ᠦᠨᠳᠦᠰᠦᠲᠡᠨ ᠤ ᠤᠷᠤᠨ ᠤ ᠦᠪᠡᠷᠲᠡᠭᠡᠨ ᠵᠠᠰᠠᠬᠤ ᠲᠣᠮᠣ ᠬᠡᠷᠡᠭ ᠤᠨ ᠲᠡᠮᠳᠡᠭᠯᠡᠯ
ᠵᠣᠬᠢᠶᠠᠭᠴᠢ᠄ 
                  ᠦᠨᠳᠦᠰᠦᠲᠡᠨ ᠤ ᠤᠷᠤᠨ ᠤ ᠦᠪᠡᠷᠲᠡᠭᠡᠨ                     ᠵᠠᠰᠠᠬᠤ   ᠲᠣᠮᠣ   ᠬᠡᠷᠡᠭ   ᠤᠨ ᠲᠡᠮᠳᠡᠭᠯᠡᠯ        1941 ᠤᠨ ᠤ 5 ᠰᠠᠷ᠎ᠠ ᠶᠢᠨ 1 ᠤ ᠡᠳᠦᠷ᠂ ᠱᠠᠨᠰᠢ ᠭᠠᠨᠰᠦ ᠨᠢᠩᠰᠢᠶᠠ ᠶᠢᠨ ᠬᠢᠵᠠᠭᠠᠷ ᠤᠷᠤᠨ ᠤ ᠵᠠᠰᠠᠭ ᠤᠨ ᠤᠷᠳᠤᠨ   ︽ᠱᠠᠨᠰᠢ ᠭᠠᠨᠰᠤ ᠨᠢᠩᠰᠢᠶᠠ ᠶᠢᠨ ᠬᠢᠵᠠᠭᠠᠷ ᠤᠷᠤᠨ ᠤ ᠬᠦᠲᠦᠯᠪᠦᠷᠢ︾ ᠨᠡᠶᠢᠲᠡᠯᠡᠪᠡ᠂ ᠬᠦᠳᠦᠯᠪᠦᠷᠢ ᠳᠤ᠄ ︽ ᠦᠨᠳᠦᠰᠦᠲᠡᠨ ᠤ ᠡᠷᠬᠡ   ᠲᠡᠭᠰᠢ ᠪᠠᠶᠢᠬᠤ ᠵᠠᠷᠴᠢᠮ ᠢ ᠦᠨᠳᠦᠰᠦᠯᠡᠵᠦ᠂ ᠮᠤᠩᠭᠤᠯ ᠬᠤᠳᠤᠩ ᠦᠨᠳᠦᠰᠦᠲᠡᠨ ᠪᠠ ᠬᠢᠲᠠᠳ ᠦᠨᠳᠦᠰᠦᠲᠡᠨ ᠤᠯᠤᠰ ᠲᠦᠷᠦ ᠠᠵᠦ   ᠠᠬᠤᠢ ᠰᠤᠶᠤᠯ ᠤᠨ ᠲᠠᠯ᠎ᠠ ᠪᠠᠷ ᠡᠷᠬᠡ ᠲᠡᠭᠰᠢ ᠪᠠᠶᠢᠬᠤ ᠵᠡᠷᠭᠡ ᠡᠷᠬᠡ ᠶᠢ ᠬᠡᠷᠡᠭᠵᠢᠭᠦᠯᠵᠦ᠂ ᠮᠤᠩᠭᠤᠯ ᠬᠤᠳᠤᠩ ᠦᠨᠳᠦᠰᠦᠲᠡᠨ ᠤ   ᠦᠪᠡᠷᠲᠡᠭᠡᠨ ᠵᠠᠰᠠᠬᠤ ᠤᠷᠤᠨ ᠢ ᠪᠠᠶᠢᠭᠤᠯᠤᠨ᠎ᠠ︾ ᠬᠡᠵᠦ ᠲᠤᠬᠲᠠᠭᠠᠵᠠᠢ᠃              1945 ᠤᠨ ᠤ 10 ᠰᠠᠷ᠎ᠠ ᠶᠢᠨ 23 ᠤ ᠡᠳᠦᠷ᠂ ᠦᠪᠦᠷ ᠮᠤᠩᠭᠤᠯ ᠤᠨ ᠠᠵᠢᠯ ᠤᠨ ᠴᠢᠭᠯᠡᠯᠲᠡ ᠶᠢᠨ ᠲᠤᠬᠠᠢ ᠨᠠᠮ ᠤᠨ   ᠲᠦᠪ ᠬᠤᠷᠢᠶ᠎ᠠ ᠶᠢᠨ ᠵᠢᠭᠠᠪᠤᠷᠢ ᠳᠤ᠄ ︽ᠦᠪᠦᠷ ᠮᠤᠩᠭᠤᠯ ᠳᠠᠬᠢ ᠦᠨᠳᠦᠰᠦᠨ ᠴᠢᠭᠯᠡᠯᠲᠡ ᠪᠣᠯ᠂ ᠤᠳᠤᠬᠠᠨ ᠳᠤ ᠦᠨᠳᠦᠰᠦᠲᠡᠨ ᠤ   ᠤᠷᠤᠨ ᠤ ᠦᠪᠡᠷᠲᠡᠭᠡᠨ ᠵᠠᠰᠬᠠᠤ ᠶᠢ ᠬᠡᠷᠡᠭᠵᠢᠭᠦᠯᠦᠨ᠎ᠡ︾ ᠬᠡᠵᠦ ᠵᠢᠭᠠᠵᠣ ᠭᠠᠷᠭᠠᠵᠠᠢ᠃ 1946 ᠤᠨ ᠤ 2 ᠰᠠᠷ᠎ᠠ ᠶᠢᠨ 18 ᠤ   ᠡᠳᠦᠷ᠂ ᠲᠦᠪ ᠠᠴᠠ᠄ ︽ᠨᠠᠶᠢᠷᠠᠮᠳᠠᠯ ᠢᠶᠠᠷ ᠤᠯᠤᠰ ᠪᠠᠶᠢᠭᠤᠯᠬᠤ ᠬᠦᠲᠦᠯᠪᠦᠷᠢ ᠶᠢᠨ ᠱᠠᠭᠠᠷᠲᠠᠯᠭ᠎ᠠ ᠪᠠᠷ ᠦᠨᠳᠦᠰᠦᠲᠡᠨ ᠨᠦᠭᠦᠳ ᠡᠷᠬᠡ   ᠲᠡᠭᠰᠢ ᠪᠠᠷ ᠦᠪᠡᠷᠲᠡᠭᠡᠨ ᠵᠠᠰᠠᠬᠤ ᠬᠡᠷᠡᠭᠳᠡᠢ᠂ ᠭᠡᠪᠡᠴᠦ ᠲᠤᠰᠠᠭᠠᠷ ᠢᠶᠠᠨ ᠦᠪᠡᠷᠲᠡᠭᠡᠨ ᠵᠠᠰᠬᠠᠤ ᠤᠷᠢᠶ᠎ᠠ ᠶᠢ ᠲᠤᠷᠠᠳᠴᠤ ᠪᠤᠯᠬᠤ ᠦᠭᠡᠢ︾ ᠬᠡᠵᠦ ᠨᠡᠩ ᠲᠤᠳᠤᠷᠬᠠᠢ ᠵᠢᠭᠠᠵᠦ ᠭᠠᠷᠭᠠᠬᠰᠠᠨ ᠪᠠᠶᠢᠨ᠎ᠠ᠃               1947 ᠤᠨ ᠤ 5 ᠰᠠᠷ᠎ᠠ ᠶᠢᠨ 1 ᠤ ᠡᠳᠦᠷ᠂ ᠮᠠᠨ ᠤ ᠤᠯᠤᠰ ᠤᠨ ᠣᠣᠭᠠᠨ ᠮᠤᠵᠢ ᠶᠢᠨ ᠲᠡᠰ ᠤᠨ ᠦᠪᠡᠷᠲᠡᠭᠡᠨ ᠵᠠᠰᠠᠬᠤ   ᠤᠷᠤᠨ — ᠦᠪᠦᠷ ᠮᠤᠩᠭᠤᠯ ᠤᠨ ᠦᠪᠡᠷᠲᠡᠭᠡᠨ ᠵᠠᠰᠬᠠᠤ ᠤᠷᠤᠨ ᠪᠠᠶᠢᠭᠤᠯᠤᠬᠲᠠᠪᠠ᠃               1949 ᠤᠨ ᠳᠤ᠂ ︽ᠲᠤᠮᠲᠠᠲᠤ ᠤᠯᠤᠰ ᠤᠨ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠬᠠᠮᠳᠦ ᠶᠢᠨ ᠬᠦᠲᠦᠯᠪᠦᠷᠢ︾  ᠳᠤ᠄ ︽ᠡᠯ᠎ᠡ ᠴᠦᠬᠡᠨ ᠲᠤᠭᠠᠲᠦ ᠦᠨᠳᠦᠰᠦᠲᠡᠨ ᠲᠦᠪᠯᠡᠷᠡᠨ ᠰᠠᠭᠤᠵᠣ ᠪᠠᠶᠢᠭ᠎ᠠ ᠭᠠᠵᠠᠷ ᠤᠷᠤᠨ ᠳᠤ᠂ ᠦᠨᠳᠦᠰᠦᠲᠡᠨ ᠤ ᠤᠷᠤᠨ ᠤ   ᠦᠪᠡᠷᠲᠡᠭᠡᠨ ᠵᠠᠰᠬᠠᠤ ᠶᠢ ᠬᠡᠷᠡᠭᠵᠢᠭᠦᠯᠵᠦ᠂ ᠦᠨᠳᠦᠰᠦᠲᠡᠨ ᠲᠦᠪᠯᠡᠷᠡᠨ ᠰᠠᠭᠤᠵᠣ ᠪᠠᠶᠢᠭ᠎ᠠ ᠬᠦᠮᠦᠨ ᠠᠮᠠ ᠶᠢᠨ ᠤᠯᠠᠨ ᠴᠦᠬᠡᠨ ᠪᠠ   ᠭᠠᠵᠠᠷ ᠨᠣᠳᠤᠭ ᠤᠨ ᠶᠡᠭᠡ ᠪᠠᠭ᠎ᠠ ᠪᠠᠷ ᠨᠢ᠂ ᠲᠤᠰᠪᠤᠷᠢ ᠡᠯ᠎ᠡ ᠵᠦᠢᠯ ᠤᠨ ᠦᠨᠳᠦᠰᠦᠲᠡᠨ ᠤ ᠦᠪᠡᠷᠲᠡᠭᠡᠨ ᠵᠠᠰᠬᠠᠤ ᠪᠠᠶᠢᠭᠤᠯᠤᠯᠭ᠎ᠠ ᠶᠢ   ᠪᠠᠶᠢᠭᠤᠯᠤᠨ᠎ᠠ︾ ᠬᠡᠵᠦ ᠲᠤᠲᠤᠷᠬᠠᠢ ᠳᠣᠭᠳᠠᠭᠠᠵᠠᠢ᠃               1952 ᠤᠨ ᠳᠤ᠂ ᠮᠠᠨ ᠤ ᠤᠯᠤᠰ ᠤᠨ ᠵᠠᠰᠠᠭ ᠤᠨ ᠤᠷᠳᠤᠨ ︽ᠪᠦᠬᠦᠲᠡ ᠨᠠᠶᠢᠷᠠᠮᠲᠠᠬᠤ ᠲᠤᠮᠲᠠᠲᠤ ᠠᠷᠠᠳ ᠤᠯᠤᠰ ᠤᠨ   ᠦᠨᠳᠦᠰᠦᠲᠡᠨ ᠤ ᠤᠷᠤᠨ ᠤ ᠦᠪᠡᠷᠲᠡᠭᠡᠨ ᠵᠠᠰᠠᠬᠤ ᠶᠢ ᠬᠡᠷᠡᠭᠵᠢᠭᠦᠯᠬᠦ ᠬᠦᠲᠦᠯᠪᠦᠷᠢ︾ ᠶᠢ ᠨᠡᠶᠢᠲᠡᠯᠡᠵᠦ᠂ ᠦᠨᠳᠦᠰᠦᠲᠡᠨ ᠤ   ᠦᠪᠡᠷᠲᠡᠭᠡᠨ ᠵᠠᠰᠬᠠᠤ ᠭᠠᠵᠠᠷ ᠤᠷᠤᠨ ᠢ ᠪᠠᠶᠢᠭᠤᠯᠬᠤ᠂ ᠦᠪᠡᠷᠲᠡᠭᠡᠨ ᠵᠠᠰᠬᠠᠤ ᠪᠠᠶᠢᠭᠤᠯᠤᠯᠭ᠎ᠠ ᠶᠢ ᠪᠦᠷᠢᠯᠲᠦᠭᠦᠯᠬᠦ᠂ ᠦᠪᠡᠷᠲᠡᠭᠡᠨ   ᠵᠠᠰᠬᠠᠤ ᠪᠠᠶᠢᠭᠤᠯᠤᠯᠭ᠎ᠠ ᠶᠢᠨ ᠦᠪᠡᠷᠲᠡᠭᠡᠨ ᠵᠠᠰᠬᠠᠤ ᠡᠷᠬᠡ ᠵᠡᠷᠭᠡ ᠴᠢᠬᠤᠯᠠ ᠠᠰᠠᠭᠤᠲᠠᠯ ᠤᠨ ᠳᠣᠬᠠᠢ ᠲᠤᠳᠤᠷᠬᠠᠢ ᠲᠤᠬᠲᠠᠭᠠᠯ   ᠭᠠᠷᠭᠠᠵᠠᠢ᠃               1954 ᠤᠨ ᠳᠤ᠂ ᠨᠢᠭᠡᠲᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ   ᠬᠤᠷᠠᠯᠳᠤᠵᠦ᠂ ᠦᠨᠳᠦᠰᠦᠲᠡᠨ ᠤ ᠤᠷᠤᠨ ᠤ ᠦᠪᠡᠷᠲᠡᠭᠡᠨ ᠵᠠᠰᠬᠠᠤ ᠪᠠᠶᠢᠭᠤᠯᠤᠯ ᠢ ︽ᠪᠦᠬᠦᠲᠡ ᠨᠠᠶᠢᠷᠠᠮᠲᠠᠬᠤ ᠲᠤᠮᠲᠠᠲᠤ ᠠᠷᠠᠳ   ᠤᠯᠤᠰ ᠤᠨ ᠦᠨᠳᠦᠰᠦᠨ ᠬᠠᠤᠯᠢ︾ ᠳᠤ ᠤᠷᠤᠭᠤᠯᠵᠠᠢ᠃ ᠡᠭᠦᠨ ᠠᠴᠠ ᠬᠤᠶᠢᠰᠢ ᠮᠠᠨ ᠤ ᠤᠯᠤᠰ ᠤᠳᠠᠭ᠎ᠠ ᠪᠦᠷᠢ ︽ᠦᠨᠳᠦᠰᠦᠨ   ᠬᠠᠤᠯᠢ︾ ᠳᠤ ᠵᠠᠰᠠᠪᠣᠷᠢ ᠤᠷᠤᠭᠤᠯᠬᠤ ᠳᠠᠭᠠᠨ᠂ ᠪᠦᠷ ᠡᠨᠡᠬᠦ ᠪᠠᠶᠢᠭᠤᠯᠤᠯ ᠢ ᠪᠠᠷᠢᠮᠲᠠᠯᠠᠨ ᠬᠡᠷᠡᠭᠵᠢᠭᠦᠯᠬᠦ ᠳᠣᠬᠠᠢ ᠲᠤᠲᠤᠷᠬᠠᠢᠢᠯᠠᠨ   ᠪᠢᠴᠢᠭᠰᠡᠨ ᠪᠠᠶᠢᠨ᠎ᠠ᠃               1955 ᠤᠨ ᠤ 10 ᠰᠠᠷ᠎ᠠ ᠳᠤ᠂ ᠰᠢᠨᠵᠢᠶᠠᠩ ᠤᠨ ᠤᠢᠢᠭᠤᠷ ᠤᠨ ᠦᠪᠡᠷᠲᠡᠭᠡᠨ ᠵᠠᠰᠬᠠᠤ ᠤᠷᠤᠨ ᠪᠠᠶᠢᠭᠤᠯᠤᠬᠲᠠᠪᠠ᠃               1958 ᠤᠨ ᠤ 3 ᠰᠠᠷ᠎ᠠ ᠳᠤ᠂ ᠭᠤᠸᠠᠩᠰᠢ ᠶᠢᠨ ᠵᠤᠸᠠᠩ ᠦᠨᠳᠦᠰᠦᠲᠡᠨ ᠤ ᠦᠪᠡᠷᠲᠡᠭᠡᠨ ᠵᠠᠰᠬᠠᠤ ᠤᠷᠤᠨ   ᠪᠠᠶᠢᠭᠤᠯᠤᠬᠲᠠᠪᠠ᠃               1958 ᠤᠨ ᠤ 10 ᠰᠠᠷ᠎ᠠ ᠳᠤ᠂ ᠨᠢᠩᠰᠢᠶᠠ ᠶᠢᠨ ᠬᠤᠳᠤᠩ ᠦᠨᠳᠦᠰᠦᠲᠡᠨ ᠤ ᠦᠪᠡᠷᠲᠡᠭᠡᠨ ᠵᠠᠰᠬᠠᠤ ᠤᠷᠤᠨ   ᠪᠠᠶᠢᠭᠤᠯᠤᠬᠲᠠᠪᠠ᠃               1965 ᠤᠨ ᠤ 9 ᠰᠠᠷ᠎ᠠ ᠳᠤ᠂ ᠲᠦᠪᠡᠳ ᠤᠨ ᠦᠪᠡᠷᠲᠡᠭᠡᠨ ᠵᠠᠰᠠᠬᠤ ᠤᠷᠤᠨ ᠪᠠᠶᠢᠭᠤᠯᠤᠬᠲᠠᠪᠠ᠃               1981 ᠤᠨ ᠤ 4 ᠰᠠᠷ᠎ᠠ ᠳᠤ᠂ ᠨᠠᠮ ᠤᠨ ᠠᠷᠪᠠᠨ ᠨᠢᠭᠡᠲᠦᠭᠡᠷ ᠬᠤᠭᠤᠴᠠᠭᠠᠨ ᠤ ᠲᠦᠪ ᠬᠤᠷᠢᠶ᠎ᠠ ᠶᠢᠨ ᠵᠢᠷᠭᠤᠳᠤᠭᠠᠷ   ᠪᠦᠬᠦᠲᠡ ᠬᠤᠷᠠᠯ ᠠᠴᠠ ᠪᠠᠲᠤᠯᠠᠬᠰᠠᠨ ︽ᠤᠯᠤᠰ ᠪᠠᠶᠢᠭᠤᠯᠤᠬᠲᠠᠬᠰᠠᠨ ᠠᠴᠠ ᠨᠠᠰᠢᠬᠢ ᠨᠠᠮ ᠤᠨ ᠲᠡᠦᠬᠡ ᠶᠢᠨ ᠠᠰᠠᠭᠤᠲᠠᠯ ᠤᠳ ᠤᠨ   ᠲᠤᠬᠠᠢ ᠰᠢᠢᠳᠪᠦᠷᠢ︾ ᠳᠤ᠄ ︽ᠡᠷᠬᠡᠪᠰᠢ ᠦᠨᠳᠦᠰᠦᠲᠡᠨ ᠤ ᠤᠷᠤᠨ ᠤ ᠦᠪᠡᠷᠲᠡᠭᠡᠨ ᠵᠠᠰᠬᠠᠤ ᠶᠢ ᠪᠠᠷᠢᠮᠲᠠᠯᠠᠨ ᠬᠡᠷᠡᠭᠵᠢᠭᠦᠯᠵᠦ᠂   ᠦᠨᠳᠦᠰᠦᠲᠡᠨ ᠤ ᠤᠷᠤᠨ ᠤ ᠦᠪᠡᠷᠲᠡᠭᠡᠨ ᠵᠠᠰᠬᠠᠤ ᠬᠠᠤᠯᠢ ᠲᠦᠷᠢᠮ ᠤᠨ ᠪᠠᠶᠢᠭᠤᠯᠤᠯᠲᠠ ᠶᠢ ᠴᠢᠩᠭᠠᠳᠬᠠᠨ᠂ ᠡᠯ᠎ᠡ ᠴᠦᠬᠡᠨ ᠲᠤᠭᠠᠲᠦ   ᠦᠨᠳᠦᠰᠦᠲᠡᠨ ᠤ ᠭᠠᠵᠠᠷ ᠤᠷᠤᠨ ᠲᠤᠬᠠᠢ ᠶᠢᠨ ᠭᠠᠵᠠᠷ ᠤᠨ ᠪᠤᠲᠠᠲᠤ ᠪᠠᠶᠢᠲᠠᠯ ᠢᠶᠠᠨ ᠦᠨᠳᠦᠰᠦᠯᠡᠨ ᠨᠠᠮ ᠪᠠ ᠤᠯᠤᠰ ᠤᠨ ᠲᠦᠷᠦ ᠶᠢᠨ   ᠪᠤᠳᠤᠯᠭ᠎ᠠ ᠶᠢ ᠲᠤᠤᠱᠯᠠᠭᠤᠯᠤᠨ ᠬᠡᠷᠡᠭᠵᠢᠭᠦᠯᠬᠦ ᠡᠵᠡᠨ ᠮᠡᠲᠡᠬᠦ ᠡᠷᠬᠡ ᠶᠢ ᠪᠠᠲᠤᠯᠠᠬᠤ ᠬᠡᠷᠡᠭᠲᠡᠢ︾ ᠬᠡᠵᠦ ᠲᠤᠷᠠᠳᠴᠠᠢ᠃               1982 ᠤᠨ ᠳᠤ᠂ ︽ᠦᠨᠳᠦᠰᠦᠨ ᠬᠠᠤᠯᠢ︾ ᠳᠤ 1954 ᠤᠨ ᠤ ︽ᠦᠨᠳᠦᠰᠦᠨ ᠬᠠᠤᠯᠢ︾ ᠶᠢᠨ ᠦᠨᠳᠦᠰᠦᠲᠡᠨ ᠤ   ᠤᠷᠤᠨ ᠤ ᠦᠪᠡᠷᠲᠡᠭᠡᠨ ᠵᠠᠰᠬᠠᠤ ᠪᠠᠶᠢᠭᠤᠯᠤᠯ ᠤᠨ ᠬᠠᠮᠢᠶ᠎ᠠ ᠲᠠᠢ ᠵᠠᠷᠴᠢᠮ ᠪᠠ ᠭᠤᠤᠯ ᠠᠭᠤᠯᠭ᠎ᠠ ᠶᠢ ᠪᠦᠬᠦ ᠲᠠᠯ᠎ᠠ ᠪᠠᠷ ᠰᠡᠷᠬᠦᠭᠡᠭᠰᠡᠨ   ᠪᠦᠭᠡᠳ ᠤᠯᠤᠰ ᠤᠨ ᠪᠠᠶᠢᠲᠠᠯ ᠤᠨ ᠬᠤᠪᠢᠷᠠᠯᠲᠠ ᠶᠢ ᠦᠨᠳᠦᠰᠦᠯᠡᠨ ᠰᠢᠨ᠎ᠡ ᠠᠭᠤᠯᠭ᠎ᠠ ᠨᠡᠮᠡᠨ ᠣᠷᠣᠭᠤᠯᠵᠠᠢ᠃               1984 ᠤᠨ ᠤ 5 ᠰᠠᠷ᠎ᠠ ᠶᠢᠨ 31 ᠤ ᠡᠳᠦᠷ᠂ ᠵᠢᠷᠭᠤᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ   ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠠᠴᠠ ︽ᠪᠦᠬᠦᠲᠡ ᠨᠠᠶᠢᠷᠠᠮᠲᠠᠬᠤ ᠲᠤᠮᠲᠠᠲᠤ ᠠᠷᠠᠳ ᠤᠯᠤᠰ ᠤᠨ   ᠦᠨᠳᠦᠰᠦᠲᠡᠨ ᠤ ᠤᠷᠤᠨ ᠤ ᠦᠪᠡᠷᠲᠡᠭᠡᠨ ᠵᠠᠰᠠᠬᠤ ᠬᠠᠤᠯᠢ︾ ᠶᠢ ᠪᠠᠲᠤᠯᠠᠬᠰᠠᠨ ᠪᠦᠭᠡᠳ ᠲᠤᠰ ᠵᠢᠯ ᠤᠨ 10 ᠰᠠᠷ᠎ᠠ ᠶᠢᠨ 1 ᠤ   ᠡᠳᠦᠷ ᠠᠴᠠ ᠡᠬᠢᠯᠡᠨ ᠵᠢᠩᠬᠢᠨᠢ ᠪᠠᠷ ᠬᠡᠷᠡᠭᠵᠢᠭᠦᠯᠵᠡᠢ᠃             1991 ᠤᠨ ᠤ 12 ᠰᠠᠷ᠎ᠠ ᠳᠤ᠂ ᠲᠦᠷᠦ ᠶᠢᠨ ᠶᠠᠪᠤᠲᠠᠯ ᠤᠨ ᠬᠤᠷᠢᠶ᠎ᠠ ︽︿ᠪᠦᠬᠦᠲᠡ ᠨᠠᠶᠢᠷᠠᠮᠲᠠᠬᠤ ᠲᠤᠮᠲᠠᠲᠤ ᠠᠷᠠᠳ   ᠤᠯᠤᠰ ᠤᠨ ᠦᠨᠳᠦᠰᠦᠲᠡᠨ ᠤ ᠤᠷᠤᠨ ᠤ ᠦᠪᠡᠷᠲᠡᠭᠡᠨ ᠵᠠᠰᠬᠠᠤ ᠬᠠᠤᠯᠢ﹀ ᠶᠢ ᠴᠢᠨᠠᠬᠰᠢᠲᠠ ᠲᠤᠤᠱᠯᠠᠭᠤᠯᠤᠨ ᠬᠡᠷᠡᠭᠵᠢᠭᠦᠯᠬᠦ   ᠠᠰᠠᠭᠤᠲᠠᠯ ᠤᠳ ᠤᠨ ᠲᠤᠬᠠᠢ ᠮᠡᠲᠡᠭᠲᠡᠯ︾ ᠢ ᠳᠠᠷᠣᠮᠠᠯᠯᠠᠨ ᠲᠠᠷᠬᠠᠭᠠᠵᠠᠢ᠃              1993 ᠤᠨ ᠳᠤ᠂ ᠮᠠᠨ ᠤ ᠤᠯᠤᠰ ᠤᠨ ᠵᠠᠰᠠᠭ ᠤᠨ ᠤᠷᠳᠤᠨ ︽ᠦᠨᠳᠦᠰᠦᠲᠡᠨ ᠤ ᠰᠢᠶᠠᠩ ᠤᠨ ᠵᠠᠰᠠᠭ ᠵᠠᠬᠢᠷᠭᠠᠨ ᠤ   ᠠᠵᠢᠯ ᠤᠨ ᠲᠦᠷᠢᠮ︾ ᠢ ᠨᠡᠶᠢᠲᠡᠯᠡᠵᠡᠢ᠃              2001 ᠤᠨ ᠳᠤ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ   ᠬᠤᠷᠢᠶ᠎ᠠ ᠠᠴᠠ ︽ᠪᠦᠬᠦᠲᠡ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠦᠨᠳᠦᠰᠦᠲᠡᠨ ᠤ ᠤᠷᠤᠨ ᠤ ᠦᠪᠡᠷᠲᠡᠭᠡᠨ ᠵᠠᠰᠬᠠᠤ ᠬᠠᠤᠯᠢ  ︾ ᠳᠤ ᠵᠠᠰᠠᠪᠤᠷᠢ ᠤᠷᠤᠭᠤᠯᠵᠠᠢ᠃ ᠵᠠᠰᠠᠪᠤᠷᠢ ᠤᠷᠤᠭᠤᠯᠤᠨ ᠨᠡᠶᠢᠲᠡᠯᠡᠭᠰᠡᠨ ︽ᠪᠦᠬᠦᠲᠡ ᠨᠠᠶᠢᠷᠠᠮᠲᠠᠬᠤ ᠲᠤᠮᠲᠠᠲᠤ ᠠᠷᠠᠳ ᠤᠯᠤᠰ ᠤᠨ   ᠦᠨᠳᠦᠰᠦᠲᠡᠨ ᠤ ᠤᠷᠤᠨ ᠤ ᠦᠪᠡᠷᠲᠡᠭᠡᠨ ᠵᠠᠰᠬᠠᠤ ᠬᠠᠤᠯᠢ︾ ᠳᠤ᠄ ︽ᠦᠨᠳᠦᠰᠦᠲᠡᠨ ᠤ ᠤᠷᠤᠨ ᠤ ᠦᠪᠡᠷᠲᠡᠭᠡᠨ ᠵᠠᠰᠬᠠᠤ   ᠪᠠᠶᠢᠭᠤᠯᠤᠯ ᠪᠤᠯ ᠤᠯᠤᠰ ᠤᠨ ᠨᠢᠭᠡ ᠵᠦᠢᠯ ᠤᠨ ᠦᠨᠳᠦᠰᠦᠨ ᠤᠯᠤᠰ ᠲᠦᠷᠦ ᠶᠢᠨ ᠪᠠᠶᠢᠭᠤᠯᠤᠯ ᠪᠣᠯᠣᠨ᠎ᠠ︾ ᠬᠡᠵᠦ ᠲᠤᠳᠤᠷᠬᠠᠢ   ᠲᠤᠬᠲᠠᠭᠠᠵᠠᠢ᠃             2003 ᠤᠨ ᠤ ᠰᠡᠭᠦᠯᠴᠢ ᠪᠤᠯᠲᠠᠯ᠎ᠠ᠂ ᠮᠠᠨ ᠤ ᠤᠯᠤᠰ ᠨᠡᠶᠢᠲᠡ 155 ᠦᠨᠳᠦᠰᠦᠲᠡᠨ ᠤ ᠦᠪᠡᠷᠲᠡᠭᠡᠨ ᠵᠠᠰᠠᠬᠤ ᠭᠠᠵᠠᠷ   ᠤᠷᠤᠨ ᠪᠠᠶᠢᠭᠤᠯᠵᠠᠢ᠂ ᠡᠭᠦᠨ ᠳᠤ 5 ᠦᠪᠡᠷᠲᠡᠭᠡᠨ ᠵᠠᠰᠬᠠᠤ ᠤᠷᠤᠨ᠂ 30 ᠦᠪᠡᠷᠲᠡᠭᠡᠨ ᠵᠠᠰᠬᠤ ᠵᠸᠦ᠂ 120 ᠦᠪᠡᠷᠲᠡᠭᠡᠨ   ᠵᠠᠰᠠᠬᠤ ᠰᠢᠶᠠᠨ ︵ᠬᠤᠰᠢᠭᠤ︶ ᠪᠠᠭᠳᠠᠨ᠎ᠠ᠃ ᠰᠢᠶᠠᠩ ᠲᠠᠢ ᠠᠳᠠᠯᠢᠪᠲᠦᠷ ᠴᠦᠭᠡᠨ ᠲᠤᠭᠠᠲᠦ ᠦᠨᠳᠦᠰᠦᠲᠡᠨ ᠲᠦᠪᠯᠡᠷᠡᠨ ᠰᠠᠭᠤᠬᠰᠠᠨ   ᠭᠠᠵᠠᠷ ᠤᠷᠤᠨ ᠳᠤ ᠨᠡᠶᠢᠲᠡ 1173 ᠦᠨᠳᠦᠰᠦᠲᠡᠨ ᠤ ᠰᠢᠶᠠᠩ ᠪᠠᠶᠢᠭᠤᠯᠵᠠᠢ᠃             2005 ᠤᠨ ᠳᠤ᠂ ︽ᠲᠦᠷᠦ ᠶᠢᠨ ᠶᠠᠪᠤᠲᠠᠯ ᠤᠨ ᠬᠤᠷᠢᠶ᠎ᠠ ᠶᠢᠨ ︿ᠪᠦᠬᠦᠲᠡ ᠨᠠᠶᠢᠷᠠᠮᠲᠠᠬᠤ ᠲᠤᠮᠲᠠᠲᠤ ᠠᠷᠠᠳ ᠤᠯᠤᠰ ᠤᠨ   ᠦᠨᠳᠦᠰᠦᠲᠡᠨ ᠤ ᠤᠷᠤᠨ ᠤ ᠦᠪᠡᠷᠲᠡᠭᠡᠨ ᠵᠠᠰᠠᠬᠤ ᠬᠠᠤᠯᠢ﹀ ᠶᠢ ᠬᠡᠷᠡᠭᠵᠢᠭᠦᠯᠬᠦ ᠲᠤᠬᠲᠠᠭᠠᠯ ᠤᠳ︾ ᠢ ᠨᠡᠶᠢᠲᠡᠯᠡᠨ ᠬᠡᠷᠡᠭᠵᠢᠭᠦᠯᠵᠡᠢ᠃             2005 ᠤᠨ ᠳᠤ᠂ ᠲᠦᠷᠦ ᠶᠢᠨ ᠶᠠᠪᠤᠲᠠᠯ ᠤᠨ ᠬᠤᠷᠢᠶ᠎ᠠ ᠶᠢᠨ ᠰᠤᠨᠢᠨ ᠮᠡᠲᠡᠭᠡᠨ ᠤ ᠠᠯᠪᠠᠨ ᠬᠡᠷ ᠠᠴᠠ 1.2 ᠲᠦᠮᠡᠨ   ᠦᠰᠦᠭ ᠲᠠᠢ ︽ᠲᠤᠮᠲᠠᠲᠤ ᠤᠯᠤᠰ ᠤᠨ ᠦᠨᠳᠦᠰᠦᠲᠡᠨ ᠤ ᠤᠷᠤᠨ ᠤ ᠦᠪᠡᠷᠲᠡᠭᠡᠨ ᠵᠠᠰᠠᠬᠤ︾ ᠴᠠᠭᠠᠨ ᠭᠠᠲᠠᠷᠲᠦ ᠪᠢᠴᠢᠭ ᠢ   ᠨᠡᠶᠢᠲᠡᠯᠡᠵᠦ᠂ ᠦᠨᠳᠦᠰᠦᠲᠡᠨ ᠤ ᠤᠷᠤᠨ ᠤ ᠦᠪᠡᠷᠳᠡᠭᠡᠨ ᠵᠠᠰᠠᠬᠤ ᠪᠠᠶᠢᠭᠤᠯᠤᠯ ᠤᠨ ᠲᠤᠮᠲᠠᠲᠤ ᠤᠯᠤᠰ ᠲᠤ ᠪᠠᠶᠢᠭᠤᠯᠤᠬᠲᠠᠬᠰᠠᠨ᠂ ᠡᠯ  ᠎ᠡ ᠦᠪᠡᠷᠲᠡᠭᠡᠨ ᠵᠠᠰᠬᠠᠤ ᠭᠠᠵᠠᠷ ᠤᠷᠤᠨ ᠭᠦᠢᠴᠡᠳ ᠦᠪᠡᠷᠲᠡᠭᠡᠨ ᠵᠠᠰᠬᠠᠤ ᠡᠷᠬᠡ ᠶᠢ ᠡᠳ᠋ᠯᠡᠵᠦ ᠪᠠᠶᠢᠭ᠎ᠠ ᠵᠢᠴᠢ ᠦᠪᠡᠷᠲᠡᠭᠡᠨ ᠵᠠᠰᠠᠬᠤ   ᠭᠠᠵᠠᠷ ᠤᠷᠤᠨ ᠤ ᠤᠯᠤᠰ ᠤᠨ ᠲᠡᠮᠵᠢᠯᠭᠡ᠂ ᠬᠠᠪᠰᠤᠷᠤᠯᠭ᠎ᠠ ᠪᠠ ᠳᠣᠰ ᠪᠡᠶ᠎ᠡ ᠶᠢᠨ ᠴᠢᠷᠮᠠᠶᠢᠯᠭ᠎ᠠ ᠪᠠᠷ ᠢᠶᠠᠨ᠂ ᠡᠯ᠎ᠡ ᠵᠦᠢᠯ ᠤᠨ ᠦᠢᠯᠡᠰ   ᠲᠡᠦᠬᠡᠳᠦ ᠴᠢᠨᠠᠷᠲᠠᠢ ᠬᠦᠭᠵᠢᠯᠲᠡ ᠲᠠᠢ ᠪᠣᠯᠣᠭᠰᠠᠨ ᠪᠠᠶᠢᠳᠠᠯ ᠢ ᠪᠦᠬᠦ ᠲᠠᠯ᠎ᠠ ᠪᠠᠷ ᠲᠠᠨᠢᠯᠴᠠᠭᠤᠯᠵᠠᠢ᠃
 
ᠢᠷᠡᠯᠲᠡ᠄ ᠰᠤᠨᠢᠨ
ᠨᠠᠶᠢᠷᠠᠭᠤᠯᠤᠭᠴᠢ᠄ ᠭᠤᠸᠠᠨ ᠴᠠᠩ ᠰᠢ
ᠣᠷᠴᠢᠭᠤᠯᠤᠭᠴᠢ᠄
   
ᠬᠤᠯᠪᠣᠭᠳᠠᠯ ᠪᠦᠬᠦᠢ ᠠᠭᠤᠯᠭ᠎ᠠ ᠶᠢᠨ ᠭᠠᠷᠴᠠᠭ
 
2014-2016 © ᠬᠠᠷᠢᠯᠴᠠᠬᠤ ᠤᠲᠠᠰᠤ᠄ 0471-6280741 ᠢᠮᠧᠯ᠄ nmgbute@163.com
ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠤᠷᠢᠭᠯᠠᠨ᠎ᠠ᠃
︽ᠬᠡᠷᠡᠭᠯᠡᠭᠡᠨ ᠤ ᠮᠡᠷᠭᠡᠵᠢᠯ ᠤᠨ ᠮᠤᠩᠭᠤᠯ ᠰᠦᠯᠵᠢᠶᠡᠨ ᠤ ᠬᠥᠯᠭᠡ︾ ᠦᠮᠴᠢᠯᠡᠯ ᠲᠠᠢ︕