠭᠤᠯᠣᠭᠴᠢ ᠮᠠᠨᠢ ᠦᠪᠡᠷ ᠤᠨ ᠪᠠᠶᠢᠷᠢ ᠰᠠᠭᠤᠷᠢ ᠪᠠ ᠦᠢᠯᠡᠳᠦᠯ ᠤᠨ ᠲᠣᠬᠠᠢ ᠲᠠᠨᠢᠯᠳᠠ ᠠᠴᠠ ᠪᠠᠨ ᠪᠦᠷᠢᠨ ᠬᠠᠩᠭᠠᠮᠵᠢᠳᠠᠢ ᠣᠬᠠᠮᠰᠠᠷᠳᠣ ᠴᠢᠨᠠᠷ ᠲᠠᠢ ᠪᠣᠯᠵᠣ᠂ ᠡᠭᠦᠨ ᠯᠦᠭᠡ ᠵᠣᠬᠢᠴᠠᠩᠭᠤᠢ ᠬᠢᠷᠢ ᠬᠡᠮᠵᠢᠶ᠎ᠡ ᠶᠢ ᠪᠦᠷᠢᠯᠳᠦᠭᠦᠯᠦᠨ᠂ ᠮᠦᠨ ᠡᠭᠦᠨ ᠯᠦᠭᠡ ᠵᠣᠬᠢᠴᠠᠩᠭᠤᠢ ᠦᠢᠯᠡᠳᠦᠯ ᠢᠶᠠᠨ ᠪᠠᠳᠠᠷᠠᠭᠤᠯᠪᠠᠯ ᠵᠣᠬᠢᠨ᠎ᠠ᠃ ᠨᠢᠭᠡ ᠳᠤᠨᠢ᠂ ᠨᠠᠶᠢᠷᠠᠭᠤᠯᠣᠭᠴᠢ ᠪᠣᠯᠣᠭᠰᠠᠳ ᠦᠪᠡᠷ ᠤᠨ ᠢᠶᠠᠨ ᠨᠠᠶᠢᠷᠠᠭᠤᠯᠬᠤ ᠠᠵᠢᠯᠯᠠᠭ᠎ᠠ ᠲᠣᠮᠳᠠᠬᠢ ᠪᠠᠶᠠᠴᠢ ᠴᠣᠭᠴᠠ ᠶᠢᠨ ᠪᠠᠶᠢᠷᠢ ᠰᠠᠭᠤᠷᠢ ᠶᠢᠨ ᠲᠣᠬᠠᠢ ᠭᠦᠢᠴᠡᠳ ᠣᠬᠠᠮᠰᠠᠷᠠᠩᠭᠤᠢ ᠪᠠᠶᠢᠵᠣ᠂ ᠦᠪᠡᠷ ᠤᠨ ᠢᠶᠠᠨ ᠨᠠᠶᠢᠷᠠᠭᠤᠯᠬᠤᠢ ᠪᠡᠶᠡᠴᠢ ᠴᠣᠭᠴᠠ ᠪᠣᠯᠣᠭᠰᠠᠨ ᠶᠠᠪᠣᠳᠠᠯ ᠢ ᠦᠨᠡᠨ ᠭᠦ ᠲᠠᠨᠢᠵᠣ ᠂ ᠪᠠᠶᠠᠴᠢ ᠴᠣᠭᠴᠠ ᠶᠢᠨ ᠦᠵᠡᠯ ᠣᠬᠠᠮᠰᠠᠷ ᠢ ᠪᠣᠢ ᠪᠣᠯᠭᠠᠬᠤ ᠬᠡᠳᠡᠭ ᠤᠨ ᠬᠠᠮᠤᠭ ᠦᠨᠳᠦᠰᠦᠨ ᠵᠦᠢᠯ ᠨᠢ ᠲᠡᠷᠣᠢ ᠦᠪᠡᠷ ᠢ ᠪᠠᠨ ᠨᠠᠶᠢᠷᠠᠭᠤᠯᠬᠤ ᠠᠵᠢᠯᠯᠠᠭ᠎ᠠ ᠶᠢᠨ ᠡᠵᠡᠨ ᠢᠶᠠᠷ ᠦᠵᠡᠵᠦ᠂ ᠨᠠᠶᠢᠷᠠᠭᠤᠯᠬᠤ ᠠᠵᠢᠯᠯᠠᠭ᠎ᠠ ᠶᠢ ᠦᠪᠡᠷ ᠤᠨ ᠢᠶᠠᠨ ᠠᠵᠢᠯᠯᠠᠭ᠎ᠠ ᠪᠣᠯᠭᠠᠵᠣ᠂ ᠨᠠᠶᠢᠷᠠᠭᠤᠯᠬᠤ ᠦᠢᠯᠡᠰ ᠢ ᠦᠪᠡᠷ ᠤᠨ ᠢᠶᠠᠨ ᠦᠢᠯᠡᠰ ᠪᠣᠯᠭᠠᠵᠣ᠂ ᠨᠠᠶᠢᠷᠠᠭᠤᠯᠬᠤ ᠦᠢᠯᠡᠰ ᠢ ᠬᠠᠶᠢᠷᠠᠯᠠᠨ ᠪᠡᠶ᠎ᠡ ᠪᠠᠨ ᠵᠣᠷᠢᠭᠤᠯᠵᠣ ᠭᠦᠴᠦ ᠪᠠᠨ ᠡᠷᠭᠦᠭᠦ ᠬᠡᠷᠡᠭᠳᠡᠢ᠃ ᠬᠤᠶᠠᠷ ᠲᠤᠨᠢ᠂ ᠨᠠᠶᠢᠷᠠᠭᠤᠯᠣᠭᠴᠢ ᠪᠣᠯᠣᠭᠰᠠᠳ ᠦᠪᠡᠷ ᠤᠨ ᠢᠶᠠᠨ ᠨᠠᠶᠢᠷᠠᠭᠤᠯᠬᠤ ᠠᠵᠢᠯᠯᠠᠭ᠎ᠠ ᠳᠠᠬᠢ ᠭᠤᠣᠯᠯᠠᠭᠴᠢ ᠦᠢᠯᠡᠳᠦᠯ ᠤᠨ ᠲᠣᠬᠠᠢ ᠪᠦᠷᠢᠨ ᠭᠦᠢᠴᠡᠳ ᠣᠬᠠᠮᠰᠠᠷᠯᠠᠩᠭᠤᠢ ᠪᠠᠶᠢᠵᠣ᠂ ᠨᠠᠶᠢᠷᠠᠭᠤᠯᠬᠤ ᠠᠵᠢᠯᠯᠠᠭ᠎ᠠ ᠲᠣᠮᠳᠠ ᠦᠪᠡᠷ ᠤᠨ ᠬᠠᠷᠢᠭᠤᠴᠠᠪᠠᠰᠣ ᠵᠣᠬᠢᠬᠤ ᠡᠭᠦᠷᠭᠡ ᠪᠠᠨ ᠦᠨᠡᠨ ᠮᠠᠭᠠᠳ ᠲᠠᠢ ᠲᠠᠨᠢᠵᠣ ᠬᠠᠷᠢᠭᠤᠴᠠᠯᠭᠠᠳᠣ ᠣᠬᠠᠮᠰᠠᠷ ᠢ ᠪᠣᠢ ᠪᠣᠯᠭᠠᠬᠤ ᠬᠡᠷᠡᠭᠳᠡᠢ᠃ ᠬᠠᠷᠢᠭᠤᠴᠠᠯᠭᠠᠳᠣ ᠣᠬᠠᠮᠰᠠᠷ ᠢ ᠪᠣᠢ ᠪᠣᠯᠭᠠᠬᠤ ᠬᠡᠳᠡᠭ ᠤᠨ ᠬᠠᠮᠤᠭ ᠦᠨᠳᠦᠰᠦᠨ ᠵᠦᠢᠯ ᠨᠢ ᠲᠠᠷᠣᠢ ᠨᠠᠶᠢᠷᠠᠭᠤᠯᠬᠤ ᠠᠵᠢᠯᠯᠠᠭ᠎ᠠ ᠶᠢᠨ ᠪᠦᠭᠦ ᠶᠠᠪᠣᠴᠠ ᠳᠤ ᠴᠦᠮ ᠣᠬᠠᠮᠰᠠᠷ ᠲᠠᠢ ᠪᠠᠷ ᠪᠦᠭᠦ ᠲᠠᠯ᠎ᠠ ᠪᠠᠷ ᠨᠠᠶᠢᠷᠠᠭᠤᠯᠬᠤᠢ ᠪᠡᠶᠡᠴᠢ ᠴᠣᠭᠴᠠ ᠯᠤᠭ᠎ᠠ ᠵᠣᠬᠢᠴᠠᠯᠳᠣᠩᠭᠤᠢ ᠬᠠᠷᠢᠭᠤᠴᠠᠯᠭ᠎ᠠ ᠪᠠᠨ ᠡᠭᠦᠷᠭᠡᠯᠡᠵᠦ᠂ ᠣᠬᠠᠮᠰᠠᠷ ᠲᠠᠢ ᠪᠠᠷ ᠴᠢᠷᠮᠠᠶᠢᠯᠳᠠ ᠲᠠᠢ ᠪᠠᠷ ᠲᠣᠰᠢᠶᠠᠯ ᠡᠭᠦᠷᠭᠡᠨ ᠪᠠᠨ ᠭᠦᠢᠴᠡᠳᠭᠡᠭᠦ ᠬᠡᠷᠡᠭᠳᠡᠢ᠃ ᠭᠤᠷᠪᠠ ᠳᠤᠨᠢ ᠨᠠᠶᠢᠷᠠᠭᠤᠯᠣᠭᠴᠢ ᠪᠣᠯᠣᠭᠰᠠᠳ ᠦᠪᠡᠷ ᠤᠨ ᠲᠣᠰᠢᠶᠠᠯ ᠡᠭᠦᠷᠭᠡ ᠪᠠᠨ ᠭᠦᠢᠴᠡᠳᠭᠡᠭᠦ ᠳᠤ ᠪᠦᠷᠢᠯᠳᠦᠭᠦᠯᠭᠦ ᠴᠢᠬᠤᠯᠠᠳᠠᠢ ᠦᠨᠳᠦᠰᠦᠨ ᠬᠡᠪ ᠴᠢᠨᠠᠷ ᠤᠨ ᠲᠣᠬᠠᠢ ᠭᠦᠢᠴᠡᠳ ᠣᠬᠠᠮᠰᠠᠷᠯᠠᠩᠭᠤᠢ ᠪᠠᠶᠢᠵᠣ᠂ ᠲᠣᠰᠢᠶᠠᠯ ᠡᠭᠦᠷᠭᠡ ᠪᠠᠨ ᠭᠦᠢᠴᠡᠳᠭᠡᠭᠦ ᠶᠢᠨ ᠲᠦᠯᠦᠭᠡᠨ᠎ᠡ ᠦᠪᠡᠷ ᠢᠶᠠᠨ ᠵᠠᠪᠠᠯ ᠴᠠᠭ ᠦᠶ᠎ᠡ ᠲᠠᠢ ᠵᠡᠷᠭᠡᠪᠡᠷ ᠣᠷᠣᠭᠰᠢᠯᠠᠵᠣ᠂ ᠴᠢᠷᠮᠠᠶᠢᠨ ᠰᠣᠷᠣᠯᠴᠠᠵᠣ᠂ ᠬᠡᠪ ᠴᠢᠨᠠᠷ ᠤᠨ ᠪᠣᠯᠪᠠᠰᠣᠷᠠᠯ ᠢᠶᠠᠨ ᠲᠠᠰᠣᠷᠠᠯᠳᠠ ᠦᠭᠡᠢ ᠲᠡᠭᠡᠭᠰᠢᠯᠡᠭᠦᠯᠵᠦ ᠪᠠᠶᠢᠬᠤ ᠶᠢ ᠦᠨᠡᠨ ᠮᠠᠭᠠᠳ ᠲᠠᠢ ᠲᠠᠨᠢᠬᠤ ᠬᠡᠷᠡᠭᠳᠡᠢ᠃ ᠢᠩᠭᠢᠮᠡᠨᠵᠢᠨ ᠰᠠᠶ᠋ᠢ ᠦᠪᠡᠷ ᠤᠨ ᠪᠡᠶᠡᠴᠢ ᠴᠣᠭᠴᠠ ᠶᠢᠨ ᠪᠠᠶᠢᠷᠢ ᠰᠠᠭᠤᠷᠢ ᠪᠠᠨ ᠨᠣᠳᠠᠳᠠᠢ ᠪᠠᠳᠣᠯᠠᠵᠣ᠂ ᠭᠤᠣᠯᠯᠠᠭᠴᠢ ᠦᠢᠯᠡᠳᠦᠯ ᠢᠶᠠᠨ ᠪᠠᠳᠠᠷᠠᠭᠤᠯᠣᠨ ᠣᠬᠠᠭᠠᠯᠠᠨ ᠲᠦᠰᠦᠪᠯᠡᠭᠦ᠂ ᠢᠯᠭᠠᠨ ᠲᠣᠳᠣᠯᠠᠵᠣ ᠬᠢᠨᠠᠬᠤ ᠪᠠ ᠰᠢᠢᠳᠪᠦᠷᠢᠯᠡᠭᠦ ᠮᠡᠳᠦ ᠶᠢᠨ ᠨᠠᠶᠢᠷᠠᠭᠤᠯᠬᠤ ᠠᠵᠢᠯᠯᠠᠭ᠎ᠠ ᠶᠢ ᠭᠦᠢᠴᠡᠳᠭᠡᠵᠦ ᠴᠢᠳᠠᠨ᠎ᠠ᠂ ᠲᠡᠷᠡᠴᠢᠯᠡᠨ ᠪᠠᠰᠠ ᠨᠡᠷ᠎ᠡ ᠨᠢ ᠨᠢᠳᠡᠷ ᠲᠡᠭᠡᠨ ᠲᠣᠬᠢᠷᠠᠭᠰᠠᠨ ᠨᠠᠶᠢᠷᠠᠭᠤᠯᠣᠭᠴᠢ ᠪᠣᠯᠵᠣ ᠲᠠᠶᠢᠯᠭᠦ ᠪᠢᠯᠡ᠃         ᠨᠠᠶᠢᠷᠠᠭᠤᠯᠣᠭᠴᠢ ᠮᠠᠨᠢ ᠨᠠᠶᠢᠷᠠᠭᠤᠯᠬᠤ ᠠᠵᠢᠯᠯᠠᠭ᠎ᠠ ᠳᠤ ᠪᠡᠶᠡᠴᠢ ᠴᠣᠭᠴᠠ ᠶᠢᠨ ᠪᠠᠶᠢᠷᠢ ᠰᠠᠭᠤᠷᠢ ᠲᠠᠢ ᠪᠠᠶᠢᠵᠣ᠂ ᠭᠤᠣᠯᠯᠠᠭᠴᠢ ᠦᠢᠯᠡᠳᠦᠯ ᠦᠵᠡᠭᠦᠯᠳᠡᠭ ᠶᠠᠪᠣᠳᠠᠯ ᠪᠣᠯ ᠬᠠᠷᠢᠴᠠᠯᠠᠰᠢ ᠦᠭᠡᠢ ᠪᠠᠶᠢᠳᠠᠭ᠂ ᠬᠡᠪᠡᠴᠦ ᠡᠭᠦᠨ ᠳᠤ ᠪᠠᠰᠠ ᠬᠠᠷᠢᠴᠠᠩᠭᠤᠢ ᠲᠠᠯ᠎ᠠ ᠲᠠᠢ ᠪᠠᠶᠢᠳᠠᠭ᠃ ᠨᠢᠭᠡ ᠲᠠᠯ᠎ᠠ ᠪᠠᠷ᠂ ᠲᠡᠷᠡ ᠨᠢ ︽ᠦᠪᠡᠷ ᠤᠨ ᠢᠶᠠᠨ ᠲᠦᠯᠦᠭᠡ︾ ᠪᠠᠶᠢᠳᠠᠭ᠂ ᠨᠦᠭᠦᠭᠡ ᠲᠠᠯ᠎ᠠ ᠪᠠᠷ᠂ ᠲᠡᠷᠡ ᠨᠢ ︽ᠪᠣᠰᠣᠳ ᠤᠨ ᠲᠦᠯᠦᠭᠡ︾ ᠪᠠᠶᠢᠳᠠᠭ ᠶᠣᠮ᠃ ᠨᠢᠭᠡ ᠳᠤ ᠨᠠᠶᠢᠷᠠᠭᠤᠯᠣᠭᠴᠢ ᠨᠢ ᠨᠠᠶᠢᠷᠠᠭᠤᠯᠬᠤ ᠠᠵᠢᠯᠯᠠᠭ᠎ᠠ ᠲᠣᠮᠳᠠ ᠲᠣᠰᠠᠭᠠᠷᠯᠠᠩᠭᠤᠢ ᠣᠷᠣᠰᠢᠵᠣ ᠪᠠᠶᠢᠭ᠎ᠠ ᠪᠢᠰᠢ ᠶᠣᠮ᠃ ᠣᠷᠣᠰᠢᠨ ᠲᠣᠭᠳᠠᠨᠢᠬᠤ ᠳᠠᠭᠠᠨ ᠲᠡᠷᠡ ᠨᠢ ᠨᠠᠶᠢᠷᠠᠭᠤᠯᠬᠤ ᠠᠵᠢᠯᠯᠠᠭ᠎ᠠ ᠶᠢᠨ ᠭᠦᠷᠢᠶ᠎ᠡ ᠲᠣᠭᠤᠷᠢᠨ ᠳᠤ ᠣᠷᠣᠵᠣ ᠢᠷᠡᠭᠰᠡᠨ ᠵᠣᠬᠢᠶᠠᠯ ᠪᠦᠳᠦᠭᠡᠯ ᠪᠠ ᠵᠣᠬᠢᠶᠠᠭᠴᠢ ᠳᠤ ᠲᠦᠰᠢᠭᠦᠷᠯᠡᠵᠦ ᠲᠡᠳᠡᠭᠡᠷ ᠵᠣᠬᠢᠶᠠᠭᠴᠢ ᠪᠠ ᠵᠣᠬᠢᠶᠠᠯ ᠪᠦᠳᠦᠭᠡᠯ ᠤᠨ ᠣᠷᠣᠰᠢᠨ ᠲᠣᠭᠳᠠᠨᠢᠬᠤ ᠪᠠᠷ ᠣᠷᠢᠳᠠᠯ ᠪᠣᠯᠭᠠᠵᠣ ᠪᠠᠶᠢᠳᠠᠭ᠃ ᠬᠡᠷᠪᠡ ᠵᠣᠬᠢᠶᠠᠭᠴᠢᠳ ᠤᠨ ᠵᠣᠬᠢᠶᠠᠯ ᠪᠦᠳᠦᠭᠡᠯ ᠨᠠᠶᠢᠷᠠᠭᠤᠯᠬᠤ ᠠᠵᠢᠯᠯᠠᠭ᠎ᠠ ᠶᠢᠨ ᠭᠦᠷᠢᠶ᠎ᠡ ᠲᠣᠭᠤᠷᠢᠨ ᠳᠤ ᠣᠷᠣᠵᠣ ᠢᠷᠡᠭᠦ ᠦᠭᠡᠢ ᠶᠣᠮ ᠪᠣᠯ ᠨᠠᠶᠢᠷᠠᠭᠤᠯᠣᠭᠴᠢ ᠶᠢᠨ ᠣᠷᠣᠰᠢᠨ ᠲᠣᠭᠳᠠᠨᠢᠬᠤ ᠶᠠᠪᠣᠳᠠᠯ ᠲᠠᠷᠣᠢ ᠠᠴᠢ ᠬᠤᠯᠪᠣᠭᠳᠠᠯ ᠦᠭᠡᠢ ᠪᠣᠯᠣᠭᠠᠳ ᠣᠷᠣᠰᠢᠨ ᠲᠣᠭᠳᠠᠨᠢᠬᠤ ᠶᠢᠨ ᠴᠢᠬᠤᠯᠠᠴᠢᠯᠠᠭ᠎ᠠ ᠪᠠ ᠪᠣᠯᠣᠯᠴᠠᠭ᠎ᠠ ᠴᠣ᠋ ᠦᠭᠡᠢ ᠪᠣᠯᠳᠠᠭ ᠨᠢ ᠢᠯᠡᠷᠭᠡᠢ ᠠᠵᠢ᠃ ᠬᠤᠶᠠᠷ ᠲᠤ᠂ ᠨᠠᠶᠢᠷᠠᠭᠤᠯᠣᠭᠴᠢ ᠨᠢ ᠪᠦᠭᠦ᠋ᠢᠯᠡ ᠨᠠᠶᠢᠷᠠᠭᠤᠯᠬᠤ ᠠᠵᠢᠯᠯᠠᠭ᠎ᠠ ᠲᠣᠮᠳᠠ ᠪᠦᠷ ᠵᠣᠬᠢᠶᠠᠭᠴᠢ ᠪᠠ ᠵᠣᠬᠢᠶᠠᠯ ᠪᠦᠳᠦᠭᠡᠯ ᠤᠳ ᠲᠤ ᠦᠢᠯᠡᠴᠢᠯᠡᠵᠦ ᠪᠠᠶᠢᠳᠠᠭ᠃ ᠡᠭᠦᠨ ᠳᠤ᠂ ᠣᠬᠠᠭᠠᠯᠠᠨ ᠲᠦᠰᠦᠪᠯᠡᠭᠦ ᠠᠵᠢᠯᠯᠠᠭ᠎ᠠ ᠳᠠᠬᠢ ᠰᠢᠯᠢᠳᠡᠭ ᠢ ᠡᠭᠦᠳᠭᠦ᠂ ᠢᠯᠭᠠᠨ ᠲᠣᠳᠣᠯᠠᠵᠣ ᠬᠢᠨᠠᠬᠤ ᠠᠵᠢᠯᠯᠠᠭ᠎ᠠ ᠳᠠᠬᠢ ᠰᠢᠯᠢᠳᠡᠭ ᠢ ᠰᠣᠩᠭᠤᠬᠤ ᠶᠣᠮ ᠦᠦ᠂ ᠡᠰᠡᠭᠦᠯ᠎ᠡ ᠡᠭᠡ ᠪᠢᠴᠢᠭ ᠢ ᠰᠢᠢᠳᠪᠦᠷᠢᠯᠡᠭᠦ ᠠᠵᠢᠯᠯᠠᠭ᠎ᠠ ᠳᠠᠬᠢ ᠰᠢᠯᠢᠳᠡᠭᠵᠢᠭᠦᠯᠦᠯᠳᠡ ᠬᠡᠰᠡᠨ ᠦᠭᠡᠢ᠂ ᠪᠦᠷ ᠯᠡ ᠵᠣᠬᠢᠶᠠᠭᠴᠢ ᠪᠣᠯᠣᠨ ᠵᠣᠬᠢᠶᠠᠯ ᠪᠦᠳᠦᠭᠡᠯ ᠢᠶᠠᠷ ᠨᠢ ᠭᠤᠣᠯ ᠪᠣᠯᠭᠠᠭᠰᠠᠨ ᠣᠷᠢᠳᠠᠯ ᠲᠣᠣᠷ᠎ᠠ ᠶᠠᠪᠣᠭᠳᠠᠵᠣ᠂ ᠪᠦᠷ ᠯᠡ ᠵᠣᠬᠢᠶᠠᠭᠴᠢ ᠪᠣᠯᠣᠨ ᠵᠣᠬᠢᠶᠠᠯ ᠪᠦᠳᠦᠭᠡᠯ ᠤᠨ ᠲᠣᠭᠤᠷᠢᠨ ᠳᠤ ᠭᠦᠢᠴᠡᠳᠭᠡᠭᠳᠡᠭᠰᠡᠨ ᠶᠣᠮ᠃ ᠠᠳᠡ ᠨᠠᠶᠢᠷᠠᠭᠤᠯᠣᠭᠴᠢ ᠪᠣᠯᠣᠭᠰᠠᠳ ᠤᠨ ᠦᠪᠡᠷ ᠲᠤᠨᠢ ᠪᠦᠷᠢᠮᠦᠰᠦᠨ ᠬᠠᠷᠢᠶᠠᠯᠠᠭᠳᠠᠭ᠎ᠠ ᠵᠣᠬᠢᠶᠠᠭᠴᠢ ᠪᠣᠯᠣᠨ ᠵᠣᠬᠢᠶᠠᠯ ᠪᠦᠳᠦᠭᠡᠯ ᠠᠴᠠ ᠠᠩᠭᠢᠵᠢᠷᠠᠭᠰᠠᠨ ᠣᠨᠴᠠ ᠦᠷᠳᠡᠭ ᠬᠡᠵᠦ ᠪᠠᠶᠢᠬᠤ ᠦᠭᠡᠢ ᠶᠣᠮ᠃ ᠲᠡᠭᠦᠨ ᠤ ᠪᠦᠭᠦ᠋ᠢᠯᠡ ᠠᠵᠢᠯ ᠪᠠ ᠪᠦᠭᠦ ᠴᠢᠷᠮᠠᠶᠢᠯᠭ᠎ᠠ ᠨᠢ ᠴᠦᠮ ᠵᠣᠬᠢᠶᠠᠭᠴᠢ ᠶᠢᠨ ᠵᠣᠬᠢᠶᠠᠯ ᠪᠦᠳᠦᠭᠡᠯ ᠢ ᠣᠯᠠᠮᠵᠢᠯᠠᠨ ᠲᠡᠯᠭᠡᠷᠡᠭᠦᠯᠭᠦ ᠶᠢᠨ ᠲᠦᠯᠦᠭᠡᠨ᠎ᠡ ᠪᠠᠶᠢᠳᠠᠭ ᠠᠵᠢ᠃ ᠭᠣ᠋ ᠭᠤᠷᠪᠠ ᠳᠤ᠂ ᠨᠠᠶᠢᠷᠠᠭᠤᠯᠣᠭᠴᠢ ᠶᠢᠨ ᠭᠦᠳᠡᠯᠮᠦᠷᠢ ᠨᠢ ᠦᠪᠡᠷ ᠤᠨ ᠲᠣᠰᠠᠭᠠᠷᠯᠠᠩᠭᠤᠢ ᠢᠯᠡᠷᠡᠯ ᠬᠡᠵᠦ ᠪᠠᠶᠢᠳᠠᠭ ᠦᠭᠡᠢ ᠶᠣᠮ᠃ ᠲᠡᠭᠦᠨ ᠤ ᠭᠦᠳᠡᠯᠮᠦᠷᠢ ᠨᠢ ᠠᠭᠤᠯᠭ᠎ᠠ ᠶᠢᠨ ᠲᠠᠯ᠎ᠠ ᠪᠠᠷ ᠶᠣᠮ ᠦᠦ᠂ ᠬᠡᠯᠪᠡᠷᠢ ᠶᠢᠨ ᠲᠠᠯ᠎ᠠ ᠪᠠᠷ ᠬᠡᠰᠡᠨ ᠦᠭᠡᠢ ᠪᠦᠷ ᠦᠢᠯᠡᠴᠢᠯᠡᠭᠦ ᠡᠳᠡᠭᠡᠳ ᠲᠠᠢ ᠪᠠᠨ ᠣᠶᠠᠯᠳᠣᠯ ᠲᠠᠢ ᠪᠠᠶᠢᠵᠣ᠂ ᠦᠢᠯᠡᠴᠢᠯᠡᠭᠦ ᠡᠳᠡᠭᠡᠳ ᠲᠡᠭᠡᠨ ᠬᠠᠪᠰᠣᠷᠭᠠᠯᠠᠵᠣ ᠪᠠᠶᠢᠳᠠᠭ᠃ ᠡᠨᠡ ᠭᠦ ᠠᠴᠢ ᠬᠤᠯᠪᠣᠭᠳᠠᠯ ᠠᠴᠠ ᠠᠪᠴᠦ ᠬᠡᠯᠡᠪᠡᠯ᠂ ᠲᠡᠷᠡ ᠨᠢ ᠪᠠᠰᠠ ᠬᠠᠷᠢᠶᠠᠯᠠᠭᠳᠠᠬᠤ ᠪᠠᠶᠢᠷᠢ ᠳᠤ ᠣᠷᠣᠰᠢᠵᠣ᠂ ᠦᠢᠯᠡᠴᠢᠯᠡᠭᠦ ᠦᠢᠯᠡᠳᠦᠯ ᠭᠠᠷᠭᠠᠵᠣ ᠪᠠᠶᠢᠬᠤ ᠶᠣᠮ᠃ ᠡᠭᠦᠨ ᠠᠴᠠ ᠪᠢᠳᠡ ᠨᠠᠶᠢᠷᠠᠭᠤᠯᠣᠭᠴᠢ ᠶᠢᠨ ᠪᠠᠶᠢᠷᠢ ᠰᠠᠭᠤᠷᠢ ᠪᠣᠯᠣᠨ ᠦᠢᠯᠡᠳᠦᠯ ᠨᠢ ᠪᠡᠶᠡᠴᠢ ᠴᠣᠭᠴᠠ ᠬᠢᠭᠡᠳ ᠬᠠᠷᠢᠶ᠎ᠠ ᠲᠠᠭᠠᠯᠳᠠ ᠶᠢᠨ ᠡᠰᠡᠷᠭᠦ ᠲᠡᠰᠡᠷᠭᠦ ᠶᠢᠨ ᠨᠢᠭᠡᠳᠦᠯ ᠪᠣᠯᠬᠤ ᠪᠦᠭᠡᠳ ᠭᠤᠣᠯᠯᠠᠬᠤ ᠪᠠ ᠦᠢᠯᠡᠴᠢᠯᠡᠭᠦ ᠶᠢᠨ ᠡᠰᠡᠷᠭᠦ ᠲᠡᠰᠡᠷᠭᠦ ᠶᠢᠨ ᠨᠢᠭᠡᠳᠦᠯ ᠮᠦᠨ ᠬᠡᠳᠡᠭ ᠢ ᠮᠡᠳᠡᠵᠦ ᠪᠣᠯᠣᠨ᠎ᠠ᠃ ᠡᠶᠢᠮᠦ ᠠᠴᠠ ᠪᠢᠳᠡ ᠨᠠᠶᠢᠷᠠᠭᠤᠯᠣᠭᠴᠢ ᠶᠢᠨ ᠪᠡᠶᠡᠴᠢ ᠴᠣᠭᠴᠠ ᠶᠢᠨ ᠪᠠᠶᠢᠷᠢ ᠰᠠᠭᠤᠷᠢ ᠪᠠ ᠭᠤᠣᠯᠯᠠᠭᠴᠢ ᠦᠢᠯᠡᠳᠦᠯ ᠢ ᠴᠢᠬᠤᠯᠠᠴᠢᠯᠠᠬᠤ ᠦᠶ᠎ᠡ ᠳᠤ ᠪᠠᠳᠣ ᠴᠡᠭᠡᠵᠢᠯᠡᠭᠦᠰᠢᠳᠡᠢ ᠨᠢ ᠡᠨᠡ ᠶᠠᠪᠣᠳᠠᠯ ᠢ ᠮᠦᠨ ᠨᠠᠶᠢᠷᠠᠭᠤᠯᠣᠭᠴᠢ ᠶᠢᠨ ᠬᠠᠷᠢᠶᠠᠯᠠᠭᠳᠠᠬᠤ ᠪᠠᠶᠢᠷᠢ ᠰᠠᠭᠤᠷᠢ ᠪᠣᠯᠣᠨ ᠦᠢᠯᠡᠴᠢᠯᠡᠭᠦ ᠦᠢᠯᠡᠳᠦᠯ ᠯᠤᠭ᠎ᠠ ᠶᠢᠨ ᠡᠰᠡᠷᠭᠦ ᠲᠡᠰᠡᠷᠭᠦ ᠶᠢᠨ ᠨᠢᠭᠡᠳᠦᠯ ᠲᠣᠮᠳᠠ ᠠᠴᠠ ᠨᠢ ᠡᠵᠡᠮᠰᠢᠵᠦ᠂ ᠡᠶᠢᠮᠦᠷᠭᠦ ᠡᠰᠡᠷᠭᠦᠦ ᠲᠡᠰᠡᠷᠭᠦ ᠶᠢᠨ ᠨᠢᠭᠡᠳᠦᠯ ᠤᠨ ᠬᠠᠷᠢᠴᠠᠭ᠎ᠠ ᠶᠢ ᠵᠦᠪ ᠢᠶᠠᠷ ᠣᠶᠢᠯᠠᠭᠠᠨ ᠰᠢᠢᠳᠪᠦᠷᠢᠯᠡᠵᠦ᠂ ᠶᠠᠮᠠᠷᠪᠠ ᠨᠢᠭᠡ ᠯᠡ ᠲᠠᠯ᠎ᠠ ᠶᠢ ᠦᠵᠡᠭᠡᠳ ᠨᠦᠭᠦᠭᠡ ᠲᠠᠯ᠎ᠠ ᠶᠢ ᠦᠭᠡᠶᠢᠰᠭᠡᠭᠦ ᠪᠣᠶᠣ ᠣᠮᠳᠣᠭᠠᠶᠢᠯᠠᠳᠠᠭ ᠦᠷᠦᠭᠡᠰᠦᠯ ᠴᠢᠨᠠᠷ ᠢ ᠰᠡᠷᠭᠡᠶᠢᠯᠡᠭᠦ ᠬᠡᠷᠡᠭᠳᠡᠢ᠃ ᠡᠰᠡ ᠲᠠᠶᠢᠮᠦ ᠪᠣᠯ᠂ ᠲᠠᠷᠣᠢ ᠨᠠᠶᠢᠷᠠᠭᠤᠯᠣᠭᠴᠢ ᠶᠢᠨ ᠨᠡᠶᠢᠭᠡᠮ ᠤᠨ ᠪᠠᠶᠢᠷᠢ ᠰᠠᠭᠤᠷᠢ ᠪᠣᠯᠣᠨ ᠨᠡᠶᠢᠭᠡᠮᠴᠢ ᠦᠢᠯᠡᠳᠦᠯ ᠢ ᠵᠦᠪ ᠣᠶᠢᠯᠠᠭᠠᠬᠤ ᠶᠢᠨ ᠠᠷᠭ᠎ᠠ ᠦᠭᠡᠢ ᠪᠣᠯᠵᠣ᠂ ᠨᠠᠶᠢᠷᠠᠭᠤᠯᠣᠭᠴᠢ ᠶᠢᠨ ᠭᠦᠳᠡᠯᠮᠦᠷᠢ ᠶᠢᠨ ᠨᠡᠶᠢᠭᠡᠮ ᠤᠨ ᠦᠷᠳᠡᠭ ᠪᠠ ᠨᠡᠶᠢᠭᠡᠮ ᠤᠨ ᠠᠴᠢ ᠬᠤᠯᠪᠣᠭᠳᠠᠯ ᠢ ᠴᠣ᠋ ᠵᠦᠪ ᠣᠶᠢᠯᠠᠭᠠᠬᠤ ᠶᠢᠨ ᠠᠷᠭ᠎ᠠ ᠦᠭᠡᠢ ᠶᠣᠮ᠃ ᠵᠡᠭᠦᠯᠳᠡ       [1]周国清·编辑主体的价值决策论要〔J〕·益阳师专学报,2000(3)     [2]宋成志·编辑主体的心里探析〔J〕·丹东师专学报,2002(3)     [3]银根·学报编辑主体现代意识生成机制的区域性诠释〔J〕·河南大学学报,2004(1)
 
ᠢᠷᠡᠯᠲᠡ᠄ ︽ᠲᠤᠮᠳᠠᠳᠤ ᠤᠯᠤᠰ  ᠤᠨ ᠮᠤᠩᠭᠤᠯ ᠰᠤᠳᠤᠯᠤᠯ︾ ᠰᠡᠳᠭᠦᠯ  ᠤᠨ 2012.6 ᠬᠤᠭᠤᠴᠠᠭ᠎ᠠ
ᠨᠠᠶᠢᠷᠠᠭᠤᠯᠤᠭᠴᠢ᠄ ᠭᠤᠸᠠᠨ ᠴᠠᠩ ᠰᠢ
ᠣᠷᠴᠢᠭᠤᠯᠤᠭᠴᠢ᠄
   
ᠬᠤᠯᠪᠣᠭᠳᠠᠯ ᠪᠦᠬᠦᠢ ᠠᠭᠤᠯᠭ᠎ᠠ ᠶᠢᠨ ᠭᠠᠷᠴᠠᠭ
 
2014-2016 © ᠬᠠᠷᠢᠯᠴᠠᠬᠤ ᠤᠲᠠᠰᠤ᠄ 0471-6280741 ᠢᠮᠧᠯ᠄ nmgbute@163.com
ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠤᠷᠢᠭᠯᠠᠨ᠎ᠠ᠃
︽ᠬᠡᠷᠡᠭᠯᠡᠭᠡᠨ ᠤ ᠮᠡᠷᠭᠡᠵᠢᠯ ᠤᠨ ᠮᠤᠩᠭᠤᠯ ᠰᠦᠯᠵᠢᠶᠡᠨ ᠤ ᠬᠥᠯᠭᠡ︾ ᠦᠮᠴᠢᠯᠡᠯ ᠲᠠᠢ︕