︵ᠨᠢᠭᠡ︶ ᠲᠤᠰᠬᠠᠶ ᠠᠰᠢᠭ ᠤᠨ ᠡᠷᠬᠡ ᠳᠤ ᠬᠠᠯᠳᠠᠭᠰᠠᠨ ᠵᠢᠭᠤᠷᠠᠯᠳᠤᠭᠠᠨ ᠡᠭᠦᠰᠭᠡᠭᠰᠡᠨ ᠪᠣᠯ᠂ ᠲᠤᠬᠠᠶ ᠶᠢᠨ | ᠬᠥᠮᠦᠨ ᠵᠥᠪᠳᠡᠯᠴᠡᠨ ᠰᠢᠢᠳᠪᠦᠷᠢᠯᠡᠨ᠎ᠡ︔ | ︵ᠬᠤᠶᠠᠷ︶ ᠵᠥᠪᠳᠡᠯᠴᠡᠬᠦ ᠳᠤᠷ᠎ᠠ ᠦᠭᠡᠢ ᠪᠤᠶᠤ ᠵᠥᠪᠳᠡᠯᠴᠡᠭᠡᠳ ᠪᠦᠲᠦᠭᠰᠡᠨ ᠦᠭᠡᠢ ᠪᠣᠯ᠂ ᠲᠤᠰᠬᠠᠶ ᠠᠰᠢᠭ ᠤᠨ | ᠡᠷᠬᠡᠲᠦ ᠬᠥᠮᠦᠨ ᠪᠤᠶᠤ ᠠᠰᠢᠭ ᠬᠤᠣᠷ ᠤᠨ ᠬᠠᠷᠢᠴᠠᠭ᠎ᠠ ᠲᠠᠢ ᠬᠥᠮᠦᠨ ᠠᠷᠠᠳ ᠤᠨ ᠰᠢᠭᠦᠬᠦ ᠬᠤᠷᠢᠶᠠᠨ ᠳᠤ ᠵᠡᠭᠠᠯᠳᠦᠵᠦ | ᠪᠣᠯᠤᠨ᠎ᠠ︔ | ︵ᠭᠤᠷᠪᠠ︶ ᠵᠥᠪᠳᠡᠯᠴᠡᠬᠦ ᠳᠤᠷ᠎ᠠ ᠦᠭᠡᠢ ᠪᠤᠶᠤ ᠵᠥᠪᠳᠡᠯᠴᠡᠭᠡᠳ ᠪᠦᠲᠦᠭᠰᠡᠨ ᠦᠭᠡᠢ ᠪᠣᠯ᠂ ᠲᠤᠰᠬᠠᠶ ᠠᠰᠢᠭ ᠤᠨ | ᠡᠷᠬᠡᠲᠦ ᠬᠥᠮᠦᠨ ᠪᠤᠶᠤ ᠠᠰᠢᠭ ᠬᠤᠣᠷ ᠤᠨ ᠬᠠᠷᠢᠴᠠᠭ᠎ᠠ ᠲᠠᠢ ᠬᠥᠮᠦᠨ ᠨᠢ ᠲᠤᠰᠬᠠᠶ ᠠᠰᠢᠭ ᠤᠨ ᠠᠵᠢᠯ ᠢ ᠬᠠᠮᠢᠶᠠᠷᠬᠤ | ᠰᠠᠯᠠᠭ᠎ᠠ ᠮᠥᠴᠢᠷ ᠲᠤ ᠰᠢᠢᠳᠪᠦᠷᠢᠯᠡᠬᠦᠯᠬᠦ ᠪᠠᠷ ᠭᠤᠶᠤᠴᠢᠯᠠᠯ ᠭᠠᠷᠭᠠᠭᠰᠠᠨ ᠴᠤ ᠪᠣᠯᠤᠨ᠎ᠠ᠃ ᠲᠤᠰᠬᠠᠶ ᠠᠰᠢᠭ ᠤᠨ ᠠᠵᠢᠯ ᠢ | ᠬᠠᠮᠢᠶᠠᠷᠬᠤ ᠰᠠᠯᠠᠭ᠎ᠠ ᠮᠥᠴᠢᠷ ᠭᠡᠳᠡᠭ ᠨᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ | ᠠᠷᠠᠳ ᠤᠨ ᠵᠠᠰᠠᠭ ᠤᠨ ᠣᠷᠳᠣᠨ ᠵᠢᠴᠢ ᠲᠤᠰᠬᠠᠶ ᠠᠰᠢᠭ ᠢ ᠬᠠᠮᠢᠶᠠᠷᠬᠤ ᠠᠵᠢᠯ ᠤᠨ ᠬᠡᠮᠵᠢᠶ᠎ᠡ ᠶᠡᠭᠡ ᠮᠥᠷᠲᠡᠭᠡᠨ ᠪᠠᠰᠠ | ᠪᠣᠳᠠᠲᠠᠶ ᠰᠢᠢᠳᠪᠦᠷᠢᠯᠡᠬᠦ ᠴᠢᠳᠠᠪᠤᠷᠢ ᠶᠢ ᠲᠣᠭᠤᠷᠢᠭ ᠪᠠᠶᠢᠭᠤᠯᠤᠭᠰᠠᠨ ᠬᠤᠳᠠ ᠶᠢᠨ ᠠᠷᠠᠳ ᠤᠨ ᠵᠠᠰᠠᠭ ᠤᠨ ᠣᠷᠳᠣᠨ ᠤ | ᠪᠠᠶᠢᠭᠤᠯᠤᠭᠰᠠᠨ ᠲᠤᠰᠬᠠᠶ ᠠᠰᠢᠭ ᠤᠨ ᠠᠵᠢᠯ ᠢ ᠬᠠᠮᠢᠶᠠᠷᠬᠤ ᠰᠠᠯᠠᠭ᠎ᠠ ᠮᠥᠴᠢᠷ ᠢ ᠵᠢᠭᠠᠳᠠᠭ︔ | ︵ᠳᠥᠷᠪᠡ︶ ᠰᠢᠢᠳᠪᠦᠷᠢᠯᠡᠬᠦ ᠠᠵᠢᠯ ᠢ ᠬᠢᠵᠦ ᠪᠠᠶᠢᠭ᠎ᠠ ᠲᠤᠰᠬᠠᠶ ᠠᠰᠢᠭ ᠤᠨ ᠠᠵᠢᠯ ᠢ ᠬᠠᠮᠢᠶᠠᠷᠬᠤ ᠰᠠᠯᠠᠭ᠎ᠠ | ᠮᠥᠴᠢᠷ ᠨᠢ ᠲᠤᠬᠠᠶ ᠶᠢᠨ ᠬᠥᠮᠦᠨ ᠤ ᠭᠤᠶᠤᠴᠢᠯᠠᠯ ᠢᠶᠠᠷ ᠲᠤᠰᠬᠠᠶ ᠠᠰᠢᠭ ᠤᠨ ᠡᠷᠬᠡ ᠳᠤ ᠬᠠᠯᠳᠠᠭᠰᠠᠨ ᠲᠥᠯᠥᠪᠦᠷᠢ | ᠮᠥᠩᠭᠦ ᠶᠢᠨ ᠲᠤᠭ᠎ᠠ ᠬᠡᠮᠵᠢᠶ᠎ᠡ ᠶᠢᠨ ᠲᠤᠬᠠᠶ ᠡᠶᠡᠳᠡᠭᠦᠯᠭᠡ ᠬᠢᠵᠦ ᠪᠣᠯᠤᠨ᠎ᠠ︔ ᠡᠶᠡᠳᠡᠭᠦᠯᠦᠭᠡᠳ ᠪᠦᠲᠦᠭᠰᠡᠨ ᠦᠭᠡᠢ ᠪᠣᠯ᠂ | ᠲᠤᠬᠠᠶ ᠶᠢᠨ ᠬᠥᠮᠦᠨ ︽ᠢᠷᠭᠡᠨ ᠤ ᠵᠠᠷᠭᠤ ᠶᠢᠨ ᠬᠠᠤᠯᠢ︾ ᠶᠢᠨ ᠶᠣᠰᠣᠭᠠᠷ ᠠᠷᠠᠳ ᠤᠨ ᠰᠢᠭᠦᠬᠦ ᠬᠤᠷᠢᠶᠠᠨ ᠳᠤ | ᠵᠡᠭᠠᠯᠳᠦᠵᠦ ᠪᠣᠯᠤᠨ᠎ᠠ︔ | ︵ᠲᠠᠪᠤ︶ ︿12312﹀ ᠤᠳᠠᠰᠤ ᠪᠠᠷ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠢᠯᠡᠴᠢᠯᠡᠨ | ᠮᠡᠳᠡᠭᠦᠯᠵᠦ ᠵᠠᠭᠠᠯᠳᠣᠬᠤ ᠦᠢᠯᠡᠴᠢᠯᠡᠭᠡᠨ ᠤ ᠲᠥᠪ ᠲᠤ ᠵᠠᠭᠠᠯᠳᠤᠵᠤ ᠪᠣᠯᠤᠨ᠎ᠠ᠃ |