| | ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ | ᠰᠢᠨᠵᠢᠯᠡᠬᠦ ᠤᠬᠠᠭᠠᠨ ᠮᠡᠷᠭᠡᠵᠢᠯ ᠤᠨ ᠲᠠᠪᠰᠢᠯᠳᠡ ᠶᠢᠨ ᠲᠦᠷᠢᠮ | | | | | ( 1996 ᠤᠨ ᠤ 6 ᠰᠠᠷ᠎ᠠ ᠶᠢᠨ 1 ᠤ ᠡᠳᠦᠷ ᠦᠪᠤᠷ ᠮᠤᠩᠭᠤᠯ ᠤᠨ ᠦᠪᠠᠷᠳᠡᠭᠡᠨ ᠵᠠᠰᠠᠬᠤ ᠤᠷᠤᠨ ᠤ | ᠨᠠᠢᠮᠠᠳᠤᠭᠠᠷ ᠬᠤᠭᠤᠴᠠᠭᠠᠨ ᠤ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ | ᠬᠤᠶᠠᠳᠤᠭᠠᠷ ᠬᠤᠷᠠᠯ ᠠᠴᠠ ᠪᠠᠳᠤᠯᠠᠵᠦ᠂ 2014 ᠤᠨ ᠤ 5 ᠰᠠᠷ᠎ᠠ ᠶᠢᠨ 9 ᠤ ᠡᠳᠦᠷ ᠦᠪᠤᠷ ᠮᠤᠩᠭᠤᠯ ᠤᠨ | ᠦᠪᠠᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ | ᠤᠨ ᠪᠠᠶᠢᠩᠭᠤ ᠶᠢᠨ ᠬᠤᠷᠢᠶ᠎ᠠ ᠶᠢᠨ ᠠᠷᠪᠠᠳᠤᠭᠠᠷ ᠬᠤᠷᠠᠯ ᠠᠴᠠ ᠵᠠᠰᠠᠪᠤᠷᠢ ᠤᠷᠤᠭᠤᠯᠪᠠ︶ | ᠨᠢᠭᠡᠳᠦᠭᠡᠷ ᠪᠦᠯᠦᠭ ᠶᠡᠷᠦᠩᠬᠡᠢ ᠲᠦᠷᠢᠮ | ᠨᠢᠭᠡᠳᠦᠭᠡᠷ ᠵᠦᠢᠯ ᠰᠢᠨᠵᠢᠯᠡᠬᠦ ᠣᠬᠠᠭᠠᠨ ᠮᠡᠷᠭᠡᠵᠢᠯ ᠤᠨ ᠳᠠᠪᠰᠢᠯᠲᠠ ᠶᠢ ᠲᠦᠷᠬᠡᠳᠬᠡᠵᠣ᠂ ᠪᠡᠶ᠎ᠡ ᠪᠠᠨ ᠳᠠᠭᠠᠭᠠᠵᠣ | ᠰᠢᠨ᠎ᠡ ᠶᠢ ᠡᠬᠦᠳᠬᠦ ᠴᠢᠳᠠᠪᠦᠷᠢ ᠶᠢ ᠳᠡᠭᠡᠭᠰᠢᠯᠡᠬᠦᠯᠦᠨ᠂ ᠰᠢᠨᠵᠢᠯᠡᠬᠦ ᠣᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠪᠣᠲᠠᠲᠣ | ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠬᠤ ᠶᠢ ᠲᠦᠯᠬᠢᠨ ᠠᠬᠢᠭᠤᠯᠵᠣ᠂ ᠰᠢᠨ᠎ᠡ ᠶᠢ ᠡᠬᠦᠳᠬᠦ ᠪᠠᠷ ᠬᠦᠳᠡᠯᠬᠡᠬᠦ | ᠬᠦᠴᠦᠨ ᠪᠣᠯᠭᠠᠭᠰᠠᠨ ᠬᠦᠭᠵᠢᠯᠲᠡ ᠶᠢ ᠪᠡᠶᠡᠯᠡᠬᠦᠯᠬᠦ ᠶᠢᠨ ᠲᠦᠯᠦᠭᠡ᠂ ︽ᠪᠦᠬᠦᠲᠡ ᠨᠠᠶᠢᠷᠠᠮᠳᠠᠬᠤ ᠲᠣᠮᠲᠠᠲᠣ ᠠᠷᠠᠳ | ᠣᠯᠣᠰ ᠤᠨ ᠰᠢᠨᠵᠢᠯᠡᠬᠦ ᠣᠬᠠᠭᠠᠨ ᠮᠡᠷᠭᠡᠵᠢᠯ ᠤᠨ ᠳᠠᠪᠰᠢᠯᠲᠠ ᠶᠢᠨ ᠬᠠᠣᠯᠢ︾ ᠶᠢ ᠦᠨᠳᠦᠰᠦᠯᠡᠨ᠂ ᠦᠪᠡᠷᠲᠡᠭᠡᠨ ᠵᠠᠰᠠᠬᠤ | ᠣᠷᠣᠨ ᠤ ᠪᠣᠲᠠᠲᠣ ᠪᠠᠶᠢᠳᠠᠯ ᠲᠠᠢ ᠪᠠᠨ ᠣᠶᠠᠯᠳᠣᠭᠤᠯᠵᠣ᠂ ᠲᠣᠰ ᠳᠦᠷᠢᠮ ᠢ ᠲᠣᠭᠲᠠᠭᠠᠪᠠ᠃ | ᠬᠤᠶᠠᠳᠤᠭᠠᠷ ᠵᠦᠢᠯ ᠦᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠲᠣᠲᠣᠷ᠎ᠠ ᠰᠢᠨᠵᠢᠯᠡᠬᠦ | ᠣᠬᠠᠭᠠᠨ ᠮᠡᠷᠭᠡᠵᠢᠯ ᠤᠨ ᠰᠣᠳᠣᠯᠭᠠᠨ ᠬᠢᠭᠡᠳ ᠨᠡᠭᠡᠭᠡᠯᠲᠡ᠂ ᠰᠢᠨᠵᠢᠯᠡᠬᠦ ᠣᠬᠠᠭᠠᠨ ᠮᠡᠷᠭᠡᠵᠢᠯ ᠤᠨ ᠬᠡᠷᠡᠭᠯᠡᠭᠡ ᠬᠢᠭᠡᠳ | ᠲᠦᠭᠡᠮᠡᠯᠵᠢᠬᠦᠯᠦᠯ ᠪᠠ ᠰᠢᠨᠵᠢᠯᠡᠬᠦ ᠣᠬᠠᠭᠠᠨ ᠮᠡᠷᠭᠡᠵᠢᠯ ᠤᠨ ᠬᠦᠭᠵᠢᠯᠲᠡ ᠬᠢᠭᠡᠳ ᠪᠠᠲᠣᠯᠠᠭ᠎ᠠ ᠵᠡᠷᠭᠡ ᠠᠵᠢᠯᠯᠠᠭ᠎ᠠ ᠶᠢ | ᠡᠷᠬᠢᠯᠡᠬᠦ ᠳᠤ᠂ ᠲᠣᠰ ᠳᠦᠷᠢᠮ ᠢ ᠬᠡᠷᠡᠭᠯᠡᠨ᠎ᠡ᠃ | ᠭᠤᠷᠪᠠᠳᠤᠭᠠᠷ ᠵᠦᠢᠯ ᠰᠢᠨᠵᠢᠯᠡᠬᠦ ᠣᠬᠠᠭᠠᠨ ᠮᠡᠷᠭᠡᠵᠢᠯ ᠤᠨ ᠠᠵᠢᠯ ᠨᠢ ᠪᠡᠶ᠎ᠡ ᠪᠠᠨ ᠳᠠᠭᠠᠭᠠᠵᠣ ᠰᠢᠨ᠎ᠡ ᠶᠢ ᠡᠬᠦᠳᠬᠦ᠂ | ᠭᠤᠣᠯᠳᠠᠯᠭ᠎ᠠ ᠲᠠᠢ ᠰᠢᠪᠳᠣᠯᠣᠯᠳᠠ ᠬᠢᠬᠦ᠂ ᠬᠦᠭᠵᠢᠯᠲᠡ ᠶᠢ ᠲᠣᠯᠭᠠᠭᠤᠷᠢᠯᠠᠬᠤ᠂ ᠢᠷᠡᠭᠡᠳᠦᠢ ᠲᠡᠰᠢ ᠬᠦᠲᠦᠯᠦᠨ | ᠵᠢᠯᠣᠭᠤᠳᠬᠤ ᠴᠢᠭᠯᠡᠯᠲᠡ ᠶᠢ ᠵᠢᠷᠣᠮᠯᠠᠨ᠂ ᠦᠪᠡᠷᠲᠡᠭᠡᠨ ᠵᠠᠰᠠᠬᠤ ᠣᠷᠣᠨ ᠤ ᠠᠵᠣ ᠦᠢᠯᠡᠰ ᠤᠨ ᠣᠨᠴᠠᠯᠢᠭ ᠲᠠᠢ ᠣᠷᠣᠨ | ᠨᠣᠳᠤᠭ ᠤᠨ ᠰᠢᠨ᠎ᠡ ᠶᠢ ᠡᠭᠦᠳᠬᠦ ᠰᠢᠰᠲ᠋ᠧᠮ ᠢ ᠪᠠᠶᠢᠭᠤᠯᠬᠤ ᠬᠡᠷᠡᠭᠲᠠᠢ᠃ | ᠲᠥᠷᠪᠡᠳᠦᠭᠡᠷ ᠵᠦᠢᠯ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠦᠪᠡᠷᠲᠡᠭᠡᠨ ᠵᠠᠰᠠᠬᠤ | ᠣᠷᠣᠨ ᠤ ᠰᠢᠨᠵᠢᠯᠡᠬᠦ ᠣᠬᠠᠭᠠᠨ ᠮᠡᠷᠭᠡᠵᠢᠯ ᠤᠨ ᠬᠦᠭᠵᠢᠯᠲᠡ ᠶᠢᠨ ᠲᠦᠯᠦᠪᠵᠢᠬᠦᠯᠬᠡ ᠶᠢ ᠲᠣᠭᠲᠠᠭᠠᠵᠣ᠂ ᠰᠢᠨᠵᠢᠯᠡᠬᠦ | ᠣᠬᠠᠭᠠᠨ ᠮᠡᠷᠭᠡᠵᠢᠯ ᠤᠨ ᠴᠢᠬᠤᠯᠠ ᠶᠡᠭᠡ ᠲᠦᠷᠦᠯ ᠵᠦᠢᠯ᠂ ᠰᠢᠨᠵᠢᠯᠡᠬᠦ ᠣᠬᠠᠭᠠᠨ ᠮᠡᠷᠭᠡᠵᠢᠯ ᠲᠠᠢ ᠨᠢᠭᠲᠠ ᠬᠤᠯᠪᠣᠭ᠎ᠠ ᠲᠠᠢ | ᠴᠢᠬᠤᠯᠠ ᠶᠡᠭᠡ ᠲᠦᠷᠦᠯ ᠵᠦᠢᠯ ᠢ ᠲᠣᠭᠲᠠᠭᠠᠵᠣ᠂ ᠰᠢᠨᠵᠢᠯᠡᠬᠦ ᠣᠬᠠᠭᠠᠨ ᠮᠡᠷᠭᠡᠵᠢᠯ ᠤᠨ ᠲᠠᠪᠰᠢᠯᠲᠠ᠂ ᠠᠵᠣ ᠠᠬᠤᠢ ᠶᠢᠨ | ᠪᠦᠲᠦᠭᠡᠨ ᠪᠠᠶᠢᠭᠤᠯᠣᠯᠲᠠ ᠪᠠ ᠨᠡᠶᠢᠭᠡᠮ ᠤᠨ ᠬᠦᠭᠵᠢᠯᠲᠡ ᠲᠠᠢ ᠬᠠᠷᠢᠯᠴᠠᠨ ᠵᠣᠬᠢᠴᠠᠬᠤ ᠶᠢ ᠪᠠᠲᠣᠯᠠᠬᠤ ᠬᠡᠷᠡᠭᠲᠠᠢ᠃ | | ᠬᠤᠰᠢᠭᠤ ᠰᠢᠶᠠᠨ ᠤ ᠱᠠᠲᠣᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠰᠢᠨᠵᠢᠯᠡᠬᠦ ᠣᠬᠠᠭᠠᠨ | ᠮᠡᠷᠭᠡᠵᠢᠯ ᠤᠨ ᠳᠠᠪᠰᠢᠯᠲᠠ ᠶᠢᠨ ᠠᠵᠢᠯ ᠢ ᠣᠯᠣᠰ ᠠᠷᠠᠳ ᠤᠨ ᠠᠵᠣ ᠠᠬᠤᠢ ᠪᠠ ᠨᠡᠶᠢᠭᠡᠮ ᠤᠨ ᠬᠦᠭᠵᠢᠯᠲᠡ ᠶᠢᠨ | ᠲᠦᠯᠦᠪᠵᠢᠬᠦᠯᠬᠡ ᠳᠡᠭᠡᠨ ᠣᠷᠣᠭᠤᠯᠵᠣ᠂ ᠰᠢᠨᠵᠢᠯᠡᠬᠦ ᠣᠬᠠᠭᠠᠨ ᠮᠡᠷᠭᠡᠵᠢᠯ ᠤᠨ ᠳᠠᠪᠰᠢᠯᠲᠠ ᠶᠢ ᠲᠦᠯᠬᠢᠨ ᠠᠬᠢᠭᠤᠯᠬᠤ | ᠬᠡᠷᠡᠭᠲᠠᠢ᠃ | ᠲᠠᠪᠤᠳᠤᠭᠠᠷ ᠵᠦᠢᠯ ᠬᠤᠰᠢᠭᠤ ᠰᠢᠶᠠᠨ ᠤ ᠱᠠᠲᠣᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠰᠢᠨᠵᠢᠯᠡᠬᠦ ᠣᠬᠠᠭᠠᠨ ᠮᠡᠷᠭᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠵᠠᠰᠠᠭ ᠵᠠᠬᠢᠷᠭᠠᠨ ᠤ ᠣᠷᠣᠨ ᠤ ᠪᠠᠨ | ᠳᠣᠳᠣᠷᠠᠬᠢ ᠰᠢᠨᠵᠢᠯᠡᠬᠦ ᠣᠬᠠᠭᠠᠨ ᠮᠡᠷᠭᠡᠵᠢᠯ ᠤᠨ ᠳᠠᠪᠰᠢᠯᠲᠠ ᠶᠢᠨ ᠠᠵᠢᠯ ᠢ ᠬᠠᠷᠢᠭᠤᠴᠠᠨ᠎ᠠ᠃ | ᠬᠤᠰᠢᠭᠤ ᠰᠢᠶᠠᠨ ᠤ ᠱᠠᠲᠣᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠪᠣᠰᠣᠳ ᠬᠤᠯᠪᠣᠭᠳᠠᠯ | ᠪᠦᠬᠦᠢ ᠰᠠᠯᠠᠭ᠎ᠠ ᠮᠦᠴᠢᠷ ᠲᠣᠰ ᠲᠣᠰ ᠤᠨ ᠲᠣᠰᠢᠶᠠᠯ ᠬᠠᠷᠢᠭᠤᠴᠠᠯᠭ᠎ᠠ ᠶᠢᠨ ᠬᠡᠪᠴᠢᠶᠠᠨ ᠲᠣᠲᠣᠷ᠎ᠠ ᠪᠠᠨ ᠰᠢᠨᠵᠢᠯᠡᠬᠦ | ᠣᠬᠠᠭᠠᠨ ᠮᠡᠷᠭᠡᠵᠢᠯ ᠤᠨ ᠳᠠᠪᠰᠢᠯᠲᠠ ᠲᠠᠢ ᠬᠤᠯᠪᠣᠭᠳᠠᠬᠤ ᠠᠵᠢᠯ ᠢ ᠬᠠᠷᠢᠭᠤᠴᠠᠨ᠎ᠠ᠃ | ᠵᠢᠷᠭᠤᠳᠤᠭᠠᠷ ᠵᠦᠢᠯ ᠠᠯᠪᠠᠨ ᠪᠠᠶᠢᠭᠤᠯᠣᠯᠭ᠎ᠠ᠂ ᠠᠵᠣ ᠠᠬᠤᠶᠢᠯᠠᠯ ᠠᠵᠢᠯ ᠦᠢᠯᠡᠰ ᠤᠨ ᠵᠣᠬᠢᠶᠠᠨ ᠪᠠᠶᠢᠭᠤᠯᠣᠯᠲᠠ᠂ | ᠨᠡᠶᠢᠭᠡᠮ ᠤᠨ ᠪᠦᠯᠬᠦᠮ ᠪᠠ ᠠᠷᠠᠳ ᠢᠷᠭᠡᠳ ᠤᠨ ᠰᠢᠨᠵᠢᠯᠡᠬᠦ ᠣᠬᠠᠭᠠᠨ ᠮᠡᠷᠭᠡᠵᠢᠯ ᠤᠨ ᠳᠠᠪᠰᠢᠯᠲᠠ ᠶᠢᠨ ᠠᠵᠢᠯᠯᠠᠭ᠎ᠠ ᠳᠤ | ᠣᠷᠣᠯᠴᠠᠬᠤ ᠪᠠ ᠳᠡᠮᠵᠢᠬᠦ ᠶᠢ ᠵᠣᠷᠢᠬᠵᠢᠭᠤᠯᠣᠨ᠎ᠠ᠃ | ᠬᠢᠯᠢ ᠶᠢᠨ ᠲᠣᠲᠣᠭᠠᠲᠣ ᠭᠠᠳᠠᠭᠠᠲᠣ ᠶᠢᠨ ᠵᠣᠬᠢᠶᠠᠨ ᠪᠠᠶᠢᠭᠤᠯᠣᠯᠲᠠ ᠪᠣᠶᠣ ᠬᠤᠪᠢ ᠬᠦᠮᠦᠨ ᠡᠯ᠎ᠡ ᠲᠦᠷᠦᠯ ᠤᠨ | ᠰᠢᠨᠵᠢᠯᠡᠬᠦ ᠣᠬᠠᠭᠠᠨ ᠤ ᠰᠠᠭᠤᠷᠢ ᠮᠦᠩᠬᠦ ᠪᠠᠶᠢᠭᠤᠯᠬᠤ ᠶᠢ ᠵᠣᠷᠢᠬᠵᠢᠭᠤᠯᠵᠣ᠂ ᠰᠢᠨᠵᠢᠯᠡᠬᠦ ᠣᠬᠠᠭᠠᠨ ᠤ ᠰᠣᠳᠣᠯᠭᠠᠨ᠂ | ᠮᠡᠷᠭᠡᠵᠢᠯ ᠤᠨ ᠨᠡᠭᠡᠭᠡᠯᠲᠡ᠂ ᠰᠢᠨᠵᠢᠯᠡᠬᠦ ᠣᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠳᠡᠯᠭᠡᠷᠡᠬᠦᠯᠦᠨ ᠬᠡᠷᠡᠭᠯᠡᠬᠦ᠂ ᠰᠢᠯᠢᠳᠡᠭ | ᠰᠢᠨᠵᠢᠯᠡᠬᠦ ᠣᠬᠠᠭᠠᠨ ᠮᠡᠷᠭᠡᠵᠢᠯ ᠤᠨ ᠬᠡᠪᠯᠡᠭᠳᠡᠬᠦᠨ ᠢ ᠬᠡᠪᠯᠡᠬᠦ ᠵᠢᠴᠢ ᠰᠢᠨᠵᠢᠯᠡᠬᠦ ᠣᠬᠠᠭᠠᠨ ᠮᠡᠷᠭᠡᠵᠢᠯ ᠤᠨ ᠴᠢᠳᠠᠪᠦᠷᠢᠲᠠᠨ ᠢ | ᠱᠠᠩᠨᠠᠨ ᠬᠦᠬᠢᠬᠦᠯᠬᠦ ᠳᠤ ᠬᠡᠷᠡᠭᠯᠡᠨ᠎ᠡ᠃ | ᠲᠤᠯᠤᠳᠤᠭᠠᠷ ᠵᠦᠢᠯ ᠬᠤᠰᠢᠭᠤ ᠰᠢᠶᠠᠨ ᠤ ᠱᠠᠲᠣᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠰᠢᠨᠵᠢᠯᠡᠬᠦ | ᠣᠬᠠᠭᠠᠨ ᠮᠡᠷᠭᠡᠵᠢᠯ ᠤᠨ ᠳᠠᠪᠰᠢᠯᠳᠠ ᠶᠢ ᠱᠠᠩᠨᠠᠨ ᠬᠦᠬᠢᠬᠦᠯᠬᠦ ᠶᠢ ᠬᠢᠨᠠᠨ ᠲᠣᠭᠲᠠᠭᠠᠬᠤ ᠰᠢᠰᠲ᠋ᠧᠮ ᠳᠤ ᠦᠭᠡᠷᠡᠴᠢᠯᠡᠯᠲᠡ | ᠬᠢᠵᠣ ᠲᠡᠬᠦᠯᠳᠡᠷᠵᠢᠬᠦᠯᠦᠨ᠂ ᠰᠢᠨᠵᠢᠯᠡᠬᠦ ᠣᠬᠠᠭᠠᠨ ᠮᠡᠷᠭᠡᠵᠢᠯ ᠤᠨ ᠳᠠᠪᠰᠢᠯᠲᠠ ᠶᠢᠨ ᠠᠵᠢᠯᠯᠠᠭ᠎ᠠ ᠳᠤ ᠴᠢᠬᠤᠯᠠ ᠬᠤᠪᠢ | ᠨᠡᠮᠡᠷᠢ ᠲᠠᠢ ᠵᠣᠬᠢᠶᠠᠨ ᠪᠠᠶᠢᠭᠤᠯᠣᠯᠲᠠ ᠪᠠ ᠬᠤᠪᠢ ᠬᠦᠮᠦᠨ ᠢ ᠬᠦᠬᠢᠭᠦᠯᠦᠨ ᠰᠠᠶᠢᠰᠢᠶᠠᠬᠤ ᠬᠡᠷᠡᠭᠲᠠᠢ᠃ | ᠬᠤᠶᠠᠳᠤᠭᠠᠷ ᠪᠦᠯᠦᠭ ᠰᠢᠨᠵᠢᠯᠡᠬᠦ ᠣᠬᠠᠭᠠᠨ ᠮᠡᠷᠭᠡᠵᠢᠯ ᠤᠨ ᠰᠢᠨ᠎ᠡ ᠶᠢ ᠡᠬᠦᠳᠬᠦ ᠠᠵᠢᠯᠯᠠᠭ᠎ᠠ | ᠨᠠᠢᠮᠠᠳᠤᠭᠠᠷ ᠵᠦᠢᠯ ᠦᠪᠡᠷᠲᠡᠭᠡᠨ ᠵᠠᠰᠠᠬᠤ ᠣᠷᠣᠨ ᠪᠠᠶᠢᠭᠠᠯᠢ ᠶᠢᠨ ᠰᠢᠨᠵᠢᠯᠡᠬᠦ ᠣᠬᠠᠭᠠᠨ ᠤ ᠰᠠᠭᠤᠷᠢ ᠮᠦᠩᠬᠦ | ᠭᠠᠷᠭᠠᠵᠣ᠂ ᠰᠠᠭᠤᠷᠢ ᠰᠣᠳᠣᠯᠭᠠᠨ ᠪᠠ ᠬᠡᠷᠡᠭᠯᠡᠭᠡᠨ ᠤ ᠰᠠᠭᠤᠷᠢ ᠰᠣᠳᠣᠯᠭᠠᠨ ᠢ ᠳᠡᠮᠵᠢᠵᠦ᠂ ᠰᠢᠨᠵᠢᠯᠡᠬᠦ ᠣᠬᠠᠭᠠᠨ | ᠮᠡᠷᠭᠡᠵᠢᠯ ᠤᠨ ᠴᠢᠳᠠᠪᠦᠷᠢᠲᠠᠨ ᠢ ᠬᠦᠮᠦᠵᠢᠬᠦᠯᠦᠨ᠎ᠡ᠃ | ᠦᠪᠡᠷᠲᠡᠭᠡᠨ ᠵᠠᠰᠠᠬᠤ ᠣᠷᠣᠨ ᠬᠡᠷᠡᠭᠯᠡᠭᠡᠨ ᠤ ᠮᠡᠷᠭᠡᠵᠢᠯ ᠤᠨ ᠰᠣᠳᠣᠯᠭᠠᠨ ᠬᠢᠭᠡᠳ ᠨᠡᠭᠡᠭᠡᠯᠲᠠ ᠶᠢᠨ ᠪᠡᠯᠡ ᠮᠦᠩᠬᠦ᠂ | ᠰᠢᠨᠵᠢᠯᠡᠬᠦ ᠣᠬᠠᠭᠠᠨ ᠮᠡᠷᠭᠡᠵᠢᠯ ᠤᠨ ᠴᠢᠬᠤᠯᠠ ᠶᠡᠭᠡ ᠲᠣᠰᠬᠠᠢ ᠲᠦᠷᠦᠯ ᠤᠨ ᠪᠡᠯᠡ ᠮᠦᠩᠬᠦ᠂ ᠰᠢᠨᠵᠢᠯᠡᠬᠦ ᠣᠬᠠᠭᠠᠨ | ᠮᠡᠷᠭᠡᠵᠢᠯ ᠤᠨ ᠰᠢᠨ᠎ᠡ ᠶᠢ ᠡᠬᠦᠳᠬᠦ ᠵᠢᠯᠣᠭᠤᠳᠣᠮᠵᠢ ᠶᠢᠨ ᠱᠠᠩᠨᠠᠯ ᠬᠦᠬᠢᠬᠦᠯᠦᠯ ᠤᠨ ᠪᠡᠯᠡ ᠮᠦᠩᠬᠦ ᠵᠡᠷᠭᠡ ᠲᠣᠰᠬᠠᠢ | ᠲᠦᠷᠦᠯ ᠤᠨ ᠪᠡᠯᠡ ᠮᠦᠩᠬᠦ ᠭᠠᠷᠭᠠᠵᠣ᠂ ᠰᠢᠨᠵᠢᠯᠡᠬᠦ ᠣᠬᠠᠭᠠᠨ ᠮᠡᠷᠭᠡᠵᠢᠯ ᠤᠨ ᠰᠣᠳᠣᠯᠭᠠᠨ᠂ ᠨᠡᠭᠡᠭᠡᠯᠲᠠ ᠵᠢᠴᠢ ᠠᠵᠣ | ᠦᠢᠯᠡᠳᠪᠦᠷᠢᠵᠢᠯᠲᠡ ᠶᠢᠨ ᠵᠢᠱᠢᠶ᠎ᠡ ᠦᠵᠡᠬᠦᠯᠬᠦ ᠰᠢᠰᠲ᠋ᠧᠮ ᠤᠨ ᠳᠡᠪᠴᠠᠩ ᠤᠨ ᠪᠠᠶᠢᠭᠤᠯᠣᠯᠲᠠ ᠶᠢ ᠳᠡᠮᠵᠢᠨ᠎ᠡ᠃ | ᠶᠢᠰᠦᠳᠦᠭᠡᠷ ᠵᠦᠢᠯ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠵᠠᠬᠢᠷᠭ᠎ᠠ | ᠂ ᠲᠣᠭᠤᠷᠢᠭ ᠲᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠦᠴᠢᠷ | ᠵᠦᠬᠡᠯᠡᠨ ᠰᠢᠨᠵᠢᠯᠡᠬᠦ ᠣᠬᠠᠭᠠᠨ ᠤ ᠰᠣᠳᠣᠯᠭᠠᠨ ᠤ ᠲᠦᠷᠦᠯ ᠵᠦᠢᠯ ᠢ ᠪᠠᠶᠢᠭᠤᠯᠵᠣ᠂ ᠪᠠᠶᠢᠯᠳᠣᠬᠤ ᠪᠣᠳᠣᠯᠭ᠎ᠠ ᠶᠢᠨ | ᠲᠦᠯᠦᠪᠵᠢᠬᠦᠯᠭᠡ᠂ ᠲᠦᠷᠦ ᠶᠢᠨ ᠪᠣᠳᠣᠯᠭ᠎ᠠ ᠬᠠᠣᠯᠢ ᠲᠣᠭᠲᠠᠭᠠᠯ ᠵᠡᠷᠭᠡ ᠲᠠᠯ᠎ᠠ ᠶᠢᠨ ᠵᠦᠬᠡᠯᠡᠨ ᠰᠢᠨᠵᠢᠯᠡᠬᠦ ᠣᠬᠠᠭᠠᠨ ᠤ | ᠰᠣᠳᠣᠯᠭᠠᠨ ᠦᠷᠨᠢᠬᠦᠯᠬᠦ ᠶᠢ ᠳᠡᠮᠵᠢᠵᠣ᠂ ᠪᠠᠶᠢᠭᠠᠯᠢ ᠶᠢᠨ ᠰᠢᠨᠵᠢᠯᠡᠬᠦ ᠣᠬᠠᠭᠠᠨ ᠬᠢᠭᠡᠳ ᠬᠦᠮᠦᠨ ᠨᠡᠶᠢᠭᠡᠮ ᠤᠨ ᠰᠢᠨᠵᠢᠯᠡᠬᠦ | ᠣᠬᠠᠭᠠᠨ ᠤ ᠰᠣᠯᠪᠢᠴᠠᠨ ᠣᠶᠠᠯᠳᠣᠬᠤ ᠶᠢ ᠠᠬᠢᠭᠤᠯᠵᠣ ᠂ ᠰᠢᠨᠵᠢᠯᠡᠬᠦ ᠣᠬᠠᠭᠠᠨᠴᠢ ᠪᠠᠷ ᠰᠢᠢᠳᠪᠦᠷᠢᠲᠣ ᠪᠣᠳᠣᠯᠭ᠎ᠠ | ᠲᠣᠭᠲᠠᠭᠠᠬᠤ ᠳᠤ ᠣᠨᠣᠯ ᠪᠣᠯᠣᠨ ᠠᠷᠭ᠎ᠠ ᠪᠣᠳᠣᠯᠭ᠎ᠠ ᠬᠠᠩᠭᠠᠬᠤ ᠬᠡᠷᠡᠭᠲᠠᠢ᠃ | ᠠᠷᠪᠠᠳᠤᠭᠠᠷ ᠵᠦᠢᠯ ᠦᠪᠡᠷᠲᠡᠭᠡᠨ ᠵᠠᠰᠠᠬᠤ ᠣᠷᠣᠨ ᠠᠴᠠ ᠳᠡᠭᠡᠲᠦ ᠰᠢᠨ᠎ᠡ ᠮᠡᠷᠬᠡᠵᠢᠯ ᠤᠨ ᠰᠣᠳᠣᠯᠭᠠᠨ ᠪᠠ ᠳᠡᠭᠡᠲᠦ | ᠰᠢᠨ᠎ᠡ ᠮᠡᠷᠭᠡᠵᠢᠯ ᠢ ᠠᠵᠣ ᠦᠢᠯᠡᠰᠵᠢᠭᠦᠯᠦᠨ ᠨᠡᠭᠡᠭᠡᠯᠲᠡ ᠬᠢᠬᠦ ᠶᠢ ᠵᠣᠷᠢᠬᠵᠢᠭᠤᠯᠬᠤ ᠪᠠ ᠲᠡᠮᠵᠢᠵᠣ᠂ ᠳᠡᠭᠡᠲᠦ ᠰᠢᠨ᠎ᠡ | ᠮᠡᠷᠭᠡᠵᠢᠯ ᠢᠶᠠᠷ ᠣᠯᠠᠮᠵᠢᠯᠠᠯᠲᠦ ᠠᠵᠣ ᠦᠢᠯᠡᠰ ᠢ ᠦᠭᠡᠷᠡᠴᠢᠯᠡᠵᠣ᠂ ᠪᠠᠶᠢᠯᠳᠣᠬᠤ ᠪᠣᠳᠣᠯᠭ᠎ᠠ ᠶᠢᠨ ᠴᠢᠨᠠᠷᠳᠠᠢ ᠰᠢᠨ᠎ᠡ ᠪᠠᠷ | ᠮᠠᠨᠳᠣᠵᠣ ᠪᠠᠶᠢᠭ᠎ᠠ ᠠᠵᠣ ᠦᠢᠯᠡᠰ ᠢ ᠪᠤᠶᠢᠵᠢᠭᠤᠯᠬᠤ ᠪᠠ ᠬᠦᠭᠵᠢᠬᠦᠯᠦᠨ᠎ᠡ᠃ | ᠬᠤᠰᠢᠭᠤ ᠰᠢᠶᠠᠨ ᠤ ᠱᠠᠲᠣᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠰᠢᠨᠵᠢᠯᠡᠬᠦ ᠣᠬᠠᠭᠠᠨ | ᠮᠡᠷᠭᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠪᠠ ᠪᠣᠰᠣᠳ ᠬᠤᠯᠪᠣᠭᠳᠠᠯ ᠪᠦᠬᠦᠢ ᠰᠠᠯᠠᠭ᠎ᠠ ᠮᠦᠴᠢᠷ ᠲᠡᠭᠡᠳᠦ | ᠰᠢᠨ᠎ᠡ ᠮᠡᠷᠭᠡᠵᠢᠯ ᠤᠨ ᠠᠵᠣ ᠦᠢᠯᠡᠰ ᠪᠠ ᠪᠠᠶᠢᠯᠳᠣᠬᠤ ᠪᠣᠳᠣᠯᠭ᠎ᠠ ᠶᠢᠨ ᠴᠢᠨᠠᠷᠳᠠᠢ ᠰᠢᠨ᠎ᠡ ᠪᠠᠷ ᠮᠠᠨᠳᠣᠵᠣ ᠪᠠᠶᠢᠭ᠎ᠠ ᠠᠵᠣ | ᠦᠢᠯᠡᠰ ᠤᠨ ᠬᠦᠭᠵᠢᠯᠲᠡ ᠶᠢᠨ ᠭᠤᠣᠯᠳᠠᠯᠭ᠎ᠠ ᠬᠢᠭᠡᠳ ᠬᠦᠷᠢᠶ᠎ᠡ ᠬᠡᠪᠴᠢᠶ᠎ᠡ ᠶᠢ ᠲᠣᠭᠲᠠᠭᠠᠵᠣ᠂ ᠳᠡᠭᠡᠲᠦ ᠰᠢᠨ᠎ᠡ | ᠮᠡᠷᠭᠡᠵᠢᠯ ᠤᠨ ᠦᠢᠯᠡᠳᠬᠦᠨ ᠢ ᠰᠣᠳᠣᠯᠣᠨ ᠦᠢᠯᠡᠳᠬᠦ ᠪᠠ ᠨᠡᠭᠡᠭᠡᠯᠲᠠ ᠬᠢᠬᠦ ᠶᠢ ᠲᠡᠮᠵᠢᠵᠣ᠂ ᠳᠡᠭᠡᠲᠦ ᠰᠢᠨ᠎ᠡ ᠮᠡᠷᠭᠡᠵᠢᠯ ᠤᠨ | ᠰᠣᠳᠣᠯᠭᠠᠨ ᠪᠠ ᠦᠷ᠎ᠡ ᠪᠦᠲᠦᠭᠡᠯ ᠢ ᠳᠡᠯᠭᠡᠷᠡᠬᠦᠯᠬᠦ ᠠᠵᠢᠯ ᠢ ᠵᠣᠬᠢᠶᠠᠨ ᠪᠠᠶᠢᠭᠤᠯᠣᠨ ᠦᠷᠨᠢᠬᠦᠯᠬᠦ ᠬᠡᠷᠡᠭᠲᠠᠢ᠃ | ᠠᠷᠪᠠᠨ ᠨᠢᠭᠡᠳᠦᠭᠡᠷ ᠵᠦᠢᠯ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ | ᠵᠠᠬᠢᠷᠭ᠎ᠠ᠂ ᠲᠣᠭᠤᠷᠢᠭ ᠲᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠡᠭᠡᠲᠦ ᠰᠢᠨ᠎ᠡ ᠮᠡᠷᠭᠡᠵᠢᠯ ᠤᠨ ᠠᠵᠣ | ᠦᠢᠯᠡᠰ ᠤᠨ ᠨᠡᠭᠡᠭᠡᠯᠲᠡ ᠶᠢᠨ ᠳᠣᠭᠤᠷᠢᠭ ᠤᠨ ᠪᠦᠲᠦᠭᠡᠨ ᠪᠠᠶᠢᠭᠤᠯᠣᠯᠲᠠ ᠶᠢ ᠵᠢᠯᠣᠭᠤᠳᠬᠤ ᠪᠠ ᠳᠡᠮᠵᠢᠵᠣ᠂ ᠳᠡᠭᠡᠲᠦ | ᠰᠢᠨ᠎ᠡ ᠮᠡᠷᠭᠡᠵᠢᠯ ᠤᠨ ᠠᠵᠣ ᠦᠢᠯᠡᠰ ᠤᠨ ᠴᠣᠭᠯᠠᠷᠠᠯ ᠤᠨ ᠳᠠᠪᠠᠭᠤᠯᠢᠭ ᠢ ᠪᠠᠳᠠᠷᠠᠭᠤᠯᠵᠣ᠂ ᠠᠵᠣ ᠦᠢᠯᠡᠰ ᠤᠨ | ᠲᠦᠪᠰᠢᠨ ᠢᠶᠠᠨ ᠳᠡᠭᠡᠭᠰᠢᠯᠡᠬᠦᠯᠦᠨ᠂ ᠰᠢᠨ᠎ᠡ ᠶᠢ ᠡᠬᠦᠳᠬᠦ ᠬᠢᠭᠡᠳ ᠦᠢᠯᠡᠰ ᠪᠦᠲᠦᠭᠡᠬᠦ ᠴᠢᠳᠠᠪᠦᠷᠢ ᠪᠠᠨ ᠳᠡᠭᠡᠭᠰᠢᠯᠡᠭᠦᠯᠬᠦ | ᠬᠡᠷᠡᠭᠳᠡᠢ᠃ | ᠠᠷᠪᠠᠨ ᠬᠤᠶᠠᠳᠤᠭᠠᠷ ᠵᠦᠢᠯ ᠬᠤᠰᠢᠭᠤ ᠰᠢᠶᠠᠨ ᠤ ᠱᠠᠲᠣᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ | ᠭᠤᠣᠯᠳᠠᠯᠭ᠎ᠠ ᠲᠠᠢ ᠲᠣᠷᠰᠢᠯᠲᠠ ᠶᠢᠨ ᠲᠠᠰᠤᠭ᠂ ᠢᠨᠵᠧᠨᠧᠷᠢᠩ ᠤᠨ ᠮᠡᠷᠭᠡᠵᠢᠯ ᠤᠨ ᠰᠣᠳᠣᠯᠭᠠᠨ ᠤ ᠲᠦᠪ᠂ | ᠢᠨᠵᠧᠨᠧᠷᠢᠩ ᠤᠨ ᠰᠣᠳᠣᠯᠭᠠᠨ ᠤ ᠲᠦᠪ᠂ ᠰᠢᠨᠵᠢᠯᠡᠬᠦ ᠣᠬᠠᠭᠠᠨ ᠮᠡᠷᠭᠡᠵᠢᠯ ᠤᠨ ᠵᠠᠪᠰᠠᠷ ᠤᠨ ᠲᠣᠷᠰᠢᠯᠲᠠ ᠶᠢᠨ ᠰᠠᠭᠤᠷᠢᠨ᠂ | ᠰᠢᠨᠵᠢᠯᠡᠬᠦ ᠣᠬᠠᠭᠠᠨ ᠮᠡᠷᠭᠡᠵᠢᠯ ᠤᠨ ᠠᠵᠣ ᠦᠢᠯᠡᠰ ᠤᠨ ᠵᠢᠱᠢᠶ᠎ᠡ ᠦᠵᠡᠬᠦᠯᠬᠦ ᠬᠦᠷᠢᠶᠡᠯᠡᠩ ᠪᠠ ᠠᠵᠣ ᠦᠢᠯᠡᠰ ᠤᠨ | ᠮᠡᠷᠭᠡᠵᠢᠯ ᠤᠨ ᠰᠢᠨ᠎ᠡ ᠶᠢ ᠡᠬᠦᠳᠬᠦ ᠪᠠᠶᠢᠯᠳᠣᠬᠤ ᠪᠣᠳᠣᠯᠭ᠎ᠠ ᠶᠢᠨ ᠬᠤᠯᠪᠣᠭᠠᠯᠠᠯ ᠵᠡᠷᠭᠡ ᠰᠢᠨ᠎ᠡ ᠶᠢ ᠡᠬᠦᠳᠬᠦ ᠲᠠᠪᠴᠠᠩ ᠤᠨ | ᠪᠠᠶᠢᠭᠤᠯᠣᠯᠲᠠ ᠶᠢ ᠲᠡᠮᠵᠢᠵᠣ᠂ ᠡᠬᠢ ᠪᠠᠶᠠᠯᠢᠭ ᠢ ᠬᠠᠮᠲᠣᠪᠡᠷ ᠡᠳ᠋ᠯᠡᠬᠦ ᠶᠢ ᠲᠦᠯᠬᠢᠨ ᠠᠬᠢᠭᠤᠯᠵᠣ᠂ ᠪᠡᠶ᠎ᠡ ᠪᠠᠨ ᠳᠠᠭᠠᠭᠠᠵᠣ | ᠰᠢᠨ᠎ᠡ ᠶᠢ ᠡᠬᠦᠳᠬᠦ ᠲᠦᠪᠰᠢᠨ ᠢᠶᠠᠨ ᠳᠡᠭᠡᠭᠰᠢᠯᠡᠬᠦᠯᠬᠦ ᠬᠡᠷᠡᠭᠲᠠᠢ ᠃ | ᠠᠷᠪᠠᠨ ᠭᠤᠷᠪᠠᠳᠤᠭᠠᠷ ᠵᠦᠢᠯ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠢᠨᠵᠢᠯᠡᠬᠦ | ᠣᠬᠠᠭᠠᠨ ᠮᠡᠷᠭᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠣᠮᠣ ᠬᠡᠯᠪᠡᠷᠢ ᠶᠢᠨ ᠰᠢᠨᠵᠢᠯᠡᠬᠦ ᠣᠬᠠᠭᠠᠨ ᠤ | ᠬᠡᠮᠵᠢᠬᠦᠷᠯᠢᠭ ᠪᠡᠯᠡᠳᠬᠡᠯ ᠲᠦᠭᠦᠭᠡᠷᠦᠮᠵᠢ ᠶᠢ ᠬᠠᠮᠳᠣᠪᠡᠷ ᠡᠳ᠋ᠯᠡᠬᠦ ᠶᠢ ᠨᠢᠭᠡᠳᠦᠯᠲᠠᠢ ᠲᠦᠯᠦᠪᠵᠢᠭᠦᠯᠦᠨ ᠲᠣᠬᠢᠷᠠᠭᠤᠯᠬᠤ ᠶᠢ | ᠬᠠᠷᠢᠭᠤᠴᠠᠵᠣ᠂ ᠲᠣᠮᠣ ᠬᠡᠯᠪᠡᠷᠢ ᠶᠢᠨ ᠰᠢᠨᠵᠢᠯᠡᠬᠦ ᠣᠬᠠᠭᠠᠨ ᠤ ᠬᠡᠮᠵᠢᠬᠦᠷᠯᠢᠭ ᠪᠡᠯᠡᠳᠬᠡᠯ ᠲᠦᠭᠦᠭᠡᠷᠦᠮᠵᠢ ᠶᠢ ᠬᠠᠮᠳᠣᠪᠡᠷ | ᠡᠳ᠋ᠯᠡᠬᠦ ᠦᠢᠯᠡᠴᠢᠯᠡᠭᠡᠨ ᠤ ᠲᠠᠪᠴᠠᠩ ᠢ ᠪᠠᠶᠢᠭᠤᠯᠣᠨ ᠳᠡᠬᠦᠯᠳᠡᠷᠵᠢᠬᠦᠯᠵᠣ᠂ ᠲᠣᠮᠣ ᠬᠡᠯᠪᠡᠷᠢ ᠶᠢᠨ ᠰᠢᠨᠵᠢᠯᠡᠬᠦ ᠣᠬᠠᠭᠠᠨ ᠤ | ᠬᠡᠮᠵᠢᠬᠦᠷᠯᠢᠭ ᠪᠡᠯᠡᠳᠬᠡᠯ ᠲᠦᠭᠦᠭᠡᠷᠦᠮᠵᠢ ᠶᠢ ᠬᠠᠮᠳᠣᠪᠡᠷ ᠡᠳ᠋ᠯᠡᠬᠦ ᠮᠡᠳᠡᠭᠡ ᠵᠠᠩᠬᠢ ᠶᠢᠨ ᠪᠠᠶᠢᠴᠠᠭᠠᠨ ᠯᠠᠪᠯᠠᠭ᠎ᠠ᠂ | ᠦᠢᠯᠡᠴᠢᠯᠡᠭᠡᠨ ᠤ ᠲᠠᠨᠢᠯᠴᠠᠭᠤᠯᠭ᠎ᠠ ᠵᠡᠷᠭᠡ ᠦᠢᠯᠡᠴᠢᠯᠡᠭᠡ ᠬᠠᠮᠢᠶᠠᠷᠣᠯᠲᠠ ᠶᠢᠨ ᠠᠵᠢᠯ ᠢ ᠨᠡᠶᠢᠭᠡᠮ ᠳᠠᠶᠠᠭᠠᠷ ᠲᠤ ᠬᠠᠩᠭᠠᠨ᠎ᠠ᠃ | | ᠠᠷᠪᠠᠨ ᠲᠥᠷᠪᠡᠳᠦᠭᠡᠷ ᠵᠦᠢᠯ ᠬᠤᠰᠢᠭᠤ ᠰᠢᠶᠠᠨ ᠤ ᠱᠠᠲᠣᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠮᠡᠳᠡᠯᠭᠡ ᠶᠢᠨ ᠦᠮᠴᠢᠯᠡᠬᠦ ᠡᠷᠭᠡ ᠶᠢᠨ ᠪᠠᠶᠢᠯᠳᠣᠬᠤ ᠪᠣᠳᠣᠯᠭ᠎ᠠ ᠶᠢ ᠲᠣᠭᠲᠠᠭᠠᠬᠤ ᠪᠠ ᠬᠡᠷᠡᠭᠵᠢᠬᠦᠯᠵᠣ᠂ ᠲᠣᠰᠬᠠᠢ | ᠠᠰᠢᠭ ᠤᠨ ᠡᠷᠭᠡ᠂ ᠲᠠᠸᠠᠷ ᠤᠨ ᠲᠡᠮᠳᠡᠭ ᠤᠨ ᠡᠷᠭᠡ ᠬᠢᠭᠡᠳ ᠵᠣᠬᠢᠶᠠᠨ ᠪᠦᠲᠦᠭᠡᠬᠦ ᠡᠷᠭᠡ ᠵᠡᠷᠭᠡ ᠮᠡᠳᠡᠯᠭᠡ ᠶᠢᠨ ᠦᠮᠴᠢᠯᠡᠬᠦ | ᠡᠷᠭᠡ ᠶᠢ ᠡᠬᠦᠳᠦᠨ ᠪᠦᠲᠦᠭᠡᠬᠦ ᠪᠠ ᠬᠡᠷᠡᠭᠵᠢᠬᠦᠯᠬᠦ ᠶᠢ ᠠᠬᠢᠭᠤᠯᠵᠣ᠂ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠦᠮᠴᠢᠯᠡᠬᠦ | ᠡᠷᠭᠡ ᠶᠢᠨ ᠬᠠᠮᠠᠭᠠᠯᠠᠯᠲᠠ ᠪᠠ ᠬᠠᠮᠢᠶᠠᠷᠣᠯᠲᠠ ᠶᠢ ᠴᠢᠩᠭᠠᠳᠬᠠᠬᠤ ᠬᠡᠷᠡᠭᠲᠠᠢ᠃ | ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠵᠠᠬᠢᠷᠭ᠎ᠠ᠂ ᠲᠣᠭᠤᠷᠢᠭ ᠲᠠᠢ | ᠬᠤᠲᠠ ᠶᠢᠨ ᠠᠷᠠᠳ ᠤᠨ ᠵᠠᠰᠠᠭ ᠤᠨ ᠣᠷᠳᠣᠨ ᠲᠣᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠣᠨ᠂ ᠡᠳ᠋ ᠤᠨ ᠵᠠᠰᠠᠭ ᠤᠨ | ᠴᠢᠨᠠᠷᠲᠠᠢ ᠪᠡᠯᠡ ᠮᠦᠩᠬᠦ ᠪᠣᠶᠣ ᠣᠯᠣᠰ ᠤᠨ ᠦᠮᠴᠢᠯᠡᠯ ᠤᠨ ᠬᠦᠷᠦᠩᠭᠡ ᠶᠢ ᠠᠰᠢᠭᠯᠠᠵᠣ ᠪᠠᠶᠢᠭᠤᠯᠣᠭᠰᠠᠨ ᠴᠢᠬᠤᠯᠠ ᠶᠡᠭᠡ | ᠰᠢᠨᠵᠢᠯᠡᠬᠦ ᠣᠬᠠᠭᠠᠨ ᠮᠡᠷᠭᠡᠵᠢᠯ ᠤᠨ ᠲᠦᠷᠦᠯ ᠵᠦᠢᠯ ᠲᠠᠢ ᠬᠤᠯᠪᠣᠭᠳᠠᠬᠤ ᠮᠡᠳᠡᠯᠭᠡ ᠶᠢᠨ ᠦᠮᠴᠢᠯᠡᠬᠦ ᠡᠷᠭᠡ ᠶᠢᠨ ᠪᠠᠶᠢᠳᠠᠯ᠂ | ᠮᠡᠳᠡᠯᠭᠡ ᠶᠢᠨ ᠪᠦᠲᠦᠭᠡᠭᠳᠡᠬᠦᠨ ᠤ ᠲᠦᠭᠰᠢᠬᠦᠷᠢ ᠵᠡᠷᠭᠡ ᠶᠢ ᠵᠦᠪᠯᠡᠨ ᠲᠣᠭᠲᠠᠭᠠᠬᠤ ᠬᠡᠷᠡᠭᠲᠠᠢ᠃ | ᠠᠷᠪᠠᠨ ᠲᠠᠪᠤᠳᠤᠭᠠᠷ ᠵᠦᠢᠯ ᠬᠤᠰᠢᠭᠤ ᠰᠢᠶᠠᠨ ᠤ ᠱᠠᠲᠣᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ | ᠶᠡᠭᠡ ᠳᠡᠭᠡᠲᠦ ᠰᠣᠷᠭᠠᠭᠤᠯᠢ᠂ ᠰᠢᠨᠵᠢᠯᠡᠬᠦ ᠣᠬᠠᠭᠠᠨ ᠮᠡᠷᠭᠡᠵᠢᠯ ᠤᠨ ᠰᠣᠳᠣᠯᠭᠠᠨ ᠨᠡᠭᠡᠭᠡᠯᠲᠡ ᠶᠢᠨ ᠪᠠᠶᠢᠭᠤᠯᠣᠮᠵᠢ ᠪᠠ ᠠᠵᠣ | ᠠᠬᠤᠶᠢᠯᠠᠯ ᠢ ᠳᠡᠮᠵᠢᠨ ᠮᠡᠷᠭᠡᠵᠢᠯ ᠢ ᠰᠢᠯᠵᠢᠭᠦᠯᠬᠦ ᠲᠣᠭᠲᠠᠴᠠ ᠶᠢ ᠳᠡᠬᠦᠯᠳᠡᠷᠵᠢᠬᠦᠯᠵᠣ᠂ ᠪᠡᠶ᠎ᠡ ᠪᠠᠨ ᠲᠠᠭᠠᠭᠠᠵᠣ ᠰᠢᠨ᠎ᠡ ᠶᠢ | ᠡᠬᠦᠳᠦᠭᠰᠡᠨ ᠦᠷ᠎ᠡ ᠪᠦᠲᠦᠭᠡᠯ ᠢ ᠰᠢᠯᠵᠢᠬᠦᠯᠵᠣ ᠣᠯᠠᠷᠢᠭᠤᠯᠬᠤ ᠶᠢ ᠵᠢᠯᠣᠭᠤᠳᠬᠤ ᠬᠡᠷᠡᠭᠲᠠᠢ︔ ᠣᠷᠣᠭᠤᠯᠣᠭᠰᠠᠨ | ᠰᠢᠨᠵᠢᠯᠡᠬᠦ ᠣᠬᠠᠭᠠᠨ ᠮᠡᠷᠭᠡᠵᠢᠯ ᠤᠨ ᠦᠷ᠎ᠡ ᠪᠦᠲᠦᠭᠡᠯ ᠪᠣᠶᠣ ᠦᠪᠡᠷᠲᠡᠭᠡᠨ ᠵᠠᠰᠠᠬᠤ ᠣᠷᠣᠨ ᠤ ᠭᠠᠳᠠᠨᠠᠬᠢ ᠲᠠᠢ | ᠬᠤᠷᠰᠢᠭᠰᠠᠨ ᠰᠢᠨᠵᠢᠯᠡᠬᠦ ᠣᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠣᠯᠠᠷᠢᠭᠤᠯᠣᠭᠰᠠᠨ ᠪᠣᠯ᠂ ᠲᠦᠷᠦ ᠶᠢᠨ ᠪᠣᠳᠣᠯᠭ᠎ᠠ | ᠪᠠ ᠪᠡᠯᠡ ᠮᠦᠩᠬᠦ ᠶᠢᠨ ᠲᠠᠯ᠎ᠠ ᠪᠠᠷ ᠳᠡᠮᠵᠢᠯᠭᠡ ᠦᠵᠡᠬᠦᠯᠬᠦ ᠬᠡᠷᠡᠭᠲᠠᠢ᠃ | ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠦᠮᠴᠢᠯᠡᠬᠦ ᠡᠷᠭᠡ ᠲᠠᠢ ᠰᠢᠨᠵᠢᠯᠡᠬᠦ ᠣᠬᠠᠭᠠᠨ ᠮᠡᠷᠭᠡᠵᠢᠯ ᠤᠨ ᠦᠷ᠎ᠡ | ᠪᠦᠲᠦᠭᠡᠯ ᠠᠩᠬ᠎ᠠ ᠣᠳᠠᠭ᠎ᠠ ᠦᠪᠡᠷᠲᠡᠭᠡᠨ ᠵᠠᠰᠠᠬᠤ ᠣᠷᠣᠨ ᠤ ᠲᠣᠲᠣᠷ᠎ᠠ ᠣᠯᠠᠷᠢᠭᠤᠯᠣᠨ ᠬᠡᠷᠡᠭᠯᠡᠭᠳᠡᠭᠰᠡᠨ ᠪᠣᠯ᠂ ᠲᠦᠷᠦᠯ | ᠵᠦᠢᠯ ᠤᠨ ᠪᠠᠶᠢᠭ᠎ᠠ ᠭᠠᠵᠠᠷ ᠤᠨ ᠬᠤᠰᠢᠭᠤ ᠰᠢᠶᠠᠨ ᠤ ᠱᠠᠲᠣᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ | ᠲᠦᠷᠦᠯ ᠵᠦᠢᠯ ᠤᠨ ᠰᠡᠳᠦᠪ ᠲᠣᠭᠲᠠᠭᠠᠬᠤ ᠪᠠ ᠲᠠᠯᠠᠪᠣᠷ ᠭᠠᠵᠠᠷ ᠬᠠᠩᠭᠠᠬᠤ ᠵᠡᠷᠭᠡ ᠲᠠᠯ᠎ᠠ ᠪᠠᠷ ᠳᠡᠮᠵᠢᠬᠦ ᠬᠡᠷᠡᠭᠲᠠᠢ᠃ | | ᠠᠷᠪᠠᠨ ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠣᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ | ᠵᠣᠷᠢᠬᠵᠢᠭᠤᠯᠣᠨ ᠳᠡᠮᠵᠢᠬᠦ ᠲᠦᠷᠦ ᠶᠢᠨ ᠪᠣᠳᠣᠯᠭ᠎ᠠ ᠲᠣᠭᠲᠠᠭᠠᠵᠣ᠂ ᠪᠡᠶ᠎ᠡ ᠪᠠᠨ ᠳᠠᠭᠠᠭᠠᠵᠣ ᠰᠢᠨ᠎ᠡ ᠶᠢ ᠡᠬᠦᠳᠬᠦ ᠦᠷ᠎ᠡ | ᠪᠦᠲᠦᠭᠡᠯ ᠤᠨ ᠪᠦᠷᠢᠯᠳᠦᠬᠦ ᠲᠠᠢ ᠬᠤᠯᠪᠣᠭᠳᠠᠬᠤ ᠮᠡᠷᠬᠡᠵᠢᠯ ᠤᠨ ᠪᠠᠷᠢᠮᠵᠢᠶ᠎ᠡ ᠶᠢ ᠲᠦᠯᠬᠢᠨ ᠠᠬᠢᠭᠤᠯᠵᠣ᠂ ᠨᠦᠬᠦᠴᠡᠯ ᠲᠠᠢ ᠨᠢ | ᠮᠡᠷᠬᠡᠵᠢᠯ ᠤᠨ ᠪᠠᠷᠢᠮᠵᠢᠶᠠᠨ ᠤ ᠲᠣᠰᠬᠠᠢ ᠲᠦᠷᠦᠯ ᠤᠨ ᠪᠡᠯᠡ ᠮᠦᠩᠬᠦ ᠶᠢ ᠪᠠᠶᠢᠭᠤᠯᠣᠨ᠂ ᠠᠵᠣ ᠠᠬᠤᠶᠢᠯᠠᠯ᠂ ᠠᠵᠢᠯ | ᠦᠢᠯᠡᠰ ᠤᠨ ᠨᠢᠭᠡᠴᠡ᠂ ᠠᠵᠢᠯ ᠲᠦᠷᠦᠯ ᠤᠨ ᠨᠡᠶᠢᠭᠡᠮᠯᠢᠭ ᠤᠨ ᠣᠯᠠᠨ ᠣᠯᠣᠰ ᠤᠨ ᠪᠠᠷᠢᠮᠵᠢᠶ᠎ᠡ᠂ ᠣᠯᠣᠰ ᠤᠨ ᠪᠠᠷᠢᠮᠵᠢᠶ᠎ᠡ᠂ | ᠠᠵᠢᠯ ᠲᠦᠷᠦᠯ ᠤᠨ ᠪᠠᠷᠢᠮᠵᠢᠶ᠎ᠠ ᠪᠠ ᠭᠠᠵᠠᠷ ᠣᠷᠣᠨ ᠤ ᠪᠠᠷᠢᠮᠵᠢᠶ᠎ᠠ ᠲᠣᠭᠲᠠᠭᠠᠬᠤ ᠪᠠ ᠵᠠᠰᠠᠨ ᠲᠣᠭᠲᠠᠭᠠᠬᠤ ᠶᠢ ᠭᠤᠣᠯᠯᠠᠨ | ᠵᠢᠯᠣᠭᠤᠳᠬᠤ ᠪᠠ ᠣᠷᠣᠯᠴᠠᠬᠤ ᠶᠢ ᠳᠡᠮᠵᠢᠬᠦ ᠬᠡᠷᠡᠭᠲᠠᠢ᠃ | ᠠᠷᠪᠠᠨ ᠲᠤᠯᠤᠳᠤᠭᠠᠷ ᠵᠦᠢᠯ ᠬᠤᠰᠢᠭᠤ ᠰᠢᠶᠠᠨ ᠤ ᠱᠠᠲᠣᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ | ᠵᠢᠴᠢ ᠬᠤᠯᠪᠣᠭᠳᠠᠯ ᠪᠦᠬᠦᠢ ᠰᠠᠯᠠᠭ᠎ᠠ ᠮᠦᠴᠢᠷ ᠨᠢ ᠦᠢᠯᠡᠳᠪᠦᠷᠢᠯᠡᠯ ᠤᠨ ᠬᠦᠴᠦᠨ ᠢ ᠠᠬᠢᠭᠤᠯᠬᠤ ᠲᠦᠪ᠂ ᠮᠡᠷᠭᠡᠵᠢᠯ ᠤᠨ | ᠠᠷᠠᠯᠵᠢᠶᠠᠨ ᠤ ᠪᠠᠶᠢᠭᠤᠯᠣᠮᠵᠢ ᠪᠠ ᠰᠢᠨᠵᠢᠯᠡᠬᠦ ᠣᠬᠠᠭᠠᠨ ᠮᠡᠷᠭᠡᠵᠢᠯ ᠤᠨ ᠠᠵᠣ ᠠᠬᠤᠶᠢᠯᠠᠯ ᠤᠨ ᠨᠡᠪᠴᠢᠬᠦᠯᠦᠬᠦᠷ ᠵᠡᠷᠭᠡ | ᠰᠢᠨᠵᠢᠯᠡᠬᠦ ᠣᠬᠠᠭᠠᠨ ᠮᠡᠷᠭᠡᠵᠢᠯ ᠤᠨ ᠵᠠᠭᠤᠴᠢ ᠦᠢᠯᠡᠴᠢᠯᠡᠭᠡᠨ ᠤ ᠪᠠᠶᠢᠭᠤᠯᠣᠮᠵᠢ ᠶᠢᠨ ᠬᠦᠭᠵᠢᠯᠲᠡ ᠶᠢ ᠳᠡᠮᠵᠢᠬᠦ ᠬᠡᠷᠡᠭᠲᠠᠢ᠃ | ᠵᠠᠰᠠᠭ ᠤᠨ ᠣᠷᠳᠣᠨ ᠰᠢᠨᠵᠢᠯᠡᠬᠦ ᠣᠬᠠᠭᠠᠨ ᠮᠡᠷᠭᠡᠵᠢᠯ ᠢ ᠬᠤᠳᠠᠯᠳᠣᠨ ᠠᠪᠬᠤ ᠨᠡᠶᠢᠲᠡ ᠶᠢᠨ ᠦᠢᠯᠡᠴᠢᠯᠡᠭᠡᠨ ᠤ ᠳᠦᠷᠢᠮ ᠢ | ᠪᠠᠶᠢᠭᠤᠯᠬᠤ ᠪᠠ ᠶᠠᠪᠣᠭᠳᠠᠭᠤᠯᠵᠣ᠂ ᠰᠢᠨᠵᠢᠯᠡᠬᠦ ᠣᠬᠠᠭᠠᠨ ᠮᠡᠷᠭᠡᠵᠢᠯ ᠤᠨ ᠰᠢᠨ᠎ᠡ ᠶᠢ ᠡᠬᠦᠳᠬᠦ᠂ ᠮᠡᠷᠭᠡᠵᠢᠯ ᠤᠨ | ᠳᠡᠯᠭᠡᠷᠡᠬᠦᠯᠦᠯᠲᠡ ᠵᠡᠷᠭᠡ ᠲᠣᠰᠬᠠᠢ ᠮᠡᠷᠭᠡᠵᠢᠯ ᠤᠨ ᠴᠢᠨᠠᠷ᠂ ᠮᠡᠷᠭᠡᠵᠢᠯ ᠤᠨ ᠴᠢᠨᠠᠷ ᠢᠶᠠᠷ ᠨᠡᠯᠢᠶᠡᠳ ᠴᠢᠩᠭ᠎ᠠ ᠠᠵᠢᠯ ᠢ ᠪᠣᠯ | ᠨᠦᠬᠦᠴᠡᠯ ᠳᠤ ᠨᠡᠶᠢᠴᠡᠭᠰᠡᠨ ᠰᠢᠨᠵᠢᠯᠡᠬᠦ ᠣᠬᠠᠭᠠᠨ ᠮᠡᠷᠭᠡᠵᠢᠯ ᠤᠨ ᠵᠠᠭᠤᠴᠢ ᠦᠢᠯᠡᠴᠢᠯᠡᠭᠡᠨ ᠤ ᠪᠠᠶᠢᠭᠤᠯᠣᠮᠵᠢ ᠳᠤ ᠨᠠᠶᠢᠲᠠᠨ | ᠰᠢᠢᠳᠪᠦᠷᠢᠯᠡᠬᠦᠯᠵᠣ ᠪᠣᠯᠣᠨ᠎ᠠ᠃ | ᠭᠤᠷᠪᠠᠳᠤᠭᠠᠷ ᠪᠦᠯᠦᠭ ᠠᠵᠣ ᠠᠬᠤᠶᠢᠯᠠᠯ ᠤᠨ ᠰᠢᠨᠵᠢᠯᠡᠬᠦ ᠣᠬᠠᠭᠠᠨ ᠮᠡᠷᠭᠡᠵᠢᠯ ᠤᠨ ᠳᠠᠪᠰᠢᠯᠲᠡ | | ᠠᠷᠪᠠᠨ ᠨᠠᠢᠮᠠᠳᠤᠭᠠᠷ ᠵᠦᠢᠯ ᠦᠪᠡᠷᠲᠡᠭᠡᠨ ᠵᠠᠰᠠᠬᠤ ᠣᠷᠣᠨ ᠠᠴᠠ ᠠᠵᠣ ᠠᠬᠤᠶᠢᠯᠠᠯ ᠢᠶᠠᠷ ᠭᠤᠣᠯ ᠴᠣᠭᠴᠠ | ᠪᠣᠯᠭᠠᠨ᠂ ᠵᠠᠬ᠎ᠠ ᠳᠡᠯᠭᠡᠭᠦᠷ ᠢᠶᠠᠷ ᠣᠳᠣᠷᠢᠳᠣᠮᠵᠢ ᠪᠣᠯᠭᠠᠵᠣ᠂ ᠠᠵᠣ ᠠᠬᠤᠶᠢᠯᠠᠯ ᠨᠢ ᠳᠡᠭᠡᠲᠦ ᠵᠡᠷᠭᠡ ᠶᠢᠨ ᠰᠣᠷᠭᠠᠭᠤᠯᠢ᠂ | ᠰᠢᠨᠵᠢᠯᠡᠬᠦ ᠣᠬᠠᠭᠠᠨ ᠮᠡᠷᠭᠡᠵᠢᠯ ᠤᠨ ᠰᠣᠳᠣᠯᠭᠠᠨ ᠨᠡᠭᠡᠭᠡᠯᠲᠡ ᠶᠢᠨ ᠪᠠᠶᠢᠭᠤᠯᠣᠮᠵᠢ ᠲᠠᠢ ᠬᠠᠷᠢᠯᠴᠠᠨ ᠣᠶᠠᠯᠳᠣᠭᠰᠠᠨ | ᠮᠡᠷᠭᠡᠵᠢᠯ ᠤᠨ ᠰᠢᠨ᠎ᠡ ᠶᠢ ᠡᠬᠦᠳᠬᠦ ᠰᠢᠰᠲ᠋ᠧᠮ ᠢ ᠪᠠᠶᠢᠭᠤᠯᠵᠣ᠂ ᠠᠵᠣ ᠠᠬᠤᠶᠢᠯᠠᠯ ᠪᠠ ᠰᠢᠨᠵᠢᠯᠡᠬᠦ ᠣᠬᠠᠭᠠᠨ | ᠮᠡᠷᠭᠡᠵᠢᠯ ᠤᠨ ᠰᠣᠳᠣᠯᠭᠠᠨ ᠨᠡᠭᠡᠭᠡᠯᠲᠠ ᠶᠢᠨ ᠪᠠᠶᠢᠭᠤᠯᠣᠮᠵᠢ᠂ ᠲᠡᠭᠡᠲᠦ ᠵᠡᠷᠭᠡ ᠶᠢᠨ ᠰᠣᠷᠭᠠᠭᠤᠯᠢ ᠬᠠᠮᠲᠣᠷᠠᠨ ᠰᠢᠨᠵᠢᠯᠡᠬᠦ | ᠣᠬᠠᠭᠠᠨ ᠮᠡᠷᠭᠡᠵᠢᠯ ᠤᠨ ᠪᠣᠭᠤᠮᠲᠠ ᠰᠢᠪᠲᠣᠯᠬᠤ ᠠᠵᠢᠯᠯᠠᠭ᠎ᠠ ᠦᠷᠨᠢᠬᠦᠯᠵᠣ᠂ ᠰᠢᠨ᠎ᠡ ᠮᠡᠷᠭᠡᠵᠢᠯ᠂ ᠰᠢᠨ᠎ᠡ ᠪᠦᠲᠦᠭᠡᠭᠳᠡᠬᠦᠨ᠂ | ᠰᠢᠨ᠎ᠡ ᠣᠷᠠᠯᠠᠯ᠂ ᠰᠢᠨ᠎ᠡ ᠪᠠᠷᠢᠮᠵᠢᠶᠠᠨ ᠤ ᠰᠣᠳᠣᠯᠭᠠᠨ ᠨᠡᠭᠡᠭᠡᠯᠲᠡ ᠶᠢ ᠬᠤᠷᠰᠢᠨ ᠬᠢᠬᠦ ᠶᠢ ᠳᠡᠮᠵᠢᠨ᠎ᠡ᠃ | ᠠᠷᠪᠠ ᠶᠢᠰᠦᠳᠦᠭᠡᠷ ᠵᠦᠢᠯ ᠠᠵᠣ ᠦᠢᠯᠡᠰ ᠤᠨ ᠬᠠᠷᠠᠯᠲᠠ ᠲᠣᠲᠣᠷᠬᠠᠢ ᠦᠪᠡᠷᠲᠡᠭᠡᠨ ᠵᠠᠰᠠᠬᠤ ᠣᠷᠣᠨ ᠤ | ᠴᠢᠬᠤᠯᠠ ᠶᠡᠭᠡ ᠲᠦᠷᠦᠯ ᠵᠦᠢᠯ ᠢ ᠨᠦᠬᠦᠴᠡᠯ ᠲᠠᠢ ᠠᠵᠣ ᠠᠬᠤᠶᠢᠯᠠᠯ ᠠᠴᠠ ᠲᠦᠷᠦᠬᠦᠯᠡᠨ ᠵᠣᠬᠢᠶᠠᠨ ᠪᠠᠶᠢᠭᠤᠯᠣᠨ | ᠬᠡᠷᠡᠭᠵᠢᠬᠦᠯᠦᠨ᠎ᠡ᠃ ᠦᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠪᠦᠲᠦᠭᠡᠨ ᠪᠠᠶᠢᠭᠤᠯᠵᠣ ᠪᠠᠶᠢᠭ᠎ᠠ | ᠢᠨᠵᠧᠨᠧᠷᠢᠩ ᠤᠨ ᠮᠡᠷᠭᠡᠵᠢᠯ ᠤᠨ ᠲᠦᠷᠦᠯ ᠤᠨ ᠰᠣᠳᠣᠯᠭᠠᠨ ᠤ ᠲᠦᠪ ᠪᠠ ᠲᠣᠷᠰᠢᠯᠲᠠ ᠶᠢᠨ ᠲᠠᠰᠤᠭ ᠢ ᠨᠦᠬᠦᠴᠡᠯ | ᠪᠦᠷᠢᠯᠳᠦᠬᠦᠯᠦᠭᠰᠡᠨ ᠠᠵᠢᠯ ᠲᠦᠷᠦᠯ ᠤᠨ ᠭᠤᠣᠯᠯᠠᠭᠴᠢ ᠠᠵᠣ ᠠᠬᠤᠶᠢᠯᠠᠯ ᠳᠤ ᠲᠡᠷᠢᠬᠦᠯᠡᠨ ᠪᠠᠶᠢᠷᠢᠯᠠᠭᠤᠯᠣᠨ᠎ᠠ᠃ | | ᠬᠤᠷᠢᠳᠤᠭᠠᠷ ᠵᠦᠢᠯ ᠠᠵᠣ ᠠᠬᠤᠶᠢᠯᠠᠯ ᠬᠢᠭᠡᠳ ᠰᠢᠨᠵᠢᠯᠡᠬᠦ ᠣᠬᠠᠭᠠᠨ ᠮᠡᠷᠭᠡᠵᠢᠯ ᠤᠨ ᠰᠣᠳᠣᠯᠭᠠᠨ | ᠨᠡᠭᠡᠭᠡᠯᠲᠡ ᠶᠢᠨ ᠪᠠᠶᠢᠭᠤᠯᠣᠮᠵᠢ᠂ ᠲᠡᠭᠡᠲᠦ ᠵᠡᠷᠭᠡ ᠶᠢᠨ ᠰᠣᠷᠭᠠᠭᠤᠯᠢ ᠪᠣᠶᠣ ᠪᠣᠯᠪᠠᠰᠣᠷᠠᠭᠤᠯᠬᠤ ᠪᠠᠶᠢᠭᠤᠯᠣᠮᠵᠢ ᠯᠤᠭ᠎ᠠ | ᠲᠠᠲᠣᠯᠭᠠ ᠬᠢᠬᠦ ᠪᠣᠯᠪᠠᠰᠣᠷᠠᠯ ᠤᠨ ᠰᠠᠭᠤᠷᠢᠨ ᠭᠠᠵᠠᠷ ᠢ ᠬᠠᠮᠲᠣᠷᠠᠨ ᠪᠠᠶᠢᠭᠤᠯᠵᠣ᠂ ᠲᠣᠰᠬᠠᠢ ᠮᠡᠷᠭᠡᠵᠢᠯ ᠤᠨ ᠠᠵᠢᠯᠲᠠᠨ ᠢ | ᠬᠦᠮᠦᠵᠢᠬᠦᠯᠬᠦ ᠶᠢ ᠵᠣᠷᠢᠬᠵᠢᠭᠤᠯᠣᠨ᠎ᠠ᠃ | ᠬᠤᠷᠢᠨ ᠨᠢᠭᠡᠳᠦᠭᠡᠷ ᠵᠦᠢᠯ ᠠᠵᠣ ᠠᠬᠤᠶᠢᠯᠠᠯ ᠨᠢ ᠠᠵᠢᠯᠲᠠᠨ ᠠᠵᠢᠯᠴᠢᠨ ᠤ ᠡᠬᠦᠲᠦᠨ ᠪᠦᠲᠦᠭᠡᠬᠦ᠂ | ᠮᠡᠷᠭᠡᠵᠢᠯ ᠤᠨ ᠪᠣᠭᠤᠮᠲᠠ ᠰᠢᠪᠲᠣᠯᠬᠤ᠂ ᠮᠡᠷᠭᠡᠵᠢᠯ ᠤᠨ ᠰᠢᠨ᠎ᠡ ᠶᠢ ᠡᠬᠦᠳᠬᠦ ᠵᠢᠴᠢ ᠵᠦᠢ ᠵᠣᠬᠢᠰᠲᠠᠢ ᠰᠠᠨᠠᠭᠤᠯᠭ᠎ᠠ | ᠲᠣᠷᠠᠳᠬᠤ ᠠᠵᠢᠯᠯᠠᠭ᠎ᠠ ᠦᠷᠨᠢᠬᠦᠯᠬᠦ ᠶᠢ ᠵᠣᠷᠢᠬᠵᠢᠭᠤᠯᠬᠤ ᠶᠢᠨ ᠬᠠᠮᠲᠣ ᠬᠦᠬᠢᠬᠦᠯᠦᠨ᠎ᠡ᠃ | ᠬᠤᠷᠢᠨ ᠬᠤᠶᠠᠳᠤᠭᠠᠷ ᠵᠦᠢᠯ ᠠᠵᠣ ᠠᠬᠤᠶᠢᠯᠠᠯ ᠨᠢ ᠣᠯᠣᠰ ᠪᠠ ᠦᠪᠡᠷᠲᠡᠭᠡᠨ ᠵᠠᠰᠠᠬᠤ ᠣᠷᠣᠨ ᠤ ᠠᠵᠣ | ᠦᠢᠯᠡᠰ ᠤᠨ ᠲᠦᠷᠦ ᠶᠢᠨ ᠪᠣᠳᠣᠯᠭ᠎ᠠ ᠶᠢᠨ ᠱᠠᠭᠠᠷᠳᠠᠯᠭ᠎ᠠ ᠶᠣᠰᠣᠭᠠᠷ᠂ ᠮᠡᠷᠬᠡᠵᠢᠯ ᠤᠨ ᠦᠭᠡᠷᠡᠴᠢᠯᠡᠯᠲᠡ ᠪᠠ | ᠲᠦᠬᠦᠭᠡᠷᠦᠮᠵᠢ ᠶᠢᠨ ᠰᠢᠨᠡᠴᠢᠯᠡᠯᠲᠡ ᠶᠢ ᠲᠦᠷᠬᠡᠳᠬᠡᠵᠣ᠂ ᠬᠤᠴᠣᠷᠣᠩᠭᠤᠢ ᠮᠡᠷᠬᠡᠵᠢᠯ᠂ ᠲᠦᠬᠦᠭᠡᠷᠦᠮᠵᠢ᠂ ᠣᠷᠠᠯᠠᠯ ᠢ | ᠰᠢᠭᠰᠢᠭᠳᠡᠬᠦᠯᠵᠣ᠂ ᠮᠡᠷᠬᠡᠵᠢᠯ ᠬᠤᠴᠣᠷᠣᠩᠭᠤᠢ ᠪᠦᠲᠦᠭᠡᠭᠳᠡᠬᠦᠨ ᠢ ᠦᠢᠯᠡᠳᠪᠦᠷᠢᠯᠡᠬᠦ ᠪᠠᠨ ᠵᠣᠭᠰᠣᠭᠠᠬᠤ ᠬᠡᠷᠡᠭᠲᠠᠢ᠃ | | ᠬᠤᠷᠢᠨ ᠭᠤᠷᠪᠠᠳᠤᠭᠠᠷ ᠵᠦᠢᠯ ᠠᠵᠣ ᠠᠬᠤᠶᠢᠯᠠᠯ ᠨᠢ ᠣᠯᠠᠨ ᠵᠦᠢᠯ ᠤᠨ ᠬᠡᠯᠪᠡᠷᠢ ᠪᠠᠷ ᠰᠣᠳᠣᠯᠭᠠᠨ | ᠨᠡᠭᠡᠭᠡᠯᠲᠡ ᠶᠢᠨ ᠪᠠᠶᠢᠭᠤᠯᠣᠮᠵᠢ ᠶᠢ ᠵᠣᠬᠢᠶᠠᠨ ᠪᠠᠶᠢᠭᠤᠯᠬᠤ᠂ ᠰᠣᠳᠣᠯᠭᠠᠨ ᠨᠡᠭᠡᠭᠡᠯᠲᠡ ᠪᠠ ᠮᠡᠷᠭᠡᠵᠢᠯ ᠤᠨ ᠰᠢᠨ᠎ᠡ ᠶᠢ | ᠡᠬᠦᠳᠬᠦ ᠣᠷᠣᠭᠤᠯᠣᠯᠲᠠ ᠪᠠᠨ ᠨᠡᠮᠡᠭᠳᠡᠬᠦᠯᠬᠦ᠂ ᠰᠣᠳᠣᠯᠭᠠᠨ ᠨᠡᠭᠡᠭᠡᠯᠲᠡ ᠶᠢᠨ ᠰᠡᠳᠦᠪ ᠢ ᠪᠡᠶ᠎ᠡ ᠪᠠᠨ ᠲᠠᠭᠠᠭᠠᠵᠣ | ᠲᠣᠭᠲᠠᠭᠠᠬᠤ᠂ ᠮᠡᠷᠭᠡᠵᠢᠯ ᠤᠨ ᠰᠢᠨ᠎ᠡ ᠶᠢ ᠡᠬᠦᠳᠬᠦ ᠠᠵᠢᠯᠯᠠᠭ᠎ᠠ ᠦᠷᠨᠢᠬᠦᠯᠬᠦ ᠶᠢ ᠵᠣᠷᠢᠬᠵᠢᠭᠤᠯᠣᠨ᠎ᠠ᠃ | ᠠᠵᠣ ᠠᠬᠤᠶᠢᠯᠠᠯ ᠨᠢ ᠴᠢᠬᠤᠯᠠ ᠪᠦᠬᠦᠢ ᠮᠡᠷᠭᠡᠵᠢᠯ ᠤᠨ ᠰᠣᠳᠣᠯᠭᠠᠨ ᠨᠡᠭᠡᠭᠡᠯᠲᠡ ᠶᠢᠨ ᠣᠷᠣᠭᠤᠯᠣᠯᠲᠠ ᠶᠢ | ᠪᠠᠲᠣᠯᠠᠬᠤ ᠬᠡᠷᠡᠭᠲᠠᠢ᠃ ᠬᠡᠪᠴᠢᠶᠠᠨ ᠠᠴᠠ ᠳᠡᠭᠡᠭᠰᠢᠬᠢ ᠠᠵᠣ ᠠᠬᠤᠶᠢᠯᠠᠯ ᠤᠨ ᠰᠣᠳᠣᠯᠭᠠᠨ ᠨᠡᠭᠡᠭᠡᠯᠲᠡ ᠶᠢᠨ ᠵᠠᠷᠣᠳᠠᠯ ᠨᠢ | ᠳᠡᠭᠡᠷ᠎ᠡ ᠵᠢᠯ ᠤᠨ ᠪᠣᠷᠣᠯᠠᠭᠤᠯᠣᠯᠲᠠ ᠶᠢᠨ ᠣᠷᠣᠯᠭ᠎ᠠ ᠶᠢᠨ ᠵᠠᠭᠤᠨ ᠤ ᠨᠢᠭᠡ ᠠᠴᠠ ᠲᠣᠣᠷ᠎ᠠ ᠪᠠᠶᠢᠵᠣ ᠪᠣᠯᠬᠤ ᠦᠭᠡᠢ᠂ ᠲᠣᠮᠣ | ᠲᠣᠮᠲᠠ ᠬᠡᠯᠪᠡᠷᠢ ᠶᠢᠨ ᠠᠵᠣ ᠠᠬᠤᠶᠢᠯᠠᠯ ᠤᠨ ᠰᠣᠳᠣᠯᠭᠠᠨ ᠨᠡᠭᠡᠭᠡᠯᠲᠡ ᠶᠢᠨ ᠵᠠᠷᠣᠳᠠᠯ ᠨᠢ ᠳᠡᠭᠡᠷ᠎ᠡ ᠵᠢᠯ ᠤᠨ | ᠪᠣᠷᠣᠯᠠᠭᠤᠯᠣᠯᠲᠠ ᠶᠢᠨ ᠣᠷᠣᠯᠭ᠎ᠠ ᠶᠢᠨ ᠵᠠᠭᠤᠨ ᠤ ᠬᠤᠶᠠᠷ ᠠᠴᠠ ᠲᠣᠣᠷ᠎ᠠ ᠪᠠᠶᠢᠵᠣ ᠪᠣᠯᠬᠤ ᠦᠭᠡᠢ᠂ ᠳᠡᠭᠡᠲᠦ ᠰᠢᠨ᠎ᠡ | ᠮᠡᠷᠭᠡᠵᠢᠯ ᠤᠨ ᠠᠵᠣ ᠠᠬᠤᠶᠢᠯᠠᠯ ᠪᠠ ᠰᠢᠨ᠎ᠡ ᠶᠢ ᠡᠬᠦᠳᠬᠦ ᠬᠡᠯᠪᠡᠷᠢ ᠶᠢᠨ ᠠᠵᠣ ᠠᠬᠤᠶᠢᠯᠠᠯ ᠤᠨ ᠰᠣᠳᠣᠯᠭᠠᠨ | ᠨᠡᠭᠡᠭᠡᠯᠲᠡ ᠶᠢᠨ ᠵᠠᠷᠣᠳᠠᠯ ᠨᠢ ᠳᠡᠭᠡᠷᠡᠬᠢ ᠵᠢᠯ ᠤᠨ ᠪᠣᠷᠣᠯᠠᠭᠤᠯᠣᠯᠲᠠ ᠶᠢᠨ ᠣᠷᠣᠯᠭ᠎ᠠ ᠶᠢᠨ ᠵᠠᠭᠤᠨ ᠤ ᠭᠤᠷᠪᠠ ᠠᠴᠠ | ᠲᠣᠣᠷ᠎ᠠ ᠪᠠᠶᠢᠵᠣ ᠪᠣᠯᠬᠤ ᠦᠭᠡᠢ᠃ ᠰᠣᠳᠣᠯᠭᠠᠨ ᠨᠡᠭᠡᠭᠡᠯᠲᠡ ᠶᠢᠨ ᠵᠠᠷᠣᠳᠠᠯ ᠢ ᠠᠵᠣ ᠠᠬᠤᠶᠢᠯᠠᠯ ᠤᠨ ᠦᠢᠯᠡᠳᠪᠦᠷᠢᠯᠡᠯ | ᠡᠵᠡᠩᠨᠡᠯᠲᠡ ᠶᠢᠨ ᠦᠪᠡᠷ ᠤᠨ ᠦᠷᠳᠡᠭ ᠲᠠᠬᠢ ᠵᠠᠷᠣᠯᠭ᠎ᠠ ᠪᠠᠷ ᠵᠢᠭᠰᠠᠭᠠᠨ᠎ᠠ᠃ | ᠬᠤᠷᠢᠨ ᠲᠥᠷᠪᠡᠳᠦᠭᠡᠷ ᠵᠦᠢᠯ ᠠᠵᠣ ᠠᠬᠤᠶᠢᠯᠠᠯ ᠠᠴᠠ ᠰᠢᠨ᠎ᠡ ᠮᠡᠷᠭᠡᠵᠢᠯ᠂ ᠰᠢᠨ᠎ᠡ ᠪᠦᠲᠦᠭᠡᠭᠳᠡᠬᠦᠨ᠂ ᠰᠢᠨ᠎ᠡ | ᠣᠷᠠᠯᠠᠯ ᠢ ᠨᠡᠭᠡᠭᠡᠨ ᠬᠦᠭᠵᠢᠬᠦᠯᠬᠦ ᠳᠤ ᠡᠬᠦᠰᠦᠭᠰᠡᠨ ᠰᠣᠳᠣᠯᠭᠠᠨ ᠨᠡᠭᠡᠭᠡᠯᠲᠠ ᠶᠢᠨ ᠵᠠᠷᠣᠳᠠᠯ ᠨᠢ ᠣᠯᠣᠰ ᠤᠨ | ᠲᠣᠭᠲᠠᠭᠠᠯ ᠳᠤ ᠨᠡᠶᠢᠴᠡᠪᠠᠯ᠂ ᠲᠣᠰᠢᠶᠠᠬᠤ ᠵᠣᠬᠢᠰᠲᠠᠢ ᠣᠯᠵᠠᠪᠦᠷᠢ ᠶᠢᠨ ᠭᠠᠶᠢᠯᠢ ᠶᠢ ᠪᠣᠲᠣᠬᠤ ᠦᠶᠡᠰ ᠨᠡᠮᠡᠨ ᠣᠷᠣᠭᠤᠯᠵᠣ | ᠪᠣᠲᠣᠨ ᠰᠠᠭᠤᠯᠭᠠᠵᠣ ᠪᠣᠯᠣᠨ᠎ᠠ᠃ ᠭᠠᠶᠢᠯᠢ ᠶᠢᠨ ᠶᠠᠪᠣᠳᠠᠯ ᠤᠨ ᠰᠠᠯᠠᠭ᠎ᠠ ᠮᠦᠴᠢᠷ ᠨᠢ ᠠᠵᠣ ᠠᠬᠤᠶᠢᠯᠠᠯ ᠤᠨ ᠮᠡᠳᠡᠬᠦᠯᠦᠭᠰᠡᠨ | ᠰᠣᠳᠣᠯᠭᠠᠨ ᠨᠡᠭᠡᠭᠡᠯᠲᠡ ᠶᠢᠨ ᠲᠦᠷᠦᠯ ᠵᠦᠢᠯ ᠢ ᠮᠠᠭᠠᠳᠯᠠᠨ ᠲᠣᠭᠲᠠᠭᠠᠭᠰᠠᠨ ᠳᠤ ᠣᠨᠳᠣᠣ ᠰᠠᠨᠠᠯ ᠲᠠᠢ ᠪᠣᠯ᠂ ᠦᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠣᠶᠣ ᠠᠶᠢᠮᠠᠭ ᠤᠨ ᠵᠠᠬᠢᠷᠭ᠎ᠠ᠂ ᠲᠣᠭᠤᠷᠢᠭ ᠲᠠᠢ ᠬᠤᠲᠠ ᠶᠢᠨ | ᠠᠷᠠᠳ ᠤᠨ ᠵᠠᠰᠠᠭ ᠤᠨ ᠣᠷᠳᠣᠨ ᠤ ᠰᠢᠨᠵᠢᠯᠡᠬᠦ ᠣᠬᠠᠭᠠᠨ ᠮᠡᠷᠭᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ | ᠬᠢᠨᠠᠨ ᠲᠣᠭᠲᠠᠭᠠᠭᠰᠠᠨ ᠰᠠᠨᠠᠯ ᠭᠠᠷᠭᠠᠵᠣ ᠦᠭᠬᠦᠨ᠎ᠡ᠃ | ᠬᠤᠷᠢᠨ ᠲᠠᠪᠤᠳᠤᠭᠠᠷ ᠵᠦᠢᠯ ᠣᠯᠣᠰ ᠤᠨ ᠦᠮᠴᠢᠯᠡᠯᠲᠦ ᠠᠵᠣ ᠠᠬᠤᠶᠢᠯᠠᠯ ᠨᠢ ᠮᠡᠷᠭᠡᠵᠢᠯ ᠤᠨ ᠰᠢᠨ᠎ᠡ ᠶᠢ | ᠡᠬᠦᠳᠬᠦ ᠶᠢ ᠬᠢᠨᠠᠨ ᠰᠢᠯᠭᠠᠬᠤ ᠦᠨᠡᠯᠡᠯᠲᠡ ᠶᠢᠨ ᠲᠣᠭᠲᠠᠯᠴᠠᠭ᠎ᠠ ᠶᠢ ᠪᠠᠶᠢᠭᠤᠯᠵᠣ᠂ ᠰᠣᠳᠣᠯᠭᠠᠨ ᠨᠡᠭᠡᠭᠡᠯᠲᠡ ᠶᠢᠨ | ᠣᠷᠣᠭᠤᠯᠣᠯᠲᠠ ᠶᠢᠨ ᠡᠷᠴᠢᠮ᠂ ᠰᠣᠳᠣᠯᠭᠠᠨ ᠨᠡᠭᠡᠭᠡᠯᠲᠡ ᠶᠢᠨ ᠪᠠᠶᠢᠭᠤᠯᠣᠮᠵᠢ ᠶᠢᠨ ᠪᠦᠲᠦᠭᠡᠨ ᠪᠠᠶᠢᠭᠤᠯᠣᠯᠲᠠ᠂ ᠰᠢᠨ᠎ᠡ | ᠪᠦᠲᠦᠭᠡᠭᠳᠡᠬᠦᠨ ᠤ ᠪᠣᠷᠣᠯᠠᠭᠤᠯᠣᠯᠲᠠ ᠶᠢᠨ ᠣᠷᠣᠯᠭ᠎ᠠ᠂ ᠮᠡᠳᠡᠯᠭᠡ ᠶᠢᠨ ᠪᠦᠲᠦᠭᠡᠭᠳᠡᠬᠦᠨ ᠤ ᠡᠷᠭᠡ ᠶᠢᠨ ᠣᠯᠵᠠᠪᠦᠷᠢ᠂ | ᠣᠯᠣᠰ ᠤᠨ ᠠᠵᠣ ᠦᠢᠯᠡᠰ ᠤᠨ ᠲᠦᠷᠦ ᠶᠢᠨ ᠪᠣᠳᠣᠯᠭ᠎ᠠ ᠶᠢ ᠬᠡᠷᠡᠭᠵᠢᠬᠦᠯᠬᠦ᠂ ᠰᠢᠨ᠎ᠡ ᠶᠢ ᠡᠬᠦᠳᠬᠦ ᠴᠢᠳᠠᠪᠦᠷᠢᠲᠠᠨ ᠤ | ᠡᠩᠨᠡᠭᠡ ᠶᠢ ᠪᠠᠶᠢᠭᠤᠯᠬᠤ ᠵᠡᠷᠭᠡ ᠶᠢ ᠠᠵᠣ ᠠᠬᠤᠶᠢᠯᠠᠯ ᠤᠨ ᠬᠠᠷᠢᠭᠤᠴᠠᠯᠭᠠᠲᠠᠨ ᠤ ᠠᠵᠢᠯ ᠤᠨ ᠪᠦᠲᠦᠮᠵᠢ ᠶᠢ ᠰᠢᠯᠭᠠᠨ | ᠬᠢᠨᠠᠬᠤ ᠴᠢᠬᠤᠯᠠ ᠭᠦᠢᠴᠡᠳᠬᠡᠯ ᠲᠤᠭ᠎ᠠ ᠪᠣᠯᠭᠠᠬᠤ ᠬᠡᠷᠡᠭᠲᠠᠢ᠃ | ᠲᠥᠷᠪᠡᠳᠦᠭᠡᠷ ᠪᠦᠯᠦᠭ ᠲᠠᠷᠢᠶᠠᠯᠠᠩ ᠮᠠᠯ ᠠᠵᠣ ᠠᠬᠤᠢ ᠪᠠ ᠨᠡᠶᠢᠭᠡᠮ ᠤᠨ ᠦᠢᠯᠡᠰ ᠤᠨ | ᠰᠢᠨᠵᠢᠯᠡᠬᠦ ᠣᠬᠠᠭᠠᠨ ᠮᠡᠷᠭᠡᠵᠢᠯ ᠤᠨ ᠲᠠᠪᠰᠢᠯᠲᠡ | ᠬᠤᠷᠢᠨ ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠣᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠢ ᠲᠠᠷᠢᠶᠠᠯᠠᠩ ᠮᠠᠯ ᠠᠵᠣ ᠠᠬᠤᠢ ᠶᠢᠨ ᠰᠢᠨᠵᠢᠯᠡᠬᠦ ᠣᠬᠠᠭᠠᠨ ᠮᠡᠷᠭᠡᠵᠢᠯ ᠤᠨ ᠰᠢᠨ᠎ᠡ ᠶᠢ ᠡᠬᠦᠳᠬᠦ ᠰᠢᠰᠲ᠋ᠧᠮ | ᠪᠠ ᠲᠠᠷᠢᠶᠠᠯᠠᠩ ᠮᠠᠯ ᠠᠵᠣ ᠠᠬᠤᠢ ᠶᠢᠨ ᠮᠡᠷᠭᠡᠵᠢᠯ ᠳᠡᠯᠭᠡᠷᠡᠬᠦᠯᠬᠦ ᠰᠢᠰᠲ᠋ᠧᠮ ᠢ ᠪᠠᠶᠢᠭᠤᠯᠬᠤ ᠭᠡᠷᠡᠭᠲᠠᠢ︔ ᠲᠠᠷᠢᠶᠠᠯᠠᠩ ᠮᠠᠯ | ᠠᠵᠣ ᠠᠬᠤᠢ ᠶᠢᠨ ᠰᠢᠨᠵᠢᠯᠡᠬᠦ ᠣᠬᠠᠭᠠᠨ ᠮᠡᠷᠭᠡᠵᠢᠯ ᠤᠨ ᠡᠬᠢ ᠪᠠᠶᠠᠯᠢᠭ ᠢ ᠬᠠᠮᠳᠣᠪᠠᠷ ᠡᠳ᠋ᠯᠡᠬᠦ ᠲᠠᠪᠴᠠᠩ ᠢ ᠪᠠᠶᠢᠭᠤᠯᠵᠣ᠂ | ᠲᠠᠷᠢᠶᠠᠯᠠᠩ ᠮᠠᠯ ᠠᠵᠣ ᠠᠬᠤᠢ ᠶᠢᠨ ᠰᠢᠨ᠎ᠡ ᠡᠬᠦᠯᠳᠡᠷ᠂ ᠰᠢᠨ᠎ᠡ ᠮᠡᠷᠭᠡᠵᠢᠯ ᠤᠨ ᠰᠣᠳᠣᠯᠭᠠᠨ ᠨᠡᠭᠡᠭᠡᠯᠲᠡ ᠶᠢ ᠳᠡᠮᠵᠢᠵᠣ᠂ | ᠲᠠᠷᠢᠶᠠᠯᠠᠩ ᠮᠠᠯ ᠠᠵᠣ ᠠᠬᠤᠢ ᠶᠢᠨ ᠰᠢᠨᠵᠢᠯᠡᠬᠦ ᠣᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠣᠯᠠᠷᠢᠭᠤᠯᠬᠤ ᠶᠢ | ᠠᠬᠢᠭᠤᠯᠵᠣ᠂ ᠲᠠᠷᠢᠶᠠᠯᠠᠩ ᠮᠠᠯ ᠠᠵᠣ ᠠᠬᠤᠢ ᠶᠢᠨ ᠠᠵᠣ ᠦᠢᠯᠡᠰ ᠤᠨ ᠪᠦᠲᠦᠴᠡ ᠶᠢ ᠰᠢᠯᠢᠳᠡᠭᠵᠢᠬᠦᠯᠬᠦ ᠬᠡᠷᠡᠭᠲᠠᠢ︔ | ᠲᠠᠷᠢᠶᠠᠯᠠᠩ ᠮᠠᠯ ᠠᠵᠣ ᠠᠬᠤᠢ ᠶᠢᠨ ᠰᠢᠨᠵᠢᠯᠡᠬᠦ ᠣᠬᠠᠭᠠᠨ ᠮᠡᠷᠭᠡᠵᠢᠯ ᠤᠨ ᠲᠠᠪᠰᠢᠯᠲᠠ ᠶᠢᠨ ᠬᠤᠪᠢ ᠨᠡᠮᠡᠷᠢ ᠦᠵᠡᠬᠦᠯᠬᠦ | ᠨᠣᠷᠮ᠎ᠠ ᠶᠢ ᠳᠡᠭᠡᠭᠰᠢᠯᠡᠬᠦᠯᠵᠣ᠂ ᠦᠨᠳᠦᠷ ᠭᠠᠷᠣᠯᠲᠠ ᠲᠠᠢ᠂ ᠰᠢᠯᠢᠳᠡᠭ ᠴᠢᠨᠠᠷ ᠲᠠᠢ᠂ ᠦᠨᠳᠦᠷ ᠦᠷ᠎ᠡ ᠠᠰᠢᠭ ᠲᠠᠢ᠂ ᠠᠮᠢ | ᠠᠬᠤᠢ ᠶᠢᠨ᠂ ᠠᠶᠣᠯᠬᠦᠢ ᠣᠳᠣ ᠦᠶ᠎ᠡ ᠶᠢᠨ ᠲᠠᠷᠢᠶᠠᠯᠠᠩ ᠮᠠᠯ ᠠᠵᠣ ᠠᠬᠤᠢ ᠶᠢ ᠬᠦᠭᠵᠢᠬᠦᠯᠦᠨ᠎ᠡ ᠃ | ᠬᠤᠷᠢᠨ ᠲᠤᠯᠤᠳᠤᠭᠠᠷ ᠵᠦᠢᠯ ᠨᠦᠬᠦᠴᠡᠯ ᠪᠦᠷᠢᠯᠳᠦᠬᠦᠯᠦᠭᠰᠡᠨ ᠵᠣᠬᠢᠶᠠᠨ ᠪᠠᠶᠢᠭᠤᠯᠣᠯᠲᠠ ᠪᠠ ᠬᠤᠪᠢ | ᠬᠦᠮᠦᠨ ᠤ ᠲᠠᠷᠢᠶᠠᠯᠠᠩ ᠮᠠᠯ ᠠᠵᠣ ᠠᠬᠤᠢ ᠶᠢᠨ ᠰᠢᠨᠵᠢᠯᠡᠬᠦ ᠣᠬᠠᠭᠠᠨ ᠮᠡᠷᠭᠡᠵᠢᠯ ᠤᠨ ᠵᠢᠱᠢᠶ᠎ᠡ ᠦᠵᠡᠬᠦᠯᠬᠦ ᠬᠦᠷᠢᠶᠡᠯᠡᠩ᠂ | ᠠᠵᠣ ᠦᠢᠯᠡᠰᠵᠢᠯᠲᠡ ᠶᠢᠨ ᠰᠠᠭᠤᠷᠢᠨ ᠭᠠᠵᠠᠷ᠂ ᠲᠠᠷᠢᠶᠠᠯᠠᠩ ᠮᠠᠯ ᠠᠵᠣ ᠠᠬᠤᠢ ᠶᠢᠨ ᠵᠠᠩᠬᠢᠴᠢᠯᠠᠭᠰᠠᠨ ᠲᠣᠣᠷ | ᠰᠦᠯᠵᠢᠶᠠᠨ ᠤ ᠰᠢᠰᠲ᠋ᠧᠮ ᠪᠠᠶᠢᠭᠤᠯᠬᠤ ᠶᠢ ᠵᠣᠷᠢᠬᠵᠢᠭᠤᠯᠣᠨ᠎ᠠ᠃ ᠬᠤᠰᠢᠭᠤ ᠰᠢᠶᠠᠨ ᠤ ᠱᠠᠲᠣᠨ ᠠᠴᠠ ᠳᠡᠭᠡᠭᠰᠢᠬᠢ | ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠦᠴᠢᠷ ᠨᠢ ᠮᠡᠷᠭᠡᠵᠢᠯ᠂ ᠪᠡᠯᠡ ᠮᠦᠩᠬᠦ᠂ | ᠦᠢᠯᠡᠳᠪᠦᠷᠢᠯᠡᠯ ᠤᠨ ᠬᠡᠷᠡᠭᠰᠡᠯ ᠵᠡᠷᠭᠡ ᠲᠠᠯ᠎ᠠ ᠪᠠᠷ ᠳᠡᠮᠵᠢᠯᠭᠡ ᠦᠵᠡᠬᠦᠯᠬᠦ ᠬᠡᠷᠡᠭᠲᠠᠢ᠃ | ᠡᠯ᠎ᠡ ᠱᠠᠲᠣᠨ ᠤ ᠠᠷᠠᠳ ᠤᠨ ᠵᠠᠰᠠᠭ ᠤᠨ ᠣᠷᠳᠣᠨ ᠲᠠᠷᠢᠶᠠᠯᠠᠬᠤ ᠮᠠᠯᠵᠢᠬᠤ ᠣᠷᠣᠨ ᠤ ᠰᠢᠨᠵᠢᠯᠡᠬᠦ ᠣᠬᠠᠭᠠᠨ | ᠮᠡᠷᠭᠡᠵᠢᠯ ᠤᠨ ᠲᠣᠰᠬᠠᠢ ᠲᠣᠮᠢᠯᠠᠭᠳᠠᠭᠰᠠᠳ ᠤᠨ ᠵᠣᠬᠢᠶᠠᠨ ᠪᠠᠶᠢᠭᠤᠯᠣᠯᠲᠠ᠂ ᠲᠣᠰᠬᠠᠢ ᠮᠡᠷᠭᠡᠵᠢᠯ ᠤᠨ ᠨᠡᠶᠢᠭᠡᠮᠯᠢᠭ ᠪᠠ | ᠮᠠᠯᠴᠢᠳ ᠲᠠᠷᠢᠶᠠᠴᠢᠳ ᠤᠨ ᠲᠤᠰᠬᠠᠢ ᠮᠡᠷᠭᠡᠵᠢᠯ ᠤᠨ ᠬᠤᠷᠰᠢᠶᠠᠵᠢᠯ ᠤᠨ ᠠᠵᠣ ᠠᠬᠤᠢ ᠶᠢᠨ ᠵᠣᠬᠢᠶᠠᠨ ᠪᠠᠶᠢᠭᠤᠯᠣᠯᠲᠠ | ᠵᠢᠴᠢ ᠭᠠᠵᠠᠷ ᠵᠦᠢ ᠶᠢᠨ ᠰᠢᠨᠵᠢ ᠲᠡᠮᠳᠡᠭᠲᠦ ᠲᠠᠸᠠᠷ ᠤᠨ ᠲᠡᠮᠳᠡᠭ ᠢ ᠭᠤᠶᠣᠴᠢᠯᠠᠭᠰᠠᠨ ᠬᠦᠮᠦᠨ ᠳᠤ ᠮᠡᠷᠭᠡᠵᠢᠯ ᠪᠠ ᠪᠡᠯᠡ | ᠮᠦᠩᠬᠦ ᠵᠡᠷᠭᠡ ᠲᠠᠯ᠎ᠠ ᠪᠠᠷ ᠳᠡᠮᠵᠢᠯᠭᠡ ᠦᠵᠡᠬᠦᠯᠬᠦ ᠪᠠᠨ ᠴᠢᠩᠭᠠᠳᠬᠠᠬᠤ ᠭᠡᠷᠡᠭᠲᠠᠢ᠃ | ᠳᠡᠭᠡᠲᠦ ᠵᠡᠷᠭᠡ ᠶᠢᠨ ᠰᠣᠷᠭᠠᠭᠤᠯᠢ᠂ ᠰᠢᠨᠵᠢᠯᠡᠬᠦ ᠣᠬᠠᠭᠠᠨ ᠮᠡᠷᠭᠡᠵᠢᠯ ᠤᠨ ᠰᠣᠳᠣᠯᠭᠠᠨ ᠨᠡᠭᠡᠭᠡᠯᠲᠡ ᠶᠢᠨ | ᠪᠠᠶᠢᠭᠤᠯᠣᠮᠵᠢ ᠬᠢᠭᠡᠳ ᠮᠠᠯᠴᠢᠳ ᠲᠠᠷᠢᠶᠠᠴᠢᠳ ᠤᠨ ᠲᠣᠰᠬᠠᠢ ᠮᠡᠷᠭᠡᠵᠢᠯ ᠤᠨ ᠬᠤᠷᠰᠢᠶᠠᠵᠢᠯ ᠤᠨ ᠠᠵᠣ ᠠᠬᠤᠢ ᠶᠢᠨ | ᠵᠣᠬᠢᠶᠠᠨ ᠪᠠᠶᠢᠭᠤᠯᠣᠯᠲᠠ᠂ ᠲᠠᠷᠢᠶᠠᠯᠠᠩ ᠮᠠᠯ ᠠᠵᠣ ᠠᠬᠤᠢ ᠶᠢᠨ ᠬᠦᠲᠦᠴᠢ ᠠᠵᠣ ᠠᠬᠤᠶᠢᠯᠠᠯ ᠵᠢᠴᠢ ᠮᠠᠯᠴᠢᠨ ᠲᠠᠷᠢᠶᠠᠴᠢᠨ | ᠡᠷᠦᠭᠡ ᠵᠡᠷᠭᠡ ᠣᠯᠠᠨ ᠲᠦᠷᠦᠯ ᠤᠨ ᠬᠡᠯᠪᠡᠷᠢ ᠶᠢᠨ ᠮᠡᠷᠭᠡᠵᠢᠯ ᠤᠨ ᠬᠤᠷᠰᠢᠶᠠᠵᠢᠯ ᠦᠷᠨᠢᠬᠦᠯᠬᠦ ᠶᠢ ᠳᠡᠮᠵᠢᠨ᠎ᠡ᠃ | ᠬᠤᠷᠢᠨ ᠨᠠᠢᠮᠠᠳᠤᠭᠠᠷ ᠵᠦᠢᠯ ᠡᠬᠢ ᠪᠠᠶᠠᠯᠢᠭ ᠪᠠ ᠣᠷᠴᠢᠨ ᠲᠣᠭᠤᠷᠢᠨ᠂ ᠬᠦᠮᠦᠨ ᠠᠮᠠ ᠪᠠ ᠡᠷᠡᠬᠦᠯ ᠴᠢᠬᠢᠷᠠᠭ᠂ | ᠠᠭᠤᠷ ᠠᠮᠢᠰᠬᠤᠯ ᠤᠨ ᠬᠤᠪᠢᠷᠠᠯᠲᠠ᠂ ᠭᠠᠮᠰᠢᠭ ᠢ ᠰᠡᠷᠭᠡᠶᠢᠯᠡᠵᠣ ᠭᠠᠮᠰᠢᠭ ᠢ ᠪᠠᠭᠠᠰᠬᠠᠬᠤ᠂ ᠨᠡᠶᠢᠲᠡ ᠶᠢᠨ ᠠᠮᠣᠷ | ᠲᠦᠪᠰᠢᠨ᠂ ᠠᠮᠢᠲᠣ ᠪᠣᠳᠠᠰ ᠤᠨ ᠮᠡᠷᠭᠡᠵᠢᠯ᠂ ᠦᠨᠳᠦᠰᠦᠲᠡᠨ ᠤ ᠡᠮ ᠡᠮᠨᠡᠯᠭᠡ᠂ ᠣᠰᠣᠨ ᠤ ᠡᠬᠢ ᠪᠠᠶᠠᠯᠢᠭ ᠢ ᠠᠷᠪᠢᠯᠠᠬᠤ | ᠪᠠ ᠬᠠᠮᠠᠭᠠᠯᠠᠬᠤ ᠵᠡᠷᠭᠡ ᠬᠦᠷᠢᠶ᠎ᠡ ᠬᠡᠪᠴᠢᠶᠠᠨ ᠳᠠᠬᠢ ᠰᠢᠨᠵᠢᠯᠡᠬᠦ ᠣᠬᠠᠭᠠᠨ ᠮᠡᠷᠭᠡᠵᠢᠯ ᠤᠨ ᠰᠢᠨ᠎ᠡ ᠶᠢ ᠡᠬᠦᠳᠬᠦ ᠶᠢ | ᠵᠣᠷᠢᠬᠵᠢᠭᠤᠯᠣᠨ ᠳᠡᠮᠵᠢᠵᠣ᠂ ᠨᠡᠶᠢᠭᠡᠮ ᠤᠨ ᠠᠵᠣ ᠦᠢᠯᠡᠰ ᠤᠨ ᠬᠦᠭᠵᠢᠯᠲᠡ ᠪᠠ ᠲᠠᠪᠰᠢᠯᠲᠠ ᠶᠢ ᠠᠬᠢᠭᠤᠯᠣᠨ᠎ᠠ᠃ | | ᠬᠤᠷᠢ ᠶᠢᠰᠦᠳᠦᠭᠡᠷ ᠵᠦᠢᠯ ᠬᠤᠰᠢᠭᠤ ᠰᠢᠶᠠᠨ ᠤ ᠱᠠᠲᠣᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ | ᠰᠢᠨᠵᠢᠯᠡᠬᠦ ᠣᠬᠠᠭᠠᠨ ᠮᠡᠷᠭᠡᠵᠢᠯ ᠢᠶᠠᠷ ᠠᠷᠠᠳ ᠤᠨ ᠠᠮᠢᠳᠣᠷᠠᠯ ᠢ ᠰᠠᠶᠢᠵᠢᠷᠠᠭᠤᠯᠬᠤ ᠴᠢᠳᠠᠪᠦᠷᠢ ᠶᠢ ᠴᠢᠩᠭᠠᠳᠬᠠᠵᠣ᠂ | ᠰᠢᠨᠵᠢᠯᠡᠬᠦ ᠣᠬᠠᠭᠠᠨ ᠮᠡᠷᠭᠡᠵᠢᠯ ᠢᠶᠠᠷ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡᠨ ᠤ ᠰ᠊ ᠰᠢᠰᠲ᠋ᠧᠮ ᠢ ᠪᠠᠶᠢᠭᠤᠯᠵᠣ᠂ | ᠰᠢᠨᠵᠢᠯᠡᠬᠦ ᠣᠬᠠᠭᠠᠨ ᠮᠡᠷᠭᠡᠵᠢᠯ ᠢᠶᠠᠷ ᠠᠷᠠᠳ ᠲᠤ ᠠᠰᠢᠭ ᠬᠦᠷᠲᠡᠭᠡᠬᠦ ᠮᠡᠷᠭᠡᠵᠢᠯ ᠢ ᠳᠡᠯᠭᠡᠷᠡᠬᠦᠯᠦᠨ ᠲᠦᠭᠡᠮᠡᠯᠵᠢᠬᠦᠯᠬᠦ ᠶᠢ | ᠳᠡᠮᠵᠢᠬᠦ ᠬᠡᠷᠡᠭᠲᠠᠢ᠃ | ᠭᠤᠴᠢᠳᠤᠭᠠᠷ ᠵᠦᠢᠯ ᠬᠤᠰᠢᠭᠤ ᠰᠢᠶᠠᠨ ᠤ ᠱᠠᠲᠣᠨ ᠠᠴᠠ ᠳᠡᠭᠡᠭᠰᠢᠬᠢ ᠠᠷᠠᠳ ᠤᠨ ᠵᠠᠰᠠᠭ ᠣᠷᠳᠣᠨ ᠠᠮᠢ | ᠠᠬᠤᠢ ᠶᠢᠨ ᠬᠠᠮᠠᠭᠠᠯᠠᠯᠲᠠ᠂ ᠡᠨᠧᠷᠬᠢ ᠠᠷᠪᠢᠯᠠᠵᠣ ᠭᠠᠳᠠᠭᠰᠢᠯᠠᠯ ᠢ ᠪᠠᠭᠠᠰᠬᠠᠬᠤ᠂ ᠡᠬᠢ ᠪᠠᠶᠠᠯᠢᠭ ᠢ ᠶᠡᠷᠦᠩᠭᠡᠶᠢᠯᠡᠨ | ᠠᠰᠢᠭᠯᠠᠬᠤ᠂ ᠪᠣᠬᠢᠷᠳᠣᠯ ᠢ ᠬᠢᠵᠠᠭᠠᠷᠯᠠᠬᠤ ᠵᠡᠷᠭᠡ ᠮᠡᠷᠭᠡᠵᠢᠯ ᠤᠨ ᠨᠡᠭᠡᠭᠡᠯᠲᠡ ᠪᠠ ᠲᠦᠪᠯᠡᠷᠡᠯ ᠢ ᠳᠡᠮᠵᠢᠵᠣ᠂ ᠣᠷᠴᠢᠯ ᠠᠵᠣ | ᠠᠬᠤᠢ ᠶᠢ ᠬᠦᠭᠵᠢᠬᠦᠯᠬᠦ ᠶᠢ ᠵᠣᠷᠢᠬᠵᠢᠭᠤᠯᠣᠨ᠂ ᠣᠷᠣᠨ ᠪᠦᠰᠡ ᠶᠢᠨ ᠦᠷᠬᠦᠯᠵᠢᠯᠡᠯ ᠭᠦᠭᠵᠢᠯᠲᠡ ᠶᠢᠨ ᠴᠢᠳᠠᠪᠦᠷᠢ ᠶᠢ | ᠳᠡᠭᠡᠭᠰᠢᠯᠡᠬᠦᠯᠬᠦ ᠬᠡᠷᠡᠭᠲᠠᠢ᠃ | ᠲᠠᠪᠤᠳᠤᠭᠠᠷ ᠪᠦᠯᠦᠭ ᠰᠢᠨᠵᠢᠯᠡᠬᠦ ᠣᠬᠠᠭᠠᠨ ᠮᠡᠷᠭᠡᠵᠢᠯ ᠤᠨ ᠰᠣᠳᠣᠯᠭᠠᠨ | ᠨᠡᠭᠡᠭᠡᠯᠲᠡ ᠶᠢᠨ ᠪᠠᠶᠢᠭᠤᠯᠣᠮᠵᠢ | ᠭᠤᠴᠢᠨ ᠨᠢᠭᠡᠳᠦᠭᠡᠷ ᠵᠦᠢᠯ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠰᠢᠨᠵᠢᠯᠡᠬᠦ | ᠣᠬᠠᠭᠠᠨ ᠮᠡᠷᠭᠡᠵᠢᠯ ᠤᠨ ᠰᠣᠳᠣᠯᠭᠠᠨ ᠨᠡᠭᠡᠭᠡᠯᠲᠡ ᠶᠢᠨ ᠪᠠᠶᠢᠭᠤᠯᠣᠮᠵᠢ ᠶᠢᠨ ᠪᠠᠶᠢᠷᠢᠯᠠᠭᠤᠯᠣᠯᠲᠠ ᠶᠢ ᠨᠢᠭᠡᠳᠦᠯᠲᠠᠢ | ᠲᠦᠯᠦᠪᠵᠢᠬᠦᠯᠵᠣ᠂ ᠰᠢᠨᠵᠢᠯᠡᠬᠦ ᠣᠬᠠᠭᠠᠨ ᠮᠡᠷᠭᠡᠵᠢᠯ ᠤᠨ ᠡᠬᠢ ᠪᠠᠶᠠᠯᠢᠭ ᠤᠨ ᠲᠣᠬᠢᠷᠠᠭᠤᠯᠣᠯᠲᠠ ᠶᠢ ᠰᠢᠯᠢᠳᠡᠭᠵᠢᠬᠦᠯᠦᠨ᠂ | ᠰᠢᠨᠵᠢᠯᠡᠬᠦ ᠣᠬᠠᠭᠠᠨ ᠮᠡᠷᠭᠡᠵᠢᠯ ᠤᠨ ᠰᠣᠳᠣᠯᠭᠠᠨ ᠨᠡᠭᠡᠭᠡᠯᠲᠡ ᠶᠢᠨ ᠰᠢᠰᠲ᠋ᠧᠮ ᠢ ᠪᠠᠶᠢᠭᠤᠯᠣᠨ ᠳᠡᠬᠦᠯᠳᠡᠷᠵᠢᠬᠦᠯᠦᠨ᠎ᠡ᠃ | | ᠭᠤᠴᠢᠨ ᠬᠤᠶᠠᠳᠤᠭᠠᠷ ᠵᠦᠢᠯ ᠨᠡᠶᠢᠲᠡ ᠶᠢᠨ ᠠᠰᠠᠷᠠᠮᠵᠢ ᠶᠢᠨ ᠲᠦᠷᠦᠯ ᠤᠨ ᠰᠢᠨᠵᠢᠯᠡᠬᠦ ᠣᠬᠠᠭᠠᠨ ᠮᠡᠷᠭᠡᠵᠢᠯ ᠤᠨ | ᠰᠣᠳᠣᠯᠭᠠᠨ ᠨᠡᠭᠡᠭᠡᠯᠲᠡ ᠶᠢᠨ ᠪᠠᠶᠢᠭᠤᠯᠣᠮᠵᠢ ᠨᠢ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠦᠢᠯᠡᠴᠢᠯᠡᠭᠡᠨ ᠤ | ᠴᠢᠭᠯᠡᠯᠲᠡ ᠶᠢ ᠪᠠᠷᠢᠮᠲᠠᠯᠠᠵᠣ᠂ ᠨᠡᠶᠢᠭᠡᠮ ᠨᠡᠶᠢᠲᠡ ᠶᠢᠨ ᠬᠦᠷᠢᠶ᠎ᠡ ᠬᠡᠪᠴᠢᠶᠠᠨ ᠤ ᠣᠨᠴᠠᠯᠢᠭ ᠲᠤ ᠵᠣᠬᠢᠴᠠᠬᠤ ᠰᠢᠨᠵᠢᠯᠡᠬᠦ | ᠣᠬᠠᠭᠠᠨ ᠮᠡᠷᠭᠡᠵᠢᠯ ᠤᠨ ᠰᠢᠨ᠎ᠡ ᠶᠢ ᠡᠬᠦᠳᠬᠦ ᠲᠣᠯᠭᠠᠭᠤᠷᠢ ᠲᠣᠭᠲᠠᠯᠴᠠᠭ᠎ᠠ ᠶᠢ ᠪᠠᠶᠢᠭᠤᠯᠬᠤ ᠭᠡᠷᠡᠭᠲᠠᠢ᠃ | ᠰᠠᠭᠤᠷᠢ ᠰᠣᠳᠣᠯᠭᠠᠨ ᠤ ᠲᠦᠷᠦᠯ ᠤᠨ ᠰᠢᠨᠵᠢᠯᠡᠬᠦ ᠣᠬᠠᠭᠠᠨ ᠮᠡᠷᠭᠡᠵᠢᠯ ᠤᠨ ᠰᠣᠳᠣᠯᠭᠠᠨ ᠨᠡᠭᠡᠭᠡᠯᠲᠡ ᠶᠢᠨ | ᠪᠠᠶᠢᠭᠤᠯᠣᠮᠵᠢ ᠨᠢ ᠣᠯᠣᠰ ᠪᠠ ᠦᠪᠡᠷᠲᠡᠭᠡᠨ ᠵᠠᠰᠠᠬᠤ ᠣᠷᠣᠨ ᠤ ᠪᠠᠶᠢᠯᠳᠣᠬᠤ ᠪᠣᠳᠣᠯᠭ᠎ᠠ ᠶᠢᠨ ᠬᠡᠷᠡᠭᠴᠡᠭᠡ ᠵᠢᠴᠢ ᠰᠢᠨᠵᠢᠯᠡᠬᠦ | ᠣᠬᠠᠭᠠᠨ ᠤ ᠡᠮᠦᠨ᠎ᠡ ᠹᠷᠣᠨᠲ ᠶᠢᠨ ᠠᠰᠠᠭᠤᠳᠠᠯ ᠢ ᠦᠨᠳᠦᠰᠦᠯᠡᠵᠣ᠂ ᠰᠢᠨ᠎ᠡ ᠶᠢ ᠡᠬᠦᠳᠬᠦ ᠠᠮᠢᠵᠢᠷᠠᠯ ᠤᠨ ᠬᠦᠴᠦᠨ ᠢ | ᠬᠦᠭᠵᠢᠬᠡᠬᠦ ᠳᠤ ᠠᠰᠢᠭᠲᠠᠢ ᠠᠩᠬᠠᠨ ᠤ ᠰᠢᠨ᠎ᠡ ᠶᠢ ᠡᠬᠦᠳᠬᠦ ᠴᠢᠳᠠᠪᠦᠷᠢ ᠶᠢ ᠳᠡᠭᠡᠭᠰᠢᠯᠡᠬᠦᠯᠬᠦ ᠠᠵᠢᠯᠯᠠᠭᠠᠨ ᠤ | ᠲᠣᠭᠲᠠᠯᠴᠠᠭ᠎ᠠ ᠶᠢ ᠲᠡᠬᠦᠯᠳᠡᠷᠵᠢᠬᠦᠯᠬᠦ ᠬᠡᠷᠡᠭᠲᠠᠢ᠃ | ᠮᠡᠷᠭᠡᠵᠢᠯ ᠤᠨ ᠨᠡᠭᠡᠭᠡᠯᠲᠡ ᠶᠢᠨ ᠲᠦᠷᠦᠯ ᠤᠨ ᠰᠢᠨᠵᠢᠯᠡᠬᠦ ᠣᠬᠠᠭᠠᠨ ᠮᠡᠷᠭᠡᠵᠢᠯ ᠤᠨ ᠰᠣᠳᠣᠯᠭᠠᠨ ᠨᠡᠭᠡᠭᠡᠯᠲᠡ ᠶᠢᠨ | ᠪᠠᠶᠢᠭᠤᠯᠣᠮᠵᠢ ᠨᠢ ᠠᠵᠣ ᠠᠬᠤᠶᠢᠯᠠᠯᠴᠢᠯᠠᠬᠤ ᠪᠠᠶᠢᠭᠤᠯᠣᠮᠵᠢ ᠶᠢᠨ ᠬᠤᠪᠢᠷᠠᠯᠲᠠ ᠶᠢᠨ ᠴᠢᠭᠯᠡᠯ ᠢ ᠪᠠᠷᠢᠮᠲᠠᠯᠠᠵᠣ᠂ ᠣᠳᠣ | ᠦᠶ᠎ᠡ ᠶᠢᠨ ᠠᠵᠣ ᠠᠬᠤᠶᠢᠯᠠᠯ ᠤᠨ ᠳᠦᠷᠢᠮ ᠢ ᠲᠡᠬᠦᠯᠳᠡᠷᠵᠢᠬᠦᠯᠵᠣ᠂ ᠵᠠᠬ᠎ᠠ ᠳᠡᠯᠭᠡᠭᠦᠷ ᠢᠶᠠᠷ ᠣᠳᠣᠷᠢᠳᠣᠮᠵᠢ ᠪᠣᠯᠭᠠᠭᠰᠠᠨ | ᠮᠡᠷᠭᠡᠵᠢᠯ ᠤᠨ ᠰᠢᠨ᠎ᠡ ᠶᠢ ᠡᠬᠦᠳᠬᠦ ᠲᠣᠭᠲᠠᠯᠴᠠᠭ᠎ᠠ ᠶᠢ ᠪᠠᠶᠢᠭᠤᠯᠬᠤ ᠭᠡᠷᠡᠭᠲᠠᠢ᠃ | ᠭᠤᠴᠢᠨ ᠭᠤᠷᠪᠠᠳᠤᠭᠠᠷ ᠵᠦᠢᠯ ᠣᠷᠣᠨ ᠤ ᠭᠠᠳᠠᠨᠠᠬᠢ ᠪᠠ ᠦᠪᠡᠷᠲᠡᠭᠡᠨ ᠵᠠᠰᠠᠬᠤ ᠣᠷᠣᠨ ᠳᠤ ᠰᠠᠭᠤᠭ᠎ᠠ | ᠲᠦᠪ ᠤᠨ ᠰᠢᠨᠵᠢᠯᠡᠬᠦ ᠣᠬᠠᠭᠠᠨ ᠮᠡᠷᠭᠡᠵᠢᠯ ᠤᠨ ᠰᠣᠳᠣᠯᠭᠠᠨ ᠨᠡᠭᠡᠭᠡᠯᠲᠡ ᠶᠢᠨ ᠪᠠᠶᠢᠭᠤᠯᠣᠮᠵᠢ ᠶᠢᠨ ᠦᠪᠡᠷᠲᠡᠭᠡᠨ ᠵᠠᠰᠠᠬᠤ | ᠣᠷᠣᠨ ᠳᠤ ᠪᠠᠶᠢᠭᠤᠯᠣᠮᠵᠢ ᠪᠠᠶᠢᠭᠤᠯᠵᠣ᠂ ᠦᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠣᠬᠠᠭᠠᠨ ᠮᠡᠷᠭᠡᠵᠢᠯ ᠤᠨ | ᠰᠣᠳᠣᠯᠭᠠᠨ ᠨᠡᠭᠡᠭᠡᠯᠲᠡ ᠳᠤ ᠣᠷᠣᠯᠴᠠᠬᠤ ᠶᠢ ᠵᠣᠷᠢᠬᠵᠢᠭᠤᠯᠣᠨ᠎ᠠ᠃ | ᠨᠡᠶᠢᠭᠡᠮ ᠤᠨ ᠬᠦᠴᠦᠨ ᠤ ᠦᠪᠡᠷᠲᠡᠭᠡᠨ ᠵᠠᠰᠠᠬᠤ ᠣᠷᠣᠨ ᠳᠤ ᠬᠠᠣᠯᠢ ᠶᠣᠰᠣᠭᠠᠷ ᠰᠢᠨᠵᠢᠯᠡᠬᠦ ᠣᠬᠠᠭᠠᠨ ᠮᠡᠷᠭᠡᠵᠢᠯ ᠤᠨ | ᠰᠣᠳᠣᠯᠭᠠᠨ ᠨᠡᠭᠡᠭᠡᠯᠲᠡ ᠶᠢᠨ ᠪᠠᠶᠢᠭᠤᠯᠣᠮᠵᠢ ᠡᠬᠦᠳᠦᠨ ᠪᠠᠶᠢᠭᠤᠯᠬᠤ ᠶᠢ ᠵᠣᠷᠢᠬᠵᠢᠭᠤᠯᠣᠨ᠎ᠠ᠃ | ᠵᠢᠷᠭᠤᠳᠤᠭᠠᠷ ᠪᠦᠯᠦᠭ ᠰᠢᠨᠵᠢᠯᠡᠬᠦ ᠣᠬᠠᠭᠠᠨ ᠮᠡᠷᠭᠡᠵᠢᠯ ᠤᠨ ᠠᠵᠢᠯᠲᠠᠨ | ᠭᠤᠴᠢᠨ ᠲᠥᠷᠪᠡᠳᠦᠭᠡᠷ ᠵᠦᠢᠯ ᠬᠤᠰᠢᠭᠤ ᠰᠢᠶᠠᠨ ᠤ ᠱᠠᠲᠣᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠢ ᠰᠢᠨᠵᠢᠯᠡᠬᠦ ᠣᠬᠠᠭᠠᠨ ᠮᠡᠷᠭᠡᠵᠢᠯ ᠤᠨ ᠴᠢᠳᠠᠪᠦᠷᠢᠲᠠᠨ ᠢ ᠬᠦᠭᠵᠢᠬᠦᠯᠬᠦ ᠲᠦᠯᠦᠪᠵᠢᠬᠦᠯᠭᠡ ᠲᠣᠭᠲᠠᠭᠠᠵᠣ᠂ | ᠰᠢᠨᠵᠢᠯᠡᠬᠦ ᠣᠬᠠᠭᠠᠨ ᠮᠡᠷᠭᠡᠵᠢᠯ ᠤᠨ ᠴᠢᠳᠠᠪᠦᠷᠢᠲᠠᠨ ᠢ ᠬᠦᠮᠦᠵᠢᠬᠦᠯᠬᠦ᠂ ᠣᠷᠣᠭᠤᠯᠬᠤ᠂ ᠬᠡᠷᠡᠭᠯᠡᠬᠦ᠂ ᠰᠢᠯᠵᠢᠬᠦᠯᠬᠦ᠂ | ᠦᠨᠡᠯᠡᠬᠦ ᠵᠡᠷᠭᠡ ᠳᠦᠷᠢᠮ ᠢ ᠪᠠᠶᠢᠭᠤᠯᠣᠨ ᠲᠡᠬᠦᠯᠳᠡᠷᠵᠢᠬᠦᠯᠵᠣ᠂ ᠴᠦᠭᠡᠨ ᠲᠣᠭᠠᠲᠣ ᠦᠨᠳᠦᠰᠦᠲᠡᠨ ᠤ ᠰᠢᠨᠵᠢᠯᠡᠬᠦ ᠣᠬᠠᠭᠠᠨ | ᠮᠡᠷᠭᠡᠵᠢᠯ ᠤᠨ ᠴᠢᠳᠠᠪᠦᠷᠢᠲᠠᠨ ᠤ ᠬᠦᠮᠦᠵᠢᠯ ᠢ ᠴᠢᠬᠤᠯᠠᠴᠢᠯᠠᠨ ᠴᠢᠩᠭᠠᠳᠬᠠᠵᠣ᠂ ᠰᠢᠨᠵᠢᠯᠡᠬᠦ ᠣᠬᠠᠭᠠᠨ ᠮᠡᠷᠭᠡᠵᠢᠯ ᠤᠨ | ᠴᠢᠳᠠᠪᠦᠷᠢᠲᠠᠨ ᠤ ᠡᠩᠨᠡᠭᠡᠨ ᠤ ᠪᠦᠲᠦᠭᠡᠨ ᠪᠠᠶᠢᠭᠤᠯᠣᠯᠲᠠ ᠳᠤ ᠦᠢᠯᠡᠴᠢᠯᠡᠭᠡ ᠪᠠ ᠪᠠᠲᠣᠯᠠᠭ᠎ᠠ ᠬᠠᠩᠭᠠᠬᠤ ᠭᠡᠷᠡᠭᠲᠠᠢ᠃ | | ᠭᠤᠴᠢᠨ ᠲᠠᠪᠤᠳᠤᠭᠠᠷ ᠵᠦᠢᠯ ᠬᠤᠰᠢᠭᠤ ᠰᠢᠶᠠᠨ ᠤ ᠱᠠᠲᠣᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠪᠠ ᠠᠵᠣ ᠠᠬᠤᠶᠢᠯᠠᠯ ᠵᠡᠷᠭᠡ ᠠᠵᠣ ᠦᠢᠯᠡᠰ ᠤᠨ ᠵᠣᠬᠢᠶᠠᠨ ᠪᠠᠶᠢᠭᠤᠯᠣᠯᠲᠠ ᠨᠢ ᠬᠤᠪᠣᠷ ᠴᠣᠬᠠᠭ ᠬᠡᠯᠪᠡᠷᠢ ᠶᠢᠨ | ᠰᠢᠨᠵᠢᠯᠡᠬᠦ ᠣᠬᠠᠭᠠᠨ ᠮᠡᠷᠭᠡᠵᠢᠯ ᠤᠨ ᠠᠵᠢᠯᠲᠠᠨ ᠢ ᠬᠦᠮᠦᠵᠢᠬᠦᠯᠬᠦ ᠪᠠ ᠣᠷᠣᠭᠤᠯᠵᠣ᠂ ᠦᠨᠳᠦᠷ ᠳᠠᠪᠬᠤᠷᠭ᠎ᠠ ᠶᠢᠨ | ᠰᠢᠨᠵᠢᠯᠡᠬᠦ ᠣᠬᠠᠭᠠᠨ ᠮᠡᠷᠭᠡᠵᠢᠯ ᠤᠨ ᠠᠵᠢᠯᠲᠠᠨ ᠤ ᠰᠢᠨ᠎ᠡ ᠶᠢ ᠡᠬᠦᠳᠴᠣ ᠠᠳᠠᠯ ᠪᠣᠰᠬᠠᠬᠤ ᠶᠢ ᠵᠣᠷᠢᠬᠵᠢᠭᠤᠯᠣᠨ ᠳᠡᠮᠵᠢᠵᠣ᠂ | ᠲᠣᠪᠤᠶᠢᠮ᠎ᠠ ᠬᠤᠪᠢ ᠨᠡᠮᠡᠷᠢ ᠭᠠᠷᠭᠠᠭᠰᠠᠨ ᠰᠢᠨᠵᠢᠯᠡᠬᠦ ᠣᠬᠠᠭᠠᠨ ᠮᠡᠷᠭᠡᠵᠢᠯ ᠤᠨ ᠠᠵᠢᠯᠲᠠᠨ ᠳᠤ ᠡᠯᠪᠡᠭ ᠬᠦᠷᠲᠡᠮᠵᠢ | ᠣᠯᠭᠤᠬᠤ ᠬᠡᠷᠡᠭᠲᠠᠢ᠃ | ᠭᠤᠴᠢᠨ ᠵᠢᠷᠭᠤᠳᠤᠭᠠᠷ ᠵᠦᠢᠯ ᠠᠵᠣ ᠠᠬᠤᠶᠢᠯᠠᠯ ᠨᠢ ᠰᠲ᠋ᠣᠺ ᠤᠨ ᠡᠷᠭᠡ ᠶᠢᠨ ᠬᠦᠬᠢᠬᠦᠯᠦᠯ᠂ ᠰᠲ᠋ᠣᠺ ᠤᠨ | ᠡᠷᠭᠡ ᠶᠢ ᠬᠤᠳᠠᠯᠳᠣᠬᠤ᠂ ᠰᠲ᠋ᠣᠺ ᠤᠨ ᠬᠤᠭᠤᠴᠠᠭᠠᠲᠣ ᠡᠷᠭᠡ᠂ ᠣᠷᠣᠯᠭ᠎ᠠ ᠬᠤᠪᠢᠶᠠᠵᠣ ᠵᠣᠷᠢᠬᠵᠢᠭᠤᠯᠬᠤ ᠵᠡᠷᠭᠡ ᠠᠷᠭ᠎ᠠ | ᠬᠡᠯᠪᠡᠷᠢ ᠪᠠᠷ ᠲᠣᠰᠢᠶᠠᠯ ᠤᠨ ᠰᠢᠨᠵᠢᠯᠡᠬᠦ ᠣᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠭᠦᠢᠴᠡᠳᠬᠡᠭᠰᠡᠨ ᠬᠦᠮᠦᠨ ᠳᠤ | ᠪᠣᠳᠠᠰ ᠤᠨ ᠬᠦᠬᠢᠬᠦᠯᠦᠯ ᠬᠦᠷᠲᠡᠭᠡᠵᠣ ᠪᠣᠯᠣᠨ᠎ᠠ᠃ | ᠭᠤᠴᠢᠨ ᠲᠤᠯᠤᠳᠤᠭᠠᠷ ᠵᠦᠢᠯ ᠳᠡᠭᠡᠲᠦ ᠵᠡᠷᠭᠡ ᠶᠢᠨ ᠰᠣᠷᠭᠠᠭᠤᠯᠢ᠂ ᠡᠳ ᠤ ᠵᠠᠰᠠᠭ ᠤᠨ ᠴᠢᠨᠠᠷᠲᠠᠢ ᠪᠡᠯᠡ | ᠮᠦᠩᠬᠦ ᠶᠢ ᠠᠰᠢᠭᠯᠠᠵᠣ ᠪᠠᠶᠢᠭᠤᠯᠣᠭᠰᠠᠨ ᠰᠢᠨᠵᠢᠯᠡᠬᠦ ᠣᠬᠠᠭᠠᠨ ᠮᠡᠷᠭᠡᠵᠢᠯ ᠤᠨ ᠰᠣᠳᠣᠯᠭᠠᠨ ᠨᠡᠭᠡᠭᠡᠯᠲᠡ ᠶᠢᠨ | ᠪᠠᠶᠢᠭᠤᠯᠣᠮᠵᠢ ᠨᠢ ᠮᠡᠷᠭᠡᠵᠢᠯ ᠰᠢᠯᠵᠢᠬᠦᠯᠦᠨ ᠦᠭᠬᠦ ᠬᠡᠯᠪᠡᠷᠢ ᠪᠠᠷ ᠲᠣᠰᠢᠶᠠᠯ ᠤᠨ ᠰᠢᠨᠵᠢᠯᠡᠬᠦ ᠣᠬᠠᠭᠠᠨ ᠮᠡᠷᠭᠡᠵᠢᠯ ᠤᠨ ᠦᠷ᠎ᠡ | ᠪᠦᠲᠦᠭᠡᠯ ᠢ ᠪᠣᠰᠣᠳ ᠲᠤ ᠦᠭᠴᠣ ᠬᠡᠷᠡᠭᠵᠢᠬᠦᠯᠦᠭᠰᠡᠨ ᠪᠣᠯ᠂ ᠮᠡᠷᠭᠡᠵᠢᠯ ᠰᠢᠯᠵᠢᠬᠦᠯᠦᠨ ᠦᠭᠬᠦ ᠳᠤ ᠣᠯᠣᠭᠰᠠᠨ ᠴᠡᠪᠡᠷ | ᠣᠷᠣᠯᠭ᠎ᠠ ᠶᠢᠨ ᠵᠠᠭᠤᠨ ᠤ ᠭᠤᠴᠢ ᠠᠴᠠ ᠲᠣᠷᠣᠭᠰᠢ ᠪᠠᠶᠢᠵᠣ ᠪᠣᠯᠬᠤ ᠦᠭᠡᠢ᠂ ᠵᠠᠭᠤᠨ ᠤ ᠲᠠᠯ᠎ᠠ ᠠᠴᠠ ᠬᠡᠲᠦᠷᠡᠬᠦ ᠦᠭᠡᠢ | ᠬᠠᠷᠢᠴᠠᠯ ᠢᠶᠠᠷ ᠭᠠᠷᠭᠠᠨ ᠠᠪᠴᠣ᠂ ᠰᠢᠨᠵᠢᠯᠡᠬᠦ ᠣᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠭᠦᠢᠴᠡᠳᠭᠡᠭᠰᠡᠨ ᠬᠦᠮᠦᠨ ᠪᠠ | ᠰᠢᠨᠵᠢᠯᠡᠬᠦ ᠣᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠣᠯᠠᠷᠢᠭᠤᠯᠣᠯᠲᠠ ᠳᠤ ᠴᠢᠬᠤᠯᠠ ᠬᠤᠪᠢ ᠨᠡᠮᠡᠷᠢ | ᠦᠵᠡᠬᠦᠯᠦᠭᠰᠡᠨ ᠬᠦᠮᠦᠨ ᠳᠤ ᠨᠢᠭᠡ ᠯᠠ ᠣᠳᠠᠭ᠎ᠠ ᠶᠢᠨ ᠴᠢᠨᠠᠷᠲᠠᠢ ᠬᠦᠬᠢᠬᠦᠯᠬᠦ ᠳᠤ ᠬᠡᠷᠡᠭᠯᠡᠵᠣ ᠪᠣᠯᠣᠨ᠎ᠠ︔ ᠬᠤᠪᠢ | ᠣᠷᠣᠭᠤᠯᠬᠤ ᠳᠦᠷᠢᠮ ᠤᠨ ᠬᠡᠯᠪᠡᠷᠢ ᠪᠠᠷ ᠣᠯᠠᠷᠢᠭᠤᠯᠣᠯᠲᠠ ᠶᠢ ᠬᠡᠷᠡᠭᠵᠢᠬᠦᠯᠦᠭᠰᠡᠨ ᠪᠣᠯ᠂ ᠰᠢᠨᠵᠢᠯᠡᠬᠦ ᠣᠬᠠᠭᠠᠨ | ᠮᠡᠷᠭᠡᠵᠢᠯ ᠤᠨ ᠦᠷ᠎ᠡ ᠪᠦᠲᠦᠭᠡᠯ ᠢᠶᠠᠷ ᠰᠲ᠋ᠣᠺ ᠤᠨ ᠡᠷᠭᠡ ᠪᠣᠯᠣᠨ ᠪᠦᠷᠢᠯᠳᠦᠭᠰᠡᠨ ᠬᠡᠰᠡᠭ ᠤᠨ ᠵᠠᠭᠤᠨ ᠤ ᠭᠤᠴᠢ ᠠᠴᠠ | ᠲᠣᠷᠣᠭᠰᠢ ᠪᠠᠶᠢᠵᠣ ᠪᠣᠯᠬᠤ ᠦᠭᠡᠢ ᠵᠠᠭᠤᠨ ᠤ ᠲᠠᠯ᠎ᠠ ᠠᠴᠠ ᠬᠡᠲᠦᠷᠡᠬᠦ ᠦᠭᠡᠢ ᠬᠡᠰᠡᠭ ᠢ ᠰᠢᠨᠵᠢᠯᠡᠬᠦ ᠣᠬᠠᠭᠠᠨ ᠮᠡᠷᠭᠡᠵᠢᠯ ᠤᠨ | ᠦᠷ᠎ᠡ ᠪᠦᠲᠦᠭᠡᠯ ᠢ ᠭᠦᠢᠴᠡᠳᠭᠡᠭᠰᠡᠨ ᠬᠦᠮᠦᠨ ᠪᠠ ᠰᠢᠨᠵᠢᠯᠡᠬᠦ ᠣᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ | ᠣᠯᠠᠷᠢᠭᠤᠯᠣᠯᠲᠠ ᠳᠤ ᠴᠢᠬᠤᠯᠠ ᠬᠤᠪᠢ ᠨᠡᠮᠡᠷᠢ ᠦᠵᠡᠬᠦᠯᠦᠭᠰᠡᠨ ᠬᠦᠮᠦᠨ ᠳᠤ ᠬᠦᠬᠢᠬᠦᠯᠦᠨ ᠦᠭᠴᠦ ᠪᠣᠯᠣᠨ᠎ᠠ᠃ | ᠳᠡᠭᠡᠲᠦ ᠵᠡᠷᠭᠡ ᠶᠢᠨ ᠰᠣᠷᠭᠠᠭᠤᠯᠢ᠂ ᠰᠢᠨᠵᠢᠯᠡᠬᠦ ᠣᠬᠠᠭᠠᠨ ᠮᠡᠷᠭᠡᠵᠢᠯ ᠤᠨ ᠰᠣᠳᠣᠯᠭᠠᠨ ᠨᠡᠭᠡᠭᠡᠯᠲᠠ ᠶᠢᠨ | ᠪᠠᠶᠢᠭᠤᠯᠣᠮᠵᠢ ᠵᠠᠰᠠᠭ ᠤᠨ ᠣᠷᠳᠣᠨ ᠤ ᠡᠷᠳᠡᠮ ᠰᠢᠵᠢᠯᠡᠭᠡᠨ ᠤ ᠲᠦᠷᠦᠯ ᠵᠦᠢᠯ ᠢ ᠡᠬᠦᠷᠭᠡᠯᠡᠬᠦ ᠳᠤ ᠪᠦᠷᠢᠯᠳᠦᠭᠰᠡᠨ | ᠲᠣᠰᠢᠶᠠᠯ ᠤᠨ ᠰᠢᠨᠵᠢᠯᠡᠬᠦ ᠣᠬᠠᠭᠠᠨ ᠮᠡᠷᠭᠡᠵᠢᠯ ᠤᠨ ᠦᠷ᠎ᠡ ᠪᠦᠲᠦᠭᠡᠯ ᠨᠢ᠂ ᠨᠢᠭᠡ ᠵᠢᠯ ᠤᠨ ᠲᠣᠲᠣᠷ᠎ᠠ ᠣᠯᠠᠷᠢᠨ | ᠬᠡᠷᠡᠭᠵᠢᠬᠦᠯᠦᠭᠳᠡᠭᠰᠡᠨ ᠦᠭᠡᠢ ᠪᠣᠯ᠂ ᠲᠣᠰᠢᠶᠠᠯ ᠤᠨ ᠰᠢᠨᠵᠢᠯᠡᠬᠦ ᠣᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠡᠷᠭᠡ | ᠬᠠᠷᠢᠶ᠎ᠠ ᠶᠢ ᠬᠤᠪᠢᠷᠠᠭᠤᠯᠬᠤ ᠦᠭᠡᠢ ᠣᠷᠢᠳᠠᠴᠢ ᠨᠦᠬᠦᠴᠡᠯ ᠲᠣᠣᠷ᠎ᠠ᠂ ᠰᠢᠨᠵᠢᠯᠡᠬᠦ ᠣᠬᠠᠭᠠᠨ ᠮᠡᠷᠭᠡᠵᠢᠯ ᠤᠨ ᠦᠷ᠎ᠡ | ᠪᠦᠲᠦᠭᠡᠯ ᠢ ᠭᠦᠢᠴᠡᠳᠬᠡᠭᠰᠡᠨ ᠬᠦᠮᠦᠨ ᠨᠢ ᠠᠵᠣ ᠠᠬᠤᠶᠢᠯᠠᠯ ᠢ ᠡᠬᠦᠳᠦᠨ ᠪᠠᠶᠢᠭᠤᠯᠬᠤ ᠪᠣᠶᠣ ᠮᠡᠷᠭᠡᠵᠢᠯ ᠢᠶᠠᠷ ᠬᠤᠪᠢ | ᠣᠷᠣᠭᠤᠯᠬᠤ ᠬᠡᠯᠪᠡᠷᠢ ᠪᠠᠷ ᠦᠪᠡᠷᠲᠡᠭᠡᠨ ᠵᠠᠰᠠᠬᠤ ᠣᠷᠣᠨ ᠳᠤ ᠠᠵᠣ ᠦᠢᠯᠡᠰᠵᠢᠬᠦᠯᠦᠨ ᠣᠯᠠᠷᠢᠭᠤᠯᠬᠤ ᠶᠢᠨ ᠬᠠᠮᠲᠣ ᠬᠠᠮᠤᠭ | ᠶᠡᠭᠡ ᠳᠡᠭᠡᠨ ᠲᠣᠰ ᠰᠢᠨᠵᠢᠯᠡᠬᠦ ᠣᠬᠠᠭᠠᠨ ᠮᠡᠷᠭᠡᠵᠢᠯ ᠤᠨ ᠦᠷ᠎ᠡ ᠪᠦᠲᠦᠭᠡᠯ ᠨᠢ ᠠᠵᠣ ᠠᠬᠤᠶᠢᠯᠠᠯ ᠤᠨ ᠰᠲ᠋ᠣᠺ ᠤᠨ | ᠡᠷᠭᠡ ᠶᠢᠨ ᠵᠠᠭᠤᠨ ᠤ ᠳᠠᠯ᠎ᠠ ᠶᠢ ᠤᠯᠵᠣ ᠪᠣᠯᠣᠨ᠎ᠠ᠃ | ᠠᠵᠣ ᠠᠬᠤᠶᠢᠯᠠᠯ ᠨᠢ ᠲᠣᠰ ᠳᠦᠷᠢᠮ ᠤᠨ ᠨᠢᠭᠡᠳᠦᠭᠡᠷ ᠪᠠᠳᠠᠭ ᠤᠨ ᠲᠣᠭᠲᠠᠭᠠᠯ ᠢᠶᠠᠷ ᠯᠠᠪᠯᠠᠯᠲᠠ ᠪᠣᠯᠭᠠᠵᠣ᠂ | ᠰᠢᠨᠵᠢᠯᠡᠬᠦ ᠣᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠰᠣᠳᠣᠯᠭᠠᠨ ᠨᠡᠭᠡᠭᠡᠯᠲᠡ᠂ ᠣᠯᠠᠷᠢᠭᠤᠯᠣᠯᠲᠠ ᠶᠢ ᠬᠡᠷᠡᠭᠵᠢᠬᠦᠯᠬᠦ | ᠲᠣᠮᠲᠠ ᠴᠢᠬᠤᠯᠠ ᠬᠤᠪᠢ ᠨᠡᠮᠡᠷᠢ ᠦᠵᠡᠬᠦᠯᠦᠭᠰᠡᠨ ᠬᠦᠮᠦᠨ ᠳᠤ ᠬᠦᠬᠢᠬᠦᠯᠦᠯ ᠬᠦᠷᠲᠡᠭᠡᠵᠣ ᠪᠣᠯᠣᠨ᠎ᠠ᠃ | ᠭᠤᠴᠢᠨ ᠨᠠᠢᠮᠠᠳᠤᠭᠠᠷ ᠵᠦᠢᠯ ᠬᠢᠯᠢ ᠶᠢᠨ ᠭᠠᠳᠠᠨ᠎ᠠ᠂ ᠦᠪᠡᠷᠲᠡᠭᠡᠨ ᠵᠠᠰᠠᠬᠤ ᠣᠷᠣᠨ ᠤ ᠭᠠᠳᠠᠨ᠎ᠠ ᠠᠴᠠ | ᠣᠷᠣᠭᠤᠯᠣᠭᠰᠠᠨ ᠦᠨᠳᠦᠷ ᠳᠠᠪᠬᠤᠷᠭ᠎ᠠ ᠶᠢᠨ ᠰᠢᠨ᠎ᠡ ᠶᠢ ᠡᠬᠦᠳᠬᠦ ᠠᠳᠠᠯ ᠪᠣᠰᠬᠠᠬᠤ ᠴᠢᠳᠠᠪᠦᠷᠢᠲᠠᠨ ᠪᠣᠶᠣ ᠴᠢᠬᠤᠯᠠ ᠶᠡᠭᠡ | ᠰᠢᠨᠵᠢᠯᠡᠬᠦ ᠣᠬᠠᠭᠠᠨ ᠮᠡᠷᠭᠡᠵᠢᠯ ᠤᠨ ᠦᠷ᠎ᠡ ᠪᠦᠲᠦᠮᠵᠢ ᠪᠠᠨ ᠠᠪᠴᠣ ᠦᠪᠡᠷᠲᠡᠭᠡᠨ ᠵᠠᠰᠠᠬᠤ ᠣᠷᠣᠨ ᠳᠤ | ᠣᠯᠠᠷᠢᠭᠤᠯᠣᠯᠲᠠ ᠶᠢ ᠨᠡᠭᠡᠭᠡᠨ ᠬᠦᠭᠵᠢᠬᠦᠯᠬᠦ ᠪᠠᠷ ᠢᠷᠡᠭᠰᠡᠨ ᠰᠢᠨᠵᠢᠯᠡᠬᠦ ᠣᠬᠠᠭᠠᠨ ᠮᠡᠷᠭᠡᠵᠢᠯ ᠤᠨ ᠴᠢᠳᠠᠪᠦᠷᠢᠲᠠᠨ ᠨᠢ ᠣᠯᠣᠰ | ᠪᠠ ᠦᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ ᠬᠦᠷᠳᠡᠨ᠎ᠡ᠃ | | ᠭᠤᠴᠢ ᠶᠢᠰᠦᠳᠦᠭᠡᠷ ᠵᠦᠢᠯ ᠰᠢᠨᠵᠢᠯᠡᠬᠦ ᠣᠬᠠᠭᠠᠨ ᠮᠡᠷᠭᠡᠵᠢᠯ ᠤᠨ ᠠᠵᠢᠯᠲᠠᠨ ᠢ ᠲᠦᠷᠦᠯ ᠬᠤᠪᠢᠶᠠᠨ ᠬᠢᠨᠠᠨ | ᠰᠢᠯᠭᠠᠬᠤ ᠦᠨᠡᠯᠡᠯᠲᠡ ᠶᠢᠨ ᠰᠢᠰᠲᠧᠮ ᠢ ᠪᠠᠶᠢᠭᠤᠯᠣᠨ ᠲᠡᠬᠦᠯᠳᠡᠷᠵᠢᠬᠦᠯᠵᠣ᠂ ᠰᠢᠨᠵᠢᠯᠡᠬᠦ ᠣᠬᠠᠭᠠᠨ ᠮᠡᠷᠭᠡᠵᠢᠯ ᠤᠨ | ᠠᠵᠢᠯᠲᠠᠨ ᠢ ᠬᠢᠨᠠᠨ ᠰᠢᠯᠭᠠᠬᠤ ᠪᠠ ᠲᠣᠰᠢᠶᠠᠯ ᠤᠨ ᠴᠣᠯᠠ ᠶᠢ ᠰᠢᠯᠭᠠᠨ ᠲᠣᠭᠲᠠᠭᠠᠬᠤ ᠳᠦᠷᠢᠮ ᠢ ᠬᠠᠯᠠᠨ ᠰᠠᠶᠢᠵᠢᠷᠠᠭᠤᠯᠵᠣ | ᠂ ᠰᠢᠨᠵᠢᠯᠡᠬᠦ ᠣᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠣᠯᠠᠷᠢᠭᠤᠯᠣᠯᠲᠠ ᠪᠠ ᠠᠵᠣ ᠦᠢᠯᠡᠰᠵᠢᠯᠲᠡ ᠶᠢᠨ | ᠭᠦᠢᠴᠡᠳᠬᠡᠯ ᠲᠤᠭ᠎ᠠ ᠶᠢᠨ ᠡᠷᠭᠡ ᠬᠦᠨᠲᠦ ᠶᠢ ᠳᠡᠭᠡᠭᠰᠢᠯᠡᠬᠦᠯᠵᠣ᠂ ᠳᠡᠭᠡᠲᠦ ᠵᠡᠷᠭᠡ ᠶᠢᠨ ᠰᠣᠷᠭᠠᠭᠤᠯᠢ᠂ ᠰᠢᠨᠵᠢᠯᠡᠬᠦ | ᠣᠬᠠᠭᠠᠨ ᠮᠡᠷᠭᠡᠵᠢᠯ ᠤᠨ ᠰᠣᠳᠣᠯᠭᠠᠨ ᠨᠡᠭᠡᠭᠡᠯᠲᠡ ᠶᠢᠨ ᠪᠠᠶᠢᠭᠤᠯᠣᠮᠵᠢ ᠶᠢᠨ ᠰᠢᠨᠵᠢᠯᠡᠬᠦ ᠣᠬᠠᠭᠠᠨ ᠮᠡᠷᠭᠡᠵᠢᠯ ᠤᠨ ᠠᠵᠢᠯᠲᠠᠨ | ᠂ ᠠᠵᠣ ᠠᠬᠤᠶᠢᠯᠠᠯ ᠠᠵᠢᠯ ᠦᠢᠯᠡᠰ ᠤᠨ ᠵᠣᠬᠢᠶᠠᠨ ᠪᠠᠶᠢᠭᠤᠯᠣᠯᠲᠠ ᠶᠢᠨ ᠨᠠᠶᠢᠳᠠᠯᠭ᠎ᠠ ᠪᠠᠷ ᠡᠬᠦᠷᠭᠡᠯᠡᠭᠰᠡᠨ ᠰᠣᠳᠣᠯᠭᠠᠨ | ᠨᠡᠭᠡᠭᠡᠯᠲᠡ ᠶᠢᠨ ᠰᠡᠳᠦᠪ ᠢ ᠡᠷᠳᠡᠮ ᠰᠢᠨᠵᠢᠯᠡᠭᠡᠨ ᠤ ᠦᠷ᠎ᠡ ᠪᠦᠲᠦᠮᠵᠢ ᠶᠢ ᠬᠢᠨᠠᠨ ᠰᠢᠯᠭᠠᠬᠤ ᠠᠭᠤᠯᠭ᠎ᠠ ᠳᠤ ᠣᠷᠣᠭᠤᠯᠣᠨ᠂ | ᠰᠢᠨᠵᠢᠯᠡᠬᠦ ᠣᠬᠠᠭᠠᠨ ᠮᠡᠷᠭᠡᠵᠢᠯ ᠤᠨ ᠰᠣᠳᠣᠯᠭᠠᠨ ᠶᠢᠨ ᠦᠷ᠎ᠡ ᠪᠦᠲᠦᠭᠡᠯ ᠠᠴᠠ ᠡᠬᠦᠰᠦᠭᠰᠡᠨ ᠠᠵᠣ ᠠᠬᠤᠢ᠂ ᠨᠡᠶᠢᠭᠡᠮ ᠪᠠ | ᠠᠮᠢ ᠠᠬᠤᠢ ᠶᠢᠨ ᠦᠷ᠎ᠡ ᠠᠰᠢᠭ ᠢ ᠭᠤᠣᠯᠳᠠᠯᠭ᠎ᠠ ᠲᠠᠢ ᠬᠢᠨᠠᠨ ᠰᠢᠯᠭᠠᠵᠣ ᠦᠨᠡᠯᠡᠨ᠂ ᠰᠢᠨ᠎ᠡ ᠶᠢ ᠡᠬᠦᠳᠬᠦ ᠬᠡᠯᠪᠡᠷᠢ ᠶᠢᠨ | ᠰᠢᠨᠵᠢᠯᠡᠬᠦ ᠣᠬᠠᠭᠠᠨ ᠮᠡᠷᠭᠡᠵᠢᠯ ᠤᠨ ᠰᠢᠯᠢᠳᠡᠭ ᠠᠵᠢᠯᠲᠠᠨ ᠢ ᠲᠣᠰᠬᠠᠢ ᠮᠡᠷᠭᠡᠵᠢᠯ ᠤᠨ ᠲᠣᠰᠢᠶᠠᠯ ᠴᠣᠯᠠ ᠳᠡᠪᠰᠢᠬᠦᠯᠬᠦ | ᠦᠶᠡᠰ ᠲᠤᠨᠢ ᠣᠷᠢᠳᠠᠪᠠᠷ ᠪᠣᠳᠣᠯᠬᠢᠯᠠᠨ᠎ᠠ᠃ | ᠲᠦᠴᠢᠳᠦᠭᠡᠷ ᠵᠦᠢᠯ ᠳᠡᠭᠡᠲᠦ ᠵᠡᠷᠭᠡ ᠶᠢᠨ ᠰᠣᠷᠭᠠᠭᠤᠯᠢ ᠪᠠ ᠰᠢᠨᠵᠢᠯᠡᠬᠦ ᠣᠬᠠᠭᠠᠨ ᠮᠡᠷᠭᠡᠵᠢᠯ ᠤᠨ ᠰᠣᠳᠣᠯᠭᠠᠨ | ᠨᠡᠭᠡᠭᠡᠯᠲᠡ ᠶᠢᠨ ᠪᠠᠶᠢᠭᠤᠯᠣᠮᠵᠢ ᠰᠢᠨᠵᠢᠯᠡᠬᠦ ᠣᠬᠠᠭᠠᠨ ᠮᠡᠷᠭᠡᠵᠢᠯ ᠤᠨ ᠠᠵᠢᠯᠲᠠᠨ ᠢ ᠰᠣᠩᠭᠤᠨ ᠲᠣᠮᠢᠯᠠᠵᠣ᠂ ᠦᠨᠳᠦᠰᠦᠨ | ᠱᠠᠲᠣ ᠪᠠ ᠠᠵᠣ ᠠᠬᠤᠶᠢᠯᠠᠯ ᠳᠤ ᠬᠦᠨᠵᠡᠭᠡᠶᠢᠷᠡᠨ ᠰᠢᠨᠵᠢᠯᠡᠬᠦ ᠣᠬᠠᠭᠠᠨ ᠤ ᠰᠣᠳᠣᠯᠭᠠᠨ᠂ ᠮᠡᠷᠭᠡᠵᠢᠯ ᠤᠨ ᠰᠢᠨ᠎ᠡ ᠶᠢ | ᠡᠬᠦᠳᠬᠦ ᠪᠠ ᠦᠷ᠎ᠡ ᠪᠦᠲᠦᠭᠡᠯ ᠢ ᠣᠯᠠᠷᠢᠭᠤᠯᠬᠤ ᠠᠵᠢᠯᠯᠠᠭ᠎ᠠ ᠦᠷᠨᠢᠬᠦᠯᠬᠦ ᠶᠢ ᠵᠣᠷᠢᠬᠵᠢᠭᠤᠯᠵᠣ᠂ ᠰᠢᠨᠵᠢᠯᠡᠬᠦ ᠣᠬᠠᠭᠠᠨ | ᠮᠡᠷᠭᠡᠵᠢᠯ ᠤᠨ ᠠᠵᠢᠯᠲᠠᠨ ᠦᠨᠳᠦᠰᠦᠨ ᠱᠠᠲᠣᠨ ᠳᠤ ᠦᠢᠯᠡᠴᠢᠯᠡᠬᠦ᠂ ᠠᠵᠣ ᠠᠬᠤᠶᠢᠯᠠᠯ ᠳᠤ ᠦᠢᠯᠡᠴᠢᠯᠡᠬᠦ ᠳᠠᠭᠠᠭᠠᠮᠠᠭᠠᠢ | ᠲᠣᠭᠲᠠᠯᠴᠠᠭ᠎ᠠ ᠬᠢᠭᠡᠳ ᠬᠢᠨᠠᠨ ᠰᠢᠯᠭᠠᠬᠤ ᠦᠨᠡᠯᠡᠯᠲᠡ ᠶᠢᠨ ᠲᠣᠭᠲᠠᠯᠴᠠᠭ᠎ᠠ ᠶᠢ ᠪᠠᠶᠢᠭᠤᠯᠣᠨ ᠲᠡᠬᠦᠯᠳᠡᠷᠵᠢᠬᠦᠯᠦᠨ᠎ᠡ᠃ | | ᠲᠦᠴᠢᠨ ᠨᠢᠭᠡᠳᠦᠭᠡᠷ ᠵᠦᠢᠯ ᠡᠳ ᠤ ᠵᠠᠰᠠᠭ ᠤᠨ ᠴᠢᠨᠠᠷᠲᠠᠢ ᠪᠡᠯᠡ ᠮᠦᠩᠬᠦ ᠶᠢ ᠠᠰᠢᠭᠯᠠᠵᠣ ᠪᠠᠶᠢᠭᠤᠯᠣᠭᠰᠠᠨ | ᠰᠢᠨᠵᠢᠯᠡᠬᠦ ᠣᠬᠠᠭᠠᠨ ᠮᠡᠷᠭᠡᠵᠢᠯ ᠤᠨ ᠰᠠᠭᠤᠷᠢ ᠮᠦᠩᠬᠦ ᠶᠢᠨ ᠲᠦᠷᠦᠯ ᠵᠦᠢᠯ᠂ ᠰᠢᠨᠵᠢᠯᠡᠬᠦ ᠣᠬᠠᠭᠠᠨ ᠮᠡᠷᠭᠡᠵᠢᠯ ᠤᠨ | ᠲᠦᠯᠦᠪᠯᠡᠭᠡᠨ ᠤ ᠲᠦᠷᠦᠯ ᠵᠦᠢᠯ ᠤᠨ ᠬᠠᠮᠢᠶᠠᠷᠣᠯᠲᠠ ᠶᠢᠨ ᠪᠠᠶᠢᠭᠤᠯᠣᠮᠵᠢ ᠨᠢ ᠲᠦᠷᠦᠯ ᠵᠦᠢᠯ ᠳᠤ ᠣᠷᠣᠯᠴᠠᠭᠰᠠᠨ | ᠰᠢᠨᠵᠢᠯᠡᠬᠦ ᠣᠬᠠᠭᠠᠨ ᠮᠡᠷᠭᠡᠵᠢᠯ ᠤᠨ ᠠᠵᠢᠯᠲᠠᠨ ᠳᠤ ᠡᠷᠳᠡᠮ ᠰᠢᠨᠵᠢᠯᠡᠭᠡᠨ ᠤ ᠢᠳᠡᠬᠡᠮᠵᠢ ᠶᠢᠨ ᠳᠠᠩᠰᠠ ᠡᠪᠬᠡᠮᠡᠯ ᠢ | ᠪᠠᠶᠢᠭᠤᠯᠬᠤ ᠭᠡᠷᠡᠭᠲᠠᠢ᠂ ᠡᠬᠦᠨ ᠢ ᠰᠢᠨᠵᠢᠯᠡᠬᠦ ᠣᠬᠠᠭᠠᠨ ᠮᠡᠷᠭᠡᠵᠢᠯ ᠤᠨ ᠠᠵᠢᠯᠲᠠᠨ ᠢ ᠲᠣᠰᠬᠠᠢ ᠮᠡᠷᠭᠡᠵᠢᠯ ᠤᠨ ᠲᠣᠰᠢᠶᠠᠯ | ᠴᠣᠯᠠ ᠳᠤ ᠣᠷᠢᠨ ᠲᠣᠮᠢᠯᠠᠬᠤ᠂ ᠰᠢᠨᠵᠢᠯᠡᠬᠦ ᠣᠬᠠᠭᠠᠨ ᠮᠡᠷᠭᠡᠵᠢᠯ ᠤᠨ ᠠᠵᠢᠯᠲᠠᠨ ᠤ ᠰᠢᠨᠵᠢᠯᠡᠬᠦ ᠣᠬᠠᠭᠠᠨ ᠮᠡᠷᠭᠡᠵᠢᠯ ᠤᠨ | ᠰᠣᠳᠣᠯᠭᠠᠨ ᠨᠡᠭᠡᠭᠡᠯᠲᠡ ᠶᠢᠨ ᠲᠦᠷᠦᠯ ᠵᠦᠢᠯ ᠢ ᠭᠤᠶᠣᠴᠢᠯᠠᠬᠤ ᠶᠢ ᠬᠢᠨᠠᠨ ᠵᠦᠪᠰᠢᠶᠡᠷᠡᠬᠦ ᠵᠡᠷᠭᠡ ᠶᠢᠨ ᠡᠰᠢ ᠪᠠᠷᠢᠮᠲᠠ | ᠪᠣᠯᠭᠠᠨ᠎ᠠ᠃ | ᠲᠦᠴᠢᠨ ᠬᠤᠶᠠᠳᠤᠭᠠᠷ ᠵᠦᠢᠯ ᠡᠳ ᠤ ᠵᠠᠰᠠᠭ ᠤᠨ ᠴᠢᠨᠠᠷᠲᠠᠢ ᠪᠡᠯᠡ ᠮᠦᠩᠬᠦ ᠶᠢ ᠠᠰᠢᠭᠯᠠᠵᠣ ᠪᠠᠶᠢᠭᠤᠯᠣᠭᠰᠠᠨ | ᠬᠠᠶᠢᠨ ᠰᠦᠪᠡᠭᠴᠢᠯᠡᠬᠦ ᠴᠢᠨᠠᠷ ᠢᠶᠠᠷ ᠴᠢᠩᠭ᠎ᠠ᠂ ᠲᠦᠭᠰᠢᠬᠦᠷᠢ ᠶᠡᠭᠡᠲᠠᠢ ᠰᠢᠨᠵᠢᠯᠡᠬᠦ ᠣᠬᠠᠭᠠᠨ ᠮᠡᠷᠭᠡᠵᠢᠯ ᠤᠨ ᠰᠣᠳᠣᠯᠭᠠᠨ | ᠨᠡᠭᠡᠭᠡᠯᠲᠡ ᠶᠢᠨ ᠲᠦᠷᠦᠯ ᠵᠦᠢᠯ ᠢ ᠡᠬᠦᠷᠭᠡᠯᠡᠭᠰᠡᠨ ᠰᠢᠨᠵᠢᠯᠡᠬᠦ ᠣᠬᠠᠭᠠᠨ ᠮᠡᠷᠭᠡᠵᠢᠯ ᠤᠨ ᠠᠵᠢᠯᠲᠠᠨ᠂ ᠨᠢᠭᠡᠨᠲᠡ | ᠬᠠᠷᠢᠭᠤᠴᠠᠯᠭ᠎ᠠ ᠪᠠᠨ ᠴᠢᠷᠮᠠᠶᠢᠨ ᠪᠡᠶᠡᠯᠡᠬᠦᠯᠬᠦ ᠡᠬᠦᠷᠭᠡ ᠪᠠᠨ ᠭᠦᠢᠴᠡᠳᠬᠡᠭᠰᠡᠨ ᠪᠣᠯᠪᠠᠴᠣ ᠲᠦᠷᠦᠯ ᠵᠦᠢᠯ ᠢ ᠬᠠᠷᠠᠬᠠᠨ | ᠭᠦᠢᠴᠡᠳᠬᠡᠵᠣ ᠳᠡᠶᠢᠯᠦᠭᠰᠡᠨ ᠦᠭᠡᠢ ᠶᠢ ᠠᠩᠬᠠᠨ ᠤ ᠳᠡᠮᠳᠡᠭᠯᠡᠯ ᠳᠤᠨᠢ ᠬᠡᠷᠡᠴᠢᠯᠡᠵᠣ ᠪᠠᠶᠢᠪᠠᠯ᠂ ᠲᠣᠰᠬᠠᠢ ᠮᠡᠷᠭᠡᠵᠢᠯᠲᠡᠨ ᠤ | ᠵᠦᠪᠯᠡᠨ ᠲᠣᠭᠲᠠᠭᠠᠬᠤ ᠪᠠ ᠰᠢᠨᠵᠢᠯᠡᠬᠦ ᠣᠬᠠᠭᠠᠨ ᠮᠡᠷᠭᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠢᠶᠠᠷ | ᠵᠦᠪᠰᠢᠶᠡᠷᠡᠬᠦᠯᠪᠡᠯ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠲᠦᠷᠦᠯ ᠵᠦᠢᠯ ᠤᠨ ᠰᠡᠳᠦᠪ ᠢ ᠳᠡᠬᠦᠰᠬᠡᠵᠣ ᠪᠣᠯᠣᠨ᠎ᠠ᠂ | ᠳᠠᠬᠢᠨ ᠰᠢᠨᠵᠢᠯᠡᠬᠦ ᠣᠬᠠᠭᠠᠨ ᠮᠡᠷᠭᠡᠵᠢᠯ ᠤᠨ ᠲᠦᠷᠦᠯ ᠵᠦᠢᠯ ᠭᠤᠶᠣᠴᠢᠯᠠᠬᠤ ᠶᠢ ᠨᠢ ᠨᠦᠯᠦᠭᠡᠯᠡᠬᠦ ᠦᠭᠡᠢ᠃ | ᠲᠤᠯᠤᠳᠤᠭᠠᠷ ᠪᠦᠯᠦᠭ ᠪᠠᠳᠣᠯᠠᠪᠣᠷᠢ ᠶᠢᠨ ᠠᠷᠭ᠎ᠠ ᠬᠡᠮᠵᠢᠶ᠎ᠡ | ᠲᠦᠴᠢᠨ ᠭᠤᠷᠪᠠᠳᠤᠭᠠᠷ ᠵᠦᠢᠯ ᠦᠪᠡᠷᠲᠡᠭᠡᠨ ᠵᠠᠰᠠᠬᠤ ᠣᠷᠣᠨ ᠤ ᠡᠯ᠎ᠡ ᠱᠠᠲᠣᠨ ᠤ ᠡᠳ ᠤ ᠵᠠᠰᠠᠭ ᠨᠢ ᠡᠳ ᠤ | ᠬᠦᠴᠦᠨ ᠤ ᠪᠠᠶᠢᠳᠠᠯ ᠢᠶᠠᠨ ᠦᠨᠳᠦᠰᠦᠯᠡᠵᠣ ᠰᠢᠨᠵᠢᠯᠡᠬᠦ ᠣᠬᠠᠭᠠᠨ ᠮᠡᠷᠭᠡᠵᠢᠯ ᠤᠨ ᠵᠠᠷᠣᠳᠠᠯ ᠤᠨ ᠣᠷᠣᠭᠤᠯᠣᠯᠲᠠ ᠶᠢᠨ | ᠶᠡᠷᠦᠩᠭᠡᠢ ᠲᠦᠪᠰᠢᠨ ᠢᠶᠠᠨ ᠠᠯᠬᠤᠮ ᠳᠠᠷᠠᠭᠠᠯᠠᠨ ᠳᠡᠭᠡᠭᠰᠢᠯᠡᠬᠦᠯᠬᠦ ᠬᠡᠷᠡᠭᠲᠠᠢ᠃ | ᠬᠤᠰᠢᠭᠤ ᠰᠢᠶᠠᠨ ᠤ ᠱᠠᠲᠣᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠰᠢᠨᠵᠢᠯᠡᠬᠦ ᠣᠬᠠᠭᠠᠨ | ᠮᠡᠷᠭᠡᠵᠢᠯ ᠤᠨ ᠵᠠᠷᠣᠳᠠᠯ ᠢ ᠠᠳᠠᠯᠢ ᠱᠠᠲᠣᠨ ᠤ ᠡᠳ ᠤ ᠵᠠᠰᠠᠭ ᠤᠨ ᠲᠦᠰᠦᠪ ᠲᠡᠭᠡᠨ ᠣᠷᠣᠭᠤᠯᠵᠣ᠂ ᠰᠢᠨᠵᠢᠯᠡᠬᠦ ᠣᠬᠠᠭᠠᠨ | ᠮᠡᠷᠭᠡᠵᠢᠯ ᠤᠨ ᠵᠠᠷᠣᠳᠠᠯ ᠤᠨ ᠨᠡᠮᠡᠭᠳᠡᠯ ᠤᠨ ᠬᠡᠮᠵᠢᠶ᠎ᠡ ᠶᠢ ᠠᠳᠠᠯᠢ ᠱᠠᠲᠣᠨ ᠤ ᠡᠳ ᠤ ᠵᠠᠰᠠᠭ ᠤᠨ ᠪᠠᠶᠢᠩᠭᠤ ᠶᠢᠨ ᠴᠢᠨᠠᠷᠲᠠᠢ | ᠣᠷᠣᠯᠭ᠎ᠠ ᠶᠢᠨ ᠨᠡᠮᠡᠭᠳᠡᠯ ᠠᠴᠠ ᠦᠨᠳᠦᠷ ᠪᠠᠶᠢᠯᠭᠠᠬᠤ ᠬᠡᠷᠡᠭᠲᠠᠢ᠃ ᠪᠦᠬᠦ ᠨᠡᠶᠢᠭᠡᠮ ᠤᠨ ᠰᠢᠨᠵᠢᠯᠡᠬᠦ ᠣᠬᠠᠭᠠᠨ ᠮᠡᠷᠭᠡᠵᠢᠯ ᠤᠨ | ᠰᠣᠳᠣᠯᠭᠠᠨ ᠨᠡᠭᠡᠭᠡᠯᠲᠡ ᠶᠢᠨ ᠵᠠᠷᠣᠳᠠᠯ ᠤᠨ ᠣᠯᠣᠰ ᠤᠨ ᠲᠣᠲᠣᠭᠠᠲᠦ ᠶᠢᠨ ᠦᠢᠯᠡᠳᠪᠦᠷᠢᠯᠡᠯ ᠤᠨ ᠶᠡᠷᠦᠩᠭᠡᠢ | ᠦᠷᠲᠡᠭ ᠲᠠᠬᠢ ᠬᠠᠷᠢᠴᠠᠯ ᠢ ᠠᠯᠬᠤᠮ ᠳᠠᠷᠠᠭᠠᠯᠠᠨ ᠳᠡᠭᠡᠭᠰᠢᠯᠡᠬᠦᠯᠦᠨ᠎ᠡ᠃ | ᠲᠦᠴᠢᠨ ᠲᠥᠷᠪᠡᠳᠦᠭᠡᠷ ᠵᠦᠢᠯ ᠬᠤᠰᠢᠭᠤ ᠰᠢᠶᠠᠨ ᠤ ᠱᠠᠲᠣᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠲᠦᠰᠦᠪ ᠲᠣᠲᠣᠷᠠᠬᠢ ᠡᠳ ᠤ ᠵᠠᠰᠠᠭ ᠤᠨ ᠦᠨᠳᠦᠰᠦᠨ ᠪᠦᠲᠦᠭᠡᠨ ᠪᠠᠶᠢᠭᠤᠯᠣᠯᠲᠠ ᠶᠢᠨ ᠪᠡᠯᠡ ᠮᠦᠩᠬᠦ | ᠲᠣᠲᠣᠷ᠎ᠠ ᠠᠴᠠ ᠵᠢᠯ ᠪᠦᠷᠢ ᠵᠠᠭᠤᠨ ᠤ ᠨᠢᠭᠡ ᠴᠡᠭ ᠲᠠᠪᠤ ᠶᠢᠨ ᠲᠣᠰᠬᠠᠢ ᠲᠦᠷᠦᠯ ᠤᠨ ᠪᠡᠯᠡ ᠮᠦᠩᠬᠦ ᠶᠢ ᠲᠣᠬᠢᠷᠠᠭᠤᠯᠵᠣ᠂ | ᠡᠷᠳᠡᠮ ᠰᠢᠨᠵᠢᠯᠡᠭᠡᠨ ᠤ ᠰᠠᠭᠤᠷᠢ ᠪᠡᠯᠡᠳᠬᠡᠮᠵᠢ ᠪᠠ ᠴᠢᠬᠤᠯᠠ ᠶᠡᠭᠡ ᠰᠢᠨᠵᠢᠯᠡᠬᠦ ᠣᠬᠠᠭᠠᠨ ᠮᠡᠷᠭᠡᠵᠢᠯ ᠤᠨ ᠢᠨᠵᠧᠨᠧᠷᠢᠩ ᠤᠨ | ᠲᠦᠷᠦᠯ ᠵᠦᠢᠯ ᠳᠤ ᠬᠡᠷᠡᠭᠯᠡᠬᠦ ᠬᠡᠷᠡᠭᠲᠠᠢ᠃ ᠰᠢᠨᠵᠢᠯᠡᠬᠦ ᠣᠬᠠᠭᠠᠨ ᠮᠡᠷᠭᠡᠵᠢᠯ ᠤᠨ ᠰᠣᠳᠣᠯᠭᠠᠨ ᠨᠡᠭᠡᠭᠡᠯᠲᠡ ᠶᠢᠨ | ᠪᠠᠶᠢᠭᠤᠯᠣᠮᠵᠢ ᠶᠢᠨ ᠦᠨᠳᠦᠰᠦᠨ ᠪᠦᠲᠦᠭᠡᠨ ᠪᠠᠶᠢᠭᠤᠯᠣᠯᠲᠠ᠂ ᠭᠤᠣᠯᠳᠠᠯᠭ᠎ᠠ ᠲᠠᠢ ᠲᠣᠷᠰᠢᠯᠲᠠ ᠶᠢᠨ ᠲᠠᠰᠤᠭ᠂ | ᠢᠨᠵᠧᠨᠧᠷᠢᠩ ᠮᠡᠷᠭᠡᠵᠢᠯ ᠤᠨ ᠰᠣᠳᠣᠯᠭᠠᠨ ᠤ ᠲᠦᠪ᠂ ᠵᠠᠪᠰᠠᠷ ᠤᠨ ᠲᠣᠷᠰᠢᠯᠲᠠ ᠶᠢᠨ ᠰᠠᠭᠤᠷᠢᠨ ᠭᠠᠵᠠᠷ ᠪᠠ ᠴᠢᠬᠤᠯᠠ | ᠰᠢᠨᠵᠢᠯᠡᠬᠦ ᠣᠬᠠᠭᠠᠨ ᠤ ᠰᠣᠳᠣᠯᠭᠠᠨ ᠤ ᠬᠡᠮᠵᠢᠬᠦᠷᠯᠢᠭ ᠲᠦᠬᠦᠭᠡᠷᠦᠮᠵᠢ ᠳᠤ ᠬᠡᠷᠡᠭᠰᠡᠬᠦ ᠪᠡᠯᠡ ᠮᠦᠩᠬᠦ ᠶᠢ ᠡᠯ᠎ᠡ ᠱᠠᠲᠣᠨ ᠤ | ᠠᠷᠠᠳ ᠤᠨ ᠵᠠᠰᠠᠭ ᠤᠨ ᠣᠷᠳᠣᠨ ᠤ ᠦᠨᠳᠦᠰᠦᠨ ᠪᠦᠲᠦᠭᠡᠨ ᠪᠠᠶᠢᠭᠤᠯᠣᠯᠲᠠ ᠶᠢᠨ ᠣᠨ ᠤ ᠲᠦᠯᠦᠪᠯᠡᠭᠡ ᠳᠤ ᠣᠷᠣᠭᠤᠯᠬᠤ | ᠬᠡᠷᠡᠭᠲᠠᠢ᠃ | ᠲᠦᠴᠢᠨ ᠲᠠᠪᠤᠳᠤᠭᠠᠷ ᠵᠦᠢᠯ ᠬᠤᠰᠢᠭᠤ ᠰᠢᠶᠠᠨ ᠤ ᠱᠠᠲᠣᠨ ᠠᠴᠠ ᠳᠡᠭᠡᠭᠰᠢᠬᠢ ᠠᠷᠠᠳ ᠤᠨ ᠵᠠᠰᠠᠭ ᠣᠷᠳᠣᠨ | ᠵᠢᠴᠢ ᠬᠤᠯᠪᠣᠭᠳᠠᠯ ᠪᠦᠬᠦᠢ ᠰᠠᠯᠠᠭ᠎ᠠ ᠮᠦᠴᠢᠷ ᠨᠢ ᠡᠳ ᠤ ᠵᠠᠰᠠᠭ ᠤᠨ ᠵᠣᠭᠤᠰ ᠮᠦᠩᠬᠦ ᠰᠠᠯᠭᠠᠨ ᠦᠭᠬᠦ᠂ ᠠᠳᠠᠯ | ᠪᠣᠰᠬᠠᠬᠤ ᠪᠡᠯᠡ ᠣᠷᠣᠭᠤᠯᠣᠯᠲᠠ᠂ ᠪᠠᠩᠬᠢ ᠶᠢᠨ ᠵᠢᠭᠡᠯᠡᠯᠭᠡ᠂ ᠠᠵᠣ ᠠᠬᠤᠶᠢᠯᠠᠯ ᠦᠪᠡᠷ ᠢᠶᠠᠨ ᠴᠣᠭᠯᠠᠭᠤᠯᠬᠤ ᠵᠡᠷᠭᠡ | ᠣᠯᠠᠨ ᠡᠰᠢᠵᠢᠬᠦᠯᠦᠯᠲᠡ᠂ ᠣᠯᠠᠨ ᠠᠷᠭ᠎ᠠ ᠵᠠᠮ ᠤᠨ ᠰᠢᠨᠵᠢᠯᠡᠬᠦ ᠣᠬᠠᠭᠠᠨ ᠮᠡᠷᠭᠡᠵᠢᠯ ᠤᠨ ᠣᠷᠣᠭᠤᠯᠣᠯᠲᠠ ᠶᠢᠨ ᠰᠢᠰᠲᠧᠮ ᠢ | ᠪᠠᠶᠢᠭᠤᠯᠣᠨ ᠳᠡᠬᠦᠯᠳᠡᠷᠵᠢᠬᠦᠯᠵᠣ᠂ ᠦᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠣᠬᠠᠭᠠᠨ ᠮᠡᠷᠭᠡᠵᠢᠯ ᠤᠨ ᠰᠣᠳᠣᠯᠭᠠᠨ | ᠨᠡᠭᠡᠭᠡᠯᠲᠡ ᠶᠢᠨ ᠵᠠᠷᠣᠳᠠᠯ ᠢ ᠦᠷᠬᠦᠯᠵᠢᠯᠡᠨ ᠲᠣᠭᠲᠠᠭᠤᠨ ᠢᠶᠠᠷ ᠨᠡᠮᠡᠭᠳᠡᠬᠦ ᠶᠢ ᠪᠠᠲᠣᠯᠠᠬᠤ ᠬᠡᠷᠡᠭᠲᠠᠢ᠃ | ᠲᠦᠴᠢᠨ ᠵᠢᠷᠭᠤᠳᠤᠭᠠᠷ ᠵᠦᠢᠯ ᠲᠦᠷᠦ ᠶᠢᠨ ᠪᠣᠳᠣᠯᠭ᠎ᠠ ᠶᠢᠨ ᠴᠢᠨᠠᠷᠲᠠᠢ ᠮᠦᠩᠬᠦᠨ ᠭᠦᠢᠯᠭᠡᠭᠡᠨ ᠤ | ᠪᠠᠶᠢᠭᠤᠯᠣᠮᠵᠢ ᠨᠢ ᠣᠯᠣᠰ ᠪᠠ ᠦᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠣᠬᠠᠭᠠᠨ ᠮᠡᠷᠭᠡᠵᠢᠯ ᠤᠨ ᠴᠢᠬᠤᠯᠠ ᠶᠡᠭᠡ | ᠲᠣᠰᠬᠠᠢ ᠲᠦᠷᠦᠯ᠂ ᠴᠢᠬᠤᠯᠠ ᠶᠡᠭᠡ ᠰᠢᠨᠵᠢᠯᠡᠬᠦ ᠣᠬᠠᠭᠠᠨ ᠮᠡᠷᠭᠡᠵᠢᠯ ᠤᠨ ᠠᠵᠣ ᠦᠢᠯᠡᠰᠵᠢᠬᠦᠯᠦᠭᠰᠡᠨ ᠲᠦᠷᠦᠯ ᠵᠦᠢᠯ᠂ | ᠭᠤᠣᠯᠳᠠᠯᠭ᠎ᠠ ᠲᠠᠢ ᠰᠢᠨᠵᠢᠯᠡᠬᠦ ᠣᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠣᠯᠠᠷᠢᠭᠤᠯᠣᠯᠲᠠ ᠶᠢᠨ ᠲᠦᠷᠦᠯ ᠵᠦᠢᠯ | ᠵᠡᠷᠭᠡ ᠲᠠᠯ᠎ᠠ ᠳᠤ ᠪᠡᠯᠡ ᠮᠦᠩᠬᠦ ᠶᠢᠨ ᠵᠢᠭᠡᠯᠡᠯᠭᠡ ᠶᠢᠨ ᠲᠣᠰᠠᠯᠠᠮᠵᠢ ᠦᠵᠡᠬᠦᠯᠬᠦ ᠬᠡᠷᠡᠭᠲᠠᠢ᠃ | ᠳᠡᠭᠡᠲᠦ ᠰᠢᠨᠵᠢᠯᠡᠬᠦ ᠣᠬᠠᠭᠠᠨ ᠮᠡᠷᠭᠡᠵᠢᠯ ᠤᠨ ᠠᠵᠣ ᠠᠬᠤᠶᠢᠯᠠᠯ ᠨᠢ ᠢᠳᠡᠬᠡᠮᠵᠢᠲᠦ ᠵᠢᠭᠡᠯᠡᠯᠭᠡ ᠪᠠᠷ ᠪᠡᠯᠡ | ᠬᠤᠷᠠᠮᠳᠣᠭᠤᠯᠬᠤ᠂ ᠵᠠᠬ᠎ᠠ ᠳᠡᠯᠭᠡᠭᠦᠷ ᠲᠤ ᠭᠠᠷᠴᠣ ᠬᠤᠷᠠᠮᠳᠣᠭᠤᠯᠬᠤ᠂ ᠵᠢᠭᠡᠯᠡᠯᠭᠡ ᠶᠢᠨ ᠳᠡᠮᠳᠡᠭᠲᠦ ᠪᠠᠷ ᠪᠡᠯᠡ | ᠬᠤᠷᠠᠮᠳᠣᠭᠤᠯᠬᠤ᠂ ᠲᠦᠭᠰᠢᠬᠦᠷᠢᠲᠦ ᠪᠡᠯᠡ ᠣᠷᠣᠭᠤᠯᠣᠯᠲᠠ᠂ ᠢᠷᠬᠡᠳ ᠤᠨ ᠡᠳ ᠤ ᠬᠦᠷᠦᠩᠭᠡ᠂ ᠦᠮᠴᠢᠯᠡᠬᠦ ︵ | ᠰᠲ᠋ᠣᠺ ᠤᠨ︶ ᠡᠷᠭᠡ ᠶᠢᠨ ᠰᠣᠯᠢᠯᠴᠠᠭᠠᠨ ᠤ ᠵᠠᠬ᠎ᠠ ᠳᠡᠯᠭᠡᠭᠦᠷ ᠵᠡᠷᠭᠡ ᠪᠡᠯᠡ ᠬᠤᠷᠠᠮᠳᠣᠭᠤᠯᠬᠤ ᠬᠡᠯᠪᠡᠷᠢ ᠶᠢ ᠠᠮᠢᠳᠣᠯᠢᠭ | ᠬᠡᠷᠡᠭᠵᠢᠬᠦᠯᠬᠦ ᠶᠢ ᠵᠣᠷᠢᠬᠵᠢᠭᠤᠯᠵᠣ᠂ ᠭᠦᠢᠯᠭᠡᠭᠡᠨ ᠤ ᠠᠷᠭ᠎ᠠ ᠵᠠᠮ ᠢ ᠨᠡᠭᠡᠭᠡᠨ ᠦᠷᠭᠡᠳᠬᠡᠨ᠎ᠡ᠃ | ᠮᠦᠩᠬᠦᠨ ᠭᠦᠢᠯᠭᠡᠭᠡᠨ ᠤ ᠪᠠᠶᠢᠭᠤᠯᠣᠮᠵᠢ ᠨᠢ ᠮᠡᠳᠡᠯᠭᠡ ᠶᠢᠨ ᠪᠦᠲᠦᠭᠡᠭᠳᠡᠬᠦᠨ ᠤ ᠡᠷᠭᠡ ᠪᠠᠨ ᠳᠠᠨᠵᠢᠯᠠᠬᠤ ᠠᠵᠢᠯ | ᠦᠷᠨᠢᠬᠦᠯᠬᠦ ᠶᠢ ᠵᠣᠷᠢᠬᠵᠢᠭᠤᠯᠣᠨ᠎ᠠ᠃ | ᠲᠦᠴᠢᠨ ᠲᠤᠯᠤᠳᠤᠭᠠᠷ ᠵᠦᠢᠯ ᠳᠡᠭᠡᠲᠦ ᠵᠡᠷᠭᠡ ᠶᠢᠨ ᠰᠣᠷᠭᠠᠭᠤᠯᠢ᠂ ᠰᠢᠨᠵᠢᠯᠡᠬᠦ ᠣᠬᠠᠭᠠᠨ ᠮᠡᠷᠭᠡᠵᠢᠯ ᠤᠨ | ᠰᠣᠳᠣᠯᠭᠠᠨ ᠨᠡᠭᠡᠭᠡᠯᠲᠡ ᠶᠢᠨ ᠪᠠᠶᠢᠭᠤᠯᠣᠮᠵᠢ ᠪᠠ ᠠᠵᠣ ᠠᠬᠤᠶᠢᠯᠠᠯ ᠦᠪᠡᠷ ᠢᠶᠠᠨ ᠪᠡᠯᠡ ᠮᠦᠩᠬᠦ ᠴᠣᠭᠯᠠᠭᠤᠯᠣᠨ | ᠰᠣᠳᠣᠯᠭᠠᠨ ᠨᠡᠭᠡᠭᠡᠯᠲᠡ ᠬᠢᠭᠰᠡᠨ ᠪᠦᠭᠡᠳ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠡᠷᠭᠡ ᠲᠠᠢ | ᠪᠡᠶ᠎ᠡ ᠪᠠᠨ ᠳᠠᠭᠠᠭᠠᠭᠰᠠᠨ ᠰᠢᠨ᠎ᠡ ᠶᠢ ᠡᠬᠦᠳᠬᠦ ᠲᠦᠷᠦᠯ ᠵᠦᠢᠯ ᠳᠤ᠂ ᠬᠤᠰᠢᠭᠤ ᠰᠢᠶᠠᠨ ᠤ ᠱᠠᠲᠣᠨ ᠠᠴᠠ ᠳᠡᠭᠡᠭᠰᠢᠬᠢ | ᠠᠷᠠᠳ ᠤᠨ ᠵᠠᠰᠠᠭ ᠤᠨ ᠣᠷᠳᠣᠨ ᠬᠤᠶᠢᠨ᠎ᠠ ᠠᠴᠠ ᠨᠢ ᠨᠦᠬᠦᠪᠦᠷᠢᠯᠡᠨ ᠲᠣᠰᠠᠯᠠᠬᠤ ᠬᠡᠯᠪᠡᠷᠢ ᠪᠠᠷ ᠡᠳ ᠤ ᠵᠠᠰᠠᠭ ᠤᠨ | ᠴᠢᠨᠠᠷᠲᠠᠢ ᠪᠡᠯᠡ ᠮᠦᠩᠬᠦ ᠶᠢᠨ ᠲᠣᠰᠠᠯᠠᠮᠵᠢ ᠦᠭᠴᠣ ᠪᠣᠯᠣᠨ᠎ᠠ᠃ ᠲᠣᠰᠠᠯᠠᠭᠰᠠᠨ ᠪᠡᠯᠡ ᠮᠦᠩᠬᠦ ᠶᠢ ᠲᠣᠰ ᠲᠦᠷᠦᠯ | ᠵᠦᠢᠯ ᠤᠨ ᠦᠪᠡᠷᠲᠡᠭᠡᠨ ᠵᠠᠰᠠᠬᠤ ᠣᠷᠣᠨ ᠤ ᠲᠣᠲᠣᠷᠠᠬᠢ ᠰᠡᠬᠦᠯᠴᠢ ᠶᠢᠨ ᠬᠤᠭᠤᠴᠠᠭᠠᠨ ᠤ ᠰᠣᠳᠣᠯᠭᠠᠨ ᠨᠡᠭᠡᠭᠡᠯᠲᠡ᠂ | ᠦᠷ᠎ᠡ ᠪᠦᠲᠦᠭᠡᠯ ᠢ ᠣᠯᠠᠷᠢᠭᠤᠯᠬᠤ ᠪᠠ ᠠᠵᠣ ᠦᠢᠯᠡᠰᠵᠢᠬᠦᠯᠬᠦ ᠠᠵᠢᠯᠯᠠᠭᠠᠨ ᠳᠤ ᠬᠡᠷᠡᠭᠯᠡᠬᠦ ᠬᠡᠷᠡᠭᠲᠠᠢ᠃ | ᠲᠦᠴᠢᠨ ᠨᠠᠢᠮᠠᠳᠤᠭᠠᠷ ᠵᠦᠢᠯ ᠰᠢᠨᠵᠢᠯᠡᠬᠦ ᠣᠬᠠᠭᠠᠨ ᠮᠡᠷᠭᠡᠵᠢᠯ ᠤᠨ ᠭᠤᠣᠯᠳᠠᠯᠭ᠎ᠠ ᠲᠠᠢ ᠰᠠᠭᠤᠷᠢ ᠪᠡᠯᠡᠳᠬᠡᠮᠵᠢ᠂ | ᠴᠢᠬᠤᠯᠠ ᠶᠡᠭᠡ ᠰᠢᠨᠵᠢᠯᠡᠬᠦ ᠣᠬᠠᠭᠠᠨ ᠮᠡᠷᠭᠡᠵᠢᠯ ᠤᠨ ᠢᠨᠵᠧᠨᠧᠷᠢᠩ ᠵᠡᠷᠭᠡ ᠪᠦᠲᠦᠭᠡᠨ ᠪᠠᠶᠢᠭᠤᠯᠣᠯᠲᠠ ᠶᠢᠨ ᠲᠦᠷᠦᠯ | ᠵᠦᠢᠯ ᠢ ᠬᠤᠲᠠ ᠬᠦᠳᠡᠭᠡ ᠶᠢᠨ ᠲᠦᠯᠦᠪᠵᠢᠬᠦᠯᠭᠡ᠂ ᠭᠠᠵᠠᠷ ᠰᠢᠷᠣᠢ ᠶᠢᠨ ᠠᠰᠢᠭᠯᠠᠯᠲᠠ ᠶᠢᠨ ᠶᠡᠷᠦᠩᠭᠡᠢ ᠲᠦᠯᠦᠪᠵᠢᠬᠦᠯᠭᠡ | ᠪᠠ ᠨᠡᠶᠢᠲᠡ ᠶᠢᠨ ᠪᠡᠯᠡ ᠣᠷᠣᠭᠤᠯᠣᠯᠲᠠ ᠶᠢᠨ ᠲᠦᠯᠦᠪᠯᠡᠭᠡ ᠳᠤ ᠣᠷᠣᠭᠤᠯᠬᠤ ᠬᠡᠷᠡᠭᠲᠠᠢ᠃ | ᠲᠦᠴᠢ ᠶᠢᠰᠦᠳᠦᠭᠡᠷ ᠵᠦᠢᠯ ᠬᠤᠰᠢᠭᠤ ᠰᠢᠶᠠᠨ ᠤ ᠱᠠᠲᠣᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠢ ᠲᠦᠷᠦ ᠶᠢᠨ ᠪᠣᠳᠣᠯᠭ᠎ᠠ᠂ ᠲᠦᠯᠦᠪᠵᠢᠬᠦᠯᠭᠡ᠂ ᠪᠡᠯᠡ ᠮᠦᠩᠬᠦ᠂ ᠴᠢᠳᠠᠪᠦᠷᠢᠲᠠᠨ᠂ ᠲᠠᠯᠠᠪᠣᠷ ᠭᠠᠵᠠᠷ ᠵᠡᠷᠭᠡ | ᠲᠠᠯ᠎ᠠ ᠪᠠᠷ ᠠᠵᠣ ᠦᠢᠯᠡᠰ ᠲᠦᠪᠯᠡᠷᠡᠭᠰᠡᠨ ᠣᠷᠣᠨ ᠬᠡᠪᠴᠢᠶ᠎ᠡ ᠪᠠ ᠠᠵᠣ ᠦᠢᠯᠡᠰ ᠤᠨ ᠳᠠᠪᠠᠭᠤᠯᠢᠭ ᠲᠠᠢ ᠬᠦᠷᠢᠶ᠎ᠡ | ᠬᠡᠪᠴᠢᠶᠠᠨ ᠳᠤ ᠨᠡᠶᠢᠲᠡ ᠶᠢᠨ ᠰᠣᠳᠣᠯᠭᠠᠨ ᠨᠡᠭᠡᠭᠡᠯᠲᠡ ᠶᠢᠨ ᠲᠠᠪᠴᠠᠩ᠂ ᠨᠡᠶᠢᠲᠡ ᠶᠢᠨ ᠮᠡᠷᠭᠡᠵᠢᠯ ᠤᠨ ᠦᠢᠯᠡᠴᠢᠯᠡᠭᠡᠨ ᠤ | ᠲᠠᠪᠴᠠᠩ᠂ ᠰᠢᠨᠵᠢᠯᠡᠬᠦ ᠣᠬᠠᠭᠠᠨ ᠮᠡᠷᠭᠡᠵᠢᠯ ᠤᠨ ᠦᠨᠳᠦᠰᠦᠨ ᠨᠦᠬᠦᠴᠡᠯ ᠤᠨ ᠲᠠᠪᠴᠠᠩ ᠵᠡᠷᠭᠡ ᠨᠡᠶᠢᠲᠡ ᠶᠢᠨ ᠰᠢᠨ᠎ᠡ ᠶᠢ | ᠡᠬᠦᠳᠬᠦ ᠲᠠᠪᠴᠠᠩ ᠪᠠᠶᠢᠭᠤᠯᠬᠤ ᠶᠢ ᠳᠡᠮᠵᠢᠵᠣ᠂ ᠰᠢᠨ᠎ᠡ ᠶᠢ ᠡᠬᠦᠳᠬᠦ ᠠᠷᠭ᠎ᠠ ᠬᠡᠮᠵᠢᠶᠡᠨ ᠤ ᠳᠡᠯᠭᠡᠷᠡᠬᠦᠯᠦᠯᠲᠡ᠂ | ᠲᠦᠭᠡᠮᠡᠯᠵᠢᠬᠦᠯᠦᠯ᠂ ᠬᠡᠷᠡᠭᠯᠡᠭᠡ ᠶᠢ ᠴᠢᠩᠭᠠᠳᠬᠠᠵᠣ᠂ ᠠᠵᠣ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠬᠦᠳᠬᠦ ᠳᠤ | ᠵᠠᠩᠬᠢᠯᠠᠭ᠎ᠠ ᠶᠢᠨ ᠴᠢᠨᠠᠷᠲᠠᠢ ᠮᠡᠷᠭᠡᠵᠢᠯ ᠤᠨ ᠰᠣᠳᠣᠯᠭᠠᠨ ᠨᠡᠭᠡᠭᠡᠯᠲᠡ᠂ ᠵᠠᠩᠬᠢ ᠶᠢᠨ ᠯᠠᠪᠯᠠᠯᠲᠠ᠂ ᠮᠡᠷᠭᠡᠵᠢᠯ ᠤᠨ ᠠᠷᠠᠯᠵᠢᠶ᠎ᠠ | ᠪᠠ ᠰᠢᠯᠵᠢᠬᠦᠯᠦᠨ ᠦᠭᠬᠦ ᠵᠡᠷᠭᠡ ᠰᠢᠨ᠎ᠡ ᠶᠢ ᠡᠬᠦᠳᠬᠦ ᠦᠢᠯᠡᠴᠢᠯᠡᠭᠡ ᠶᠢ ᠬᠠᠩᠭᠠᠬᠤ ᠬᠡᠷᠡᠭᠲᠠᠢ᠃ | ᠡᠳ ᠤ ᠵᠠᠰᠠᠭ ᠤᠨ ᠴᠢᠨᠠᠷᠲᠠᠢ ᠪᠠᠯᠡ ᠮᠦᠩᠬᠦ ᠪᠠᠷ ᠲᠣᠰᠠᠯᠠᠵᠣ ᠪᠠᠶᠢᠭᠤᠯᠣᠭᠰᠠᠨ ᠨᠡᠶᠢᠲᠡ ᠶᠢᠨ ᠰᠢᠨ᠎ᠡ ᠶᠢ ᠡᠬᠦᠳᠬᠦ | ᠲᠠᠪᠴᠠᠩ ᠤᠨ ᠠᠵᠣ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠪᠡᠶ᠎ᠡ ᠪᠠᠨ ᠳᠠᠭᠠᠭᠠᠵᠣ ᠰᠢᠨ᠎ᠡ ᠶᠢ ᠡᠬᠦᠳᠬᠦ | ᠠᠵᠢᠯᠯᠠᠭ᠎ᠠ ᠳᠤ ᠦᠢᠯᠡᠴᠢᠯᠡᠭᠡ ᠬᠠᠩᠭᠠᠭᠰᠠᠨ ᠪᠠᠶᠢᠳᠠᠯ ᠢ ᠠᠵᠢᠯᠯᠠᠭᠠᠨ ᠤ ᠦᠷ᠎ᠡ ᠪᠦᠲᠦᠮᠵᠢ ᠶᠢ ᠬᠢᠨᠠᠨ ᠰᠢᠯᠭᠠᠬᠤ ᠴᠢᠬᠤᠯᠠ | ᠠᠭᠤᠯᠭ᠎ᠠ ᠪᠣᠯᠭᠠᠬᠤ ᠬᠡᠷᠡᠭᠲᠠᠢ᠂ ᠬᠡᠪᠡᠴᠦ ᠣᠯᠣᠰ ᠤᠨ ᠨᠢᠭᠤᠴᠠ ᠪᠣᠶᠣ ᠴᠢᠬᠤᠯᠠ ᠶᠡᠭᠡ ᠨᠡᠶᠢᠲᠡ ᠶᠢᠨ ᠠᠮᠣᠷ | ᠲᠦᠪᠰᠢᠨ ᠲᠠᠢ ᠬᠤᠯᠪᠣᠭᠳᠠᠬᠤ ᠪᠠᠶᠢᠳᠠᠯ ᠢ ᠪᠠᠭᠳᠠᠭᠠᠬᠤ ᠦᠭᠡᠢ᠃ | ᠲᠠᠪᠢᠳᠤᠭᠠᠷ ᠵᠦᠢᠯ ᠡᠳ᠋ ᠤᠨ ᠵᠠᠰᠠᠭ ᠤᠨ ᠴᠢᠨᠠᠷᠲᠠᠢ ᠪᠡᠯᠡ ᠮᠦᠩᠬᠦ ᠶᠢ ᠠᠰᠢᠭᠯᠠᠵᠣ ᠪᠠᠶᠢᠭᠤᠯᠣᠭᠰᠠᠨ᠂ | ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠡᠷᠭᠡ ᠪᠣᠶᠣ ᠦᠪᠡᠷᠮᠢᠴᠡ ᠭᠤᠣᠯᠯᠠᠬᠤ ᠮᠡᠷᠭᠡᠵᠢᠯ ᠣᠯᠬᠤ ᠶᠢᠨ | ᠲᠦᠯᠦᠭᠡ ᠶᠠᠪᠣᠭᠳᠠᠭᠤᠯᠣᠭᠰᠠᠨ ᠰᠢᠨᠵᠢᠯᠡᠬᠦ ᠣᠬᠠᠭᠠᠨ ᠮᠡᠷᠭᠡᠵᠢᠯ ᠤᠨ ᠰᠣᠳᠣᠯᠭᠠᠨ ᠪᠠ ᠰᠢᠨ᠎ᠡ ᠶᠢ ᠡᠬᠦᠳᠬᠦ ᠨᠡᠭᠡᠭᠡᠯᠲᠡ ᠶᠢᠨ | ᠲᠦᠷᠦᠯ ᠵᠦᠢᠯ ᠪᠣᠯ᠂ ᠲᠦᠷᠦᠯ ᠵᠦᠢᠯ ᠢ ᠬᠠᠷᠢᠭᠤᠴᠠᠭᠰᠠᠨ ᠬᠦᠮᠦᠨ ᠤ ᠬᠦᠮᠦᠨ ᠤ ᠬᠦᠴᠦᠨ ᠤ ᠡᠬᠢ ᠪᠠᠶᠠᠯᠢᠭ ᠤᠨ | ᠦᠪᠡᠷ ᠤᠨ ᠦᠷᠲᠡᠭ ᠤᠨ ᠵᠠᠷᠣᠳᠠᠯ ᠢ ᠲᠦᠷᠦᠯ ᠵᠦᠢᠯ ᠤᠨ ᠵᠠᠷᠣᠳᠠᠯ ᠠᠴᠠ ᠭᠠᠷᠭᠠᠵᠣ ᠪᠣᠯᠣᠨ᠎ᠠ᠂ ᠬᠠᠮᠤᠭ ᠤᠨ | ᠦᠨᠳᠦᠷ ᠲᠡᠭᠡᠨ ᠲᠣᠰ ᠲᠦᠷᠦᠯ ᠵᠦᠢᠯ ᠤᠨ ᠵᠠᠷᠣᠳᠠᠯ ᠤᠨ ᠵᠠᠭᠤᠨ ᠤ ᠭᠤᠴᠢ ᠠᠴᠠ ᠬᠡᠲᠦᠷᠡᠵᠣ ᠪᠣᠯᠬᠤ ᠦᠭᠡᠢ︔ | ᠵᠦᠭᠡᠯᠡᠨ ᠰᠢᠨᠵᠢᠯᠡᠬᠦ ᠣᠬᠠᠭᠠᠨ ᠤ ᠰᠣᠳᠣᠯᠭᠠᠨ ᠤ ᠲᠦᠷᠦᠯ ᠵᠦᠢᠯ ᠪᠠ ᠰᠣᠹᠲ ᠤᠨ ᠨᠡᠭᠡᠭᠡᠯᠲᠡ ᠶᠢᠨ ᠲᠦᠷᠦᠯ ᠤᠨ | ᠲᠦᠷᠦᠯ ᠵᠦᠢᠯ ᠪᠣᠯ᠂ ᠬᠦᠮᠦᠨ ᠤ ᠬᠦᠴᠦᠨ ᠤ ᠡᠬᠢ ᠪᠠᠶᠠᠯᠢᠭ ᠤᠨ ᠦᠪᠡᠷ ᠤᠨ ᠦᠷᠲᠡᠭ ᠤᠨ ᠵᠠᠷᠣᠳᠠᠯ ᠨᠢ ᠬᠠᠮᠤᠭ ᠤᠨ | ᠦᠨᠳᠦᠷ ᠲᠡᠭᠡᠨ ᠲᠣᠰ ᠲᠦᠷᠦᠯ ᠵᠦᠢᠯ ᠤᠨ ᠵᠠᠷᠣᠳᠠᠯ ᠤᠨ 50% ᠠᠴᠠ ᠬᠡᠲᠦᠷᠡᠵᠣ ᠪᠣᠯᠬᠤ ᠦᠭᠡᠢ᠃ | ᠲᠠᠪᠢᠨ ᠨᠢᠭᠡᠳᠦᠭᠡᠷ ᠵᠦᠢᠯ ᠡᠳ᠋ ᠤᠨ ᠵᠠᠰᠠᠭ ᠤᠨ ᠴᠢᠨᠠᠷᠲᠠᠢ ᠪᠡᠯᠡ ᠮᠦᠩᠬᠦ ᠶᠢ ᠠᠰᠢᠭᠯᠠᠵᠣ ᠪᠠᠶᠢᠭᠤᠯᠣᠭᠰᠠᠨ | ᠰᠢᠨᠵᠢᠯᠡᠬᠦ ᠣᠬᠠᠭᠠᠨ ᠮᠡᠷᠭᠡᠵᠢᠯ ᠤᠨ ᠰᠠᠭᠤᠷᠢ ᠮᠦᠩᠬᠦ ᠶᠢᠨ ᠲᠦᠷᠦᠯ ᠵᠦᠢᠯ᠂ ᠰᠢᠨᠵᠢᠯᠡᠬᠦ ᠣᠬᠠᠭᠠᠨ ᠮᠡᠷᠭᠡᠵᠢᠯ ᠤᠨ | ᠲᠦᠯᠦᠪᠯᠡᠭᠡᠨ ᠤ ᠲᠦᠷᠦᠯ ᠵᠦᠢᠯ ᠤᠨ ᠬᠠᠮᠢᠶᠠᠷᠣᠯᠲᠠ ᠶᠢᠨ ᠪᠠᠶᠢᠭᠤᠯᠣᠮᠵᠢ ᠨᠢ ᠬᠢᠨᠠᠨ ᠲᠣᠭᠲᠠᠭᠠᠬᠤ ᠲᠣᠰᠬᠠᠢ | ᠮᠡᠷᠭᠡᠵᠢᠯᠲᠡᠨ ᠤ ᠬᠦᠮᠦᠷᠭᠡ ᠪᠠᠶᠢᠭᠤᠯᠵᠣ᠂ ᠰᠢᠨᠵᠢᠯᠡᠬᠦ ᠣᠬᠠᠭᠠᠨ ᠮᠡᠷᠭᠡᠵᠢᠯ ᠤᠨ ᠰᠠᠭᠤᠷᠢ ᠮᠦᠩᠬᠦ ᠶᠢᠨ ᠲᠦᠷᠦᠯ ᠵᠦᠢᠯ᠂ | ᠰᠢᠨᠵᠢᠯᠡᠬᠦ ᠣᠬᠠᠭᠠᠨ ᠮᠡᠷᠭᠡᠵᠢᠯ ᠤᠨ ᠲᠦᠯᠦᠪᠯᠡᠭᠡᠨ ᠤ ᠲᠦᠷᠦᠯ ᠵᠦᠢᠯ ᠤᠨ ᠲᠣᠰᠬᠠᠢ ᠮᠡᠷᠭᠡᠵᠢᠯᠲᠡᠨ ᠤ ᠬᠢᠨᠠᠨ ᠲᠣᠭᠲᠠᠭᠠᠬᠤ | ᠳᠦᠷᠢᠮ ᠪᠠ ᠬᠢᠨᠠᠨ ᠲᠣᠭᠲᠠᠭᠠᠬᠤ ᠲᠣᠰᠬᠠᠢ ᠮᠡᠷᠭᠡᠵᠢᠯᠲᠡᠨ ᠤ ᠰᠢᠯᠢᠨ ᠰᠣᠩᠭᠤᠬᠤ᠂ ᠵᠠᠶᠢᠯᠠᠬᠤ᠂ ᠬᠠᠷᠢᠭᠤᠴᠠᠯᠭ᠎ᠠ | ᠨᠡᠭᠡᠮᠵᠢᠯᠡᠬᠦ ᠳᠦᠷᠢᠮ ᠢ ᠪᠠᠶᠢᠭᠤᠯᠣᠨ ᠲᠡᠬᠦᠯᠳᠡᠷᠵᠢᠬᠦᠯᠬᠦ ᠬᠡᠷᠡᠭᠲᠠᠢ᠃ | ᠲᠠᠪᠢᠨ ᠬᠤᠶᠠᠳᠤᠭᠠᠷ ᠵᠦᠢᠯ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠡᠳ ᠤᠨ | ᠵᠠᠰᠠᠭ ᠤᠨ ᠴᠢᠨᠠᠷᠲᠠᠢ ᠰᠢᠨᠵᠢᠯᠡᠬᠦ ᠣᠬᠠᠭᠠᠨ ᠮᠡᠷᠭᠡᠵᠢᠯ ᠤᠨ ᠪᠡᠯᠡ ᠮᠦᠩᠬᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ | ᠦᠨᠡᠯᠡᠬᠦ ᠳᠦᠷᠢᠮ ᠢ ᠪᠠᠶᠢᠭᠤᠯᠣᠨ᠎ᠠ᠃ | ᠬᠤᠰᠢᠭᠤ ᠰᠢᠶᠠᠨ ᠤ ᠱᠠᠲᠣᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠢᠨᠠᠨ ᠪᠣᠳᠣᠬᠤ᠂ ᠬᠢᠨᠠᠨ | ᠪᠠᠶᠢᠴᠠᠭᠠᠬᠤ ᠂ ᠡᠳ ᠤ ᠵᠠᠰᠠᠭ᠂ ᠰᠢᠨᠵᠢᠯᠡᠬᠦ ᠣᠬᠠᠭᠠᠨ ᠮᠡᠷᠭᠡᠵᠢᠯ ᠵᠢᠴᠢ ᠪᠣᠰᠣᠳ ᠬᠤᠯᠪᠣᠭᠳᠠᠯ ᠪᠦᠬᠦᠢ ᠰᠠᠯᠠᠭ᠎ᠠ | ᠮᠦᠴᠢᠷ ᠨᠢ ᠡᠳ ᠤ ᠵᠠᠰᠠᠭ ᠤᠨ ᠴᠢᠨᠠᠷᠲᠠᠢ ᠰᠢᠨᠵᠢᠯᠡᠬᠦ ᠣᠬᠠᠭᠠᠨ ᠮᠡᠷᠭᠡᠵᠢᠯ ᠤᠨ ᠪᠡᠯᠡ ᠮᠦᠩᠬᠦ ᠳᠠᠬᠢ ᠬᠢᠨᠠᠯᠲᠠ | ᠬᠠᠮᠢᠶᠠᠷᠣᠯᠲᠠ ᠪᠠᠨ ᠴᠢᠩᠭᠠᠳᠬᠠᠵᠣ᠂ ᠡᠳ ᠤ ᠵᠠᠰᠠᠭ ᠤᠨ ᠴᠢᠨᠠᠷᠲᠠᠢ ᠰᠢᠨᠵᠢᠯᠡᠬᠦ ᠣᠬᠠᠭᠠᠨ ᠮᠡᠷᠭᠡᠵᠢᠯ ᠤᠨ ᠪᠡᠯᠡ | ᠮᠦᠩᠬᠦ ᠶᠢᠨ ᠬᠡᠷᠡᠭᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠬᠦᠯᠬᠦ ᠬᠡᠷᠡᠭᠲᠠᠢ᠃ | ᠲᠠᠪᠢᠨ ᠭᠤᠷᠪᠠᠳᠤᠭᠠᠷ ᠵᠦᠢᠯ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠤᠭ᠎ᠠ | ᠪᠦᠷᠢᠳᠬᠡᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠰᠢᠨᠵᠢᠯᠡᠬᠦ ᠣᠬᠠᠭᠠᠨ ᠮᠡᠷᠭᠡᠵᠢᠯ ᠤᠨ ᠵᠠᠰᠠᠭ ᠵᠠᠬᠢᠷᠭᠠᠨ ᠤ ᠰᠠᠯᠠᠭ᠎ᠠ | ᠮᠦᠴᠢᠷ ᠲᠠᠢ ᠬᠠᠮᠲᠣᠷᠠᠨ ᠰᠢᠨᠵᠢᠯᠡᠬᠦ ᠣᠬᠠᠭᠠᠨ ᠮᠡᠷᠭᠡᠵᠢᠯ ᠤᠨ ᠲᠠᠪᠰᠢᠯᠲᠠ ᠶᠢ ᠪᠦᠷᠢᠳᠬᠡᠵᠣ ᠬᠢᠨᠠᠨ ᠰᠢᠯᠭᠠᠬᠤ ᠳᠦᠷᠢᠮ ᠢ | ᠲᠡᠬᠦᠯᠳᠡᠷᠵᠢᠬᠦᠯᠦᠨ᠎ᠡ᠃ | ᠨᠠᠢᠮᠠᠳᠤᠭᠠᠷ ᠪᠦᠯᠦᠭ ᠬᠠᠣᠯᠢ ᠴᠠᠭᠠᠵᠠ ᠶᠢᠨ ᠬᠠᠷᠢᠭᠤᠴᠠᠯᠭ᠎ᠠ | ᠲᠠᠪᠢᠨ ᠲᠥᠷᠪᠡᠳᠦᠭᠡᠷ ᠵᠦᠢᠯ ᠲᠣᠰ ᠳᠦᠷᠢᠮ ᠤᠨ ᠲᠣᠭᠲᠠᠭᠠᠯ ᠠᠴᠠ ᠵᠦᠷᠢᠴᠡᠵᠣ᠂ ᠰᠢᠨᠵᠢᠯᠡᠬᠦ ᠣᠬᠠᠭᠠᠨ | ᠮᠡᠷᠭᠡᠵᠢᠯ ᠤᠨ ᠳᠠᠪᠰᠢᠯᠲᠠ ᠳᠤ ᠬᠡᠷᠡᠭᠯᠡᠬᠦ ᠡᠳ᠋ ᠤᠨ ᠵᠠᠰᠠᠭ ᠤᠨ ᠴᠢᠨᠠᠷᠲᠠᠢ ᠪᠡᠯᠡ ᠮᠦᠩᠬᠦ ᠶᠢ ᠬᠤᠳᠠᠯ ᠢᠶᠠᠷ ᠮᠡᠳᠡᠬᠦᠯᠵᠣ᠂ | ᠣᠷᠣᠯᠠᠨ ᠠᠪᠴᠣ᠂ ᠱᠠᠮᠰᠢᠵᠣ᠂ ᠨᠡᠬᠦᠯᠬᠡᠨ ᠬᠡᠷᠡᠭᠯᠡᠵᠣ᠂ ᠲᠠᠰᠣᠲᠠᠨ ᠦᠯᠡᠳᠡᠭᠡᠪᠡᠯ᠂ ᠡᠳ᠋ ᠤᠨ ᠵᠠᠰᠠᠭ ᠤᠨ ᠬᠠᠣᠯᠢ ᠠᠴᠠ | ᠵᠦᠷᠢᠴᠡᠭᠰᠡᠨ ᠦᠢᠯᠡ ᠠᠵᠢᠯᠯᠠᠭ᠎ᠠ ᠶᠢ ᠲᠣᠷᠭᠤᠭᠠᠨ ᠰᠢᠢᠳᠬᠡᠬᠦ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ | ᠵᠠᠯᠠᠷᠠᠭᠤᠯᠬᠤ ᠶᠢ ᠵᠠᠷᠯᠢᠭᠳᠠᠵᠣ᠂ ᠬᠤᠯᠪᠣᠭᠳᠠᠯ ᠪᠦᠬᠦᠢ ᠡᠳ ᠤ ᠵᠠᠰᠠᠭ ᠤᠨ ᠴᠢᠨᠠᠷᠲᠠᠢ ᠪᠡᠯᠡ ᠮᠦᠩᠬᠦ ᠪᠠ ᠬᠠᠣᠯᠢ ᠠᠴᠠ | ᠵᠦᠷᠢᠴᠡᠭᠰᠡᠨ ᠣᠯᠵᠠᠪᠦᠷᠢ ᠶᠢ ᠨᠢ ᠨᠡᠭᠡᠨ ᠬᠤᠷᠢᠶᠠᠵᠣ᠂ ᠬᠠᠣᠯᠢ ᠶᠣᠰᠣᠭᠠᠷ ᠵᠠᠰᠠᠭ ᠵᠠᠬᠢᠷᠭᠠᠨ ᠤ ᠰᠢᠢᠳᠬᠡᠯ ᠣᠯᠭᠤᠨ᠎ᠠ︔ | ᠰᠢᠭᠤᠳ ᠬᠠᠷᠢᠭᠤᠴᠠᠯᠭ᠎ᠠ ᠲᠠᠢ ᠭᠤᠣᠯᠯᠠᠨ ᠬᠠᠮᠢᠶᠠᠷᠣᠭᠴᠢ ᠪᠠ ᠪᠣᠰᠣᠳ ᠰᠢᠭᠤᠳ ᠬᠠᠷᠢᠭᠤᠴᠠᠯᠭᠠᠲᠠᠨ ᠳᠤ ᠰᠢᠢᠳᠬᠡᠯ | ᠦᠭᠬᠦᠨ᠎ᠡ︔ ᠶᠠᠯ᠎ᠠ ᠳᠤ ᠬᠦᠷᠦᠭᠰᠡᠨ ᠪᠣᠯ᠂ ᠬᠠᠣᠯᠢ ᠶᠣᠰᠣᠭᠠᠷ ᠡᠷᠡᠬᠦᠣ ᠶᠢᠨ ᠬᠠᠷᠢᠭᠤᠴᠠᠯᠭ᠎ᠠ ᠨᠡᠭᠡᠮᠵᠢᠯᠡᠨ᠎ᠡ᠃ | | ᠲᠠᠪᠢᠨ ᠲᠠᠪᠤᠳᠤᠭᠠᠷ ᠵᠦᠢᠯ ᠰᠢᠨᠵᠢᠯᠡᠬᠦ ᠣᠬᠠᠭᠠᠨ ᠮᠡᠷᠭᠡᠵᠢᠯ ᠤᠨ ᠠᠵᠢᠯᠲᠠᠨ ᠳᠤ ᠲᠣᠣᠷᠠᠬᠢ ᠦᠢᠯᠡ | ᠠᠵᠢᠯᠯᠠᠭ᠎ᠠ ᠶᠢᠨ ᠨᠢᠭᠡ ᠨᠢ ᠪᠠᠶᠢᠪᠠᠯ᠂ ᠬᠠᠣᠯᠢ ᠶᠣᠰᠣᠭᠠᠷ ᠬᠠᠣᠯᠢ ᠴᠠᠭᠠᠵᠠ ᠶᠢᠨ ᠬᠠᠷᠢᠭᠤᠴᠠᠯᠭ᠎ᠠ ᠡᠬᠦᠷᠭᠡᠯᠡᠬᠦ ᠠᠴᠠ | ᠭᠠᠳᠠᠨ᠎ᠠ᠂ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠢᠳᠡᠬᠡᠮᠵᠢ ᠶᠢᠨ | ᠳᠠᠩᠰᠠ ᠡᠪᠬᠡᠮᠡᠯ ᠳᠤ ᠲᠡᠮᠳᠡᠭᠯᠡᠬᠦ ᠶᠢᠨ ᠬᠠᠮᠲᠣ ᠲᠣᠰ ᠦᠢᠯᠡ ᠠᠵᠢᠯᠯᠠᠭ᠎ᠠ ᠨᠢ ᠢᠳᠡᠬᠡᠮᠵᠢ ᠶᠢᠨ ᠳᠠᠩᠰᠠ ᠡᠪᠭᠡᠮᠡᠯ ᠳᠤ | ᠳᠡᠮᠳᠡᠭᠯᠡᠭᠳᠡᠭᠰᠡᠨ ᠡᠳᠦᠷ ᠠᠴᠠ ᠲᠠᠪᠣᠨ ᠵᠢᠯ ᠤᠨ ᠲᠣᠲᠣᠷ᠎ᠠ ᠰᠢᠭᠤᠳ ᠬᠠᠷᠢᠭᠤᠴᠠᠯᠭᠠᠲᠠᠨ ᠤ ᠰᠢᠨᠵᠢᠯᠡᠬᠦ ᠣᠬᠠᠭᠠᠨ | ᠮᠡᠷᠭᠡᠵᠢᠯ ᠤᠨ ᠲᠦᠷᠦᠯ ᠵᠦᠢᠯ ᠪᠣᠶᠣ ᠰᠢᠨᠵᠢᠯᠡᠬᠦ ᠣᠬᠠᠭᠠᠨ ᠮᠡᠷᠭᠡᠵᠢᠯ ᠤᠨ ᠬᠦᠬᠢᠬᠦᠯᠦᠯ ᠱᠠᠩᠨᠠᠯ ᠤᠨ ᠲᠦᠷᠦᠯ ᠢ | ᠭᠤᠶᠣᠴᠢᠯᠠᠨ ᠮᠡᠳᠡᠬᠦᠯᠬᠦ ᠬᠢᠷᠢ ᠬᠡᠮ ᠢ ᠨᠢ ᠬᠦᠴᠦᠨ ᠦᠭᠡᠢ ᠪᠣᠯᠭᠠᠨ᠎ᠠ᠄ ︵ᠨᠢᠭᠡ︶ ᠰᠢᠨ᠎ᠡ ᠮᠡᠷᠭᠡᠵᠢᠯ᠂ ᠰᠢᠨ᠎ᠡ | ᠪᠦᠲᠦᠭᠡᠭᠳᠡᠬᠦᠨ᠂ ᠰᠢᠨ᠎ᠡ ᠣᠷᠠᠯᠠᠯ᠂ ᠰᠢᠨ᠎ᠡ ᠪᠠᠷᠢᠮᠵᠢᠶ᠎ᠠ ᠶᠢᠨ ᠰᠣᠳᠣᠯᠭᠠᠨ ᠨᠡᠭᠡᠭᠡᠯᠲᠡ᠂ ᠰᠢᠨᠵᠢᠯᠡᠬᠦ ᠣᠬᠠᠭᠠᠨ | ᠮᠡᠷᠭᠡᠵᠢᠯ ᠤᠨ ᠦᠷ᠎ᠡ ᠪᠦᠲᠦᠭᠡᠯ ᠢ ᠭᠤᠶᠣᠴᠢᠯᠠᠨ ᠮᠡᠳᠡᠬᠦᠯᠬᠦ᠂ ᠰᠢᠨᠵᠢᠯᠡᠬᠦ ᠣᠬᠠᠭᠠᠨ ᠮᠡᠷᠭᠡᠵᠢᠯ ᠤᠨ ᠬᠦᠬᠢᠬᠦᠯᠦᠯ ᠢ ᠬᠢᠨᠠᠨ | ᠲᠣᠭᠲᠠᠭᠠᠬᠤ ᠲᠣᠮᠲᠠ ᠮᠡᠭᠡᠯᠡᠯ ᠤᠨ ᠠᠷᠭ᠎ᠠ ᠬᠡᠮᠵᠢᠶ᠎ᠡ ᠪᠠᠷ ᠬᠠᠷᠠᠭᠠᠯᠵᠠᠯ ᠤᠨ ᠨᠦᠬᠦᠴᠡᠯ ᠣᠯᠭᠤᠮᠵᠢ ᠪᠣᠶᠣ ᠰᠢᠨᠵᠢᠯᠡᠬᠦ | ᠣᠬᠠᠭᠠᠨ ᠮᠡᠷᠭᠡᠵᠢᠯ ᠤᠨ ᠬᠦᠬᠢᠬᠦᠯᠦᠯ ᠢ ᠬᠦᠷᠲᠡᠭᠰᠡᠨ ᠪᠣᠶᠣ ᠪᠣᠰᠣᠳ ᠢ ᠬᠠᠪᠰᠣᠷᠣᠨ ᠬᠦᠷᠲᠡᠭᠰᠡᠨ︔ ︵ᠬᠤᠶᠠᠷ︶ | ᠬᠤᠯᠠᠭᠠᠶᠢᠯᠠᠬᠤ᠂ ᠦᠭᠡᠷᠡᠲᠦᠬᠦᠯᠬᠦ᠂ ᠬᠠᠭᠤᠷᠮᠠᠭᠯᠠᠬᠤ ᠪᠣᠶᠣ ᠪᠣᠰᠣᠳ ᠠᠷᠭ᠎ᠠ ᠪᠠᠷᠢᠯ ᠢᠶᠠᠷ ᠪᠣᠰᠣᠳ ᠬᠦᠮᠦᠨ ᠤ ᠲᠣᠰᠬᠠᠢ | ᠠᠰᠢᠭ ᠤᠨ ᠡᠷᠭᠡ᠂ ᠲᠠᠸᠠᠷ ᠤᠨ ᠲᠡᠮᠳᠡᠭ ᠤᠨ ᠡᠷᠭᠡ᠂ ᠵᠣᠬᠢᠶᠠᠯ ᠪᠦᠲᠦᠭᠡᠯ ᠤᠨ ᠡᠷᠭᠡ ᠵᠡᠷᠭᠡ ᠮᠡᠳᠡᠯᠭᠡ ᠶᠢᠨ | ᠪᠦᠲᠦᠭᠡᠭᠳᠡᠬᠦᠨ ᠤ ᠡᠷᠭᠡ ᠪᠠ ᠪᠣᠰᠣᠳ ᠰᠢᠨᠵᠢᠯᠡᠬᠦ ᠣᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠡᠷᠭᠡ ᠲᠠᠢ | ᠬᠠᠯᠳᠠᠭᠰᠠᠨ ᠪᠣᠶᠣ ᠰᠢᠨᠵᠢᠯᠡᠬᠦ ᠣᠬᠠᠭᠠᠨ ᠮᠡᠷᠭᠡᠵᠢᠯ ᠤᠨ ᠠᠵᠢᠯᠯᠠᠭᠠᠨ ᠲᠣᠮᠲᠠ ᠣᠪ ᠮᠡᠭᠡ ᠭᠠᠷᠭᠠᠭᠰᠠᠨ︔ ︵ᠭᠤᠷᠪᠠ︶ | ᠣᠯᠣᠰ ᠤᠨ ᠰᠢᠨᠵᠢᠯᠡᠬᠦ ᠣᠬᠠᠭᠠᠨ ᠮᠡᠷᠭᠡᠵᠢᠯ ᠤᠨ ᠨᠢᠭᠤᠴᠠ ᠶᠢ ᠵᠠᠳᠠᠷᠠᠭᠤᠯᠣᠭᠰᠠᠨ︔ ︵ᠳᠦᠷᠪᠡ︶ ᠲᠣᠭᠲᠠᠭᠠᠯ ᠠᠴᠠ | ᠵᠦᠷᠢᠴᠡᠵᠣ ᠰᠢᠨᠵᠢᠯᠡᠬᠦ ᠣᠬᠠᠭᠠᠨ ᠮᠡᠷᠭᠡᠵᠢᠯ ᠤᠨ ᠲᠦᠷᠦᠯ ᠵᠦᠢᠯ ᠤᠨ ᠪᠡᠯᠡ ᠮᠦᠩᠬᠦ ᠶᠢ ᠬᠡᠷᠡᠭᠯᠡᠭᠰᠡᠨ᠃ | ᠲᠠᠪᠢᠨ ᠵᠢᠷᠭᠤᠳᠤᠭᠠᠷ ᠵᠦᠢᠯ ᠲᠣᠰ ᠳᠦᠷᠢᠮ ᠤᠨ ᠲᠣᠭᠲᠠᠭᠠᠯ ᠠᠴᠠ ᠵᠦᠷᠢᠴᠡᠵᠣ᠂ ᠰᠢᠨᠵᠢᠯᠡᠬᠦ ᠣᠬᠠᠭᠠᠨ | ᠮᠡᠷᠭᠡᠵᠢᠯ ᠤᠨ ᠵᠠᠰᠠᠭ ᠵᠠᠬᠢᠷᠭᠠᠨ ᠵᠡᠷᠭᠡ ᠬᠤᠯᠪᠣᠭᠳᠠᠯ ᠪᠦᠬᠦᠢ ᠰᠠᠯᠠᠭ᠎ᠠ ᠮᠦᠴᠢᠷ ᠵᠢᠴᠢ ᠲᠡᠬᠦᠨ ᠤ ᠠᠵᠢᠯᠲᠠᠨ ᠡᠷᠭᠡ | ᠲᠣᠰᠢᠶᠠᠯ ᠢᠶᠠᠨ ᠲᠣᠷ᠎ᠠ ᠪᠠᠷ ᠢᠶᠠᠨ ᠬᠡᠷᠡᠭᠯᠡᠭᠰᠡᠨ᠂ ᠠᠯᠪᠠᠨ ᠲᠣᠰᠢᠶᠠᠯ ᠳᠠᠭᠠᠨ ᠠᠯᠮᠠᠶᠢᠷᠠᠨ ᠣᠰᠣᠯᠳᠣᠭᠰᠠᠨ᠂ ᠭᠤᠶᠤᠴᠢᠯᠠᠨ | ᠬᠠᠣᠯᠢ ᠶᠣᠰᠣ ᠶᠢ ᠵᠦᠷᠢᠴᠡᠭᠰᠡᠨ ᠪᠣᠯ᠂ ᠰᠢᠭᠤᠳ ᠬᠠᠷᠢᠭᠤᠴᠠᠬᠤ ᠭᠤᠣᠯᠯᠠᠨ ᠬᠠᠮᠢᠶᠠᠷᠣᠭᠴᠢ ᠪᠠ ᠪᠣᠰᠣᠳ ᠰᠢᠭᠤᠳ | ᠬᠠᠷᠢᠭᠤᠴᠠᠯᠭᠠᠲᠠᠨ ᠳᠤ ᠰᠢᠢᠳᠬᠡᠯ ᠣᠯᠭᠤᠨ᠎ᠠ︔ ᠶᠠᠯ᠎ᠠ ᠳᠤ ᠬᠦᠷᠦᠭᠰᠡᠨ ᠪᠣᠯ᠂ ᠬᠠᠣᠯᠢ ᠶᠣᠰᠣᠭᠠᠷ ᠡᠷᠡᠬᠦᠣ ᠶᠢᠨ | ᠬᠠᠷᠢᠭᠤᠴᠠᠯᠭ᠎ᠠ ᠨᠡᠬᠡᠮᠵᠢᠯᠡᠨ᠎ᠡ᠃ | ᠶᠢᠰᠦᠳᠦᠭᠡᠷ ᠪᠦᠯᠦᠭ ᠲᠠᠭᠠᠯᠳᠣᠭᠤᠯᠣᠭᠰᠠᠨ ᠲᠦᠷᠢᠮ | ᠲᠠᠪᠢᠨ ᠲᠤᠯᠤᠳᠤᠭᠠᠷ ᠵᠦᠢᠯ ᠲᠣᠰ ᠳᠦᠷᠢᠮ ᠢ 2014 ᠣᠨ ᠤ 7 ᠰᠠᠷ᠎ᠠ ᠶᠢᠨ 1 ᠤ ᠡᠳᠦᠷ ᠠᠴᠠ ᠡᠬᠢᠯᠡᠨ | ᠬᠡᠷᠡᠭᠵᠢᠬᠦᠯᠦᠨ᠎ᠡ᠃ |