ᠭᠤᠶᠤᠴᠢᠯᠠᠯ ᠤᠨ ᠪᠢᠴᠢᠭ ᠪᠠ ᠲᠤᠰᠬᠠᠶ ᠠᠰᠢᠭ ᠤᠨ ᠡᠷᠬᠡ ᠳᠤ ᠬᠤᠯᠪᠣᠭᠳᠠᠭᠰᠠᠨ ᠲᠤᠰᠬᠠᠶ ᠠᠰᠢᠭ ᠤᠨ ᠦᠨᠡᠮᠯᠡᠯ | ᠵᠢᠴᠢ ᠲᠡᠭᠦᠨ ᠤ ᠪᠠᠭᠤᠯᠭᠠᠪᠤᠷᠢ ᠶᠢ ᠲᠤᠰᠢᠶᠠᠬᠤ ᠬᠡᠷᠡᠭᠲᠡᠶ᠂ ᠲᠡᠷᠡᠴᠢᠯᠡᠨ ᠭᠤᠶᠤᠴᠢᠯᠠᠯ ᠤᠨ ᠪᠢᠴᠢᠭ ᠤᠨ ᠲᠡᠭᠠᠯᠳᠠ | ᠳᠡᠪᠲᠡᠷ ᠶᠢ ᠭᠤᠶᠤᠴᠢᠯᠠᠭᠳᠠᠭᠰᠠᠨ ᠬᠥᠮᠦᠨ ᠳᠤ ᠲᠤᠭ᠎ᠠ ᠶᠣᠰᠣᠭᠠᠷ ᠬᠠᠩᠭᠠᠬᠤ ᠬᠡᠷᠡᠭᠲᠡᠶ᠃ ᠬᠤᠯᠪᠣᠭᠳᠠᠯ ᠪᠦᠬᠦᠢ ᠭᠡᠷᠡᠴᠢ | ᠪᠠᠷᠢᠮᠲᠠ ᠪᠠ ᠭᠡᠷᠡᠴᠢ ᠮᠠᠲ᠋ᠧᠷᠢᠶᠠᠯ ᠢ ᠭᠤᠶᠤᠴᠢᠯᠠᠯ ᠤᠨ ᠪᠢᠴᠢᠭ ᠳᠠᠭᠠᠯᠳᠤᠭᠤᠯᠤᠭᠰᠠᠨ ᠵᠦᠢᠯ ᠤᠨ ᠬᠡᠯᠪᠡᠷᠢ ᠪᠠᠷ | ᠳᠡᠪᠰᠢᠭᠦᠯᠵᠦ᠂ ᠭᠤᠶᠤᠴᠢᠯᠠᠯ ᠤᠨ ᠪᠢᠴᠢᠭ ᠪᠠ ᠳᠡᠭᠡᠷ᠎ᠡ ᠭᠤᠶᠤᠴᠢᠯᠠᠭᠴᠢ ᠭᠠᠷ ᠤᠨ ᠦᠰᠦᠭ ᠵᠢᠷᠤᠬᠤ ᠪᠤᠶᠤ ᠲᠠᠮᠠᠭ᠎ᠠ ᠪᠠᠨ | ᠳᠠᠷᠤᠬᠤ ᠬᠡᠷᠡᠭᠲᠡᠶ᠃ ᠲᠤᠰᠬᠠᠶ ᠠᠰᠢᠭ ᠤᠨ ᠡᠷᠬᠡ ᠳᠤ ᠬᠠᠯᠳᠠᠭᠰᠠᠨ ᠵᠢᠭᠤᠷᠠᠯᠳᠤᠭᠠᠨ ᠨᠢ ᠰᠢᠨ᠎ᠡ ᠦᠢᠯᠡᠳᠬᠦᠨ ᠦᠢᠯᠡᠳᠬᠦ | ᠠᠷᠭ᠎ᠠ ᠶᠢᠨ ᠡᠭᠦᠳᠦᠯᠲᠡ ᠶᠢᠨ ᠲᠤᠰᠬᠠᠶ ᠠᠰᠢᠭ ᠲᠤ ᠬᠤᠯᠪᠣᠭᠳᠠᠭᠰᠠᠨ ᠪᠠᠶᠢᠪᠠᠯ᠂ ᠠᠳᠠᠯᠢᠬᠠᠨ ᠦᠢᠯᠡᠳᠬᠦᠨ ᠦᠢᠯᠡᠳᠴᠦ | ᠪᠠᠶᠢᠭᠰᠠᠨ ᠨᠢᠭᠡᠴᠡ ᠪᠤᠶᠤ ᠬᠤᠪᠢ ᠬᠥᠮᠦᠨ ᠨᠢ ᠲᠡᠭᠦᠨ ᠤ ᠦᠢᠯᠡᠳᠬᠦᠨ ᠦᠢᠯᠡᠳᠬᠦ ᠠᠷᠭ᠎ᠠ ᠶᠢᠨ ᠢᠶᠠᠨ ᠲᠤᠰᠬᠠᠶ ᠠᠰᠢᠭ ᠤᠨ | ᠠᠷᠭ᠎ᠠ ᠠᠴᠠ ᠢᠯᠭᠠᠭᠳᠠᠬᠤ ᠭᠡᠷᠡᠴᠢ ᠶᠢ ᠬᠠᠩᠭᠠᠬᠤ ᠬᠡᠷᠡᠭᠲᠡᠢ᠂ ᠬᠡᠷᠡᠭᠯᠡᠭᠡᠨ ᠤ ᠰᠢᠨ᠎ᠡ ᠬᠡᠯᠪᠡᠷᠢ ᠶᠢᠨ ᠲᠤᠰᠬᠠᠶ ᠠᠰᠢᠭ ᠲᠤ | ᠬᠤᠯᠪᠣᠭᠳᠠᠭᠰᠠᠨ ᠪᠠᠶᠢᠪᠠᠯ᠂ ᠲᠤᠰᠬᠠᠶ ᠠᠰᠢᠭ ᠢ ᠬᠠᠮᠢᠶᠠᠷᠬᠤ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠲᠤᠰᠬᠠᠶ | ᠠᠰᠢᠭ ᠤᠨ ᠡᠷᠬᠡᠲᠦ ᠬᠥᠮᠦᠨ ᠠᠴᠠ ᠲᠥᠷᠥ ᠶᠢᠨ ᠶᠠᠪᠤᠳᠠᠯ ᠤᠨ ᠬᠤᠷᠢᠶᠠᠨ ᠤ ᠲᠤᠰᠬᠠᠶ ᠠᠰᠢᠭ ᠤᠨ ᠵᠠᠰᠠᠭ ᠵᠠᠬᠢᠷᠭᠠᠨ ᠤ | ᠰᠠᠯᠠᠭ᠎ᠠ ᠮᠥᠴᠢᠷ ᠤᠨ ᠭᠠᠷᠭᠠᠭᠰᠠᠨ ᠡᠷᠢᠵᠦ ᠬᠠᠷᠭᠤᠭᠤᠯᠤᠭᠰᠠᠨ ᠮᠡᠳᠡᠭᠦᠯᠦᠯᠲᠡ ᠭᠠᠷᠭᠠᠬᠤ ᠶᠢ ᠱᠠᠭᠠᠷᠳᠠᠵᠤ ᠪᠣᠯᠤᠨ᠎ᠠ᠃ |