| | ᠤᠢ ᠰᠢᠭᠤᠢ ᠪᠤᠯ ᠳᠠᠬᠢᠨ ᠤᠷᠭᠤᠳᠠᠭ ᠡᠬᠢ ᠪᠠᠶᠠᠯᠢᠭ ᠪᠤᠯᠤᠨ᠎ᠠ᠂ ᠬᠡᠷᠬᠢᠪᠡᠯ ᠰᠠᠶ᠋ᠢ | ᠠᠪᠤᠭᠠᠳ ᠪᠠᠷᠠᠰᠢ ᠦᠭᠡᠢ ᠬᠡᠷᠡᠭᠯᠡᠭᠡᠳ ᠳᠠᠭᠤᠰᠤᠰᠢ ᠦᠭᠡᠢ ᠪᠤᠯᠭᠠᠵᠤ ᠴᠢᠳᠠᠬᠤ ᠪᠤᠢ︖ | | | | | | ᠶᠠᠭᠤᠨ ᠤ ᠡᠮᠦᠨ᠎ᠡ᠂ ᠤᠢ ᠰᠢᠭᠤᠢ ᠳᠤ ᠴᠢᠬᠤᠯᠠ ᠪᠦᠬᠦᠢ ᠪᠤᠶᠢᠵᠢᠭᠤᠯᠬᠤ ᠬᠠᠮᠢᠶᠠᠷᠤᠯᠲᠠ ᠬᠡᠷᠡᠭᠵᠢᠭᠦᠯᠵᠦ᠂ ᠤᠷᠴᠢᠨ ᠲᠤᠭᠤᠷᠢᠨ ᠤ | ᠨᠦᠬᠦᠴᠡᠯ ᠢ ᠰᠠᠶᠢᠵᠢᠷᠠᠭᠤᠯᠵᠤ ᠤᠷᠭᠤᠯᠲᠠ ᠪᠤᠶᠢᠵᠢᠯᠲᠠ ᠶᠢ ᠠᠬᠢᠭᠤᠯᠤᠨ᠎ᠠ᠃ ᠳᠠᠷᠠᠭ᠎ᠠ ᠳᠤᠨᠢ᠂ ᠬᠠᠮᠠᠭᠠᠯᠠᠯᠲᠠ ᠶᠢ ᠴᠢᠩᠭᠠᠳᠬᠠᠵᠤ ᠤᠢ ᠰᠢᠭᠤᠢ ᠶᠢᠨ | ᠡᠬᠢ ᠪᠠᠶᠠᠯᠢᠭ ᠪᠤᠯᠤᠨ ᠤᠷᠴᠢᠨ ᠲᠤᠭᠤᠷᠢᠨ ᠤ ᠨᠦᠬᠦᠴᠡᠯ ᠢ ᠡᠪᠳᠡᠭᠳᠡᠭᠦᠯᠬᠦ ᠦᠭᠡᠢ ᠪᠠᠶᠢᠬᠤ ᠬᠡᠷᠡᠭᠲᠡᠢ᠃ ᠲᠠᠬᠢᠪᠠᠯ ᠲᠤᠬᠢᠲᠠᠢ ᠤᠭᠳᠤᠯᠬᠤ ᠴᠠᠭ᠂ | ᠲᠤᠭ᠎ᠠ ᠶᠢ ᠲᠤᠭᠳᠠᠭᠠᠵᠤ᠂ ᠵᠦᠢ ᠵᠤᠬᠢᠰᠲᠠᠢ ᠤᠭᠳᠤᠯᠤᠯᠲᠠ ᠶᠢᠨ ᠬᠡᠯᠪᠡᠷᠢ ᠶᠢ ᠠᠪᠴᠤ᠂ ᠪᠠᠰᠠ ᠴᠠᠭ ᠲᠤᠬᠠᠢ ᠳᠤᠨᠢ ᠰᠢᠨᠡᠳᠭᠡᠵᠦ᠂ ᠤᠢ ᠰᠢᠭᠤᠢ ᠶᠢᠨ | ᠡᠬᠢ ᠪᠠᠶᠠᠯᠢᠭ ᠤᠨ ᠬᠡᠮᠵᠢᠶ᠎ᠡ ᠨᠢ ᠤᠷᠭᠤᠯᠲᠠ ᠶᠢᠨ ᠬᠡᠮᠵᠢᠶ᠎ᠡ ᠠᠴᠠ ᠪᠠᠭ᠎ᠠ ᠪᠠᠶᠢᠬᠤ ᠶᠢ ᠦᠨᠡᠨᠬᠦ ᠪᠠᠳᠤᠯᠠᠬᠤ ᠬᠡᠷᠡᠭᠲᠡᠢ᠃ ᠢᠩᠬᠢᠪᠡᠯ ᠰᠠᠶ᠋ᠢ ᠬᠦᠬᠡ | ᠠᠭᠤᠯᠠ ᠮᠦᠩᠬᠡᠷᠡᠵᠦ ᠬᠡᠵᠢᠶᠡᠳᠡ ᠲᠠᠰᠤᠷᠠᠯᠲᠠ ᠦᠭᠡᠢ ᠠᠰᠢᠭᠯᠠᠭᠳᠠᠬᠤ ᠪᠤᠯᠤᠨ᠎ᠠ᠃ ᠬᠠᠮᠠᠭᠠᠯᠠᠵᠤ ᠬᠦᠭᠵᠢᠭᠦᠯᠦᠨ ᠲᠤᠬᠢᠲᠠᠢ ᠠᠰᠢᠭᠯᠠᠵᠤ᠂ ᠠᠮᠢ | ᠠᠬᠤᠢ ᠶᠢᠨ ᠲᠡᠩᠴᠡᠭᠦᠷᠢ ᠶᠢ ᠪᠠᠳᠤᠯᠠᠬᠤ ᠶᠢᠨ ᠲᠦᠯᠦᠭᠡ᠂ ᠤᠨᠴᠠᠭᠠᠶᠢᠯᠠᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠭᠡᠷ᠎ᠡ ᠶᠢᠨ | ᠠᠮᠢᠲᠠᠨ ᠢ ᠬᠠᠮᠠᠭᠠᠯᠠᠬᠤ ᠬᠠᠤᠯᠢ︾ ᠶᠢ ᠲᠤᠭᠳᠠᠭᠠᠪᠠ᠃ |