ᠶᠠᠮᠠᠷ ᠪᠠᠶᠢᠳᠠᠯ ᠤᠨ ᠳᠣᠣᠷ᠎ᠠ ᠡᠭᠦᠳᠦᠯᠲᠡ ᠶᠢᠨ ᠲᠤᠰᠬᠠᠶ ᠠᠰᠢᠭ ᠪᠤᠶᠤ ᠬᠡᠷᠡᠭᠯᠡᠭᠡᠨ ᠤ ᠰᠢᠨ᠎ᠡ ᠬᠡᠯᠪᠡᠷᠢ ᠶᠢᠨ ᠲᠤᠰᠬᠠᠶ ᠠᠰᠢᠭ ᠢ ᠬᠡᠷᠡᠭᠵᠢᠭᠦᠯᠬᠦ ᠠᠯᠪᠠᠳᠠᠯᠭ᠎ᠠ ᠶᠢᠨ ᠵᠥᠪᠰᠢᠶᠡᠷᠡᠯ ᠢ ᠭᠤᠶᠤᠴᠢᠯᠠᠵᠤ ᠪᠣᠯᠬᠤ ᠪᠤᠢ︖
ᠵᠣᠬᠢᠶᠠᠭᠴᠢ᠄ 
      ︵ᠨᠢᠭᠡ︶ ᠬᠡᠷᠡᠭᠵᠢᠭᠦᠯᠬᠦ ᠨᠥᠬᠦᠴᠡᠯ ᠢ ᠪᠦᠷᠢᠯᠳᠦᠭᠦᠯᠦᠭᠰᠡᠨ ᠨᠢᠭᠡᠴᠢ ᠨᠢ ᠵᠣᠬᠢᠰᠲᠠᠶ ᠨᠥᠬᠦᠴᠡᠯ ᠢᠶᠠᠷ ᠡᠭᠦᠳᠦᠯᠲᠡ ᠪᠤᠶᠤ ᠪᠣᠳᠠᠲᠤ ᠬᠡᠷᠡᠭᠴᠡᠭᠡᠲᠦ ᠰᠢᠨ᠎ᠡ ᠬᠡᠯᠪᠡᠷᠢ ᠶᠢᠨ ᠲᠤᠰᠬᠠᠶ ᠠᠰᠢᠭ ᠤᠨ ᠡᠷᠬᠡᠲᠦ ᠬᠥᠮᠦᠨ ᠤ ᠲᠤᠰᠬᠠᠶ ᠠᠰᠢᠭ ᠢ ᠬᠡᠷᠡᠭᠵᠢᠭᠦᠯᠬᠦ ᠵᠥᠪᠰᠢᠶᠡᠷᠡᠯ ᠢ ᠭᠤᠶᠤᠴᠢᠯᠠᠭᠰᠠᠨ ᠪᠠᠶᠢᠲᠠᠯ᠎ᠠ ᠵᠣᠬᠢᠬᠤ ᠬᠤᠭᠤᠴᠠᠭᠠᠨ ᠳᠣᠲᠣᠷ᠎ᠠ ᠡᠨᠡ ᠬᠦ ᠵᠥᠪᠰᠢᠶᠡᠷᠡᠯ ᠢ ᠣᠯᠤᠭᠰᠠᠨ ᠦᠭᠡᠢ ᠪᠣᠯ᠂ ︽ᠲᠤᠰᠬᠠᠶ ᠠᠰᠢᠭ ᠤᠨ ᠬᠠᠤᠯᠢ︾ ᠶᠢᠨ ᠳᠥᠴᠢᠨ ᠨᠠᠢᠮᠠᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠨ ᠡᠭᠦᠳᠦᠯᠲᠡ ᠶᠢᠨ ᠲᠤᠰᠬᠠᠶ ᠠᠰᠢᠭ ᠢ ᠬᠡᠷᠡᠭᠵᠢᠭᠦᠯᠬᠦ ᠪᠤᠶᠤ ᠪᠣᠳᠠᠲᠤ ᠬᠡᠷᠡᠭᠴᠡᠭᠡᠲᠦ ᠰᠢᠨ᠎ᠡ ᠬᠡᠯᠪᠡᠷᠢ ᠶᠢᠨ ᠲᠤᠰᠬᠠᠶ ᠠᠰᠢᠭ ᠢ ᠬᠡᠷᠡᠭᠵᠢᠭᠦᠯᠬᠦ ᠠᠯᠪᠠᠳᠠᠯᠭ᠎ᠠ ᠶᠢᠨ ᠵᠥᠪᠰᠢᠶᠡᠷᠡᠯ ᠥᠭᠬᠦ ᠶᠢ ᠭᠤᠶᠤᠴᠢᠯᠠᠵᠤ ᠪᠣᠯᠤᠨ᠎ᠠ᠃       ︵ᠬᠤᠶᠠᠷ︶ ᠲᠤᠰᠬᠠᠶ ᠠᠰᠢᠭ ᠤᠨ ᠡᠷᠬᠡ ᠣᠯᠤᠭᠰᠠᠨ ᠨᠢᠭᠡ ᠡᠭᠦᠳᠦᠯᠲᠡ ᠪᠤᠶᠤ ᠬᠡᠷᠡᠭᠯᠡᠭᠡᠨ ᠤ ᠰᠢᠨ᠎ᠡ ᠬᠡᠯᠪᠡᠷᠢ ᠨᠢ ᠨᠢᠭᠡᠨᠲᠡ ᠲᠤᠰᠬᠠᠶ ᠠᠰᠢᠭ ᠤᠨ ᠡᠷᠬᠡ ᠣᠯᠤᠭᠰᠠᠨ ᠤᠷᠢᠳᠤᠬᠢ ᠡᠭᠦᠳᠦᠯᠲᠡ ᠪᠤᠶᠤ ᠬᠡᠷᠡᠭᠯᠡᠭᠡᠨ ᠤ ᠰᠢᠨ᠎ᠡ ᠬᠡᠯᠪᠡᠷᠢ ᠠᠴᠠ ᠢᠯᠡᠳᠲᠡ ᠠᠵᠤ ᠠᠬᠤᠶ ᠶᠢᠨ ᠠᠴᠢ ᠬᠤᠯᠪᠣᠭᠳᠠᠯ ᠪᠦᠬᠦᠢ ᠴᠢᠬᠤᠯᠠ ᠶᠡᠭᠡ ᠮᠡᠷᠭᠡᠵᠢᠯ ᠤᠨ ᠲᠡᠪᠰᠢᠯᠳᠠ ᠲᠠᠢ᠂ ᠲᠡᠭᠦᠨ ᠤ ᠬᠡᠷᠡᠭᠵᠢᠭᠦᠯᠦᠯᠲᠡ ᠨᠢ ᠪᠠᠰᠠ ᠤᠷᠢᠳᠤᠬᠢ ᠨᠢᠭᠡ ᠡᠭᠦᠳᠦᠯᠲᠡ ᠪᠤᠶᠤ ᠬᠡᠷᠡᠭᠯᠡᠭᠡᠨ ᠤ ᠰᠢᠨ᠎ᠡ ᠬᠡᠯᠪᠡᠷᠢ ᠶᠢᠨ ᠬᠡᠷᠡᠭᠵᠢᠭᠦᠯᠦᠯᠲᠡ ᠳᠤ ᠲᠦᠰᠢᠭᠯᠡᠬᠦ ᠳᠤ ᠬᠦᠷᠪᠡᠯ᠂ ᠲᠤᠰ ᠲᠤᠰᠬᠠᠶ ᠠᠰᠢᠭ ᠤᠨ ᠡᠷᠬᠡᠲᠦ ᠬᠥᠮᠦᠨ ︽ᠲᠤᠰᠬᠠᠶ ᠠᠰᠢᠭ ᠤᠨ ᠬᠠᠤᠯᠢ︾ ᠶᠢᠨ ᠲᠠᠪᠢᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠨ ᠡᠮᠦᠨᠡᠬᠢ ᠨᠢᠭᠡ ᠲᠤᠰᠬᠠᠶ ᠠᠰᠢᠭ ᠢ ᠬᠡᠷᠡᠭᠵᠢᠭᠦᠯᠬᠦ ᠠᠯᠪᠠᠳᠠᠯᠭ᠎ᠠ ᠶᠢᠨ ᠵᠥᠪᠰᠢᠶᠡᠷᠡᠯ ᠥᠭᠭᠦ ᠶᠢ ᠭᠤᠶᠤᠴᠢᠯᠠᠵᠤ ᠪᠣᠯᠤᠨ᠎ᠠ᠂ ᠤᠷᠢᠳᠤᠬᠢ ᠲᠤᠰᠬᠠᠶ ᠠᠰᠢᠭ ᠤᠨ ᠡᠷᠬᠡ ᠲᠠᠢ ᠬᠥᠮᠦᠨ ᠴᠤ ᠬᠤᠢᠨᠠᠬᠢ ᠲᠤᠰᠬᠠᠶ ᠠᠰᠢᠭ ᠢ ᠬᠡᠷᠡᠭᠵᠢᠭᠦᠯᠬᠦ ᠠᠯᠪᠠᠳᠠᠯᠭ᠎ᠠ ᠶᠢᠨ ᠵᠥᠪᠰᠢᠶᠡᠷᠡᠯ ᠥᠭᠬᠦ ᠭᠤᠶᠤᠴᠢᠯᠠᠯ ᠭᠠᠷᠭᠠᠵᠤ ᠪᠣᠯᠤᠨ᠎ᠠ᠃       ︵ᠭᠤᠷᠪᠠ︶ ᠤᠯᠤᠰ ᠣᠷᠣᠨ ᠳᠤ ᠪᠠᠴᠢᠮ ᠪᠠᠶᠢᠳᠠᠯ ᠭᠠᠷᠤᠭᠰᠠᠨ ᠪᠤᠶᠤ ᠶᠡᠷᠦ ᠪᠤᠰᠤ ᠶᠢᠨ ᠪᠠᠶᠢᠳᠠᠯ ᠭᠠᠷᠤᠭᠰᠠᠨ ᠦᠶ᠎ᠡ ᠳᠤ᠂ ᠡᠰᠡᠬᠦᠯ᠎ᠡ ᠬᠠᠮᠲᠤ ᠨᠡᠶᠢᠲᠡ ᠶᠢᠨ ᠠᠰᠢᠭ ᠲᠤᠰᠠ ᠶᠢ ᠪᠣᠳᠣᠯᠬᠢᠯᠠᠬᠤ ᠵᠣᠷᠢᠯᠭ᠎ᠠ ᠪᠠᠷ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠨᠢ ︽ᠲᠤᠰᠬᠠᠶ ᠠᠰᠢᠭ ᠤᠨ ᠬᠠᠤᠯᠢ︾ ᠶᠢᠨ ᠳᠥᠴᠢ ᠶᠢᠰᠦᠳᠦᠭᠡᠷ ᠵᠦᠢᠯ ᠤᠨ ᠲᠣᠭᠲᠠᠭᠠᠯ ᠢ ᠦᠨᠳᠦᠰᠦᠯᠡᠨ ᠡᠭᠦᠳᠦᠯᠲᠡ ᠶᠢᠨ ᠲᠤᠰᠬᠠᠶ ᠠᠰᠢᠭ ᠢ ᠬᠡᠷᠡᠭᠵᠢᠭᠦᠯᠬᠦ ᠪᠤᠶᠤ ᠪᠣᠳᠠᠲᠤ ᠬᠡᠷᠡᠭᠴᠡᠭᠡᠲᠦ ᠰᠢᠨ᠎ᠡ ᠬᠡᠯᠪᠡᠷᠢ ᠶᠢᠨ ᠲᠤᠰᠬᠠᠶ ᠠᠰᠢᠭ ᠢ ᠬᠡᠷᠡᠭᠵᠢᠭᠦᠯᠬᠦ ᠠᠯᠪᠠᠳᠠᠯᠭ᠎ᠠ ᠶᠢᠨ ᠵᠥᠪᠰᠢᠶᠡᠷᠡᠯ ᠭᠤᠶᠤᠴᠢᠯᠠᠵᠤ ᠪᠤᠯᠤᠨ᠎ᠠ᠃
 
ᠢᠷᠡᠯᠲᠡ᠄ ᠲᠤᠰ ᠰᠦᠯᠵᠢᠶ᠎ᠡ
ᠨᠠᠶᠢᠷᠠᠭᠤᠯᠤᠭᠴᠢ᠄ ᠭᠤᠸᠠᠨ ᠴᠠᠩ ᠰᠢ
ᠣᠷᠴᠢᠭᠤᠯᠤᠭᠴᠢ᠄
   
ᠬᠤᠯᠪᠣᠭᠳᠠᠯ ᠪᠦᠬᠦᠢ ᠠᠭᠤᠯᠭ᠎ᠠ ᠶᠢᠨ ᠭᠠᠷᠴᠠᠭ
 
2014-2016 © ᠬᠠᠷᠢᠯᠴᠠᠬᠤ ᠤᠲᠠᠰᠤ᠄ 0471-6280741 ᠢᠮᠧᠯ᠄ nmgbute@163.com
ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠤᠷᠢᠭᠯᠠᠨ᠎ᠠ᠃
︽ᠬᠡᠷᠡᠭᠯᠡᠭᠡᠨ ᠤ ᠮᠡᠷᠭᠡᠵᠢᠯ ᠤᠨ ᠮᠤᠩᠭᠤᠯ ᠰᠦᠯᠵᠢᠶᠡᠨ ᠤ ᠬᠥᠯᠭᠡ︾ ᠦᠮᠴᠢᠯᠡᠯ ᠲᠠᠢ︕