| | | | 2014 ᠤᠨ ᠠᠴᠠ ᠡᠬᠢᠯᠡᠨ ᠬᠡᠷᠡᠭᠵᠢᠭᠦᠯᠦᠭᠳᠡᠭᠰᠡᠨ ᠰᠢᠨ᠎ᠠ ᠬᠠᠤᠯᠢ ᠲᠤᠭᠳᠠᠭᠠᠯ ᠤᠳ — | | | | | ᠪᠤᠬᠢᠷᠲᠤᠯ ᠤᠰᠤ ᠭᠠᠲᠠᠭᠰᠢᠯᠠᠭᠤᠯᠪᠠᠯ | 50 ᠲᠦᠮᠡᠨ ᠲᠦᠭᠦᠷᠢᠭ ᠢᠶᠠᠷ ᠲᠤᠷᠭᠠᠨ᠎ᠠ | | | | 1 ᠳ᠋ᠤᠭᠡᠷ ᠰᠠᠷ᠎ᠠ ᠶᠢᠨ 1 ᠠᠴᠠ ᠡᠬᠢᠯᠡᠨ ᠬᠡᠷᠡᠭᠵᠢᠭᠦᠯᠦᠭᠰᠡᠨ ︽ᠬᠤᠲᠠ ᠪᠠᠯᠭᠠᠰᠤᠨ ᠤ ᠤᠰᠤ ᠭᠠᠲᠠᠭᠰᠢᠯᠠᠭᠤᠯᠬᠤ | ᠪᠠ ᠪᠤᠬᠢᠷᠳᠤᠯ ᠤᠰᠤ ᠶᠢ ᠰᠢᠢᠳᠪᠦᠷᠢᠯᠡᠬᠦ ᠲᠦᠷᠢᠮ︾ ᠳᠤ ᠠᠵᠤ ᠦᠢᠯᠡᠳᠪᠦᠷᠢ᠂ ᠪᠠᠷᠢᠯᠭ᠎ᠠ᠂ ᠬᠤᠭᠤᠯᠠ ᠤᠮᠲᠠ᠂ ᠡᠮ | ᠡᠮᠨᠡᠯᠭᠡ ᠵᠡᠷᠭᠡ ᠲᠤᠬᠠᠢᠢᠯᠠᠭᠰᠠᠨ ᠠᠵᠢᠯ ᠬᠢᠵᠤ ᠪᠠᠶᠢᠭ᠎ᠠ ᠠᠵᠤ ᠠᠬᠤᠢᠢᠯᠠᠯ ᠠᠵᠢᠯ ᠦᠢᠯᠡᠰ ᠤᠨ ᠨᠢᠭᠡᠴᠢ ᠪᠠ ᠬᠤᠪᠢ ᠶᠢᠨ | ᠦᠢᠯᠡᠳᠪᠦᠷᠢ ᠬᠤᠲᠠᠯᠲᠤᠭᠠᠨ ᠤ ᠡᠷᠦᠭᠡ ᠪᠤᠬᠢᠷᠲᠤᠯ ᠤᠰᠤ ᠶᠢ ᠭᠠᠲᠠᠭᠰᠢᠯᠠᠭᠤᠯᠬᠤ ᠳᠤ ᠡᠷᠬᠡᠪᠰᠢ ᠵᠦᠪᠰᠢᠶᠡᠷᠡᠯ ᠤᠨ | ᠦᠨᠡᠮᠯᠡᠯ ᠢ ᠤᠯᠬᠤ ᠶᠢᠨ ᠬᠠᠮᠲᠤ ᠪᠤᠬᠢᠷᠲᠤᠯ ᠤᠰᠤ ᠶᠢ ᠤᠷᠢᠳᠴᠢᠯᠠᠨ ᠰᠢᠢᠳᠪᠦᠷᠢᠯᠡᠬᠦ ᠬᠡᠷᠡᠭᠲᠡᠢ᠃ ᠵᠦᠪᠰᠢᠶᠡᠷᠡᠯ ᠤᠨ | ᠦᠨᠡᠮᠯᠡᠯ ᠦᠭᠡᠢ ᠪᠠᠷ ᠪᠤᠬᠢᠷᠲᠤᠯ ᠤᠰᠤ ᠶᠢ ᠭᠠᠲᠠᠭᠰᠢᠯᠠᠭᠤᠯᠪᠠᠯ 50 ᠲᠦᠮᠡᠨ ᠲᠦᠬᠦᠷᠢᠭ ᠠᠴᠠ ᠲᠤᠷᠤᠭᠰᠢ ᠵᠤᠭᠤᠰ ᠢᠶᠠᠷ | ᠲᠤᠷᠭᠠᠵᠤ ᠪᠤᠯᠤᠨ᠎ᠠ ᠭᠡᠵᠡᠢ᠃ ᠡᠭᠦᠨ ᠤ ᠬᠠᠮᠲᠤ ᠲᠤᠰ ︽ᠲᠦᠷᠢᠮ︾ ᠳᠤ ᠪᠠᠰᠠ ᠲᠠᠬᠢᠨ ᠬᠡᠷᠡᠭᠯᠡᠬᠦ ᠤᠰᠤ ᠶᠢ ᠠᠰᠢᠭᠯᠠᠬᠤ | ᠲᠤᠬᠠᠢ ᠮᠦᠨ ᠲᠤᠲᠤᠷᠬᠠᠢ ᠲᠤᠭᠲᠠᠭᠠᠯ ᠭᠠᠷᠭᠠᠵᠤ᠂ ᠤᠯᠤᠰ ᠠᠴᠠ ᠪᠤᠬᠢᠷᠲᠤᠯ ᠤᠰᠤ ᠶᠢ ᠰᠢᠢᠳᠪᠦᠷᠢᠯᠡᠵᠤ ᠲᠠᠬᠢᠨ | ᠬᠡᠷᠡᠭᠯᠡᠭᠡᠨ ᠳᠤ ᠤᠷᠤᠭᠤᠯᠬᠤ ᠶᠢ ᠵᠤᠷᠢᠭᠵᠢᠭᠤᠯᠵᠤ᠂ ᠠᠵᠤ ᠦᠢᠯᠡᠳᠪᠦᠷᠢ ᠶᠢᠨ ᠦᠢᠯᠡᠳᠪᠦᠷᠢᠯᠡᠯ᠂ ᠬᠤᠲᠠ ᠶᠢᠨ | ᠨᠤᠭᠤᠭᠠᠷᠠᠭᠤᠯᠤᠯᠲᠠ᠂ ᠵᠠᠮ ᠱᠤᠭᠤᠮ ᠢ ᠴᠡᠪᠡᠷᠯᠡᠬᠦ᠂ ᠲᠡᠷᠭᠡ ᠮᠠᠰᠢᠨ ᠤᠬᠢᠶᠠᠬᠤ᠂ ᠪᠠᠷᠢᠯᠭ᠎ᠠ ᠪᠠᠷᠢᠬᠤ ᠵᠢᠴᠢ ᠠᠮᠢ | ᠠᠬᠤᠢ ᠶᠢᠨ ᠦᠵᠡᠮᠦᠷᠢ ᠵᠡᠷᠭᠡ ᠳᠤ ᠲᠠᠬᠢᠨ ᠬᠡᠷᠡᠭᠯᠡᠬᠦ ᠤᠰᠤ ᠶᠢ ᠤᠷᠢᠳᠴᠢᠯᠠᠨ | ᠬᠡᠷᠡᠭᠯᠡᠨ᠎ᠡ᠃ ᠡᠭᠦᠨ ᠠᠴᠠ ᠠᠰᠲᠠᠭᠠᠨ ᠤᠷᠤᠨ ᠨᠤᠲᠤᠭ ᠤᠨ ᠵᠠᠰᠠᠭ ᠤᠨ ᠤᠷᠲᠤᠨ ᠠᠴᠠ ᠲᠠᠬᠢᠨ ᠬᠡᠷᠡᠭᠯᠡᠬᠦ ᠤᠰᠤ ᠶᠢ | ᠠᠰᠢᠭᠯᠠᠬᠤ ᠵᠡᠷᠭᠡ ᠳᠤ ᠲᠤᠨᠤᠭ ᠲᠦᠬᠦᠭᠡᠷᠦᠮᠵᠢ ᠶᠢᠨ ᠪᠠᠶᠢᠭᠤᠯᠤᠯᠲᠠ ᠦᠭᠡᠷᠡᠴᠢᠯᠡᠯᠲᠡ ᠵᠠᠰᠠᠯᠲᠠ ᠶᠢ ᠨᠢᠭᠡᠲᠦᠯᠲᠡᠢ | ᠲᠦᠯᠦᠪᠵᠢᠭᠦᠯᠦᠨ᠎ᠡ ᠭᠡᠵᠡᠢ᠃ |