ᠦᠨᠳᠦᠰᠦᠲᠡᠨ ᠤ ᠲᠤᠬᠠᠢ ᠨᠠᠮ ᠤᠨ ᠲᠦᠷᠦ ᠶᠢᠨ ᠪᠤᠳᠤᠯᠭ᠎ᠠ ᠶᠢᠨ ᠰᠠᠴᠤᠷᠠᠩᠭᠤᠢ ᠲᠤᠶᠠᠭᠠᠯᠠᠯ ᠲᠤᠤᠷ᠎ᠠ   ᠤᠮᠤᠭᠲᠠᠢ ᠤᠷᠤᠭᠰᠢᠯᠠᠨ᠎ᠠ
ᠵᠣᠬᠢᠶᠠᠭᠴᠢ᠄ 
              ᠦᠨᠳᠦᠰᠦᠲᠡᠨ ᠤ ᠲᠤᠬᠠᠢ ᠨᠠᠮ ᠤᠨ ᠲᠦᠷᠦ ᠶᠢᠨ ᠪᠤᠳᠤᠯᠭ᠎ᠠ ᠶᠢᠨ               ᠰᠠᠴᠤᠷᠠᠩᠭᠤᠢ ᠲᠤᠶᠠᠭᠠᠯᠠᠯ ᠲᠤᠤᠷ᠎ᠠ   ᠤᠮᠤᠭᠲᠠᠢ   ᠤᠷᠤᠭᠰᠢᠯᠠᠨ᠎ᠠ         ᠳᠤᠮᠳᠠᠳᠤ ᠤᠯᠤᠰ ᠤᠨ ᠡᠪ ᠬᠠᠮᠲᠤ ᠨᠠᠮ ᠤᠨ ᠦᠪᠦᠷ ᠮᠤᠩᠭᠤᠯ ᠤᠨ ᠦᠪᠡᠷᠲᠡᠭᠡᠨ ᠵᠠᠰᠠᠬᠤ ᠣᠷᠣᠨ ᠤ ᠬᠤᠷᠢᠶ᠎ᠠ                   ᠦᠪᠦᠷ ᠮᠤᠩᠭᠤᠯ ᠪᠤᠯ ᠮᠠᠨ ᠤ ᠤᠯᠤᠰ ᠤᠨ ᠬᠠᠮᠤᠭ ᠤᠨ ᠡᠷᠳᠡ ᠪᠠᠶᠢᠭᠤᠯᠤᠭᠳᠠᠭᠰᠠᠨ ᠴᠦᠭᠡᠨ ᠲᠤᠭᠠᠳᠤ ᠦᠨᠳᠦᠰᠦᠳᠡᠨ ᠤ   ᠦᠪᠡᠷᠳᠡᠭᠡᠨ ᠵᠠᠰᠠᠬᠤ ᠤᠷᠤᠨ ᠪᠤᠯᠤᠨ᠎ᠠ᠂ ᠲᠡᠭᠡᠷ᠎ᠠ ᠵᠠᠭᠤᠨ ᠤ ᠲᠠᠪᠢᠭᠠᠳ ᠤᠨ ᠳᠤ ᠶᠡᠷᠦᠩᠭᠡᠢ ᠰᠠᠶᠢᠳ ᠵᠸᠤ ᠡᠸ᠋ᠨ ᠯᠠᠢ ᠳᠤ ︽  ᠵᠢᠱᠢᠶᠡᠴᠢ ᠦᠪᠡᠷᠲᠡᠭᠡᠨ ᠵᠠᠰᠠᠬᠤ ᠤᠷᠤᠨ︾ ᠭᠡᠵᠤ ᠦᠨᠡᠯᠡᠭᠳᠡᠵᠤ ᠦᠡᠭᠭᠡᠷᠡᠵᠠᠢ᠃ ᠡᠨᠡ ᠵᠢᠯ ᠤᠨ 1 ᠰᠠᠷ᠎ᠠ ᠳᠤ᠂ ᠶᠡᠷᠦᠩᠭᠡᠢ ᠱᠦᠵᠢ   ᠰᠢ ᠶᠢᠨ ᠫᠢᠩ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠠ ᠳᠡᠭᠡᠨ᠂ ᠦᠪᠡᠷᠳᠡᠭᠡᠨ ᠵᠠᠰᠠᠬᠤ ᠤᠷᠤᠨ ᠢ ︽ᠤᠷᠳᠤ   ᠬᠤᠭᠤᠴᠠᠭᠠᠨ ᠤ ᠳᠣᠷᠰᠢ ᠦᠨᠳᠦᠰᠦᠳᠡᠨ ᠤ ᠪᠦᠯᠭᠦᠮᠳᠡᠯ ᠤᠨ ᠠᠵᠢᠯ ᠢ ᠮᠠᠰᠢ ᠰᠠᠶᠢᠨ ᠬᠢᠵᠠᠢ︾ ᠭᠡᠵᠤ ᠬᠦᠢᠴᠡᠳ ᠦᠨᠡᠯᠡᠵᠡᠢ᠃   ᠮᠠᠨ ᠤ ᠤᠯᠤᠰ ᠤᠨ ᠦᠨᠳᠦᠰᠦᠳᠡᠨ ᠤ ᠤᠷᠤᠨ ᠤ ᠦᠪᠡᠷᠳᠡᠭᠡᠨ ᠵᠠᠰᠠᠬᠤ ᠪᠠᠶᠢᠭᠤᠯᠤᠯ ᠤᠨ ᠮᠡᠨᠳᠤᠯᠡᠭᠰᠡᠨ ᠭᠠᠵᠠᠷ ᠪᠤᠯᠤᠭᠰᠠᠨ ᠤ   ᠬᠤᠪᠢ ᠳᠤ᠂ ᠦᠪᠦᠷ ᠮᠤᠩᠭᠤᠯ ᠤᠨ ᠦᠨᠳᠦᠰᠦᠲᠡᠨ ᠨᠤᠭᠤᠳ ᠤᠨ ᠠᠷᠠᠳ ᠲᠦᠮᠡᠨ ᠦᠨᠳᠦᠰᠦᠳᠡᠨ ᠤ ᠳᠣᠬᠠᠢ ᠨᠠᠮ ᠤᠨ ᠲᠦᠷᠦ ᠶᠢᠨ   ᠪᠤᠳᠤᠯᠭ᠎ᠠ ᠶᠢᠨ ᠲᠤᠶᠠᠭᠠᠯᠠᠯ ᠳᠣᠣᠷ᠎ᠠ᠂ ᠦᠨᠳᠦᠰᠦᠳᠡᠨ ᠨᠦᠭᠦᠳ ᠤᠨ ᠶᠡᠭᠡ ᠪᠦᠯᠭᠦᠮᠳᠡᠯ ᠤᠨ ᠲᠤᠭ ᠢ ᠢᠮᠠᠭᠳᠠ ᠦᠨᠳᠦᠷ   ᠮᠠᠨᠳᠣᠭᠤᠯᠵᠣ᠂ ᠡᠬᠡ ᠤᠯᠤᠰ ᠤᠨ ᠤᠮᠠᠷᠠᠳᠤ ᠬᠢᠯᠢ ᠬᠢᠵᠠᠭᠠᠷ ᠢᠶᠠᠨ ᠬᠠᠮᠳᠤᠪᠡᠷ ᠰᠠᠬᠢᠨ ᠬᠠᠮᠠᠭᠠᠯᠠᠵᠤ᠂ ᠰᠠᠶᠢᠨ ᠰᠠᠶᠢᠬᠠᠨ   ᠠᠮᠢᠳᠤᠷᠠᠯ ᠢᠶᠠᠨ ᠬᠠᠮᠳᠤᠪᠡᠷ ᠴᠤᠭᠴᠠᠯᠠᠨ᠂ ᠦᠨᠳᠦᠰᠦᠳᠡᠨ ᠤ ᠪᠦᠯᠭᠦᠮᠳᠡᠯ ᠳᠠᠪᠰᠢᠯᠳᠠ ᠶᠢᠨ ᠦᠢᠯᠡᠰ ᠤᠨ ᠠᠤᠭ᠎ᠠ ᠲᠤᠤᠯᠢᠰ ᠢ   ᠪᠢᠴᠢᠭᠯᠡᠭᠰᠡᠨ ᠪᠠᠶᠢᠨ᠎ᠠ᠃             ᠨᠢᠭᠡ ᠳᠤ ᠲᠤᠮᠳᠠᠳᠤ ᠤᠯᠤᠰ ᠤᠨ ᠤᠨᠴᠠᠯᠢᠭ ᠲᠠᠢ ᠦᠨᠳᠦᠰᠦᠳᠡᠨ ᠤ ᠠᠰᠠᠭᠤᠳᠠᠯ ᠢ ᠰᠢᠢᠳᠪᠤᠷᠢᠯᠡᠬᠦ ᠵᠦᠪ ᠵᠠᠮ ᠢ   ᠪᠠᠷᠢᠮᠳᠠᠯᠠᠵᠤ᠂ ᠦᠨᠳᠦᠰᠦᠳᠡᠨ ᠤ ᠠᠵᠢᠯ ᠤᠨ ᠤᠯᠤᠰ ᠲᠦᠷᠦ ᠶᠢᠨ ᠴᠢᠭᠯᠡᠯ ᠢ ᠪᠠᠲᠦ ᠡᠵᠡᠮᠳᠡᠪᠡ᠃ ᠦᠨᠳᠦᠰᠦᠳᠡᠨ ᠤ ᠠᠵᠢᠯ ᠶᠡᠭᠡ   ᠲᠠᠯ᠎ᠠ ᠲᠠᠢ ᠬᠤᠯᠪᠤᠭᠳᠠᠨ᠎ᠠ᠃ ᠦᠨᠳᠦᠰᠦᠳᠡᠨ ᠤ ᠠᠰᠠᠭᠤᠳᠠᠯ ᠢ ᠰᠢᠢᠳᠪᠦᠷᠢᠯᠡᠵᠦ᠂ ᠦᠨᠳᠦᠰᠦᠳᠡᠨ ᠤ ᠬᠠᠷᠢᠴᠠᠭ᠎ᠠ ᠶᠢ ᠰᠠᠶᠢᠲᠦᠷ   ᠰᠢᠢᠳᠪᠤᠷᠢᠯᠡᠬᠦ ᠳᠤ᠂ ᠬᠠᠮᠤᠭ ᠤᠨ ᠴᠢᠬᠤᠯᠠ ᠨᠢ ᠲᠤᠮᠳᠠᠳᠤ ᠤᠯᠤᠰ ᠤᠨ ᠡᠪ ᠬᠠᠮᠳᠤ ᠨᠠᠮ ᠤᠨ ᠤᠳᠤᠷᠢᠳᠤᠯᠭ᠎ᠠ ᠶᠢ ᠪᠠᠷᠢᠮᠳᠠᠯᠠᠵᠤ᠂   ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠵᠠᠮ ᠢ ᠪᠠᠷᠢᠮᠳᠠᠯᠠᠨ᠂ ᠦᠨᠳᠦᠰᠦᠳᠡᠨ ᠤ ᠤᠷᠤᠨ ᠤ ᠦᠪᠡᠷᠳᠡᠭᠡᠨ ᠵᠠᠰᠠᠬᠤ   ᠪᠠᠶᠢᠭᠤᠯᠤᠯ ᠢ ᠪᠠᠷᠢᠮᠳᠠᠯᠠᠬᠤ ᠳᠤ ᠪᠤᠢ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠦᠨᠳᠦᠰᠦᠳᠡᠨ ᠤ ᠠᠵᠢᠯ ᠳᠠᠬᠢ ᠨᠠᠮ ᠤᠨ   ᠤᠳᠤᠷᠢᠳᠤᠯᠭ᠎ᠠ ᠶᠢ ᠢᠮᠠᠭᠳᠠ ᠭᠤᠶᠢᠪᠢᠰᠢ ᠦᠭᠡᠢ ᠪᠠᠷᠢᠮᠳᠠᠯᠠᠵᠤ᠂ ᠦᠨᠳᠦᠰᠦᠳᠡᠨ ᠤ ᠳᠣᠬᠠᠢ ᠨᠠᠮ ᠤᠨ ᠲᠦᠷᠤ ᠶᠢᠨ ᠪᠤᠳᠤᠯᠭ᠎ᠠ ᠶᠢ   ᠪᠦᠬᠦ ᠲᠠᠯ᠎ᠠ ᠪᠠᠷ ᠵᠦᠪ ᠤᠨᠤᠪᠴᠢᠳᠠᠢ ᠲᠤᠤᠱᠯᠠᠭᠤᠯᠤᠨ ᠬᠡᠷᠡᠭᠵᠢᠭᠦᠯᠵᠤ᠂ ᠦᠨᠳᠦᠰᠦᠳᠡᠨ ᠤ ᠠᠵᠢᠯ ᠢ ᠨᠠᠮ ᠤᠳᠤᠷᠢᠳᠬᠤ   ᠪᠠᠶᠢᠭᠤᠯᠤᠮᠵᠢ ᠲᠤᠭᠳᠠᠴᠠ ᠶᠢ ᠲᠠᠰᠤᠷᠠᠯᠳᠠ ᠦᠭᠡᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠴᠦᠭᠡᠨ ᠲᠤᠭᠠᠳᠤ ᠦᠨᠳᠦᠰᠦᠳᠡᠨ ᠤ   ᠺᠠᠳ᠋ᠷ ᠤᠨ ᠡᠩᠨᠡᠭᠡ ᠶᠢᠨ ᠪᠠᠶᠢᠭᠤᠯᠤᠯᠳᠠ ᠶᠢ ᠴᠢᠩᠭᠠᠳᠬᠠᠵᠤ᠂ ᠤᠯᠤᠰ ᠲᠦᠷᠦ ᠶᠢᠨ ᠳᠠᠯ᠎ᠠ ᠪᠠᠷ᠂ ᠦᠵᠡᠯ ᠰᠠᠨᠠᠭ᠎ᠠ ᠶᠢᠨ ᠳᠠᠯ᠎ᠠ ᠪᠠᠷ᠂   ᠵᠤᠬᠢᠶᠠᠨ ᠪᠠᠶᠢᠭᠤᠯᠤᠯᠳᠠ ᠶᠢᠨ ᠳᠠᠯ᠎ᠠ ᠪᠠᠷ ᠦᠨᠳᠦᠰᠦᠳᠡᠨ ᠤ ᠠᠵᠢᠯ ᠢ ᠨᠠᠮ ᠤᠨ ᠡᠷᠡᠰ ᠴᠢᠩᠭ᠎ᠠ ᠤᠳᠤᠷᠢᠳᠤᠯᠭ᠎ᠠ ᠲᠤᠤᠷ᠎ᠠ   ᠪᠠᠶᠢᠯᠭᠠᠬᠤ ᠶᠢ ᠦᠨᠡᠨᠬᠦ ᠪᠠᠳᠣᠯᠠᠵᠠᠢ᠃               ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠵᠠᠮ ᠢ ᠢᠮᠠᠭᠳᠠ ᠭᠤᠶᠢᠪᠢᠰᠢ ᠦᠭᠡᠢ ᠪᠠᠷᠢᠮᠳᠠᠯᠠᠨ᠂ ᠲᠤᠮᠳᠠᠳᠤ   ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠤᠨᠤᠯ ᠢᠶᠠᠷ ᠲᠡᠷᠢᠬᠢ ᠲᠤᠯᠤᠭᠠᠢ ᠪᠠᠨ ᠵᠡᠪᠰᠡᠭᠯᠡᠵᠤ᠂ ᠦᠢᠯᠡᠳᠦᠯᠭᠡ ᠪᠠᠨ   ᠵᠢᠯᠤᠭᠤᠳᠤᠭᠤᠯᠬᠤ ᠶᠢ ᠢᠮᠠᠭᠳᠠ ᠭᠤᠶᠢᠪᠢᠰᠢ ᠦᠭᠡᠢ ᠪᠠᠷᠢᠮᠳᠠᠯᠠᠨ᠂ ᠲᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠭᠦᠨ   ᠮᠠᠨᠳᠤᠯᠳᠠ ᠶᠢᠨ ᠲᠤᠮᠳᠠᠳᠤ ᠶᠢᠨ ᠵᠡᠭᠦᠳᠤ ᠪᠠᠷ ᠦᠨᠳᠦᠰᠦᠳᠡᠨ ᠨᠦᠭᠦᠳ ᠤᠨ ᠠᠷᠠᠳ ᠲᠦᠮᠡᠨ ᠤ ᠣᠶᠣᠨ ᠣᠬᠠᠭᠠᠨ ᠬᠦᠴᠦᠨ ᠴᠢᠳᠠᠯ ᠢ   ᠨᠢᠭᠳᠠᠷᠠᠭᠤᠯᠵᠣ᠂ ᠵᠠᠮ ᠱᠣᠭᠤᠮ ᠤᠨ ᠦᠪᠡᠷ ᠤᠨ ᠢᠳᠡᠭᠡᠯ᠂ ᠤᠨᠤᠯ ᠤᠨ ᠦᠪᠡᠷ ᠤᠨ ᠢᠳᠡᠭᠡᠯ᠂ ᠪᠠᠶᠢᠭᠤᠯᠤᠯ ᠤᠨ ᠦᠪᠡᠷ ᠤᠨ   ᠢᠳᠡᠭᠡᠯ ᠢ ᠲᠠᠰᠤᠷᠠᠯᠳᠠ ᠦᠭᠡᠢ ᠴᠢᠩᠭᠠᠷᠠᠭᠤᠯᠵᠠᠢ᠃ ᠦᠨᠳᠦᠰᠦᠳᠡᠨ ᠤ ᠭᠠᠵᠠᠷ ᠤᠷᠤᠨ ᠤ ᠦᠪᠡᠷᠳᠡᠭᠡᠨ ᠵᠠᠰᠠᠬᠤ ᠤᠷᠤᠨ ᠤ   ᠦᠪᠡᠷᠳᠡᠭᠡᠨ ᠵᠠᠰᠠᠬᠤ ᠪᠠᠶᠢᠭᠤᠯᠤᠯ ᠢ ᠢᠮᠡᠬᠳᠠ ᠭᠤᠶᠢᠪᠢᠰᠢ ᠦᠭᠡᠢ ᠪᠠᠷᠢᠮᠳᠠᠯᠠᠨ᠂ ᠤᠯᠤᠰ ᠤᠨ ᠨᠢᠭᠡᠳᠦᠯ ᠢ ᠬᠠᠮᠠᠭᠠᠯᠠᠬᠤ ᠪᠤᠯᠤᠨ   ᠦᠨᠳᠦᠰᠦᠳᠡᠨ ᠤ ᠤᠷᠤᠨ ᠤ ᠦᠪᠡᠷᠳᠡᠭᠡᠨ ᠵᠠᠰᠠᠬᠤ ᠶᠢᠨ ᠬᠠᠷᠢᠴᠠᠭ᠎ᠠ ᠶᠢ ᠵᠦᠪ ᠰᠢᠢᠳᠪᠤᠷᠢᠯᠡᠵᠦ᠂ ᠦᠨᠳᠦᠰᠦᠳᠡᠨ ᠤ ᠬᠦᠴᠦᠨ ᠵᠦᠢᠯ   ᠪᠤᠯᠤᠨ ᠭᠠᠵᠠᠷ ᠪᠦᠰᠡ ᠶᠢᠨ ᠬᠦᠴᠦᠨ ᠵᠦᠢᠯ ᠢ ᠨᠢᠭᠡᠳᠦᠯᠳᠡᠢ ᠲᠦᠯᠦᠪᠵᠢᠭᠦᠯᠦᠨ ᠪᠣᠳᠣᠯᠬᠢᠯᠠᠵᠣ᠂ ᠦᠨᠳᠦᠰᠦᠳᠡᠨ ᠤ ᠤᠷᠤᠨ ᠤ   ᠦᠪᠡᠷᠳᠡᠭᠡᠨ ᠵᠠᠰᠠᠬᠤ ᠶᠢᠨ ᠪᠤᠳᠠᠳᠠᠢ ᠲᠦᠷᠢᠮ ᠤᠨ ᠲᠤᠬᠢᠷᠠᠭᠤᠯᠤᠯᠳᠠ ᠪᠤᠯᠤᠨ ᠲᠦᠷᠦ ᠶᠢᠨ ᠪᠤᠳᠤᠯᠭ᠎ᠠ ᠶᠢᠨ ᠲᠦᠯᠦᠪᠯᠡᠭᠡ ᠶᠢ   ᠲᠠᠰᠤᠷᠠᠯᠲᠠ ᠦᠭᠡᠢ ᠲᠡᠭᠦᠯᠲᠡᠷᠵᠢᠭᠦᠯᠵᠦ᠂ ᠤᠯᠤᠰ ᠤᠨ ᠨᠢᠭᠡᠲᠦᠯ ᠢ ᠡᠷᠡᠰ ᠬᠠᠮᠠᠭᠠᠯᠠᠨ᠂ ᠦᠨᠳᠦᠰᠦᠲᠡᠨ ᠨᠦᠭᠦᠳ ᠡᠷᠬᠡ ᠲᠡᠭᠰᠢ   ᠪᠠᠶᠢᠬᠤ ᠶᠢ ᠦᠨᠡᠨᠬᠦ ᠪᠠᠲᠤᠯᠠᠵᠦ᠂ ᠡᠷᠭᠡ ᠲᠡᠭᠰᠢ ᠪᠦᠯᠭᠦᠮᠳᠠᠯ ᠲᠠᠢ ᠬᠠᠷᠢᠯᠴᠠᠨ ᠬᠠᠪᠰᠤᠷᠤᠯᠴᠠᠬᠰᠠᠨ ᠡᠶ᠎ᠡ ᠵᠣᠬᠢᠴᠠᠩᠭᠤᠢ ᠨᠡᠶᠢᠭᠡᠮ   ᠵᠢᠷᠤᠮ ᠤᠨ ᠦᠨᠳᠦᠰᠦᠳᠡᠨ ᠤ ᠬᠠᠷᠢᠴᠠᠭ᠎ᠠ ᠶᠢ ᠪᠦᠳᠦᠮᠵᠢᠳᠡᠢ ᠬᠠᠮᠠᠭᠠᠯᠠᠵᠣ ᠬᠦᠭᠵᠢᠭᠦᠯᠦᠭᠰᠡᠨ ᠪᠠᠶᠢᠨ᠎ᠠ᠃             ᠬᠤᠶᠠᠷ ᠲᠤ ᠬᠦᠭᠵᠢᠭᠦᠯᠬᠦ ᠶᠢ ᠦᠨᠳᠦᠰᠦᠳᠡᠨ ᠤ ᠠᠵᠢᠯ ᠤᠨ ᠵᠤᠭᠰᠤᠴᠠ ᠪᠤᠯᠭᠠᠬᠤ ᠶᠢ ᠪᠠᠷᠢᠮᠳᠠᠯᠠᠨ᠂ ᠬᠦᠭᠵᠢᠯᠳᠡ ᠶᠢᠨ   ᠦᠷ᠎ᠠ ᠪᠦᠳᠦᠮᠵᠢ ᠶᠢ ᠲᠤᠬᠠᠢ ᠶᠢᠨ ᠭᠠᠵᠠᠷ ᠲᠤ ᠠᠰᠢᠭ ᠬᠦᠷᠳᠡᠭᠡᠬᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠪᠦᠯᠭᠦᠮᠳᠡᠯ ᠢ   ᠠᠬᠢᠭᠤᠯᠬᠤ ᠲᠡᠭᠡᠷ᠎ᠡ ᠢᠯᠡᠷᠡᠭᠦᠯᠬᠦ ᠪᠠᠷ ᠴᠢᠷᠮᠠᠶᠢᠵᠠᠢ᠃ ᠬᠦᠭᠵᠢᠭᠦᠯᠬᠦ ᠪᠤᠯ ᠦᠨᠳᠦᠰᠦᠳᠡᠨ ᠤ ᠠᠰᠠᠭᠤᠳᠠᠯ ᠢ ᠰᠢᠢᠳᠪᠤᠷᠢᠯᠡᠬᠦ ᠶᠢᠨ   ᠵᠠᠩᠭᠢᠯᠠᠭ᠎ᠠ ᠪᠣᠯᠣᠨ᠎ᠠ᠃ ᠦᠨᠳᠦᠰᠦᠳᠡᠨ ᠨᠦᠭᠦᠳ ᠬᠠᠮᠳᠤᠪᠡᠷ ᠪᠦᠯᠭᠦᠮᠳᠡᠨ ᠲᠡᠮᠡᠴᠡᠵᠦ᠂ ᠬᠠᠮᠳᠤᠪᠡᠷ ᠴᠡᠴᠡᠭᠯᠡᠨ ᠬᠦᠭᠵᠢᠬᠦ ᠶᠢ   ᠠᠬᠢᠭᠤᠯᠵᠤ᠂ ᠦᠨᠳᠦᠰᠦᠳᠡᠨ ᠤ ᠭᠠᠵᠠᠷ ᠤᠷᠤᠨ ᠪᠦᠬᠦ ᠤᠯᠤᠰ ᠲᠠᠢ ᠬᠠᠮᠳᠣᠪᠠᠷ ᠴᠢᠨᠡᠭᠡᠯᠢᠭ ᠨᠡᠶᠢᠭᠡᠮ ᠢ ᠪᠦᠬᠦ ᠳᠠᠯ᠎ᠠ ᠪᠠᠷ ᠪᠡᠶᠡᠯᠡᠭᠦᠯᠬᠦ   ᠬᠠᠷᠠᠯᠳᠠ ᠶᠢ ᠪᠡᠶᠡᠯᠡᠭᠦᠯᠬᠦ ᠶᠢ ᠦᠨᠡᠨᠬᠦ ᠪᠠᠳᠤᠯᠠᠬᠤ ᠳᠤ᠂ ᠡᠷᠬᠡᠪᠰᠢ ᠰᠢᠨᠵᠢᠯᠡᠬᠦ ᠤᠬᠠᠭᠠᠨᠴᠢ ᠪᠠᠷ ᠬᠦᠭᠵᠢᠬᠦ ᠶᠢ ᠲᠦᠷᠭᠡᠳᠭᠡᠨ   ᠠᠬᠢᠭᠤᠯᠬᠤ ᠬᠡᠷᠡᠭᠳᠡᠢ᠃ ᠦᠪᠡᠷᠳᠡᠭᠡᠨ ᠵᠠᠰᠠᠬᠤ ᠤᠷᠤᠨ ᠬᠦᠭᠵᠢᠭᠦᠯᠬᠦ ᠪᠤᠯ ᠬᠠᠳᠠᠭᠤ ᠶᠤᠰᠤ ᠪᠤᠯᠬᠤ ᠪᠠᠶᠢᠯᠳᠤᠬᠤ ᠪᠤᠳᠤᠯᠭ᠎ᠠ ᠶᠢᠨ   ᠦᠵᠡᠯ ᠰᠠᠨᠠᠭ᠎ᠠ ᠶᠢ ᠭᠤᠶᠢᠪᠢᠰᠢ ᠦᠭᠡᠢ ᠪᠠᠷᠢᠮᠳᠠᠯᠠᠨ᠂ ᠪᠦᠬᠦ ᠤᠯᠤᠰ ᠤᠨ ᠬᠦᠭᠵᠢᠯᠳᠡ ᠶᠢᠨ ᠶᠡᠭᠡ ᠲᠠᠯ᠎ᠠ ᠳᠤ ᠦᠢᠯᠡᠴᠢᠯᠡᠬᠦ ᠪᠤᠯᠤᠨ   ᠳᠣᠰ ᠪᠡᠶ᠎ᠠ ᠶᠢᠨ ᠬᠦᠭᠵᠢᠯᠳᠡ ᠪᠠᠨ ᠲᠦᠷᠭᠡᠳᠭᠡᠬᠦ ᠶᠢ ᠤᠬᠠᠮᠰᠠᠷ ᠠᠴᠠ ᠪᠠᠨ ᠨᠢᠭᠡᠳᠭᠡᠵᠦ᠂ ︽ᠲᠠᠪᠤᠨ ᠶᠡᠭᠡ ᠰᠠᠭᠤᠷᠢᠨ︾ ︵ ᠴᠡᠪᠡᠷ   ᠡᠨᠧᠷᠬᠢ ᠶᠢᠨ ᠰᠠᠭᠤᠷᠢᠨ᠂ ᠤᠳᠤ ᠦᠶ᠎ᠠ ᠶᠢᠨ ᠨᠡᠭᠦᠷᠡᠰᠤ ᠬᠢᠮᠢ ᠶᠢᠨ ᠠᠵᠤ ᠦᠢᠯᠡᠳᠪᠤᠷᠢ ᠶᠢᠨ ᠰᠠᠭᠤᠷᠢᠨ᠂ ᠦᠡᠭᠭᠡᠳᠤ ᠲᠡᠮᠦᠷᠯᠢᠭ   ᠪᠤᠯᠤᠨ ᠤᠳᠤ ᠦᠶ᠎ᠠ ᠶᠢᠨ ᠮᠠᠰᠢᠨ ᠲᠤᠨᠤᠭᠯᠠᠯ ᠦᠢᠯᠡᠳᠬᠦ ᠵᠡᠷᠭᠡ ᠰᠢᠨ᠎ᠠ ᠬᠡᠯᠪᠡᠷᠢ ᠶᠢᠨ ᠠᠵᠤ ᠦᠢᠯᠡᠰ ᠤᠨ ᠰᠠᠭᠤᠷᠢᠨ᠂ ᠪᠤᠬᠢᠷᠳᠤᠯ   ᠦᠭᠡᠢ ᠮᠠᠯ ᠤᠨ ᠠᠰᠢᠬ ᠰᠢᠮ᠎ᠡ ᠲᠠᠷᠢᠶᠠᠯᠠᠩ ᠤᠨ ᠪᠦᠳᠦᠭᠡᠭᠳᠡᠭᠦᠨ ᠤ ᠰᠠᠭᠤᠷᠢᠨ᠂ ᠵᠤᠭᠠᠴᠠᠯ ᠰᠣᠶᠣᠯ ᠤᠨ ᠰᠠᠭᠤᠷᠢᠨ︶᠂ ︽ᠬᠤᠶᠠᠷ   ᠬᠠᠯᠬᠠᠪᠴᠢ︾ ︵ᠮᠠᠨ ᠤ ᠤᠯᠤᠰ ᠤᠨ ᠤᠮᠠᠷᠠᠳᠤ ᠶᠢᠨ ᠴᠢᠬᠤᠯᠠ ᠠᠮᠢ ᠠᠬᠤᠢ ᠶᠢᠨ ᠬᠠᠯᠬᠠᠪᠴᠢ᠂ ᠡᠬᠡ ᠤᠯᠤᠰ ᠤᠨ ᠤᠮᠠᠷᠠᠳᠤ   ᠬᠢᠯᠢ ᠶᠢᠨ ᠠᠮᠤᠷ ᠲᠤᠭᠳᠠᠭᠤᠨ ᠤ ᠬᠠᠯᠬᠠᠪᠴᠢ︶ ᠪᠤᠯᠤᠨ ︽ ᠨᠢᠭᠡ ᠪᠠᠬᠢᠯᠡᠯᠳᠡ︾ ︵ᠮᠠᠨ ᠤ ᠤᠯᠤᠰ ᠤᠨ ᠤᠮᠠᠷᠠᠰᠢ ᠨᠡᠭᠡᠭᠡᠯᠳᠡ ᠬᠢᠬᠦ   ᠴᠢᠬᠤᠯᠠ ᠪᠠᠬᠢᠯᠡᠯᠲᠡ︶ ᠶᠢᠨ ᠪᠦᠲᠦᠭᠡᠨ ᠪᠠᠶᠢᠭᠤᠯᠤᠯᠳᠠ ᠶᠢ ᠲᠦᠷᠭᠡᠳᠭᠡᠨ ᠠᠬᠢᠭᠤᠯᠵᠣ᠂ 2013 ᠤᠨ ᠤ ᠤᠷᠤᠨ ᠨᠤᠳᠤᠭ ᠤᠨ   ᠦᠢᠯᠡᠳᠪᠤᠷᠢᠯᠡᠯ ᠤᠨ ᠶᠡᠷᠦᠩᠭᠡᠢ ᠦᠷᠳᠡᠭ 1.68 ᠲᠦᠮᠡᠨ ᠳ᠋ᠦᠡᠭᠰᠢᠭᠤᠷ ᠲᠦᠭᠦᠷᠢᠭ ᠲᠤ ᠬᠦᠷᠴᠤ᠂ ᠬᠦᠮᠦᠨ ᠲᠤᠮᠲᠠᠴᠢ ᠶᠢᠨ   ᠦᠢᠯᠡᠳᠪᠤᠷᠢᠯᠡᠯ ᠤᠨ ᠶᠡᠷᠦᠩᠭᠡᠢ ᠦᠷᠳᠡᠭ 1 ᠲᠦᠮᠡᠨ ᠳ᠋ᠤᠯᠯᠠᠷ ᠢ ᠲᠠᠪᠠᠵᠤ᠂ ᠤᠷᠤᠨ ᠨᠤᠳᠤᠭ ᠤᠨ ᠤᠯᠠᠨ ᠨᠠᠶᠢᠳᠠ ᠶᠢᠨ ᠡᠳ᠋ ᠤᠨ   ᠵᠠᠰᠠᠭ ᠤᠨ ᠲᠦᠰᠦᠪ ᠤᠨ ᠤᠷᠤᠯᠭ᠎ᠠ 1720 ᠳ᠋ᠦᠡᠭᠰᠢᠭᠤᠷ ᠲᠦᠭᠦᠷᠢᠭ ᠲᠤ ᠬᠦᠷᠴᠤ᠂ ᠦᠨᠳᠦᠰᠦᠳᠡᠨ ᠤ ᠪᠦᠯᠭᠦᠮᠳᠡᠯ   ᠳᠠᠪᠰᠢᠯᠳᠠ ᠶᠢᠨ ᠪᠤᠳᠠᠰ ᠤᠨ ᠰᠠᠭᠤᠷᠢ ᠶᠢ ᠨᠡᠩ ᠪᠠᠳᠤ ᠪᠠᠬᠢ ᠲᠠᠯᠪᠢᠵᠠᠢ᠃ ᠬᠦᠭᠵᠢᠯᠳᠡ ᠶᠢ ᠲᠤᠬᠠᠢ ᠶᠢᠨ ᠭᠠᠵᠠᠷ ᠲᠤ ᠠᠰᠢᠭ   ᠬᠦᠷᠳᠡᠭᠡᠬᠦ ᠳᠡᠭᠡᠷ᠎ᠡ ᠨᠠᠶᠢᠳᠠᠪᠣᠷᠢᠵᠢᠭᠤᠯᠬᠤ ᠶᠢ ᠪᠠᠷᠢᠮᠳᠠᠯᠠᠨ᠂ ᠠᠵᠠ ᠲᠤᠬᠢᠶᠠᠯ ᠢ ᠠᠮᠵᠢᠨ ᠠᠵᠤ ᠦᠢᠯᠡᠳᠪᠤᠷᠢᠵᠢᠯᠳᠠ᠂ ᠬᠤᠳᠠ   ᠪᠠᠯᠭᠠᠰᠤᠵᠢᠯᠳᠠ ᠪᠤᠯᠤᠨ ᠲᠠᠷᠢᠶᠠᠯᠠᠩ ᠮᠠᠯ ᠠᠵᠦ ᠠᠬᠤᠢ ᠶᠢᠨ ᠤᠳᠤᠬᠢᠴᠢᠯᠠᠯᠳᠠ ᠶᠢ ᠲᠦᠯᠬᠢᠨ ᠠᠬᠢᠭᠤᠯᠵᠤ᠂ ᠡᠬᠢ ᠪᠠᠶᠠᠯᠢᠭ ᠤᠨ   ᠲᠠᠪᠠᠭᠤᠯᠢᠭ ᠲᠠᠭᠠᠨ ᠲᠦᠰᠢᠭᠯᠡᠨ ᠡᠨᠧᠷᠬᠢ᠂ ᠲᠠᠮᠦᠷᠯᠢᠭ ᠪᠤᠯᠪᠠᠰᠤᠷᠠᠭᠤᠯᠬᠤ᠂ ᠬᠢᠮᠢ ᠶᠢᠨ ᠠᠵᠣ ᠦᠢᠯᠡᠳᠪᠤᠷᠢ᠂ ᠲᠠᠷᠢᠶᠠᠯᠠᠩ ᠤᠨ   ᠪᠦᠳᠦᠭᠡᠭᠳᠡᠭᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠦᠨ ᠪᠣᠯᠪᠠᠰᠣᠷᠠᠭᠤᠯᠬᠤ᠂ ᠳᠣᠨᠣᠭᠯᠠᠯ ᠦᠢᠯᠡᠳᠬᠦ ᠪᠠᠷ ᠭᠤᠤᠯᠳᠠᠯᠭ᠎ᠠ ᠪᠣᠯᠭᠠᠭᠰᠠᠨ   ᠤᠨᠴᠠᠯᠢᠭᠳᠤ ᠲᠠᠪᠠᠭᠤᠯᠢᠭ ᠠᠵᠤ ᠦᠢᠯᠡᠰ ᠤᠨ ᠰᠢᠰᠲ᠋ᠧᠮ ᠢ ᠴᠣᠭᠴᠠᠯᠠᠵᠣ᠂ ᠤᠰᠤ ᠴᠠᠬᠢᠯᠭᠠᠨ ᠵᠠᠮ ᠴᠢᠮᠡᠭᠡ ᠬᠤᠯᠪᠣᠭ᠎ᠠ ᠶᠢᠨ ᠰᠠᠭᠤᠷᠢ   ᠲᠦᠭᠦᠭᠡᠷᠤᠮᠵᠢ ᠶᠢᠨ ᠨᠦᠬᠦᠴᠡᠯ ᠢ ᠢᠯᠡᠳᠳᠡ ᠰᠠᠶᠢᠵᠢᠷᠠᠭᠤᠯᠵᠤ᠂ ᠲᠠᠯ᠎ᠠ ᠨᠤᠳᠤᠭ ᠤᠨ ᠤᠷᠭᠤᠮᠠᠯ ᠤᠨ ᠪᠦᠷᠭᠦᠴᠡ 44.1% ᠲᠤ   ᠬᠦᠷᠴᠤ᠂ ᠤᠢ ᠰᠢᠭᠤᠢ ᠶᠢᠨ ᠪᠦᠷᠭᠦᠴᠡ ᠳᠡᠭᠡᠭᠰᠢᠯᠡᠭᠡᠳ 21% ᠲᠤ ᠬᠦᠷᠴᠤ᠂ ᠬᠤᠳᠠ ᠬᠦᠳᠡᠭᠡ ᠶᠢᠨ ᠲᠦᠷᠰᠤ ᠪᠠᠶᠢᠳᠠᠯ ᠳᠤ   ᠯᠣᠳᠣ ᠶᠡᠭᠡ ᠬᠤᠪᠢᠷᠠᠯᠳᠠ ᠭᠠᠷᠴᠠᠢ᠃ ᠬᠦᠭᠵᠢᠯᠳᠡ ᠶᠢ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠡᠭᠡᠷ᠎ᠡ ᠨᠠᠶᠢᠳᠠᠪᠤᠷᠢᠵᠢᠭᠤᠯᠬᠤ ᠶᠢ   ᠪᠠᠷᠢᠮᠳᠠᠯᠠᠵᠤ᠂ ᠶᠠᠳᠠᠭᠤ ᠶᠢ ᠲᠡᠳᠭᠦᠨ ᠪᠠᠬᠢᠯᠡᠯᠳᠠ ᠲᠠᠭᠠᠷᠢᠬᠤ᠂ ᠦᠢᠯᠡᠰ ᠪᠣᠰᠬᠠᠨ ᠠᠵᠢᠯ ᠤᠯᠬᠤ᠂ ᠠᠷᠠᠳ ᠣᠯᠠᠨ ᠤ ᠠᠮᠤᠭᠤᠯᠠᠩ   ᠣᠷᠣᠨ ᠰᠠᠭᠤᠴᠠ ᠵᠡᠷᠭᠡ ᠬᠦᠨᠳᠦ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ ᠢ ᠶᠡᠭᠡ ᠪᠠᠷ ᠲᠦᠯᠬᠢᠨ ᠠᠬᠢᠭᠤᠯᠵᠤ᠂ ᠪᠦᠬᠦ   ᠤᠷᠤᠨ ᠳᠤ ᠮᠠᠯᠵᠢᠬᠤ ᠲᠠᠷᠢᠶᠠᠯᠠᠬᠤ ᠤᠷᠤᠨ ᠤ ᠨᠤᠷᠠᠬᠤ ᠠᠶᠤᠯ ᠲᠠᠢ ᠭᠡᠷ ᠪᠠᠶᠢᠰᠢᠩ ᠢ ᠰᠢᠨᠡᠳᠭᠡᠨ ᠪᠠᠶᠢᠭᠤᠯᠬᠤ᠂ ᠠᠮᠤᠷ ᠲᠦᠪᠰᠢᠨ   ᠤᠰᠤ ᠣᠮᠳᠠ᠂ ᠭᠠᠴᠠᠭ᠎ᠠ ᠲᠤᠰᠬᠤᠨ ᠤ ᠵᠡᠭᠡᠯᠢ ᠭᠤᠳᠤᠮᠵᠢ ᠶᠢ ᠬᠠᠳᠠᠭᠤᠷᠠᠭᠤᠯᠬᠤ᠂ ᠭᠠᠴᠠᠭ᠎ᠠ ᠲᠤᠰᠬᠤᠨ ᠪᠤᠯᠭᠠᠨ ᠳᠤ ᠴᠠᠬᠢᠯᠭᠠᠨ   ᠨᠡᠪᠳᠡᠷᠡᠬᠦᠯᠬᠦ᠂ ᠨᠡᠶᠢᠭᠡᠮ ᠤᠨ ᠪᠠᠳᠤᠯᠠᠪᠣᠷᠢ ᠵᠡᠷᠭᠡ ︽ᠠᠷᠪᠠ ᠶᠢ ᠪᠦᠷᠭᠦᠭᠦᠯᠬᠦ︾ ᠢᠨᠵᠧᠨᠧᠷᠢᠩ ᠢ ᠬᠡᠷᠡᠭᠵᠢᠭᠦᠯᠬᠦ ᠶᠢᠨ ᠬᠠᠮᠳᠤ᠂   ᠲᠤᠤᠷ᠎ᠠ ᠤᠷᠤᠯᠭ᠎ᠠ ᠲᠠᠢ ᠮᠠᠯᠵᠢᠬᠤ ᠲᠠᠷᠢᠶᠠᠯᠠᠬᠤ ᠡᠷᠦᠭᠡ ᠳᠤ ᠵᠢᠯ ᠪᠦᠷᠢ ᠰᠦᠢᠳᠭᠡᠯ ᠬᠤᠷᠢᠶᠠᠬᠤ ᠦᠭᠡᠢ ᠪᠠᠷ 1 ᠲᠤᠨ   ᠲᠤᠯᠠᠭᠠᠯᠠᠭ᠎ᠠ ᠶᠢᠨ ᠨᠡᠭᠦᠷᠡᠰᠤ ᠬᠠᠨᠭ᠍ᠭᠠᠵᠤ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠣᠯᠠᠪᠣᠷᠢ ᠬᠦᠷᠳᠡᠵᠦ ᠪᠠᠶᠢᠭ᠎ᠠ ᠭᠡᠷ ᠪᠦᠯᠢ ᠶᠢᠨ   ᠤᠶᠤᠳᠠᠳ ᠲᠤ ᠵᠢᠯ ᠪᠦᠷᠢ 1 ᠲᠦᠮᠡᠨ ᠲᠦᠭᠦᠷᠢᠭ ᠤᠨ ᠰᠤᠷᠤᠯᠭ᠎ᠠ ᠶᠢᠨ ᠨᠦᠬᠦᠪᠤᠷᠢ ᠤᠯᠭᠤᠨ᠂ ᠠᠵᠢᠯ ᠲᠠᠢ ᠬᠦᠮᠦᠨ ᠦᠭᠡᠢ ᠭᠡᠷ   ᠪᠦᠯᠢ ᠳᠤ ᠠᠳᠠᠭ ᠲᠠᠭᠠᠨ 1 ᠬᠦᠮᠦᠨ ᠳᠤᠨᠢ ᠠᠵᠢᠯ ᠣᠯᠭᠤᠬᠤ ᠠᠰᠠᠭᠤᠳᠠᠯ ᠢ ᠰᠢᠢᠳᠪᠦᠷᠢᠯᠡᠵᠡᠢ᠃ ᠬᠦᠭᠵᠢᠯᠳᠡ ᠶᠢ ᠦᠨᠳᠦᠰᠦᠳᠡᠨ ᠤ   ᠪᠦᠯᠭᠦᠮᠳᠡᠯ ᠢ ᠠᠬᠢᠭᠤᠯᠬᠤ ᠳᠡᠭᠡᠷ᠎ᠡ ᠨᠠᠶᠢᠳᠠᠪᠣᠷᠢᠵᠢᠭᠤᠯᠬᠤ ᠶᠢ ᠪᠠᠷᠢᠮᠳᠠᠯᠠᠵᠤ᠂ ᠠᠵᠤ ᠦᠢᠯᠡᠳᠪᠤᠷᠢᠵᠢᠯᠳᠠ᠂ ᠬᠤᠳᠠ   ᠪᠠᠯᠭᠠᠰᠤᠵᠢᠯᠳᠠ ᠶᠢᠨ ᠠᠬᠢᠴᠠ ᠳᠤ ᠬᠠᠷᠢᠯᠴᠠᠨ ᠠᠭᠤᠰᠤᠯᠴᠠᠬᠤ ᠬᠡᠯᠪᠡᠷᠢ ᠶᠢᠨ ᠨᠡᠶᠢᠭᠡᠮ ᠤᠨ ᠪᠦᠳᠦᠴᠡ ᠪᠤᠯᠤᠨ ᠨᠡᠶᠢᠭᠡᠮ   ᠲᠤᠭᠤᠷᠢᠭ ᠤᠨ ᠤᠷᠴᠢᠨ ᠳᠣᠭᠤᠷᠢᠨ ᠢ ᠪᠠᠶᠢᠭᠤᠯᠵᠤ᠂ ᠵᠠᠬ᠎ᠠ ᠲᠡᠯᠭᠡᠭᠦᠷᠵᠢᠯᠳᠡ᠂ ᠮᠡᠳᠡᠭᠡ ᠵᠠᠩᠭᠢᠵᠢᠯᠳᠠ ᠶᠢᠨ ᠨᠦᠬᠦᠴᠡᠯ ᠲᠤᠤᠷ᠎ᠠ ᠡᠯ᠎ᠠ   ᠦᠨᠳᠦᠰᠦᠳᠡᠨ ᠤ ᠶᠠᠪᠤᠯᠴᠠᠭ᠎ᠠ ᠰᠣᠯᠢᠯᠴᠠᠭ᠎ᠠ ᠠᠭᠤᠰᠣᠯᠴᠠᠭ᠎ᠠ ᠶᠢ ᠦᠷᠭᠡᠳᠭᠡᠨ᠂ ᠡᠯ᠎ᠠ ᠦᠨᠳᠦᠰᠦᠳᠡᠨ ᠤ ᠠᠷᠠᠳ ᠲᠦᠮᠡᠨ ᠬᠠᠮᠳᠤ ᠶᠢᠨ   ᠦᠢᠯᠡᠳᠪᠤᠷᠢᠯᠡᠯ ᠠᠮᠢᠳᠤᠷᠠᠯ ᠪᠤᠯᠤᠨ ᠰᠤᠷᠤᠯᠴᠠᠯᠭ᠎ᠠ ᠲᠤᠮᠳᠠ ᠪᠠᠨ ᠠᠬ᠎ᠠ ᠲᠡᠭᠦᠦ ᠶᠢᠨ ᠰᠡᠳᠬᠢᠯᠭᠡ ᠲᠠᠢ ᠪᠤᠯᠵᠦ᠂ ᠬᠢᠯᠢ ᠬᠢᠵᠠᠭᠠᠷ   ᠤᠷᠤᠨ ᠢᠶᠠᠨ ᠰᠠᠬᠢᠨ ᠬᠠᠮᠠᠭᠠᠯᠠᠵᠦ ᠠᠯᠤᠰ ᠢ ᠪᠠᠷᠠᠯᠠᠨ ᠬᠠᠷᠢᠯᠴᠠᠨ ᠬᠠᠪᠰᠤᠷᠤᠯᠴᠠᠬᠤ ᠶᠢ ᠠᠬᠢᠭᠤᠯᠵᠠᠢ᠃               ᠭᠤᠷᠪᠠ ᠳᠤ ᠦᠨᠡᠨ ᠠᠴᠠ ᠵᠦᠪ ᠢ ᠡᠷᠢᠵᠦ᠂ ᠠᠯᠢᠪᠠ ᠪᠦᠬᠦᠨ ᠳᠤ ᠪᠤᠲᠠᠲᠠᠢ ᠠᠴᠠ ᠡᠭᠦᠰᠬᠦ ᠶᠢ ᠪᠠᠷᠢᠮᠲᠠᠯᠠᠨ᠂ ᠭᠠᠵᠠᠷ   ᠣᠷᠣᠨ ᠤ ᠪᠣᠳᠠᠳᠠᠢ ᠳᠤᠨᠢ ᠲᠤᠬᠢᠷᠠᠭᠤᠯᠤᠨ ᠦᠨᠳᠦᠰᠦᠲᠡᠨ ᠤ ᠭᠠᠵᠠᠷ ᠤᠷᠤᠨ ᠤ ᠤᠨᠴᠠᠭᠠᠢ ᠵᠦᠷᠢᠴᠡᠯ ᠪᠠ ᠠᠰᠠᠭᠤᠲᠠᠯ ᠢ   ᠰᠢᠢᠳᠪᠦᠷᠢᠯᠡᠪᠡ᠃ ᠦᠨᠳᠦᠰᠦᠲᠡᠨ ᠤ ᠠᠰᠠᠭᠤᠲᠠᠯ ᠨᠢ ᠲᠦᠭᠡᠮᠡᠯ ᠴᠢᠨᠠᠷ ᠲᠠᠢ ᠮᠦᠷᠲᠡᠭᠡᠨ ᠪᠠᠰᠠ ᠤᠨᠴᠠᠭᠠᠢ ᠴᠢᠨᠠᠷ ᠲᠠᠢ ᠪᠠᠶᠢᠳᠠᠭ᠂   ᠦᠨᠳᠦᠰᠦᠲᠡᠨ ᠤ ᠠᠰᠠᠭᠤᠲᠠᠯ ᠢ ᠰᠢᠢᠳᠪᠦᠷᠢᠯᠡᠵᠦ᠂ ᠦᠨᠳᠦᠰᠦᠲᠡᠨ ᠤ ᠵᠦᠷᠢᠴᠡᠯ ᠢ ᠰᠢᠢᠳᠪᠦᠷᠢᠯᠡᠬᠦ ᠳᠤ᠂ ᠡᠷᠬᠡᠪᠰᠢ ᠴᠦᠬᠡᠨ ᠲᠤᠭᠠᠲᠦ   ᠦᠨᠳᠦᠰᠦᠲᠡᠨ ᠪᠤᠯᠤᠨ ᠦᠨᠳᠦᠰᠦᠲᠡᠨ ᠤ ᠭᠠᠵᠠᠷ ᠤᠷᠤᠨ ᠤ ᠪᠤᠰᠤᠳᠴᠢ ᠪᠤᠲᠠᠲᠤ ᠪᠠᠶᠢᠲᠠᠯ ᠠᠴᠠ ᠡᠭᠦᠰᠴᠦ᠂ ᠴᠢᠭᠯᠡᠭᠦᠯᠦᠯᠲᠦ   ᠴᠢᠨᠠᠷᠲᠠᠢ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠠᠪᠴᠤ᠂ ᠦᠨᠳᠦᠰᠦᠲᠡᠨ ᠨᠦᠭᠦᠳ ᠬᠠᠮᠲᠦᠪᠡᠷ ᠴᠡᠴᠡᠭᠯᠡᠨ ᠬᠦᠭᠵᠢᠬᠦ ᠶᠢ   ᠠᠬᠢᠭᠤᠯᠬᠤ ᠬᠡᠷᠡᠭᠲᠡᠢ᠃ ᠴᠦᠬᠡᠨ ᠲᠤᠭᠠᠲᠦ ᠦᠨᠳᠦᠰᠦᠲᠡᠨ ᠲᠦᠪᠯᠡᠷᠡᠨ ᠰᠠᠭᠤᠬᠰᠠᠨ ᠭᠠᠵᠠᠷ ᠤᠷᠤᠨ ᠤ ᠠᠵᠦ ᠠᠬᠤᠢ ᠶᠢᠨ   ᠬᠦᠭᠵᠢᠯᠲᠡ ᠬᠠᠷᠢᠴᠠᠩᠭᠤᠢ ᠪᠠᠷ ᠬᠤᠴᠤᠷᠤᠩᠭᠤᠢ ᠪᠠᠶᠢᠬᠤ ᠪᠤᠲᠠᠲᠤ ᠪᠠᠶᠢᠲᠠᠯ ᠳᠤ ᠴᠢᠭᠯᠡᠭᠦᠯᠦᠨ᠂ ᠦᠪᠡᠷᠲᠡᠭᠡᠨ ᠵᠠᠰᠠᠬᠤ ᠤᠷᠤᠨ ᠠᠯᠢ   ᠤᠯᠠᠨ ᠤᠨᠴᠠᠭᠠᠢ ᠬᠠᠪᠰᠤᠷᠤᠨ ᠲᠡᠳᠬᠦᠬᠦ ᠲᠦᠷᠦ ᠶᠢᠨ ᠪᠤᠳᠤᠯᠭ᠎ᠠ ᠲᠤᠬᠲᠠᠭᠠᠨ ᠨᠡᠶᠢᠲᠡᠯᠡᠵᠦ᠂ ︽ᠬᠢᠯᠢ ᠬᠢᠵᠠᠭᠠᠷ ᠢᠶᠠᠨ ᠮᠠᠨᠳᠤᠭᠤᠯᠤᠨ   ᠠᠷᠠᠳ ᠢᠶᠠᠨ ᠪᠠᠶᠠᠵᠢᠭᠤᠯᠬᠤ︾ ᠠᠵᠢᠯᠯᠠᠭ᠎ᠠ ᠦᠷᠨᠢᠭᠦᠯᠦᠭᠰᠡᠨ ᠪᠦᠭᠡᠳ ᠬᠦᠮᠦᠨ ᠠᠮᠠ ᠴᠦᠬᠡᠪᠲᠦᠷ ᠦᠨᠳᠦᠰᠦᠲᠡᠨ ᠤ   ᠬᠦᠭᠵᠢᠯᠲᠡ ᠶᠢᠨ ᠲᠤᠰᠬᠠᠢ ᠲᠦᠷᠦᠯ ᠤᠨ ᠲᠦᠯᠦᠪᠵᠢᠭᠦᠯᠭᠡ ᠶᠢ ᠬᠡᠷᠡᠭᠵᠢᠭᠦᠯᠵᠦ᠂ 2005 ᠤᠨ ᠠᠴᠠ ᠨᠠᠰᠢ ᠦᠪᠡᠷᠲᠡᠭᠡᠨ ᠵᠠᠰᠠᠬᠤ   ᠤᠷᠤᠨ ᠬᠢᠯᠢ ᠬᠢᠵᠠᠭᠠᠷ ᠤᠨ ᠬᠤᠰᠢᠭᠤ ᠬᠤᠲᠠ ᠪᠠ ᠭᠤᠷᠪᠠᠨ ᠴᠦᠬᠡᠨ ᠳᠣᠭᠠᠳᠣ ᠦᠨᠳᠦᠰᠦᠲᠡᠨ ᠤ ᠦᠪᠡᠷᠲᠡᠭᠡᠨ ᠵᠠᠰᠠᠬᠤ   ᠬᠤᠰᠢᠭᠤᠨ ᠳᠤ ᠨᠡᠶᠢᠲᠡ 1300 ᠭᠠᠷᠤᠢ ᠳ᠋ᠦ᠋ᠩᠰᠢᠭᠤᠷ ᠲᠦᠭᠦᠷᠢᠭ ᠪᠡᠯᠡ ᠮᠦᠩᠬᠦ ᠶᠢ ᠰᠢᠯᠵᠢᠭᠦᠯᠦᠨ ᠣᠯᠭᠤᠵᠣ᠂ ︽ᠮᠠᠯ ᠠᠵᠦ   ᠠᠬᠤᠢ ᠮᠠᠯᠵᠢᠬᠤ ᠤᠷᠤᠨ ᠮᠠᠯᠴᠢᠨ︾ ᠤ ᠠᠰᠠᠭᠤᠳᠠᠯ ᠢ ᠰᠢᠢᠳᠪᠦᠷᠢᠯᠡᠬᠦ ᠳᠤ 1500 ᠭᠠᠷᠤᠢ ᠳ᠋ᠦ᠋ᠩᠰᠢᠭᠤᠷ ᠲᠦᠭᠦᠷᠢᠭ ᠪᠡᠯᠡ   ᠤᠷᠤᠭᠤᠯᠵᠦ᠂ ᠴᠦᠬᠡᠨ ᠲᠤᠭᠠᠲᠦ ᠦᠨᠳᠦᠰᠦᠲᠡᠨ ᠲᠦᠪᠯᠡᠷᠡᠨ ᠰᠠᠭᠤᠬᠰᠠᠨ ᠭᠠᠵᠠᠷ ᠤᠷᠤᠨ ᠤ ᠭᠤᠤᠯ ᠪᠣᠯᠬᠤ ᠠᠵᠦ ᠠᠬᠤᠢ ᠶᠢᠨ   ᠬᠦᠢᠴᠡᠳᠬᠡᠬᠦ ᠲᠤᠭ᠎ᠠ ᠶᠢᠨ ᠨᠡᠮᠡᠭᠲᠡᠯ ᠤᠨ ᠬᠤᠷᠳᠤᠴᠠ ᠪᠦᠬᠦ ᠤᠷᠤᠨ ᠤ ᠲᠤᠮᠲᠠᠴᠢ ᠲᠦᠪᠰᠢᠨ ᠠᠴᠠ ᠦᠨᠳᠦᠷ ᠪᠣᠯᠵᠣ᠂ ᠮᠠᠯᠴᠢᠳ ᠤᠨ   ᠤᠷᠤᠯᠭ᠎ᠠ ᠲᠠᠷᠢᠶᠠᠴᠢᠳ ᠤᠨ ᠤᠷᠤᠯᠭ᠎ᠠ ᠶᠢᠨ ᠲᠦᠪᠰᠢᠨ ᠠᠴᠠ ᠮᠡᠲᠡᠭᠲᠡᠮ᠎ᠡ ᠦᠨᠳᠦᠷ ᠪᠤᠯᠵᠠᠢ᠃ ᠴᠦᠬᠡᠨ ᠲᠤᠭᠠᠲᠦ ᠦᠨᠳᠦᠰᠦᠲᠡᠨ   ᠲᠦᠪᠯᠡᠷᠡᠨ ᠰᠠᠭᠤᠬᠰᠠᠨ ᠤᠷᠤᠨ ᠤ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡ ᠶᠢᠨ ᠵᠦᠷᠢᠶ᠎ᠡ ᠨᠡᠯᠢᠶᠡᠳ ᠶᠡᠭᠡ ᠪᠠᠶᠢᠬᠤ ᠪᠤᠲᠠᠲᠤ   ᠪᠠᠶᠢᠲᠠᠯ ᠳᠤ ᠴᠢᠭᠯᠡᠭᠦᠯᠦᠨ᠂ ᠦᠨᠳᠦᠰᠦᠲᠡᠨ ᠤ ᠰᠤᠷᠭᠠᠨ ᠬᠦᠮᠦᠵᠢᠯ᠂ ᠦᠨᠳᠦᠰᠦᠲᠡᠨ ᠤ ᠰᠤᠶᠤᠯ᠂ ᠦᠨᠳᠦᠰᠦᠲᠡᠨ ᠤ ᠡᠮ ᠡᠮᠨᠡᠯᠭᠡ   ᠵᠡᠷᠭᠡ ᠦᠢᠯᠡᠰ ᠤᠨ ᠬᠦᠭᠵᠢᠯᠲᠡ ᠶᠢ ᠳᠡᠳᠭᠦᠨ ᠲᠡᠮᠵᠢᠬᠦ ᠡᠷᠴᠢᠮ ᠢᠶᠠᠨ ᠴᠢᠩᠭᠠᠷᠠᠭᠤᠯᠵᠣ᠂ ᠮᠤᠩᠭᠤᠯ ᠦᠭᠡ ᠬᠡᠯᠡ ᠦᠰᠦᠭ   ᠪᠢᠴᠢᠭ ᠤᠨ ᠠᠵᠢᠯ ᠤᠨ ᠲᠦᠷᠢᠮ ᠪᠠ ᠮᠤᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠲᠦᠷᠢᠮ ᠢ ᠲᠤᠬᠲᠠᠭᠠᠵᠦ᠂ ᠪᠦᠬᠦ ᠤᠷᠤᠨ ᠤ  90% ᠤᠨ ᠦᠨᠳᠦᠰᠦᠲᠡᠨ ᠤ ᠲᠤᠮᠲᠠᠲᠤ ᠪᠠᠭ᠎ᠠ ᠰᠤᠷᠭᠠᠭᠤᠯᠢ ᠪᠠ ᠬᠡᠦᠬᠡᠳ ᠤᠨ ᠴᠡᠴᠡᠷᠯᠢᠭ ᠲᠤ ᠮᠤᠩᠭᠤᠯ ᠬᠢᠲᠠᠳ ︽ ᠬᠤᠤᠰ   ᠬᠡᠯᠡᠨ︾ ᠤ ᠵᠢᠭᠠᠨ ᠰᠣᠷᠭᠠᠯᠳᠠ ᠶᠢ ᠬᠡᠷᠡᠭᠵᠢᠭᠦᠯᠵᠦ᠂ ᠮᠤᠩᠭᠤᠯ ᠢᠶᠠᠷ ᠬᠢᠴᠢᠶᠡᠯᠯᠡᠵᠦ ᠪᠠᠶᠢᠭ᠎ᠠ ᠰᠤᠷᠤᠬᠴᠢᠳ ᠬᠡᠦᠬᠡᠳ ᠤᠨ   ᠴᠡᠴᠡᠷᠯᠢᠭ ᠠᠴᠠ ᠦᠨᠳᠦᠷ ᠵᠡᠷᠭᠡ ᠶᠢᠨ ᠲᠤᠮᠲᠠᠲᠤ ᠰᠤᠷᠭᠠᠭᠤᠯᠢ ᠳᠡᠭᠦᠰᠳᠡᠯ᠎ᠡ ᠰᠦᠢᠳᠬᠡᠯ ᠬᠤᠷᠢᠶᠠᠬᠤ ᠦᠭᠡᠢ ᠰᠣᠷᠭᠠᠨ ᠬᠦᠮᠦᠵᠢᠯ ᠢ   ᠪᠡᠶᠡᠯᠡᠭᠦᠯᠵᠦ᠂ ᠮᠤᠩᠭᠤᠯ ᠢᠶᠠᠷ ᠬᠢᠴᠢᠶᠡᠯᠯᠡᠬᠰᠡᠨ ᠶᠡᠭᠡ ᠲᠡᠭᠡᠲᠦ ᠰᠤᠷᠭᠠᠭᠤᠯᠢ ᠠᠴᠠ ᠲᠡᠭᠦᠰᠦᠭᠰᠡᠳ ᠲᠤ ᠠᠵᠢᠯ ᠤᠯᠭᠤᠬᠤ ᠳᠤ   ᠴᠢᠭᠯᠡᠯ ᠢ ᠲᠤᠬᠲᠠᠨ ᠡᠯᠰᠡᠬᠦ ᠬᠡᠷᠡᠭᠯᠡᠬᠦ ᠶᠢ ᠬᠡᠷᠡᠭᠵᠢᠭᠦᠯᠵᠡᠢ︔ ᠦᠨᠳᠦᠰᠦᠲᠡᠨ ᠤ ᠰᠤᠶᠤᠯ ᠤᠨ ᠦᠪ ᠢ ᠠᠪᠤᠷᠠᠬᠤ ᠪᠠ ᠬᠠᠮᠠᠭᠠᠯᠠᠬᠤ   ᠠᠯᠢ ᠣᠯᠠᠨ ᠢᠨᠵᠧᠨᠧᠷᠢᠩ ᠢ ᠬᠡᠷᠡᠭᠵᠢᠭᠦᠯᠵᠦ᠂ ᠮᠤᠩᠭᠤᠯ ᠦᠨᠳᠦᠰᠦᠲᠡᠨ ᠤ ᠤᠷᠳᠤ ᠶᠢᠨ ᠲᠠᠭᠤᠤ᠂ ᠬᠦᠬᠡᠮᠡᠢ ᠶᠢ ᠬᠦᠮᠦᠨ   ᠲᠦᠷᠦᠯᠬᠢᠲᠡᠨ ᠤ ᠪᠤᠲᠠᠰ ᠤᠨ ᠪᠤᠰᠤ ᠰᠤᠶᠤᠯ ᠤᠨ ᠦᠯᠡᠲᠡᠭᠲᠡᠯ ᠦᠪ ᠤᠨ ᠲᠦᠯᠦᠭᠡᠯᠡᠭᠴᠢ ᠴᠢᠨᠠᠷᠳᠠᠢ ᠪᠦᠲᠦᠭᠡᠯ ᠳᠤ ᠣᠷᠣᠭᠤᠯᠵᠣ᠂   ᠶᠤᠸᠠᠨ ᠤ ᠲᠡᠭᠡᠲᠦ ᠨᠡᠶᠢᠰᠯᠡᠯ ᠤᠨ ᠪᠠᠭᠤᠷᠢ ᠶᠢ ᠲᠡᠯᠡᠬᠡᠢ ᠶᠢᠨ ᠰᠣᠶᠣᠯ ᠤᠨ ᠦᠪ ᠤᠨ ᠨᠡᠷᠡᠰ ᠤᠨ ᠭᠠᠷᠴᠠᠭ ᠲᠤ ᠣᠷᠣᠭᠤᠯᠵᠠᠢ︔ ᠪᠦᠬᠦ   ᠤᠷᠤᠨ ᠤ ᠪᠣᠢ ᠪᠦᠬᠦᠢ ᠬᠤᠰᠢᠭᠤ ᠰᠢᠶᠠᠨ ᠳᠤ ᠪᠦᠷ ᠮᠤᠩᠭᠤᠯ ᠡᠮᠨᠡᠯᠭᠡ ᠬᠢᠲᠠᠳ ᠡᠮᠨᠡᠯᠭᠡ ᠶᠢᠨ ᠬᠤᠷᠢᠶ᠎ᠠ ᠲᠠᠢ ᠪᠣᠯᠵᠣ᠂ 87% ᠤᠨ   ᠰᠤᠮᠤ ᠰᠢᠶᠠᠩ ᠪᠠᠯᠭᠠᠰᠤ ᠳᠤ ᠮᠤᠩᠭᠤᠯ ᠬᠢᠲᠠᠳ ᠡᠮᠨᠡᠯᠭᠡ ᠶᠢᠨ ᠰᠠᠯᠠᠭ᠎ᠠ ᠲᠤᠬᠢᠷᠠᠭᠤᠯᠵᠠᠢ᠃ ᠰᠢᠨ᠎ᠡ ᠴᠠᠬ ᠦᠶ᠎ᠠ ᠶᠢᠨ   ᠦᠨᠳᠦᠰᠦᠲᠡᠨ ᠤ ᠬᠠᠷᠢᠴᠠᠭ᠎ᠠ ᠲᠤᠮᠲᠠ ᠢᠯᠡᠷᠡᠭᠰᠡᠨ ᠰᠢᠨ᠎ᠠ ᠪᠠᠶᠢᠲᠠᠯ ᠰᠢᠨ᠎ᠡ ᠠᠰᠠᠭᠤᠲᠠᠯ ᠳᠤ ᠴᠢᠭᠯᠡᠭᠦᠯᠦᠨ᠂ ᠬᠠᠤᠯᠢ ᠴᠠᠭᠠᠵᠠ ᠶᠢ   ᠬᠡᠷᠡᠭᠯᠡᠨ ᠦᠨᠳᠦᠰᠦᠲᠡᠨ ᠤ ᠪᠦᠯᠬᠦᠮᠲᠡᠯ ᠢ ᠪᠠᠲᠤᠯᠠᠬᠤ ᠶᠢ ᠪᠠᠷᠢᠮᠲᠠᠯᠠᠨ᠂ ᠪᠤᠲᠠᠲᠤ ᠠᠰᠠᠭᠤᠲᠠᠯ ᠢ ᠪᠤᠲᠠᠲᠠᠢ ᠪᠠᠷ ᠵᠠᠲᠠᠯᠬᠤ ᠶᠢ   ᠪᠠᠷᠢᠮᠲᠠᠯᠠᠵᠦ᠂ ᠬᠤᠶᠠᠷ ᠵᠦᠢᠯ ᠤᠨ ᠠᠳᠠᠯᠢ ᠪᠤᠰᠤ ᠰᠢᠨᠵᠢ ᠴᠢᠨᠠᠷ ᠲᠠᠢ ᠵᠦᠷᠢᠴᠡᠯ ᠢ ᠴᠢᠩᠭ᠎ᠠ ᠢᠯᠭᠠᠵᠣ᠂ ᠦᠨᠳᠦᠰᠦᠲᠡᠨ ᠤ ᠬᠦᠴᠦᠨ   ᠵᠦᠢᠯ ᠲᠠᠢ ᠬᠤᠯᠪᠤᠬᠲᠠᠬᠰᠠᠨ ᠵᠢᠭᠤᠷᠠᠭᠠᠨ ᠢ ᠵᠤᠬᠢᠰᠲᠠᠢ ᠰᠡᠷᠬᠡᠶᠢᠯᠡᠬᠦ ᠪᠠ ᠰᠢᠢᠳᠪᠦᠷᠢᠯᠡᠵᠦ᠂ ᠶᠠᠮᠠᠷ ᠠᠰᠠᠭᠤᠲᠠᠯ ᠪᠤᠯ ᠲᠡᠶᠢᠮᠦ   ᠠᠰᠠᠭᠤᠲᠠᠯ ᠢᠶᠠᠷ ᠰᠢᠢᠳᠪᠦᠷᠢᠯᠡᠵᠦ᠂ ᠦᠨᠳᠦᠰᠦᠲᠡᠨ ᠤ ᠪᠤᠰᠤ ᠠᠰᠠᠭᠤᠲᠠᠯ ᠢ ᠦᠨᠳᠦᠰᠦᠲᠡᠨ ᠤ ᠠᠰᠠᠭᠤᠳᠠᠯ ᠪᠣᠯᠭᠠᠬᠤ ᠶᠢ ᠦᠨᠡᠨᠬᠦ   ᠰᠡᠷᠬᠡᠶᠢᠯᠡᠵᠦ᠂ ᠬᠢᠲᠠᠳ ᠤᠨ ᠳᠡᠭᠡᠷᠡᠩᠭᠦᠢ ᠦᠵᠡᠯ ᠪᠠ ᠢᠪᠴᠤᠤ ᠦᠨᠳᠦᠰᠦᠲᠡᠨ ᠤ ᠦᠵᠡᠯ ᠢ ᠡᠷᠡᠰ ᠡᠰᠡᠷᠬᠦᠴᠡᠪᠡ᠃               ᠲᠦᠷᠪᠡ ᠳᠤ ᠦᠨᠳᠦᠰᠦᠲᠡᠨ ᠤ ᠭᠠᠵᠠᠷ ᠤᠷᠤᠨ ᠤ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠠᠵᠢᠯ ᠢ   ᠰᠠᠶᠢᠲᠦᠷ ᠬᠢᠬᠦ ᠶᠢ ᠪᠠᠷᠢᠮᠲᠠᠯᠠᠨ᠂ ᠬᠢᠯᠢ ᠬᠢᠵᠠᠭᠠᠷ ᠤᠷᠤᠨ ᠲᠤᠬᠲᠠᠭᠤᠨ᠂ ᠦᠨᠳᠦᠰᠦᠲᠡᠨ ᠨᠦᠭᠦᠳ ᠤᠨ ᠬᠠᠮᠲᠦ ᠶᠢᠨ ᠤᠶᠤᠨ   ᠰᠠᠨᠠᠭᠠᠨ ᠤ ᠬᠡᠷ ᠤᠷᠤᠨ ᠢ ᠬᠦᠴᠦᠯᠡᠨ ᠪᠠᠶᠢᠭᠤᠯᠪᠠ᠃ ᠦᠪᠦᠷ ᠮᠤᠩᠭᠤᠯ ᠪᠤᠯ ᠡᠬᠡ ᠤᠯᠤᠰ ᠤᠨ ︽ᠤᠮᠠᠷᠠᠲᠦ ᠳᠣᠮᠣ ᠬᠠᠭᠠᠯᠭ᠎ᠠ︾᠂   ᠨᠡᠶᠢᠰᠯᠡᠯ ᠤᠨ ︽ᠬᠤᠲᠠ ᠬᠠᠮᠠᠭᠠᠯᠠᠬᠤ ᠭᠤᠤᠯ︾ ᠪᠠᠶᠢᠵᠦ᠂ ᠬᠠᠭᠠᠴᠠᠭᠤᠯᠣᠯ ᠢ ᠡᠰᠡᠷᠬᠦᠴᠡᠬᠦ᠂ ᠨᠡᠪᠴᠢᠯᠲᠡ ᠶᠢ ᠡᠰᠡᠷᠬᠦᠴᠡᠬᠦ᠂   ᠨᠣᠷᠠᠭᠠᠯᠳᠠ ᠶᠢ ᠡᠰᠡᠷᠬᠦᠴᠡᠬᠦ ᠲᠡᠮᠡᠴᠡᠯ ᠤᠨ ᠡᠮᠦᠨ᠎ᠡ ᠹᠷᠣᠨᠲ ᠲᠤ ᠣᠷᠣᠰᠢᠵᠣ᠂ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ   ᠠᠵᠢᠯ ᠢ ᠰᠠᠶᠢᠲᠦᠷ ᠬᠢᠬᠦ ᠨᠢ᠂ ᠤᠯᠠᠨ ᠲᠦᠮᠡᠨ ᠲᠠᠢ ᠪᠦᠯᠬᠦᠮᠲᠡᠨ᠂ ᠬᠦᠮᠦᠰ ᠤᠨ ᠰᠡᠳᠬᠢᠯ ᠢ ᠤᠯᠵᠦ᠂ ᠤᠯᠤᠰ ᠤᠨ ᠠᠮᠤᠷ   ᠲᠦᠪᠰᠢᠨ ᠢ ᠬᠠᠮᠠᠭᠠᠯᠠᠬᠤ ᠳᠤ ᠰᠢᠢᠳᠪᠦᠷᠢᠯᠡᠭᠴᠢ ᠴᠢᠨᠠᠷᠲᠠᠢ ᠦᠢᠯᠡᠳᠦᠯ ᠦᠵᠡᠭᠦᠯᠵᠦ ᠪᠠᠶᠢᠳᠠᠭ᠃ ᠦᠪᠡᠷᠲᠡᠭᠡᠨ ᠵᠠᠰᠠᠬᠤ ᠤᠷᠤᠨ   ᠢᠮᠠᠭᠳᠠ ᠦᠨᠳᠦᠰᠦᠲᠡᠨ ᠨᠦᠭᠦᠳ ᠤᠨ ᠬᠠᠮᠲᠦ ᠶᠢᠨ ᠤᠶᠤᠨ ᠰᠠᠨᠠᠭᠠᠨ ᠤ ᠬᠡᠷ ᠤᠷᠤᠨ ᠢ ᠪᠦᠲᠦᠭᠡᠨ ᠪᠠᠶᠢᠭᠤᠯᠬᠤ ᠶᠢ ᠪᠠᠶᠢᠯᠳᠤᠬᠤ   ᠪᠤᠳᠤᠯᠭ᠎ᠠ ᠶᠢᠨ ᠡᠭᠦᠷᠭᠡ ᠪᠤᠯᠭᠠᠨ ᠠᠳᠬᠤᠵᠣ ᠂ ᠲᠤᠮᠲᠠᠲᠤ ᠤᠯᠤᠰ ᠤᠨ ᠤᠨᠴᠠᠯᠢᠬ ᠲᠠᠢ ᠨᠡᠶᠢᠭᠡᠮ ᠵᠢᠷᠦᠮ ᠪᠠ ᠲᠤᠮᠲᠠᠲᠤ ᠶᠢᠨ   ᠵᠡᠭᠦᠲᠦ ᠶᠢᠨ ᠤᠬᠠᠭᠤᠯᠭ᠎ᠠ ᠬᠦᠮᠦᠵᠢᠯ ᠢ ᠭᠦᠨ ᠬᠦᠨᠵᠡᠭᠡᠢ ᠤᠳᠠᠭᠠᠨ ᠲᠠᠭᠠᠭᠠᠮᠠᠭᠠᠢ ᠦᠷᠨᠢᠭᠦᠯᠵᠦ᠂ ᠨᠡᠶᠢᠭᠡᠮ ᠵᠢᠷᠤᠮ ᠤᠨ ᠭᠤᠤᠯᠯᠠᠬᠴᠢ   ᠦᠷᠲᠡᠭ ᠤᠨ ᠰᠢᠰᠲ᠋ᠧᠮ ᠪᠠ ᠭᠤᠤᠯᠯᠠᠬᠴᠢ ᠦᠷᠲᠡᠭ ᠤᠨ ᠦᠵᠡᠯᠲᠡ ᠶᠢ ᠶᠡᠭᠡ ᠪᠠᠷ ᠪᠠᠲᠠᠷᠠᠭᠤᠯᠵᠣ᠂ ᠦᠨᠳᠦᠰᠦᠲᠡᠨ ᠤ ᠪᠦᠯᠬᠦᠮᠲᠡᠯ   ᠲᠠᠪᠰᠢᠯᠲᠠ ᠶᠢᠨ ᠤᠬᠠᠭᠤᠯᠭ᠎ᠠ ᠬᠦᠮᠦᠵᠢᠯ ᠪᠠ ᠡᠭᠦᠲᠦᠨ ᠪᠠᠶᠢᠭᠤᠯᠵᠣ ᠬᠦᠬᠢᠭᠦᠯᠦᠨ ᠰᠠᠶᠢᠰᠢᠶᠠᠬᠤ ᠠᠵᠢᠯᠯᠠᠭ᠎ᠠ ᠶᠢ ᠴᠦᠬᠦᠷᠡᠯ ᠦᠭᠡᠢ   ᠦᠷᠨᠢᠭᠦᠯᠵᠦ᠂ ᠦᠨᠳᠦᠰᠦᠲᠡᠨ ᠨᠦᠭᠦᠳ ᠤᠨ ᠠᠷᠠᠳ ᠲᠦᠮᠡᠨ ᠤᠯᠤᠰ ᠤᠨ ᠦᠵᠡᠯ ᠤᠬᠠᠮᠰᠠᠷ᠂ ᠠᠷᠠᠳ ᠢᠷᠭᠡᠨ ᠤ ᠦᠵᠠᠯ ᠤᠬᠠᠮᠰᠠᠷ  ᠂ ᠲᠤᠮᠲᠠᠳᠤ ᠶᠢᠨ ᠦᠨᠳᠦᠰᠦᠲᠡᠨ ᠤ ᠬᠠᠮᠲᠦ ᠶᠢᠨ ᠴᠤᠬᠴᠠ ᠶᠢᠨ ᠦᠵᠡᠯ ᠤᠬᠠᠮᠰᠠᠷ ᠢ ᠪᠠᠲᠦ ᠪᠤᠢ ᠪᠤᠯᠭᠠᠬᠤ ᠶᠢ ᠬᠦᠮᠦᠵᠢᠭᠦᠯᠦᠨ   ᠬᠦᠳᠦᠯᠦᠨ ᠵᠢᠯᠣᠭᠤᠳᠴᠣ᠂ ᠠᠭᠤᠤ ᠶᠡᠭᠡ ᠡᠬᠡ ᠤᠯᠤᠰ ᠤᠨ ᠳᠣᠬᠠᠢ ᠬᠠᠮᠳᠣ ᠶᠢᠨ ᠳᠠᠨᠢᠯᠳᠠ᠂ ᠲᠤᠮᠲᠠᠲᠤ ᠶᠢᠨ ᠦᠨᠳᠦᠰᠦᠲᠡᠨ ᠤ   ᠳᠣᠬᠠᠢ ᠬᠠᠮᠳᠣ ᠶᠢᠨ ᠳᠠᠨᠢᠯᠳᠠ᠂ ᠲᠤᠮᠲᠠᠲᠤ ᠶᠢᠨ ᠰᠤᠶᠤᠯ ᠤᠨ ᠳᠣᠬᠠᠢ ᠬᠠᠮᠳᠣ ᠶᠢᠨ ᠳᠠᠨᠢᠯᠳᠠ᠂ ᠲᠤᠮᠲᠠᠲᠤ ᠤᠯᠤᠰ ᠤᠨ   ᠤᠨᠴᠠᠯᠢᠬ ᠲᠠᠢ ᠨᠡᠶᠢᠭᠡᠮ ᠵᠢᠷᠦᠮ ᠤᠨ ᠵᠠᠮ ᠱᠣᠭᠤᠮ ᠤᠨ ᠳᠣᠬᠠᠢ ᠬᠠᠮᠳᠣ ᠶᠢᠨ ᠳᠠᠨᠢᠯᠳᠠ ᠶᠢ ᠲᠠᠰᠤᠷᠠᠯᠲᠠ ᠦᠭᠡᠢ ᠴᠢᠩᠭᠠᠳᠬᠠᠵᠣ᠂   ᠦᠨᠳᠦᠰᠦᠲᠡᠨ ᠨᠦᠭᠦᠳ ᠬᠠᠮᠲᠦᠪᠡᠷ ᠪᠦᠯᠬᠦᠮᠲᠡᠨ ᠲᠡᠮᠡᠴᠡᠬᠦ ᠦᠵᠡᠯ ᠰᠠᠨᠠᠭᠠᠨ ᠤ ᠰᠠᠭᠤᠷᠢ ᠶᠢ ᠦᠨᠡᠨᠬᠦ ᠪᠠᠲᠦ ᠪᠠᠬᠢ ᠪᠤᠯᠭᠠᠵᠠᠢ᠃ ᠡᠬᠡ   ᠤᠯᠤᠰ ᠤᠨ ᠬᠢᠯᠢ ᠬᠢᠵᠠᠭᠠᠷ ᠢᠶᠠᠨ ᠰᠠᠶᠢᠲᠦᠷ ᠰᠠᠬᠢᠨ ᠬᠠᠮᠠᠭᠠᠯᠠᠬᠤ ᠴᠢᠬᠤᠯᠠ ᠤᠯᠤᠰ ᠲᠦᠷᠦ ᠶᠢᠨ ᠬᠠᠷᠢᠭᠤᠴᠠᠯᠭ᠎ᠠ ᠶᠢ   ᠤᠬᠠᠮᠰᠠᠷ ᠠᠴᠠ ᠪᠠᠨ ᠡᠭᠦᠷᠭᠡᠯᠡᠵᠦ᠂ ᠬᠢᠯᠢ ᠬᠢᠵᠠᠭᠠᠷ ᠤᠷᠤᠨ ᠤ ᠪᠦᠲᠦᠭᠡᠨ ᠪᠠᠶᠢᠭᠤᠯᠤᠯᠲᠠ ᠶᠢ ᠴᠦᠭᠦᠷᠡᠯ ᠦᠭᠡᠢ ᠴᠢᠩᠭᠠᠳᠬᠠᠵᠣ᠂   ᠦᠨᠳᠦᠰᠦᠲᠡᠨ ᠤ ᠪᠦᠯᠬᠦᠮᠲᠡᠯ ᠪᠠ ᠨᠡᠶᠢᠭᠡᠮ ᠤᠨ ᠲᠤᠬᠲᠠᠭᠤᠨ ᠢ ᠨᠦᠯᠦᠭᠡᠯᠡᠬᠦ ᠰᠣᠪᠢᠩ ᠲᠠᠢ ᠠᠰᠠᠭᠤᠲᠠᠯ ᠪᠦᠭᠦᠨ ᠢ ᠲᠡᠭᠡᠲᠦ   ᠬᠡᠮᠵᠢᠶ᠎ᠡ ᠪᠠᠷ ᠰᠡᠷᠡᠮᠵᠢᠯᠡᠵᠦ᠂ ᠬᠢᠯᠢ ᠶᠢᠨ ᠲᠤᠲᠤᠨ᠎ᠠ ᠭᠠᠲᠠᠨᠠᠬᠢ ᠲᠠᠶᠢᠰᠦᠩᠨᠠᠭᠴᠢ ᠬᠦᠴᠦᠨ ᠤ ᠳᠡᠳᠡᠨᠡᠷ ᠤᠨ ︽ᠦᠨᠳᠦᠰᠦᠲᠡᠨ︾ ᠤ   ᠠᠰᠠᠭᠤᠲᠠᠯ ᠭᠡᠳᠡᠭ ᠢᠶᠠᠨ ᠠᠰᠢᠬᠯᠠᠨ ᠬᠡᠷᠡᠭ ᠡᠲᠦᠬᠦ᠂ ᠨᠡᠪᠴᠢᠨ ᠡᠪᠲᠡᠯᠡᠭᠡ ᠬᠢᠬᠦ ᠶᠢ ᠡᠷᠡᠰ ᠰᠡᠷᠭᠡᠶᠢᠯᠡᠵᠦ᠂ ᠵᠤᠷᠢᠭᠤᠲᠠ ᠪᠠᠷ   ᠦᠨᠳᠦᠰᠦᠲᠡᠨ ᠤ ᠬᠠᠷᠢᠴᠠᠭ᠎ᠠ ᠶᠢ ᠵᠠᠪᠰᠠᠷᠲᠠᠭᠤᠯᠤᠨ᠂ ᠦᠨᠳᠦᠰᠦᠲᠡᠨ ᠤ ᠪᠦᠯᠬᠦᠮᠲᠡᠯ ᠢ ᠡᠪᠲᠡᠭᠰᠡᠨ ᠬᠠᠤᠯᠢ ᠠᠴᠠ ᠵᠦᠷᠢᠴᠡᠭᠰᠡᠨ ᠡᠯ᠎ᠡ   ᠵᠦᠢᠯ ᠤᠨ ᠠᠵᠢᠯᠯᠠᠭ᠎ᠠ ᠳᠤ ᠴᠢᠩᠭ᠎ᠠ ᠴᠤᠬᠢᠯᠲᠠ ᠦᠭᠴᠦ᠂ ᠦᠨᠳᠦᠰᠦᠲᠡᠨ ᠨᠦᠭᠦᠳ ᠤᠨ ᠬᠠᠮᠳᠤᠪᠡᠷ ᠡᠬᠡ ᠤᠯᠤᠰ ᠤᠨ ᠨᠢᠭᠡᠲᠦᠯ ᠢ   ᠬᠠᠮᠠᠭᠠᠯᠠᠬᠤ᠂ ᠦᠨᠳᠦᠰᠦᠲᠡᠨ ᠤ ᠪᠦᠯᠬᠦᠮᠲᠡᠯ ᠢ ᠬᠠᠮᠠᠭᠠᠯᠠᠬᠤ᠂ ᠨᠡᠶᠢᠬᠡᠮ ᠤᠨ ᠲᠤᠬᠲᠠᠭᠤᠨ ᠢ ᠬᠠᠮᠠᠭᠠᠯᠠᠬᠤ ᠪᠤᠯᠤᠳ ᠬᠡᠷᠡᠮ ᠲᠡᠮᠦᠷ   ᠬᠠᠨ᠎ᠠ ᠶᠢ ᠦᠨᠡᠨᠬᠦ ᠪᠠᠲᠦ ᠪᠠᠬᠢ ᠴᠤᠬᠴᠠᠯᠠᠨ ᠪᠠᠶᠢᠭᠤᠯᠵᠠᠢ᠃
 
ᠢᠷᠡᠯᠲᠡ᠄ ᠰᠤᠨᠢᠨ
ᠨᠠᠶᠢᠷᠠᠭᠤᠯᠤᠭᠴᠢ᠄ ᠭᠤᠸᠠᠨ ᠴᠠᠩ ᠰᠢ
ᠣᠷᠴᠢᠭᠤᠯᠤᠭᠴᠢ᠄
   
ᠬᠤᠯᠪᠣᠭᠳᠠᠯ ᠪᠦᠬᠦᠢ ᠠᠭᠤᠯᠭ᠎ᠠ ᠶᠢᠨ ᠭᠠᠷᠴᠠᠭ
 
2014-2016 © ᠬᠠᠷᠢᠯᠴᠠᠬᠤ ᠤᠲᠠᠰᠤ᠄ 0471-6280741 ᠢᠮᠧᠯ᠄ nmgbute@163.com
ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠤᠷᠢᠭᠯᠠᠨ᠎ᠠ᠃
︽ᠬᠡᠷᠡᠭᠯᠡᠭᠡᠨ ᠤ ᠮᠡᠷᠭᠡᠵᠢᠯ ᠤᠨ ᠮᠤᠩᠭᠤᠯ ᠰᠦᠯᠵᠢᠶᠡᠨ ᠤ ᠬᠥᠯᠭᠡ︾ ᠦᠮᠴᠢᠯᠡᠯ ᠲᠠᠢ︕