| | ᠭᠤᠷᠪᠠᠳᠤᠭᠠᠷ ᠪᠦᠭᠦᠳᠡ ᠬᠤᠷᠠᠯ ᠤᠨ ᠲᠠᠶᠢᠯᠤᠮᠵᠢ — | | | ᠬᠤᠳᠠ ᠪᠠᠯᠭᠠᠰᠣᠨ ᠤ ᠡᠯᠧᠮᠧᠨ᠋ᠲ ᠤᠨ ᠡᠷᠭᠡ ᠲᠡᠭᠰᠢ ᠰᠣᠯᠢᠯᠴᠠᠭ᠎ᠠ ᠪᠠ ᠨᠡᠶᠢᠳᠡ ᠶᠢᠨ | ᠡᠬᠢ ᠪᠠᠶᠠᠯᠢᠭ ᠤᠨ ᠲᠡᠭᠰᠢ ᠲᠣᠬᠢᠷᠠᠭᠤᠯᠣᠯᠳᠠ ᠶᠢ ᠬᠡᠷᠬᠢᠨ ᠲᠦᠯᠬᠢᠨ ᠠᠬᠢᠭᠤᠯᠬᠤ ᠪᠣᠢ︖ | | | | | | | | ︽ᠲᠣᠭᠳᠠᠭᠠᠯ︾ ᠳᠤ ᠬᠤᠳᠠ ᠪᠠᠯᠭᠠᠰᠣᠨ ᠤ ᠡᠯᠧᠮᠧᠨ᠋ᠲ ᠤᠨ ᠡᠷᠭᠡ ᠲᠡᠭᠰᠢ ᠰᠣᠯᠢᠯᠴᠠᠭ᠎ᠠ ᠪᠠ ᠨᠡᠶᠢᠳᠡ ᠶᠢᠨ ᠡᠬᠢ | ᠪᠠᠶᠠᠯᠢᠭ ᠤᠨ ᠲᠡᠭᠰᠢ ᠲᠣᠬᠢᠷᠠᠭᠤᠯᠣᠯᠳᠠ ᠶᠢ ᠲᠣᠷᠠᠳᠣᠨ ᠭᠠᠷᠭᠠᠪᠠ᠃ ᠡᠨ᠋ᠨ ᠪᠣᠯ ᠬᠤᠳᠠ ᠪᠠᠯᠭᠠᠰᠣᠨ ᠤ ᠬᠦᠭᠵᠢᠯᠳᠡ ᠶᠢᠨ | ᠨᠢᠭᠡ ᠴᠣᠬᠴᠠᠵᠢᠭᠤᠯᠣᠯᠳᠠ ᠶᠢᠨ ᠪᠠᠶᠢᠭᠤᠯᠣᠮᠵᠢ ᠶᠢᠨ ᠲᠣᠬᠳᠠᠴᠠ᠂ ᠠᠵᠣ ᠣᠢᠢᠯᠡᠳᠪᠦᠷᠢ ᠪᠠᠷ ᠲᠠᠷᠢᠶᠠᠯᠠᠩ ᠠᠵᠣ | ᠠᠬᠤᠢ ᠶᠢ ᠠᠬᠢᠭᠤᠯᠬᠤ᠂ ᠬᠤᠳᠠ ᠪᠠᠷ ᠪᠠᠯᠭᠠᠰᠣ ᠶᠢ ᠲᠠᠶᠢᠴᠢᠯᠠᠬᠤ᠂ ᠠᠵᠣ ᠣᠢᠢᠯᠡᠳᠪᠦᠷᠢ ᠲᠠᠷᠢᠶᠠᠯᠠᠩ ᠠᠵᠣ ᠠᠬᠤᠢ | ᠬᠠᠷᠢᠯᠴᠠᠨ ᠠᠰᠢᠭ ᠬᠦᠷᠳᠡᠬᠦ᠂ ᠬᠤᠳᠠ ᠪᠠᠯᠭᠠᠰᠣ ᠶᠢᠨ ᠨᠢᠭᠡ ᠴᠣᠬᠴᠠᠵᠢᠭᠤᠯᠣᠯᠳᠠ ᠶᠢᠨ ᠰᠢᠨ᠎ᠠ ᠬᠡᠯᠪᠡᠷᠢ ᠶᠢᠨ ᠠᠵᠣ | ᠣᠢᠢᠯᠡᠳᠪᠦᠷᠢ ᠲᠠᠷᠢᠶᠠᠯᠠᠩ ᠠᠵᠣ ᠠᠬᠤᠢ ᠬᠤᠳᠠ ᠪᠠᠯᠭᠠᠰᠣᠨ ᠤ ᠬᠠᠷᠢᠴᠠᠭ᠎ᠠ ᠶᠢ ᠲᠡᠬᠦᠯᠳᠡᠷᠵᠢᠬᠦᠯᠬᠦ ᠦᠨᠳᠣᠰᠣᠨ | ᠱᠠᠭᠠᠷᠳᠠᠯᠭ᠎ᠠ ᠪᠠ ᠴᠢᠬᠤᠯᠠ ᠠᠷᠭ᠎ᠠ ᠪᠠᠷᠢᠯ ᠪᠣᠯᠣᠨ᠎ᠠ᠃ | ᠨᠢᠬᠡ᠂ ᠲᠠᠷᠢᠶᠠᠴᠢᠳ ᠤᠨ ᠣᠢᠢᠯᠡᠳᠪᠦᠷᠢᠯᠡᠯ ᠤᠨ ᠴᠢᠬᠤᠯᠠ ᠡᠯᠧᠮᠧᠨ᠋ᠲ ᠤᠨ ᠡᠷᠭᠡ ᠠᠰᠢᠭ ᠢ ᠬᠠᠮᠠᠭᠠᠯᠠᠵᠣ᠂ | ᠲᠠᠷᠢᠶᠠᠴᠢᠳ ᠤᠨ ᠬᠦᠳᠡᠯᠮᠣᠷᠢ᠂ ᠭᠠᠵᠠᠷ ᠰᠢᠷᠣᠢ᠂ ᠪᠡᠯᠡ ᠮᠦᠩᠬᠦ ᠵᠡᠷᠭᠡ ᠴᠢᠬᠤᠯᠠ ᠡᠯᠧᠮᠧᠨ᠋ᠲ ᠤᠨ ᠰᠣᠯᠢᠯᠴᠠᠭ᠎ᠠ ᠲᠡᠭᠡᠷ᠎ᠠ | ᠡᠷᠭᠡ ᠲᠡᠭᠰᠢ ᠡᠷᠭᠡ ᠠᠰᠢᠭ ᠢ ᠪᠠᠳᠣᠯᠠᠨ᠎ᠠ᠃ ᠡᠨᠡ ᠪᠣᠯ ᠬᠤᠳᠠ ᠪᠠᠯᠭᠠᠰᠣᠨ ᠤ ᠴᠢᠬᠤᠯᠠ ᠡᠯᠧᠮᠧᠨ᠋ᠲ ᠤᠨ ᠡᠷᠭᠡ ᠲᠡᠭᠰᠢ | ᠰᠣᠯᠢᠯᠴᠠᠭ᠎ᠠ ᠪᠠ ᠨᠡᠶᠢᠳᠡ ᠶᠢᠨ ᠡᠬᠢ ᠪᠠᠶᠠᠯᠢᠭ ᠤᠨ ᠲᠡᠭᠰᠢ ᠲᠣᠬᠢᠷᠠᠭᠤᠯᠣᠯᠳᠠ ᠶᠢ ᠲᠦᠯᠬᠢᠨ ᠠᠬᠢᠭᠤᠯᠬᠤ ᠶᠢᠨ | ᠭᠤᠣᠯᠳᠠᠯᠭ᠎ᠠ ᠪᠣᠯᠣᠨ᠎ᠠ᠃ ᠦᠨᠳᠣᠰᠣᠨ ᠱᠠᠭᠠᠷᠳᠠᠯᠭ᠎ᠠ ᠨᠢ ︽ ᠭᠤᠷᠪᠠ ᠶᠢ ᠪᠠᠳᠣᠯᠠᠬᠤ︾᠂ ᠲᠠᠷᠣᠢ ᠲᠠᠷᠢᠶᠠᠴᠢᠳ | ᠬᠠᠮᠳᠣᠪᠠᠷ ᠠᠵᠢᠯᠯᠠᠵᠣ ᠬᠠᠮᠳᠣᠪᠠᠷ ᠠᠰᠢᠭ ᠬᠦᠷᠳᠡᠬᠦ ᠶᠢ ᠪᠠᠳᠣᠯᠠᠬᠤ᠂ ᠲᠠᠷᠢᠶᠠᠴᠢᠳ ᠭᠠᠵᠠᠷ ᠰᠢᠷᠣᠢ ᠶᠢᠨ ᠨᠡᠮᠡᠭᠳᠡᠯ | ᠦᠷᠳᠡᠭ ᠤᠨ ᠠᠰᠢᠭ ᠢ ᠡᠷᠭᠡ ᠲᠡᠭᠰᠢ ᠬᠦᠷᠳᠡᠬᠦ ᠶᠢ ᠪᠠᠳᠣᠯᠠᠬᠤ ᠪᠠ ᠮᠦᠩᠬᠦᠨ ᠬᠦᠢᠯᠭᠡᠭᠡᠨ ᠤ ᠪᠠᠶᠢᠭᠤᠯᠣᠮᠵᠢ ᠶᠢᠨ | ᠬᠦᠳᠡᠭᠡ ᠲᠣᠰᠬᠤᠨ ᠳᠠᠬᠢ ᠬᠠᠳᠠᠭᠠᠯᠠᠮᠵᠢ ᠶᠢ ᠭᠤᠣᠯᠳᠠᠭᠤ ᠲᠠᠷᠢᠶᠠᠯᠠᠩ ᠠᠵᠣ ᠠᠬᠤᠢ ᠪᠠ ᠬᠦᠳᠡᠭᠡ ᠲᠣᠰᠬᠤᠨ ᠳᠤ | ᠬᠡᠷᠡᠭᠯᠡᠬᠦ ᠶᠢ ᠪᠠᠳᠣᠯᠠᠬᠤ ᠶᠠᠪᠣᠳᠠᠯ ᠪᠣᠯᠣᠨ᠎ᠠ᠃ ᠣᠳᠣᠬᠠᠨ ᠤ ᠪᠠᠶᠢᠭᠤᠯᠣᠮᠵᠢ ᠶᠢᠨ ᠲᠣᠬᠳᠠᠴᠠ ᠲᠣᠣᠷ᠎ᠠ᠂ ᠲᠠᠷᠢᠶᠠᠴᠢᠳ ᠤᠨ | ᠣᠢᠢᠯᠡᠳᠪᠦᠷᠢᠯᠡᠯ ᠤᠨ ᠴᠢᠬᠤᠯᠠ ᠡᠯᠧᠮᠧᠨ᠋ᠲ ᠤᠨ ᠡᠷᠭᠡ ᠠᠰᠢᠭ ᠪᠦᠳᠣᠮᠵᠢᠳᠠᠢ ᠪᠠᠷ ᠬᠠᠮᠠᠭᠠᠯᠠᠭᠳᠠᠵᠣ ᠲᠡᠶᠢᠯᠣᠭᠡᠳᠣᠢ᠃ | ᠬᠦᠳᠡᠯᠮᠦᠷᠢ ᠶᠢᠨ ᠡᠯᠧᠮᠧᠨ᠋ᠲ ᠤᠨ ᠲᠠᠯ᠎ᠠ ᠪᠠᠷ ᠬᠤᠳᠠ ᠣᠷᠣᠵᠣ ᠬᠦᠴᠣ ᠶᠠᠪᠣᠵᠣ ᠪᠠᠶᠢᠭ᠎ᠠ ᠲᠠᠷᠢᠶᠠᠴᠢᠳ ᠬᠤᠳᠠ | ᠪᠠᠯᠭᠠᠰᠣᠨ ᠤ ᠠᠵᠢᠯᠳᠠᠳ ᠲᠠᠢ ᠠᠳᠠᠯᠢ ᠲᠦᠷᠦᠯ ᠤᠨ ᠠᠵᠢᠯ ᠳᠤ ᠠᠳᠠᠯᠢ ᠠᠰᠢᠭ ᠬᠦᠷᠳᠡᠬᠦ ᠶᠢ ᠪᠡᠶᠡᠯᠡᠬᠦᠯᠵᠣ | ᠲᠡᠶᠢᠯᠣᠭᠡᠳᠣᠢ᠂ ᠠᠳᠠᠯᠢᠬᠠᠨ ᠬᠦᠳᠡᠯᠮᠦᠷᠢ ᠶᠢᠨ ᠠᠵᠢᠯ ᠤᠨ ᠪᠠᠶᠢᠷᠢ ᠶᠢᠨ ᠬᠦᠯᠦᠰᠣᠨ ᠲᠠᠷᠢᠶᠠᠴᠢᠳ ᠤᠨ ᠣᠯᠵᠣ ᠪᠠᠶᠢᠭ᠎ᠠ | ᠣᠷᠣᠯᠭ᠎ᠠ ᠨᠢ ᠬᠤᠳᠠ ᠪᠠᠯᠭᠠᠰᠣᠨ ᠠᠵᠢᠯᠳᠠᠳ ᠤᠨ ᠬᠠᠭᠠᠰ ᠤᠨ ᠬᠢᠷᠢ ᠯᠠ ᠪᠠᠶᠢᠵᠣ᠂ ᠭᠠᠵᠠᠷ ᠰᠢᠷᠣᠢ ᠶᠢᠨ ᠡᠯᠧᠮᠧᠨ᠋ᠲ ᠤᠨ | ᠲᠠᠯ᠎ᠠ ᠪᠠᠷ ᠬᠤᠳᠠ ᠪᠠᠯᠭᠠᠰᠣᠨ ᠤ ᠭᠠᠵᠠᠷ ᠰᠢᠷᠣᠢ ᠶᠢᠨ ᠰᠣᠯᠢᠯᠴᠠᠭᠠᠨ ᠳᠤ ᠲᠠᠷᠢᠶᠠᠴᠢᠳ ᠤᠨ ᠣᠯᠵᠣ ᠪᠠᠶᠢᠭ᠎ᠠ | ᠨᠦᠬᠦᠪᠦᠷᠢ ᠨᠢ ᠮᠠᠰᠢ ᠬᠤᠮᠰᠠ᠃ ᠲᠦᠷᠦ ᠶᠢᠨ ᠶᠠᠪᠣᠳᠠᠯ ᠤᠨ ᠬᠤᠷᠢᠶᠠᠨ ᠤ ᠬᠦᠭᠵᠢᠬᠦᠯᠦᠯᠳᠡ ᠶᠢᠨ ᠰᠣᠳᠣᠯᠭᠠᠨ ᠤ | ᠲᠦᠪ ᠤᠨ ᠪᠠᠶᠢᠴᠠᠭᠠᠯᠳᠠ ᠶᠢ ᠦᠨᠳᠣᠰᠣᠯᠠᠪᠠᠯ᠂ ᠲᠠᠷᠢᠶᠠᠴᠢᠳ ᠤᠨ ᠣᠯᠵᠣ ᠪᠠᠶᠢᠭ᠎ᠠ ᠭᠠᠵᠠᠷ ᠰᠢᠷᠣᠢ ᠲᠠᠳᠠᠪᠦᠷᠢᠯᠠᠬᠰᠠᠨ | ᠨᠦᠬᠦᠪᠦᠷᠢ ᠨᠢ ᠪᠦᠬᠦ᠋ᠢᠯᠡ ᠭᠠᠵᠠᠷ ᠰᠢᠷᠣᠢ ᠶᠢᠨ ᠨᠡᠮᠡᠭᠳᠡᠯ ᠦᠷᠳᠡᠭ ᠤᠨ ᠠᠰᠢᠭ ᠣᠷᠣᠯᠭ᠎ᠠ ᠶᠢᠨ 5% — 10% ᠢ | ᠯᠠ ᠡᠵᠡᠯᠡᠵᠣ᠂ ᠪᠡᠯᠡ ᠮᠦᠩᠬᠦᠨ ᠤ ᠡᠯᠧᠮᠧᠨ᠋ᠲ ᠤᠨ ᠲᠠᠯ᠎ᠠ ᠪᠠᠷ ᠬᠦᠳᠡᠭᠡ ᠲᠣᠰᠬᠤᠨ ᠳᠠᠬᠢ ᠬᠠᠳᠠᠭᠠᠯᠠᠮᠵᠢ ᠶᠢᠨ | ᠣᠯᠠᠩᠬᠢ ᠨᠢ ᠲᠠᠷᠢᠶᠠᠯᠠᠩ ᠣᠢᠢᠯᠡᠳᠪᠦᠷᠢᠯᠡᠯ ᠤᠨ ᠪᠣᠰᠣ ᠪᠠ ᠬᠤᠳᠠ ᠵᠦᠭ ᠰᠢᠯᠵᠢᠵᠣ᠂ ᠲᠠᠷᠢᠶᠠᠴᠢᠳ ᠵᠢᠭᠡᠯᠡᠯᠭᠡ ᠣᠯᠬᠤ ᠳᠤ | ᠦᠷᠬᠦᠯᠵᠢ ᠬᠦᠴᠢᠷ ᠪᠠᠶᠢᠳᠠᠯ ᠳᠤ ᠲᠣᠯᠭᠠᠷᠠᠵᠣ ᠪᠠᠶᠢᠨ᠎ᠠ᠃ ᠬᠤᠳᠠ ᠪᠠᠯᠭᠠᠰᠣᠨ ᠤ ᠡᠯᠧᠮᠧᠨ᠋ᠲ ᠤᠨ ᠡᠷᠭᠡ ᠲᠡᠭᠰᠢ | ᠰᠣᠯᠢᠯᠭᠠ ᠶᠢ ᠲᠦᠯᠬᠢᠨ ᠠᠬᠢᠭᠤᠯᠬᠤ ᠳᠤ᠂ ᠡᠷᠬᠡᠪᠰᠢ ᠲᠠᠷᠢᠶᠠᠴᠢᠳ ᠤᠨ ᠣᠢᠢᠯᠡᠳᠪᠦᠷᠢᠯᠡᠯ ᠤᠨ ᠡᠯᠧᠮᠧᠨ᠋ᠲ ᠤᠨ ᠡᠷᠭᠡ | ᠠᠰᠢᠭ ᠢ ᠬᠠᠮᠠᠭᠠᠯᠠᠬᠤ ᠬᠡᠷᠡᠭᠳᠡᠢ᠃ ᠬᠦᠯᠦᠰᠣᠨ ᠲᠠᠷᠢᠶᠠᠴᠢᠳ ᠤᠨ ᠠᠳᠠᠯᠢ ᠲᠦᠷᠦᠯ ᠤᠨ ᠠᠵᠢᠯ ᠳᠤ ᠠᠳᠠᠯᠢᠬᠠᠨ | ᠣᠯᠭᠤᠮᠵᠢ ᠣᠯᠬᠤ ᠶᠢ ᠪᠠᠳᠣᠯᠠᠬᠤ ᠳᠤ᠂ ᠲᠠᠷᠣᠢ ᠬᠤᠳᠠ ᠪᠠᠯᠭᠠᠰᠣᠨ ᠤ ᠡᠷᠭᠡ ᠲᠡᠭᠰᠢ ᠪᠣᠰᠣ ᠠᠵᠢᠯ ᠣᠯᠭᠤᠯᠳᠠ ᠪᠠ | ᠬᠦᠳᠡᠯᠮᠦᠷᠢ ᠶᠢᠨ ᠬᠦᠷᠳᠡᠮᠵᠢ ᠶᠢᠨ ᠲᠦᠷᠢᠮ ᠢ ᠦᠭᠡᠷᠡᠴᠢᠯᠡᠵᠣ᠂ ᠲᠠᠷᠢᠶᠠᠴᠢᠳ ᠢ ᠬᠤᠳᠠ ᠪᠠᠯᠭᠠᠰᠣᠨ ᠤ ᠠᠵᠢᠯᠳᠠᠳ ᠲᠠᠢ | ᠠᠳᠠᠯᠢᠬᠠᠨ ᠬᠦᠳᠡᠯᠮᠦᠷᠢ ᠶᠢᠨ ᠬᠦᠷᠳᠡᠮᠵᠢ ᠲᠠᠢ ᠪᠣᠯᠭᠠᠵᠣ᠂ ᠲᠠᠷᠢᠶᠠᠴᠢᠳ ᠤᠨ ᠭᠠᠵᠠᠷ ᠰᠢᠷᠣᠢ ᠶᠢᠨ ᠨᠡᠮᠡᠭᠳᠡᠯ ᠦᠷᠳᠡᠭ ᠢ | ᠡᠷᠭᠡ ᠲᠡᠭᠰᠢ ᠡᠳ᠋ᠯᠡᠬᠦ ᠶᠢ ᠪᠠᠳᠣᠯᠠᠵᠣ᠂ ᠨᠡᠶᠢᠳᠡ ᠶᠢᠨ ᠡᠵᠡᠩᠨᠡᠯᠳᠡ ᠶᠢᠨ ᠴᠢᠨᠠᠷᠳᠠᠢ ᠪᠦᠳᠣᠭᠡᠨ ᠪᠠᠶᠢᠭᠤᠯᠣᠯᠳᠠ ᠳᠤ ᠬᠡᠷᠡᠭᠯᠡᠬᠦ | ᠭᠠᠵᠠᠷ ᠢ ᠰᠢᠯᠵᠢᠬᠦᠯᠬᠦ᠂ ᠲᠦᠷᠢᠶᠡᠰᠣᠯᠡᠵᠣ ᠦᠭᠬᠦ ᠪᠠ ᠪᠡᠯᠡ ᠣᠷᠣᠬᠤ ᠶᠢ ᠵᠦᠪᠰᠢᠶᠡᠷᠡᠵᠣ᠂ ᠣᠯᠣᠰ ᠤᠨ ᠦᠮᠴᠢᠯᠠᠯᠳᠣ | ᠭᠠᠵᠠᠷ ᠰᠢᠷᠣᠢ ᠲᠠᠢ ᠠᠳᠠᠯᠢᠬᠠᠨ ᠡᠷᠭᠡ ᠠᠳᠠᠯᠢᠬᠠᠨ ᠬᠠᠩᠰᠢ ᠲᠠᠢ ᠪᠠᠶᠢᠬᠤ ᠶᠢ ᠪᠡᠶᠡᠯᠡᠬᠦᠯᠵᠣ᠂ ᠭᠠᠵᠠᠷ ᠰᠢᠷᠣᠢ | ᠲᠠᠳᠠᠪᠦᠷᠢᠯᠠᠬᠤ ᠲᠦᠷᠢᠮ ᠢ ᠦᠭᠡᠷᠡᠴᠢᠯᠡᠵᠣ᠂ ᠭᠠᠵᠠᠷ ᠰᠢᠷᠣᠢ ᠲᠠᠳᠠᠪᠦᠷᠢᠯᠠᠬᠤ ᠬᠡᠪᠴᠢᠶ᠎ᠠ ᠶᠢ ᠪᠠᠭᠠᠰᠬᠠᠵᠣ᠂ ᠭᠠᠵᠠᠷ ᠰᠢᠷᠣᠢ | ᠲᠠᠳᠠᠪᠦᠷᠢᠯᠠᠬᠤ ᠠᠯᠬᠤᠮ ᠲᠠᠷᠠᠭ᠎ᠠ ᠶᠢ ᠲᠦᠷᠢᠮᠵᠢᠬᠦᠯᠵᠣ᠂ ᠣᠯᠣᠰ᠂ ᠬᠠᠮᠳᠣ ᠨᠡᠶᠢᠳᠡ ᠪᠠ ᠬᠤᠪᠢ ᠬᠦᠮᠦᠨ ᠤ ᠭᠠᠵᠠᠷ | ᠰᠢᠷᠣᠢ ᠶᠢᠨ ᠨᠡᠮᠡᠭᠳᠡᠯ ᠦᠷᠳᠡᠭ ᠤᠨ ᠠᠰᠢᠭ ᠣᠷᠣᠯᠭ᠎ᠠ ᠶᠢ ᠬᠠᠮᠳᠣᠪᠡᠷ ᠬᠦᠷᠳᠡᠬᠦ ᠲᠣᠭᠳᠠᠴᠠ ᠶᠢ ᠪᠠᠶᠢᠭᠤᠯᠵᠣ᠂ | ᠲᠠᠷᠢᠶᠠᠴᠢᠳ ᠤᠨ ᠭᠠᠵᠠᠷ ᠰᠢᠷᠣᠢ ᠶᠢᠨ ᠨᠡᠮᠡᠭᠳᠡᠯ ᠦᠷᠳᠡᠭ ᠤᠨ ᠠᠰᠢᠭ ᠣᠷᠣᠯᠭ᠎ᠠ ᠲᠣᠳᠣᠷ᠎ᠠ ᠡᠵᠡᠯᠡᠬᠦ ᠬᠠᠷᠢᠴᠠᠯ ᠢ | ᠲᠡᠭᠡᠭᠰᠢᠯᠡᠬᠦᠯᠵᠣ᠂ ᠮᠦᠩᠬᠦᠨ ᠬᠦᠢᠯᠭᠡᠭᠡᠨ ᠤ ᠪᠠᠶᠢᠭᠤᠯᠣᠮᠵᠢ ᠶᠢᠨ ᠬᠦᠳᠡᠭᠡ ᠲᠣᠰᠬᠤᠨ ᠳᠠᠬᠢ ᠬᠠᠳᠠᠭᠠᠯᠠᠮᠵᠢ ᠶᠢ | ᠭᠤᠣᠯᠳᠠᠭᠤ ᠲᠠᠷᠢᠶᠠᠯᠠᠩ ᠠᠵᠣ ᠠᠬᠤᠢ ᠪᠠ ᠬᠦᠳᠡᠭᠡ ᠲᠣᠰᠬᠤᠨ ᠳᠤ ᠬᠡᠷᠡᠭᠯᠡᠬᠦ ᠶᠢ ᠪᠠᠳᠣᠯᠠᠨ᠎ᠠ᠃ | ᠬᠤᠶᠠᠷ᠂ ᠲᠠᠷᠢᠶᠠᠯᠠᠩ ᠠᠵᠤ ᠠᠬᠤᠢ ᠶᠢ ᠲᠡᠬᠦᠯᠲᠡᠷᠵᠢᠬᠦᠯᠵᠤ᠂ ᠬᠠᠮᠠᠭᠠᠯᠠᠯᠲᠠ ᠶᠢᠨ ᠰᠢᠰᠲ᠋ᠧᠮ ᠢ ᠲᠡᠳᠬᠦᠵᠤ᠂ | ᠲᠠᠷᠢᠶᠠᠯᠠᠩ ᠠᠵᠤ ᠠᠬᠤᠢ ᠶᠢᠨ ᠨᠥᠬᠦᠪᠥᠷᠢ ᠶᠢᠨ ᠲᠥᠷᠢᠮ ᠢ ᠦᠬᠡᠷᠡᠴᠢᠯᠡᠨ᠂ ᠠᠮᠤ ᠪᠤᠲᠠᠭᠠᠨ ᠤ ᠭᠤᠤᠯ | ᠤᠢᠯᠡᠳᠪᠤᠷᠢᠯᠡᠯ ᠤᠨ ᠤᠷᠤᠨ ᠤ ᠠᠰᠢᠭ ᠲᠤᠰᠠ ᠶᠢᠨ ᠨᠥᠬᠦᠪᠥᠷᠢ ᠶᠢᠨ ᠲᠤᠭᠲᠠᠯᠴᠠᠭ᠎ᠠ ᠶᠢ ᠲᠡᠬᠦᠯᠲᠡᠷᠵᠢᠬᠦᠯᠥᠨᠠ᠃ ᠡᠨᠡ | ᠪᠤᠯ ᠬᠤᠲᠠ ᠪᠠᠯᠭᠠᠰᠣᠨ ᠤ ᠡᠯᠧᠨᠧᠮᠲ ᠤᠨ ᠡᠷᠬᠡ ᠲᠡᠭᠰᠢ ᠰᠤᠯᠢᠯᠴᠠᠭ᠎ᠠ ᠪᠠ ᠨᠡᠶᠢᠲᠡ ᠶᠢᠨ ᠡᠳ᠋ ᠬᠥᠷᠥᠩᠬᠡ ᠶᠢ ᠲᠡᠭᠰᠢ ᠪᠠᠷ | ᠬᠤᠪᠢᠶᠠᠷᠢᠯᠠᠬᠤ ᠵᠡᠷᠬᠡ ᠶᠢ ᠲᠥᠯᠬᠢᠨ ᠠᠬᠢᠭᠤᠯᠤᠨ᠎ᠠ᠃ ᠲᠠᠷᠢᠶᠠᠯᠨᠩ ᠠᠵᠤ ᠠᠬᠤᠢ ᠶᠢ ᠬᠥᠭᠵᠢᠬᠦᠯᠬᠦ ᠨᠢ ᠠᠷᠠᠳ ᠢ | ᠠᠮᠤᠷᠵᠢᠭᠤᠯᠬᠤ ᠪᠠᠶᠢᠯᠲᠤᠬᠤ ᠪᠤᠲᠤᠯᠭ᠎ᠠ ᠶᠢᠨ ᠠᠵᠤ ᠥᠢᠯᠡᠰ ᠪᠤᠯᠤᠨ᠎ᠠ᠃ ᠠᠮᠤ ᠪᠤᠲᠠᠭ᠎ᠠ ᠪᠤᠯ ᠬᠤᠲᠠ ᠪᠠᠯᠭᠠᠰᠣᠨ ᠤ | ᠰᠠᠭᠤᠭᠠᠯᠢ ᠠᠷᠠᠳ ᠤᠨ ᠬᠠᠮᠤᠭ ᠤᠨ ᠥᠨᠲᠥᠰᠥᠨ ᠴᠢᠬᠤᠯᠠ ᠬᠡᠷᠡᠭᠯᠡᠭᠡᠨ ᠤ ᠮᠠᠲ᠋ᠧᠷᠢᠶᠠᠯ ᠪᠤᠯᠤᠨ᠎ᠠ᠃ ᠠᠮᠤ ᠪᠤᠲᠠᠭ᠎ᠠ ᠶᠢᠨ | ᠠᠮᠤᠷ ᠲᠥᠪᠰᠢᠨ ᠪᠤᠯ ᠤᠯᠤᠰ ᠤᠷᠤᠨ ᠤ ᠠᠮᠤᠷ ᠲᠥᠪᠰᠢᠨ ᠤ ᠰᠠᠭᠤᠷᠢ ᠮᠥᠨ᠃ ᠬᠡᠪᠡᠴᠤ ᠲᠠᠷᠢᠶᠠᠯᠠᠩ ᠥᠢᠯᠡᠳᠬᠦᠨ | ᠤᠨᠴᠠᠭᠠᠢᠢᠯᠠᠨ ᠠᠮᠤ ᠪᠤᠲᠠᠭᠠᠨ ᠤ ᠵᠠᠬ᠎ᠠ ᠲᠡᠯᠬᠡᠬᠦᠷ ᠤᠨ ᠬᠠᠩᠭᠠᠯᠲᠠ ᠶᠢᠨ ᠬᠠᠷᠢᠮᠠᠬᠠᠢ ᠬᠥᠴᠥᠨ ᠪᠠ ᠤᠷᠤᠯᠭ᠎ᠠ ᠶᠢᠨ | ᠬᠠᠷᠢᠮᠠᠬᠠᠢ ᠬᠥᠴᠥᠨ ᠨᠢ ᠬᠥᠷᠥᠯᠴᠡᠬᠦ ᠥᠬᠡᠢ ᠪᠠᠶᠢᠵᠤ᠂ ᠪᠤᠰᠤᠳ ᠠᠵᠤ ᠥᠢᠯᠡᠳᠪᠤᠷᠢ ᠶᠢᠨ ᠥᠢᠯᠡᠳᠬᠦᠨ ᠵᠡᠷᠬᠡ ᠪᠤᠰᠤᠳ | ᠲᠠᠸᠠᠷ ᠲᠠᠢ ᠠᠲᠠᠯᠢᠳᠬᠠᠪᠠᠯ ᠵᠠᠬ᠎ᠠ ᠲᠡᠯᠬᠡᠬᠦᠷ ᠤᠨ ᠥᠨ᠎ᠠ ᠬᠠᠩᠰᠢ ᠶᠢᠨ ᠲᠠᠪᠠᠭᠤᠯᠢᠭ ᠴᠢᠨᠠᠷ ᠲᠤᠲᠠᠭᠲᠠᠵᠤ ᠪᠠᠶᠢᠭ᠎ᠠ ᠶᠤᠮ᠃ | ᠠᠲᠠᠯᠢᠬᠠᠨ ᠲᠤᠭᠠᠨ ᠤ ᠭᠠᠵᠠᠷ ᠰᠢᠷᠤᠢ ᠪᠠ ᠪᠡᠯᠡ ᠮᠥᠡᠭᠬᠦ ᠪᠠᠷ ᠠᠮᠤ ᠪᠤᠲᠠᠭ᠎ᠠ ᠵᠡᠷᠬᠡ ᠲᠠᠷᠢᠶᠠᠯᠠᠩ ᠠᠵᠤ ᠠᠬᠤᠢ ᠶᠢ | ᠡᠷᠬᠢᠯᠡᠪᠡᠯ᠂ ᠤᠯᠬᠤ ᠤᠷᠤᠯᠭ᠎ᠠ ᠨᠢ ᠪᠤᠰᠤᠳ ᠬᠡᠲᠤᠨ ᠠᠵᠤ ᠥᠢᠯᠡᠰ ᠠᠴᠠ ᠬᠤᠯᠠ ᠲᠤᠤᠷ᠎ᠠ ᠶᠤᠮ᠃ ᠡᠶᠢᠮᠤ ᠠᠴᠠ ᠠᠮᠤ | ᠪᠤᠲᠠᠭᠠᠨ ᠤ ᠥᠢᠯᠡᠳᠪᠤᠷᠢᠯᠡᠯ ᠤᠨ ᠶᠡᠭᠡ ᠰᠢᠶᠠᠨ᠂ ᠲᠠᠷᠢᠶᠠᠯᠠᠩ ᠠᠵᠤ ᠠᠬᠤᠢ ᠶᠢᠨ ᠶᠡᠭᠡ ᠰᠢᠶᠠᠨ ᠨᠢ ᠪᠦᠷ ᠠᠵᠤ | ᠥᠢᠯᠡᠳᠪᠤᠷᠢ ᠶᠢᠨ ᠪᠠᠭ᠎ᠠ ᠰᠢᠶᠠᠨ᠂ ᠡᠳ᠋ ᠤᠨ ᠵᠠᠰᠠᠭ ᠤᠨ ᠶᠠᠲᠠᠭᠤ ᠰᠢᠶᠠᠨ ᠮᠥᠨ᠃ ᠡᠶᠢᠮᠤᠷᠬᠦᠥ ᠪᠠᠶᠢᠲᠠᠯ ᠨᠢ ᠠᠮᠤ | ᠪᠤᠲᠠᠭᠠᠨ ᠤ ᠤᠨᠠᠯᠲᠠ ᠪᠠ ᠤᠯᠤᠰ ᠤᠷᠤᠨ ᠤ ᠠᠮᠤ ᠪᠤᠲᠠᠭᠠᠨ ᠤ ᠠᠮᠤᠷ ᠲᠥᠪᠰᠢᠨ ᠢ ᠰᠢᠭᠤᠳ ᠬᠠᠷᠰᠢᠯᠠᠵᠤ᠂ | ᠲᠠᠷᠢᠶᠠᠯᠠᠩ ᠠᠵᠤ ᠠᠬᠤᠢ ᠶᠢᠨ ᠥᠷᠬᠦᠯᠵᠢᠯᠡᠨ ᠡᠷᠡᠬᠦᠯ ᠢᠶᠠᠷ ᠬᠥᠭᠵᠢᠬᠦ ᠶᠢ ᠬᠠᠷᠰᠢᠯᠠᠨ᠎ᠠ᠃ | ᠡᠶᠢᠮᠤ ᠠᠴᠠ ᠡᠷᠬᠡᠪᠰᠢ ᠲᠠᠷᠢᠶᠠᠯᠠᠩ ᠠᠵᠤ ᠠᠬᠤᠢ ᠶᠢ ᠲᠡᠬᠦᠯᠲᠡᠷᠵᠢᠬᠦᠯᠵᠤ᠂ ᠬᠠᠮᠠᠭᠠᠯᠠᠯᠲᠠ ᠶᠢᠨ ᠰᠢᠰᠲ᠋ᠧᠮ ᠢ | ᠲᠡᠳᠬᠦᠵᠤ᠂ ᠲᠠᠷᠢᠶᠠᠯᠠᠩ ᠠᠵᠤ ᠠᠬᠤᠢ ᠶᠢᠨ ᠨᠥᠬᠦᠪᠥᠷᠢ ᠶᠢᠨ ᠲᠤᠭᠲᠠᠯᠴᠠᠭ᠎ᠠ ᠶᠢ ᠥᠬᠡᠷᠡᠴᠢᠯᠡᠵᠤ᠂ ᠠᠮᠤ ᠪᠤᠲᠠᠭᠠᠨ ᠤ | ᠭᠤᠤᠯ ᠥᠢᠯᠡᠳᠪᠤᠷᠢᠯᠡᠯ ᠤᠨ ᠤᠷᠤᠨ ᠤ ᠠᠰᠢᠭ ᠲᠤᠰᠠ ᠶᠢᠨ ᠲᠤᠭᠲᠠᠯᠴᠠᠭ᠎ᠠ ᠶᠢ ᠪᠠᠶᠢᠭᠤᠯᠤᠨ᠎ᠠ᠃ ᠲᠠᠷᠢᠶᠠᠯᠠᠩ ᠠᠵᠤ | ᠠᠬᠤᠢ ᠶᠢ ᠲᠡᠬᠦᠯᠲᠡᠷᠵᠢᠬᠦᠯᠵᠤ᠂ ᠬᠠᠮᠠᠭᠠᠯᠠᠯᠲᠠ ᠶᠢᠨ ᠰᠢᠰᠲ᠋ᠧᠮ ᠢ ᠲᠡᠳᠬᠦᠬᠦ ᠨᠢ ᠤᠯᠠᠮ ᠨᠢᠬᠡ ᠠᠯᠬᠤᠮ ᠢᠶᠠᠷ ᠪᠡᠯᠡ | ᠮᠥᠡᠭᠬᠦ ᠶᠢᠨ ᠤᠷᠤᠭᠤᠯᠤᠯᠲᠠ᠂ ᠥᠨ᠎ᠠ ᠬᠠᠩᠰᠢ ᠶᠢᠨ ᠲᠡᠳᠬᠦᠮᠵᠢ᠂ ᠰᠠᠭᠤᠷᠢ ᠲᠥᠬᠦᠷᠥᠮᠵᠢ ᠵᠡᠷᠬᠡ ᠲᠠᠯ᠎ᠠ ᠠᠴᠠ | ᠲᠥᠷᠥ ᠶᠢᠨ ᠪᠤᠲᠤᠯᠭ᠎ᠠ ᠶᠢᠨ ᠪᠠᠶᠢᠭᠤᠯᠤᠯ ᠢ ᠲᠡᠬᠦᠯᠲᠡᠷᠵᠢᠬᠦᠯᠵᠤ᠂ ᠶᠡᠭᠡ ᠬᠥᠴᠥᠨ ᠢᠶᠠᠷ ᠬᠠᠮᠠᠭᠠᠯᠠᠯᠲᠠ ᠶᠢᠨ ᠬᠥᠴᠥᠨ ᠢᠶᠠᠨ | ᠨᠡᠮᠡᠭᠲᠡᠬᠦᠯᠵᠤ᠂ ᠲᠠᠷᠢᠶᠠᠯᠠᠩ ᠠᠵᠤ ᠠᠬᠤᠢ ᠶᠢ ᠬᠠᠮᠠᠭᠠᠯᠠᠬᠤ ᠤᠷᠲᠤ ᠬᠤᠭᠤᠴᠠᠭᠠᠨ ᠤ ᠬᠥᠴᠥᠨ ᠲᠠᠢ ᠲᠤᠭᠲᠠᠯᠴᠠᠭ᠎ᠠ ᠶᠢ | ᠪᠥᠷᠢᠯᠲᠥᠬᠦᠯᠥᠨᠠ᠃ ᠲᠠᠷᠢᠶᠠᠯᠠᠩ ᠠᠵᠤ ᠠᠬᠤᠢ ᠶᠢᠨ ᠨᠥᠬᠦᠪᠥᠷᠢ ᠶᠢᠨ ᠲᠥᠷᠢᠮ ᠢ ᠥᠬᠡᠷᠡᠴᠢᠯᠡᠬᠦ ᠨᠢ᠂ ᠲᠠᠷᠢᠶᠠᠯᠠᠩ ᠠᠵᠤ | ᠠᠬᠤᠢ ᠶᠢᠨ ᠨᠥᠬᠦᠪᠥᠷᠢ ᠶᠢ ᠲᠡᠭᠡᠭᠰᠢᠯᠡᠬᠦᠯᠵᠤ᠂ ᠤᠨᠴᠠᠭᠠᠢᠢᠯᠠᠨ ᠠᠮᠤ ᠪᠤᠲᠠᠭ᠎ᠠ ᠶᠢᠨ ᠤᠨᠠᠯᠲᠠ ᠶᠢᠨ ᠴᠢᠲᠠᠪᠤᠷᠢ ᠶᠢ | ᠨᠡᠮᠡᠭᠲᠡᠬᠦᠯᠬᠦ ᠳᠤ ᠠᠬᠢᠭᠤᠯᠬᠤ ᠬᠥᠴᠥᠨ ᠢᠶᠠᠨ ᠬᠥᠢᠴᠡᠳ ᠪᠠᠲᠠᠷᠠᠭᠤᠯᠵᠤ᠂ ᠨᠥᠬᠦᠪᠥᠷᠢ ᠶᠢᠨ ᠠᠷᠭ᠎ᠠ ᠬᠡᠮᠵᠢᠶ᠎ᠠ ᠪᠠᠨ | ᠲᠤᠬᠢᠷᠠᠭᠤᠯᠵᠤ᠂ ᠥᠢᠯᠡᠲᠥᠯᠬᠡ ᠲᠤᠮᠲᠠ ᠤᠷᠤᠰᠢᠵᠤ ᠪᠠᠶᠢᠭ᠎ᠠ ᠠᠮᠤ ᠪᠤᠲᠠᠭ᠎ᠠ ᠲᠠᠷᠢᠬᠤ ᠡᠰᠡᠬᠦ ᠵᠢᠴᠢ ᠬᠡᠲᠤᠢ ᠠᠮᠤ | ᠪᠤᠲᠠᠭ᠎ᠠ ᠲᠠᠷᠢᠬᠤ᠂ ᠲᠠᠷᠢᠶᠠᠯᠠᠩ ᠠᠵᠤ ᠠᠬᠤᠢ ᠶᠢᠨ ᠨᠥᠬᠦᠪᠥᠷᠢ ᠦᠭᠬᠦ ᠳᠤ ᠲᠠᠭᠠᠭᠠᠴᠢᠯᠠᠯᠲᠠ ᠶᠢᠨ ᠭᠠᠵᠠᠷ ᠤᠨ | ᠲᠠᠯᠠᠪᠠᠢ ᠶᠢ ᠨᠢ ᠲᠡᠭᠰᠢᠳᠭᠡᠬᠡᠳ ᠬᠤᠪᠢᠶᠠᠨ ᠥᠭᠬᠦ ᠲᠥᠬᠦᠮ ᠠᠷᠭ᠎ᠠ ᠶᠢ ᠥᠬᠡᠷᠡᠴᠢᠯᠡᠬᠦ ᠬᠡᠷᠡᠭᠲᠡᠢ᠃ ᠠᠮᠤ ᠪᠤᠲᠠᠭ᠎ᠠ ᠶᠢᠨ | ᠥᠢᠯᠡᠳᠪᠤᠷᠢᠯᠡᠯ ᠳᠤ ᠰᠢᠭᠤᠳ ᠨᠥᠬᠦᠪᠥᠷᠢᠯᠡᠬᠦ᠂ ᠰᠢᠯᠢᠲᠡᠭ ᠥᠷ᠎ᠠ ᠶᠢ ᠨᠥᠬᠦᠪᠥᠷᠢᠯᠡᠬᠦ᠂ ᠲᠠᠷᠢᠶᠠᠯᠠᠩ ᠤᠨ ᠮᠠᠰᠢᠨ ᠢ | ᠬᠤᠲᠠᠯᠲᠤᠨ ᠠᠪᠬᠤ ᠳᠤ ᠨᠥᠬᠦᠪᠥᠷᠢᠯᠡᠬᠦ᠂ ᠲᠠᠷᠢᠶᠠᠯᠠᠩ ᠤᠨ ᠬᠥᠷᠥᠩᠬᠡ ᠳᠤ ᠶᠡᠷᠤᠩᠭᠡᠶᠢᠯᠡᠨ ᠨᠥᠬᠦᠪᠥᠷᠢᠯᠡᠬᠦ ᠵᠡᠷᠬᠡ | ᠨᠥᠬᠦᠪᠥᠷᠢ ᠶᠢᠨ ᠮᠥᠡᠭᠬᠦ ᠬᠡᠷᠡᠭᠯᠡᠬᠦ ᠳᠤ ᠠᠮᠤ ᠪᠤᠳᠠᠭ᠎ᠠ ᠲᠠᠷᠢᠬᠤ ᠲᠠᠷᠢᠶᠠᠴᠢᠳ ᠵᠡᠷᠬᠡ ᠥᠢᠯᠡᠳᠪᠤᠷᠢᠯᠡᠭᠴᠢ᠂ ᠤᠨᠴᠠᠭᠠᠢᠢᠯᠠᠨ | ᠰᠢᠨ᠎ᠠ ᠪᠠᠷ ᠨᠡᠮᠡᠭᠲᠡᠭᠰᠡᠨ ᠨᠥᠬᠦᠪᠥᠷᠢ ᠮᠥᠡᠭᠬᠦ ᠨᠢ ᠠᠮᠤ ᠪᠤᠲᠠᠭᠠᠨ ᠤ ᠭᠤᠤᠯ ᠤᠨᠠᠯᠲᠠ ᠶᠢᠨ ᠭᠠᠵᠠᠷ᠂ ᠠᠮᠤ ᠲᠠᠷᠢᠬᠤ ᠶᠡᠭᠡ | ᠡᠷᠤᠬᠡ᠂ ᠬᠡᠷ ᠪᠥᠯᠢ ᠶᠢᠨ ᠲᠠᠷᠢᠶᠠᠨ ᠲᠡᠯᠠᠪᠠᠢ ᠪᠠ ᠲᠠᠷᠢᠶᠠᠴᠢᠳ ᠤᠨ ᠬᠤᠷᠰᠢᠶᠠᠵᠢᠯ ᠵᠡᠷᠬᠡ ᠳᠤ ᠬᠡᠯᠪᠠᠶᠢᠵᠤ᠂ ᠲᠠᠷᠢᠶᠠᠯᠠᠩ | ᠠᠵᠤ ᠠᠬᠤᠢ ᠶᠢᠨ ᠨᠥᠬᠦᠪᠥᠷᠢ ᠨᠢ ᠠᠮᠤ ᠪᠤᠲᠠᠭ᠎ᠠ ᠤ ᠥᠢᠯᠳᠪᠤᠷᠢᠯᠡᠯ ᠲᠠᠢ ᠬᠤᠯᠪᠤᠯᠲᠤᠬᠤ ᠲᠤᠭᠲᠠᠯᠴᠠᠭ᠎ᠠ ᠶᠢ | ᠪᠥᠷᠢᠯᠲᠥᠬᠦᠯᠵᠤ᠂ ᠲᠠᠷᠢᠶᠠᠯᠠᠩ ᠤᠨ ᠨᠥᠬᠦᠪᠥᠷᠢ ᠨᠢ ᠥᠨᠡᠨᠬᠦ ᠠᠮᠤ ᠪᠤᠲᠠᠭᠠᠨ ᠤ ᠥᠢᠯᠡᠳᠪᠤᠷᠢᠯᠡᠯ ᠢ ᠲᠡᠳᠬᠦᠬᠦ | ᠥᠢᠯᠡᠲᠤᠯ ᠢ ᠨᠢ ᠪᠠᠲᠠᠷᠠᠭᠤᠯᠵᠤ᠂ ᠠᠷᠪᠢᠨ ᠠᠮᠤ ᠥᠢᠯᠡᠳᠪᠤᠷᠢᠯᠡᠭᠴᠢ ᠳᠤ ᠠᠷᠪᠢᠨ ᠨᠥᠬᠦᠪᠥᠷᠢ ᠥᠭᠬᠦᠨ᠎ᠠ᠃ ᠡᠬᠦᠨ ᠤ | ᠬᠠᠮᠲᠤ ᠢᠲᠡᠪᠬᠢᠲᠡᠢ ᠪᠠᠷ ᠰᠢᠨ᠎ᠠ ᠨᠡᠮᠡᠭᠲᠡᠭᠰᠡᠨ ᠲᠠᠷᠢᠶᠠᠯᠠᠩ ᠠᠵᠤ ᠠᠬᠤᠢ ᠶᠢᠨ ᠨᠥᠬᠦᠪᠥᠷᠢ ᠶᠢ ᠲᠥᠪᠯᠡᠷᠡᠬᠦᠯᠥᠨ ᠬᠡᠷᠡᠭᠯᠡᠬᠦ | ᠳᠤ ᠭᠤᠤᠯᠲᠠᠭᠤ ᠠᠮᠤ ᠪᠤᠲᠠᠭ᠎ᠠ ᠥᠢᠯᠡᠳᠪᠤᠷᠢᠯᠡᠬᠦ ᠨᠥᠬᠦᠴᠡᠯ ᠵᠡᠷᠬᠡ ᠲᠠᠷᠢᠶᠠᠯᠠᠩ ᠠᠵᠤ ᠠᠬᠤᠢ ᠶᠢᠨ ᠰᠠᠭᠤᠷᠢ | ᠲᠥᠬᠦᠷᠥᠮᠵᠢ ᠳᠤ ᠠᠰᠢᠬᠲᠠᠢ ᠠᠷᠭ᠎ᠠ ᠵᠠᠮ ᠳᠤ ᠬᠡᠷᠡᠭᠯᠡᠵᠤ᠂ ᠡᠳ᠋ ᠤᠨ ᠵᠠᠰᠠᠭ ᠤᠨ ᠰᠢᠯᠵᠢᠬᠦᠯᠥᠨ ᠥᠭᠬᠦ ᠵᠡᠷᠬᠡ ᠠᠷᠭ᠎ᠠ | ᠬᠡᠮᠵᠢᠶ᠎ᠠ ᠪᠠᠷ ᠲᠠᠮᠵᠢᠵᠤ᠂ ᠠᠮᠤ ᠪᠤᠲᠠᠭᠠᠨ ᠤ ᠭᠤᠤᠯ ᠥᠢᠯᠡᠳᠪᠤᠷᠢᠯᠡᠯ ᠤᠨ ᠤᠷᠤᠨ ᠳᠤ ᠠᠰᠢᠬᠲᠠᠢ ᠪᠠᠷ ᠲᠡᠳᠬᠦᠬᠦ | ᠬᠥᠴᠥᠨ ᠢᠶᠠᠨ ᠨᠡᠮᠡᠭᠲᠡᠬᠦᠯᠵᠤ᠂ ᠲᠤᠲᠤᠷᠭ᠎ᠠ ᠨᠠᠷᠢᠮᠤ ᠵᠡᠷᠬᠡ ᠶᠢ ᠬᠤᠲᠠᠯᠲᠤᠨ ᠠᠪᠬᠤ ᠬᠠᠮᠤᠭ ᠲᠣᠣᠷ᠎ᠠ ᠥᠨ᠎ᠠ ᠶᠢ | ᠲᠠᠰᠤᠷᠠᠯᠲᠠ ᠥᠬᠡᠢ ᠥᠰᠬᠡᠵᠤ᠂ ᠠᠮᠤ ᠪᠤᠲᠠᠭᠠᠨ ᠤ ᠥᠢᠯᠡᠳᠪᠤᠷᠢᠯᠡᠯ ᠤᠨ ᠠᠵᠤ ᠠᠬᠤᠢ ᠳᠠᠬᠢ ᠲᠤᠷᠤᠢ ᠪᠠᠶᠢᠲᠠᠯ ᠢ | ᠨᠥᠬᠦᠪᠥᠷᠢᠯᠡᠨ᠎ᠠ᠃ ᠠᠮᠤ ᠪᠤᠲᠠᠭᠠᠨ ᠤ ᠭᠤᠤᠯ ᠥᠢᠯᠡᠳᠪᠤᠷᠢᠯᠡᠯ ᠤᠨ ᠤᠷᠤᠨ ᠤ ᠲᠡᠭᠰᠢᠳᠭᠡᠭᠰᠡᠨ ᠤᠯᠠᠨ ᠨᠡᠶᠢᠲᠡ ᠶᠢᠨ | ᠬᠥᠴᠥᠨ ᠪᠠ ᠤᠷᠤᠯᠭ᠎ᠠ ᠶᠢ ᠪᠥᠬᠦ ᠤᠯᠤᠰ ᠤᠨ ᠲᠡᠭᠰᠢᠳᠭᠡᠭᠰᠡᠨ ᠲᠥᠪᠰᠢᠨ ᠠᠴᠠ ᠲᠤᠤᠷ᠎ᠠ ᠪᠠᠶᠢᠯᠭᠠᠬᠤ ᠥᠬᠡᠢ᠂ ᠠᠮᠤ | ᠪᠤᠲᠠᠭ᠎ᠠ ᠲᠠᠷᠢᠬᠤ ᠲᠠᠷᠢᠶᠠᠴᠢᠳ ᠪᠠ ᠠᠮᠤ ᠪᠤᠲᠠᠭ᠎ᠠ ᠥᠢᠯᠡᠳᠪᠤᠷᠢᠯᠡᠬᠦ ᠶᠡᠭᠡ ᠰᠢᠶᠠᠨ ᠢ ᠠᠵᠤ ᠠᠬᠤᠢ ᠲᠡᠬᠡᠷ᠎ᠠ | ᠬᠤᠬᠢᠷᠠᠭᠤᠯᠬᠤ ᠥᠬᠡᠢ᠂ ᠥᠨᠲᠥᠰᠥᠨ ᠠᠴᠠ ᠨᠢ ᠲᠠᠷᠢᠶᠠᠴᠢᠳ ᠤᠨ ᠠᠮᠤ ᠲᠠᠷᠢᠬᠤ ᠪᠠ ᠠᠮᠤ ᠪᠤᠲᠠᠭ᠎ᠠ ᠥᠢᠯᠡᠳᠪᠤᠷᠢᠯᠡᠬᠦ | ᠭᠤᠤᠯ ᠤᠷᠤᠨ ᠤ ᠢᠲᠡᠪᠬᠢ ᠴᠢᠨᠠᠷ ᠢ ᠬᠠᠮᠠᠭᠠᠯᠠᠨ᠎ᠠ᠃ | ᠭᠤᠷᠪᠠ᠂ ᠨᠡᠶᠢᠬᠡᠮ ᠤᠨ ᠪᠡᠯᠡ ᠮᠥᠡᠭᠬᠦ ᠶᠢ ᠬᠥᠲᠡᠭᠡ ᠲᠤᠰᠬᠤᠨ ᠤ ᠪᠦᠳᠣᠭᠡᠨ ᠪᠠᠶᠢᠭᠤᠯᠤᠯᠲᠠ ᠳᠤ ᠤᠷᠤᠭᠤᠯᠬᠤ ᠶᠢ | ᠵᠤᠷᠢᠬᠵᠢᠭᠤᠯᠤᠨ᠎ᠠ᠃ ᠡᠨᠡ ᠪᠤᠯ ᠬᠤᠲᠠ ᠪᠠᠯᠭᠠᠰᠣᠨ ᠤ ᠡᠯᠧᠨᠧᠮᠲ ᠤᠨ ᠡᠷᠬᠡ ᠲᠡᠭᠰᠢ ᠪᠠᠷ ᠰᠤᠯᠢᠯᠴᠠᠬᠤ ᠴᠢᠬᠤᠯᠨ | ᠬᠡᠯᠪᠡᠷᠢ ᠪᠠ ᠠᠷᠭ᠎ᠠ ᠵᠠᠮ ᠪᠤᠯᠤᠨ᠎ᠠ᠃ ᠨᠡᠶᠢᠬᠡᠮ ᠤᠨ ᠪᠡᠯᠡ ᠮᠥᠡᠭᠬᠦ ᠶᠢ ᠬᠥᠲᠡᠭᠡ ᠲᠤᠰᠬᠤᠨ ᠤ ᠪᠦᠳᠣᠭᠡᠨ ᠪᠠᠶᠢᠭᠤᠯᠤᠯᠲᠠ | ᠳᠤ ᠤᠷᠤᠭᠤᠯᠪᠠᠯ᠂ ᠬᠥᠲᠡᠭᠡ ᠲᠤᠰᠬᠤᠨ ᠤ ᠬᠠᠲᠠᠭᠠᠯᠠᠮᠵᠢ ᠶᠢᠨ ᠪᠡᠯᠡ ᠮᠥᠡᠭᠬᠦ᠂ ᠬᠥᠲᠡᠯᠮᠥᠷᠢ ᠪᠠ ᠭᠠᠵᠠᠷ ᠰᠢᠷᠤᠢ ᠵᠡᠷᠬᠡ | ᠡᠯᠧᠨᠧᠮᠲ ᠤᠨ ᠬᠥᠲᠡᠭᠡ ᠲᠤᠰᠬᠤᠨ ᠤ ᠬᠥᠭᠵᠢᠯᠲᠡ ᠳᠠᠬᠢ ᠨᠥᠯᠥᠬᠡ ᠶᠢ ᠨᠥᠬᠦᠪᠥᠷᠢᠯᠡᠬᠦ ᠳᠤ ᠠᠰᠢᠬᠲᠠᠢ᠃ ᠠᠵᠢᠯ ᠥᠢᠯᠡᠰ | ᠪᠦᠬᠦᠨ ᠢᠲᠡᠪᠬᠢᠲᠡᠢ ᠪᠠᠷ ᠬᠥᠲᠡᠭᠡ ᠲᠤᠰᠬᠤᠨ ᠤ ᠪᠦᠳᠣᠭᠡᠨ ᠪᠠᠶᠢᠭᠤᠯᠤᠯᠲᠠ ᠶᠢ ᠲᠡᠳᠬᠦᠵᠤ᠂ ᠠᠵᠤ ᠠᠬᠤᠢᠢᠯᠠᠯ ᠪᠠ | ᠨᠡᠶᠢᠬᠡᠮ ᠤᠨ ᠵᠤᠬᠢᠶᠠᠨ ᠪᠠᠶᠢᠭᠤᠯᠤᠯᠲᠠ ᠠᠴᠠ ᠪᠡᠯᠡ ᠬᠤᠷᠠᠮᠲᠤᠭᠤᠯᠤᠨ ᠵᠤᠭᠤᠰ ᠢᠶᠠᠷ ᠲᠤᠰᠠᠯᠠᠬᠤ᠂ ᠬᠥᠲᠡᠭᠡ ᠲᠤᠰᠬᠤᠨ | ᠳᠤ ᠴᠢᠲᠠᠪᠤᠷᠢᠲᠠᠨ ᠪᠠ ᠮᠡᠷᠬᠡᠵᠢᠯ ᠵᠡᠷᠬᠡ ᠠᠷᠭ᠎ᠠ ᠪᠠᠷᠢᠯ ᠢᠶᠠᠷ ᠡᠷᠡᠬᠦᠯ ᠬᠠᠮᠠᠭᠠᠯᠠᠯ᠂ ᠰᠤᠷᠭᠠᠨ ᠬᠥᠮᠥᠵᠢᠯ᠂ ᠨᠡᠶᠢᠬᠡᠮ ᠤᠨ | ᠠᠰᠠᠷᠠᠮᠵᠢ᠂ ᠨᠡᠶᠢᠬᠡᠮ ᠤᠨ ᠥᠢᠯᠡᠴᠢᠯᠡᠭᠡ᠂ ᠰᠤᠶᠤᠯ ᠵᠤᠭᠠᠴᠠᠯ ᠪᠠ ᠲᠡᠮᠢᠷ ᠤᠨ ᠥᠢᠯᠡᠰ ᠵᠡᠷᠬᠡ ᠶᠢ ᠡᠷᠬᠢᠯᠡᠵᠤ᠂ ᠤᠯᠠᠨ | ᠵᠦᠢᠯ ᠤᠨ ᠪᠡᠯᠡ ᠤᠷᠤᠭᠤᠯᠬᠤ ᠠᠷᠭ᠎ᠠ ᠮᠠᠶ᠋ᠢᠭ ᠢᠶᠠᠷ ᠬᠥᠲᠡᠭᠡ ᠲᠤᠰᠬᠤᠨ ᠤ ᠥᠢᠯᠠᠳᠪᠤᠷᠢᠯᠡᠯ ᠠᠮᠢᠲᠤᠷᠠᠯ ᠤᠨ ᠰᠠᠭᠤᠷᠢ | ᠲᠥᠬᠦᠷᠥᠮᠵᠢ ᠶᠢ ᠪᠠᠶᠢᠭᠤᠯᠵᠤ᠂ ᠢᠲᠡᠪᠬᠢᠲᠡᠢ ᠪᠠᠷ ᠬᠥᠲᠡᠭᠡ ᠲᠤᠰᠬᠤᠨ ᠤ ᠬᠥᠭᠵᠢᠯᠲᠡ ᠶᠢ ᠲᠡᠳᠬᠦᠨ᠎ᠠ᠃ | ᠲᠥᠷᠪᠡ᠂ ᠬᠤᠲᠠ ᠪᠠᠯᠭᠠᠰᠣᠨ ᠤ ᠤᠯᠠᠨ ᠨᠡᠶᠢᠲᠡ ᠶᠢᠨ ᠦᠨᠳᠣᠰᠣᠨ ᠥᠢᠯᠡᠴᠢᠯᠡᠭᠡ ᠶᠢ ᠡᠷᠬᠡ ᠲᠡᠭᠰᠢ ᠪᠤᠯᠭᠠᠬᠤ ᠶᠢ | ᠠᠬᠢᠭᠤᠯᠤᠨ᠎ᠠ ᠃ ᠡᠨᠡ ᠪᠤᠯ ᠬᠤᠲᠠ ᠪᠠᠯᠭᠠᠰᠣᠨ ᠤ ᠡᠯᠧᠨᠧᠮᠲ ᠤᠨ ᠡᠷᠬᠡ ᠲᠡᠭᠰᠢ ᠪᠠᠷ ᠰᠤᠯᠢᠯᠴᠠᠬᠤ ᠪᠠ ᠤᠯᠠᠨ | ᠨᠡᠶᠢᠲᠡ ᠶᠢᠨ ᠡᠬᠢ ᠪᠠᠶᠠᠯᠢᠭ ᠢ ᠲᠡᠭᠰᠢ ᠪᠠᠷ ᠲᠤᠬᠢᠷᠭᠤᠯᠬᠤ ᠶᠢᠨ ᠴᠢᠬᠤᠯᠠ ᠬᠠᠷᠠᠯᠲᠠ ᠮᠥᠨ᠃ ᠬᠤᠲᠠ ᠪᠠᠯᠭᠠᠰᠣᠨ ᠤ | ᠰᠠᠭᠤᠷᠢ ᠲᠥᠬᠦᠷᠥᠮᠵᠢ ᠶᠢᠨ ᠪᠥᠲᠥᠬᠡᠨ ᠪᠠᠶᠢᠭᠤᠯᠤᠲᠠ ᠪᠠ ᠨᠡᠶᠢᠬᠡᠮ ᠲᠤᠭᠤᠷᠢᠭ ᠤᠨ ᠪᠥᠲᠥᠬᠡᠨ ᠪᠠᠶᠢᠭᠤᠯᠤᠯᠲᠠ ᠶᠢ | ᠨᠢᠬᠡᠲᠤᠯᠲᠠᠢ ᠲᠥᠯᠥᠪᠵᠢᠬᠦᠯᠵᠤ᠂ ᠶᠡᠭᠡ ᠬᠥᠴᠥᠨ ᠢᠶᠠᠷ ᠨᠡᠶᠢᠬᠡᠮ ᠤᠨ ᠠᠵᠢᠯ ᠥᠢᠯᠡᠰ ᠤᠨ ᠬᠥᠭᠵᠢᠯᠲᠡ ᠪᠠ ᠰᠠᠭᠤᠷᠢ | ᠲᠥᠬᠦᠷᠥᠮᠵᠢ ᠶᠢᠨ ᠪᠥᠲᠥᠬᠡᠨ ᠪᠠᠶᠢᠭᠤᠯᠤᠯᠲᠠ ᠶᠢ ᠬᠥᠲᠡᠭᠡ ᠲᠤᠰᠬᠤᠨ ᠳᠤ ᠬᠡᠯᠪᠠᠶᠢᠯᠭᠡᠵᠤ᠂ ᠶᠡᠭᠡ ᠬᠥᠴᠥᠨ ᠢᠶᠠᠷ ᠰᠠᠭᠤᠷᠢ | ᠲᠦᠬᠦᠬᠡᠷᠦᠮᠵᠢ ᠲᠡᠬᠡᠷ᠎ᠠ ᠨᠦᠬᠦᠪᠦᠷᠢᠯᠡᠬᠦ ᠨᠡᠶᠢᠬᠡᠮ ᠤᠨ ᠡᠳ᠋ ᠤᠨ ᠵᠠᠰᠠᠭ ᠤᠨ ᠬᠥᠴᠤᠨ ᠢ ᠨᠡᠮᠡᠭᠲᠡᠬᠦᠯᠵᠤ᠂ ᠬᠤᠲᠠ | ᠪᠠᠯᠭᠠᠰᠣᠨ ᠤ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠡᠬᠢ ᠪᠠᠶᠠᠯᠢᠭ ᠢ ᠡᠷᠬᠡ ᠲᠡᠭᠰᠢ ᠪᠠᠷ ᠬᠤᠪᠢᠶᠠᠷᠢᠯᠠᠬᠤ ᠶᠢ | ᠨᠢᠬᠡᠲᠤᠯᠲᠡᠢ ᠲᠥᠯᠥᠪᠵᠢᠬᠦᠯᠵᠤ᠂ ᠬᠥᠲᠡᠭᠡ ᠪᠠᠯᠭᠠᠰᠣᠨ ᠤ ᠡᠷᠡᠬᠦᠯ ᠬᠠᠮᠠᠭᠠᠯᠠᠯ ᠪᠠ ᠡᠮᠴᠢᠯᠡᠭᠡ ᠶᠢᠨ ᠰᠢᠰᠲ᠋ᠧᠮ ᠢ | ᠲᠡᠬᠦᠯᠲᠡᠷᠵᠢᠬᠦᠯᠥᠨᠠ︔ ᠬᠥᠲᠡᠭᠡ ᠲᠤᠰᠬᠤᠨ ᠤ ᠭᠤᠤᠯᠯᠠᠬᠤ ᠰᠤᠶᠤᠯ ᠤᠨ ᠠᠷᠠᠳ ᠢ ᠲᠤᠰᠠᠯᠠᠬᠤ ᠢᠨᠵᠧᠨ᠋ᠷᠢᠩ ᠢ | ᠬᠡᠷᠡᠭᠵᠢᠬᠦᠯᠵᠣ᠂ ᠬᠥᠲᠡᠭᠡ ᠲᠤᠰᠬᠤᠨ ᠤ ᠨᠠᠰᠤᠲᠠᠨ ᠢ ᠠᠰᠠᠷᠠᠬᠤ ᠰᠢᠨ᠎ᠠ ᠮᠠᠶ᠋ᠢᠬ ᠤᠨ ᠲᠠᠭᠠᠳᠬᠠᠯ ᠤᠨ ᠲᠥᠷᠥ ᠶᠢᠨ | ᠪᠤᠲᠤᠯᠭ᠎ᠠ ᠶᠢᠨ ᠰᠢᠰᠲ᠋ᠧᠮ ᠢ ᠲᠡᠬᠦᠯᠲᠡᠷᠵᠢᠬᠦᠯᠵᠤ᠂ ᠬᠥᠲᠡᠭᠡ ᠲᠤᠰᠬᠤᠨ ᠤ ᠨᠠᠰᠤᠲᠠᠨ ᠢ ᠠᠰᠠᠷᠠᠬᠤ ᠥᠢᠯᠡᠴᠢᠯᠡᠬᠡᠨ ᠤ | ᠰᠢᠰᠲ᠋ᠧᠮ ᠤᠨ ᠪᠥᠲᠥᠬᠡᠨ ᠪᠠᠶᠢᠭᠤᠯᠤᠯᠲᠠ ᠶᠢ ᠲᠥᠷᠬᠡᠳᠬᠡᠵᠤ᠂ ᠬᠤᠲᠠ ᠪᠠᠯᠭᠠᠰᠣᠨ ᠤ ᠤᠯᠠᠨ ᠨᠡᠶᠢᠲᠡ ᠶᠢᠨ ᠡᠷᠭᠡ | ᠲᠡᠭᠰᠢ ᠠᠵᠢᠯ ᠤᠯᠬᠤ ᠠᠵᠢᠯ ᠥᠢᠯᠡᠰ ᠪᠤᠰᠬᠠᠬᠤ ᠥᠢᠯᠡᠴᠢᠯᠡᠬᠡᠨ ᠤ ᠰᠢᠰᠲ᠋ᠧᠮ ᠢ ᠲᠡᠬᠦᠯᠲᠡᠷᠵᠢᠬᠦᠯᠵᠤ ᠂ ᠬᠤᠲᠠ | ᠪᠠᠯᠭᠠᠰᠣᠨ ᠤ ᠰᠠᠭᠤᠭᠠᠯᠢ ᠠᠷᠠᠳ ᠤᠨ ᠨᠠᠰᠤᠲᠠᠨ ᠢ ᠠᠰᠠᠷᠠᠬᠤ ᠦᠨᠳᠣᠰᠣᠨ ᠲᠠᠭᠠᠳᠬᠠᠯ ᠤᠨ ᠲᠥᠷᠢᠮ ᠪᠠ ᠥᠨᠲᠥᠰᠥᠨ | ᠡᠮ ᠡᠮᠨᠡᠯᠬᠡ ᠶᠢᠨ ᠲᠥᠷᠢᠮ ᠢ ᠴᠡᠭᠴᠡᠯᠡᠵᠤ᠂ ᠬᠤᠲᠠ ᠪᠠᠯᠭᠠᠰᠣᠨ ᠤ ᠬᠠᠮᠤᠭ ᠲᠤᠤᠷ ᠠ ᠠᠮᠢᠲᠤᠷᠠᠯ ᠤᠨ ᠪᠠᠲᠤᠯᠠᠭ᠎ᠠ ᠶᠢᠨ | ᠲᠥᠷᠢᠮ ᠵᠡᠷᠬᠡ ᠶᠢ ᠨᠢᠬᠡᠲᠤᠯᠲᠡᠢ ᠲᠥᠯᠥᠪᠵᠢᠬᠦᠯᠵᠤ ᠬᠥᠭᠵᠢᠬᠦᠯᠥᠨ᠂ ᠬᠤᠲᠠ ᠪᠠᠯᠭᠠᠰᠣᠨ ᠤ ᠵᠥᠷᠢᠶ᠎ᠠ ᠶᠢ ᠪᠠᠭᠠᠰᠬᠠᠬᠤ ᠪᠠᠷ | ᠴᠢᠷᠮᠠᠶᠢᠨ᠎ᠠ᠃ | ︵ ᠨᠠᠮ ᠤᠨ ᠠᠷᠪᠠᠠ ᠨᠠᠢᠮᠠᠳᠤᠭᠠᠷ ᠬᠤᠭᠤᠴᠠᠭᠠᠠ ᠤ ᠲᠦᠪ ᠬᠤᠷᠢᠶᠠᠠ ᠤ ᠭᠤᠷᠪᠠᠳᠤᠭᠠᠷ ᠪᠦᠬᠦᠳᠠ ᠬᠤᠷᠠᠯ ᠤᠨ | ︽ ᠲᠤᠭᠳᠠᠭᠠᠯ︾ ᠢ ᠰᠤᠷᠤᠯᠴᠠᠬᠤ ᠵᠢᠯᠤᠭᠤᠳᠤᠮᠵᠢ ᠶᠢᠨ ᠵᠠᠭᠤᠠ ᠠᠰᠠᠭᠤᠯᠳᠠ ᠠᠴᠠ ᠡᠰᠢᠯᠡᠪᠠ︶ |