| | ᠭᠤᠷᠪᠠᠳᠤᠭᠠᠷ ᠪᠦᠭᠦᠳᠡ ᠬᠤᠷᠠᠯ ᠤᠨ ᠲᠠᠶᠢᠯᠤᠮᠵᠢ — | | | ᠶᠠᠭᠤᠨ ᠳᠤ ᠬᠦᠳᠡᠭᠡ ᠲᠣᠰᠬᠤᠨ ᠤ ᠣᠷᠣᠨ ᠰᠠᠭᠤᠴᠠ ᠶᠢᠨ | ᠰᠠᠭᠤᠷᠢ ᠶᠢᠨ ᠲᠦᠷᠢᠮ ᠢ ᠦᠭᠡᠷᠡᠴᠢᠯᠡᠨ ᠲᠡᠭᠦᠯᠳᠡᠷᠵᠢᠬᠦᠯᠬᠦ ᠪᠣᠢ︖ | | | | | | | | ︽ᠲᠣᠬᠳᠠᠭᠠᠯ︾ ᠳᠤ ᠲᠤᠷᠠᠲᠤᠭᠰᠠᠨ ᠢᠶᠠᠷ᠂ ᠬᠥᠲᠡᠭᠡ ᠲᠤᠰᠬᠤᠨ ᠤ ᠣᠷᠣᠨ ᠰᠠᠭᠤᠴᠠ ᠶᠢᠨ ᠰᠠᠭᠤᠷᠢᠨ ᠤ | ᠲᠥᠷᠢᠮ ᠢ ᠥᠬᠡᠷᠡᠴᠢᠯᠡᠨ ᠲᠡᠬᠦᠯᠲᠡᠷᠵᠢᠬᠦᠯᠵᠤ᠂ ᠲᠠᠷᠢᠶᠠᠴᠢᠳ ᠤᠨ ᠣᠷᠣᠨ ᠰᠠᠭᠤᠴᠠ ᠶᠢᠨ ᠰᠠᠭᠤᠷᠢ ᠶᠢᠨ | ᠦᠮᠴᠢᠯᠡᠬᠡᠨ ᠤ ᠡᠷᠬᠡ ᠶᠢᠨ ᠪᠠᠷᠢᠴᠠᠭᠠᠯᠲᠠ᠂ ᠲᠠᠭᠠᠭᠠᠯᠲᠠ ᠪᠠ ᠰᠢᠯᠵᠢᠬᠦᠯᠬᠦ ᠶᠢ ᠪᠥᠲᠥᠮᠵᠢᠲᠡᠢ ᠪᠠᠷ ᠲᠥᠯᠬᠢᠨ ᠠᠬᠢᠭᠤᠯᠤᠨ᠎ᠠ | ᠃ ᠡᠨᠡ ᠨᠢ ᠬᠥᠲᠡᠭᠡ ᠲᠤᠰᠬᠤᠨ ᠤ ᠣᠷᠣᠨ ᠰᠠᠭᠤᠴᠠ ᠶᠢᠨ ᠰᠠᠭᠤᠷᠢ ᠶᠢᠨ ᠲᠥᠷᠢᠮ ᠢ ᠥᠬᠡᠷᠡᠴᠢᠯᠡᠨ ᠲᠡᠬᠦᠯᠲᠡᠷᠵᠢᠬᠦᠯᠬᠦ | ᠡᠬᠦᠷᠬᠡ ᠶᠢ ᠣᠨᠣᠪᠴᠢᠳᠠᠢ ᠲᠤᠷᠠᠳᠴᠤ᠂ ᠪᠠᠰᠠ ᠣᠷᠣᠨ ᠰᠠᠭᠤᠴᠠ ᠶᠢᠨ ᠰᠠᠭᠤᠷᠢ ᠶᠢᠨ ᠲᠥᠷᠢᠮ ᠢ ᠥᠬᠡᠷᠡᠴᠢᠯᠡᠨ | ᠲᠡᠬᠦᠯᠲᠡᠷᠵᠢᠬᠦᠯᠬᠦ ᠠᠭᠤᠯᠭ᠎ᠠ ᠪᠤᠯᠤᠨ ᠱᠠᠭᠠᠷᠲᠠᠯᠭ᠎ᠠ ᠶᠢ ᠲᠣᠷᠠᠳᠣᠬᠰᠠᠨ ᠪᠠᠶᠢᠨ᠎ᠠ᠃ | ᠬᠥᠲᠡᠭᠡ ᠲᠤᠰᠬᠤᠨ ᠤ ᠣᠷᠣᠨ ᠰᠠᠭᠤᠴᠠ ᠶᠢᠨ ᠰᠠᠭᠤᠷᠢ ᠶᠢᠨ ᠲᠥᠷᠢᠮ ᠢ ᠥᠬᠡᠷᠡᠴᠢᠯᠡᠨ ᠲᠡᠬᠦᠯᠲᠡᠷᠵᠢᠬᠦᠯᠬᠦ ᠨᠢ | ᠮᠠᠨ ᠤ ᠤᠯᠤᠰ ᠤᠨ ᠬᠥᠲᠡᠭᠡ ᠲᠤᠰᠬᠤᠨ ᠤ ᠬᠥᠭᠵᠢᠯᠲᠡ ᠶᠢᠨ ᠪᠤᠰᠤᠳᠴᠢ ᠱᠠᠭᠠᠷᠲᠠᠯᠭ᠎ᠠ ᠮᠥᠨ᠃ ᠮᠠᠨ ᠤ ᠤᠯᠤᠰ ᠤᠨ | ᠤᠲᠤᠬᠠᠨ ᠤ ᠬᠥᠲᠡᠭᠡ ᠲᠤᠰᠬᠤᠨ ᠤ ᠣᠷᠣᠨ ᠰᠠᠭᠤᠴᠠ ᠶᠢᠨ ᠰᠠᠭᠤᠷᠢ ᠶᠢᠨ ᠲᠥᠷᠢᠮ ᠨᠢ ᠤᠷᠲᠤ ᠤᠲᠠᠭᠠᠨ | ᠬᠤᠭᠤᠴᠠᠭ᠎ᠠ ᠪᠠᠷ ᠲᠠᠮᠵᠢᠨ ᠪᠥᠷᠢᠯᠲᠥᠭᠰᠡᠨ ᠶᠤᠮ᠃ ᠤᠲᠤ ᠶᠢᠨ ᠬᠡᠷᠡᠭᠵᠢᠬᠦᠯᠵᠤ ᠪᠠᠶᠢᠭ᠎ᠠ ᠲᠥᠷᠢᠮ ᠳᠤ | ᠲᠤᠭᠲᠠᠭᠠᠭᠰᠠᠨ ᠢᠶᠠᠷ ᠬᠥᠲᠡᠭᠡ ᠲᠤᠰᠬᠤᠨ ᠤ ᠲᠠᠷᠢᠶᠠᠴᠢᠳ ᠪᠤᠯᠭᠠᠨ ᠵᠥᠪᠬᠡᠨ ᠨᠢᠬᠡ ᠣᠷᠣᠨ ᠰᠠᠭᠤᠴᠠ ᠶᠢᠨ ᠰᠠᠭᠤᠷᠢ ᠲᠠᠢ | ᠪᠠᠶᠢᠵᠤ᠂ ᠲᠠᠯᠠᠪᠠᠢ ᠨᠢ ᠮᠤᠵᠢ᠂ ᠥᠪᠡᠷᠲᠡᠬᠡᠨ ᠵᠠᠰᠠᠬᠤ ᠤᠷᠤᠨ ᠪᠠ ᠰᠢᠭᠤᠳ ᠬᠠᠷᠢᠶ᠎ᠠ ᠬᠤᠲᠠ ᠶᠢᠨ ᠲᠤᠭᠲᠠᠭᠠᠭᠰᠠᠨ | ᠪᠠᠷᠢᠮᠵᠢᠶ᠎ᠠ ᠠᠴᠠ ᠬᠡᠲᠤᠷᠡᠵᠤ ᠪᠤᠯᠬᠤ ᠥᠬᠡᠢ᠃ ᠬᠡᠪᠡᠴᠤ ᠪᠤᠲᠠᠲᠤ ᠥᠢᠯᠡᠲᠥᠯᠭᠡ ᠲᠤᠮᠲᠠ᠂ ᠡᠨᠡᠬᠦ ᠪᠠᠷᠢᠮᠵᠢᠶ᠎ᠠ ᠨᠢ ᠥᠨᠡᠨᠬᠦ | ᠬᠡᠷᠡᠭᠵᠢᠬᠦᠯᠥᠭᠲᠡᠵᠤ ᠴᠢᠲᠠᠬᠰᠠᠨ ᠥᠬᠡᠢ᠃ ᠬᠥᠲᠡᠭᠡ ᠲᠤᠰᠬᠤᠨ ᠤ ᠣᠷᠣᠨ ᠰᠠᠭᠤᠴᠠ ᠶᠢᠨ ᠰᠠᠭᠤᠷᠢ ᠳᠤ ᠴᠥᠬᠡᠨ ᠪᠤᠰᠤ | ᠠᠰᠠᠭᠤᠲᠠᠯ ᠤᠷᠤᠰᠢᠵᠤ ᠪᠤᠢ᠃ ᠭᠤᠤᠯᠲᠠᠭᠤ᠄ | ᠨᠢᠭᠡ ᠳᠤ᠂ ᠪᠠᠷᠢᠮᠵᠢᠶ᠎ᠠ ᠠᠴᠠ ᠬᠡᠲᠤᠷᠡᠭᠰᠡᠨ ᠣᠷᠣᠨ ᠰᠠᠭᠤᠴᠠ ᠶᠢᠨ ᠰᠠᠭᠤᠷᠢ ᠶᠢ ᠡᠵᠡᠯᠡᠵᠤ ᠪᠠᠶᠢᠭ᠎ᠠ ᠪᠠᠶᠢᠳᠠᠯ | ᠲᠤᠪᠤᠶᠢᠮ᠎ᠠ ᠪᠠᠶᠢᠵᠣ᠂ ᠡᠬᠦᠨ ᠠᠴᠠ ᠪᠤᠯᠵᠤ ᠣᠷᠣᠨ ᠰᠠᠭᠤᠴᠠ ᠶᠢᠨ ᠰᠠᠭᠤᠷᠢ ᠨᠢ ᠲᠠᠷᠢᠶᠠᠨ ᠭᠠᠵᠠᠷ ᠤᠨ ᠡᠬᠢ ᠪᠠᠶᠠᠯᠢᠭ ᠢ | ᠶᠡᠭᠡ ᠬᠡᠮᠵᠢᠶ ᠠ ᠪᠠᠷ ᠡᠵᠡᠯᠡᠵᠤ ᠰᠢᠬᠠᠪᠠ᠃ ᠪᠠᠷᠢᠮᠵᠢᠶ᠎ᠠ ᠠᠴᠠ ᠬᠡᠲᠤᠷᠡᠨ ᠡᠵᠡᠯᠡᠵᠤ ᠬᠡᠷᠡᠭᠯᠡᠭᠰᠡᠨ ᠢᠯᠡᠷᠡᠯ ᠨᠢ᠂ ᠵᠠᠷᠢᠮ | ᠨᠢᠬᠡ ᠡᠷᠤᠬᠡ ᠨᠢ ᠤᠯᠠᠨ ᠣᠷᠣᠨ ᠰᠠᠭᠤᠴᠠ ᠶᠢᠨ ᠰᠠᠭᠤᠷᠢ ᠲᠠᠢ᠃ ᠵᠠᠷᠢᠮ ᠨᠢ ᠬᠡᠲᠦ᠋ᠢᠪᠡᠷ ᠨᠢᠬᠡ ᠡᠷᠤᠬᠡ ᠨᠢᠬᠡ ᠣᠷᠣᠨ | ᠰᠠᠭᠤᠴᠠ ᠶᠢᠨ ᠰᠠᠭᠤᠷᠢ ᠲᠠᠢ ᠴᠤ ᠬᠡᠰᠡᠨ ᠲᠡᠬᠦᠨ ᠤ ᠲᠡᠯᠠᠪᠠᠢ ᠨᠢ ᠪᠠᠷᠢᠮᠵᠢᠶ᠎ᠠ ᠠᠴᠠ ᠮᠡᠲᠡᠭᠲᠡᠮ᠎ᠠ ᠬᠡᠲᠤᠷᠡᠭᠰᠡᠨ | ᠪᠠᠶᠢᠲᠠᠯ ᠲᠠᠢ᠃ ᠲᠤᠮᠲᠠᠲᠤ ᠬᠡᠰᠡᠭ ᠤᠨ ᠭᠠᠵᠠᠷ ᠣᠷᠣᠨ ᠤ ᠵᠠᠷᠢᠮ ᠮᠤᠵᠢ ᠶᠢᠨ 15% ᠤᠨ ᠲᠠᠷᠢᠶᠠᠴᠢᠳ ᠨᠢᠬᠡ | ᠡᠷᠤᠬᠡ ᠨᠢ ᠬᠡᠲᠤᠨ ᠣᠷᠣᠨ ᠰᠠᠭᠤᠴᠠ ᠶᠢᠨ ᠰᠠᠭᠤᠷᠢ ᠲᠠᠢ ᠪᠠᠶᠢᠵᠤ᠂ ᠬᠤᠲᠠ ᠶᠢᠨ ᠲᠤᠮᠲᠠᠬᠢ ᠲᠤᠰᠬᠤᠨ ᠪᠠ ᠬᠤᠲᠠ | ᠬᠥᠲᠡᠭᠡ ᠶᠢᠨ ᠵᠠᠯᠭᠠᠯᠲᠤᠵᠤ ᠪᠠᠶᠢᠭ᠎ᠠ ᠭᠠᠵᠠᠷ ᠤᠨ ᠨᠢᠬᠡ ᠡᠷᠤᠬᠡ ᠨᠢ ᠬᠡᠲᠤᠨ ᠣᠷᠣᠨ ᠰᠠᠭᠤᠴᠠ ᠶᠢᠨ ᠰᠠᠭᠤᠷᠢ ᠶᠢ | ᠡᠵᠡᠯᠡᠭᠰᠡᠨ ᠨᠤᠷᠮ᠎ᠠ ᠨᠢ 40% ᠢ ᠲᠠᠪᠠᠭᠰᠠᠨ ᠪᠠᠶᠢᠨ᠎ᠠ᠃ ᠨᠢᠬᠡ ᠡᠷᠤᠬᠡ ᠨᠢ ᠨᠢᠬᠡ ᠣᠷᠣᠨ ᠰᠠᠭᠤᠴᠠ ᠶᠢᠨ ᠰᠠᠭᠤᠷᠢ ᠶᠢ | ᠡᠵᠡᠯᠡᠭᠰᠡᠨ ᠴᠤ᠂ ᠲᠠᠯᠠᠪᠠᠢ ᠨᠢ ᠪᠠᠷᠢᠮᠵᠢᠶᠠᠨ ᠠᠴᠠ ᠬᠡᠲᠤᠷᠡᠭᠰᠡᠨ ᠪᠠᠶᠢᠳᠠᠯ ᠪᠠᠰᠠ ᠲᠦᠢᠯ ᠤᠨ ᠲᠥᠬᠡᠮᠡᠯ ᠤᠷᠤᠰᠢᠵᠤ ᠪᠠᠶᠢᠨ᠎ᠠ | ᠃ ᠭᠠᠵᠠᠷ ᠪᠤᠯᠭᠠᠨ ᠤ ᠡᠷᠤᠬᠡ ᠪᠤᠯᠭᠠᠨ ᠤ ᠣᠷᠣᠨ ᠰᠠᠭᠤᠴᠠ ᠶᠢᠨ ᠰᠠᠭᠤᠷᠢ ᠶᠢᠨ ᠲᠠᠯᠠᠪᠠᠢ ᠶᠢ 120 — 200 | ᠲᠡᠭᠰᠢ ᠲᠦᠷᠪᠡᠯᠵᠢᠨ ᠮᠧᠲᠷ ᠲᠤᠲᠤᠷ᠎ᠠ ᠬᠢᠵᠠᠭᠠᠷᠯᠠᠵᠤ ᠪᠠᠶᠢᠪᠠᠴᠣ᠂ ᠤᠯᠠᠩᠬᠢ ᠲᠠᠷᠢᠶᠠᠴᠢᠳ ᠡᠨᠡᠬᠦ ᠲᠠᠯᠠᠪᠠᠢ ᠶᠢ ᠭᠤᠤᠯ | ᠪᠠᠷᠢᠯᠭ᠎ᠠ ᠶᠢᠨ ᠬᠡᠷᠡᠮ ᠤᠨ ᠰᠠᠭᠤᠷᠢ ᠶᠢᠨ ᠲᠠᠯᠠᠪᠠᠢ ᠬᠡᠵᠤ ᠤᠢᠢᠯᠠᠭᠠᠵᠤ ᠪᠠᠶᠢᠨ᠎ᠠ᠃ ᠡᠶᠢᠮᠣ ᠠᠴᠠ ᠭᠤᠤᠯ ᠰᠠᠭᠤᠬᠤ ᠣᠷᠣᠨ | ᠰᠠᠭᠤᠴᠠ ᠶᠢᠨ ᠰᠠᠭᠤᠷᠢ ᠠᠴᠠ ᠭᠠᠲᠠᠨ᠎ᠠ ᠪᠠᠰᠠ ᠠᠯᠢ ᠴᠢᠲᠠᠬᠤ ᠪᠠᠷ ᠠᠷᠪᠢᠨ ᠭᠠᠵᠠᠷ ᠡᠵᠡᠯᠡᠵᠤ᠂ ᠲᠥᠷᠢᠮ ᠠᠴᠠ | ᠵᠥᠷᠢᠴᠡᠨ ᠪᠠᠷᠢᠵᠤ᠂ ᠬᠤᠭᠤᠷᠤᠨᠲᠤ ᠪᠠᠨ ᠠᠲᠠᠭᠠᠷᠬᠠᠵᠤ᠂ ᠠᠷᠪᠢᠨ ᠭᠠᠵᠠᠷ ᠡᠵᠡᠯᠡᠬᠦ ᠮᠠᠭᠤ ᠮᠠᠭᠤᠬᠠᠢ ᠬᠡᠪ ᠰᠤᠷᠲᠠᠯ ᠲᠠᠢ | ᠪᠤᠯᠪᠠ᠃ ᠪᠠᠷᠢᠮᠵᠢᠶᠠᠨ ᠠᠴᠠ ᠬᠡᠲᠤᠷᠡᠲᠡᠯᠠ ᠡᠵᠡᠯᠡᠬᠦ ᠪᠠᠶᠢᠲᠠᠯ ᠨᠢ ᠲᠡᠭᠰᠢ ᠲᠠᠯ᠎ᠠ ᠭᠠᠵᠠᠷ ᠲᠡᠬᠡᠷ᠎ᠡ ᠨᠡᠩ ᠠᠷᠪᠢᠨ ᠪᠠᠶᠢᠵᠤ᠂ | ᠬᠡᠲᠤᠷᠡᠭᠰᠡᠨ ᠲᠡᠯᠠᠪᠠᠢ ᠨᠢ ᠪᠠᠰᠠ ᠨᠡᠯᠢᠶᠡᠳ ᠶᠡᠭᠡ ᠪᠠᠶᠢᠲᠠᠭ᠃ ᠪᠡᠬᠡᠵᠢᠩ ᠬᠤᠳᠠ ᠶᠢᠨ ᠬᠤᠯᠪᠣᠬᠳᠠᠯ ᠪᠥᠬᠦᠢ ᠰᠠᠯᠠᠭ᠎ᠠ | ᠮᠥᠴᠢᠷ ᠤᠨ ᠪᠠᠶᠢᠴᠠᠭᠠᠯᠲᠠ ᠳᠤ᠂ ᠬᠤᠲᠠ ᠶᠢᠨ ᠲᠡᠬᠦᠷᠬᠡ ᠶᠢᠨ ᠨᠢᠬᠡᠨ ᠪᠠᠯᠭᠠᠰᠤ ᠶᠢᠨ ᠲᠠᠷᠢᠶᠠᠴᠢᠳ ᠤᠨ ᠡᠷᠤᠬᠡ | ᠪᠤᠯᠭᠠᠨ ᠤ ᠣᠷᠣᠨ ᠰᠠᠭᠤᠴᠠ ᠶᠢᠨ ᠰᠠᠭᠤᠷᠢ ᠶᠢᠨ ᠲᠠᠯᠠᠪᠠᠢ ᠨᠢ ᠲᠡᠭᠰᠢᠳᠬᠡᠬᠡᠳ 1.2 ᠮᠤ᠋ ᠳᠤ ᠬᠦᠷᠴᠣ ᠪᠠᠶᠢᠨ᠎ᠠ᠃ ︽ | ᠨᠢᠬᠡ ᠡᠷᠤᠬᠡ ᠨᠢᠬᠡ ᠰᠠᠭᠤᠷᠢ︾ ᠬᠡᠬᠦ ᠪᠠᠷᠢᠮᠵᠢᠶ᠎ᠠ ᠶᠢ ᠪᠠᠷᠢᠮᠲᠠᠯᠠᠪᠠᠯ᠂ ᠪᠠᠷᠢᠮᠵᠢᠶ᠎ᠠ ᠠᠴᠠ ᠬᠡᠲᠤᠷᠡᠭᠰᠡᠨ ᠭᠠᠵᠠᠷ ᠤᠨ | ᠲᠠᠯᠠᠪᠠᠢ ᠨᠢ ᠨᠡᠶᠢᠯᠡᠬᠡᠳ ᠶᠡᠷᠤᠩᠬᠡᠢ ᠣᠷᠣᠨ ᠰᠠᠭᠤᠴᠠ ᠶᠢᠨ ᠰᠠᠭᠤᠷᠢ ᠶᠢᠨ 59% ᠢ ᠡᠵᠡᠯᠡᠵᠤ ᠪᠤᠢ᠃ ᠵᠡᠬᠦᠨ ᠬᠡᠰᠡᠭ ᠤᠨ | ᠮᠤᠵᠢ ᠤᠷᠤᠨ ᠤ ᠪᠠᠶᠢᠴᠠᠭᠠᠯᠲᠠ ᠶᠢ ᠥᠨᠲᠥᠰᠥᠯᠡᠪᠡᠯ᠂ ᠬᠥᠲᠡᠭᠡ ᠲᠤᠰᠬᠤᠨ ᠤ ᠰᠠᠭᠤᠭᠠᠯᠢ ᠠᠷᠠᠳ ᠤᠨ ᠣᠷᠣᠨ | ᠰᠠᠭᠤᠴᠠ ᠶᠢᠨ ᠰᠠᠭᠤᠷᠢ ᠶᠢᠨ ᠲᠠᠯᠠᠪᠠᠢ ᠨᠢ 1996 ᠤᠠ ᠳᠤ 122 ᠲᠡᠭᠰᠢ ᠲᠦᠷᠪᠡᠯᠵᠢᠨ ᠮᠧᠲᠷ ᠪᠠᠶᠢᠬᠰᠠᠨ ᠠᠴᠠ ᠪᠠᠨ | 2004 ᠤᠠ ᠪᠣᠯᠬᠤ ᠳᠤ ᠨᠡᠮᠡᠭᠳᠡᠭᠡᠳ 164 ᠲᠡᠭᠰᠢ ᠲᠦᠷᠪᠡᠯᠵᠢᠨ ᠮᠧᠲᠷ ᠲᠤ ᠬᠦᠷᠴᠣ᠂ 34% ᠢᠶᠠᠷ ᠨᠡᠮᠡᠭᠲᠡᠪᠡ᠃ | | ᠬᠤᠶᠠᠷ ᠲᠤ᠂ ᠰᠤᠯᠠ ᠪᠠᠶᠢᠬᠤ ᠣᠷᠣᠨ ᠰᠠᠭᠤᠴᠠ ᠶᠢᠨ ᠰᠠᠭᠤᠷᠢ ᠨᠢ ᠶᠡᠭᠡ ᠬᠡᠮᠵᠢᠶ᠎ᠠ ᠪᠠᠷ ᠤᠷᠤᠰᠢᠵᠤ᠂ ᠭᠠᠵᠠᠷ | ᠰᠢᠷᠤᠢ ᠶᠢᠨ ᠡᠬᠢ ᠪᠠᠶᠠᠯᠢᠭ ᠢ ᠲᠦᠢᠯ ᠤᠨ ᠶᠡᠭᠡ ᠪᠠᠷ ᠰᠦᠢᠳᠬᠡᠵᠤ ᠪᠤᠢ᠃ ᠬᠥᠲᠡᠭᠡ ᠲᠤᠰᠬᠤᠨ ᠤ ᠰᠤᠯᠠ ᠪᠠᠶᠢᠬᠤ | ᠣᠷᠣᠨ ᠰᠠᠭᠤᠴᠠ ᠶᠢᠨ ᠰᠠᠭᠤᠷᠢ ᠶᠢᠨ ᠭᠤᠤᠯ ᠢᠯᠡᠷᠡᠯ᠄ ᠨᠢᠬᠡ ᠳᠤ ︽ᠰᠢᠨ᠎ᠠ ᠶᠢ ᠪᠠᠷᠢᠵᠤ᠂ ᠬᠠᠭᠤᠴᠢᠨ ᠢ ᠨᠤᠷᠠᠭᠠᠬᠤ | ᠥᠬᠡᠢ︾᠂ ᠬᠤᠶᠠᠷ ᠲᠤ᠂ ᠪᠥᠬᠦ ᠬᠡᠷ ᠢᠶᠠᠷ ᠢᠶᠠᠨ ᠬᠤᠲᠠ ᠤᠷᠤᠵᠤ ᠬᠥᠲᠡᠯᠮᠤᠷᠢᠯᠡᠵᠤ᠂ ᠬᠥᠲᠡᠭᠡ ᠲᠤᠰᠬᠤᠨ ᠳᠤ ᠪᠠᠶᠢᠬᠤ | ᠣᠷᠣᠨ ᠰᠠᠭᠤᠴᠠ ᠶᠢᠨ ᠰᠠᠭᠤᠷᠢ ᠨᠢ ᠤᠷᠲᠤ ᠬᠤᠭᠤᠴᠠᠭ᠎ᠠ ᠪᠠᠷ ᠰᠤᠯᠠ ᠪᠠᠶᠢᠲᠠᠭ᠃ ᠬᠥᠲᠡᠭᠡ ᠲᠤᠰᠬᠤᠨ ᠤ ᠴᠥᠬᠡᠨ | ᠪᠤᠰᠤ ᠭᠠᠵᠠᠷ ᠲᠤ ᠲᠠᠷᠢᠶᠠᠴᠢᠳ ᠬᠡᠷ ᠪᠠᠷᠢᠬᠤ ᠪᠠᠷ ᠰᠢᠨ᠎ᠠ ᠣᠷᠣᠨ ᠰᠠᠭᠤᠴᠠ ᠶᠢᠨ ᠰᠠᠭᠤᠷᠢ ᠡᠷᠡᠮᠡᠯᠵᠡᠯᠡᠵᠤ᠂ ᠰᠢᠨ᠎ᠠ | ᠤᠷᠤᠨ ᠰᠠᠭᠤᠴᠠ ᠪᠠᠷᠢᠵᠤ ᠨᠡᠬᠦᠨ ᠤᠷᠤᠬᠤ ᠶᠢᠨ ᠬᠠᠮᠲᠤ᠂ ᠬᠠᠭᠤᠴᠢᠨ ᠬᠡᠷ ᠢᠶᠠᠨ ᠨᠤᠷᠠᠭᠠᠬᠤ ᠥᠬᠡᠢ᠂ ᠬᠠᠭᠤᠴᠢᠨ | ᠣᠷᠣᠨ ᠰᠠᠭᠤᠴᠠ ᠶᠢᠨ ᠰᠠᠭᠤᠷᠢ ᠪᠠᠨ ᠲᠡᠭᠡᠭᠰᠢ ᠲᠤᠰᠢᠶᠠᠬᠤ ᠥᠬᠡᠢ᠃ ᠲᠤᠮᠲᠠᠳᠤ ᠬᠡᠰᠡᠭ ᠤᠨ ᠨᠢᠭᠡᠨ ᠮᠤᠵᠢ ᠶᠢᠨ | ᠰᠢᠶᠠᠨ ᠤ 9792 ᠪᠠᠶᠢᠭᠠᠯᠢ ᠶᠢᠨ ᠲᠤᠰᠬᠤᠨ ᠤ ᠲᠣᠳᠣᠷ᠎ᠠ 50% ᠠᠴᠠ ᠲᠡᠭᠡᠭᠰᠢᠬᠢ ᠨᠢ ︽ ᠰᠢᠨ᠎ᠠ ᠶᠢ ᠪᠠᠷᠢᠵᠤ | ᠬᠠᠭᠤᠴᠢᠨ ᠢ ᠨᠤᠷᠠᠭᠠᠬᠤ ᠥᠬᠡᠢ︾ ᠥᠵᠡᠭᠲᠡᠯ ᠤᠷᠤᠰᠢᠵᠤ ᠪᠤᠢ᠃ ᠤᠯᠤᠰ ᠤᠨ ᠬᠤᠯᠪᠣᠬᠳᠠᠯ ᠪᠦᠬᠦᠢ ᠰᠠᠯᠠᠭ᠎ᠠ | ᠮᠦᠴᠢᠷ ᠤᠨ ᠪᠠᠶᠢᠴᠠᠭᠠᠯᠲᠠ ᠳᠤ ᠂ ᠬᠥᠲᠡᠭᠡ ᠲᠤᠰᠬᠤᠨ ᠤ ᠰᠤᠯᠠ ᠪᠠᠶᠢᠬᠤ ᠣᠷᠣᠨ ᠰᠠᠭᠤᠴᠠ ᠶᠢᠨ ᠰᠠᠭᠤᠷᠢ᠂ ᠰᠤᠯᠠ | ᠪᠠᠶᠢᠬᠤ ᠣᠷᠣᠨ ᠰᠠᠭᠤᠴᠠ ᠶᠢᠨ ᠰᠠᠭᠤᠷᠢ ᠶᠢᠨ ᠡᠵᠡᠯᠡᠭᠰᠡᠨ ᠭᠠᠵᠠᠷ᠂ ᠲᠤᠰᠬᠤᠨ ᠤ ᠲᠤᠲᠤᠷᠠᠬᠢ ᠰᠤᠯᠠ ᠪᠠᠶᠢᠬᠤ | ᠭᠠᠵᠠᠷ ᠤᠨ ᠲᠠᠯᠠᠪᠠᠢ ᠨᠢ ᠪᠥᠬᠦ ᠲᠤᠰᠬᠤᠨ ᠤ ᠰᠠᠭᠤᠭᠠᠯᠢ ᠠᠷᠠᠳ ᠤᠨ ᠬᠡᠷᠡᠭᠯᠡᠬᠦ ᠭᠠᠵᠠᠷ ᠤᠨ 9% ᠢ ᠡᠵᠡᠯᠡᠵᠤ᠂ ᠣᠷᠣᠨ | ᠰᠠᠭᠤᠴᠠ ᠶᠢᠨ ᠰᠠᠭᠤᠷᠢ ᠶᠢᠨ ᠰᠤᠯᠠ ᠪᠠᠶᠢᠬᠤ ᠪᠥᠷᠢᠯᠬᠡᠬᠦ ᠥᠵᠡᠭᠲᠡᠯ ᠨᠢ ᠲᠥᠬᠡᠮᠡᠯ ᠮᠥᠷᠲᠡᠬᠡᠨ ᠬᠥᠨᠲᠤ ᠨᠤᠴᠢᠲᠠᠢ ᠪᠠᠶᠢᠨ᠎ᠠ | ᠃ ᠣᠷᠣᠨ ᠰᠠᠭᠤᠴᠠ ᠶᠢᠨ ᠰᠠᠭᠤᠷᠢ ᠵᠢᠴᠢ ᠣᠷᠣᠨ ᠰᠠᠭᠤᠴᠠ ᠶᠢᠨ ᠰᠠᠭᠤᠷᠢ ᠶᠢᠨ ᠰᠤᠯᠠ ᠪᠠᠶᠢᠬᠤ ᠨᠢ᠂ ᠭᠠᠵᠠᠷ | ᠰᠢᠷᠤᠢ ᠶᠢᠨ ᠡᠬᠢ ᠪᠠᠶᠠᠯᠢᠭ ᠢ ᠪᠥᠷᠢᠯᠬᠡᠬᠦ ᠪᠠᠷ ᠪᠠᠷᠠᠬᠤ ᠥᠬᠡᠢ᠂ ᠪᠠᠰᠠ ᠲᠤᠰᠬᠤᠨ ᠤ ᠥᠡᠭᠬᠡ ᠲᠦᠷᠬᠦ ᠶᠢ ᠨᠥᠯᠥᠬᠡᠯᠡᠵᠤ | ᠂ ᠬᠥᠲᠡᠭᠡ ᠲᠤᠰᠬᠤᠨ ᠳᠤ ᠶᠡᠭᠡ ᠬᠡᠮᠵᠢᠶᠠᠨ ᠤ ︽ᠬᠤᠭᠤᠰᠤᠨ ᠲᠤᠰᠬᠤᠨ︾ ᠤ ᠥᠵᠡᠭᠲᠡᠯ ᠢ ᠪᠤᠢ ᠪᠤᠯᠭᠠᠪᠠ᠃ | ᠲᠤᠮᠲᠠᠲᠤ ᠤᠯᠤᠰ ᠤᠨ ᠰᠢᠨᠵᠢᠯᠡᠬᠦ ᠤᠬᠠᠭᠠᠨ ᠤ ᠬᠥᠷᠢᠶᠡᠯᠡᠩ ᠤᠨ ᠭᠠᠵᠠᠷ ᠵᠥᠢ ᠶᠢᠨ ᠡᠬᠢ ᠪᠠᠶᠠᠯᠢᠭ ᠤᠨ | ᠪᠠᠶᠢᠴᠠᠭᠠᠯᠲᠠ ᠶᠢᠨ ᠲᠤᠭᠠᠴᠠᠨ ᠪᠤᠲᠤᠯᠲᠠ ᠨᠢ᠂ ᠬᠥᠲᠡᠭᠡ ᠲᠤᠰᠬᠤᠨ ᠤ ᠣᠷᠣᠨ ᠰᠠᠭᠤᠴᠠ ᠶᠢᠨ ᠰᠠᠭᠤᠷᠢ ᠵᠢᠴᠢ ᠣᠷᠣᠨ | ᠰᠠᠭᠤᠴᠠ ᠶᠢᠨ ᠰᠠᠭᠤᠷᠢ ᠶᠢᠨ ᠰᠤᠯᠠ ᠪᠠᠶᠢᠬᠤ ᠠᠴᠠ ᠪᠤᠯᠤᠭᠰᠠᠨ ︽ᠬᠤᠭᠤᠰᠤᠨ ᠲᠤᠰᠬᠤᠨ︾ ᠤ ᠠᠰᠠᠭᠤᠲᠠᠯ ᠨᠢ | ᠲᠤᠪᠤᠶᠢᠮ᠎ᠠ ᠪᠠᠶᠢᠵᠤ᠂ ᠬᠥᠲᠡᠭᠡ ᠲᠤᠰᠬᠤᠨ ᠤ ᠬᠤᠭᠤᠰᠤᠷᠠᠬᠤ ᠬᠡᠮᠵᠢᠶ᠎ᠠ ᠨᠢ ᠬᠤᠲᠠ ᠶᠢᠨ ᠲᠦᠪ ᠠᠴᠠ ᠬᠤᠲᠠ ᠶᠢᠨ | ᠲᠡᠬᠦᠷᠬᠡ ᠬᠥᠷᠬᠦ ᠱᠠᠲᠤᠯᠵᠢᠨ ᠬᠡᠯᠪᠡᠷᠢ ᠪᠠᠷ ᠲᠠᠷᠬᠠᠵᠤ ᠪᠠᠶᠢᠨ᠎ᠠ᠃ ᠬᠤᠲᠠ ᠶᠢᠨ ᠲᠦᠪ ᠠᠴᠠ ᠬᠡᠲᠤᠢ ᠬᠤᠯᠠ ᠪᠤᠯ | ᠬᠤᠭᠤᠰᠤᠷᠠᠬᠤ ᠬᠡᠮᠵᠢᠶ᠎ᠠ ᠨᠢ ᠬᠡᠲᠤᠢ ᠥᠨᠲᠥᠷ᠂ ᠲᠡᠭᠰᠢ ᠲᠠᠯ᠎ᠠ ᠭᠠᠵᠠᠷ ᠤᠨ ᠲᠠᠷᠢᠶᠠᠯᠠᠬᠤ ᠤᠷᠤᠨ ᠤ ︽ᠬᠤᠭᠤᠰᠤᠨ | ᠲᠤᠰᠬᠤᠨ︾ ᠪᠤᠯ ᠨᠡᠶᠢᠲᠡᠯᠢᠭ ᠵᠢᠱᠢᠶ᠎ᠠ ᠮᠥᠨ᠃ | ᠭᠤᠷᠪᠠ ᠳᠤ᠂ ᠣᠷᠣᠨ ᠰᠠᠭᠤᠴᠠ ᠶᠢᠨ ᠰᠠᠭᠤᠷᠢ ᠶᠢᠨ ᠬᠡᠷᠡᠭᠯᠡᠬᠦ ᠡᠷᠬᠡ ᠨᠢ ᠴᠤᠯᠭᠤᠢ ᠪᠠᠶᠢᠵᠤ᠂ ᠣᠷᠣᠨ | ᠰᠠᠭᠤᠴᠠ ᠶᠢᠨ ᠰᠠᠭᠤᠷᠢ ᠨᠢ ᠲᠠᠷᠢᠶᠠᠴᠢᠳ ᠤᠨ ᠡᠳ᠋ ᠤᠨ ᠵᠠᠰᠠᠭ ᠤᠨ ᠰᠢᠨᠵᠢ ᠴᠢᠨᠠᠷ ᠪᠠ ᠥᠢᠯᠡᠲᠤᠯ ᠢ ᠬᠢᠵᠠᠭᠠᠷᠯᠠᠪᠠ᠃ | ᠲᠠᠷᠢᠶᠠᠴᠢᠳ ᠣᠷᠣᠨ ᠰᠠᠭᠤᠴᠠ ᠶᠢᠨ ᠰᠠᠭᠤᠷᠢ ᠲᠡᠬᠡᠷ᠎ᠠ ᠪᠠᠨ ᠪᠠᠷᠢᠬᠰᠠᠨ ᠬᠡᠷ ᠢᠶᠠᠨ ᠥᠮᠴᠢᠯᠡᠯ ᠤᠨ ᠰᠢᠨᠵᠢ ᠲᠠᠢ ᠪᠤᠯᠭᠠᠵᠤ | ᠴᠢᠲᠠᠬᠤ ᠥᠬᠡᠢ ᠠᠴᠠ ᠲᠠᠷᠢᠶᠠᠴᠢᠳ ᠤᠨ ᠬᠡᠷ ᠪᠠᠶᠢᠰᠢᠩ ᠤᠨ ᠥᠮᠴᠢᠯᠡᠬᠡᠨ ᠤ ᠡᠷᠬᠡ ᠪᠠ ᠲᠠᠷᠢᠶᠠᠴᠢᠳ ᠤᠨ ᠬᠡᠷ | ᠪᠠᠶᠢᠰᠢᠩ ᠤᠨ ᠠᠵᠤ ᠠᠬᠤᠢ ᠶᠢᠨ ᠥᠢᠯᠡᠲᠤᠯ ᠢ ᠬᠢᠵᠠᠭᠠᠷᠯᠠᠪᠠ᠃ ᠵᠢᠱᠢᠶᠡᠯᠡᠪᠡᠯ᠄ ᠪᠠᠷᠢᠴᠠᠭᠠᠯᠲᠠ᠂ ᠲᠠᠭᠠᠭᠠᠯᠲᠠ ᠬᠡᠬᠦ | ᠮᠡᠲᠤ᠃ ᠡᠶᠢᠮᠣ ᠠᠴᠠ ᠲᠠᠷᠢᠶᠠᠴᠢᠳ ᠤᠨ ᠡᠳ᠋ ᠬᠥᠷᠥᠩᠬᠡ ᠶᠢᠨ ᠡᠷᠬᠡ ᠨᠢ ᠠᠵᠤ ᠠᠬᠤᠢ ᠲᠡᠬᠡᠷ᠎ᠠ ᠬᠥᠢᠴᠡᠳ ᠪᠡᠶᠡᠯᠡᠭᠲᠡᠵᠤ | ᠲᠡᠶᠢᠯᠬᠦ ᠥᠬᠡᠢ ᠪᠣᠶᠣ ᠨᠡᠶᠢᠬᠡᠮ ᠲᠡᠬᠡᠷᠡᠬᠢ ᠡᠳ᠋ ᠬᠥᠷᠥᠩᠬᠡ ᠶᠢᠨ ᠨᠡᠮᠡᠭᠲᠡᠯ ᠤᠨ ᠰᠢᠰᠲ᠋ᠧᠮ ᠪᠠ ᠬᠥᠢᠯᠬᠡᠬᠡ ᠶᠢᠨ ᠰᠢᠰᠲ᠋ᠧᠮ | ᠳᠤ ᠤᠷᠤᠯᠴᠠᠵᠤ ᠲᠡᠶᠢᠯᠬᠦ ᠥᠬᠡᠢ᠃ ᠡᠨᠡ ᠨᠢ ᠲᠠᠷᠢᠶᠠᠴᠢᠳ ᠤᠨ ᠬᠡᠷ ᠪᠠᠶᠢᠰᠢᠩ ᠤᠨ ᠥᠷᠲᠡᠭ ᠨᠢ ᠨᠡᠮᠡᠭᠲᠡᠬᠦ ᠪᠠ | ᠤᠷᠤᠯᠭ᠎ᠠ ᠪᠠᠨ ᠨᠡᠮᠡᠭᠲᠡᠬᠦᠯᠬᠦ ᠳᠤ ᠠᠰᠢᠭ ᠥᠬᠡᠢ᠂ ᠲᠠᠷᠢᠶᠠᠴᠢᠳ ᠤᠨ ᠡᠳ᠋ ᠬᠥᠷᠥᠩᠬᠡ ᠶᠢᠨ ᠠᠰᠢᠭ ᠲᠤᠰᠠ ᠶᠢ | ᠬᠥᠢᠴᠡᠳ ᠪᠠᠲᠤᠯᠠᠵᠤ ᠲᠡᠶᠢᠯᠬᠦ ᠥᠬᠡᠢ ᠵᠡᠷᠭᠡ᠃ ᠡᠲᠡᠬᠡᠷ ᠪᠠᠶᠢᠳᠠᠯ ᠨᠢ᠂ ᠬᠥᠲᠡᠭᠡ ᠲᠤᠰᠬᠤᠨ ᠤ ᠣᠷᠣᠨ ᠰᠠᠭᠤᠴᠠ ᠶᠢᠨ | ᠰᠠᠭᠤᠷᠢ ᠶᠢ ᠡᠷᠭᠡᠪᠰᠢ ᠥᠬᠡᠷᠡᠴᠢᠯᠡᠨ ᠲᠡᠬᠦᠯᠲᠡᠷᠵᠢᠬᠦᠯᠬᠦ ᠴᠢᠬᠤᠯᠠ ᠲᠠᠢ ᠭᠡᠳᠡᠭ ᠬᠠᠷᠠᠭᠤᠯᠪᠠ᠃ | ᠬᠥᠲᠡᠭᠡ ᠲᠤᠰᠬᠤᠨ ᠤ ᠣᠷᠣᠨ ᠰᠠᠭᠤᠴᠠ ᠶᠢᠨ ᠰᠠᠭᠤᠷᠢ ᠶᠢᠨ ᠲᠥᠷᠢᠮ ᠢ ᠥᠬᠡᠷᠡᠴᠢᠯᠡᠨ ᠲᠡᠬᠦᠯᠲᠡᠷᠵᠢᠬᠦᠯᠬᠦ | ᠥᠨᠲᠥᠰᠥᠨ ᠠᠷᠭ᠎ᠠ ᠵᠠᠮ ᠪᠠ ᠴᠢᠭᠯᠡᠯ ᠨᠢ᠄ | ᠨᠢᠬᠡ ᠳᠤ᠂ ᠣᠷᠣᠨ ᠰᠠᠭᠤᠴᠠ ᠶᠢᠨ ᠰᠠᠭᠤᠷᠢ ᠶᠢᠨ ᠬᠠᠮᠢᠶᠠᠷᠤᠯᠲᠠ ᠶᠢ ᠴᠢᠩᠭᠠᠳᠬᠠᠵᠤ᠂ ︽ᠨᠢᠬᠡ ᠡᠷᠤᠬᠡ ᠨᠢᠬᠡ | ᠰᠠᠭᠤᠷᠢ︾ ᠪᠠ ᠣᠷᠣᠨ ᠰᠠᠭᠤᠴᠠ ᠶᠢᠨ ᠰᠠᠭᠤᠷᠢ ᠶᠢᠨ ᠲᠠᠯᠠᠪᠠᠢ ᠶᠢ ᠬᠢᠵᠠᠭᠠᠷᠯᠠᠬᠤ ᠲᠥᠷᠥ ᠶᠢᠨ ᠪᠤᠲᠤᠯᠭ᠎ᠠ ᠶᠢ ᠴᠢᠩᠭ᠎ᠠ | ᠬᠡᠷᠡᠭᠵᠢᠬᠦᠯᠵᠤ᠂ ︽ᠨᠢᠬᠡ ᠡᠷᠤᠬᠡ ᠤᠯᠠᠨ ᠰᠠᠭᠤᠷᠢ︾᠂ ︽ᠨᠢᠬᠡ ᠰᠠᠭᠤᠷᠢ ᠨᠢ ᠪᠠᠷᠢᠮᠵᠢᠶᠠᠨ ᠠᠴᠠ ᠬᠡᠲᠤᠷᠡᠬᠦ︾ ᠵᠡᠷᠬᠡ | ᠣᠷᠣᠨ ᠰᠠᠭᠤᠴᠠ ᠶᠢᠨ ᠰᠠᠭᠤᠷᠢ ᠶᠢ ᠢᠯᠡᠬᠦᠥ ᠡᠵᠡᠯᠡᠬᠦ ᠥᠵᠡᠭᠲᠡᠯ ᠢ ᠡᠷᠡᠰ ᠲᠡᠪᠴᠢᠨ᠎ᠠ᠃ | ᠬᠤᠶᠠᠷ ᠲᠤ᠂ ᠣᠷᠣᠨ ᠰᠠᠭᠤᠴᠠ ᠶᠢᠨ ᠰᠠᠭᠤᠷᠢ ᠶᠢ ᠲᠠᠬᠢᠨ ᠬᠠᠭᠠᠯᠪᠤᠷᠢᠯᠠᠬᠤ ᠶᠢ ᠴᠢᠩᠭᠠᠳᠬᠠᠵᠣ᠂ ᠣᠷᠣᠨ | ᠰᠠᠭᠤᠴᠠ ᠶᠢᠨ ᠰᠠᠭᠤᠷᠢ ᠶᠢ ᠰᠤᠯᠠ ᠪᠠᠶᠢᠯᠭᠠᠬᠤ ᠥᠵᠡᠭᠲᠡᠯ ᠢ ᠡᠷᠡᠰ ᠲᠡᠪᠴᠢᠨ᠂ ᠰᠤᠯᠠ ᠪᠠᠶᠢᠬᠤ ᠣᠷᠣᠨ ᠰᠠᠭᠤᠴᠠ ᠶᠢᠨ | ᠰᠠᠭᠤᠷᠢ ᠶᠢ ᠴᠥᠮ ᠲᠠᠬᠢᠨ ᠬᠠᠭᠠᠯᠪᠤᠷᠢᠯᠠᠭᠠᠳ ᠲᠠᠷᠢᠶᠠᠨ ᠭᠠᠵᠠᠷ ᠪᠤᠯᠭᠠᠨ᠎ᠠ᠃ | ᠭᠤᠷᠪᠠ ᠳᠤ᠂ ᠬᠥᠲᠡᠭᠡ ᠲᠤᠰᠬᠤᠨ ᠤ ᠣᠷᠣᠨ ᠰᠠᠭᠤᠴᠠ ᠶᠢᠨ ᠰᠠᠭᠤᠷᠢ ᠡᠷᠬᠡ ᠶᠢ ᠤᠨᠤᠪᠴᠢᠯᠠᠬᠤ ᠲᠡᠮᠲᠡᠭᠯᠡᠯ | ᠬᠢᠬᠦ ᠶᠢᠨ ᠬᠠᠮᠲᠤ ᠥᠨᠡᠮᠯᠡᠯ ᠥᠭᠬᠦᠨ᠎ᠠ᠃ ᠲᠠᠷᠢᠶᠠᠴᠢᠨᠳ ᠲᠤ ᠬᠠᠤᠯᠢ ᠶᠢᠨ ᠬᠥᠴᠥᠨ ᠲᠠᠢ ᠣᠷᠣᠨ ᠰᠠᠭᠤᠴᠠ ᠶᠢᠨ | ᠰᠠᠭᠤᠷᠢ ᠶᠢᠨ ᠬᠠᠷᠢᠶᠠᠯᠠᠭᠲᠠᠬᠤ ᠡᠷᠬᠡ ᠲᠠᠢ ᠥᠨᠡᠮᠯᠡᠯ ᠦᠭᠴᠣ᠂ ᠣᠷᠣᠨ ᠰᠠᠭᠤᠴᠠ ᠶᠢᠨ ᠰᠠᠭᠤᠷᠢ ᠶᠢ ᠬᠡᠷᠡᠭᠯᠡᠬᠦ ᠨᠢᠬᠡ | ᠴᠤᠭᠴᠠᠴᠢᠯᠠᠯᠲᠠ ᠶᠢᠨ ᠲᠠᠮᠲᠡᠭᠯᠡᠬᠦ ᠰᠢᠰᠲ᠋ᠧᠮ ᠢ ᠲᠡᠬᠦᠯᠲᠡᠷᠵᠢᠬᠦᠯᠥᠨᠠ᠃ | ᠲᠥᠷᠪᠡ ᠳᠤ᠂ ᠣᠷᠣᠨ ᠰᠠᠭᠤᠴᠠ ᠶᠢᠨ ᠰᠠᠭᠤᠷᠢ ᠶᠢ ᠬᠡᠷᠡᠭᠯᠡᠬᠦ ᠡᠷᠬᠡ ᠴᠢᠲᠠᠪᠤᠷᠢ ᠶᠢ ᠥᠷᠬᠡᠳᠬᠡᠨᠠ᠃ ᠤᠯᠠᠨ | ᠠᠷᠪᠢᠨ ᠭᠠᠵᠠᠷ ᠢᠶᠠᠷ ᠲᠤᠷᠰᠢᠯᠲᠠ ᠶᠢᠨ ᠴᠡᠭ ᠪᠤᠯᠭᠠᠵᠤ᠂ ᠲᠠᠷᠢᠶᠠᠴᠢᠳ ᠤᠨ ᠰᠠᠭᠤᠬᠤ ᠬᠡᠷ ᠤᠨ ᠡᠳ᠋ ᠬᠥᠷᠥᠩᠬᠡ ᠶᠢᠨ | ᠪᠠᠷᠢᠴᠠᠭᠠᠯᠠᠯᠲᠠ᠂ ᠲᠠᠭᠠᠭᠠᠯᠲᠠ᠂ ᠰᠢᠯᠵᠢᠬᠦᠯᠬᠦ ᠡᠷᠬᠡ ᠶᠢ ᠠᠭᠠᠵᠢᠮ ᠢᠶᠠᠷ ᠲᠥᠯᠬᠢᠨ ᠠᠬᠢᠭᠤᠯᠵᠤ᠂ ᠣᠷᠣᠨ ᠰᠠᠭᠤᠴᠠ ᠶᠢᠨ | ᠰᠠᠭᠤᠷᠢ ᠶᠢ ᠬᠡᠷᠡᠭᠯᠡᠬᠦ ᠡᠷᠬᠡ ᠶᠢ ᠨᠡᠩ ᠬᠥᠢᠴᠡᠳ ᠪᠤᠲᠠᠰ ᠤᠨ ᠡᠷᠬᠡ ᠪᠤᠯᠭᠠᠵᠤ᠂ ᠲᠠᠷᠢᠶᠠᠴᠢᠳ ᠤᠨ ᠬᠡᠷ ᠬᠥᠷᠥᠩᠬᠡ ᠶᠢᠨ | ᠨᠡᠶᠢᠬᠡᠮ ᠤᠨ ᠡᠳ᠋ ᠬᠥᠷᠥᠩᠬᠡ ᠶᠢᠨ ᠨᠡᠮᠡᠭᠲᠡᠯ ᠤᠨ ᠰᠢᠰᠲ᠋ᠧᠮ᠂ ᠢᠲᠡᠬᠡᠮᠵᠢᠲᠤ ᠰᠢᠰᠲ᠋ᠧᠮ ᠪᠠ ᠬᠥᠢᠯᠬᠡᠬᠡᠨ ᠤ ᠰᠢᠰᠲ᠋ᠧᠮ ᠳᠤ | ᠤᠷᠤᠭᠤᠯᠬᠤ ᠶᠢ ᠠᠬᠢᠭᠤᠯᠬᠤ ᠬᠡᠷᠡᠭᠲᠡᠢ᠃ | ︵ ᠨᠠᠮ ᠤᠨ ᠠᠷᠪᠠᠠ ᠨᠠᠢᠮᠠᠳᠤᠭᠠᠷ ᠬᠤᠭᠤᠴᠠᠭᠠᠠ ᠤ ᠲᠦᠪ ᠬᠤᠷᠢᠶᠠᠠ ᠤ ᠭᠤᠷᠪᠠᠳᠤᠭᠠᠷ ᠪᠦᠬᠦᠳᠠ ᠬᠤᠷᠠᠯ ᠤᠨ ︽ | ᠲᠤᠭᠳᠠᠭᠠᠯ︾ ᠢ ᠰᠤᠷᠤᠯᠴᠠᠬᠤ ᠵᠢᠯᠤᠭᠤᠳᠤᠮᠵᠢ ᠶᠢᠨ ᠵᠠᠭᠤᠠ ᠠᠰᠠᠭᠤᠯᠳᠠ ᠠᠴᠠ ᠡᠰᠢᠯᠡᠪᠠ︶ |