ᠪᠤᠰᠤᠳ ᠤᠨ ᠲᠤᠰᠬᠠᠶ ᠠᠰᠢᠭ ᠢ ᠬᠠᠭᠤᠷᠮᠠᠭᠯᠠᠨ ᠬᠡᠷᠡᠭᠯᠡᠭᠰᠡᠨ ᠪᠤᠶᠤ ᠬᠠᠭᠤᠷᠮᠠᠭᠯᠠᠨ ᠣᠷᠣᠯᠠᠭᠤᠯᠤᠭᠰᠠᠨ ᠦᠢᠯᠡ ᠠᠵᠢᠯᠯᠠᠭ᠎ᠠ ᠨᠢ ᠶᠠᠮᠠᠷ ᠬᠠᠤᠯᠢ ᠶᠢᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ ᠪᠤᠢ︖
ᠵᠣᠬᠢᠶᠠᠭᠴᠢ᠄ 
      ᠪᠤᠰᠤᠳ ᠤᠨ ᠲᠤᠰᠬᠠᠶ ᠠᠰᠢᠭ ᠢ ᠬᠠᠭᠤᠷᠮᠠᠭᠯᠠᠨ ᠬᠡᠷᠡᠭᠯᠡᠭᠰᠡᠨ ᠪᠠᠶᠢᠪᠠᠯ ᠬᠠᠤᠯᠢ ᠶᠣᠰᠣᠭᠠᠷ ᠢᠷᠭᠡᠨ ᠤ ᠬᠡᠷᠡᠭ ᠤᠨ ᠬᠠᠷᠢᠭᠤᠴᠠᠯᠭ᠎ᠠ ᠶᠢ ᠡᠭᠦᠷᠭᠡᠯᠡᠭᠦᠯᠬᠦ ᠠᠴᠠ ᠭᠠᠳᠠᠨ᠎ᠠ᠂ ᠲᠤᠰᠬᠠᠶ ᠠᠰᠢᠭ ᠤᠨ ᠠᠵᠢᠯ ᠢ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠵᠠᠯᠠᠷᠠᠭᠤᠯᠬᠤ ᠶᠢᠨ ᠬᠠᠮᠲᠤ ᠵᠠᠷᠯᠠᠨ ᠨᠡᠶᠢᠲᠡᠯᠡᠵᠦ᠂ ᠬᠠᠤᠯᠢ ᠠᠴᠠ ᠵᠥᠷᠢᠴᠡᠵᠦ ᠣᠯᠤᠭᠰᠠᠨ ᠣᠯᠵᠠ ᠠᠰᠢᠭ ᠢ ᠨᠢ ᠬᠤᠷᠢᠶᠠᠨ ᠠᠪᠴᠤ᠂ ᠬᠠᠤᠯᠢ ᠪᠤᠰᠤ ᠣᠯᠵᠠᠪᠤᠷᠢ ᠶᠢᠨ ᠭᠤᠷᠪᠠᠨ ᠳᠠᠬᠢᠨ ᠠᠴᠠ ᠳᠤᠷᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠭᠡᠵᠦ ᠪᠣᠯᠤᠨ᠎ᠠ᠃ ᠬᠠᠤᠯᠢ ᠪᠤᠰᠤ ᠣᠷᠣᠯᠭ᠎ᠠ ᠣᠯᠤᠭᠰᠠᠨ ᠦᠭᠡᠶ ᠪᠣᠯ ᠲᠠᠪᠤᠨ ᠲᠦᠮᠡᠨ ᠲᠥᠭᠦᠷᠢᠭ ᠠᠴᠠ ᠳᠤᠷᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠭᠡᠨ᠎ᠡ᠃ ᠶᠠᠯ᠎ᠠ ᠬᠢᠬᠦ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠲᠤᠰᠬᠠᠶ ᠠᠰᠢᠭ ᠤᠨ ᠪᠤᠰᠤ ᠦᠢᠯᠡᠳᠬᠦᠨ ᠢ ᠲᠤᠰᠬᠠᠶ ᠠᠰᠢᠭ ᠤᠨ ᠦᠢᠯᠡᠳᠬᠦᠨ ᠪᠣᠯᠭᠠᠨ ᠬᠠᠭᠤᠷᠮᠠᠭᠯᠠᠵᠤ᠂ ᠪᠣᠯᠭᠠᠭᠰᠠᠨ ᠲᠤᠰᠬᠠᠶ ᠠᠰᠢᠭ ᠤᠨ ᠪᠤᠰᠤ ᠠᠷᠭ᠎ᠠ ᠪᠠᠷ ᠲᠤᠰᠬᠠᠶ ᠠᠰᠢᠭ ᠤᠨ ᠠᠷᠭ᠎ᠠ ᠪᠣᠯᠭᠠᠨ ᠬᠠᠭᠤᠷᠮᠠᠭᠯᠠᠭᠰᠠᠨ ᠪᠣᠯ᠂ ᠲᠤᠰᠬᠠᠶ ᠠᠰᠢᠭ ᠤᠨ ᠠᠵᠢᠯ ᠢ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠵᠠᠯᠠᠷᠠᠭᠤᠯᠬᠤ ᠶᠢᠨ ᠬᠠᠮᠲᠤ ᠵᠠᠷᠯᠠᠨ ᠨᠡᠶᠢᠲᠡᠯᠡᠵᠦ᠂ ᠲᠠᠪᠤᠨ ᠲᠦᠮᠡᠨ ᠲᠥᠭᠦᠷᠢᠭ ᠠᠴᠠ ᠳᠤᠷᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠭᠡᠨ᠎ᠡ  ᠃
 
ᠢᠷᠡᠯᠲᠡ᠄ ᠲᠤᠰ ᠰᠦᠯᠵᠢᠶ᠎ᠡ
ᠨᠠᠶᠢᠷᠠᠭᠤᠯᠤᠭᠴᠢ᠄ ᠭᠤᠸᠠᠨ ᠴᠠᠩ ᠰᠢ
ᠣᠷᠴᠢᠭᠤᠯᠤᠭᠴᠢ᠄
   
ᠬᠤᠯᠪᠣᠭᠳᠠᠯ ᠪᠦᠬᠦᠢ ᠠᠭᠤᠯᠭ᠎ᠠ ᠶᠢᠨ ᠭᠠᠷᠴᠠᠭ
 
2014-2016 © ᠬᠠᠷᠢᠯᠴᠠᠬᠤ ᠤᠲᠠᠰᠤ᠄ 0471-6280741 ᠢᠮᠧᠯ᠄ nmgbute@163.com
ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠤᠷᠢᠭᠯᠠᠨ᠎ᠠ᠃
︽ᠬᠡᠷᠡᠭᠯᠡᠭᠡᠨ ᠤ ᠮᠡᠷᠭᠡᠵᠢᠯ ᠤᠨ ᠮᠤᠩᠭᠤᠯ ᠰᠦᠯᠵᠢᠶᠡᠨ ᠤ ᠬᠥᠯᠭᠡ︾ ᠦᠮᠴᠢᠯᠡᠯ ᠲᠠᠢ︕