ᠮᠤᠩᠭᠤᠯ ᠦᠭᠡ ᠭᠡᠯᠡ ᠦᠰᠦᠭ ᠪᠢᠴᠢᠭ ᠤᠨ ᠮᠡᠳᠡᠭᠡ ᠵᠠᠩᠬᠢᠵᠢᠯᠳᠠ ᠶᠢᠨ ᠪᠦᠳᠦᠬᠡᠨ | ᠪᠠᠶᠢᠭᠤᠯᠤᠯᠳᠠ ᠶᠢᠨ ᠲᠦᠪᠰᠢᠨ ᠢ ᠪᠦᠬᠦ ᠲᠠᠯ᠎ᠠ ᠪᠠᠷ ᠲᠡᠭᠡᠭᠰᠢᠯᠡᠬᠦᠯᠦᠶ᠎ᠡ | | ᠦᠪᠡᠷᠳᠡᠬᠡᠨ ᠵᠠᠰᠠᠬᠤ ᠤᠷᠤᠨ ᠤ ᠲᠡᠷᠢᠬᠦᠯᠡᠭᠴᠢ ᠪᠠᠭᠠᠳᠤᠷ | ︵2016 ᠤᠨ ᠤ 3 ᠳ᠋ᠤᠭᠠᠷ ᠰᠠᠷ᠎ᠠ ᠶᠢᠨ 24 ᠤ ᠡᠳᠦᠷ︶ | | | | | | | ᠮᠣᠩᠭᠤᠯ ᠦᠭᠡ ᠬᠡᠯᠡ ᠦᠰᠦᠭ ᠪᠢᠴᠢᠭ ᠤᠨ ᠮᠡᠳᠡᠭᠡ ᠵᠠᠩᠭᠢᠵᠢᠯᠲᠠ ᠪᠣᠯ ᠮᠠᠨ ᠤ ᠣᠯᠣᠰ ᠤᠨ ᠦᠨᠳᠦᠰᠦᠲᠡᠨ ᠤ | ᠠᠵᠢᠯ ᠪᠣᠯᠣᠨ ᠮᠣᠩᠭᠤᠯ ᠬᠡᠯᠡ ᠪᠢᠴᠢᠭ ᠤᠨ ᠠᠵᠢᠯ ᠤᠨ ᠴᠢᠬᠤᠯᠠ ᠪᠦᠷᠢᠯᠳᠦᠬᠦᠨ ᠬᠡᠰᠡᠭ ᠮᠦᠨ᠂ ᠪᠠᠰᠠ ᠴᠦ ᠮᠡᠳᠡᠭᠡ | ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠠᠭᠤᠯᠭ᠎ᠠ ᠪᠣᠯᠣᠨ᠎ᠠ᠃ ᠰᠢᠨ᠎ᠡ ᠪᠠᠶᠢᠳᠠᠯ ᠳᠣᠣᠷᠠᠬᠢ | ᠮᠣᠩᠭᠤᠯ ᠦᠭᠡ ᠬᠡᠯᠡ ᠦᠰᠦᠭ ᠪᠢᠴᠢᠭ ᠤᠨ ᠮᠡᠳᠡᠭᠡ ᠵᠠᠩᠭᠢᠵᠢᠯᠲᠠ ᠶᠢᠨ ᠠᠵᠢᠯ ᠢ ᠰᠠᠶᠢᠲᠤᠷ ᠬᠢᠬᠦ ᠨᠢ ᠦᠨᠳᠦᠰᠦᠲᠡᠨ ᠤ | ᠲᠤᠬᠠᠢ ᠨᠠᠮ ᠤᠨ ᠲᠥᠷᠦ ᠶᠢᠨ ᠪᠣᠳᠣᠯᠭ᠎ᠠ ᠶᠢ ᠪᠥᠬᠦ ᠲᠠᠯ᠎ᠠ ᠪᠠᠷ ᠲᠤᠤᠱᠯᠠᠭᠤᠯᠬᠤ᠂ ᠦᠨᠳᠦᠰᠦᠲᠡᠨ ᠤ ᠪᠥᠯᠬᠦᠮᠳᠡᠯ ᠢ | ᠴᠢᠩᠭᠠᠳᠬᠠᠬᠤ᠂ ᠦᠨᠳᠦᠰᠦᠲᠡᠨ ᠤ ᠰᠣᠶᠣᠯ ᠢ ᠪᠠᠳᠠᠷᠠᠭᠤᠯᠬᠤ᠂ ᠭᠠᠳᠠᠭᠠᠳᠤ ᠯᠤᠭ᠎ᠠ ᠶᠢᠨ ᠰᠣᠶᠣᠯ ᠤᠨ ᠰᠣᠯᠢᠯᠴᠠᠭ᠎ᠠ | ᠪᠣᠯᠣᠨ ᠨᠥᠯᠦᠭᠡ ᠶᠢ ᠴᠢᠩᠭᠠᠳᠬᠠᠬᠤ ᠳᠤ ᠴᠦᠮ ᠴᠢᠬᠤᠯᠠ ᠦᠢᠯᠡᠳᠦᠯ ᠲᠠᠢ ᠶᠤᠮ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠡ᠂ ᠵᠠᠰᠠᠭ ᠤᠨ ᠣᠷᠳᠣᠨ ᠠᠴᠠ | ᠮᠣᠩᠭᠤᠯ ᠦᠭᠡ ᠬᠡᠯᠡ ᠦᠰᠦᠭ ᠪᠢᠴᠢᠭ ᠤᠨ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠮᠣᠩᠭᠤᠯ ᠦᠭᠡ ᠬᠡᠯᠡ ᠦᠰᠦᠭ ᠪᠢᠴᠢᠭ ᠤᠨ ᠮᠡᠳᠡᠭᠡ | ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠲᠥᠷᠭᠡᠳᠬᠡᠨ ᠠᠬᠢᠭᠤᠯᠬᠤ ᠰᠠᠨᠠᠯ ᠪᠣᠯᠣᠨ ᠲᠤᠮᠳᠠ ᠪᠠ ᠤᠷᠲᠤ | ᠬᠤᠭᠤᠴᠠᠭᠠᠨ ᠤ ᠲᠥᠯᠥᠪᠵᠢᠭᠦᠯᠭᠡ ︵2014 — 2020︶ ᠶᠢ ᠲᠣᠭᠲᠠᠭᠠᠨ ᠨᠡᠶᠢᠲᠡᠯᠡᠵᠦ᠂ ᠲᠥᠷᠦ ᠶᠢᠨ | ᠪᠣᠳᠣᠯᠭ᠎ᠠ᠂ ᠲᠥᠷᠥᠯ ᠵᠦᠢᠯ᠂ ᠪᠡᠯᠡ ᠮᠥᠡᠭᠭᠦ ᠵᠡᠷᠭᠡ ᠲᠠᠯ᠎ᠠ ᠪᠠᠷ ᠮᠣᠩᠭᠤᠯ ᠦᠭᠡ ᠬᠡᠯᠡ ᠦᠰᠦᠭ ᠪᠢᠴᠢᠭ ᠤᠨ ᠮᠡᠳᠡᠭᠡ | ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠬᠦᠴᠦᠲᠡᠢ ᠳᠡᠮᠵᠢᠪᠡ᠃ ᠣᠶᠢᠷ᠎ᠠ ᠶᠢᠨ ᠬᠤᠶᠠᠷ ᠵᠢᠯ ᠳᠤ᠂ ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠣᠷᠳᠣᠨ ᠠᠴᠠ 3.6 ᠳ᠋ᠥ᠋ᠩᠰᠢᠭᠤᠷ ᠲᠥᠭᠦᠷᠢᠭ ᠤᠨ ᠪᠡᠯᠡ ᠮᠥᠡᠭᠭᠦ ᠣᠷᠣᠭᠤᠯᠵᠤ᠂ | ᠮᠣᠩᠭᠤᠯ ᠦᠰᠦᠭ ᠪᠢᠴᠢᠭ ᠤᠨ ᠮᠡᠳᠡᠭᠡ ᠵᠠᠩᠭᠢᠵᠢᠯᠲᠠ ᠶᠢᠨ ᠲᠤᠰᠬᠠᠢ ᠵᠦᠢᠯ ᠤᠨ ᠳᠡᠳᠬᠦᠬᠦ ᠲᠥᠷᠥᠯ ᠵᠦᠢᠯ ᠳᠤ | ᠬᠡᠷᠡᠭᠯᠡᠨ᠂ ᠲᠥᠯᠥᠪᠵᠢᠭᠦᠯᠭᠡ ᠪᠠᠷ ᠬᠥᠲᠥᠯᠥᠨ ᠵᠢᠯᠤᠭᠤᠳᠤᠭᠰᠠᠨ᠂ ᠲᠥᠷᠥᠯ ᠵᠦᠢᠯ ᠢᠶᠠᠷ ᠳᠠᠶᠢᠴᠢᠯᠠᠭᠰᠠᠨ ᠂ ᠰᠠᠯᠠᠭ᠎ᠠ | ᠮᠥᠴᠢᠷ ᠤᠳ ᠬᠠᠮᠵᠢᠯᠴᠠᠭᠰᠠᠨ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠣᠷᠣᠯᠴᠠᠭᠰᠠᠨ᠂ ᠰᠡᠳᠬᠢᠯ ᠨᠢᠭᠡᠳᠦᠨ | ᠬᠦᠴᠦ ᠬᠠᠮᠲᠤᠳᠬᠠᠨ ᠮᠣᠩᠭᠤᠯ ᠦᠭᠡ ᠬᠡᠯᠡ ᠦᠰᠦᠭ ᠪᠢᠴᠢᠭ ᠤᠨ ᠮᠡᠳᠡᠭᠡ ᠵᠠᠩᠭᠢᠵᠢᠯᠲᠠ ᠶᠢᠨ ᠪᠦᠲᠦᠭᠡᠨ | ᠪᠠᠶᠢᠭᠤᠯᠤᠯᠲᠠ ᠶᠢ ᠠᠬᠢᠭᠤᠯᠤᠭᠰᠠᠨ ᠰᠠᠶᠢᠨ ᠪᠠᠶᠢᠳᠠᠯ ᠢ ᠪᠣᠢ ᠪᠣᠯᠭᠠᠵᠤ᠂ ᠰᠠᠶᠢᠨ ᠠᠮᠵᠢᠯᠲᠠ ᠪᠦᠲᠦᠮᠵᠢ ᠣᠯᠣᠭᠰᠠᠨ | ᠪᠠᠶᠢᠨ᠎ᠠ᠃ ᠨᠢᠭᠡ ᠳᠤ ᠰᠠᠭᠤᠷᠢ ᠰᠤᠳᠤᠯᠭᠠᠨ ᠤ ᠲᠠᠯ᠎ᠠ ᠪᠠᠷ᠂ ᠲᠤᠰᠬᠠᠢ ᠵᠦᠢᠯ ᠢᠶᠠᠷ ᠶᠡᠭᠡ ᠳᠡᠭᠡᠳᠦ ᠰᠤᠷᠭᠠᠭᠤᠯᠢ ᠶᠢᠨ | ᠰᠢᠨᠵᠢᠯᠡᠭᠦ ᠤᠬᠠᠭᠠᠨ ᠤ ᠰᠤᠳᠤᠯᠤᠯ ᠤᠨ ᠪᠠᠶᠢᠭᠤᠯᠤᠮᠵᠢ ᠶᠢ ᠳᠡᠮᠵᠢᠵᠦ ᠪᠠᠶᠢᠭᠠᠳ ᠰᠠᠭᠤᠷᠢ ᠴᠢᠨᠠᠷᠲᠠᠢ᠂ ᠣᠷᠢᠳᠠᠴᠢ | ᠴᠢᠨᠠᠷᠲᠠᠢ ᠰᠤᠳᠤᠯᠭ᠎ᠠ ᠥᠷᠨᠢᠭᠦᠯᠵᠦ᠂ ᠡᠷᠳᠡᠮ ᠰᠢᠨᠵᠢᠯᠡᠭᠡᠨ ᠤ ᠰᠣᠳᠣᠯᠭ᠎ᠠ ᠪᠣᠯᠣᠨ ᠰᠣᠯᠢᠯᠴᠠᠭ᠎ᠠ ᠬᠠᠮᠲᠤᠷᠠᠯᠴᠠᠭ᠎ᠠ ᠶᠢ | ᠠᠬᠢᠭᠤᠯᠤᠨ᠂ ᠣᠨᠣᠯ ᠤᠨ ᠰᠠᠭᠤᠷᠢ ᠰᠣᠳᠣᠯᠭᠠᠨ ᠤ ᠲᠦᠪᠰᠢᠨ ᠢ ᠳᠡᠭᠡᠭᠰᠢᠯᠡᠭᠦᠯᠵᠦ᠂ ᠴᠢᠳᠠᠪᠤᠷᠢᠳᠠᠨ ᠢ ᠬᠥᠮᠦᠵᠢᠭᠦᠯᠦᠨ᠂ | ᠬᠡᠷᠡᠭᠯᠡᠭᠡᠨ ᠤ ᠮᠡᠷᠭᠡᠵᠢᠯ ᠢ ᠨᠡᠬᠡᠬᠡᠨ ᠠᠰᠢᠬᠯᠠᠬᠤ ᠳᠤ ᠴᠢᠳᠠᠪᠤᠷᠢᠲᠠᠨ ᠪᠣᠯᠣᠨ ᠤᠶᠤᠨ ᠤ ᠳᠡᠮᠵᠢᠯᠭᠡ ᠬᠠᠨᠭ᠍ᠭᠠᠪᠠ᠃ | ᠬᠤᠶᠠᠷ ᠲᠤ ᠪᠠᠷᠢᠮᠵᠢᠶᠠᠵᠢᠭᠤᠯᠤᠭᠰᠠᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠠᠵᠤ ᠠᠬᠤᠶᠢᠯᠠᠯ ᠤᠳ ᠢ ᠲᠡᠮᠵᠢᠵᠦ | ᠪᠠᠶᠢᠭᠠᠳ ᠮᠣᠩᠭᠤᠯ ᠦᠰᠣᠭ᠌ ᠪᠢᠴᠢᠭ ᠤᠨ ᠮᠡᠳᠡᠭᠡ ᠵᠠᠩᠭᠢᠵᠢᠯᠲᠠ ᠶᠢᠨ ᠮᠡᠷᠭᠡᠵᠢᠯ ᠤᠨ ᠳᠠᠯ᠎ᠠ ᠳᠠᠬᠢ ᠤᠯᠤᠰ ᠤᠨ | ᠪᠠᠷᠢᠮᠵᠢᠶ᠎ᠠ ᠶᠢᠨ ᠰᠢᠰᠲ᠋ᠧᠮ ᠢ ᠳᠡᠯᠭᠡᠷᠡᠭᠦᠯᠬᠦ ᠪᠠᠷ ᠦᠨᠳᠦᠰᠦᠨ ᠱᠠᠭᠠᠷᠳᠠᠯᠭ᠎ᠠ ᠪᠣᠯᠭᠠᠭᠰᠠᠨ᠂ ᠵᠠᠩᠭᠢᠯᠠᠭ᠎ᠠ ᠶᠢᠨ ᠨᠡᠶᠢᠲᠡᠯᠢᠭ | ᠴᠢᠨᠠᠷ ᠲᠠᠢ ᠮᠡᠷᠭᠡᠵᠢᠯ ᠢ ᠰᠣᠳᠣᠯᠣᠨ ᠨᠡᠬᠡᠬᠡᠬᠦ ᠬᠢᠭᠡᠳ ᠠᠵᠤ ᠦᠢᠯᠡᠰᠵᠢᠭᠰᠡᠨ ᠬᠡᠷᠡᠭᠯᠡᠭᠡᠨ ᠤ ᠵᠢᠱᠢᠶ᠎ᠡ ᠦᠵᠡᠭᠦᠯᠬᠦ ᠪᠠᠷ | ᠭᠤᠣᠯᠳᠠᠯᠭ᠎ᠠ ᠪᠣᠯᠭᠠᠭᠰᠠᠨ ᠰᠣᠳᠣᠯᠣᠨ ᠨᠡᠬᠡᠬᠡᠬᠦ ᠲᠥᠷᠥᠯ ᠵᠦᠢᠯ ᠢ ᠶᠠᠪᠤᠭᠳᠠᠭᠤᠯᠵᠤ᠂ ᠮᠣᠩᠭᠤᠯ ᠦᠭᠡ ᠬᠡᠯᠡ ᠦᠰᠦᠭ | ᠪᠢᠴᠢᠭ ᠤᠨ ᠨᠢᠭᠡ ᠪᠥᠯᠥᠭ ᠮᠡᠳᠡᠭᠡ ᠵᠠᠩᠭᠢ ᠰᠢᠢᠳᠪᠦᠷᠢᠯᠡᠬᠦ ᠭᠤᠣᠯᠯᠠᠬᠤ ᠮᠡᠷᠭᠡᠵᠢᠯ ᠳᠤ ᠰᠢᠪᠳᠣᠯᠣᠯᠳᠠ ᠭᠠᠷᠭᠠᠵᠣ᠂ | 157 ᠵᠦᠢᠯ ᠤᠨ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠪᠥᠲᠦᠭᠡᠭᠳᠡᠭᠦᠨ ᠤ ᠦᠮᠴᠢᠯᠡᠭᠦ ᠡᠷᠬᠡ ᠶᠢ ᠣᠯᠵᠣ᠂ ᠮᠡᠷᠭᠡᠵᠢᠯ | ᠪᠣᠯᠣᠨ ᠦᠢᠯᠡᠳᠬᠦᠨ ᠤ ᠬᠡᠷᠡᠭᠯᠡᠭᠴᠢᠳ ᠨᠢ 40 ᠭᠠᠷᠤᠢ ᠣᠯᠣᠰ ᠪᠣᠯᠣᠨ ᠭᠠᠵᠠᠷ ᠣᠷᠣᠨ ᠳᠤ ᠲᠠᠷᠬᠠᠵᠤ᠂ ᠮᠡᠷᠭᠡᠵᠢᠯ ᠤᠨ | ᠠᠵᠤ ᠦᠢᠯᠡᠰᠵᠢᠬᠦ ᠂ ᠵᠠᠬ᠎ᠠ ᠳᠡᠯᠭᠡᠭᠦᠷᠴᠢᠯᠡᠬᠦ ᠠᠯᠬᠤᠴᠠ ᠶᠢ ᠠᠬᠢᠭᠤᠯᠵᠤ᠂ ᠮᠣᠩᠭᠤᠯ ᠦᠭᠡ ᠬᠡᠯᠡ ᠦᠰᠦᠭ ᠪᠢᠴᠢᠭ ᠤᠨ | ᠣᠨᠴᠠᠯᠢᠭ ᠪᠥᠬᠦᠢ ᠰᠢᠨ᠎ᠡ ᠬᠡᠯᠪᠡᠷᠢ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠦᠢᠯᠡᠰ ᠤᠨ ᠬᠥᠭᠵᠢᠯᠲᠡ ᠶᠢ ᠪᠣᠢ | ᠪᠣᠯᠭᠠᠬᠤ ᠳᠤ ᠴᠢᠬᠤᠯᠠ ᠦᠢᠯᠡᠳᠦᠯ ᠦᠵᠡᠭᠦᠯᠦᠭᠰᠡᠨ ᠪᠠᠶᠢᠨ᠎ᠠ᠃ ᠭᠤᠷᠪᠠ ᠳᠤ ᠡᠬᠢ ᠪᠠᠶᠠᠯᠢᠭ ᠢ ᠨᠡᠬᠡᠬᠡᠨ ᠠᠰᠢᠬᠯᠠᠬᠤ | ᠲᠠᠯ᠎ᠠ ᠪᠠᠷ᠂ ᠮᠡᠳᠡᠭᠡ ᠵᠠᠩᠭᠢᠴᠢᠯᠠᠬᠰᠠᠨ᠂ ᠲᠣᠭᠠᠴᠢᠯᠠᠭᠰᠠᠨ ᠠᠷᠭ᠎ᠠ ᠪᠠᠷᠢᠯ ᠢ ᠭᠦᠢᠴᠡᠳ ᠠᠰᠢᠬᠯᠠᠵᠤ᠂ ᠮᠣᠩᠭᠤᠯ ᠦᠭᠡ | ᠬᠡᠯᠡ ᠦᠰᠦᠭ ᠪᠢᠴᠢᠭ ᠢᠶᠠᠷ ᠠᠴᠢᠶᠠᠯᠠᠪᠤᠷᠢ ᠪᠣᠯᠭᠠᠭᠰᠠᠨ ᠦᠨᠳᠦᠰᠦᠲᠡᠨ ᠤ ᠰᠤᠷᠭᠠᠨ ᠬᠥᠮᠦᠵᠢᠯ᠂ ᠰᠣᠶᠣᠯ᠂ ᠰᠢᠨᠵᠢᠯᠡᠬᠦ | ᠤᠬᠠᠭᠠᠨ ᠮᠡᠷᠭᠡᠵᠢᠯ ᠵᠡᠷᠭᠡ ᠡᠬᠢ ᠪᠠᠶᠠᠯᠢᠭ ᠤᠨ ᠬᠥᠮᠥᠷᠭᠡ ᠶᠢᠨ ᠲᠥᠷᠥᠯ ᠵᠦᠢᠯ ᠢ ᠨᠡᠬᠡᠬᠡᠵᠤ ᠪᠥᠲᠦᠭᠡᠨ ᠪᠠᠶᠢᠭᠤᠯᠪᠠ᠃ ︽ | ᠶᠤᠸᠠᠨ ᠤ ᠲᠡᠦᠬᠡ︾ ᠶᠢᠨ ᠮᠣᠩᠭᠤᠯ ᠣᠷᠴᠢᠭᠤᠯᠭ᠎ᠠ ᠶᠢᠨ ᠬᠡᠪᠯᠡᠬᠦ ᠠᠵᠢᠯ ᠢ ᠡᠬᠢᠯᠡᠭᠦᠯᠵᠦ᠂ ︽ ᠬᠢᠲᠠᠳ ᠮᠣᠩᠭᠤᠯ ᠠᠩᠭ᠍ᠯᠢ | ᠶᠠᠫᠦᠨ ᠬᠡᠯᠡᠨ ᠤ ᠦᠭᠡᠰ ᠤᠨ ᠲᠣᠮᠣ ᠲᠣᠯᠢ︾ ᠶᠢᠨ 33.8 ᠲᠥᠮᠡᠨ ᠦᠭᠡᠰ ᠤᠨ ᠨᠠᠶᠢᠷᠠᠭᠤᠯᠬᠤ ᠠᠵᠢᠯ ᠢ ᠨᠢᠭᠡᠨᠲᠡ | ᠪᠡᠶᠡᠯᠡᠭᠦᠯᠵᠦ᠂ ᠮᠣᠩᠭᠤᠯ ᠦᠭᠡ ᠬᠡᠯᠡ ᠦᠰᠦᠭ ᠪᠢᠴᠢᠭ ᠤᠨ ᠲᠤᠭᠠᠴᠢᠯᠠᠬᠰᠠᠨ ᠡᠬᠢ ᠪᠠᠶᠠᠯᠢᠭ ᠤᠨ ᠪᠥᠲᠥᠬᠡᠨ | ᠪᠠᠶᠢᠭᠤᠯᠤᠯᠲᠠ ᠬᠢᠭᠡᠳ ᠬᠠᠮᠲᠤᠪᠡᠷ ᠡᠳ᠋ᠯᠡᠬᠦ ᠢᠨᠵᠧᠨᠧᠷᠢᠩ ᠢ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 | ᠵᠢᠯ ᠤᠨ ᠣᠢ ᠶᠢᠨ ᠭᠤᠣᠯᠳᠠᠯᠭ᠎ᠠ ᠲᠠᠢ ᠲᠥᠷᠥᠯ ᠵᠦᠢᠯ ᠳᠤ ᠣᠷᠤᠭᠤᠯᠪᠠ᠃ ᠳᠥᠷᠪᠡ ᠳᠤ ᠳᠡᠯᠭᠡᠷᠡᠭᠦᠯᠦᠨ ᠬᠡᠷᠡᠭᠯᠡᠬᠦ | ᠲᠠᠯ᠎ᠠ ᠪᠠᠷ᠂ ᠮᠣᠩᠭᠤᠯ ᠬᠡᠯᠡᠨ ᠤ ᠰᠢᠨ᠎ᠡ ᠪᠠᠷ ᠬᠥᠭᠵᠢᠭᠰᠡᠨ ᠵᠠᠭᠤᠴᠢᠯᠠᠭᠤᠷ ᠤᠨ ᠪᠥᠲᠦᠭᠡᠨ ᠪᠠᠶᠢᠭᠤᠯᠤᠯᠲᠠ ᠵᠢᠴᠢ | ᠨᠡᠶᠢᠲᠡ ᠶᠢᠨ ᠠᠰᠠᠷᠠᠮᠵᠢ ᠶᠢᠨ ᠦᠢᠯᠡᠴᠢᠯᠡᠭᠡᠨ ᠤ ᠲᠥᠷᠥᠯ ᠵᠦᠢᠯ ᠢ ᠬᠡᠷᠡᠭᠵᠢᠭᠦᠯᠵᠦ᠂ ᠮᠣᠩᠭᠤᠯ ᠦᠭᠡ ᠬᠡᠯᠡ ᠦᠰᠦᠭ | ᠪᠢᠴᠢᠭ ᠤᠨ ᠮᠡᠳᠡᠭᠡ ᠵᠠᠩᠭᠢᠵᠢᠯᠲᠠ ᠶᠢᠨ ᠰᠢᠨ᠎ᠡ ᠵᠠᠭᠤᠴᠢᠯᠠᠭᠤᠷ ᠤᠨ ᠬᠥᠭᠵᠢᠯᠲᠡ ᠶᠢ ᠠᠬᠢᠭᠤᠯᠪᠠ᠃ ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ ᠨᠢ ᠨᠢᠳᠤᠨᠤᠨ ᠤ 7 ᠳ᠋ᠤᠭᠠᠷ ᠰᠠᠷ᠎ᠠ ᠳᠤ ᠵᠢᠩᠬᠢᠨᠢ ᠪᠠᠷ | ᠬᠡᠷᠡᠭᠯᠡᠭᠡᠨ ᠳᠤ ᠣᠷᠤᠭᠰᠠᠨ ᠪᠥᠭᠡᠳ ᠳ᠋ᠠᠶᠢᠲ᠋ᠠ ᠬᠥᠮᠦᠷᠭᠡ ᠶᠢ ᠤᠯᠠᠮ ᠨᠢᠭᠡ ᠠᠯᠬᠤᠮ ᠪᠤᠳᠠᠲᠠᠶᠢᠵᠢᠭᠤᠯᠤᠨ | ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠭᠤᠷᠪᠠᠨ ᠱᠠᠲᠤᠨ ᠤ | ᠰᠦᠯᠵᠢᠶᠡᠨ ᠪᠦᠯᠦᠭᠵᠢᠯ ᠢ ᠪᠠᠶᠢᠭᠤᠯᠬᠤ ᠪᠣᠯᠣᠨ᠎ᠠ᠃ ᠮᠣᠩᠭᠤᠯ ᠦᠭᠡ ᠬᠡᠯᠡ ᠦᠰᠦᠭ ᠪᠢᠴᠢᠭ ᠤᠨ ᠬᠠᠮ ᠮᠡᠳᠡᠭᠡ | ᠵᠠᠩᠭᠢ ᠶᠢᠨ ᠡᠭᠦᠯᠡᠨ ᠦᠢᠯᠡᠴᠢᠯᠡᠭᠡᠨ ᠤ ᠲᠠᠪᠴᠠᠩ ᠢ ᠣᠳᠣ ᠶᠠᠭ ᠱᠠᠯᠠᠪᠳᠠᠨ ᠪᠠᠶᠢᠭᠤᠯᠵᠤ᠂ ᠰᠢᠨ᠎ᠡ ᠦᠶ᠎ᠡ ᠶᠢᠨ ᠮᠣᠩᠭᠤᠯ | ᠭᠠᠷ ᠤᠲᠠᠰᠤᠨ ᠤ ᠠᠵᠢᠯᠯᠠᠬᠤ ᠰᠢᠰᠲ᠋ᠧᠮ ᠢ ᠰᠤᠳᠤᠯᠤᠨ ᠨᠡᠭᠡᠭᠡᠬᠦ ᠠᠵᠢᠯ ᠠᠮᠵᠢᠯᠲᠠ ᠣᠯᠣᠭᠰᠠᠨ ᠪᠥᠭᠡᠳ ᠳᠡᠯᠭᠡᠷᠡᠭᠦᠯᠦᠨ | ᠬᠡᠷᠡᠭᠯᠡᠭᠦᠯᠵᠦ᠂ ᠨᠢᠭᠡᠨᠲᠡ 6 ᠲᠥᠮᠡ ᠭᠠᠷᠤᠢ ᠬᠡᠷᠡᠭᠯᠡᠭᠴᠢ ᠮᠣᠩᠭᠤᠯ ᠬᠡᠷᠡᠭᠯᠡᠭᠡᠨ ᠤ ᠣᠶᠤᠨᠴᠢ ᠭᠠᠷ ᠤᠲᠠᠰᠤ ᠶᠢ | ᠬᠡᠷᠡᠭᠯᠡᠭᠡᠳ ᠥᠷᠭᠡᠨ ᠣᠯᠠᠨ ᠲᠥᠮᠡᠨ ᠰᠠᠨᠠᠯ ᠨᠢᠭᠡᠲᠡᠢ ᠪᠠᠷ ᠰᠠᠶᠢᠰᠢᠶᠠᠨ ᠮᠠᠭᠲᠠᠵᠤ ᠪᠠᠶᠢᠨ᠎ᠠ᠃ | ᠶᠡᠷᠦᠩᠬᠡᠢ ᠳᠤᠨᠢ ᠠᠪᠴᠣ ᠦᠵᠡᠪᠡᠯ᠂ ᠮᠣᠩᠭᠤᠯ ᠦᠭᠡ ᠬᠡᠯᠡ ᠦᠰᠦᠭ ᠪᠢᠴᠢᠭ ᠤᠨ ᠮᠡᠳᠡᠭᠡ ᠵᠠᠩᠭᠢᠵᠢᠯᠲᠠ ᠶᠢᠨ | ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠬᠤ ᠶᠠᠪᠤᠳᠠᠯ ᠨᠢ ᠦᠨᠳᠦᠰᠦᠲᠡᠨ ᠤ ᠲᠡᠦᠭᠡ ᠰᠣᠶᠣᠯ ᠤᠨ | ᠤᠯᠠᠮᠵᠢᠯᠠᠯ ᠬᠢᠭᠡᠳ ᠬᠥᠭᠵᠢᠯᠲᠡ ᠶᠢ ᠬᠦᠴᠦᠲᠡᠢ ᠠᠬᠢᠭᠤᠯᠤᠭᠰᠠᠨ ᠮᠥᠷᠲᠡᠭᠡᠨ ᠮᠡᠷᠭᠡᠵᠢᠯ ᠤᠨ ᠲᠠᠯ᠎ᠠ ᠪᠠᠷ ᠤᠯᠤᠰ ᠤᠨ | ᠲᠣᠳᠣᠭᠠᠲᠤ ᠭᠠᠳᠠᠭᠠᠳᠤ ᠳᠠᠬᠢ ᠣᠯᠠᠨ ᠵᠦᠢᠯ ᠤᠨ ᠬᠤᠭᠤᠰᠣᠨ ᠵᠦᠢᠯ ᠢ ᠨᠥᠬᠦᠪᠦᠷᠢᠯᠡᠵᠦ᠂ ᠴᠥᠬᠡᠨ ᠲᠣᠭᠠᠳᠤ | ᠦᠨᠳᠦᠰᠦᠲᠡᠨ ᠤ ᠣᠯᠠᠨ ᠲᠥᠮᠡᠨ ᠣᠳᠣ ᠦᠶ᠎ᠡ ᠶᠢᠨ ᠮᠡᠷᠭᠡᠵᠢᠯ ᠤᠨ ᠪᠣᠯᠪᠠᠰᠤᠨ ᠢ ᠬᠠᠮᠲᠤᠪᠡᠷ ᠡᠳ᠋ᠯᠡᠬᠦ᠂ ᠰᠢᠨᠵᠢᠯᠡᠬᠦ | ᠣᠬᠠᠭᠠᠨ ᠰᠣᠶᠣᠯ ᠤᠨ ᠬᠡᠪ ᠪᠣᠯᠪᠠᠰᠤᠷᠠᠯ ᠪᠣᠯᠣᠨ ᠠᠮᠢᠳᠤᠷᠠᠯ ᠤᠨ ᠴᠢᠨᠠᠷ ᠴᠢᠨᠰᠠᠭ᠎ᠠ ᠪᠠᠨ ᠳᠡᠭᠡᠭᠰᠢᠯᠡᠭᠦᠯᠬᠦ᠂ ᠠᠵᠤ ᠠᠬᠤᠢ | ᠨᠡᠶᠢᠭᠡᠮ ᠤᠨ ᠥᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠦᠭᠰᠡᠨ ᠪᠠᠶᠢᠨ᠎ᠠ | ᠃ | ᠳᠠᠷᠠᠭᠠᠴᠢ ᠶᠢᠨ ᠠᠯᠬᠤᠮ ᠳᠤ᠂ ᠪᠢᠲᠡ ᠣᠳᠣᠬᠠᠨ ᠤ ᠰᠠᠶᠢᠨ ᠰᠠᠶᠢᠬᠠᠨ ᠬᠥᠭᠵᠢᠯᠲᠡ ᠶᠢᠨ ᠪᠠᠶᠢᠳᠠᠯ ᠤᠨ | ᠰᠠᠭᠤᠷᠢᠨ ᠳᠡᠭᠡᠷ᠎ᠡ᠂ ᠰᠢᠨᠵᠢᠶᠠᠩ᠂ ᠲᠥᠪᠡᠳ ᠵᠡᠷᠭᠡ ᠦᠨᠳᠦᠰᠦᠲᠡᠨ ᠤ ᠭᠠᠵᠠᠷ ᠣᠷᠣᠨ ᠤ ᠲᠡᠷᠢᠭᠦᠨ ᠤ ᠲᠤᠷᠰᠢᠯᠭ᠎ᠠ ᠶᠢ | ᠭᠦᠢᠴᠡᠳ ᠲᠣᠯᠢᠳᠠᠨ᠂ ᠤᠯᠤᠰ ᠤᠨ ᠲᠥᠷᠦ ᠶᠢᠨ ᠪᠣᠳᠣᠯᠭ᠎ᠠ᠂ ᠲᠥᠷᠥᠯ ᠵᠦᠢᠯ ᠪᠣᠯᠣᠨ ᠪᠡᠯᠡ ᠮᠥᠡᠭᠭᠦ ᠶᠢᠨ | ᠳᠡᠮᠵᠢᠯᠭᠡ ᠶᠢ ᠢᠳᠡᠪᠬᠢᠯᠡᠨ ᠣᠯᠵᠣ᠂ ᠤᠯᠠᠮ ᠨᠢᠭᠡ ᠠᠯᠬᠤᠮ ᠨᠢᠬᠡᠲᠦᠯᠲᠡᠢ ᠲᠥᠯᠥᠪᠯᠡᠵᠦ ᠵᠣᠬᠢᠴᠠᠭᠤᠯᠤᠨ᠂ ᠡᠬᠢ | ᠪᠠᠶᠠᠯᠢᠭ ᠢ ᠡᠮᠬᠢᠯᠡᠨ ᠨᠡᠶᠢᠳᠭᠡᠵᠦ᠂ ᠨᠡᠶᠢᠯᠡᠮᠡᠯ ᠬᠦᠴᠦᠨ ᠢ ᠪᠣᠢ ᠪᠣᠯᠭᠠᠵᠤ᠂ ᠦᠨᠳᠦᠰᠦᠲᠡᠨ ᠤ ᠰᠣᠶᠣᠯ᠂ ᠲᠡᠦᠬᠡᠨ | ᠮᠠᠲ᠋ᠧᠷᠢᠶᠠᠯ ᠢ ᠡᠮᠬᠢᠯᠡᠨ ᠳᠢᠭᠯᠡᠬᠦ ᠪᠠ ᠮᠣᠩᠭᠤᠯ ᠦᠭᠡ ᠬᠡᠯᠡ ᠦᠰᠣᠭ᠌ ᠪᠢᠴᠢᠭ ᠤᠨ ᠮᠡᠳᠡᠭᠡ ᠵᠠᠩᠭᠢᠵᠢᠯᠲᠠ ᠶᠢᠨ ᠪᠦᠲᠦᠭᠡᠨ | ᠪᠠᠶᠢᠭᠤᠯᠤᠯᠲᠠ ᠶᠢᠨ ᠠᠵᠢᠯ ᠢ ᠨᠢᠬᠡᠲᠦᠯᠲᠡᠢ ᠤᠬᠠᠭᠠᠯᠠᠨ ᠲᠥᠯᠥᠪᠯᠡᠵᠦ᠂ ᠲᠥᠷᠥᠯ ᠵᠦᠢᠯ ᠤᠨ ᠳᠡᠰ ᠳᠠᠪᠬᠤᠷᠭ᠎ᠠ ᠶᠢ | ᠡᠮᠬᠢᠯᠡᠨ ᠨᠡᠶᠢᠯᠡᠭᠦᠯᠵᠦ ᠳᠡᠭᠡᠭᠰᠢᠯᠡᠭᠦᠯᠦᠨ᠂ ᠪᠡᠯᠡ ᠮᠥᠡᠭᠭᠦ ᠶᠢ ᠨᠢᠬᠡᠲᠦᠯᠲᠡᠢ ᠬᠤᠷᠠᠮᠳᠤᠭᠤᠯᠤᠨ ᠴᠤᠭᠯᠠᠭᠤᠯᠵᠤ᠂ ᠲᠤᠰ | ᠲᠤᠰ ᠲᠠᠭᠠᠨ ᠡᠵᠡᠨ ᠮᠡᠳᠡᠵᠦ ᠠᠵᠢᠯᠯᠠᠬᠤ ᠪᠠ ᠳᠠᠬᠢᠨ ᠳᠠᠪᠲᠠᠨ ᠪᠦᠲᠦᠭᠡᠨ ᠪᠠᠶᠢᠭᠤᠯᠬᠤ ᠠᠴᠠ ᠵᠠᠶᠢᠯᠠᠰᠬᠢᠨ᠎ᠡ᠃ | ᠵᠠᠰᠠᠭ ᠤᠨ ᠣᠷᠳᠣᠨ ᠤ ᠮᠣᠩᠭᠤᠯ ᠰᠦᠯᠵᠢᠶᠡᠨ ᠤ ᠪᠦᠲᠦᠭᠡᠨ ᠪᠠᠶᠢᠭᠤᠯᠤᠯᠲᠠ᠂ ᠰᠢᠨ᠎ᠡ ᠵᠠᠭᠤᠴᠢᠯᠠᠭᠤᠷ ᠤᠨ | ᠰᠦᠯᠵᠢᠶᠡᠨ ᠤ ᠮᠡᠷᠭᠡᠵᠢᠯ ᠤᠨ ᠬᠡᠷᠡᠭᠯᠡᠭᠡᠨ᠂ ᠮᠣᠩᠭᠤᠯ ᠣᠶᠣᠨᠴᠢ ᠭᠠᠷ ᠤᠲᠠᠰᠤ ᠶᠢ ᠳᠡᠯᠭᠡᠷᠡᠭᠦᠯᠦᠨ ᠲᠥᠭᠡᠮᠡᠯᠵᠢᠭᠦᠯᠬᠦ ᠶᠢ | ᠬᠦᠴᠦᠯᠡᠨ ᠠᠬᠢᠭᠤᠯᠵᠤ᠂ ᠮᠣᠩᠭᠤᠯ ᠲᠤᠭᠠᠴᠢᠯᠠᠬᠰᠠᠨ ᠡᠬᠢ ᠪᠠᠶᠠᠯᠢᠭ ᠤᠨ ᠪᠦᠲᠦᠭᠡᠨ ᠪᠠᠶᠢᠭᠤᠯᠤᠯᠲᠠ ᠬᠢᠭᠡᠳ ᠬᠠᠮᠲᠤᠪᠡᠷ | ᠡᠳ᠋ᠯᠡᠬᠦ ᠢᠨᠵᠧᠨᠧᠷᠢᠩ ᠪᠣᠯᠣᠨ ᠡᠯ᠎ᠡ ᠲᠥᠷᠥᠯ ᠤᠨ ᠪᠠᠶᠢᠭᠤᠯᠵᠤ ᠪᠠᠶᠢᠭ᠎ᠠ ᠲᠥᠷᠥᠯ ᠵᠦᠢᠯ ᠢ ᠲᠥᠷᠭᠡᠳᠬᠡᠨ | ᠶᠠᠪᠤᠭᠳᠠᠭᠤᠯᠵᠤ ᠪᠠᠶᠢᠭᠠᠳ ᠮᠣᠩᠭᠤᠯ ᠦᠭᠡ ᠬᠡᠯᠡ ᠦᠰᠦᠭ ᠪᠢᠴᠢᠭ ᠤᠨ ᠮᠡᠳᠡᠭᠡ ᠵᠠᠩᠭᠢᠵᠢᠯᠲᠠ ᠶᠢᠨ ᠪᠦᠲᠦᠭᠡᠨ | ᠪᠠᠶᠢᠭᠤᠯᠤᠯᠲᠠ ᠳᠤ ᠰᠢᠨ᠎ᠡ ᠬᠥᠭᠵᠢᠯᠲᠡ᠂ ᠰᠢᠨ᠎ᠡ ᠰᠢᠪᠲᠦᠯᠦᠯᠲᠡ ᠲᠠᠢ ᠪᠣᠯᠭᠠᠨ᠎ᠠ᠃ 2017 ᠣᠨ ᠪᠣᠯᠬᠤ ᠳᠤ᠂ | ᠮᠣᠩᠭᠤᠯ ᠦᠭᠡ ᠬᠡᠯᠡ ᠦᠰᠦᠭ ᠪᠢᠴᠢᠭ ᠤᠨ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥ ᠶᠢᠨ | ᠪᠣᠳᠣᠯᠭ᠎ᠠ ᠶᠢᠨ ᠲᠥᠯᠥᠪᠵᠢᠭᠦᠯᠭᠡ᠂ ᠮᠡᠷᠭᠡᠵᠢᠯ ᠤᠨ ᠪᠠᠷᠢᠮᠵᠢᠶ᠎ᠡ᠂ ᠰᠣᠳᠣᠯᠭ᠎ᠠ ᠨᠡᠬᠡᠬᠡᠯᠲᠡ᠂ ᠪᠥᠲᠦᠭᠡᠨ ᠪᠠᠶᠢᠭᠤᠯᠬᠤ | ᠲᠥᠷᠥᠯ ᠵᠦᠢᠯ᠂ ᠬᠢᠨᠠᠨ ᠬᠠᠮᠢᠶᠠᠷᠴᠤ ᠦᠨᠡᠯᠡᠯᠲᠡ ᠬᠢᠬᠦ ᠪᠠ ᠯᠠᠪᠯᠠᠯᠭ᠎ᠠ ᠶᠢᠨ ᠦᠢᠯᠡᠴᠢᠯᠡᠭᠡᠨ ᠤ ᠰᠢᠰᠲ᠋ᠧᠮ ᠢ ᠠᠩᠬ᠎ᠠ | ᠠᠯᠬᠤᠮ ᠪᠦᠷᠢᠯᠳᠦᠭᠦᠯᠵᠦ᠂ ᠨᠡᠯᠢᠶᠡᠳ ᠪᠦᠷᠢᠨ ᠭᠦᠢᠴᠡᠳ ᠪᠦᠬᠦᠢ ᠮᠣᠩᠭᠤᠯ ᠦᠭᠡ ᠬᠡᠯᠡ ᠦᠰᠦᠭ ᠪᠢᠴᠢᠭ ᠤᠨ ᠮᠡᠳᠡᠭᠡ | ᠵᠠᠩᠭᠢᠵᠢᠯᠲᠠ ᠶᠢᠨ ᠰᠣᠳᠣᠯᠭ᠎ᠠ ᠨᠡᠬᠡᠬᠡᠯᠲᠡ ᠬᠢᠬᠦ᠂ ᠳᠡᠯᠭᠡᠷᠡᠭᠦᠯᠦᠨ ᠬᠡᠷᠡᠭᠯᠡᠬᠦ ᠪᠠ ᠴᠢᠳᠠᠪᠤᠷᠢᠲᠠᠨ ᠬᠥᠮᠦᠵᠢᠭᠦᠯᠬᠦ | ᠲᠣᠭᠲᠠᠴᠠ ᠶᠢ ᠪᠠᠶᠢᠭᠤᠯᠤᠨ᠂ ᠮᠣᠩᠭᠤᠯ ᠦᠭᠡ ᠬᠡᠯᠡ ᠦᠰᠦᠭ ᠪᠢᠴᠢᠭ ᠤᠨ ᠮᠡᠳᠡᠭᠡ ᠵᠠᠩᠭᠢᠵᠢᠯᠲᠠ ᠶᠢᠨ ᠲᠥᠷᠭᠡᠨ | ᠬᠥᠭᠵᠢᠯᠲᠡ ᠶᠢ ᠠᠬᠢᠭᠤᠯᠤᠨ᠎ᠠ᠃ 2020 ᠣᠨ ᠪᠣᠯᠬᠤ ᠳᠤ᠂ ᠡᠯ᠎ᠡ ᠱᠠᠲᠤᠨ ᠤ ᠵᠠᠰᠠᠭ ᠤᠨ ᠣᠷᠳᠣᠨ ᠤ ᠮᠣᠩᠭᠤᠯ | ᠦᠭᠡ ᠬᠡᠯᠡ ᠦᠰᠦᠭ ᠪᠢᠴᠢᠭ ᠤᠨ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠪᠣᠯᠣᠨ ᠣᠯᠠᠨ ᠨᠡᠶᠢᠳᠡ ᠶᠢᠨ ᠦᠨᠳᠦᠰᠦᠨ | ᠦᠢᠯᠡᠴᠢᠯᠡᠭᠡᠨ ᠤ ᠬᠢᠷᠢ ᠲᠦᠪᠰᠢᠨ ᠢ ᠶᠡᠬᠡᠪᠡᠷ ᠳᠡᠭᠡᠭᠰᠢᠯᠡᠭᠦᠯᠵᠦ᠂ ᠮᠡᠳᠡᠭᠡ ᠵᠠᠩᠭᠢ ᠶᠢᠨ ᠡᠬᠢ ᠪᠠᠶᠠᠯᠢᠭ ᠢ ᠥᠷᠭᠡᠨ | ᠳᠡᠯᠭᠡᠷᠡᠩᠭᠦᠢ ᠪᠠᠷ ᠨᠡᠬᠡᠬᠡᠨ ᠠᠰᠢᠬᠯᠠᠭᠤᠯᠵᠤ᠂ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠶᠢᠨ ᠠᠮᠵᠢᠯᠲᠠ | ᠪᠥᠲᠦᠭᠡᠯ ᠢᠶᠠᠷ ᠦᠨᠳᠦᠰᠦᠲᠡᠨ ᠨᠦᠭᠦᠳ ᠤᠨ ᠠᠷᠠᠳ ᠲᠥᠮᠡᠨ ᠳᠤ ᠠᠰᠢᠭ ᠬᠥᠷᠲᠡᠭᠡᠬᠦ ᠪᠠᠷ ᠴᠢᠷᠮᠠᠶᠢᠨ᠎ᠠ᠃ |