ᠮᠠᠯ ᠵᠢᠬᠦᠷᠲᠡᠨ ᠢ ᠬᠡᠪᠴᠢᠶᠡᠵᠢᠭᠦᠯᠦᠨ ᠲᠡᠵᠢᠭᠡᠬᠦ ᠪᠤᠬᠢᠷᠲᠤᠯ  ᠢ ᠰᠡᠷᠭᠡᠶᠢᠯᠡᠨ   ᠵᠠᠰᠠᠬᠤ   ᠲᠦᠷᠢᠮ
ᠵᠣᠬᠢᠶᠠᠭᠴᠢ᠄ 
2014 ᠤᠨ ᠠᠴᠠ ᠡᠬᠢᠯᠡᠨ ᠬᠡᠷᠡᠭᠵᠢᠭᠦᠯᠦᠭᠳᠡᠭᠰᠡᠨ ᠰᠢᠨ᠎ᠠ ᠬᠠᠤᠯᠢ ᠲᠤᠭᠳᠠᠭᠠᠯ  ᠤᠳ —                 ︽ᠮᠠᠯ ᠵᠢᠬᠦᠷᠲᠡᠨ ᠢ ᠬᠡᠪᠴᠢᠶᠡᠵᠢᠭᠦᠯᠦᠨ ᠲᠡᠵᠢᠭᠡᠬᠦ                 ᠪᠤᠬᠢᠷᠲᠤᠯ  ᠢ ᠰᠡᠷᠭᠡᠶᠢᠯᠡᠨ   ᠵᠠᠰᠠᠬᠤ   ᠲᠦᠷᠢᠮ︾         ᠲᠤᠰ ᠲᠦᠷᠢᠮ 1 ᠳ᠋ᠤᠭᠡᠷ ᠰᠠᠷ᠎ᠠ ᠶᠢᠨ 1 ᠠᠴᠠ ᠡᠬᠢᠯᠠᠨ ᠬᠡᠷᠡᠭᠵᠢᠭᠦᠯᠦᠭᠲᠡᠵᠤ᠂   ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠤᠷᠤᠨ᠂ ᠦᠵᠡᠮᠦᠷᠢ ᠶᠢᠨ ᠨᠡᠷᠡᠲᠦ ᠤᠷᠤᠨ︔   ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠤ ᠭᠤᠤᠯ ᠤᠷᠤᠨ ᠪᠠ ᠵᠠᠪᠰᠠᠷ ᠤᠨ ᠤᠷᠤᠨ︔ ᠬᠤᠲᠠ ᠪᠠᠯᠭᠠᠰᠤᠨ ᠤ   ᠰᠠᠭᠤᠭᠠᠯᠢ ᠠᠷᠠᠳ ᠤᠨ ᠲᠤᠭᠤᠷᠢᠭ᠂ ᠰᠤᠶᠤᠯ ᠰᠤᠷᠭᠠᠨ ᠬᠦᠮᠦᠵᠢᠯ ᠰᠢᠨᠵᠢᠯᠡᠬᠦ ᠤᠬᠠᠭᠠᠨ ᠰᠤᠲᠤᠯᠭᠠᠨ ᠤ ᠤᠷᠤᠨ ᠵᠡᠷᠭᠡ   ᠬᠦᠮᠦᠨ ᠠᠮᠠ ᠨᠢᠭᠲᠠᠷᠠᠭᠰᠠᠨ ᠤᠷᠤᠨ ᠲᠤᠭᠤᠷᠢᠭ ᠵᠢᠴᠢ ᠬᠠᠤᠯᠢ ᠴᠠᠭᠠᠵᠠ᠂ ᠬᠠᠤᠯᠢ ᠲᠤᠭᠲᠠᠭᠠᠯ ᠳᠤ ᠲᠤᠭᠲᠠᠭᠠᠭᠰᠠᠨ   ᠪᠤᠰᠤᠳ ᠲᠡᠵᠢᠭᠡᠬᠦ ᠶᠢ ᠬᠤᠷᠢᠭᠯᠠᠬᠤ ᠤᠷᠤᠨ ᠤ ᠲᠤᠲᠤᠷ ᠎ᠠ ᠮᠠᠯ ᠵᠢᠭᠦᠷᠲᠡᠨ ᠲᠡᠵᠢᠭᠡᠬᠦ ᠲᠠᠯᠠᠪᠠᠢ᠂ ᠲᠡᠵᠢᠭᠡᠬᠦ ᠲᠤᠭᠤᠷᠢᠭ   ᠪᠠᠶᠢᠭᠤᠯᠬᠤ ᠶᠢ ᠬᠤᠷᠢᠭᠯᠠᠨ᠎ᠠ᠃ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠤᠷᠤᠨ ᠳᠤ ᠮᠠᠯ   ᠵᠢᠭᠦᠷᠲᠡᠨ ᠲᠡᠵᠢᠭᠡᠬᠦ ᠲᠠᠯᠠᠪᠠᠢ᠂ ᠲᠡᠵᠢᠭᠡᠪᠦᠷᠢ ᠶᠢᠨ ᠲᠤᠭᠤᠷᠢᠭ ᠪᠠᠶᠢᠭᠤᠯᠪᠠᠯ 10 ᠲᠦᠮᠡᠨ ᠲᠦᠭᠦᠷᠢᠭ ᠠᠴᠠ ᠲᠡᠭᠡᠭᠰᠢ 50   ᠲᠦᠮᠡᠨ ᠲᠦᠭᠦᠷᠢᠭ ᠠᠴᠠ ᠲᠤᠷᠤᠭᠰᠢ ᠪᠠᠷ ᠲᠤᠷᠭᠠᠨ᠎ᠠ ᠭᠡᠵᠤ   ᠲᠤᠳᠤᠷᠬᠠᠶᠢᠯᠠᠵᠠᠢ᠃
 
ᠢᠷᠡᠯᠲᠡ᠄ ᠰᠤᠨᠢᠨ
ᠨᠠᠶᠢᠷᠠᠭᠤᠯᠤᠭᠴᠢ᠄ ᠭᠤᠸᠠᠨ ᠴᠠᠩ ᠰᠢ
ᠣᠷᠴᠢᠭᠤᠯᠤᠭᠴᠢ᠄
   
ᠬᠤᠯᠪᠣᠭᠳᠠᠯ ᠪᠦᠬᠦᠢ ᠠᠭᠤᠯᠭ᠎ᠠ ᠶᠢᠨ ᠭᠠᠷᠴᠠᠭ
 
2014-2016 © ᠬᠠᠷᠢᠯᠴᠠᠬᠤ ᠤᠲᠠᠰᠤ᠄ 0471-6280741 ᠢᠮᠧᠯ᠄ nmgbute@163.com
ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠤᠷᠢᠭᠯᠠᠨ᠎ᠠ᠃
︽ᠬᠡᠷᠡᠭᠯᠡᠭᠡᠨ ᠤ ᠮᠡᠷᠭᠡᠵᠢᠯ ᠤᠨ ᠮᠤᠩᠭᠤᠯ ᠰᠦᠯᠵᠢᠶᠡᠨ ᠤ ᠬᠥᠯᠭᠡ︾ ᠦᠮᠴᠢᠯᠡᠯ ᠲᠠᠢ︕