ᠶᠠᠮᠠᠷ ᠶᠠᠮᠠᠷ ᠠᠵᠢᠯᠯᠠᠭ᠎ᠠ ᠪᠣᠯ ᠪᠤᠰᠤᠳ ᠤᠨ ᠲᠤᠰᠬᠠᠶ ᠠᠰᠢᠭ ᠢ ᠬᠠᠭᠤᠷᠮᠠᠭᠯᠠᠨ ᠬᠡᠷᠡᠭᠯᠡᠭᠰᠡᠨ ᠳᠤ ᠲᠣᠭᠠᠴᠠᠭᠳᠠᠬᠤ ᠪᠤᠢ︖
ᠵᠣᠬᠢᠶᠠᠭᠴᠢ᠄ 
      ︵ᠨᠢᠭᠡ︶ ᠵᠥᠪᠰᠢᠶᠡᠷᠡᠯ ᠣᠯᠤᠭᠰᠠᠨ ᠦᠭᠡᠢ ᠪᠠᠷ ᠲᠡᠭᠦᠨ ᠤ ᠦᠢᠯᠡᠳᠦᠭᠰᠡᠨ ᠪᠤᠶᠤ ᠪᠣᠷᠣᠯᠠᠭᠤᠯᠤᠭᠰᠠᠨ ᠦᠢᠯᠡᠳᠬᠦᠨ ᠢ ᠦᠢᠯᠡᠳᠬᠦᠨ ᠤ ᠪᠣᠭᠤᠳᠠᠯ ᠳᠡᠭᠡᠷ᠎ᠡ ᠪᠤᠰᠤᠳ ᠬᠥᠮᠦᠨ ᠤ ᠲᠤᠰᠬᠠᠶ ᠠᠰᠢᠭ ᠤᠨ ᠨᠣᠮᠧᠷ ᠬᠠᠳᠠᠬᠤ︔ ︵ ᠬᠤᠶᠠᠷ︶ ᠵᠥᠪᠰᠢᠶᠡᠷᠡᠯ ᠣᠯᠤᠭᠰᠠᠨ ᠦᠭᠡᠢ ᠪᠠᠷ ᠪᠤᠰᠤᠳ ᠤᠨ ᠵᠠᠷ ᠪᠤᠶᠤ ᠪᠤᠰᠤᠳ ᠤᠬᠠᠭᠤᠯᠭ᠎ᠠ ᠶᠢᠨ ᠮᠠᠲ᠋ᠧᠷᠢᠶᠠᠯ ᠳᠤ ᠪᠣᠰᠣᠳ ᠤᠨ ᠲᠤᠰᠬᠠᠶ ᠠᠰᠢᠭ ᠤᠨ ᠨᠣᠮᠧᠷ ᠢ ᠬᠡᠷᠡᠭᠯᠡᠵᠦ᠂ ᠬᠤᠯᠪᠣᠭᠳᠠᠭᠰᠠᠨ ᠮᠡᠷᠭᠡᠵᠢᠯ ᠨᠢ ᠪᠤᠰᠤᠳ ᠤᠨ ᠲᠤᠰᠬᠠᠶ ᠠᠰᠢᠭ ᠤᠨ ᠮᠡᠷᠭᠡᠵᠢᠯ ᠭᠡᠵᠦ ᠬᠦᠮᠦᠰ ᠲᠤ ᠠᠳᠡᠭᠦᠷᠡᠭᠳᠡᠬᠦ︔ ︵ᠭᠤᠷᠪᠠ︶ ᠵᠥᠪᠰᠢᠶᠡᠷᠡᠯ ᠢ ᠣᠯᠤᠭᠰᠠᠨ ᠦᠭᠡᠢ ᠪᠠᠷ ᠭᠡᠷ᠎ᠡ ᠳᠤ ᠪᠤᠰᠤᠳ ᠬᠥᠮᠦᠨ ᠤ ᠲᠤᠰᠬᠠᠶ ᠠᠰᠢᠭ ᠤᠨ ᠨᠣᠮᠧᠷ ᠢ ᠬᠡᠷᠡᠭᠯᠡᠭᠰᠡᠨ᠂ ᠭᠡᠷ᠎ᠡ ᠳᠤ ᠬᠤᠯᠪᠤᠭᠳᠠᠭᠰᠠᠨ ᠮᠡᠷᠭᠡᠵᠢᠯ ᠨᠢ ᠪᠤᠰᠤᠳ ᠤᠨ ᠲᠤᠰᠬᠠᠶ ᠠᠰᠢᠭ ᠤᠨ ᠮᠡᠷᠭᠡᠵᠢᠯ ᠭᠡᠵᠦ ᠬᠦᠮᠦᠰ ᠲᠤ ᠠᠳᠡᠭᠦᠷᠡᠭᠳᠡᠬᠦ︔ ︵ᠳᠥᠷᠪᠡ︶ ᠪᠤᠰᠤᠳ ᠬᠥᠮᠦᠨ ᠤ ᠲᠤᠰᠬᠠᠶ ᠠᠰᠢᠭ ᠤᠨ ᠦᠨᠡᠮᠯᠡᠯ ᠂ ᠲᠤᠰᠬᠠᠶ ᠠᠰᠢᠭ ᠤᠨ ᠪᠢᠴᠢᠭ ᠮᠠᠲ᠋ᠧᠷᠢᠶᠠᠯ ᠪᠤᠶᠤ ᠲᠤᠰᠬᠠᠶ ᠠᠰᠢᠭ ᠭᠤᠶᠤᠴᠢᠯᠠᠬᠤ ᠪᠢᠴᠢᠭ ᠮᠠᠲ᠋ᠧᠷᠢᠶᠠᠯ ᠢ ᠬᠠᠭᠤᠷᠮᠠᠭᠯᠠᠨ ᠵᠣᠬᠢᠶᠠᠭᠰᠠᠨ ᠪᠤᠶᠤ ᠬᠤᠪᠢᠷᠠᠭᠤᠯᠤᠨ ᠵᠣᠬᠢᠶᠠᠭᠰᠠᠨ᠃
 
ᠢᠷᠡᠯᠲᠡ᠄ ᠲᠤᠰ ᠰᠦᠯᠵᠢᠶ᠎ᠡ
ᠨᠠᠶᠢᠷᠠᠭᠤᠯᠤᠭᠴᠢ᠄ ᠭᠤᠸᠠᠨ ᠴᠠᠩ ᠰᠢ
ᠣᠷᠴᠢᠭᠤᠯᠤᠭᠴᠢ᠄
   
ᠬᠤᠯᠪᠣᠭᠳᠠᠯ ᠪᠦᠬᠦᠢ ᠠᠭᠤᠯᠭ᠎ᠠ ᠶᠢᠨ ᠭᠠᠷᠴᠠᠭ
 
2014-2016 © ᠬᠠᠷᠢᠯᠴᠠᠬᠤ ᠤᠲᠠᠰᠤ᠄ 0471-6280741 ᠢᠮᠧᠯ᠄ nmgbute@163.com
ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠤᠷᠢᠭᠯᠠᠨ᠎ᠠ᠃
︽ᠬᠡᠷᠡᠭᠯᠡᠭᠡᠨ ᠤ ᠮᠡᠷᠭᠡᠵᠢᠯ ᠤᠨ ᠮᠤᠩᠭᠤᠯ ᠰᠦᠯᠵᠢᠶᠡᠨ ᠤ ᠬᠥᠯᠭᠡ︾ ᠦᠮᠴᠢᠯᠡᠯ ᠲᠠᠢ︕