| | ᠭᠠᠵᠠᠷ ᠰᠢᠷᠦᠢ ᠶᠢᠨ ᠡᠳᠦᠷ ᠤᠨ ᠢᠷᠠᠯᠳᠠ | | | | | | ᠭᠠᠵᠠᠷ ᠰᠢᠷᠦᠢ ᠬᠡᠵᠤ ᠬᠦᠮᠦᠨ ᠲᠦᠷᠦᠯᠬᠢᠳᠠᠨ ᠤ ᠦᠢᠯᠡᠳᠪᠦᠷᠢᠯᠡᠯ ᠠᠮᠢᠳᠦᠷᠠᠯ ᠲᠤᠮᠳᠠ ᠤᠷᠤᠯᠠᠭᠤᠯᠵᠤ ᠪᠤᠯᠤᠰᠢ ᠦᠬᠡᠢ ᠪᠠᠶᠢᠭᠠᠯᠢ ᠶᠢᠨ | ᠡᠬᠢ ᠪᠠᠶᠠᠯᠢᠭ ᠮᠦᠨ᠃ 6 ᠰᠠᠷ᠎ᠠ ᠶᠢᠨ 25 ᠪᠤᠯ ᠪᠦᠬᠦ ᠤᠯᠤᠰ ᠤᠨ ᠭᠠᠵᠠᠷ ᠰᠢᠷᠦᠢ ᠶᠢᠨ | ᠡᠳᠤᠷ᠃ 1986 ᠤᠨ ᠤ 6 ᠰᠠᠷ᠎ᠠ ᠶᠢᠨ 25 ᠤ ᠡᠳᠦᠷ᠂ ᠵᠢᠷᠭᠤᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠬᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠷᠪᠠᠨ ᠵᠢᠷᠭᠤᠳᠤᠭᠠᠷ ᠤᠳᠠᠭ᠎ᠠ ᠶᠢᠨ ᠬᠤᠷᠠᠯ ᠢᠶᠠᠷ ᠪᠠᠳᠤᠯᠠᠬᠰᠠᠨ ᠮᠦᠷᠳᠡᠬᠡᠨ ᠮᠠᠨ ᠤ ᠤᠯᠤᠰ ᠤᠨ | ᠠᠩᠬᠠᠳᠠᠬᠴᠢ ᠲᠤᠰᠬᠠᠢᠢᠯᠠᠨ ᠭᠠᠵᠠᠷ ᠰᠢᠷᠦᠢ ᠶᠢᠨ ᠬᠠᠷᠢᠴᠠᠭ᠎ᠠ ᠳᠤ ᠲᠤᠬᠢᠷᠠᠭᠤᠯᠤᠯᠳᠠ ᠬᠢᠭᠰᠡᠨ ᠲᠤᠮᠤ ᠴᠢᠬᠤᠯᠠ ᠬᠠᠦᠯᠢ — ︽ᠪᠦᠬᠦᠳᠠ | ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠭᠠᠵᠠᠷ ᠰᠢᠷᠦᠢ ᠶᠢᠨ ᠬᠠᠮᠢᠶᠠᠷᠤᠯᠳᠠ ᠶᠢᠨ ᠬᠠᠦᠯᠢ︾ ᠶᠢ ᠨᠠᠶᠢᠳᠠᠯᠠᠪᠠ ᠃ ᠡᠨᠡ ᠡᠳᠦᠷ ᠢ | ᠲᠤᠷᠠᠰᠬᠠᠬᠤ ᠶᠢᠨ ᠲᠦᠯᠦᠬᠡ 1991 ᠤᠨ ᠤ 5 ᠰᠠᠷ᠎ᠠ ᠶᠢᠨ 24 ᠤ ᠡᠳᠦᠷ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠵᠢᠯ ᠪᠦᠷᠢ ᠶᠢᠨ 6 | ᠰᠠᠷ᠎ᠠ ᠶᠢᠨ 25 ᠤ ᠡᠳᠦᠷ ᠂ ᠲᠠᠷᠤᠢ ︽ᠭᠠᠵᠠᠷ ᠰᠢᠷᠦᠢ ᠶᠢᠨ ᠬᠠᠮᠢᠶᠠᠷᠤᠯᠳᠠ ᠶᠢᠨ ᠬᠠᠦᠯᠢ︾ ᠨᠡᠶᠢᠳᠡᠯᠡᠭᠳᠡᠭᠰᠡᠨ ᠡᠳᠦᠷ ᠢ ᠪᠦᠬᠦ ᠤᠯᠤᠰ ᠤᠨ ᠭᠠᠵᠠᠷ | ᠰᠢᠷᠦᠢ ᠶᠢᠨ ᠡᠳᠦᠷ ᠢᠶᠠᠷ ᠲᠤᠬᠳᠠᠭᠠᠵᠠᠢ᠃ ᠮᠠᠨ ᠤ ᠤᠯᠤᠰ ᠪᠤᠯ ᠲᠡᠯᠡᠬᠡᠢ ᠲᠡᠭᠡᠷ᠎ᠡ ᠠᠩᠬᠠᠳᠠᠬᠴᠢ ᠲᠤᠰᠬᠠᠢᠢᠯᠠᠨ ᠭᠠᠵᠠᠷ ᠰᠢᠷᠦᠢ ᠶᠢ ᠬᠠᠮᠠᠭᠠᠯᠠᠬᠤ ᠶᠢᠨ | ᠲᠦᠯᠦᠬᠡ ᠲᠤᠷᠠᠰᠬᠠᠯ ᠤᠨ ᠡᠳᠦᠷ ᠲᠤᠭᠳᠠᠭᠠᠬᠰᠠᠨ ᠤᠯᠤᠰ ᠪᠤᠯᠤᠨ᠎ᠠ᠃ | ᠮᠠᠨ ᠤ ᠤᠯᠤᠰ ᠪᠤᠯ ᠭᠠᠵᠠᠷ ᠰᠢᠷᠦᠢ ᠶᠢᠨ ᠡᠬᠢ ᠪᠠᠶᠠᠯᠢᠭ ᠢᠶᠠᠷ ᠲᠤᠳᠠᠮᠠᠭ ᠤᠯᠤᠰ᠃ ᠲᠤᠮᠳᠠᠳᠤ ᠤᠯᠤᠰ ᠤᠨ ᠲᠠᠷᠢᠶᠠᠯᠠᠩ ᠤᠨ | ᠠᠰᠠᠭᠤᠳᠠᠯ ᠨᠢ ᠡᠰᠡᠬᠦᠯ᠎ᠠ ᠠᠮᠤ ᠪᠤᠳᠠᠭᠠᠨ ᠤ ᠠᠰᠠᠭᠤᠳᠠᠯ ᠨᠢ ᠦᠨᠡᠨ ᠳᠡᠭᠡᠨ ᠭᠠᠵᠠᠷ ᠰᠢᠷᠦᠢ ᠶᠢᠨ ᠠᠰᠠᠭᠤᠳᠠᠯ ᠪᠤᠯᠤᠨ᠎ᠠ᠃ ᠮᠠᠨ ᠤ ᠤᠯᠤᠰ ᠤᠨ | ᠬᠦᠮᠦᠨ ᠲᠤᠮᠳᠠᠴᠢ ᠶᠢᠨ ᠲᠡᠭᠰᠢᠳᠭᠡᠭᠰᠡᠨ ᠠᠮᠤ ᠪᠤᠳᠠᠭᠠᠨ ᠤ ᠦᠢᠯᠡᠳᠪᠦᠷᠢᠯᠡᠯ ᠨᠢ ᠺᠠᠨᠠᠳᠠ ᠶᠢᠨ 1/5᠂ ᠬᠦᠮᠦᠨ ᠲᠤᠮᠳᠠᠴᠢ ᠶᠢᠨ ᠲᠡᠭᠰᠢᠳᠭᠡᠭᠰᠡᠨ | ᠬᠦᠪᠦᠩ ᠤᠨ ᠦᠢᠯᠡᠳᠪᠦᠷᠢᠯᠡᠯ ᠤᠨ ᠬᠡᠮᠵᠢᠶ᠎ᠠ ᠠᠮᠧᠷᠢᠺᠠ ᠶᠢᠨ 1/ 3︔ ᠬᠦᠮᠦᠨ ᠲᠤᠮᠳᠠᠴᠢ ᠶᠢᠨ ᠲᠡᠭᠰᠢᠳᠭᠡᠭᠰᠡᠨ ᠮᠢᠬᠠᠨ ᠤ ᠦᠢᠯᠡᠳᠪᠦᠷᠢᠯᠡᠯ | ᠺᠠᠨᠠᠳᠠ ᠶᠢᠨ 1/4᠃ ᠮᠠᠨ ᠤ ᠤᠯᠤᠰ ᠤᠨ ᠭᠠᠵᠠᠷ ᠰᠢᠷᠦᠢ ᠶᠢᠨ ᠡᠬᠢ ᠪᠠᠶᠠᠯᠢᠭ ᠤᠨ ᠤᠨᠴᠠᠯᠢᠭ ᠪᠤᠯ ︽ᠨᠢᠬᠡ ᠠᠷᠪᠢᠨ ᠭᠤᠷᠪᠠᠨ ᠴᠦᠬᠡᠨ︾᠂ | ᠲᠠᠷᠤᠢ᠂ ᠶᠡᠷᠦᠩᠬᠡᠢ ᠬᠡᠮᠵᠢᠶ᠎ᠠ ᠠᠷᠪᠢᠨ᠂ ᠬᠦᠮᠦᠨ ᠲᠤᠮᠳᠠᠴᠢ ᠶᠢᠨ ᠲᠡᠭᠰᠢᠳᠭᠡᠭᠰᠡᠨ ᠲᠠᠷᠢᠶᠠᠨ ᠭᠠᠵᠠᠷ ᠴᠦᠬᠡᠨ᠂ ᠶᠠᠰᠦ ᠴᠢᠨᠠᠷ ᠰᠠᠶᠢᠨ ᠲᠠᠷᠢᠶᠠᠨ | ᠭᠠᠵᠠᠷ ᠴᠦᠬᠡᠨ᠂ ᠨᠡᠬᠡᠬᠡᠨ ᠠᠰᠢᠬᠯᠠᠵᠤ ᠪᠤᠯᠬᠤ ᠪᠡᠯᠡᠳᠬᠡᠯ ᠡᠬᠢ ᠪᠠᠶᠠᠯᠢᠭ ᠴᠦᠬᠡᠨ᠃ ᠬᠡᠳᠦ᠋ᠢᠪᠡᠷ ᠮᠠᠨ ᠤ ᠤᠯᠤᠰ ᠤᠨ ᠤᠳᠤ ᠪᠠᠶᠢᠭ᠎ᠠ ᠭᠠᠵᠠᠷ | ᠰᠢᠷᠦᠢ ᠶᠢᠨ ᠲᠠᠯᠠᠪᠠᠢ ᠲᠡᠯᠡᠬᠡᠢ ᠶᠢᠨ ᠭᠤᠷᠪᠠᠳᠤᠭᠠᠷ ᠲᠤ ᠤᠷᠤᠬᠤ ᠪᠤᠯᠪᠠᠴᠤ ᠬᠦᠮᠦᠨ ᠲᠤᠮᠳᠠᠴᠢ ᠶᠢᠨ ᠲᠡᠭᠰᠢᠳᠭᠡᠭᠰᠡᠨ ᠬᠡᠮᠵᠢᠶ᠎ᠠ ᠰᠠᠶᠢ ᠲᠡᠯᠡᠬᠡᠢ ᠶᠢᠨ | ᠲᠡᠭᠰᠢᠳᠭᠡᠭᠰᠡᠨ ᠬᠡᠮᠵᠢᠶ᠎ᠠ ᠶᠢᠨ 1/3︔ ᠲᠠᠷᠢᠶᠠᠨ ᠭᠠᠵᠠᠷ ᠤᠨ ᠲᠡᠯᠡᠪᠡᠢ ᠲᠡᠯᠡᠬᠡᠢ ᠶᠢᠨ ᠬᠤᠶᠠᠳᠤᠭᠠᠷ ᠲᠤ ᠤᠷᠤᠬᠤ ᠪᠤᠯᠪᠠᠴᠤ ᠬᠦᠮᠦᠨ ᠲᠤᠮᠳᠠᠴᠢ ᠶᠢᠨ | ᠲᠡᠭᠰᠢᠳᠭᠡᠭᠰᠡᠨ ᠬᠡᠮᠵᠢᠶ᠎ᠠ ᠰᠠᠶᠢ ᠲᠡᠯᠡᠬᠡᠢ ᠶᠢᠨ 67 ᠳ᠋ᠤᠭᠠᠷ ᠲᠤ ᠤᠷᠤᠨ᠎ᠠ᠃ | ᠡᠨᠡ ᠵᠢᠯ ᠪᠤᠯ ᠪᠦᠬᠦ ᠤᠯᠤᠰ ᠤᠨ 25 ᠳ᠋ᠤᠭᠠᠷ ᠭᠠᠵᠠᠷ ᠰᠢᠷᠦᠢ ᠶᠢᠨ ᠡᠳᠦᠷ ᠪᠠᠶᠢᠵᠤ᠂ ᠭᠤᠤᠯ ᠰᠡᠳᠦᠪ ᠨᠢ᠂ ︽ᠭᠠᠵᠠᠷ ᠰᠢᠷᠦᠢ ᠶᠢ | ᠡᠷᠴᠢᠮᠵᠢᠬᠦᠯᠦᠨ ᠠᠷᠪᠢᠯᠠᠨ ᠬᠡᠷᠡᠭᠯᠡᠵᠤ ᠭᠠᠵᠠᠷ ᠰᠢᠷᠦᠢ ᠶᠢ ᠠᠰᠢᠬᠯᠡᠬᠤ ᠬᠡᠯᠪᠡᠷᠢ ᠶᠢ ᠦᠨᠳᠦᠰᠦᠨ ᠠᠴᠠ ᠨᠢ ᠬᠤᠪᠢᠷᠠᠭᠤᠯᠬᠤ ᠶᠢ ᠠᠬᠢᠭᠤᠯᠬᠤ︾ | ᠪᠤᠯᠤᠨ᠎ᠠ᠃ | ᠶᠠᠭᠤᠨ ᠳᠤ ᠡᠨᠡᠬᠦ ᠭᠤᠤᠯ ᠰᠡᠳᠦᠪ ᠢ ᠲᠤᠬᠳᠠᠭᠠᠬᠰᠠᠨ ᠪᠤᠢ ᠬᠡᠪᠡᠯ᠂ ᠤᠢᠢᠷ᠎ᠠ ᠶᠢᠨ ᠵᠢᠯ᠂ ᠮᠠᠨ ᠤ ᠤᠯᠤᠰ ᠤᠨ ᠠᠵᠤ ᠠᠬᠤᠢ ᠨᠡᠶᠢᠬᠡᠮ ᠤᠨ | ᠲᠦᠷᠬᠡᠨ ᠬᠦᠭᠵᠢᠯᠳᠠ ᠶᠢ ᠲᠠᠭᠠᠯᠳᠤᠨ ᠪᠦᠳᠦᠬᠡᠨ ᠪᠠᠶᠢᠭᠤᠯᠤᠯᠳᠠ ᠳᠤ ᠭᠡᠷᠡᠭᠯᠡᠭᠦ ᠭᠠᠵᠠᠷ ᠰᠢᠷᠦᠢ ᠶᠢᠨ ᠱᠠᠭᠠᠷᠳᠠᠯᠭ᠎ᠠ ᠪᠡ ᠲᠠᠷᠢᠶᠠᠨ ᠭᠠᠵᠠᠷ ᠢ | ᠬᠠᠮᠠᠭᠠᠯᠬᠤ ᠯᠤᠭ᠎ᠠ ᠶᠢᠨ ᠬᠤᠭᠤᠷᠤᠨᠳᠤᠬᠢ ᠵᠦᠷᠢᠴᠡᠯ ᠲᠦᠢᠯ ᠤᠨ ᠲᠤᠪᠤᠶᠢᠮ᠎ᠠ ᠪᠤᠯᠵᠤ᠂ ᠲᠠᠷᠢᠶᠠᠨ ᠭᠠᠵᠠᠷ ᠢ ᠬᠠᠮᠠᠭᠠᠯᠠᠬᠤ ᠲᠠᠷᠤᠭᠠᠰᠤ ᠤᠯᠠᠮ ᠢᠶᠠᠷ | ᠬᠦᠨᠳᠤᠷᠠᠵᠠᠢ᠃ ᠡᠬᠦᠨ ᠤ ᠬᠠᠮᠳᠤ᠂ ᠮᠠᠨ ᠤ ᠤᠯᠤᠰ ᠤᠨ ᠭᠠᠵᠠᠷ ᠰᠢᠷᠦᠢ ᠶᠢ ᠪᠦᠳᠦᠬᠦᠯᠢᠭ ᠢᠶᠠᠷ ᠬᠡᠷᠡᠭᠯᠡᠬᠦ ᠦᠵᠡᠭᠳᠡᠯ ᠨᠠᠯᠢᠶᠡᠳ ᠬᠦᠨᠳᠤ ᠨᠤᠴᠢᠳᠡᠢ | ᠪᠠᠶᠢᠵᠤ᠂ ᠭᠠᠵᠠᠷ ᠰᠢᠷᠦᠢ ᠶᠢ ᠡᠷᠴᠢᠮᠵᠢᠬᠦᠯᠦᠨ ᠠᠷᠪᠢᠯᠠᠨ ᠬᠡᠷᠡᠭᠯᠡᠬᠦ ᠶᠢ ᠬᠦᠨᠵᠡᠬᠡᠢ ᠦᠷᠨᠢᠬᠦᠯᠦᠨ᠂ ᠠᠵᠤ ᠠᠬᠤᠢ ᠶᠢᠨ ᠬᠦᠭᠵᠢᠯᠳᠠ ᠶᠢᠨ ᠠᠷᠭ᠎ᠠ | ᠬᠡᠯᠪᠡᠷᠢ ᠶᠢ ᠬᠤᠪᠢᠷᠠᠭᠤᠯᠬᠤ ᠪᠠ ᠠᠮᠢ ᠠᠬᠤᠢ ᠶᠢᠨ ᠪᠤᠯᠪᠠᠰᠤᠨ ᠤ ᠪᠦᠳᠦᠬᠡᠨ ᠪᠠᠶᠢᠭᠤᠯᠤᠯᠳᠠ ᠶᠢ ᠠᠬᠢᠭᠤᠯᠬᠤ ᠶᠢ ᠲᠤᠯᠭᠠᠮ᠎ᠠ ᠱᠠᠭᠠᠷᠳᠠᠵᠤ ᠪᠤᠢ᠃ | ᠭᠠᠵᠠᠷ ᠰᠢᠷᠦᠢ ᠶᠢ ᠡᠷᠴᠢᠮᠵᠢᠬᠦᠯᠦᠨ ᠠᠷᠪᠢᠯᠠᠨ ᠬᠡᠷᠡᠭᠯᠡᠬᠦ ᠪᠤᠯ ᠮᠠᠨ ᠤ ᠤᠯᠤᠰ ᠤᠨ ᠦᠨᠳᠦᠰᠦᠨ ᠪᠠᠶᠢᠳᠠᠯ ᠵᠢᠴᠢ ᠤᠳᠤᠬᠢᠴᠢᠯᠠᠯᠳᠠ ᠶᠢᠨ | ᠬᠦᠭᠵᠢᠯᠳᠠ ᠶᠢᠨ ᠵᠠᠶᠢᠯᠠᠰᠢ ᠦᠬᠡᠢ ᠰᠤᠩᠭᠤᠯᠳᠠ᠂ ᠭᠠᠵᠡᠷ ᠰᠢᠷᠦᠢ ᠶᠢᠨ ᠡᠬᠢ ᠪᠠᠶᠠᠯᠢᠭ ᠤᠨ ᠪᠤᠭᠤᠮᠢ ᠶᠢᠨ ᠬᠦᠯᠢᠶᠠᠰᠤᠯᠠᠯ ᠢ ᠡᠪᠳᠡᠵᠤ᠂ ᠪᠦᠬᠦ | ᠲᠠᠯ᠎ᠠ ᠪᠠᠷ ᠦᠷᠬᠦᠯᠵᠢᠯᠡᠨ ᠵᠤᠬᠢᠴᠠᠩᠭᠤᠢ ᠪᠠᠷ ᠬᠦᠭᠵᠢᠬᠦ ᠶᠢ ᠪᠡᠶᠡᠯᠡᠬᠦᠯᠬᠦ ᠶᠢᠨ ᠵᠠᠪᠠᠯ ᠶᠠᠪᠤᠬᠤ ᠵᠠᠮ ᠮᠦᠨ᠃ |