ᠬᠠᠯᠠᠭᠤᠨ ᠲᠤᠭᠤᠭ᠎ᠠ
ᠵᠣᠬᠢᠶᠠᠭᠴᠢ᠄ 
        ᠮᠠᠨ ᠤ ᠣᠷᠤᠨ ᠤ ᠵᠠᠷᠢᠮ ᠭᠠᠵᠠᠷ ᠲᠤ ᠬᠠᠯᠠᠭᠤᠨ ᠲᠣᠭᠤᠭ᠎ᠠ ᠲᠠᠯᠪᠢᠵᠤ ᠵᠣᠴᠢᠨ ᠳᠠᠶᠢᠯᠠᠳᠠᠭ᠃ ᠬᠤᠨᠢᠨ ᠮᠢᠬ᠎ᠠ ᠪᠣᠯ ᠬᠠᠯᠠᠭᠤᠨ ᠲᠣᠭᠤᠭᠠᠨ  ᠤ ᠭᠤᠣᠯ ᠮᠠᠲ᠋ᠧᠷᠢᠶᠠᠯ ᠪᠣᠯᠤᠨ᠎ᠠ᠃ ᠵᠢᠱᠢᠶᠡᠯᠡᠪᠡᠯ ᠲᠦᠩᠯᠢᠶᠦᠦ᠂ ᠤᠯᠠᠭᠠᠨᠬᠠᠳᠠ ᠵᠡᠷᠭᠡ ᠭᠠᠵᠠᠷ ᠲᠤ ᠬᠠᠯᠠᠭᠤᠨ ᠲᠣᠭᠤᠭ᠎ᠠ ᠲᠠᠯᠪᠢᠵᠤ ᠵᠣᠴᠢᠨ ᠳᠠᠶᠢᠯᠠᠬᠤ ᠳᠤ   ᠬᠤᠨᠢᠨ ᠤ ᠲᠣᠯᠤᠭᠠᠢ᠂ ᠰᠡᠭᠦᠯ᠂ ᠬᠠ᠂ ᠭᠤᠶ᠎ᠠ ᠶᠢᠨ ᠮᠢᠬ᠎ᠠ ᠶᠢ ᠠᠳᠠᠯᠢ ᠪᠤᠰᠤ ᠬᠡᠮᠵᠢᠶ᠎ᠡ ᠪᠠᠷ ᠬᠡᠷᠡᠭᠯᠡᠳᠡᠭ ᠶᠤᠮ᠃ ᠡᠳᠡᠭᠡᠷ ᠭᠠᠵᠠᠷ  ᠲᠤ ᠬᠠᠯᠠᠭᠤᠨ ᠲᠣᠭᠤᠭ᠎ᠠ ᠨᠢ ᠪᠦᠬᠦᠯᠢ ᠰᠢᠭᠦᠰᠦ ᠶᠢ ᠲᠦᠯᠦᠭᠡᠯᠡᠳᠡᠭ ᠪᠠᠶᠢᠨ᠎ᠠ᠃ ᠬᠠᠯᠠᠭᠤᠨ ᠲᠣᠭᠤᠭᠠᠨ ᠳᠤ ᠬᠤᠨᠢᠨ   ᠮᠢᠬᠠᠨ ᠠᠴᠠ ᠭᠠᠳᠠᠨ᠎ᠠ ᠡᠯ᠎ᠡ ᠵᠦᠢᠯ ᠤᠨ ᠦᠨᠡᠲᠦ ᠨᠣᠭᠤᠭ᠎ᠠ ᠴᠠᠭ᠎ᠠ ᠪᠠ ᠦᠨᠦᠷ ᠠᠮᠲᠠ ᠣᠷᠤᠭᠤᠯᠬᠤ ᠡᠳ᠋ ᠵᠡᠷᠭᠡ ᠶᠢ ᠬᠠᠪᠰᠤᠷᠭᠠᠨ ᠬᠡᠷᠡᠭᠯᠡᠨ᠎ᠡ᠃         ᠬᠠᠯᠠᠭᠤᠨ ᠲᠣᠭᠤᠭ᠎ᠠ ᠲᠠᠯᠪᠢᠬᠤ ᠳᠤ ᠵᠣᠴᠢᠯᠠᠭᠴᠢ ᠬᠠᠯᠠᠭᠤᠨ ᠲᠣᠭᠤᠭᠠᠨ ᠤ   ᠵᠤᠤᠬᠠᠨ ᠤ ᠠᠮᠰᠠᠷ ᠢ ᠭᠤᠣᠯ ᠵᠣᠴᠢᠨ ᠤ ᠦᠭᠡᠳᠡ ᠬᠠᠨᠳᠤᠭᠤᠯᠵᠤ ᠲᠠᠯᠪᠢᠬᠤ ᠳᠤ᠂ ᠭᠤᠣᠯ ᠵᠣᠴᠢᠨ ᠢ ᠬᠦᠯᠢᠶᠡᠨ ᠠᠪᠤᠭᠠᠳ ᠵᠦᠪ ᠢᠶᠠᠷ ᠡᠷᠭᠢᠭᠦᠯᠵᠦ ᠵᠤᠤᠬᠠᠨ ᠤ ᠠᠮᠰᠠᠷ ᠢ ᠭᠠᠳᠠᠭᠰᠢ ᠪᠠᠨ ᠬᠠᠨᠳᠤᠭᠤᠯᠵᠤ ᠲᠠᠯᠪᠢᠳᠠᠭ᠃ ᠲᠡᠭᠡᠭᠰᠡᠨ ᠤ ᠳᠠᠷᠠᠭ᠎ᠠ   ᠵᠤᠴᠢᠯᠠᠭᠴᠢ ᠠᠴᠠ ︽ᠬᠠᠯᠠᠭᠤᠨ ᠲᠣᠭᠤᠭᠠᠨ ᠠᠴᠠ ᠵᠣᠭᠤᠭᠯᠠᠭᠠᠷᠠᠢ︾ ᠭᠡᠵᠦ ᠬᠠᠯᠠᠭᠤᠨ ᠲᠣᠭᠤᠭ᠎ᠠ ᠲᠠᠯᠪᠢᠬᠤ ᠶᠣᠰᠤ ᠪᠠᠨ ᠭᠦᠢᠴᠡᠳᠭᠡᠪᠡᠯ ᠰᠠᠶ᠋ᠢ ᠭᠤᠣᠯ ᠵᠣᠴᠢᠨ ᠠᠴᠠ ᠡᠬᠢᠯᠡᠨ ᠰᠠᠪᠬ᠎ᠠ ᠬᠦᠳᠡᠯᠭᠡᠵᠦ ᠢᠳᠡᠳᠡᠭ᠃
 
ᠢᠷᠡᠯᠲᠡ᠄ ᠲᠤᠰ ᠰᠦᠯᠵᠢᠶ᠎ᠠ
ᠨᠠᠶᠢᠷᠠᠭᠤᠯᠤᠭᠴᠢ᠄ ᠭᠤᠸᠠᠨ ᠴᠠᠩ ᠰᠢ
ᠣᠷᠴᠢᠭᠤᠯᠤᠭᠴᠢ᠄
   
ᠬᠤᠯᠪᠣᠭᠳᠠᠯ ᠪᠦᠬᠦᠢ ᠠᠭᠤᠯᠭ᠎ᠠ ᠶᠢᠨ ᠭᠠᠷᠴᠠᠭ
 
2014-2016 © ᠬᠠᠷᠢᠯᠴᠠᠬᠤ ᠤᠲᠠᠰᠤ᠄ 0471-6280741 ᠢᠮᠧᠯ᠄ nmgbute@163.com
ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠤᠷᠢᠭᠯᠠᠨ᠎ᠠ᠃
︽ᠬᠡᠷᠡᠭᠯᠡᠭᠡᠨ ᠤ ᠮᠡᠷᠭᠡᠵᠢᠯ ᠤᠨ ᠮᠤᠩᠭᠤᠯ ᠰᠦᠯᠵᠢᠶᠡᠨ ᠤ ᠬᠥᠯᠭᠡ︾ ᠦᠮᠴᠢᠯᠡᠯ ᠲᠠᠢ︕