ᠦᠨᠳᠦᠰᠦᠲᠡᠨ ᠤ ᠤᠷᠤᠨ ᠤ ᠦᠪᠡᠷᠲᠡᠭᠡᠨ ᠵᠠᠰᠠᠬᠤ ᠪᠠᠶᠢᠭᠤᠯᠤᠯ ᠤᠨ ᠮᠡᠳᠡᠯᠭᠡ
ᠵᠣᠬᠢᠶᠠᠭᠴᠢ᠄ 
        ᠦᠨᠳᠦᠰᠦᠲᠡᠨ ᠤ ᠤᠷᠤᠨ ᠤ ᠦᠪᠡᠷᠲᠡᠭᠡᠨ ᠵᠠᠰᠠᠬᠤ ᠪᠠᠶᠢᠭᠤᠯᠤᠯ ᠤᠨ ᠮᠡᠳᠡᠯᠭᠡ       ᠦᠨᠳᠦᠰᠦᠲᠡᠨ ᠤ ᠤᠷᠤᠨ ᠤ ᠦᠪᠡᠷᠲᠡᠭᠡᠨ ᠵᠠᠰᠠᠬᠤ ᠪᠠᠶᠢᠭᠤᠯᠤᠯ             ᠦᠨᠳᠦᠰᠦᠲᠡᠨ ᠤ ᠤᠷᠤᠨ ᠤ ᠦᠪᠡᠷᠲᠡᠭᠡᠨ ᠵᠠᠰᠬᠠᠤ ᠪᠠᠶᠢᠭᠤᠯᠤᠯ ᠭᠡᠳᠡᠭ ᠨᠢ ᠶᠡᠷᠦ ᠳᠡᠭᠡᠨ ᠤᠯᠤᠰ ᠤᠨ ᠨᠢᠭᠡᠲᠦᠯᠲᠡᠢ   ᠤᠳᠤᠷᠢᠳᠤᠯᠭ᠎ᠠ ᠲᠤᠤᠷ᠎ᠠ᠂ ᠡᠯ᠎ᠡ ᠴᠦᠬᠡᠨ ᠲᠤᠭᠠᠲᠦ ᠦᠨᠳᠦᠰᠦᠲᠡᠨ ᠲᠦᠪᠯᠡᠷᠡᠨ ᠰᠠᠭᠤᠬᠰᠠᠨ ᠭᠠᠵᠠᠷ ᠤᠷᠤᠨ ᠳᠤ ᠣᠷᠣᠨ ᠨᠣᠳᠤᠭ   ᠦᠪᠡᠷᠲᠡᠭᠡᠨ ᠵᠠᠰᠬᠠᠤ ᠶᠢ ᠬᠡᠷᠡᠭᠵᠢᠭᠦᠯᠵᠦ᠂ ᠦᠪᠡᠷᠲᠡᠭᠡᠨ ᠵᠠᠰᠠᠬᠤ ᠪᠠᠶᠢᠭᠤᠯᠤᠯᠭ᠎ᠠ ᠭᠠᠷᠭᠠᠵᠣ᠂ ᠦᠪᠡᠷᠲᠡᠭᠡᠨ ᠵᠠᠰᠠᠬᠤ ᠡᠷᠬᠡ ᠪᠠᠨ   ᠬᠡᠷᠡᠭᠵᠢᠭᠦᠯᠬᠦ ᠪᠠᠶᠢᠭᠤᠯᠤᠯ ᠢ ᠵᠢᠭᠠᠵᠣ ᠪᠣᠢ᠃ ᠦᠨᠳᠦᠰᠦᠲᠡᠨ ᠤ ᠤᠷᠤᠨ ᠤ ᠦᠪᠡᠷᠲᠡᠭᠡᠨ ᠵᠠᠰᠬᠠᠤ ᠪᠠᠶᠢᠭᠤᠯᠤᠯ ᠪᠣᠯ ᠮᠠᠨ ᠤ   ᠤᠯᠤᠰ ᠤᠨ ᠦᠨᠳᠦᠰᠦᠨ ᠤᠯᠤᠰ ᠲᠦᠷᠦ ᠶᠢᠨ ᠪᠠᠶᠢᠭᠤᠯᠤᠯ ᠤᠨ ᠨᠢᠭᠡ ᠪᠣᠯᠣᠨ᠎ᠠ᠂ ᠲᠤᠮᠲᠠᠲᠤ ᠤᠯᠤᠰ ᠤᠨ ᠤᠨᠴᠠᠯᠢᠬ ᠲᠠᠢ ᠨᠡᠶᠢᠭᠡᠮ   ᠵᠢᠷᠦᠮ ᠤᠨ ᠤᠯᠤᠰ ᠲᠦᠷᠦ ᠶᠢ ᠪᠠᠶᠢᠭᠤᠯᠬᠤ ᠴᠢᠬᠤᠯᠠ ᠠᠭᠤᠯᠭ᠎ᠠ ᠪᠣᠯᠣᠨ᠎ᠠ᠃ ᠦᠨᠳᠦᠰᠦᠲᠡᠨ ᠤ ᠤᠷᠤᠨ ᠤ ᠦᠪᠡᠷᠲᠡᠭᠡᠨ ᠵᠠᠰᠠᠬᠤ   ᠪᠠᠶᠢᠭᠤᠯᠤᠯ ᠪᠣᠯ ᠳᠠᠷᠣᠢ ᠨᠢᠭᠡᠲᠦᠭᠰᠡᠨ ᠡᠬᠡ ᠤᠯᠤᠰ ᠤᠨ ᠲᠤᠮᠤ ᠬᠡᠷ ᠪᠦᠯᠢ ᠳᠤ᠂ ᠤᠯᠤᠰ ᠤᠨ ᠨᠢᠭᠡᠲᠦᠯᠲᠡᠢ ᠤᠳᠤᠷᠢᠳᠤᠯᠭ᠎ᠠ ᠲᠤᠤᠷ᠎ᠠ  ᠂ ᠴᠦᠬᠡᠨ ᠲᠤᠭᠠᠲᠦ ᠦᠨᠳᠦᠰᠦᠲᠡᠨ ᠲᠦᠪᠯᠡᠷᠡᠨ ᠰᠠᠭᠤᠬᠰᠠᠨ ᠭᠠᠵᠠᠷ ᠤᠷᠤᠨ ᠢᠶᠠᠷ ᠰᠠᠭᠤᠷᠢ ᠪᠤᠯᠭᠠᠵᠣ᠂ ᠵᠣᠬᠢᠴᠠᠩᠭᠤᠢ ᠦᠪᠡᠷᠲᠡᠭᠡᠨ   ᠵᠠᠰᠠᠬᠤ ᠪᠠᠶᠢᠭᠤᠯᠤᠯᠭ᠎ᠠ ᠪᠠᠶᠢᠭᠤᠯᠵᠦ᠂ ᠦᠪᠡᠷᠲᠡᠭᠡᠨ ᠵᠠᠰᠠᠬᠤ ᠪᠠᠶᠢᠭᠤᠯᠤᠯᠭ᠎ᠠ ᠭᠠᠷᠭᠠᠵᠣ᠂ ᠦᠪᠡᠷᠲᠡᠭᠡᠨ ᠵᠠᠰᠠᠬᠤ ᠡᠷᠭᠡ ᠪᠠᠨ   ᠬᠡᠷᠡᠭᠵᠢᠭᠦᠯᠵᠦ᠂ ᠪᠡᠶ᠎ᠡ ᠪᠠᠨ ᠳᠠᠭᠠᠭᠠᠵᠣ ᠲᠤᠰ ᠦᠨᠳᠦᠰᠦᠲᠡᠨ᠂ ᠲᠤᠰ ᠭᠠᠵᠠᠷ ᠤᠷᠤᠨ ᠤ ᠪᠠᠨ ᠲᠤᠳᠤᠭᠠᠲᠦ ᠶᠢᠨ ᠶᠠᠪᠤᠲᠠᠯ ᠢᠶᠠᠨ   ᠬᠠᠮᠢᠶᠠᠷᠴᠤ᠂ ᠡᠵᠡᠨ ᠰᠠᠭᠤᠵᠦ ᠡᠷᠬᠡ ᠮᠡᠲᠡᠬᠦ ᠡᠷᠬᠡ ᠪᠠᠨ ᠬᠡᠷᠡᠭᠵᠢᠭᠦᠯᠬᠦ ᠶᠠᠪᠣᠳᠠᠯ ᠪᠣᠯᠣᠨ᠎ᠡ᠃               ᠦᠨᠳᠦᠰᠦᠲᠡᠨ ᠤ ᠦᠪᠡᠷᠲᠡᠭᠡᠨ ᠵᠠᠰᠠᠬᠤ ᠭᠠᠵᠠᠷ ᠤᠷᠤᠨ ᠤ ᠦᠪᠡᠷᠲᠡᠭᠡᠨ ᠵᠠᠰᠠᠬᠤ ᠪᠠᠶᠢᠭᠤᠯᠤᠯᠭ᠎ᠠ             ᠦᠨᠳᠦᠰᠦᠲᠡᠨ ᠤ ᠦᠪᠡᠷᠲᠡᠭᠡᠨ ᠵᠠᠰᠠᠬᠤ ᠭᠠᠵᠠᠷ ᠤᠷᠤᠨ ᠤ ᠦᠪᠡᠷᠲᠡᠭᠡᠨ ᠵᠠᠰᠠᠬᠤ ᠪᠠᠶᠢᠭᠤᠯᠤᠯᠭ᠎ᠠ ᠪᠣᠯ ᠦᠪᠡᠷᠲᠡᠭᠡᠨ ᠵᠠᠰᠠᠬᠤ   ᠤᠷᠤᠨ᠂ ᠦᠪᠡᠷᠲᠡᠭᠡᠨ ᠵᠠᠰᠬᠠᠤ ᠵᠸᠦ᠂ ᠦᠪᠡᠷᠲᠡᠭᠡᠨ ᠵᠠᠰᠠᠬᠤ ᠰᠢᠶᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠠ   ᠠᠷᠠᠳ ᠤᠨ ᠵᠠᠰᠠᠭ ᠤᠨ ᠤᠷᠳᠤᠨ ᠪᠤᠯᠤᠨ᠎ᠠ᠃ ᠳᠡᠭᠦᠨ ᠤ ᠪᠦᠷᠢᠯᠳᠦᠯ ᠪᠣᠯᠣᠨ ᠠᠵᠢᠯ ᠢ᠂ ᠦᠨᠳᠦᠰᠦᠨ ᠬᠠᠣᠯᠢ ᠪᠣᠯᠣᠨ ᠬᠠᠣᠯᠢ   ᠴᠠᠭᠠᠵᠠ ᠶᠢ ᠦᠨᠳᠦᠰᠦᠯᠡᠨ᠂ ᠦᠨᠳᠦᠰᠦᠳᠡᠨ ᠤ ᠦᠪᠡᠷᠳᠡᠭᠡᠨ ᠵᠠᠰᠠᠬᠤ ᠭᠠᠵᠠᠷ ᠣᠷᠣᠨ ᠤ ᠦᠪᠡᠷᠳᠡᠭᠡᠨ ᠵᠠᠰᠠᠬᠤ ᠳᠦᠷᠢᠮ ᠪᠣᠶᠣ   ᠳ᠋ᠠᠩ ᠢᠶᠠᠷ ᠬᠡᠷᠡᠭᠵᠢᠭᠦᠯᠬᠦ ᠳᠦᠷᠢᠮ ᠢ ᠦᠨᠳᠦᠰᠦᠯᠡᠨ ᠳᠣᠭᠳᠠᠭᠠᠨ᠎ᠠ᠃               ᠦᠨᠳᠦᠰᠦᠲᠡᠨ ᠤ ᠤᠷᠤᠨ ᠤ ᠦᠪᠡᠷᠲᠡᠭᠡᠨ ᠵᠠᠰᠠᠬᠤ ᠭᠠᠵᠠᠷ ᠤᠷᠤᠨ ᠤ   ᠦᠪᠡᠷᠲᠡᠭᠡᠨ ᠵᠠᠰᠬᠠᠤ ᠪᠠᠶᠢᠭᠤᠯᠤᠯᠭ᠎ᠠ ᠶᠢᠨ ᠦᠨᠳᠦᠰᠦᠲᠡᠨ ᠤ ᠤᠨᠴᠠᠯᠢᠬ           1. ᠦᠪᠡᠷᠲᠡᠭᠡᠨ ᠵᠠᠰᠬᠠᠤ ᠤᠷᠤᠨ ᠤ ᠲᠡᠷᠢᠭᠦᠯᠡᠭᠴᠢ᠂ ᠦᠪᠡᠷᠲᠡᠭᠡᠨ ᠵᠠᠰᠬᠠᠤ ᠵᠸᠦ ᠶᠢᠨ ᠲᠠᠷᠤᠭ᠎ᠠ᠂ ᠦᠪᠡᠷᠲᠡᠭᠡᠨ ᠵᠠᠰᠬᠠᠤ   ᠰᠢᠶᠠᠨ ᠤ ᠲᠠᠷᠤᠭ᠎ᠠ ᠶᠢᠨ ᠲᠤᠰᠢᠶᠠᠯ ᠢ ᠤᠷᠤᠨ ᠤ ᠦᠪᠡᠷᠲᠡᠭᠡᠨ ᠵᠠᠰᠠᠬᠤ ᠶᠢ ᠬᠡᠷᠡᠭᠵᠢᠭᠦᠯᠵᠦ ᠪᠠᠶᠢᠭ᠎ᠠ ᠦᠨᠳᠦᠰᠦᠲᠡᠨ ᠤ ᠠᠷᠠᠳ ᠢᠷᠭᠡᠨ   ᠡᠭᠦᠷᠭᠡᠯᠡᠨ᠎ᠡ︔ ᠦᠨᠳᠦᠰᠦᠲᠡᠨ ᠤ ᠦᠪᠡᠷᠲᠡᠭᠡᠨ ᠵᠠᠰᠬᠠᠤ ᠭᠠᠵᠠᠷ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ   ᠪᠠᠶᠢᠩᠭᠤ ᠶᠢᠨ ᠬᠤᠷᠢᠶ᠎ᠠ ᠳᠤ ᠡᠷᠬᠢᠯᠡᠭᠴᠢ ᠪᠤᠶᠤ ᠲᠡᠳ᠋ ᠡᠷᠬᠢᠯᠡᠭᠴᠢ ᠶᠢᠨ ᠲᠤᠰᠢᠶᠠᠯ ᠢ ᠤᠷᠤᠨ ᠤ ᠦᠪᠡᠷᠲᠡᠭᠡᠨ ᠵᠠᠰᠬᠠᠤ ᠶᠢ   ᠬᠡᠷᠡᠭᠵᠢᠭᠦᠯᠵᠦ ᠪᠠᠶᠢᠭ᠎ᠠ ᠦᠨᠳᠦᠰᠦᠲᠡᠨ ᠤ ᠠᠷᠠᠳ ᠢᠷᠭᠡᠨ ᠡᠭᠦᠷᠭᠡᠯᠡᠨ᠎ᠡ᠃           2. ᠦᠨᠳᠦᠰᠦᠲᠡᠨ ᠤ ᠦᠪᠡᠷᠲᠡᠭᠡᠨ ᠵᠠᠰᠬᠠᠤ ᠭᠠᠵᠠᠷ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠳᠤ᠂   ᠤᠷᠤᠨ ᠤ ᠦᠪᠡᠷᠲᠡᠭᠡᠨ ᠵᠠᠰᠬᠠᠤ ᠶᠢ ᠬᠡᠷᠡᠭᠵᠢᠭᠦᠯᠵᠦ ᠪᠠᠶᠢᠭ᠎ᠠ ᠦᠨᠳᠦᠰᠦᠲᠡᠨ ᠤ ᠲᠦᠯᠦᠭᠡᠯᠡᠭᠴᠢ ᠠᠴᠠ ᠭᠠᠲᠠᠨ᠎ᠠ᠂ ᠲᠤᠰ ᠵᠠᠰᠠᠭ   ᠵᠠᠬᠢᠷᠭᠠᠨ ᠤ ᠤᠷᠤᠨ ᠳᠤ ᠰᠠᠭᠤᠵᠦ ᠪᠠᠶᠢᠭ᠎ᠠ ᠪᠤᠰᠤᠳ ᠦᠨᠳᠦᠰᠦᠲᠡᠨ ᠤᠨᠴᠠᠭᠠᠢᠢᠯᠠᠨ ᠴᠦᠬᠡᠨ ᠲᠤᠭᠠᠲᠦ ᠦᠨᠳᠦᠰᠦᠲᠡᠨ   ᠲᠦᠯᠦᠭᠡᠯᠡᠭᠴᠢ ᠴᠦ ᠵᠤᠬᠢᠬᠤ ᠤᠷᠤᠨ ᠲᠤᠭ᠎ᠠ ᠲᠠᠢ ᠪᠠᠶᠢᠬᠤ ᠬᠡᠷᠡᠭᠳᠡᠢ ᠪᠦᠭᠡᠳ ᠬᠦᠮᠦᠨ ᠠᠮᠠ ᠴᠦᠬᠡᠪᠲᠦᠷ ᠦᠨᠳᠦᠰᠦᠲᠡᠨ ᠤ   ᠲᠦᠯᠦᠭᠡᠯᠡᠭᠴᠢ ᠶᠢᠨ ᠤᠷᠤᠨ ᠲᠤᠭ᠎ᠠ ᠪᠠ ᠬᠠᠷᠢᠴᠠᠯ ᠢ ᠬᠤᠪᠢᠶᠠᠷᠢᠯᠠᠬᠤ ᠳᠠᠭᠠᠨ ᠬᠠᠤᠯᠢ ᠶᠤᠰᠤᠭᠠᠷ ᠵᠤᠬᠢᠬᠤ ᠬᠠᠷᠠᠭᠠᠯᠵᠠᠯ ᠦᠵᠡᠭᠦᠯᠦᠨ᠎ᠡ  ᠃          3. ᠦᠨᠳᠦᠰᠦᠲᠡᠨ ᠤ ᠦᠪᠡᠷᠲᠡᠭᠡᠨ ᠵᠠᠰᠬᠠᠤ ᠭᠠᠵᠠᠷ ᠤᠷᠤᠨ ᠤ ᠠᠷᠠᠳ ᠤᠨ ᠵᠠᠰᠠᠭ ᠤᠨ ᠤᠷᠳᠤᠨ ᠤ ᠪᠦᠷᠢᠯᠲᠦᠭᠦᠨ ᠵᠢᠴᠢ   ᠵᠠᠰᠠᠭ ᠤᠨ ᠤᠷᠳᠤᠨ ᠤ ᠬᠠᠷᠢᠶ᠎ᠠ ᠠᠵᠢᠯ ᠤᠨ ᠪᠠᠶᠢᠭᠤᠯᠤᠮᠵᠢ ᠳᠤ᠂ ᠴᠢᠲᠠᠬᠤ ᠶᠢᠨ ᠬᠢᠷᠢ ᠳᠣᠳᠣᠷ᠎ᠠ ᠪᠠᠨ ᠴᠦᠬᠡᠨ ᠲᠤᠭᠠᠲᠦ   ᠦᠨᠳᠦᠰᠦᠲᠡᠨ ᠤ ᠺᠠᠳ᠋ᠷ ᠢ ᠲᠤᠬᠢᠷᠠᠭᠤᠯᠵᠦ᠂ ᠨᠦᠬᠦᠴᠡᠯ ᠳᠤ ᠦᠨᠳᠦᠰᠦᠨ ᠳᠡᠭᠡᠨ ᠨᠡᠶᠢᠴᠡᠭᠰᠡᠨ ᠴᠦᠬᠡᠨ ᠲᠤᠭᠠᠲᠦ ᠦᠨᠳᠦᠰᠦᠲᠡᠨ ᠤ   ᠺᠠᠳ᠋ᠷ ᠢ ᠤᠷᠢᠳᠠᠪᠠᠷ ᠲᠤᠬᠢᠷᠠᠭᠤᠯᠤᠨ᠎ᠠ᠃           ᠦᠨᠳᠦᠰᠦᠲᠡᠨ ᠤ ᠤᠷᠤᠨ ᠤ ᠦᠪᠡᠷᠲᠡᠭᠡᠨ ᠵᠠᠰᠬᠠᠤ ᠶᠢ ᠬᠡᠷᠡᠭᠵᠢᠭᠦᠯᠵᠦ ᠪᠠᠶᠢᠭ᠎ᠠ ᠦᠨᠳᠦᠰᠦᠳᠡᠨ ᠤ ᠬᠦᠮᠦᠨ ᠠᠮᠠ ᠲᠤᠰ   ᠭᠠᠵᠠᠷ ᠤᠷᠤᠨ ᠤ ᠶᠡᠷᠦᠩᠬᠡᠢ ᠬᠦᠮᠦᠨ ᠠᠮᠠ ᠶᠢᠨ 1/2 ᠪᠤᠶᠤ ᠳᠡᠭᠦᠨ ᠠᠴᠠ ᠲᠡᠭᠡᠭᠰᠢᠬᠢ ᠶᠢ ᠡᠵᠡᠯᠡᠵᠦ ᠪᠠᠶᠢᠪᠠᠯ᠂ ᠲᠠᠭᠦᠨ ᠤ ᠺᠠᠳ᠋ᠷ ᠤᠨ   ᠪᠦᠷᠢᠯᠲᠦᠯ ᠢ ᠲᠤᠰ ᠦᠨᠳᠦᠰᠦᠲᠡᠨ ᠤ ᠬᠦᠮᠦᠨ ᠠᠮᠠ ᠶᠢᠨ ᠬᠠᠷᠢᠴᠠᠯ ᠲᠠᠢ ᠠᠳᠠᠯᠢᠪᠲᠦᠷ ᠪᠠᠶᠢᠯᠭᠠᠨ᠎ᠠ︔ 1/2 ᠪᠤᠶᠤ ᠳᠡᠭᠦᠨ ᠠᠴᠠ   ᠴᠦᠬᠡᠨ ᠪᠠᠶᠢᠪᠠᠯ᠂ ᠶᠡᠷᠦ ᠳᠡᠭᠡᠨ ᠳᠣᠰ ᠦᠨᠳᠦᠰᠦᠲᠡᠨ ᠤ ᠬᠦᠮᠦᠨ ᠠᠮᠠ ᠶᠢᠨ ᠬᠠᠷᠢᠴᠠᠯ ᠠᠴᠠ ᠦᠨᠳᠦᠷ ᠪᠠᠶᠢᠯᠭᠠᠨ᠎ᠠ᠃                     ᠦᠨᠳᠦᠰᠦᠲᠡᠨ ᠤ ᠦᠪᠡᠷᠲᠡᠭᠡᠨ ᠵᠠᠰᠬᠠᠤ ᠭᠠᠵᠠᠷ ᠤᠷᠤᠨ ᠤ ᠦᠪᠡᠷᠲᠡᠭᠡᠨ   ᠵᠠᠰᠬᠠᠤ ᠪᠠᠶᠢᠭᠤᠯᠤᠯᠭ᠎ᠠ ᠶᠢᠨ ᠦᠪᠡᠷᠲᠡᠭᠡᠨ ᠵᠠᠰᠬᠠᠤ ᠡᠷᠬᠡ             1. ᠦᠨᠳᠦᠰᠦᠲᠡᠨ ᠤ ᠬᠠᠤᠯᠢ ᠲᠤᠬᠲᠠᠭᠠᠬᠤ ᠡᠷᠬᠡ᠃ ᠦᠨᠳᠦᠰᠦᠲᠡᠨ ᠤ ᠦᠪᠡᠷᠲᠡᠭᠡᠨ ᠵᠠᠰᠬᠠᠤ ᠭᠠᠵᠠᠷ ᠤᠷᠤᠨ ᠤ   ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠲᠤᠬᠠᠢ ᠶᠢᠨ ᠭᠠᠵᠠᠷ ᠤᠨ ᠤᠯᠤᠰ ᠲᠦᠷᠦ᠂ ᠠᠵᠦ ᠠᠬᠤᠢ ᠪᠠ ᠰᠤᠶᠤᠯ ᠤᠨ   ᠤᠨᠴᠠᠯᠢᠬ ᠢᠶᠠᠨ ᠦᠨᠳᠦᠰᠦᠯᠡᠨ᠂ ᠦᠪᠡᠷᠲᠡᠭᠡᠨ ᠵᠠᠰᠬᠠᠤ ᠲᠦᠷᠢᠮ ᠪᠠ ᠳ᠋ᠠᠩ ᠢᠶᠠᠷ ᠬᠡᠷᠡᠭᠵᠢᠭᠦᠯᠬᠦ ᠲᠦᠷᠢᠮ ᠲᠤᠬᠲᠠᠭᠠᠬᠤ ᠡᠷᠬᠡ ᠲᠠᠢ᠃   ᠦᠪᠡᠷᠲᠡᠭᠡᠨ ᠵᠠᠰᠬᠠᠤ ᠲᠦᠷᠢᠮ ᠳᠤ ᠳᠣᠰ ᠭᠠᠵᠠᠷ ᠤᠷᠤᠨ ᠦᠨᠳᠦᠰᠦᠲᠡᠨ ᠤ ᠤᠷᠤᠨ ᠤ ᠦᠪᠡᠷᠲᠡᠭᠡᠨ ᠵᠠᠰᠬᠠᠤ ᠶᠢ ᠬᠡᠷᠡᠭᠵᠢᠭᠦᠯᠬᠦ   ᠦᠨᠳᠦᠰᠦᠨ ᠠᠰᠠᠭᠤᠲᠠᠯ ᠢ ᠲᠤᠬᠲᠠᠭᠠᠨ᠎ᠠ︔ ᠳ᠋ᠠᠩ ᠢᠶᠠᠷ ᠬᠡᠷᠡᠭᠵᠢᠭᠦᠯᠬᠦ ᠲᠦᠷᠢᠮ ᠳᠤ ᠳᠣᠰ ᠭᠠᠵᠠᠷ ᠤᠷᠤᠨ ᠦᠨᠳᠦᠰᠦᠲᠡᠨ ᠤ   ᠤᠷᠤᠨ ᠤ ᠦᠪᠡᠷᠲᠡᠭᠡᠨ ᠵᠠᠰᠠᠬᠤ ᠶᠢ ᠬᠡᠷᠡᠭᠵᠢᠭᠦᠯᠬᠦ ᠶᠠᠮᠠᠷ ᠨᠢᠭᠡ ᠲᠠᠯ᠎ᠠ ᠶᠢᠨ ᠪᠤᠲᠠᠲᠠᠢ ᠤᠴᠢᠷ ᠶᠠᠪᠣᠳᠠᠯ ᠢ ᠲᠤᠬᠲᠠᠭᠠᠨ᠎ᠠ᠃   ᠦᠪᠡᠷᠲᠡᠭᠡᠨ ᠵᠠᠰᠬᠠᠤ ᠲᠦᠷᠢᠮ᠂ ᠳ᠋ᠠᠩ ᠢᠶᠠᠷ ᠬᠡᠷᠡᠭᠵᠢᠭᠦᠯᠬᠦ ᠳᠦᠷᠢᠮ ᠳᠤ ᠤᠯᠤᠰ ᠤᠨ ᠬᠠᠤᠯᠢ ᠴᠠᠭᠠᠵᠠ ᠪᠠ ᠲᠦᠷᠦ ᠶᠢᠨ   ᠪᠤᠳᠤᠯᠭ᠎ᠠ ᠶᠢ ᠵᠤᠬᠢᠴᠠᠭᠤᠯᠬᠤ ᠴᠢᠨᠠᠷᠲᠠᠢ ᠲᠤᠬᠲᠠᠭᠠᠯ ᠭᠠᠷᠭᠠᠵᠦ ᠪᠤᠯᠤᠨ᠎ᠠ᠃ ᠦᠪᠡᠷᠲᠡᠭᠡᠨ ᠵᠠᠰᠬᠠᠤ ᠤᠷᠤᠨ ᠤ ᠦᠪᠡᠷᠲᠡᠭᠡᠨ ᠵᠠᠰᠬᠠᠤ   ᠲᠦᠷᠢᠮ ᠪᠠ ᠳ᠋ᠠᠩ ᠢᠶᠠᠷ ᠬᠡᠷᠡᠭᠵᠢᠭᠦᠯᠬᠦ ᠲᠦᠷᠢᠮ ᠨᠢ᠂ ᠡᠷᠬᠡᠪᠰᠢ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ   ᠬᠤᠷᠠᠯ ᠤᠨ ᠪᠠᠶᠢᠩᠭᠤ ᠶᠢᠨ ᠬᠤᠷᠢᠶ᠎ᠠ ᠳᠤ ᠮᠡᠲᠡᠭᠦᠯᠦᠨ ᠵᠦᠪᠰᠢᠶᠡᠷᠡᠭᠦᠯᠦᠭᠰᠡᠨ ᠤ ᠳᠠᠷᠠᠭ᠎ᠠ ᠬᠦᠴᠦᠨ ᠲᠠᠢ ᠪᠤᠯᠤᠨ᠎ᠠ᠃ ᠦᠪᠡᠷᠲᠡᠭᠡᠨ   ᠵᠠᠰᠬᠠᠤ ᠵᠸᠦ᠂ ᠦᠪᠡᠷᠲᠡᠭᠡᠨ ᠵᠠᠰᠬᠠᠤ ᠰᠢᠶᠠᠨ ᠤ ᠦᠪᠡᠷᠲᠡᠭᠡᠨ ᠵᠠᠰᠠᠬᠤ ᠲᠦᠷᠢᠮ ᠪᠤᠯᠤᠨ ᠳ᠋ᠠᠩ ᠢᠶᠠᠷ ᠬᠡᠷᠡᠭᠵᠢᠭᠦᠯᠬᠦ ᠲᠦᠷᠢᠮ ᠨᠢ᠂   ᠡᠷᠬᠡᠪᠰᠢ ᠮᠤᠵᠢ ᠪᠤᠶᠤ ᠦᠪᠡᠷᠲᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ  ᠎ᠠ ᠳᠤ ᠮᠡᠲᠡᠭᠦᠯᠦᠨ ᠵᠦᠪᠰᠢᠶᠡᠷᠡᠭᠦᠯᠦᠭᠰᠡᠨ ᠤ ᠳᠠᠷᠠᠭ᠎ᠠ ᠬᠦᠴᠦᠨ ᠲᠠᠢ ᠪᠤᠯᠬᠤ ᠪᠦᠭᠡᠳ ᠪᠦᠬᠦ ᠤᠯᠤᠰ ᠤᠨ ᠠᠷᠠᠳ ᠤᠨ   ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ ᠎ᠠ ᠳᠤ ᠮᠡᠲᠡᠭᠦᠯᠦᠨ ᠲᠠᠩᠰᠠᠯᠠᠭᠤᠯᠤᠨ᠎ᠠ᠃             2. ᠵᠤᠬᠢᠴᠠᠭᠤᠯᠤᠨ ᠬᠡᠷᠡᠭᠵᠢᠭᠦᠯᠬᠦ ᠡᠷᠬᠡ᠃ ᠲᠡᠭᠡᠷ᠎ᠡ ᠱᠠᠲᠤᠨ ᠤ ᠲᠦᠷᠦ ᠶᠢᠨ ᠪᠠᠶᠢᠭᠤᠯᠤᠯᠭ᠎ᠠ ᠶᠢᠨ ᠰᠢᠢᠳᠪᠦᠷᠢ᠂ ᠲᠤᠬᠲᠠᠭᠠᠯ  ᠂ ᠵᠠᠷᠯᠢᠬ ᠪᠤᠶᠤ ᠵᠢᠭᠠᠪᠣᠷᠢ ᠨᠢ᠂ ᠬᠡᠷᠪᠡ ᠦᠨᠳᠦᠰᠦᠲᠡᠨ ᠤ ᠦᠪᠡᠷᠲᠡᠭᠡᠨ ᠵᠠᠰᠠᠬᠤ ᠭᠠᠵᠠᠷ ᠣᠷᠣᠨ ᠤ ᠪᠤᠲᠠᠲᠤ ᠪᠠᠶᠢᠲᠠᠯ ᠲᠠᠢ ᠨᠡᠶᠢᠴᠡᠬᠦ   ᠦᠭᠡᠢ ᠪᠤᠯ᠂ ᠦᠪᠡᠷᠲᠡᠭᠡᠨ ᠵᠠᠰᠬᠠᠤ ᠪᠠᠶᠢᠭᠤᠯᠤᠯᠭ᠎ᠠ ᠠᠴᠠ ᠲᠡᠭᠡᠷ᠎ᠡ ᠱᠠᠲᠤᠨ ᠤ ᠲᠦᠷᠦ ᠶᠢᠨ ᠪᠠᠶᠢᠭᠤᠯᠤᠯᠭ᠎ᠠ ᠳᠤ ᠮᠡᠳᠡᠭᠦᠯᠦᠨ   ᠵᠦᠪᠰᠢᠶᠡᠷᠡᠭᠦᠯᠦᠭᠰᠡᠨ ᠤ ᠳᠠᠷᠠᠭ᠎ᠠ᠂ ᠵᠤᠬᠢᠴᠠᠭᠤᠯᠤᠨ ᠬᠡᠷᠡᠭᠵᠢᠭᠦᠯᠬᠦ ᠪᠤᠶᠤ ᠬᠡᠷᠡᠭᠵᠢᠭᠦᠯᠬᠦ ᠪᠠᠨ ᠵᠤᠬᠰᠤᠭᠠᠵᠦ ᠪᠤᠯᠤᠨ᠎ᠠ᠃                 3. ᠡᠳ᠋ ᠤᠨ ᠵᠠᠰᠠᠭ ᠤᠨ ᠠᠵᠦ ᠠᠬᠤᠢ ᠶᠢᠨ ᠡᠵᠡᠨ ᠮᠡᠲᠡᠬᠦ ᠡᠷᠬᠡ᠃ ᠦᠨᠳᠦᠰᠦᠲᠡᠨ ᠤ ᠦᠪᠡᠷᠲᠡᠭᠡᠨ ᠵᠠᠰᠠᠬᠤ ᠭᠠᠵᠠᠷ   ᠤᠷᠤᠨ ᠤ ᠦᠪᠡᠷᠲᠡᠭᠡᠨ ᠵᠠᠰᠠᠬᠤ ᠪᠠᠶᠢᠭᠤᠯᠤᠯᠭ᠎ᠠ ᠨᠡᠯᠢᠶᠡᠳ ᠶᠡᠭᠡ ᠬᠡᠮᠵᠢᠶᠡᠨ ᠤ ᠡᠳ᠋ ᠤᠨ ᠵᠠᠰᠠᠭ ᠠᠵᠦ ᠠᠬᠤᠢ ᠶᠢᠨ ᠦᠪᠡᠷ ᠢᠶᠠᠨ   ᠡᠵᠡᠨ ᠮᠡᠲᠡᠬᠦ ᠡᠷᠬᠡ ᠲᠠᠢ ᠮᠦᠷᠲᠡᠭᠡᠨ ᠤᠯᠤᠰ ᠤᠨ ᠬᠠᠷᠠᠭᠠᠯᠵᠠᠯ ᠢ ᠬᠦᠷᠳᠡᠵᠦ ᠪᠤᠯᠤᠨ᠎ᠠ᠃ ᠤᠯᠤᠰ ᠤᠨ ᠲᠤᠬᠲᠠᠭᠠᠯ ᠶᠣᠰᠣᠭᠠᠷ   ᠦᠨᠳᠦᠰᠦᠲᠡᠨ ᠤ ᠦᠪᠡᠷᠲᠡᠭᠡᠨ ᠵᠠᠰᠬᠠᠤ ᠭᠠᠵᠠᠷ ᠤᠷᠤᠨ ᠳᠤ ᠬᠠᠷᠢᠶᠠᠯᠠᠭᠳᠠᠬᠤ ᠡᠳ᠋ ᠤᠨ ᠵᠠᠰᠠᠭ ᠤᠨ ᠤᠷᠤᠯᠭ᠎ᠠ ᠶᠢ ᠪᠦᠷ   ᠦᠨᠳᠦᠰᠦᠲᠡᠨ ᠤ ᠦᠪᠡᠷᠲᠡᠭᠡᠨ ᠵᠠᠰᠠᠬᠤ ᠭᠠᠵᠠᠷ ᠤᠷᠤᠨ ᠤ ᠦᠪᠡᠷᠲᠡᠭᠡᠨ ᠵᠠᠰᠠᠬᠤ ᠪᠠᠶᠢᠭᠤᠯᠤᠯᠭ᠎ᠠ ᠡᠵᠡᠨ ᠮᠡᠲᠡᠨ ᠲᠤᠬᠢᠷᠠᠭᠤᠯᠤᠨ   ᠬᠡᠷᠡᠭᠯᠡᠵᠦ ᠪᠤᠯᠤᠨ᠎ᠠ᠃ ᠦᠨᠳᠦᠰᠦᠲᠡᠨ ᠤ ᠦᠪᠡᠷᠲᠡᠭᠡᠨ ᠵᠠᠰᠬᠠᠤ ᠭᠠᠵᠠᠷ ᠤᠷᠤᠨ ᠤ ᠡᠳ᠋ ᠤᠨ ᠵᠠᠰᠠᠭ ᠤᠨ ᠤᠷᠤᠯᠭ᠎ᠠ ᠪᠤᠯᠤᠨ ᠡᠳ᠋ ᠤᠨ   ᠵᠠᠰᠠᠭ ᠤᠨ ᠵᠠᠷᠤᠯᠭ᠎ᠠ ᠶᠢᠨ ᠲᠦᠷᠦᠯ ᠵᠦᠢᠯ ᠢ᠂ ᠲᠦᠷᠦ ᠶᠢᠨ ᠶᠠᠪᠤᠲᠠᠯ ᠤᠨ ᠬᠤᠷᠢᠶ᠎ᠠ ᠠᠴᠠ ᠦᠨᠳᠦᠰᠦᠲᠡᠨ ᠤ ᠦᠪᠡᠷᠲᠡᠭᠡᠨ ᠵᠠᠰᠠᠬᠤ   ᠭᠠᠵᠠᠷ ᠤᠷᠤᠨ ᠢ ᠬᠠᠷᠠᠭᠠᠯᠵᠠᠬᠤ ᠵᠠᠷᠴᠢᠮ ᠢᠶᠠᠷ ᠲᠤᠬᠲᠠᠭᠠᠨ᠎ᠠ᠃ ᠦᠨᠳᠦᠰᠦᠲᠡᠨ ᠤ ᠦᠪᠡᠷᠲᠡᠭᠡᠨ ᠵᠠᠰᠬᠠᠤ ᠭᠠᠵᠠᠷ ᠤᠷᠤᠨ ᠤ ᠡᠳ᠋ ᠤᠨ   ᠵᠠᠰᠠᠭ ᠤᠨ ᠲᠦᠰᠦᠪ ᠤᠨ ᠵᠠᠷᠤᠯᠭ᠎ᠠ ᠶᠢ᠂ ᠤᠯᠤᠰ ᠤᠨ ᠲᠤᠬᠲᠠᠭᠠᠯ ᠶᠤᠰᠤᠭᠠᠷ᠂ ᠬᠦᠲᠡᠯᠦᠩᠬᠦᠢ ᠪᠡᠯᠡ ᠮᠦᠩᠬᠦ ᠲᠤᠬᠢᠷᠠᠭᠤᠯᠵᠦ᠂   ᠪᠡᠯᠡᠳᠬᠡᠯ ᠵᠠᠷᠣᠳᠠᠯ ᠤᠨ ᠲᠦᠰᠦᠪ ᠲᠠᠬᠢ ᠡᠵᠡᠯᠡᠬᠦ ᠬᠠᠷᠢᠴᠠᠯ ᠢ ᠨᠢ ᠡᠩ ᠤᠨ ᠭᠠᠵᠠᠷ ᠤᠷᠤᠨ ᠠᠴᠠ ᠦᠨᠳᠦᠷ ᠪᠠᠶᠢᠯᠭᠠᠨ᠎ᠠ᠃            4. ᠰᠤᠶᠤᠯ᠂ ᠦᠭᠡ ᠬᠡᠯᠡ ᠦᠰᠦᠭ ᠪᠢᠴᠢᠭ ᠤᠨ ᠡᠵᠡᠨ ᠮᠡᠲᠡᠬᠦ ᠡᠷᠬᠡ᠃ ᠦᠨᠳᠦᠰᠦᠲᠡᠨ ᠤ ᠦᠪᠡᠷᠲᠡᠭᠡᠨ ᠵᠠᠰᠠᠬᠤ ᠭᠠᠵᠠᠷ   ᠤᠷᠤᠨ ᠤ ᠦᠪᠡᠷᠲᠡᠭᠡᠨ ᠵᠠᠰᠬᠠᠤ ᠪᠠᠶᠢᠭᠤᠯᠤᠯᠭ᠎ᠠ ᠵᠤᠬᠢᠬᠤ ᠬᠡᠮᠵᠢᠶᠡᠨ ᠤ ᠰᠤᠶᠤᠯ ᠤᠨ ᠡᠵᠡᠨ ᠮᠡᠲᠡᠬᠦ ᠡᠷᠬᠡ ᠲᠠᠢ᠃ ᠦᠨᠳᠦᠰᠦᠲᠡᠨ ᠤ   ᠦᠪᠡᠷᠲᠡᠭᠡᠨ ᠵᠠᠰᠬᠠᠤ ᠭᠠᠵᠠᠷ ᠤᠷᠤᠨ ᠤ ᠦᠪᠡᠷᠲᠡᠭᠡᠨ ᠵᠠᠰᠠᠬᠤ ᠪᠠᠶᠢᠭᠤᠯᠤᠯᠭ᠎ᠠ ᠠᠯᠪᠠᠨ ᠶᠠᠪᠤᠲᠠᠯ ᠭᠦᠴᠡᠳᠭᠡᠬᠦ ᠳᠡᠭᠡᠨ᠂ ᠲᠤᠰ   ᠦᠨᠳᠦᠰᠦᠲᠡᠨ ᠤ ᠦᠪᠡᠷᠲᠡᠭᠡᠨ ᠵᠠᠰᠬᠠᠤ ᠭᠠᠵᠠᠷ ᠤᠷᠤᠨ ᠤ ᠦᠪᠡᠷᠲᠡᠭᠡᠨ ᠵᠠᠰᠠᠬᠤ ᠲᠦᠷᠢᠮ ᠳᠠᠬᠢ ᠲᠤᠬᠲᠠᠭᠠᠯ ᠶᠤᠰᠤᠭᠠᠷ᠂   ᠲᠤᠬᠠᠢ ᠶᠢᠨ ᠭᠠᠵᠠᠷ ᠲᠤ ᠨᠡᠶᠢᠲᠡᠮ ᠬᠡᠷᠡᠭᠯᠡᠵᠦ ᠪᠠᠶᠢᠭ᠎ᠠ ᠨᠢᠭᠡ ᠪᠤᠶᠤ ᠬᠡᠲᠦᠨ ᠵᠦᠢᠯ ᠤᠨ ᠦᠭᠡ ᠬᠡᠯᠡ ᠦᠰᠦᠭ ᠪᠢᠴᠢᠭ ᠢ ᠬᠡᠷᠡᠭᠯᠡᠨ᠎ᠡ᠃ ᠬᠡᠲᠦᠨ ᠵᠦᠢᠯ ᠤᠨ ᠨᠡᠶᠢᠲᠡᠮ ᠬᠡᠷᠡᠭᠯᠡᠵᠦ ᠪᠠᠶᠢᠭ᠎ᠠ ᠦᠭᠡ ᠬᠡᠯᠡ ᠦᠰᠦᠭ ᠪᠢᠴᠢᠭ ᠢᠶᠠᠷ ᠠᠯᠪᠠᠨ ᠶᠠᠪᠤᠲᠠᠯ ᠢᠶᠠᠨ ᠬᠦᠢᠴᠡᠳᠬᠡᠬᠦ ᠳᠡᠭᠡᠨ᠂   ᠤᠷᠤᠨ ᠤ ᠦᠪᠡᠷᠲᠡᠭᠡᠨ ᠵᠠᠰᠠᠬᠤ ᠶᠢ ᠬᠡᠷᠡᠭᠵᠢᠭᠦᠯᠵᠦ ᠪᠠᠶᠢᠭ᠎ᠠ ᠦᠨᠳᠦᠰᠦᠲᠡᠨ ᠤ ᠦᠭᠡ ᠬᠡᠯᠡ ᠦᠰᠦᠭ ᠪᠢᠴᠢᠭ ᠢᠶᠠᠷ ᠭᠤᠤᠯ ᠪᠤᠯᠭᠠᠵᠦ   ᠪᠤᠯᠤᠨ᠎ᠠ᠃           5. ᠲᠤᠲᠤᠭᠠᠲᠦ ᠶᠢ ᠬᠠᠮᠠᠭᠠᠯᠠᠬᠤ ᠴᠡᠷᠢᠭ ᠠᠩᠬᠢ ᠵᠤᠬᠢᠶᠠᠨ ᠪᠠᠶᠢᠭᠤᠯᠬᠤ ᠡᠷᠬᠡ᠃ ᠦᠨᠳᠦᠰᠦᠲᠡᠨ ᠤ ᠦᠪᠡᠷᠲᠡᠭᠡᠨ ᠵᠠᠰᠠᠬᠤ   ᠭᠠᠵᠠᠷ ᠤᠷᠤᠨ ᠤ ᠦᠪᠡᠷᠲᠡᠭᠡᠨ ᠵᠠᠰᠬᠠᠤ ᠪᠠᠶᠢᠭᠤᠯᠤᠯᠭ᠎ᠠ ᠤᠯᠤᠰ ᠤᠨ ᠴᠡᠷᠢᠭ ᠤᠨ ᠶᠠᠪᠤᠲᠠᠯ ᠤᠨ ᠲᠦᠷᠢᠮ ᠪᠠ ᠲᠤᠬᠠᠢ ᠶᠢᠨ   ᠭᠠᠵᠠᠷ ᠤᠨ ᠪᠤᠲᠠᠲᠤ ᠬᠡᠷᠡᠭᠴᠡᠭᠡ ᠪᠠᠨ ᠦᠨᠳᠦᠰᠦᠯᠡᠵᠦ᠂ ᠲᠦᠷᠦ ᠶᠢᠨ ᠶᠠᠪᠤᠲᠠᠯ ᠤᠨ ᠬᠤᠷᠢᠶ ᠎ᠠ ᠪᠠᠷ ᠵᠦᠪᠰᠢᠶᠡᠷᠡᠭᠦᠯᠦᠭᠰᠡᠨ ᠤ ᠳᠠᠷᠠᠭ᠎ᠠ᠂ ᠳᠣᠰ ᠭᠠᠵᠠᠷ ᠤᠷᠤᠨ ᠤ ᠪᠠᠨ ᠨᠡᠶᠢᠭᠡᠮ ᠤᠨ ᠠᠮᠤᠷ ᠲᠦᠪᠰᠢᠨ ᠢ ᠬᠠᠮᠠᠭᠠᠯᠠᠬᠤ ᠲᠤᠳᠤᠭᠠᠲᠦ ᠶᠢ ᠬᠠᠮᠠᠭᠠᠯᠠᠬᠤ ᠴᠡᠷᠢᠭ ᠠᠩᠬᠢ ᠵᠤᠬᠢᠶᠠᠨ   ᠪᠠᠶᠢᠭᠤᠯᠵᠦ ᠪᠤᠯᠤᠨ᠎ᠠ᠃           6. ᠴᠦᠬᠡᠨ ᠲᠤᠭᠠᠲᠦ ᠦᠨᠳᠦᠰᠦᠲᠡᠨ ᠤ ᠺᠠᠳ᠋ᠷ ᠢ ᠤᠷᠢᠳᠠᠪᠠᠷ ᠲᠤᠮᠢᠯᠠᠨ ᠬᠡᠷᠡᠭᠯᠡᠬᠦ ᠡᠷᠬᠡ᠃             ᠲᠤᠮᠲᠠᠲᠤ ᠤᠯᠤᠰ ᠤᠨ ᠦᠨᠳᠦᠰᠦᠲᠡᠨ ᠤ ᠤᠷᠤᠨ ᠤ ᠦᠪᠡᠷᠲᠡᠭᠡᠨ ᠵᠠᠰᠠᠬᠤ ᠪᠠᠶᠢᠭᠤᠯᠤᠯ ᠤᠨ ᠤᠨᠴᠠᠯᠢᠬ             ᠲᠤᠮᠲᠠᠲᠤ ᠤᠯᠤᠰ ᠤᠨ ᠦᠨᠳᠦᠰᠦᠲᠡᠨ ᠤ ᠤᠷᠤᠨ ᠤ ᠦᠪᠡᠷᠲᠡᠭᠡᠨ ᠵᠠᠰᠠᠬᠤ ᠪᠠᠶᠢᠭᠤᠯᠤᠯ ᠨᠢ ᠬᠤᠶᠠᠷ ᠳᠠᠯ᠎ᠠ ᠶᠢᠨ ᠢᠯᠡᠷᠬᠡᠢ   ᠤᠨᠴᠠᠯᠢᠬ ᠲᠠᠢ᠄ ᠨᠢᠭᠡ ᠨᠢ ᠲᠤᠮᠲᠠᠲᠤ ᠤᠯᠤᠰ ᠤᠨ ᠦᠨᠳᠦᠰᠦᠲᠡᠨ ᠤ ᠤᠷᠤᠨ ᠤ ᠦᠪᠡᠷᠲᠡᠭᠡᠨ ᠵᠠᠰᠬᠠᠤ ᠪᠣᠯ᠂ ᠤᠯᠤᠰ ᠤᠨ   ᠨᠢᠭᠡᠲᠦᠯᠲᠡᠢ ᠤᠳᠤᠷᠢᠳᠤᠯᠭ᠎ᠠ ᠲᠤᠤᠷᠠᠬᠢ ᠦᠪᠡᠷᠲᠡᠭᠡᠨ ᠵᠠᠰᠬᠠᠤ ᠪᠣᠯᠣᠨ᠎ᠠ᠂ ᠡᠯ᠎ᠡ ᠦᠨᠳᠦᠰᠦᠲᠡᠨ ᠤ ᠦᠪᠡᠷᠲᠡᠭᠡᠨ ᠵᠠᠰᠬᠠᠤ ᠭᠠᠵᠠᠷ   ᠤᠷᠤᠨ ᠴᠦᠮ ᠲᠤᠮᠲᠠᠲᠤ ᠤᠯᠤᠰ ᠤᠨ ᠰᠠᠯᠵᠦ ᠪᠤᠯᠤᠰᠢ ᠦᠭᠡᠢ ᠨᠢᠭᠡ ᠬᠡᠰᠡᠭ ᠪᠣᠯᠣᠨ᠎ᠠ᠂ ᠡᠯ᠎ᠡ ᠦᠨᠳᠦᠰᠦᠲᠡᠨ ᠤ ᠦᠪᠡᠷᠲᠡᠭᠡᠨ   ᠵᠠᠰᠠᠬᠤ ᠪᠠᠶᠢᠭᠤᠯᠤᠯᠭ᠎ᠠ ᠴᠦᠮ ᠲᠦᠪ ᠤᠨ ᠵᠠᠰᠠᠭ ᠤᠨ ᠤᠷᠳᠤᠨ ᠤ ᠤᠳᠤᠷᠢᠳᠤᠯᠭ᠎ᠠ ᠲᠤᠤᠷᠠᠬᠢ ᠨᠢᠭᠡᠲᠦᠭᠡᠷ ᠱᠠᠲᠤᠨ ᠤ ᠤᠷᠤᠨ   ᠨᠤᠳᠤᠬ ᠤᠨ ᠲᠦᠷᠦ ᠶᠢᠨ ᠡᠷᠬᠡ ᠪᠠᠶᠢᠵᠦ᠂ ᠪᠦᠷ ᠵᠠᠪᠠᠯ ᠲᠦᠪ ᠤᠨ ᠨᠢᠭᠡᠲᠦᠯᠲᠡᠢ ᠤᠳᠤᠷᠢᠳᠤᠯᠭ᠎ᠠ ᠶᠢ ᠲᠠᠭᠠᠬᠤ ᠬᠡᠷᠡᠭᠳᠡᠢ᠃   ᠬᠤᠶᠠᠷ ᠨᠢ ᠲᠤᠮᠲᠠᠲᠤ ᠤᠯᠤᠰ ᠤᠨ ᠦᠨᠳᠦᠰᠦᠲᠡᠨ ᠤ ᠤᠷᠤᠨ ᠤ ᠦᠪᠡᠷᠲᠡᠭᠡᠨ ᠵᠠᠰᠠᠬᠤ ᠨᠢ᠂ ᠳ᠋ᠠᠩ ᠭᠠᠭᠴᠠ ᠦᠨᠳᠦᠰᠦᠲᠡᠨ ᠤ   ᠦᠪᠡᠷᠲᠡᠭᠡᠨ ᠵᠠᠰᠬᠠᠤ ᠪᠤᠶᠤ ᠤᠷᠤᠨ ᠨᠤᠳᠤᠭ ᠤᠨ ᠦᠪᠡᠷᠲᠡᠭᠡᠨ ᠵᠠᠰᠬᠠᠤ ᠶᠠᠪᠣᠳᠠᠯ ᠪᠢᠰᠢ᠂ ᠬᠠᠷᠢᠨ ᠦᠨᠳᠦᠰᠦᠲᠡᠨ ᠤ ᠬᠦᠴᠦᠨ ᠵᠦᠢᠯ   ᠪᠤᠯᠤᠨ ᠤᠷᠤᠨ ᠪᠦᠰᠡ ᠶᠢᠨ ᠬᠦᠴᠦᠨ ᠵᠦᠢᠯ ᠤᠨ ᠤᠶᠠᠯᠳᠤᠯ ᠪᠣᠯᠣᠨ᠎ᠠ᠂ ᠤᠯᠤᠰ ᠲᠦᠷᠦ ᠶᠢᠨ ᠬᠦᠴᠦᠨ ᠵᠦᠢᠯ ᠪᠤᠯᠤᠨ ᠠᠵᠦ   ᠠᠬᠤᠢ ᠶᠢᠨ ᠬᠦᠴᠦᠨ ᠵᠦᠢᠯ ᠤᠨ ᠤᠶᠠᠯᠳᠤᠯ ᠪᠣᠯᠣᠨ᠎ᠠ᠃    
 
ᠢᠷᠡᠯᠲᠡ᠄ ᠰᠤᠨᠢᠨ
ᠨᠠᠶᠢᠷᠠᠭᠤᠯᠤᠭᠴᠢ᠄ ᠭᠤᠸᠠᠨ ᠴᠠᠩ ᠰᠢ
ᠣᠷᠴᠢᠭᠤᠯᠤᠭᠴᠢ᠄
   
ᠬᠤᠯᠪᠣᠭᠳᠠᠯ ᠪᠦᠬᠦᠢ ᠠᠭᠤᠯᠭ᠎ᠠ ᠶᠢᠨ ᠭᠠᠷᠴᠠᠭ
 
2014-2016 © ᠬᠠᠷᠢᠯᠴᠠᠬᠤ ᠤᠲᠠᠰᠤ᠄ 0471-6280741 ᠢᠮᠧᠯ᠄ nmgbute@163.com
ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠤᠷᠢᠭᠯᠠᠨ᠎ᠠ᠃
︽ᠬᠡᠷᠡᠭᠯᠡᠭᠡᠨ ᠤ ᠮᠡᠷᠭᠡᠵᠢᠯ ᠤᠨ ᠮᠤᠩᠭᠤᠯ ᠰᠦᠯᠵᠢᠶᠡᠨ ᠤ ᠬᠥᠯᠭᠡ︾ ᠦᠮᠴᠢᠯᠡᠯ ᠲᠠᠢ︕