ᠣᠳᠣ ᠦᠶ᠎ᠡ ᠶᠢᠨ ᠠᠳᠣᠭᠤᠨ ᠠᠵᠤ ᠦᠢᠯᠡᠰ ᠤᠨ ᠬᠦᠭᠵᠢᠯᠳᠡ ᠶᠢ ᠠᠬᠢᠭᠤᠯᠬᠤ ᠲᠣᠬᠠᠢ ᠦᠪᠣᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ ᠤᠳ
ᠵᠣᠬᠢᠶᠠᠭᠴᠢ᠄ 
ᠦᠪᠣᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ                                     ᠦᠪᠦᠷ ᠵᠠᠰᠠᠭ ᠲᠠᠷᠬᠠᠭᠠᠭᠰᠠᠨ ﹇2017﹈ 147 ᠳ᠋ᠤᠭᠠᠷ ᠲᠣᠭᠠᠲᠤ         ᠣᠳᠣ ᠦᠶ᠎ᠡ ᠶᠢᠨ ᠠᠳᠣᠭᠤᠨ ᠠᠵᠤ ᠦᠢᠯᠡᠰ ᠤᠨ ᠬᠦᠭᠵᠢᠯᠳᠡ ᠶᠢ ᠠᠬᠢᠭᠤᠯᠬᠤ ᠲᠣᠬᠠᠢ ᠦᠪᠣᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ ᠤᠳ                                                                                       ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ᠂ ᠦᠪᠡᠷᠲᠡᠭᠡᠨ ᠵᠠᠰᠠᠬᠤ ᠤᠷᠤᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ  ᠳᠤ᠄       ᠮᠠᠨ ᠤ ᠣᠷᠣᠨ ᠪᠣᠯ ᠠᠳᠣᠭᠤ ᠮᠠᠯᠵᠢᠭᠰᠠᠨ ᠦᠨᠢ ᠣᠳᠠᠭᠠᠨ ᠲᠡᠣᠬᠡ ᠲᠠᠢ᠂   ᠠᠳᠣᠭᠤᠨ ᠠᠵᠤ ᠦᠢᠯᠡᠰ ᠢᠶᠠᠷ ᠪᠦᠬᠦ ᠣᠯᠣᠰ ᠲᠤ   ᠴᠢᠬᠤᠯᠠ ᠪᠠᠶᠢᠷᠢ ᠶᠢ ᠡᠵᠡᠯᠡᠨ᠎ᠡ᠃ ᠣᠶᠢᠷ᠎ᠠ ᠶᠢᠨ ᠵᠢᠯ ᠳᠤ᠂ ᠣᠯᠣᠰ ᠤᠨ ᠲᠣᠲᠣᠭᠠᠳᠣ ᠳᠤ ᠣᠳᠣ ᠦᠶ᠎ᠡ ᠶᠢᠨ ᠠᠳᠣᠭᠤᠨ ᠠᠵᠤ ᠦᠢᠯᠡᠰ ᠠᠭᠠᠵᠢᠮ ᠢᠶᠠᠷ ᠦᠷᠨᠢᠵᠣ᠂ ᠭᠦᠭᠵᠢᠯᠳᠡ ᠰᠠᠶᠢᠲᠠᠢ ᠪᠣᠯᠵᠤ ᠪᠠᠶᠢᠨ᠎ᠠ᠃ ᠭᠡᠪᠡᠴᠣ ᠮᠠᠨ ᠤ ᠣᠷᠣᠨ ᠤ ᠣᠳᠣ ᠦᠶ᠎ᠡ ᠶᠢᠨ ᠠᠳᠣᠭᠤᠨ ᠠᠵᠤ ᠦᠢᠯᠡᠰ ᠤᠨ ᠬᠦᠭᠵᠢᠯᠳᠡ ᠬᠠᠷᠢᠴᠠᠩᠭᠤᠢ ᠣᠳᠠᠭᠠᠨ ᠪᠠᠶᠢᠵᠣ᠂ ᠡᠬᠢ ᠪᠠᠶᠠᠯᠢᠭ ᠤᠨ ᠳᠠᠪᠠᠭᠤᠯᠢᠭ ᠢᠶᠠᠨ ᠬᠦᠭᠵᠢᠯᠳᠡ ᠶᠢᠨ ᠳᠠᠪᠠᠭᠤᠯᠢᠭ ᠪᠣᠯᠭᠠᠨ ᠬᠤᠪᠢᠷᠭᠠᠵᠣ ᠴᠢᠳᠠᠭᠠᠳᠤᠢ ᠪᠠᠶᠢᠨ᠎ᠠ᠃ ᠮᠠᠨ ᠤ ᠣᠷᠣᠨ ᠤ ᠣᠳᠣ ᠦᠶ᠎ᠡ ᠶᠢᠨ ᠠᠳᠣᠭᠤᠨ ᠠᠵᠤ ᠦᠢᠯᠡᠰ ᠤᠨ ᠬᠦᠭᠵᠢᠯᠳᠡ ᠶᠢ ᠠᠬᠢᠭᠤᠯᠬᠤ ᠶᠢᠨ ᠲᠤᠰᠠᠳᠠ᠂ ᠲᠣᠣᠷᠠᠬᠢ ᠮᠡᠲᠦ ᠰᠠᠨᠠᠯ ᠢ ᠲᠣᠷᠠᠳᠪᠠ᠃       ᠨᠢᠭᠡ᠂ ᠠᠳᠣᠭᠤᠨ ᠤ ᠡᠭᠦᠯᠳᠡᠷ ᠤᠳᠤᠮ ᠢ ᠬᠠᠮᠠᠭᠠᠯᠠᠬᠤ ᠪᠠ ᠡᠭᠦᠯᠳᠡᠷ ᠰᠠᠶᠢᠵᠢᠷᠠᠭᠤᠯᠤᠨ ᠦᠷᠡᠵᠢᠭᠦᠯᠬᠦ ᠶᠢ ᠴᠢᠩᠭᠠᠳᠬᠠᠨ᠎ᠠ       ︵ᠨᠢᠭᠡ︶ ᠮᠣᠩᠭᠤᠯ ᠠᠳᠣᠭᠤ ᠵᠡᠷᠭᠡ ᠨᠣᠲᠤᠭ ᠤᠨ ᠡᠭᠦᠯᠳᠡᠷ ᠤᠳᠤᠮ ᠤᠨ ᠡᠬᠢ ᠪᠠᠶᠠᠯᠢᠭ ᠤᠨ ᠬᠠᠮᠠᠭᠠᠯᠠᠯᠳᠠ ᠶᠢ ᠴᠢᠩᠭᠠᠳᠬᠠᠨ᠎ᠠ᠃ ᠮᠣᠩᠭᠤᠯ ᠠᠳᠣᠭᠤ ᠵᠡᠷᠭᠡ ᠨᠣᠲᠤᠭ ᠤᠨ ᠡᠭᠦᠯᠳᠡᠷ ᠤᠳᠤᠮ ᠢ ᠬᠠᠮᠠᠭᠠᠯᠠᠬᠤ ᠢᠨᠵᠧᠨᠧᠷᠢᠩ ᠢ ᠡᠬᠢᠯᠡᠭᠦᠯᠵᠦ᠂ ᠡᠭᠦᠯᠳᠡᠷ ᠤᠳᠤᠮ ᠤᠨ ᠡᠬᠢ ᠪᠠᠶᠠᠯᠢᠭ ᠲᠤ ᠪᠦᠬᠦ ᠲᠠᠯ᠎ᠠ ᠪᠠᠷ ᠨᠡᠶᠢᠳᠡᠮ ᠪᠠᠶᠢᠴᠠᠭᠠᠯᠳᠠ ᠬᠢᠵᠣ᠂ ᠣᠯᠠᠨ ᠤᠯᠤᠰ ᠤᠨ ᠪᠠᠷᠢᠮᠵᠢᠶ᠎ᠠ ᠶᠣᠰᠣᠭᠠᠷ ᠠᠳᠣᠭᠤᠨ ᠤ ᠡᠭᠦᠯᠳᠡᠷ ᠤᠳᠤᠮ ᠢ ᠳᠠᠩᠰᠠᠯᠠᠨ ᠲᠡᠮᠳᠡᠭᠯᠡᠵᠦ ᠬᠠᠮᠢᠶᠠᠷᠬᠤ ᠳᠦᠷᠢᠮ ᠢ ᠲᠣᠭᠲᠠᠭᠠᠵᠤ ᠪᠦᠷᠢᠨᠰᠢᠭᠦᠯᠦᠨ᠎ᠡ᠃ ᠮᠣᠩᠭᠤᠯ ᠠᠳᠣᠭᠤ ᠵᠡᠷᠭᠡ ᠨᠣᠲᠤᠭ ᠤᠨ ᠡᠭᠦᠯᠳᠡᠷ ᠤᠳᠤᠮ ᠲᠥᠪᠯᠡᠷᠡᠩᠭᠦᠢ ᠪᠠᠶᠢᠭ᠎ᠠ ᠭᠠᠵᠠᠷ ᠲᠤ ᠡᠭᠦᠯᠳᠡᠷ ᠤᠳᠤᠮ ᠬᠠᠮᠠᠭᠠᠯᠠᠬᠤ ᠲᠠᠯᠠᠪᠠᠢ᠂ ᠬᠠᠮᠠᠭᠠᠯᠠᠬᠤ ᠣᠷᠣᠨ ᠪᠠᠶᠢᠭᠤᠯᠵᠤ ᠲᠡᠭᠦᠯᠳᠡᠷᠵᠢᠭᠦᠯᠬᠦ ᠶᠢᠨ ᠬᠠᠮᠲᠤ᠂ ᠭᠤᠣᠯᠳᠠᠯᠭᠠᠲᠤ ᠰᠦᠷᠦᠭ ᠢ ᠪᠠᠶᠢᠭᠤᠯᠵᠣ᠂ ᠴᠡᠪᠡᠷ ᠤᠳᠤᠮ ᠢᠶᠠᠷ ᠨᠢ ᠥᠰᠬᠡᠨ ᠪᠣᠶᠢᠵᠢᠭᠤᠯᠵᠣ ᠰᠠᠶᠢᠲᠤᠷ ᠦᠷᠡᠵᠢᠭᠦᠯᠬᠦ ᠠᠵᠢᠯ ᠢ ᠦᠷᠨᠢᠭᠦᠯᠦᠨ᠎ᠡ᠃ ᠮᠣᠩᠭᠤᠯ ᠠᠳᠣᠭᠤᠨ ᠤ ᠣᠳᠣᠮᠰᠢᠯ ᠤᠨ ᠡᠬᠢ ᠪᠠᠶᠠᠯᠢᠭ ᠢᠶᠠᠷ ᠭᠤᠣᠯ ᠪᠣᠯᠭᠠᠭᠰᠠᠨ ᠭᠧᠨ ᠤ ᠬᠦᠮᠦᠷᠭᠡ ᠶᠢ ᠪᠠᠶᠢᠭᠤᠯᠵᠣ᠂ ᠮᠣᠩᠭᠤᠯ ᠠᠳᠣᠭᠤ ᠵᠡᠷᠭᠡ ᠨᠣᠲᠤᠭ ᠤᠨ ᠡᠭᠦᠯᠳᠡᠷ ᠤᠳᠤᠮ ᠤᠨ ᠭᠧᠨ ᠤ ᠬᠡᠮᠵᠢᠯᠳᠡ ᠶᠢᠨ ᠵᠢᠭᠰᠠᠯ ᠭᠠᠷᠭᠠᠬᠤ᠂ ᠠᠳᠣᠭᠤᠨ ᠤ ᠤᠭᠰᠠᠭ᠎ᠠ ᠴᠢᠨᠠᠷ ᠢ ᠰᠢᠯᠭᠠᠨ ᠪᠠᠶᠢᠴᠠᠭᠠᠬᠤ ᠪᠠ ᠤᠳᠤᠮ ᠤᠭᠰᠠᠭ᠎ᠠ ᠶᠢ ᠨᠢ ᠮᠠᠭᠠᠳᠯᠠᠨ ᠲᠣᠭᠲᠠᠭᠠᠬᠤ ᠠᠵᠢᠯ ᠢ ᠦᠷᠨᠢᠭᠦᠯᠦᠨ᠎ᠡ᠃ ᠣᠯᠣᠰ ᠤᠨ ᠳᠡᠮᠵᠢᠯᠭᠡ ᠶᠢ ᠴᠢᠷᠮᠠᠶᠢᠨ ᠣᠯᠵᠣ᠂ ᠮᠣᠩᠭᠤᠯ ᠠᠳᠣᠭᠤᠨ ᠤ ᠡᠭᠦᠯᠳᠡᠷ ᠦᠷ᠎ᠡ ᠶᠢᠨ ᠡᠬᠢ ᠪᠠᠶᠠᠯᠢᠭ ᠤᠨ ᠮᠡᠳᠡᠭᠡ ᠵᠠᠩᠭᠢ ᠶᠢᠨ ᠬᠦᠮᠦᠷᠭᠡ ᠪᠠ ᠣᠳᠣᠮᠰᠢᠯ ᠤᠨ ᠡᠬᠢ ᠪᠠᠶᠠᠯᠢᠭ ᠤᠨ ᠬᠦᠳᠡᠯᠦᠩᠭᠦᠢ ᠬᠢᠨᠠᠨ ᠰᠢᠨᠵᠢᠵᠦ ᠰᠡᠷᠡᠮᠵᠢᠯᠡᠭᠦᠯᠬᠦ ᠰᠢᠰᠲ᠋ᠧᠮ ᠢ ᠪᠠᠶᠢᠭᠤᠯᠵᠣ᠂ ᠮᠠᠨ ᠤ ᠣᠷᠣᠨ ᠢᠶᠠᠨ ᠣᠯᠣᠰ ᠤᠨ ᠮᠣᠩᠭᠤᠯ ᠠᠳᠤᠭᠤ ᠵᠡᠷᠭᠡ ᠨᠣᠲᠤᠭ ᠤᠨ ᠡᠭᠦᠯᠳᠡᠷ ᠤᠳᠤᠮ ᠤᠨ ᠣᠳᠣᠮᠰᠢᠯ ᠤᠨ ᠡᠬᠢ ᠪᠠᠶᠠᠯᠢᠭ ᠢ ᠬᠠᠮᠠᠭᠠᠯᠠᠬᠤ ᠪᠠ ᠰᠤᠳᠤᠯᠬᠤ ᠲᠦᠪ ᠪᠣᠯᠭᠠᠨ᠎ᠠ᠃ ︵ᠦᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠣ ᠠᠬᠤᠢ ᠶᠢᠨ ᠲᠢᠩᠬᠢᠮ ᠲᠦᠷᠦᠭᠦᠯᠡᠨ᠂ ᠦᠪᠡᠷᠲᠡᠭᠡᠨ ᠵᠠᠰᠠᠬᠤ ᠣᠷᠣᠨ ᠤ ᠬᠦᠭᠵᠢᠭᠦᠯᠦᠯᠳᠡ ᠦᠭᠡᠷᠡᠴᠢᠯᠡᠯᠳᠡ ᠶᠢᠨ ᠵᠦᠪᠯᠡᠯ᠂ ᠰᠢᠨᠵᠢᠯᠡᠬᠦ ᠣᠬᠠᠭᠠᠨ ᠮᠡᠷᠭᠡᠵᠢᠯ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ ᠦᠪᠣᠷ ᠮᠣᠩᠭᠤᠯ ᠤᠨ ᠲᠠᠷᠢᠶᠠᠯᠠᠩ  ᠤᠨ ᠶᠡᠭᠡ ᠰᠣᠷᠭᠠᠭᠤᠯᠢ᠂   ᠬᠤᠯᠪᠤᠭᠳᠠᠯ ᠪᠦᠬᠦᠢ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠮᠵᠢᠯᠴᠠᠨ᠎ᠠ︶       ︵ᠬᠤᠶᠠᠷ︶ ᠠᠳᠣᠭᠤᠨ ᠤ ᠡᠭᠦᠯᠳᠡᠷ ᠤᠳᠤᠮ ᠢ ᠪᠣᠶᠢᠵᠢᠭᠤᠯᠬᠤ ᠪᠠ ᠴᠣᠯ ᠡᠭᠦᠯᠳᠡᠷ ᠢᠶᠠᠷ ᠦᠷᠡᠵᠢᠭᠦᠯᠬᠦ ᠶᠢ ᠲᠦᠷᠭᠡᠳᠭᠡᠨ᠎ᠡ᠃ ᠮᠠᠨ ᠤ ᠤᠷᠤᠨ ᠤ ᠠᠳᠤᠭᠤᠨ ᠤ ᠤᠳᠤᠮᠰᠢᠯ ᠤᠨ ᠡᠭᠦᠯᠳᠡᠷ ᠰᠠᠶᠢᠵᠢᠷᠠᠭᠤᠯᠬᠤ ᠲᠥᠯᠥᠪᠯᠡᠭᠡ ᠶᠢ ᠲᠣᠭᠲᠠᠭᠠᠵᠤ᠂ ᠠᠳᠣᠭᠤᠨ ᠤ ᠡᠭᠦᠯᠳᠡᠷ ᠤᠳᠤᠮ ᠢ ᠰᠠᠶᠢᠵᠢᠷᠠᠭᠤᠯᠬᠤ ᠴᠢᠭᠯᠡᠯ ᠢᠶᠠᠨ ᠰᠢᠨᠵᠢᠯᠡᠬᠦ ᠣᠬᠠᠭᠠᠨᠴᠢ ᠪᠠᠷ ᠲᠣᠭᠲᠠᠭᠠᠨ᠎ᠠ᠃ ᠨᠣᠲᠤᠭ ᠤᠨ ᠠᠳᠣᠭᠤᠨ ᠤ ᠰᠢᠯᠢᠳᠡᠭ ᠰᠠᠶᠢᠨ ᠳᠠᠪᠠᠭᠤᠯᠢᠭ ᠴᠢᠨᠠᠷ ᠢ ᠪᠠᠳᠠᠷᠠᠭᠤᠯᠣᠨ᠂ ᠠᠰᠢᠭ ᠭᠠᠷᠤᠯᠲᠠ ᠶᠢᠨ ᠠᠳᠣᠭᠤ᠂ ᠣᠷᠣᠯᠳᠣᠭᠠᠨ ᠤ ᠮᠣᠷᠢ᠂ ᠵᠤᠭᠠᠴᠠᠯ ᠤᠨ ᠤᠨᠤᠭᠠᠷᠠᠢ᠂ ᠶᠣᠰᠣᠯᠠᠯ ᠤᠨ ᠤᠨᠤᠭᠠᠷᠠᠢ᠂ ᠭᠠᠩᠭᠠᠡᠭ ᠵᠢᠰᠦᠮᠲᠡᠢ ᠠᠳᠣᠭᠤ ᠵᠡᠷᠭᠡ ᠶᠢ ᠲᠣᠰᠬᠠᠶᠢᠵᠢᠭᠰᠠᠨ ᠰᠢᠨ᠎ᠡ ᠣᠳᠤᠮ ᠤᠭᠰᠠᠭᠠᠨ ᠤ ᠬᠠᠨᠳᠤᠯᠭ᠎ᠠ ᠲᠠᠢ ᠪᠠᠷ ᠦᠷᠡᠵᠢᠭᠦᠯᠵᠦ ᠪᠣᠶᠢᠵᠢᠭᠤᠯᠣᠨ᠎ᠠ᠃ ᠠᠳᠣᠭᠤ ᠮᠠᠯᠵᠢᠵᠤ ᠪᠠᠶᠢᠭ᠎ᠠ ᠲᠣᠮᠣ ᠡᠷᠦᠭᠡ᠂ ᠲᠤᠰᠬᠠᠢ ᠬᠤᠷᠰᠢᠶᠠᠵᠢᠯ᠂ ᠠᠳᠣᠭᠤᠨ ᠠᠵᠤ ᠦᠢᠯᠡᠰ ᠤᠨ ᠬᠥᠲᠥᠴᠢ ᠠᠵᠣ ᠠᠬᠤᠶᠢᠯᠠᠯ ᠵᠡᠷᠭᠡ ᠶᠢ ᠵᠣᠷᠢᠭᠵᠢᠭᠤᠯᠣᠨ ᠳᠡᠮᠵᠢᠵᠣ ᠪᠠᠶᠢᠭᠠᠳ ᠭᠠᠳᠠᠭᠠᠲᠣ ᠠᠴᠠ ᠲᠤᠰᠬᠠᠢ ᠬᠡᠷᠡᠭᠯᠡᠭᠡᠨ ᠤ ᠰᠢᠯᠢᠳᠡᠭ ᠰᠠᠶᠢᠨ ᠡᠭᠦᠯᠳᠡᠷ ᠤᠳᠤᠮ ᠢ ᠣᠷᠣᠭᠤᠯᠵᠣ ᠠᠪᠴᠢᠷᠠᠨ ᠴᠡᠪᠡᠷ ᠤᠳᠤᠮ ᠢᠶᠠᠷ ᠦᠷᠡᠵᠢᠭᠦᠯᠬᠦ ᠪᠠ ᠡᠭᠦᠯᠳᠡᠷ ᠰᠠᠶᠢᠵᠢᠷᠠᠭᠤᠯᠬᠤ ᠠᠵᠢᠯ ᠢ ᠦᠷᠨᠢᠭᠦᠯᠵᠤ᠂ ᠤᠳᠤᠮ ᠰᠠᠶᠢᠲᠠᠢ ᠠᠳᠣᠭᠤ ᠶᠢ ᠤᠷᠤᠨ ᠨᠤᠲᠤᠭᠴᠢᠯᠠᠬᠤ ᠬᠠᠷᠠᠯᠲᠠ ᠶᠢ ᠪᠡᠶᠡᠯᠡᠭᠦᠯᠦᠨ᠎ᠡ᠃ ᠮᠣᠩᠭᠤᠯ ᠠᠳᠣᠭᠤ ᠵᠡᠷᠭᠡ ᠨᠣᠲᠤᠭ ᠤᠨ ᠡᠭᠦᠯᠳᠡᠷ ᠤᠳᠤᠮ ᠤᠨ ᠭᠤᠣᠯ ᠭᠠᠷᠤᠯᠲᠠ ᠶᠢᠨ ᠣᠷᠣᠨ ᠪᠠ ᠨᠦᠬᠦᠴᠡᠯ ᠲᠠᠢ ᠴᠡᠪᠡᠷ   ᠤᠳᠤᠮ ᠤᠨ ᠠᠳᠣᠭᠤᠨ ᠤ ᠲᠠᠯᠠᠪᠠᠢ ᠳᠤ᠂ ᠰᠠᠶᠢᠨ ᠡᠭᠦᠯᠳᠡᠷ ᠦᠷᠡᠵᠢᠭᠦᠯᠦᠨ ᠪᠣᠶᠢᠵᠢᠭᠤᠯᠬᠤ ᠲᠠᠯᠠᠪᠠᠢ ᠶᠢ ᠪᠠᠶᠢᠭᠤᠯᠣᠨ ᠲᠡᠭᠦᠯᠳᠡᠷᠵᠢᠭᠦᠯᠵᠣ᠂ ᠰᠣᠩᠭᠤᠨ ᠪᠣᠶᠢᠵᠢᠭᠤᠯᠬᠤ ᠲᠦᠰᠦᠯ ᠢ ᠪᠦᠷᠢᠨᠰᠢᠭᠦᠯᠵᠣ᠂ ᠡᠭᠦᠯᠳᠡᠷ ᠪᠣᠶᠢᠵᠢᠭᠤᠯᠬᠤ ᠭᠤᠣᠯᠳᠠᠯᠭᠠᠲᠤ ᠰᠦᠷᠦᠭ ᠤᠨ ᠬᠡᠪᠴᠢᠶ᠎ᠡ ᠶᠢ ᠦᠷᠭᠡᠳᠭᠡᠨ᠂ ᠰᠢᠯᠢᠳᠡᠭ ᠡᠭᠦᠯᠳᠡᠷ ᠤᠳᠤᠮ ᠤᠨ ᠦᠷ᠎ᠡ ᠬᠠᠩᠭᠠᠬᠤ ᠴᠢᠳᠠᠪᠤᠷᠢ ᠶᠢ ᠴᠢᠩᠭᠠᠷᠠᠭᠤᠯᠤᠨ᠎ᠠ᠃ ᠰᠠᠶᠢᠨ ᠡᠭᠦᠯᠳᠡᠷ ᠦᠷᠡᠵᠢᠭᠦᠯᠦᠨ ᠪᠣᠶᠢᠵᠢᠭᠤᠯᠬᠤ ᠲᠠᠯᠠᠪᠠᠢ ᠳᠤ ᠲᠦᠰᠢᠭᠯᠡᠨ᠂ ᠳᠤᠰᠠᠬᠠᠢ ᠬᠡᠷᠡᠭᠯᠡᠭᠡᠨ ᠤ ᠠᠳᠣᠭᠤᠨ ᠤ ᠴᠢᠳᠠᠪᠬᠢ ᠶᠢᠨ ᠰᠢᠨᠵᠢᠨ ᠲᠤᠷᠰᠢᠬᠤ ᠲᠦᠪ ᠢ ᠪᠠᠶᠢᠭᠤᠯᠵᠣ᠂ ᠡᠭᠦᠯᠳᠡᠷ ᠰᠤᠩᠭᠤᠵᠤ ᠪᠣᠶᠢᠵᠢᠭᠤᠯᠬᠤ   ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠠᠳᠣᠭᠤᠨ ᠤ ᠡᠭᠦᠯᠳᠡᠷ ᠰᠠᠶᠢᠵᠢᠷᠠᠭᠤᠯᠬᠤ ᠮᠡᠷᠭᠡᠵᠢᠯ ᠤᠨ ᠦᠢᠯᠡᠴᠢᠯᠡᠵᠦ ᠳᠡᠯᠭᠡᠷᠡᠭᠦᠯᠬᠦ ᠰᠢᠰᠲ᠋ᠧᠮᠵᠢ ᠶᠢ ᠪᠠᠶᠢᠭᠤᠯᠣᠨ ᠲᠡᠭᠦᠯᠳᠡᠷᠵᠢᠭᠦᠯᠦᠨ᠎ᠡ᠃ ᠡᠭᠦᠯᠳᠡᠷ ᠤᠨ ᠠᠳᠤᠭᠤ ᠶᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠬᠠᠮᠢᠶᠠᠷᠣᠯᠳᠠ ᠶᠢ ᠴᠢᠩᠭᠠᠳᠬᠠᠨ᠂ ᠣᠷᠣᠭᠤᠯᠵᠤ ᠠᠪᠴᠢᠷᠠᠭᠰᠠᠨ ᠡᠭᠦᠯᠳᠡᠷ ᠤᠨ ᠠᠳᠣᠭᠤᠨ ᠤ ᠦᠷᠡᠵᠢᠯ ᠤᠨ ᠴᠢᠳᠠᠪᠬᠢ ᠶᠢ ᠰᠢᠨᠵᠢᠯᠡᠬᠦ ᠣᠬᠠᠭᠠᠨᠴᠢ ᠪᠠᠷ ᠦᠨᠡᠯᠡᠵᠣ᠂ ᠤᠳᠤᠮ ᠮᠠᠭᠤᠲᠠᠢ ᠡᠭᠦᠯᠳᠡᠷ ᠤᠨ ᠠᠳᠣᠭᠤ ᠶᠢ ᠪᠠᠶᠢᠨ ᠳᠠᠬᠢᠨ ᠣᠷᠣᠭᠤᠯᠵᠤ ᠠᠪᠴᠢᠷᠠᠬᠤ ᠶᠢ ᠬᠤᠷᠢᠭᠯᠠᠨ᠎ᠠ᠃ ︵ᠦᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠣ ᠠᠬᠤᠢ ᠶᠢᠨ ᠲᠢᠩᠬᠢᠮ ᠲᠦᠷᠦᠭᠦᠯᠡᠨ᠂ ᠬᠤᠯᠪᠤᠭᠳᠠᠯ ᠪᠦᠬᠦᠢ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠦᠪᠣᠷ ᠮᠣᠩᠭᠤᠯ ᠤᠨ ᠲᠠᠷᠢᠶᠠᠯᠠᠩ ᠤᠨ ᠶᠡᠭᠡ ᠰᠣᠷᠭᠠᠭᠤᠯᠢ᠂ ᠬᠢᠯᠢ ᠪᠠᠷ ᠣᠷᠣᠭᠤᠯᠵᠤ ᠭᠠᠷᠭᠠᠬᠤ ᠶᠢᠨ ᠰᠢᠯᠭᠠᠨ ᠪᠠᠶᠢᠴᠠᠭᠠᠬᠤ   ᠬᠢᠵᠢᠭ ᠪᠠᠶᠢᠴᠠᠭᠠᠬᠤ ᠲᠣᠪᠴᠢᠶ᠎ᠠ ᠵᠡᠷᠭᠡ ᠨᠢᠭᠡᠴᠢ ᠬᠠᠮᠵᠢᠯᠴᠠᠨ᠎ᠠ︶         ᠬᠤᠶᠠᠷ᠂ ᠣᠳᠣ ᠦᠶ᠎ᠡ ᠶᠢᠨ ᠠᠳᠣᠭᠤᠨ ᠠᠵᠤ ᠦᠢᠯᠡᠰ ᠤᠨ ᠬᠦᠭᠵᠢᠯᠳᠡ ᠶᠢ ᠠᠬᠢᠭᠤᠯᠤᠨ᠎ᠠ         ︵ᠭᠤᠷᠪᠠ︶ ᠠᠳᠣᠭᠤᠨ ᠤ ᠠᠰᠢᠭ ᠰᠢᠮ᠎ᠡ ᠶᠢᠨ ᠡᠳ᠋ᠰᠢᠭᠦᠯᠬᠦ ᠦᠢᠯᠡᠰ ᠢ ᠲᠦᠷᠭᠡᠳᠭᠡᠨ ᠭᠦᠭᠵᠢᠭᠦᠯᠦᠨ᠎ᠡ᠃ ᠠᠳᠣᠭᠤᠨ ᠤ ᠠᠰᠢᠭ ᠰᠢᠮ᠎ᠡ  ᠶᠢ ᠦᠢᠯᠡᠳᠪᠣᠷᠢᠯᠡᠨ ᠡᠳ᠋ᠰᠢᠭᠦᠯᠭᠦ‍ ᠨᠢᠭᠡ ᠪᠦᠯᠦᠭ ᠬᠥᠲᠥᠴᠢ ᠠᠵᠣ ᠠᠬᠤᠶᠢᠯᠠᠯ ᠢ ᠳᠡᠮᠵᠢᠨ ᠪᠤᠶᠢᠵᠢᠭᠤᠯᠵᠤ᠂ ᠦᠨᠳᠣᠷ ᠳᠡᠰ ᠤᠨ ᠡᠷᠡᠭᠦᠯᠵᠢᠯ ᠰᠣᠪᠢᠯᠠᠯᠳᠠ ᠶᠢᠨ ᠠᠰᠢᠭ ᠰᠢᠮ᠎ᠡ ᠶᠢᠨ ᠰᠢᠷᠢᠰ ᠪᠦᠳᠦᠭᠡᠭᠳᠡᠭᠦᠨ ᠤ ᠰᠤᠳᠤᠯᠵᠤ ᠨᠡᠬᠡᠭᠡᠬᠦ ᠶᠢ ᠵᠣᠷᠢᠭᠵᠢᠭᠤᠯᠤᠨ ᠥᠷᠨᠢᠭᠦᠯᠵᠦ᠂ ᠠᠳᠣᠭᠤᠨ ᠤ ᠠᠰᠢᠭ ᠰᠢᠮ᠎ᠡ ᠶᠢ ᠢᠳᠡᠭᠡᠨ ᠳᠤ ᠬᠡᠷᠡᠭᠯᠡᠬᠦ᠂ ᠡᠮᠴᠢᠯᠡᠭᠡᠨ ᠳᠤ ᠬᠡᠷᠡᠭᠯᠡᠬᠦ ᠪᠠ ᠡᠷᠡᠭᠦᠯᠵᠢᠯ ᠤᠨ ᠦᠨ᠎ᠡ ᠦᠷᠲᠡᠭ ᠢ ᠨᠢ ᠬᠦᠢᠴᠡᠳ ᠠᠭᠤᠳᠠᠯᠯᠠᠨ᠂ ᠠᠳᠤᠭᠤᠨ ᠮᠢᠬ᠎ᠠ᠂ ᠴᠡᠭᠡ ᠣᠮᠳᠠᠭᠠᠨ ᠵᠡᠷᠭᠡ   ᠢᠳᠡᠭᠡᠨ ᠤᠮᠳᠠᠭᠠᠨ ᠤ ᠰᠢᠷᠢᠰ ᠪᠦᠲᠦᠭᠡᠭᠲᠡᠭᠦᠨ ᠢ ᠨᠡᠭᠡᠭᠡᠨ ᠬᠥᠭᠵᠢᠭᠦᠯᠵᠦ᠂ ᠴᠡᠭᠡ᠂ ᠠᠳᠤᠭᠤᠨ  ᠤ ᠶᠠᠰᠣᠨ ᠨᠣᠨᠳᠠᠭ᠂ ᠴᠢᠰᠣᠨ ᠴᠠᠶᠢᠪᠠᠩ ᠵᠡᠷᠭᠡ ᠠᠰᠢᠭ ᠰᠢᠮ᠎ᠡ ᠶᠢ ᠮᠣᠩᠭᠤᠯ ᠡᠮ ᠡᠮᠨᠡᠯᠭᠡ ᠶᠢᠨ ᠬᠦᠷᠢᠶᠡᠨ ᠳᠤ ᠬᠡᠷᠡᠭᠯᠡᠬᠦ ᠶᠢ ᠳᠡᠯᠭᠡᠷᠡᠭᠦᠯᠦᠨ᠂ ᠠᠵᠣ ᠦᠢᠯᠡᠰ ᠤᠨ ᠬᠡᠯᠬᠢᠶᠡᠰᠦ ᠶᠢ ᠣᠷᠲᠣᠳᠬᠠᠨ ᠨᠡᠮᠡᠯᠲᠡ ᠦᠷᠲᠡᠭ ᠢ ᠨᠢ ᠨᠡᠮᠡᠭᠳᠡᠭᠦᠯᠦᠨ᠎ᠡ᠃ ᠠᠳᠣᠭᠤᠨ ᠤ ᠠᠰᠢᠭ ᠰᠢᠮ᠎ᠡ ᠶᠢᠨ ᠡᠳ᠋ᠰᠢᠭᠦᠯᠭᠦ ᠮᠡᠷᠭᠡᠵᠢᠯ ᠤᠨ ᠪᠠᠷᠢᠮᠵᠢᠶ᠎ᠠ ᠶᠢ ᠲᠣᠭᠲᠠᠭᠠᠨ ᠲᠡᠭᠦᠯᠳᠡᠷᠵᠢᠭᠦᠯᠵᠣ᠂   ᠠᠳᠤᠭᠤᠨ ᠤ ᠠᠰᠢᠭ ᠰᠢᠮ᠎ᠡ ᠶᠢ ᠦᠢᠯᠡᠳᠪᠦᠷᠢᠯᠡᠬᠦ᠂ ᠡᠳ᠋ᠰᠢᠬᠦᠯᠭᠦ᠂ ᠪᠣᠷᠣᠯᠠᠭᠤᠯᠬᠤ ᠵᠡᠷᠭᠡ ᠭᠤᠭᠴᠤᠭ᠎ᠠ ᠳᠠᠬᠢ ᠮᠡᠷᠭᠡᠵᠢᠯ ᠤᠨ ᠵᠢᠯᠣᠭᠤᠳᠣᠯᠭ᠎ᠠ ᠪᠠ ᠬᠠᠮᠢᠶᠠᠷᠣᠯᠳᠠ ᠶᠢᠨ ᠦᠢᠯᠡᠴᠢᠯᠡᠭᠡ ᠶᠢ ᠰᠠᠶᠢᠲᠤᠷ ᠬᠢᠨ᠎ᠡ᠃ ᠡᠯ᠎ᠡ ᠠᠵᠢᠯ ᠲᠦᠷᠦᠯ ᠤᠨ ᠨᠡᠶᠢᠭᠡᠮᠯᠢᠭ᠂ ᠪᠦᠯᠬᠦᠮ ᠵᠢᠴᠢ ᠡᠵᠡᠩᠨᠡᠬᠦ ᠭᠤᠣᠯ ᠴᠣᠭᠴᠠ ᠶᠢᠨ ᠬᠢᠨ ᠠᠳᠣᠭᠤᠨ ᠤ ᠡᠭᠦᠯᠳᠡᠷ ᠤᠳᠤᠮ ᠵᠢᠴᠢ ᠬᠠᠮᠢᠶ᠎ᠠ ᠪᠦᠬᠦᠢ ᠠᠰᠢᠭ ᠰᠢᠮ᠎ᠡ ᠶᠢᠨ ᠭᠠᠵᠠᠷ ᠵᠦᠢ ᠶᠢᠨ ᠲᠡᠮᠳᠡᠭ ᠲᠠᠢ ᠲᠠᠸᠠᠷ ᠤᠨ ᠲᠡᠮᠳᠡᠭ ᠢ ᠭᠤᠶᠤᠴᠢᠯᠠᠨ ᠳᠠᠩᠰᠠᠯᠠᠭᠤᠯᠬᠤ᠂ ᠨᠡᠷᠡᠲᠣ ᠲᠠᠸᠠᠷ ᠤᠨ ᠲᠡᠮᠳᠡᠭ ᠢ ᠮᠠᠭᠠᠳᠯᠠᠨ ᠲᠣᠭᠳᠠᠭᠠᠯᠭᠠᠬᠤ ᠪᠠᠷ ᠭᠤᠶᠤᠴᠢᠯᠠᠬᠤ ᠶᠢ ᠵᠤᠷᠢᠭᠵᠢᠭᠤᠯᠤᠨ ᠳᠡᠮᠵᠢᠵᠦ᠂ ᠠᠯᠳᠠᠷᠲᠤ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠤᠨ᠎ᠠ᠃ ︵ᠦᠪᠡᠷᠲᠡᠭᠡᠨ ᠵᠠᠰᠠᠬᠤ ᠣᠷᠣᠨ ᠤ ᠠᠵᠣ ᠠᠬᠤᠢ ᠪᠠ ᠮᠡᠳᠡᠭᠡ ᠵᠠᠩᠭᠢᠵᠢᠯᠠᠯᠳᠠ ᠶᠢᠨ ᠵᠦᠪᠯᠡᠯ ᠲᠦᠷᠦᠭᠦᠯᠡᠨ᠂ ᠦᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠣᠬᠠᠭᠠᠨ ᠮᠡᠷᠭᠡᠵᠢᠯ ᠤᠨ ᠲᠢᠩᠬᠢᠮ᠂ ᠲᠠᠷᠢᠶᠠᠯᠠᠩ ᠮᠠᠯ ᠠᠵᠣ ᠠᠬᠤᠢ ᠶᠢᠨ ᠲᠢᠩᠬᠢᠮ᠂ ᠡᠷᠡᠭᠦᠯ ᠬᠠᠮᠠᠭᠠᠯᠠᠯ ᠲᠦᠯᠦᠪᠯᠡᠭᠡᠳᠣ ᠦᠷᠡᠵᠢᠯ ᠤᠨ ᠵᠦᠪᠯᠡᠯ᠂ ᠠᠵᠤ ᠦᠢᠯᠡᠳᠪᠣᠷᠢ ᠬᠤᠳᠠᠯᠳᠣᠭᠠᠨ ᠤ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶         ︵ᠳᠦᠷᠪᠡ︶ ᠤᠷᠤᠯᠳᠤᠭᠠᠨ ᠮᠣᠷᠢᠨ ᠤ ᠲᠠᠮᠢᠷ ᠤᠨ ᠠᠵᠤ ᠦᠢᠯᠡᠰ ᠢ ᠢᠳᠡᠪᠬᠢᠲᠡᠢ ᠭᠦᠭᠵᠢᠭᠦᠯᠦᠨ᠎ᠡ᠃ ᠣᠯᠠᠨ ᠣᠯᠣᠰ ᠤᠨ ᠪᠠᠷᠢᠮᠵᠢᠶ᠎ᠠ ᠪᠠᠷ ᠮᠣᠷᠢ ᠤᠷᠤᠯᠳᠤᠬᠤ ᠪᠠ ᠮᠣᠷᠢᠨ ᠮᠡᠷᠭᠡᠵᠢᠯ ᠦᠵᠡᠭᠦᠯᠬᠦ ᠠᠵᠢᠯᠯᠠᠭᠠᠨ ᠤ ᠲᠣᠮᠣ ᠬᠡᠪᠴᠢᠶᠡᠨ ᠤ ᠲᠠᠯᠠᠪᠤᠷ ᠭᠠᠵᠠᠷ ᠢ ᠥᠭᠡᠷᠡᠴᠢᠯᠡᠵᠦ ᠰᠢᠨᠡᠳᠬᠡᠨ ᠲᠡᠭᠦᠯᠳᠡᠷᠵᠢᠭᠦᠯᠵᠦ᠂ ᠣᠯᠣᠰ ᠤᠨ ᠳᠣᠲᠣᠭᠠᠳᠤᠬᠢ ᠲᠡᠷᠢᠭᠦᠨ ᠲᠡᠰ ᠤᠨ᠂ ᠣᠯᠠᠨ ᠤᠯᠤᠰ ᠤᠨ ᠳᠤᠷ᠎ᠠ ᠰᠣᠨᠢᠷᠬᠠᠯ ᠢ ᠲᠠᠲᠠᠭᠰᠠᠨ ᠨᠡᠷᠡᠲᠡᠢ ᠣᠷᠣᠯᠳᠣᠭᠠᠨ ᠢ ᠢᠳᠡᠪᠬᠢᠲᠡᠢ ᠡᠭᠦᠳᠦᠨ ᠪᠠᠶᠢᠭᠤᠯᠬᠤ ᠪᠠ ᠲᠠᠲᠠᠵᠤ ᠠᠪᠴᠢᠷᠠᠨ᠎ᠠ᠃ ᠦᠨᠳᠦᠰᠦᠲᠡᠨ ᠤ ᠣᠯᠠᠮᠵᠢᠯᠠᠯᠳᠣ ᠪᠡᠶ᠎ᠡ ᠶᠢᠨ ᠲᠠᠮᠢᠷ ᠤᠨ ᠣᠷᠣᠯᠳᠣᠭᠠᠨ ᠢ ᠰᠢᠨ᠎ᠡ ᠡᠭᠦᠳᠦᠯᠲᠡ  ᠲᠠᠢ ᠪᠠᠷ ᠬᠦᠭᠵᠢᠭᠦᠯᠵᠣ᠂ ᠮᠣᠷᠢ ᠤᠷᠤᠯᠳᠤᠭᠤᠯᠬᠤ ᠣᠯᠠᠨ ᠲᠦᠮᠡᠨᠴᠢ ᠴᠢᠨᠠᠷᠳᠡᠢ ᠲᠠᠮᠢᠷ ᠤᠨ ᠬᠦᠳᠡᠯᠭᠡᠭᠡᠨ ᠢ ᠳᠡᠮᠵᠢᠨ ᠵᠢᠷᠤᠮᠵᠢᠭᠤᠯᠤᠨ᠎ᠠ᠃ ᠤᠬᠠᠭᠤᠯᠤᠨ ᠳᠡᠯᠭᠡᠷᠡᠭᠦᠯᠬᠦ ᠡᠷᠴᠢᠮ ᠢᠶᠠᠨ ᠴᠢᠩᠭᠠᠯᠠᠵᠤ᠂ ᠠᠳᠣᠭᠤᠨ ᠠᠵᠤ ᠦᠢᠯᠡᠰ ᠤᠨ ᠦᠵᠡᠰᠭᠦᠯᠡᠩ ᠴᠤᠭᠯᠠᠭᠠᠨ ᠡᠷᠬᠢᠯᠡᠬᠦ ᠶᠢ ᠳᠡᠮᠵᠢᠵᠣ᠂ ᠠᠳᠣᠭᠤᠨ ᠰᠣᠶᠣᠯ ᠤᠨ ᠤᠷᠠᠯᠢᠭ ᠤᠨ ᠲᠣᠭᠯᠠᠯᠲᠠ ᠶᠢᠨ ᠠᠵᠤ ᠦᠢᠯᠡᠰ ᠢ ᠵᠣᠷᠢᠭᠵᠢᠭᠤᠯᠤᠨ ᠭᠦᠭᠵᠢᠭᠦᠯᠵᠦ᠂ ᠮᠣᠷᠢ ᠤᠷᠤᠯᠳᠤᠭᠤᠯᠬᠤ ᠲᠠᠮᠢᠷ ᠤᠨ ᠲᠠᠸᠠᠷᠵᠢᠭᠤᠯᠬᠤ ᠬᠢᠷᠢ ᠲᠦᠪᠰᠢᠨ ᠪᠠ ᠣᠯᠠᠨ ᠲᠦᠮᠡᠨ ᠤ ᠣᠷᠣᠯᠴᠠᠬᠤ ᠶᠢ ᠳᠡᠭᠡᠭᠰᠢᠯᠡᠭᠦᠯᠦᠨ᠎ᠡ᠃ ᠭᠤᠣᠯᠳᠠᠯᠭ᠎ᠠ ᠪᠣᠯᠬᠤ ᠠᠳᠣᠭᠤᠨ ᠠᠵᠤ ᠦᠢᠯᠡᠰ ᠤᠨ ᠠᠵᠣ ᠠᠬᠤᠶᠢᠯᠠᠯ ᠢ ᠵᠣᠷᠢᠭᠵᠢᠭᠤᠯᠣᠨ ᠳᠡᠮᠵᠢᠵᠦ ᠪᠠᠶᠢᠭᠠᠳ ᠣᠯᠣᠰ ᠤᠨ ᠳᠡᠰ ᠤᠨ ᠲᠠᠮᠢᠷ ᠤᠨ ᠠᠵᠤ ᠦᠢᠯᠡᠰ ᠤᠨ ᠵᠢᠱᠢᠶ᠎ᠡ ᠦᠵᠡᠭᠦᠯᠭᠦ ᠨᠢᠭᠡᠴᠢ ᠶᠢ ᠡᠭᠦᠳᠦᠨ ᠪᠠᠶᠢᠭᠤᠯᠤᠨ᠎ᠠ  ᠃ ︵ᠦᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠲᠦᠷᠦᠭᠦᠯᠡᠨ᠂ ᠦᠪᠡᠷᠲᠡᠭᠡᠨ ᠵᠠᠰᠠᠬᠤ ᠣᠷᠣᠨ ᠤ ᠰᠣᠶᠣᠯ ᠤᠨ ᠲᠢᠩᠬᠢᠮ᠂ ᠰᠣᠨᠢᠨ ᠮᠡᠳᠡᠭᠡ ᠬᠡᠪᠯᠡᠯ ᠷᠠᠳᠢᠣ᠋ ᠺᠢᠨᠤ᠋ ᠲᠧᠯᠸᠢᠰ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ   ᠬᠠᠷᠢᠭᠤᠴᠠᠨ᠎ᠠ︶         ︵ᠲᠠᠪᠤ︶ ᠠᠳᠣᠭᠤᠨ ᠠᠵᠤ ᠦᠢᠯᠡᠰ ᠢ ᠵᠢᠭᠤᠯᠴᠢᠯᠠᠯ ᠰᠡᠯᠡᠭᠦᠴᠡᠯ ᠤᠨ ᠠᠵᠤ ᠦᠢᠯᠡᠰ  ᠯᠦᠭᠡ ᠭᠦᠨᠵᠡᠭᠡᠢ ᠠᠭᠤᠰᠤᠯᠴᠠᠭᠤᠯᠬᠤ ᠶᠢ ᠠᠬᠢᠭᠤᠯᠣᠨ᠎ᠠ᠃ ᠵᠢᠭᠤᠯᠴᠢᠯᠠᠯ ᠤᠨ ᠠᠵᠤ ᠦᠢᠯᠡᠰ ᠤᠨ ᠬᠦᠭᠵᠢᠯᠳᠡ ᠲᠠᠢ ᠣᠶᠠᠯᠳᠣᠭᠤᠯᠣᠨ᠂ ᠠᠳᠣᠭᠤ ᠪᠠᠷ ᠡᠯᠧᠮᠧᠨ᠋ᠲ ᠪᠣᠯᠭᠠᠭᠰᠠᠨ ᠣᠯᠠᠨ ᠡᠰᠢᠵᠢᠭᠰᠡᠨ ᠰᠣᠶᠣᠯ ᠤᠨ ᠵᠢᠭᠤᠯᠴᠢᠯᠠᠯ ᠰᠡᠯᠡᠭᠦᠴᠡᠯ ᠤᠨ   ᠲᠥᠷᠥᠯ ᠵᠦᠢᠯ ᠢ ᠨᠡᠭᠡᠭᠡᠨ ᠬᠦᠭᠵᠢᠭᠦᠯᠦᠨ᠎ᠡ᠃ ᠨᠦᠬᠦᠴᠡᠯ ᠲᠠᠢ ᠭᠠᠵᠠᠷ ᠣᠷᠣᠨ ᠨᠤᠭᠤᠳ ᠢ ᠳᠡᠮᠵᠢᠵᠦ ᠪᠠᠶᠢᠭᠠᠳ ᠮᠣᠷᠢ ᠪᠠᠷ ᠰᠡᠯᠡᠭᠦᠴᠡᠨ ᠵᠤᠭᠠᠯᠠᠵᠤ ᠲᠣᠭᠤᠷᠢᠬᠤ ᠵᠠᠮ ᠢ ᠰᠦᠪᠡᠭᠴᠢᠯᠡᠨ ᠨᠡᠭᠡᠭᠡᠵᠦ᠂ ᠠᠳᠣᠭᠤᠨ ᠰᠣᠶᠣᠯ ᠤᠨ ᠵᠣᠭᠠᠴᠠᠯ ᠤᠨ ᠪᠡᠶᠡᠴᠢᠯᠡᠨ ᠣᠶᠢᠯᠠᠭᠠᠬᠤ ᠰᠠᠭᠤᠷᠢᠨ ᠭᠠᠵᠠᠷ ᠢ ᠪᠠᠶᠢᠷᠢᠯᠠᠭᠤᠯᠤᠨ ᠪᠠᠶᠢᠭᠤᠯᠣᠨ᠎ᠠ᠃ ᠬᠤᠲᠠ ᠶᠢᠨ ᠡᠷᠭᠢᠨ ᠲᠣᠭᠤᠷᠢᠨ ᠪᠣᠶᠣ ᠭᠤᠣᠯᠳᠠᠯᠭ᠎ᠠ ᠲᠠᠢ ᠵᠢᠭᠤᠯᠴᠢᠯᠠᠬᠤ ᠵᠠᠮ ᠱᠣᠭᠤᠮ ᠤᠨ ᠳᠠᠭᠠᠣ ᠪᠠᠷ ᠴᠢᠯᠦᠭᠡᠲᠡᠢ ᠨᠡᠭᠡᠭᠡᠬᠦ ᠠᠳᠣᠭᠤᠨ ᠤ ᠭᠤᠣᠯ ᠰᠡᠳᠣᠪᠳᠣ ᠴᠡᠴᠡᠷᠯᠢᠭ ᠵᠡᠷᠭᠡ ᠰᠡᠯᠡᠭᠦᠴᠡᠯ ᠵᠤᠭ᠎ᠠ ᠴᠡᠩᠭᠡᠯ ᠤᠨ ᠲᠠᠯᠠᠪᠤᠷ ᠭᠠᠵᠠᠷ ᠢ ᠪᠠᠶᠢᠭᠤᠯᠵᠣ᠂ ᠣᠯᠠᠨ ᠲᠦᠮᠡᠨ ᠳᠤ ᠣᠯᠠᠨ ᠡᠰᠢᠵᠢᠭᠰᠡᠨ ᠰᠡᠯᠡᠭᠦᠴᠡᠯ ᠵᠤᠭ᠎ᠠ ᠴᠡᠩᠭᠡᠯ ᠪᠠ ᠪᠡᠶ᠎ᠡ ᠴᠢᠬᠢᠷᠠᠭᠵᠢᠭᠤᠯᠬᠤ ᠠᠷᠭ᠎ᠠ ᠬᠡᠯᠪᠡᠷᠢ ᠣᠯᠭᠤᠨ᠎ᠠ᠃ ᠠᠵᠣ ᠠᠬᠤᠶᠢᠯᠠᠯ᠂ ᠮᠠᠯᠴᠢᠨ ᠲᠠᠷᠢᠶᠠᠴᠢᠳ ᠢ   ᠵᠤᠷᠢᠭᠵᠢᠭᠤᠯᠤᠨ ᠵᠢᠯᠤᠭᠤᠳᠴᠣ ᠪᠠᠶᠢᠭᠠᠳ ᠵᠢᠭᠤᠯᠴᠢᠯᠠᠬᠤ ᠦᠵᠡᠮᠵᠢ ᠶᠢᠨ ᠭᠠᠵᠠᠷ ᠲᠤ ᠬᠡᠭᠡᠷ᠎ᠡ ᠭᠠᠳᠠᠭ᠎ᠠ ᠮᠣᠷᠢ ᠪᠠᠷ ᠠᠶᠠᠯᠠᠬᠤ ᠵᠡᠷᠭᠡ ᠡᠵᠡᠩᠨᠡᠯᠳᠡ ᠶᠢᠨ ᠴᠢᠨᠠᠷᠲᠠᠢ ᠠᠵᠢᠯᠯᠠᠭ᠎ᠠ ᠦᠷᠨᠢᠭᠦᠯᠵᠦ᠂ ᠬᠡᠷᠡᠭᠯᠡᠭᠡ ᠶᠢᠨ ᠰᠢᠨ᠎ᠡ ᠬᠠᠯᠠᠮᠰᠢᠯ ᠢ ᠪᠣᠢ ᠪᠤᠯᠭᠠᠨ᠎ᠠ᠃ ︵ᠦᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠬᠥᠭᠵᠢᠭᠦᠯᠦᠯᠲᠡ ᠶᠢᠨ ᠵᠦᠪᠯᠡᠯ ᠲᠦᠷᠦᠭᠦᠯᠡᠨ᠂ ᠦᠪᠡᠷᠲᠡᠭᠡᠨ ᠵᠠᠰᠠᠬᠤ ᠣᠷᠣᠨ ᠤ ᠬᠦᠭᠵᠢᠭᠦᠯᠦᠯᠳᠡ ᠦᠭᠡᠷᠡᠴᠢᠯᠡᠯᠳᠡ ᠶᠢᠨ ᠵᠦᠪᠯᠡᠯ᠂ ᠰᠣᠶᠣᠯ ᠤᠨ ᠲᠢᠩᠭᠢᠮ᠂ ᠵᠠᠮ ᠬᠠᠷᠢᠯᠴᠠᠭ᠎ᠠ ᠲᠡᠭᠡᠭᠡᠪᠣᠷᠢ ᠶᠢᠨ ᠲᠢᠩᠭᠢᠮ᠂ ᠣᠷᠣᠨ ᠰᠠᠭᠤᠴᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠣᠯᠳᠠ ᠶᠢᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶         ᠭᠤᠷᠪᠠ᠂ ᠬᠠᠮᠢᠶ᠎ᠠ ᠪᠦᠬᠦᠢ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠣᠨ ᠲᠡᠭᠦᠯᠳᠡᠷᠵᠢᠭᠦᠯᠦᠨ᠎ᠡ         ︵ᠵᠢᠷᠭᠤᠭ᠎ᠠ︶ ᠠᠳᠣᠭᠤᠨ ᠠᠵᠤ ᠦᠢᠯᠡᠰ ᠤᠨ ᠰᠢᠨᠵᠢᠯᠡᠬᠦ ᠤᠬᠠᠭᠠᠨ ᠤ ᠰᠣᠳᠣᠯᠭᠠᠨ ᠤ ᠬᠢᠷᠢ ᠲᠦᠪᠰᠢᠨ ᠪᠠ ᠬᠡᠷᠡᠭᠯᠡᠭᠡᠨ ᠤ ᠴᠢᠳᠠᠪᠣᠷᠢ ᠶᠢ ᠳᠡᠭᠡᠭᠰᠢᠯᠡᠭᠦᠯᠦᠨ᠎ᠡ᠃ ᠣᠷᠣᠨ ᠤ ᠳᠣᠲᠣᠭᠠᠳᠤ ᠳᠠᠬᠢ ᠠᠳᠣᠭᠤᠨ ᠠᠵᠤ ᠦᠢᠯᠡᠰ ᠤᠨ ᠭᠤᠣᠯᠳᠠᠯᠭ᠎ᠠ ᠲᠠᠢ ᠬᠢᠴᠢᠶᠡᠯ ᠰᠢᠨᠵᠢᠯᠡᠭᠡ᠂ ᠭᠤᠣᠯᠲᠠᠯᠭ᠎ᠠ ᠲᠠᠢ ᠲᠣᠷᠰᠢᠯᠳᠠ ᠶᠢᠨ ᠲᠠᠰᠤᠭ᠂ ᠰᠢᠨᠵᠢᠯᠡᠬᠦ ᠣᠬᠠᠭᠠᠨ ᠤ ᠠᠵᠢᠭᠯᠠᠯᠳᠠ ᠶᠢᠨ ᠦᠷᠲᠡᠭᠡ ᠪᠠ ᠢᠨᠵᠧᠨᠧᠷᠢᠩ ᠤᠨ ᠮᠡᠷᠭᠡᠵᠢᠯ ᠤᠨ ᠰᠣᠳᠣᠯᠭᠠᠨ ᠤ ᠲᠦᠪ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠳᠤ ᠲᠦᠰᠢᠭᠯᠡᠨ᠂ ᠦᠪᠡᠷᠲᠡᠭᠡᠨ ᠵᠠᠰᠠᠬᠤ ᠣᠷᠣᠨ ᠤ ᠠᠳᠣᠭᠤᠨ ᠠᠵᠤ ᠦᠢᠯᠡᠰ ᠤᠨ ᠰᠣᠳᠣᠯᠭᠠᠨ ᠤ ᠬᠦᠷᠢᠶᠡᠯᠡᠩ ᠢ ᠪᠠᠶᠢᠭᠤᠯᠵᠣ᠂ ᠠᠵᠢᠯ ᠮᠡᠷᠭᠡᠵᠢᠯ ᠤᠨ ᠬᠦᠷᠢᠶᠡᠨ ᠳᠠᠬᠢ ᠲᠣᠰᠬᠠᠢ ᠮᠡᠷᠭᠡᠵᠢᠯ ᠪᠠ ᠨᠡᠶᠢᠭᠡᠮ ᠤᠨ ᠰᠤᠳᠤᠯᠬᠤ ᠬᠦᠴᠦᠨ ᠢ ᠲᠠᠲᠠᠨ ᠠᠪᠴᠣ ᠨᠡᠶᠢᠯᠡᠭᠦᠯᠦᠨ᠂ ᠣᠳᠣ ᠦᠶ᠎ᠡ ᠶᠢᠨ ᠠᠳᠣᠭᠤᠨ ᠠᠵᠤ ᠦᠢᠯᠡᠰ ᠤᠨ ᠶᠡᠷᠣᠩᠬᠡᠶᠢᠯᠡᠨ ᠰᠤᠳᠤᠯᠵᠤ ᠨᠡᠭᠡᠭᠡᠬᠦ ᠶᠢ ᠬᠡᠷᠡᠭᠵᠢᠭᠦᠯᠵᠦ᠂ ᠵᠠᠩᠭᠢᠯᠠᠭ᠎ᠠ ᠶᠢᠨ ᠮᠡᠷᠭᠡᠵᠢᠯ ᠤᠨ ᠰᠢᠪᠲᠤᠯᠤᠯᠲᠠ ᠶᠢ ᠥᠷᠨᠢᠭᠦᠯᠦᠨ᠂ ᠠᠳᠣᠭᠤᠨ ᠤ ᠭᠧᠨ ᠤ ᠵᠢᠭᠰᠠᠯ ᠢ ᠰᠤᠳᠤᠯᠬᠤ᠂ ᠰᠢᠨ᠎ᠡ ᠡᠭᠦᠯᠳᠡᠷ ᠤᠳᠤᠮ ᠢ ᠪᠣᠶᠢᠵᠢᠭᠤᠯᠬᠤ᠂ ᠰᠢᠨ᠎ᠡ ᠪᠦᠳᠦᠭᠡᠭᠳᠡᠭᠦᠨ ᠢ ᠨᠡᠭᠡᠭᠡᠨ ᠬᠥᠭᠵᠢᠭᠦᠯᠬᠦ᠂ ᠲᠣᠰᠬᠠᠢ ᠲᠡᠵᠢᠭᠡᠯ ᠤᠨ ᠡᠪᠡᠰᠣ ᠪᠣᠷᠳᠤᠭ᠎ᠠ ᠪᠠ ᠮᠠᠯ ᠤᠨ ᠡᠮ ᠢ ᠰᠣᠳᠣᠯᠣᠨ ᠬᠥᠭᠵᠢᠭᠦᠯᠬᠦ ᠵᠢᠴᠢ ᠠᠳᠣᠭᠤᠨ ᠠᠵᠤ ᠦᠢᠯᠡᠰ ᠤᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠵᠡᠷᠭᠡ ᠲᠠᠯ᠎ᠠ ᠪᠠᠷ ᠰᠢᠨ᠎ᠡ ᠰᠢᠪᠲᠣᠯᠣᠯᠳᠠ  ᠲᠠᠢ ᠪᠣᠯᠬᠤ ᠪᠠᠷ ᠴᠢᠷᠮᠠᠶᠢᠨ᠎ᠠ᠃ ᠠᠵᠣ ᠠᠬᠤᠶᠢᠯᠠᠯ᠂ ᠰᠢᠨᠵᠢᠯᠡᠬᠦ ᠤᠬᠠᠭᠠᠨ ᠤ ᠰᠤᠳᠤᠯᠵᠤ ᠳᠡᠯᠭᠡᠷᠡᠭᠦᠯᠬᠦ ᠪᠠᠶᠢᠭᠤᠯᠤᠮᠵᠢ ᠵᠢᠴᠢ ᠲᠣᠰᠬᠠᠢ ᠮᠡᠷᠭᠡᠵᠢᠯ ᠤᠨ ᠶᠡᠭᠡ ᠳᠡᠭᠡᠳᠦ ᠰᠣᠷᠭᠠᠭᠤᠯᠢ ᠶᠢ ᠨᠢᠭᠲᠠ ᠣᠶᠠᠯᠳᠣᠭᠤᠯᠣᠭᠰᠠᠨ ᠦᠢᠯᠡᠳᠪᠦᠷᠢᠯᠡᠬᠦ ᠵᠢᠭᠠᠬᠤ ᠰᠤᠳᠤᠯᠬᠤ   ᠲᠠᠪᠴᠠᠩ ᠢ ᠪᠠᠶᠢᠭᠤᠯᠵᠣ᠂ ᠰᠠᠭᠤᠷᠢ ᠰᠤᠳᠤᠯᠭᠠᠨ ᠬᠢᠬᠦ᠂ ᠮᠡᠷᠭᠡᠵᠢᠯ ᠤᠨ ᠵᠢᠱᠢᠶ᠎ᠡ ᠦᠵᠡᠭᠦᠯᠬᠦ ᠵᠢᠴᠢ ᠦᠷ᠎ᠡ ᠪᠦᠳᠦᠭᠡᠯ ᠢ ᠤᠯᠠᠷᠢᠭᠤᠯᠬᠤ ᠦᠢᠯᠡᠳᠣᠯ ᠢ ᠨᠢ ᠪᠠᠳᠠᠷᠠᠭᠤᠯᠣᠨ᠂ ᠨᠡᠶᠢᠭᠡᠮ ᠳᠤ ᠰᠢᠨ᠎ᠡ ᠮᠡᠷᠭᠡᠵᠢᠯ᠂ ᠰᠢᠨ᠎ᠡ ᠮᠡᠷᠭᠡᠰᠢᠯ᠂ ᠰᠢᠨ᠎ᠡ ᠪᠦᠲᠦᠭᠡᠭᠳᠡᠭᠦᠨ ᠢ ᠳᠡᠯᠭᠡᠷᠡᠭᠦᠯᠦᠨ᠎ᠡ᠃ ︵ᠦᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠣᠬᠠᠭᠠᠨ ᠮᠡᠷᠭᠡᠵᠢᠯ ᠤᠨ ᠲᠢᠩᠬᠢᠮ ᠲᠦᠷᠦᠭᠦᠯᠡᠨ᠂ ᠦᠪᠡᠷᠳᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠦᠪᠣᠷ ᠮᠣᠩᠭᠤᠯ ᠤᠨ   ᠲᠠᠷᠢᠶᠠᠯᠠᠩ ᠤᠨ ᠶᠡᠭᠡ ᠰᠣᠷᠭᠠᠭᠤᠯᠢ ᠵᠡᠷᠭᠡ ᠬᠠᠮᠵᠢᠯᠴᠠᠨ᠎ᠠ︶         ︵ᠳᠣᠯᠤᠭ᠎ᠠ︶ ᠠᠳᠣᠭᠤᠨ ᠤ ᠬᠢᠵᠢᠭ ᠢ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢ ᠪᠠᠶᠢᠭᠤᠯᠣᠨ᠎ᠠ᠃ ᠠᠳᠣᠭᠤᠨ ᠲᠦᠷᠦᠯ ᠤᠨ ᠠᠮᠢᠲᠠᠨ ᠤ ᠬᠢᠵᠢᠭ ᠲᠤ ᠲᠤᠰᠬᠠᠶᠢᠯᠠᠭᠰᠠᠨ ᠠᠯᠪᠠᠳᠠᠯᠭ᠎ᠠ ᠶᠢᠨ ᠴᠢᠨᠠᠷᠲᠠᠢ ᠡᠭᠡᠯᠢᠯᠡᠭᠡ ᠬᠢᠬᠦ ᠠᠷᠭ᠎ᠠ ᠬᠡᠮᠵᠢᠶ᠎ᠡ ᠶᠢ ᠲᠣᠭᠲᠠᠭᠠᠵᠣ᠂ ᠠᠳᠣᠭᠤᠨ ᠲᠦᠷᠦᠯ ᠤᠨ ᠠᠮᠢᠲᠠᠨ ᠤ ᠬᠢᠵᠢᠭ ᠤᠨ ᠪᠠᠶᠢᠳᠠᠯ  ᠢ ᠰᠡᠷᠡᠮᠵᠢᠯᠡᠭᠦᠯᠬᠦ ᠪᠠ ᠮᠡᠳᠡᠭᠡᠯᠡᠬᠦ ᠶᠢ ᠴᠢᠩᠭᠠᠳᠬᠠᠨ᠂ ᠭᠡᠨᠡᠳᠲᠡ ᠡᠭᠦᠰᠦᠭᠰᠡᠨ ᠭᠡᠮ ᠬᠢᠵᠢᠭ ᠤᠨ ᠪᠠᠴᠢᠮ ᠪᠠᠶᠢᠳᠠᠯ ᠢ   ᠠᠷᠭᠠᠴᠠᠭᠠᠵᠤ ᠬᠥᠳᠡᠯᠦᠯᠴᠡᠬᠦ ᠲᠣᠭᠲᠠᠴᠠ  ᠶᠢ ᠲᠡᠭᠦᠯᠳᠡᠷᠵᠢᠭᠦᠯᠦᠨ᠎ᠡ᠃ ᠰᠢᠨᠵᠢᠯᠡᠬᠦ ᠤᠬᠠᠭᠠᠨ ᠤ ᠰᠤᠳᠤᠯᠬᠤ ᠪᠠᠶᠢᠭᠤᠯᠤᠮᠵᠢ᠂ ᠮᠠᠯ ᠤᠨ ᠡᠮ ᠤᠨ ᠠᠵᠣ ᠠᠬᠤᠶᠢᠯᠠᠯ ᠤᠳ ᠢ ᠳᠡᠮᠵᠢᠵᠦ ᠪᠠᠶᠢᠭᠠᠳ ᠠᠳᠣᠭᠤᠨ ᠲᠦᠷᠦᠯ ᠤᠨ ᠠᠮᠢᠲᠠᠳ ᠲᠤ ᠲᠣᠰᠬᠠᠢ ᠬᠡᠷᠡᠭᠯᠡᠬᠦ ᠡᠮ᠂ ᠸᠠᠺᠼᠢᠨ ᠵᠡᠷᠭᠡ ᠶᠢ ᠰᠤᠳᠤᠯᠤᠨ ᠡᠭᠦᠳᠴᠦ᠂ ᠨᠡᠶᠢᠭᠡᠮ ᠳᠤ ᠬᠠᠨᠳᠣᠭᠤᠯᠣᠨ ᠪᠦᠭᠡᠮ ᠢᠶᠠᠷ ᠦᠢᠯᠡᠳᠪᠣᠷᠢᠯᠡᠨ᠎ᠡ᠃ ᠠᠳᠣᠭᠤ ᠲᠠᠢ ᠬᠤᠯᠪᠣᠭᠳᠠᠭᠰᠠᠨ ᠲᠣᠮᠣ ᠬᠡᠯᠪᠡᠷᠢ ᠶᠢᠨ ᠠᠵᠣ ᠠᠬᠤᠶᠢᠯᠠᠯ ᠤᠳ ᠢ ᠵᠣᠷᠢᠭᠵᠢᠭᠤᠯᠤᠨ ᠳᠡᠮᠵᠢᠵᠦ ᠪᠠᠶᠢᠭᠠᠳ ᠠᠳᠣᠭᠤᠨ ᠤ ᠬᠢᠵᠢᠭ ᠤᠨ ᠳᠤᠰᠠᠬᠠᠢ ᠡᠮᠴᠢᠯᠡᠬᠦ ᠪᠠᠶᠢᠭᠤᠯᠣᠮᠵᠢ ᠶᠢ ᠪᠠᠶᠢᠭᠤᠯᠵᠤ᠂ ᠠᠳᠣᠭᠤᠨ ᠤ ᠬᠢᠵᠢᠭ ᠢ ᠪᠠᠶᠢᠴᠠᠭᠠᠬᠤ᠂ ᠣᠨᠣᠰᠢᠯᠠᠬᠤ᠂ ᠡᠷᠡᠭᠦᠯᠵᠢᠭᠦᠯᠦᠨ ᠡᠮᠨᠡᠬᠦ ᠳᠤ ᠲᠣᠰᠬᠠᠢ ᠮᠡᠷᠭᠡᠵᠢᠯ ᠤᠨ ᠦᠢᠯᠡᠴᠢᠯᠡᠭᠡ ᠬᠠᠩᠭᠠᠨ᠎ᠡ᠃ ᠤᠷᠤᠨ ᠨᠣᠲᠤᠭ ᠤᠨ ᠮᠠᠯ ᠤᠨ ᠡᠮᠴᠢ ᠶᠢᠨ ᠡᠩᠨᠡᠭᠡ ᠶᠢ ᠨᠡᠶᠢᠯᠡᠭᠦᠯᠦᠨ᠂ ᠲᠤᠰᠬᠠᠢ ᠡᠮᠴᠢᠯᠡᠭᠡᠨ ᠤ ᠲᠦᠬᠦᠭᠡᠷᠣᠮᠵᠢ ᠶᠢ ᠲᠣᠬᠢᠷᠠᠭᠤᠯᠵᠤ ᠪᠦᠷᠢᠳᠦᠭᠦᠯᠦᠨ᠂ ᠠᠳᠣᠭᠤᠨ ᠤ ᠮᠠᠯ ᠡᠮᠨᠡᠯᠭᠡ ᠶᠢᠨ ᠣᠨᠣᠰᠢᠯᠠᠨ ᠡᠮᠨᠡᠬᠦ ᠶᠡᠷᠦᠩᠬᠡᠢ ᠰᠠᠯᠠᠭᠠᠨ ᠤ ᠡᠮᠴᠢ ᠶᠢᠨ ᠡᠩᠨᠡᠭᠡ ᠶᠢ ᠬᠦᠮᠦᠵᠢᠭᠦᠯᠦᠨ ᠪᠠᠶᠢᠭᠤᠯᠵᠣ᠂ ᠣᠨᠣᠰᠢᠯᠠᠨ ᠡᠮᠨᠡᠬᠦ ᠪᠠ ᠣᠷᠣᠯᠳᠣᠭᠠᠨ ᠳᠤ ᠠᠳᠡᠭᠰᠡᠨ ᠢ ᠡᠮᠨᠡᠨ ᠵᠠᠰᠠᠬᠤ ᠮᠠᠯ ᠡᠮᠨᠡᠯᠭᠡ ᠶᠢᠨ ᠬᠢᠷᠢ ᠲᠦᠪᠰᠢᠨ ᠢ ᠳᠡᠭᠡᠭᠰᠢᠯᠡᠭᠦᠯᠵᠣ᠂ ᠭᠠᠵᠠᠷ ᠣᠷᠣᠨ ᠤ ᠣᠨᠴᠠᠯᠢᠭ ᠲᠠᠢ ᠠᠳᠣᠭᠤᠨ ᠤ ᠠᠰᠠᠷᠠᠮᠵᠢ ᠶᠢᠨ ᠵᠢᠷᠤᠮᠯᠠᠯ ᠢ ᠠᠯᠬᠤᠮ ᠠᠯᠬᠤᠮ ᠢᠶᠠᠷ ᠪᠠᠶᠢᠭᠤᠯᠵᠣ᠂ ᠠᠳᠣᠭᠤ ᠥᠰᠭᠡᠬᠦ ᠳᠤ ᠪᠦᠲᠦᠮᠵᠢᠲᠡᠢ ᠮᠡᠷᠭᠡᠵᠢᠯ ᠤᠨ ᠵᠢᠯᠣᠭᠤᠳᠣᠯᠭ᠎ᠠ ᠪᠠ ᠦᠢᠯᠡᠴᠢᠯᠡᠭᠡ ᠶᠢ ᠬᠠᠩᠭᠠᠨ᠎ᠠ᠃ ᠠᠳᠣᠭᠤᠨ ᠤ ᠬᠢᠵᠢᠭ ᠤᠨ ᠰᠢᠯᠭᠠᠨ ᠪᠠᠶᠢᠴᠠᠭᠠᠬᠤ ᠲᠣᠭᠲᠠᠴᠠ ᠶᠢ ᠲᠡᠭᠦᠯᠳᠡᠷᠵᠢᠭᠦᠯᠵᠣ᠂ ᠠᠳᠣᠭᠤᠨ ᠤ ᠬᠢᠵᠢᠭ ᠦᠭᠡᠢ ᠣᠷᠣᠨ ᠢ ᠰᠦᠪᠡᠭᠴᠢᠯᠡᠨ ᠪᠠᠶᠢᠭᠤᠯᠵᠣ᠂ ᠠᠳᠤᠭᠤ ᠶᠢ ᠣᠷᠣᠨ ᠪᠦᠰᠡ ᠠᠯᠤᠰᠯᠠᠨ ᠰᠠᠭᠠᠳ ᠦᠭᠡᠢ ᠰᠤᠯᠢᠯᠴᠠᠬᠤ ᠪᠣᠯᠭᠠᠨ᠎ᠠ᠃ ︵ᠦᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠣ ᠠᠬᠤᠢ ᠶᠢᠨ ᠲᠢᠩᠬᠢᠮ ᠲᠦᠷᠦᠭᠦᠯᠡᠨ᠂ ᠦᠪᠣᠷ ᠮᠣᠩᠭᠤᠯ ᠤᠨ ᠬᠢᠯᠢ ᠪᠠᠷ ᠣᠷᠣᠭᠤᠯᠵᠤ ᠭᠠᠷᠭᠠᠬᠤ ᠶᠢᠨ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠲᠣᠪᠴᠢᠶ᠎ᠠ᠂ ᠬᠦᠬᠡᠬᠤᠲᠠ ᠪᠣᠭᠤᠮᠳᠠ᠂ ᠮᠠᠨᠵᠣᠣᠷ ᠪᠣᠭᠤᠮᠳᠠ ᠵᠡᠷᠭᠡ ᠬᠠᠮᠵᠢᠯᠴᠠᠨ᠎ᠠ︶         ︵ᠨᠠᠢᠮᠠ︶ ᠠᠳᠣᠭᠤᠨ ᠠᠵᠤ ᠦᠢᠯᠡᠰ ᠤᠨ ᠴᠢᠳᠠᠪᠣᠷᠢᠲᠠᠨ ᠢ ᠬᠦᠮᠦᠵᠢᠭᠦᠯᠬᠦ ᠪᠠᠨ ᠲᠦᠷᠭᠡᠳᠭᠡᠨ᠎ᠡ᠃ ᠠᠳᠣᠭᠤᠨ ᠠᠵᠤ ᠦᠢᠯᠡᠰ ᠤᠨ ᠴᠢᠳᠠᠪᠣᠷᠢᠲᠠᠨ ᠢ ᠬᠦᠮᠦᠵᠢᠭᠦᠯᠬᠦ  ᠲᠤᠰᠬᠠᠢ ᠲᠦᠯᠦᠪᠯᠡᠯᠭᠡ ᠶᠢ ᠬᠡᠷᠡᠭᠵᠢᠭᠦᠯᠦᠨ᠎ᠡ᠃ ︽ᠤᠷᠢᠵᠤ ᠠᠪᠴᠢᠷᠠᠬᠤ︾ ᠪᠠ ︽ᠭᠠᠷᠴᠤ ᠶᠠᠪᠤᠬᠤ︾ ᠶᠢ ᠣᠶᠠᠯᠳᠣᠭᠤᠯᠣᠭᠰᠠᠨ ᠪᠤᠯᠪᠠᠰᠤᠷᠠᠭᠤᠯᠤᠯ ᠤᠨ ᠠᠷᠭ᠎ᠠ ᠪᠠᠷᠢᠯ  ᠢ ᠬᠡᠷᠡᠭᠵᠢᠭᠦᠯᠵᠦ᠂ ᠠᠳᠣᠭᠤᠨ ᠠᠵᠤ ᠦᠢᠯᠡᠰ ᠤᠨ ᠳᠡᠭᠡᠳᠦ ᠲᠡᠰ ᠳᠠᠪᠬᠤᠷᠭ᠎ᠠ ᠶᠢᠨ ᠬᠠᠮᠢᠶᠠᠷᠣᠯᠳᠠ ᠶᠢᠨ ᠡᠩᠨᠡᠭᠡ ᠶᠢ ᠪᠠᠶᠢᠭᠤᠯᠣᠨ᠎ᠠ᠃ ᠦᠪᠡᠷᠳᠡᠬᠡᠨ ᠵᠠᠰᠠᠬᠤ ᠣᠷᠣᠨ ᠤ ᠠᠳᠣᠭᠤ ᠲᠠᠢ ᠬᠤᠯᠪᠣᠭᠳᠠᠬᠤ ᠲᠣᠰᠬᠠᠢ ᠮᠡᠷᠭᠡᠵᠢᠯ ᠤᠨ ᠳᠡᠭᠡᠳᠦ ᠰᠣᠷᠭᠠᠭᠤᠯᠢ ᠪᠠ ᠠᠵᠣ ᠠᠬᠤᠶᠢᠯᠠᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠨᠦᠭᠦᠴᠡᠯ ᠲᠠᠢ ᠶᠡᠭᠡ ᠳᠡᠭᠡᠳᠦ ᠰᠣᠷᠭᠠᠭᠤᠯᠢ ᠳᠤ ᠲᠦᠰᠢᠭᠯᠡᠨ ᠣᠷᠣᠯᠳᠣᠭᠠᠨ ᠤ ᠮᠣᠷᠢᠨ ᠤ ᠳᠡᠭᠡᠳᠦ ᠰᠣᠷᠭᠠᠭᠤᠯᠢ ᠶᠢ ᠪᠠᠶᠢᠭᠤᠯᠤᠨ᠂ ᠣᠳᠣ ᠦᠶ᠎ᠡ ᠶᠢᠨ ᠠᠳᠣᠭᠤᠨ ᠠᠵᠤ ᠦᠢᠯᠡᠰ ᠤᠨ ᠴᠢᠳᠠᠪᠣᠷᠢᠲᠠᠨ ᠢ ᠬᠦᠮᠦᠵᠢᠭᠦᠯᠬᠦ ᠠᠵᠢᠯ ᠢ ᠥᠷᠨᠢᠭᠦᠯᠵᠦ᠂ ᠭᠠᠳᠠᠭᠠᠳᠣ ᠶᠢᠨ ᠲᠡᠷᠢᠭᠦᠨ ᠤ ᠵᠢᠭᠠᠨ ᠰᠣᠷᠭᠠᠬᠤ ᠰᠢᠰᠲ᠋ᠧᠮᠵᠢ ᠶᠢ ᠣᠷᠣᠭᠤᠯᠣᠨ ᠠᠪᠴᠢᠷᠠᠬᠤ ᠪᠣᠶᠣ ᠲᠣᠯᠢ ᠪᠣᠯᠭᠠᠨ ᠯᠠᠪᠯᠠᠵᠤ᠂ ᠠᠳᠣᠭᠤᠨ ᠠᠵᠤ ᠦᠢᠯᠡᠰ ᠤᠨ ᠣᠯᠠᠨ ᠬᠡᠯᠪᠡᠷᠢ ᠪᠠᠶᠢᠳᠠᠯ ᠲᠠᠢ ᠣᠨᠴᠠᠯᠢᠭ ᠢᠶᠠᠷ ᠲᠣᠰᠬᠠᠢ ᠮᠡᠷᠭᠡᠵᠢᠯ ᠢ ᠪᠠᠶᠢᠷᠢᠯᠠᠭᠤᠯᠵᠤ᠂ ᠲᠦᠯᠦᠪᠯᠡᠯᠭᠡ ᠲᠠᠢ᠂ ᠦᠪᠡᠰᠦᠪᠡᠨ ᠡᠷᠬᠡ ᠮᠡᠳᠡᠬᠦ᠂ ᠬᠠᠨᠳᠤᠯᠭ᠎ᠠ ᠲᠠᠢ᠂ ᠬᠠᠮᠲᠣᠷᠠᠬᠤ ᠵᠡᠷᠭᠡ ᠠᠷᠭ᠎ᠠ ᠪᠠᠷ ᠰᠣᠷᠣᠭᠴᠢ ᠡᠯᠰᠡᠵᠣ᠂ ᠠᠳᠣᠭᠤᠨ ᠤ ᠲᠣᠰᠬᠠᠢ ᠮᠡᠷᠭᠡᠵᠢᠯ ᠳᠤ ᠳᠤᠷ᠎ᠠ ᠪᠠᠬ᠎ᠠ ᠲᠠᠢ ᠵᠠᠯᠠᠭᠤ ᠪᠠᠭᠠᠴᠣᠣᠯ ᠠᠴᠠ ᠰᠢᠯᠢᠳᠡᠭ ᠢ ᠨᠢ ᠰᠣᠩᠭᠤᠨ᠂ ᠲᠤᠰᠬᠠᠢ ᠮᠡᠷᠭᠡᠵᠢᠯ ᠤᠨ ᠣᠨᠣᠭᠠᠴᠢ᠂ ᠣᠶᠠᠭᠠᠴᠢ᠂ ᠰᠣᠷᠭᠠᠭᠴᠢ᠂ ᠬᠢᠨᠠᠭᠴᠢ᠂ ᠠᠳᠣᠭᠤᠨ ᠤ ᠡᠮᠴᠢ᠂ ᠠᠷᠠᠴᠢᠯᠠᠭᠴᠢ ᠵᠡᠷᠭᠡ ᠣᠷ᠎ᠠ ᠴᠢᠳᠠᠪᠣᠷᠢ ᠲᠠᠢ ᠳᠤᠰᠠᠬᠠᠢ ᠮᠡᠷᠭᠡᠵᠢᠯ ᠤᠨ ᠴᠢᠳᠠᠪᠣᠷᠢᠲᠠᠨ ᠢ ᠬᠦᠮᠦᠵᠢᠭᠦᠯᠬᠦ ᠶᠢᠨ ᠬᠠᠮᠲᠤ᠂ ᠬᠠᠮᠢᠶ᠎ᠠ ᠪᠦᠬᠦᠢ ᠪᠠᠶᠢᠭᠤᠯᠤᠮᠵᠢ  ᠲᠠᠢ ᠬᠠᠮᠲᠣᠷᠠᠨ ᠬᠢᠷᠢ ᠬᠡᠮ ᠤᠨ ᠭᠡᠷᠡᠴᠢᠯᠡᠭᠡ ᠬᠢᠵᠣ᠂ ᠮᠠᠨ ᠤ ᠣᠷᠣᠨ ᠢᠶᠠᠨ ᠠᠯᠬᠤᠮ ᠠᠯᠬᠤᠮ ᠢᠶᠠᠷ ᠪᠦᠬᠦ ᠣᠯᠣᠰ ᠲᠤ ᠬᠠᠨᠳᠣᠭᠤᠯᠣᠭᠰᠠᠨ ᠣᠳᠣ ᠦᠶ᠎ᠡ ᠶᠢᠨ ᠠᠳᠣᠭᠤᠨ ᠠᠵᠤ ᠦᠢᠯᠡᠰ ᠤᠨ ᠣᠷ᠎ᠠ ᠴᠢᠳᠠᠪᠣᠷᠢ ᠪᠦᠬᠦᠢ ᠴᠢᠳᠠᠪᠣᠷᠢᠲᠠᠨ ᠢ ᠬᠦᠮᠦᠵᠢᠭᠦᠯᠬᠦ ᠰᠠᠭᠤᠷᠢᠨ ᠭᠠᠵᠠᠷ ᠪᠣᠯᠭᠠᠨ᠎ᠠ᠃ ︵ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠢᠮ   ᠲᠦᠷᠦᠭᠦᠯᠡᠨ᠂ ᠦᠪᠡᠷᠲᠡᠭᠡᠨ ᠵᠠᠰᠠᠬᠤ ᠣᠷᠣᠨ ᠤ ᠬᠦᠮᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠣᠷᠣᠨ ᠤ ᠳᠣᠲᠣᠷᠠᠬᠢ ᠬᠤᠯᠪᠣᠭᠳᠠᠯ ᠪᠦᠬᠦᠢ ᠶᠡᠭᠡ ᠳᠡᠭᠡᠳᠦ ᠰᠣᠷᠭᠠᠭᠤᠯᠢ ᠬᠠᠮᠵᠢᠯᠴᠠᠨ᠎ᠠ︶         ︵ᠶᠢᠰᠣ︶ ᠠᠳᠣᠭᠤᠨ ᠠᠵᠤ ᠦᠢᠯᠡᠰ ᠤᠨ ᠰᠣᠯᠢᠯᠴᠠᠭ᠎ᠠ ᠬᠠᠮᠳᠤᠷᠠᠯᠴᠠᠭ᠎ᠠ ᠪᠣᠯᠣᠨ ᠮᠡᠳᠡᠭᠡ ᠵᠠᠩᠭᠢᠴᠢᠯᠠᠯᠲᠠ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠣᠨ᠎ᠠ᠃ ᠨᠦᠬᠦᠴᠡᠯ ᠲᠠᠢ ᠭᠠᠵᠠᠷ ᠣᠷᠣᠨ ᠪᠠ ᠠᠵᠣ ᠠᠬᠤᠶᠢᠯᠠᠯ ᠢ ᠳᠡᠮᠵᠢᠵᠣ ᠪᠠᠶᠢᠭᠠᠳ ᠠᠳᠣᠭᠤᠨ ᠠᠵᠤ ᠦᠢᠯᠡᠰ ᠤᠨ ᠲᠠᠯ᠎ᠠ ᠪᠠᠷ ᠬᠢ ᠣᠯᠠᠨ ᠤᠯᠤᠰ ᠤᠨ ᠬᠠᠮᠳᠤᠷᠠᠯᠴᠠᠭ᠎ᠠ ᠰᠤᠯᠢᠯᠴᠠᠭᠠᠨ ᠤ ᠰᠠᠭᠤᠷᠢᠨ ᠭᠠᠵᠠᠷ ᠢ ᠪᠠᠶᠢᠭᠤᠯᠵᠣ᠂ ᠠᠳᠣᠭᠤᠨ ᠠᠵᠤ ᠦᠢᠯᠡᠰ ᠤᠨ   ᠠᠵᠤ ᠠᠬᠤᠢ᠂ ᠰᠢᠨᠵᠢᠯᠡᠬᠦ ᠤᠬᠠᠭᠠᠨ ᠮᠡᠷᠭᠡᠵᠢᠯ᠂ ᠰᠣᠶᠣᠯ ᠤᠨ ᠰᠣᠯᠢᠯᠴᠠᠭ᠎ᠠ ᠬᠠᠮᠳᠣᠷᠠᠯᠴᠠᠭ᠎ᠠ ᠶᠢ ᠶᠡᠭᠡ ᠪᠠᠷ ᠦᠷᠨᠢᠭᠦᠯᠦᠨ᠎ᠡ᠃ ᠨᠦᠭᠦᠴᠡᠯ ᠲᠠᠢ ᠭᠠᠵᠠᠷ ᠣᠷᠣᠨ ᠢ ᠳᠡᠮᠵᠢᠵᠦ ᠪᠠᠶᠢᠭᠠᠳ ᠠᠳᠤᠭᠤ ᠶᠢ ᠦᠨ᠎ᠡ ᠬᠠᠶᠠᠯᠴᠠᠨ ᠬᠤᠳᠠᠯᠳᠤᠬᠤ ᠪᠠ ᠠᠳᠣᠭᠤᠨ ᠤ ᠠᠰᠢᠭ ᠰᠢᠮ᠎ᠡ ᠶᠢᠨ ᠳᠡᠯᠡᠭᠡᠶᠢᠵᠢᠭᠰᠡᠨ᠂ ᠲᠣᠰᠬᠠᠶᠢᠵᠢᠭᠰᠠᠨ ᠠᠷᠠᠯᠵᠢᠶᠠᠯᠠᠬᠤ ᠲᠥᠪ ᠢ ᠪᠠᠶᠢᠭᠤᠯᠵᠣ᠂ ᠣᠯᠣᠰ ᠤᠨ ᠲᠣᠲᠣᠭᠠᠲᠣ ᠭᠠᠳᠠᠭᠠᠳᠣ ᠶᠢᠨ ᠠᠳᠤᠭᠤ ᠶᠢ ᠦᠨ᠎ᠡ ᠬᠠᠶᠠᠯᠴᠠᠨ   ᠬᠤᠳᠠᠯᠳᠤᠬᠤ᠂ ᠪᠦᠲᠦᠭᠡᠭᠳᠡᠭᠦᠨ ᠠᠷᠠᠯᠵᠢᠶᠠᠯᠠᠬᠤ ᠲᠠᠪᠴᠠᠩ ᠢ ᠪᠠᠶᠢᠭᠤᠯᠤᠨ᠎ᠠ᠃ ᠦᠪᠡᠷᠲᠡᠭᠡᠨ ᠵᠠᠰᠠᠬᠤ ᠣᠷᠣᠨ ᠤ ᠡᠭᠦᠯᠡᠨ ᠲᠠᠪᠴᠠᠩ ᠳᠤ ᠲᠦᠰᠢᠭᠯᠡᠨ᠂ ᠠᠳᠣᠭᠤᠨ ᠠᠵᠤ ᠦᠢᠯᠡᠰ ᠤᠨ   ᠳ᠋ᠠᠶᠢᠲ᠋ᠠ ᠬᠥᠮᠥᠷᠭᠡ ᠶᠢ ᠪᠠᠶᠢᠭᠤᠯᠵᠣ᠂ ᠡᠭᠦᠯᠳᠡᠷ ᠤᠳᠤᠮ ᠢ ᠳᠠᠩᠰᠠᠯᠠᠨ ᠲᠡᠮᠳᠡᠭᠯᠡᠬᠦ᠂   ᠰᠢᠨᠵᠢᠯᠡᠬᠦ ᠤᠬᠠᠭᠠᠨ ᠮᠡᠷᠭᠡᠵᠢᠯ ᠤᠨ ᠵᠢᠯᠣᠭᠤᠳᠣᠯᠭ᠎ᠠ ᠬᠢᠬᠦ᠂   ᠪᠦᠲᠦᠭᠡᠭᠳᠡᠭᠦᠨ ᠤ ᠮᠡᠳᠡᠭᠡ ᠵᠠᠩᠭᠢ ᠨᠡᠶᠢᠲᠡᠯᠡᠬᠦ᠂ ᠴᠢᠳᠠᠪᠣᠷᠢᠲᠠᠨ ᠢ ᠰᠣᠯᠢᠯᠴᠠᠬᠤ ᠵᠡᠷᠭᠡ ᠦᠢᠯᠡᠴᠢᠯᠡᠭᠡ ᠬᠠᠩᠭᠠᠨ᠎ᠠ᠃ ᠠᠳᠣᠭᠤᠨ ᠠᠵᠤ ᠦᠢᠯᠡᠰ ᠤᠨ ᠠᠵᠣ ᠠᠬᠤᠶᠢᠯᠠᠯ ᠵᠢᠴᠢ ᠠᠵᠢᠯ ᠲᠦᠷᠦᠯ ᠤᠨ ᠨᠡᠶᠢᠭᠡᠮᠯᠢᠭ ᠢ ᠳᠡᠮᠵᠢᠵᠦ ᠪᠠᠶᠢᠭᠠᠳ ᠲᠤᠰᠬᠠᠢ ᠰᠦᠯᠵᠢᠶ᠎ᠡ ᠪᠠᠶᠢᠭᠤᠯᠵᠦ᠂ ᠣᠷᠣᠯᠳᠣᠭᠠᠨ ᠵᠣᠬᠢᠶᠠᠨ ᠪᠠᠶᠢᠭᠤᠯᠬᠤ᠂   ᠪᠦᠲᠦᠭᠡᠭᠳᠡᠭᠦᠨ ᠲᠠᠨᠢᠯᠴᠠᠭᠤᠯᠬᠤ᠂ ᠮᠣᠷᠢ ᠳᠦᠷᠢᠶᠡᠰᠣᠯᠡᠬᠦ᠂ ᠡᠭᠦᠯᠳᠡᠷ ᠤᠨ ᠠᠳᠤᠭᠤ ᠬᠠᠩᠭᠠᠵᠤ ᠥᠭᠬᠦ ᠵᠡᠷᠭᠡ ᠦᠢᠯᠡᠴᠢᠯᠡᠭᠡ ᠶᠢ ᠦᠷᠨᠢᠭᠦᠯᠦᠨ᠎ᠡ᠃ ︵ᠦᠪᠡᠷᠲᠡᠭᠡᠨ ᠵᠠᠰᠠᠬᠤ ᠣᠷᠣᠨ ᠤ ᠬᠦᠭᠵᠢᠭᠦᠯᠦᠯᠳᠡ ᠦᠭᠡᠷᠡᠴᠢᠯᠡᠯᠳᠡ ᠶᠢᠨ ᠵᠦᠪᠯᠡᠯ ᠲᠦᠷᠦᠭᠦᠯᠡᠨ᠂ ᠦᠪᠡᠷᠳᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠪᠡᠶ᠎ᠡ ᠶᠢᠨ ᠲᠠᠮᠢᠷ ᠤᠨ ᠲᠣᠪᠴᠢᠶ᠎ᠠ᠂ ᠬᠤᠯᠪᠣᠭᠳᠠᠯ ᠪᠦᠬᠦᠢ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠮᠵᠢᠯᠴᠠᠨ᠎ᠠ︶       ᠳᠦᠷᠪᠡ᠂ ᠲᠦᠷᠣ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠦᠨ᠎ᠡ       ︵ᠠᠷᠪᠠ︶ ᠡᠳ᠋ ᠤᠨ ᠵᠠᠰᠠᠭ ᠭᠠᠶᠢᠯᠢ ᠶᠢᠨ ᠲᠦᠷᠣ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠦᠨ᠎ᠡ᠃ ᠦᠪᠡᠷᠲᠡᠭᠡᠨ ᠵᠠᠰᠠᠬᠤ ᠣᠷᠣᠨ ᠠᠴᠠ ᠠᠳᠣᠭᠤᠨ ᠠᠵᠤ ᠦᠢᠯᠡᠰ ᠢ ᠬᠥᠭᠵᠢᠭᠦᠯᠬᠦ ᠲᠣᠰᠬᠠᠢ ᠪᠡᠯᠡ ᠮᠦᠩᠬᠦ ᠲᠣᠬᠢᠷᠠᠭᠤᠯᠤᠨ᠂ ᠠᠳᠣᠭᠤᠨ ᠠᠵᠤ ᠦᠢᠯᠡᠰ ᠢ   ᠬᠥᠭᠵᠢᠭᠦᠯᠬᠦ ᠰᠠᠭᠤᠷᠢ ᠮᠦᠩᠬᠦ ᠶᠢ ᠰᠣᠳᠣᠯᠣᠨ ᠪᠠᠶᠢᠭᠤᠯᠵᠣ᠂ ᠠᠳᠣᠭᠤᠨ ᠠᠵᠤ ᠦᠢᠯᠡᠰ ᠤᠨ ᠬᠦᠭᠵᠢᠯᠳᠡ ᠶᠢ ᠳᠡᠮᠵᠢᠨ᠎ᠡ᠃ ᠦᠪᠡᠷᠲᠡᠭᠡᠨ ᠵᠠᠰᠠᠬᠤ ᠣᠷᠣᠨ ᠠᠴᠠ ᠮᠠᠭᠠᠳᠯᠠᠨ ᠲᠣᠭᠲᠠᠭᠠᠭᠰᠠᠨ ᠭᠤᠣᠯᠳᠠᠯᠭ᠎ᠠ ᠪᠣᠯᠬᠤ ᠠᠳᠣᠭᠤᠨ ᠠᠵᠤ ᠦᠢᠯᠡᠰ ᠤᠨ ᠲᠥᠷᠥᠯ ᠵᠦᠢᠯ ᠪᠣᠯ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠪᠦᠲᠦᠭᠡᠨ ᠪᠠᠶᠢᠭᠤᠯᠬᠤ ᠪᠡᠯᠡ ᠮᠦᠩᠭᠦᠨ ᠤ ᠰᠢᠨ᠎ᠡ ᠪᠠᠷ ᠨᠡᠮᠡᠭᠳᠡᠭᠰᠡᠨ ᠣᠯᠣᠰ ᠤᠨ ᠲᠣᠲᠣᠭᠠᠳᠣ ᠳᠠᠬᠢ ᠵᠢᠭᠡᠯᠡᠯᠭᠡ ᠶᠢᠨ ᠬᠡᠰᠡᠭ ᠲᠤ ᠵᠣᠬᠢᠬᠤ ᠬᠡᠮᠵᠢᠶᠡᠨ ᠤ ᠳᠠᠮ ᠬᠦᠦ ᠮᠦᠩᠭᠦ ᠲᠠᠢ ᠨᠦᠬᠦᠪᠣᠷᠢ   ᠣᠯᠭᠤᠨ᠎ᠠ᠃ ᠠᠳᠣᠭᠤᠨ ᠤ ᠡᠭᠦᠯᠳᠡᠷ ᠤᠳᠤᠮ ᠤᠨ ᠡᠬᠢ ᠪᠠᠶᠠᠯᠢᠭ ᠢ ᠬᠠᠮᠠᠭᠠᠯᠠᠬᠤ ᠵᠢᠴᠢ ᠡᠭᠦᠯᠳᠡᠷ ᠰᠠᠶᠢᠵᠢᠷᠠᠭᠤᠯᠣᠨ ᠪᠣᠶᠢᠵᠢᠭᠤᠯᠬᠤ᠂ ᠮᠣᠷᠢ ᠤᠷᠤᠯᠳᠤᠭᠤᠯᠬᠤ ᠲᠠᠮᠢᠷ᠂ ᠮᠣᠷᠢ ᠣᠨᠣᠵᠤ ᠪᠡᠶ᠎ᠡ   ᠴᠢᠬᠢᠷᠠᠭᠵᠢᠭᠤᠯᠬᠤ ᠰᠡᠯᠡᠭᠦᠴᠡᠯ ᠵᠤᠭ᠎ᠠ ᠴᠠᠩᠭᠡᠯ᠂ ᠠᠳᠤᠭᠤᠨ ᠤ ᠠᠰᠢᠭ ᠰᠢᠮ᠎ᠡ ᠶᠢ ᠰᠣᠳᠣᠯᠣᠨ ᠬᠥᠭᠵᠢᠭᠦᠯᠵᠦ ᠡᠳ᠋ᠰᠢᠭᠦᠯᠬᠦ ᠵᠢᠴᠢ ᠠᠳᠣᠭᠤᠨ ᠰᠣᠶᠣᠯ ᠤᠨ ᠠᠵᠣ ᠠᠬᠤᠶᠢᠯᠠᠯ ᠢ ᠲᠤᠰᠬᠠᠢ ᠡᠷᠭᠢᠯᠡᠵᠦ ᠪᠠᠶᠢᠭ᠎ᠠ ᠠᠵᠣ ᠠᠬᠤᠶᠢᠯᠠᠯ ᠪᠣᠯ᠂ ᠦᠢᠯᠡᠳᠪᠦᠷᠢᠯᠡᠵᠦ ᠡᠵᠡᠩᠨᠡᠭᠰᠡᠨ ᠠᠩᠬᠠᠨ ᠤ ᠣᠷᠣᠯᠭ᠎ᠠ ᠳᠤ ᠨᠢ ᠬᠠᠷᠢᠶᠠᠯᠠᠭᠳᠠᠬᠤ ᠭᠠᠶᠢᠯᠢ ᠲᠤᠰᠢᠶᠠᠬᠤ ᠣᠨ ᠠᠴᠠ ᠡᠬᠢᠯᠡᠨ 5 ᠵᠢᠯ ᠤᠨ ᠳᠣᠲᠣᠷ᠎ᠠ ᠠᠵᠤ ᠠᠬᠤᠶᠢᠯᠠᠯ ᠤᠨ ᠠᠰᠢᠭ ᠤᠯᠵᠠᠪᠤᠷᠢ ᠶᠢᠨ ᠭᠠᠶᠢᠯᠢ ᠳᠠᠬᠢ ᠣᠷᠣᠨ ᠨᠣᠳᠤᠭ ᠤᠨ ᠬᠤᠪᠢᠳᠠᠬᠤ ᠬᠡᠰᠡᠭ ᠢ ᠨᠢ ᠬᠡᠯᠲᠦᠷᠢᠭᠦᠯᠦᠨ᠎ᠡ᠃ ᠪᠠᠷᠠᠭᠤᠨ ᠤᠷᠤᠨ ᠢ ᠶᠡᠭᠡ ᠪᠠᠷ ᠨᠡᠭᠡᠭᠡᠨ ᠬᠦᠭᠵᠢᠬᠦᠯᠬᠦ ᠭᠠᠶᠢᠯᠢ ᠲᠠᠲᠠᠪᠣᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠳᠤ ᠨᠡᠶᠢᠴᠡᠬᠦ ᠠᠳᠣᠭᠤᠨ ᠠᠵᠤ ᠦᠢᠯᠡᠰ ᠤᠨ ᠠᠵᠣ ᠠᠬᠤᠶᠢᠯᠠᠯ ᠵᠢᠴᠢ ᠥᠪᠡᠷᠲᠡᠭᠡᠨ ᠵᠠᠰᠠᠬᠤ ᠣᠷᠣᠨ ᠤ ᠮᠠᠭᠠᠳᠯᠠᠨ ᠲᠣᠭᠲᠠᠭᠠᠭᠰᠠᠨ ᠳᠡᠭᠡᠳᠦ ᠰᠢᠨ᠎ᠡ ᠮᠡᠷᠭᠡᠵᠢᠯ ᠤᠨ ᠠᠳᠣᠭᠤᠨ ᠠᠵᠤ ᠦᠢᠯᠡᠰ ᠤᠨ ᠠᠵᠣ ᠠᠬᠤᠶᠢᠯᠠᠯ ᠪᠣᠯ᠂ ᠬᠤᠯᠪᠣᠭᠳᠠᠯ ᠪᠦᠬᠦᠢ ᠳᠦᠷᠢᠮ ᠲᠣᠭᠲᠠᠭᠠᠯ ᠶᠣᠰᠣᠭᠠᠷ ᠠᠵᠣ ᠠᠬᠤᠶᠢᠯᠠᠯ ᠤᠨ ᠠᠰᠢᠭ ᠣᠯᠵᠠᠪᠤᠷᠢ ᠶᠢᠨ ᠭᠠᠶᠢᠯᠢ ᠶᠢ ᠨᠢ ᠬᠠᠰᠤᠵᠤ ᠬᠡᠯᠲᠦᠷᠢᠭᠦᠯᠦᠨ᠎ᠡ᠃ ᠠᠳᠣᠭᠤᠨ ᠠᠵᠤ ᠦᠢᠯᠡᠰ ᠤᠨ ᠠᠵᠣ ᠠᠬᠤᠶᠢᠯᠠᠯ ᠤᠨ ᠰᠢᠨ᠎ᠡ ᠮᠡᠷᠭᠡᠵᠢᠯ᠂ ᠰᠢᠨ᠎ᠡ   ᠮᠡᠷᠭᠡᠰᠢᠯ᠂ ᠰᠢᠨ᠎ᠡ ᠪᠦᠲᠦᠭᠡᠭᠳᠡᠭᠦᠨ ᠢ ᠨᠡᠭᠡᠭᠡᠨ ᠬᠦᠭᠵᠢᠭᠦᠯᠬᠦ ᠳᠤ ᠵᠠᠷᠣᠴᠠᠭᠤᠯᠣᠭᠰᠠᠨ ᠵᠠᠷᠤᠳᠠᠯ ᠪᠣᠯ᠂ ᠭᠠᠶᠢᠯᠢ ᠶᠢᠨ ᠬᠠᠣᠯᠢ ᠶᠢᠨ ᠲᠣᠭᠳᠠᠭᠠᠯ ᠶᠣᠰᠣᠭᠠᠷ ᠲᠤᠰᠢᠶᠠᠪᠠᠰᠤ ᠵᠣᠬᠢᠬᠤ ᠭᠠᠶᠢᠯᠢ ᠶᠢᠨ ᠠᠰᠢᠭ ᠤᠯᠵᠠᠪᠤᠷᠢ ᠶᠢ ᠪᠣᠳᠣᠬᠤ ᠳᠤ ᠨᠡᠮᠡᠨ ᠣᠷᠣᠭᠤᠯᠵᠣ ᠰᠠᠭᠤᠯᠭᠠᠨ ᠬᠠᠰᠤᠬᠤ ᠶᠢ ᠨᠢ ᠵᠥᠪᠰᠢᠶᠡᠷᠡᠨ᠎ᠡ᠃ ︵ᠦᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠲᠦᠷᠦᠭᠦᠯᠡᠨ᠂ ᠥᠪᠡᠷᠳᠡᠭᠡᠨ ᠵᠠᠰᠠᠬᠤ ᠣᠷᠣᠨ ᠤ ᠤᠷᠤᠨ ᠨᠤᠲᠤᠭ ᠤᠨ ᠭᠠᠶᠢᠯᠢ ᠶᠢᠨ ᠲᠣᠪᠴᠢᠶ᠎ᠠ᠂ ᠦᠪᠣᠷ ᠮᠣᠩᠭᠤᠯ ᠤᠨ ᠣᠯᠣᠰ ᠤᠨ ᠭᠠᠶᠢᠯᠢ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ   ᠬᠠᠷᠢᠭᠤᠴᠠᠨ᠎ᠠ︶         ︵ᠠᠷᠪᠠᠨ ᠨᠢᠭᠡ︶ ᠮᠦᠩᠭᠦᠨ ᠭᠦᠢᠯᠭᠡᠭᠡᠨ ᠤ ᠲᠦᠷᠣ ᠶᠢᠨ ᠪᠣᠳᠣᠯᠭ᠎ᠠ ᠶᠢᠨ ᠳᠡᠮᠵᠢᠯᠭᠡ ᠦᠵᠡᠬᠦᠯᠦᠨ᠎ᠡ᠃ ᠠᠳᠣᠭᠤᠨ ᠠᠵᠤ ᠦᠢᠯᠡᠰ ᠤᠨ   ᠪᠡᠯᠡ ᠲᠣᠬᠢᠷᠠᠭᠤᠯᠭ᠎ᠠ ᠶᠢᠨ ᠣᠯᠠᠨ ᠡᠰᠢᠵᠢᠭᠰᠡᠨ ᠠᠷᠭ᠎ᠠ ᠵᠡᠮ ᠢ ᠨᠡᠭᠡᠭᠡᠵᠦ᠂ ᠠᠳᠣᠭᠤᠨ ᠠᠵᠤ ᠦᠢᠯᠡᠰ ᠤᠨ ᠬᠦᠭᠵᠢᠯᠳᠡ ᠳᠤ ᠣᠷᠣᠨ ᠤ ᠳᠣᠲᠣᠷ ᠭᠠᠳᠠᠨᠠᠬᠢ ᠲᠣᠮᠣ ᠳᠣᠮᠳᠠ ᠬᠡᠯᠪᠡᠷᠢ ᠶᠢᠨ ᠠᠵᠣ ᠠᠬᠤᠶᠢᠯᠠᠯ ᠤᠨ ᠪᠠ ᠠᠷᠠᠳ ᠤᠨ ᠳᠣᠮᠳᠠᠬᠢ ᠬᠥᠷᠥᠩᠭᠡ ᠵᠡᠷᠭᠡ ᠶᠢᠨ ᠣᠷᠣᠭᠤᠯᠤᠯᠲᠠ ᠬᠢᠬᠦ ᠶᠢ ᠵᠣᠷᠢᠭᠵᠢᠭᠤᠯᠣᠨ᠎ᠠ᠃ ᠨᠦᠬᠦᠴᠡᠯ ᠲᠠᠢ ᠠᠳᠣᠭᠤᠨ ᠠᠵᠤ ᠦᠢᠯᠡᠰ ᠤᠨ ᠠᠵᠣ ᠠᠬᠤᠶᠢᠯᠠᠯ  ᠤᠨ ᠵᠠᠬ᠎ᠠ ᠳᠡᠯᠭᠡᠭᠦᠷ ᠲᠤ ᠭᠠᠷᠬᠤ ᠶᠢ ᠢᠳᠡᠪᠬᠢᠲᠡᠢ ᠳᠡᠮᠵᠢᠨ᠎ᠡ᠃ ᠮᠦᠩᠭᠦᠨ ᠭᠦᠢᠯᠭᠡᠭᠡᠨ ᠤ ᠪᠠᠶᠢᠭᠤᠯᠣᠮᠵᠢ ᠨᠤᠭᠤᠳ ᠢ ᠵᠣᠷᠢᠭᠵᠢᠭᠤᠯᠵᠤ ᠪᠠᠶᠢᠭᠠᠳ ᠵᠢᠭᠡᠯᠡᠯᠭᠡ ᠪᠠ ᠢᠲᠡᠭᠡᠮᠵᠢ ᠶᠢᠨ ᠲᠤᠭ᠎ᠠ ᠬᠡᠮᠵᠢᠶ᠎ᠡ ᠶᠢ ᠨᠢ ᠵᠤᠭᠢᠰᠳᠠᠢ ᠨᠡᠮᠡᠭᠳᠡᠭᠦᠯᠵᠦ᠂ ᠠᠳᠣᠭᠤᠨ ᠠᠵᠤ ᠦᠢᠯᠡᠰ ᠤᠨ ᠰᠢᠨ᠎ᠡ ᠬᠡᠯᠪᠡᠷᠢ ᠶᠢᠨ ᠡᠵᠡᠩᠨᠡᠯᠳᠡ ᠶᠢᠨ ᠭᠤᠣᠯ ᠴᠣᠭᠴᠠ ᠶᠢᠨ ᠬᠦᠭᠵᠢᠯᠳᠡ ᠶᠢ ᠳᠡᠮᠵᠢᠨ᠎ᠡ᠃ ᠳᠠᠭᠠᠭᠠᠯᠳᠠ ᠶᠢᠨ ᠪᠠᠶᠢᠭᠤᠯᠣᠮᠵᠢ ᠨᠤᠭᠤᠳ ᠢ ᠵᠣᠷᠢᠭᠵᠢᠭᠤᠯᠵᠤ ᠪᠠᠶᠢᠭᠠᠳ ᠠᠳᠣᠭᠤᠨ ᠠᠵᠤ ᠦᠢᠯᠡᠰ ᠲᠤ ᠢᠲᠡᠭᠡᠮᠵᠢᠳᠣ ᠵᠢᠭᠡᠯᠡᠯᠭᠡ ᠪᠡᠯᠡ ᠳᠤᠬᠢᠷᠠᠭᠤᠯᠭ᠎ᠠ ᠶᠢᠨ ᠳᠠᠭᠠᠭᠠᠯᠳᠠ ᠬᠢᠵᠦ ᠥᠭᠬᠦᠨ᠎ᠠ᠃ ᠠᠳᠣᠭᠤ ᠶᠢ ᠮᠠᠯ ᠠᠵᠣ ᠠᠬᠤᠢ ᠶᠢᠨ ᠲᠦᠷᠣ ᠶᠢᠨ ᠪᠣᠳᠣᠯᠭ᠎ᠠ ᠶᠢᠨ ᠴᠢᠨᠠᠷᠲᠠᠢ ᠳᠠᠭᠠᠳᠬᠠᠯ ᠤᠨ ᠬᠡᠪᠴᠢᠶᠡᠨ ᠳᠤ ᠤᠷᠤᠭᠤᠯᠬᠤ  ᠪᠠᠷ ᠴᠢᠷᠮᠠᠶᠢᠵᠦ᠂ ᠠᠳᠣᠭᠤᠨ ᠠᠵᠤ ᠦᠢᠯᠡᠰ ᠤᠨ ᠲᠦᠭᠰᠢᠭᠦᠷᠢ ᠶᠢ ᠲᠤᠯᠬᠤ ᠴᠢᠳᠠᠪᠣᠷᠢ ᠶᠢ ᠨᠢ ᠴᠢᠩᠭᠠᠷᠠᠭᠤᠯᠤᠨ᠎ᠠ᠃ ︵ ᠦᠪᠡᠷᠲᠡᠭᠡᠨ ᠵᠠᠰᠠᠬᠤ ᠣᠷᠣᠨ ᠤ ᠮᠦᠩᠭᠦᠨ ᠭᠦᠢᠯᠭᠡᠭᠡᠨ ᠤ ᠠᠯᠪᠠᠨ ᠭᠡᠷ ᠲᠦᠷᠦᠭᠦᠯᠡᠨ᠂ ᠦᠪᠣᠷ ᠮᠣᠩᠭᠤᠯ ᠤᠨ ᠲᠡᠮᠳᠡᠭᠲᠦ ᠶᠢᠨ ᠬᠢᠨᠠᠯᠳᠠ ᠬᠠᠮᠢᠶᠠᠷᠤᠯᠲᠠ ᠶᠢᠨ ᠲᠣᠪᠴᠢᠶ᠎ᠠ᠂ ᠪᠠᠩᠬᠢ ᠶᠢᠨ ᠬᠢᠨᠠᠯᠳᠠ ᠬᠠᠮᠢᠶᠠᠷᠤᠯᠲᠠ ᠶᠢᠨ ᠲᠣᠪᠴᠢᠶ᠎ᠠ᠂ ᠳᠠᠭᠠᠳᠬᠠᠯ ᠤᠨ ᠬᠢᠨᠡᠯᠳᠡ ᠬᠠᠮᠢᠶᠠᠷᠤᠯᠲᠠ ᠶᠢᠨ ᠲᠣᠪᠴᠢᠶ᠎ᠠ᠂   ᠬᠤᠯᠪᠣᠭᠳᠠᠯ ᠪᠦᠬᠦᠢ ᠮᠦᠩᠭᠦᠨ ᠭᠦᠢᠯᠭᠡᠭᠡ ᠳᠠᠭᠠᠳᠬᠠᠯ ᠤᠨ ᠪᠠᠶᠢᠭᠤᠯᠤᠮᠵᠢ ᠬᠠᠮᠵᠢᠯᠴᠠᠨ᠎ᠠ︶       ︵ᠠᠷᠪᠠᠨ ᠬᠤᠶᠠᠷ︶ ᠭᠠᠵᠠᠷ ᠲᠠᠯᠠᠪᠠᠢ ᠬᠡᠷᠡᠭᠯᠡᠬᠦ ᠲᠦᠷᠣ ᠶᠢᠨ ᠪᠣᠳᠣᠯᠭ᠎ᠠ ᠶᠢᠨ ᠳᠡᠮᠵᠢᠯᠭᠡ   ᠦᠵᠡᠭᠦᠯᠦᠨ᠎ᠡ᠃ ᠠᠳᠣᠭᠤᠨ ᠠᠵᠤ ᠦᠢᠯᠡᠰ ᠤᠨ   ᠲᠥᠷᠥᠯ ᠵᠦᠢᠯ ᠤᠨ ᠪᠦᠲᠦᠭᠡᠨ ᠪᠠᠶᠢᠭᠤᠯᠣᠯᠳᠠ ᠳᠤ ᠬᠡᠷᠡᠭᠯᠡᠬᠦ ᠭᠠᠵᠠᠷ ᠲᠠᠯᠠᠪᠠᠢ ᠳᠤ᠂ ᠭᠠᠵᠠᠷ ᠰᠢᠷᠤᠢ ᠶᠢᠨ ᠠᠰᠢᠭᠯᠠᠯᠳᠠ ᠶᠢᠨ ᠶᠡᠷᠦᠩᠬᠡᠢ ᠲᠦᠯᠦᠪᠵᠢᠭᠦᠯᠭᠡ ᠶᠢᠨ ᠱᠠᠭᠠᠷᠳᠠᠯᠭ᠎ᠠ ᠶᠣᠰᠣᠭᠠᠷ᠂ ᠭᠠᠵᠠᠷ ᠲᠠᠯᠠᠪᠠᠢ ᠠᠰᠢᠭᠯᠠᠬᠤ ᠣᠨ ᠤ ᠲᠦᠯᠦᠪᠯᠡᠯᠭᠡ ᠳᠤ ᠤᠷᠢᠳ ᠢᠶᠠᠷ ᠣᠷᠣᠭᠤᠯᠬᠤ ᠶᠢᠨ ᠬᠠᠮᠲᠤ᠂ ᠣᠨ ᠤ ᠲᠦᠯᠦᠪᠯᠡᠯᠭᠡ ᠶᠢ ᠪᠠᠭᠤᠯᠭᠠᠬᠤ  ᠳᠤ ᠬᠡᠷᠡᠭᠯᠡᠬᠦ ᠭᠠᠵᠠᠷ ᠲᠠᠯᠠᠪᠠᠢ ᠶᠢᠨ ᠭᠦᠢᠴᠡᠳᠬᠡᠯ ᠲᠤᠭ᠎ᠠ ᠶᠢᠨ ᠲᠠᠯ᠎ᠠ ᠪᠠᠷ ᠳᠡᠮᠵᠢᠯᠭᠡ ᠦᠵᠡᠭᠦᠯᠦᠨ᠎ᠡ᠃ ᠤᠭ ᠤᠨ ᠪᠠᠶᠢᠭᠰᠠᠨ ᠪᠦᠲᠦᠭᠡᠨ ᠪᠠᠶᠢᠭᠤᠯᠣᠯᠳᠠ ᠳᠤ ᠬᠡᠷᠡᠭᠯᠡᠬᠦ ᠭᠠᠵᠠᠷ ᠲᠠᠯᠠᠪᠠᠢ ᠶᠢ ᠬᠡᠷᠡᠭᠯᠡᠬᠦ ᠪᠠᠷ ᠰᠢᠯᠵᠢᠭᠦᠯᠬᠦ ᠴᠢᠬᠤᠯᠠ ᠲᠠᠢ ᠪᠣᠯ᠂ ᠣᠯᠣᠰ ᠤᠨ ᠬᠠᠮᠤᠭ ᠳᠣᠣᠷ᠎ᠠ ᠦᠨ᠎ᠡ ᠬᠠᠩᠰᠢ ᠶᠢᠨ ᠪᠠᠷᠢᠮᠵᠢᠶ᠎ᠠ ᠠᠴᠠ ᠳᠤᠤᠷ᠎ᠠ ᠪᠠᠶᠢᠯᠭᠠᠬᠤ ᠦᠭᠡᠢ ᠲᠦᠷᠣ ᠶᠢᠨ ᠪᠣᠳᠣᠯᠭ᠎ᠠ ᠶᠢ ᠵᠢᠷᠤᠮᠯᠠᠬᠤ ᠤᠷᠢᠳᠠᠯ ᠳᠤᠤᠷ᠎ᠠ᠂ ᠭᠠᠵᠠᠷ ᠲᠠᠯᠠᠪᠠᠢ ᠶᠢ ᠲᠥᠯᠥᠪᠦᠷᠢ ᠲᠠᠢ ᠰᠢᠯᠵᠢᠭᠦᠯᠬᠦ ᠳᠡᠮᠵᠢᠯᠭᠡ ᠶᠢᠨ ᠲᠦᠷᠣ ᠶᠢᠨ ᠪᠣᠳᠣᠯᠭ᠎ᠠ ᠪᠠᠷ ᠬᠠᠷᠠᠭᠠᠯᠵᠠᠯ ᠬᠦᠷᠲᠡᠵᠣ ᠪᠣᠯᠣᠨ᠎ᠠ᠃ ᠠᠳᠣᠭᠤᠨ ᠠᠵᠤ ᠦᠢᠯᠡᠰ ᠲᠤ ᠬᠡᠷᠡᠭᠯᠡᠬᠦ ᠭᠠᠵᠠᠷ ᠲᠠᠯᠠᠪᠠᠢ ᠨᠢ ᠲᠦᠯᠦᠪᠵᠢᠭᠦᠯᠭᠡ ᠳᠤ ᠨᠡᠶᠢᠴᠡᠵᠣ᠂ ᠤᠤᠯ ᠤᠨ ᠬᠡᠷᠡᠭᠴᠡᠭᠡ ᠶᠢ ᠦᠭᠡᠷᠡᠴᠢᠯᠡᠬᠦ ᠦᠭᠡᠢ ᠪᠠᠶᠢᠬᠤ ᠣᠷᠢᠳᠠᠯ ᠳᠤᠤᠷ᠎ᠠ᠂ ᠪᠠᠭᠲᠠᠭᠠᠮᠵᠢ ᠶᠢᠨ ᠬᠡᠮᠵᠢᠶ᠎ᠡ ᠶᠢ ᠨᠢ ᠵᠤᠭᠢᠰᠳᠠᠢ ᠨᠡᠮᠡᠭᠳᠡᠭᠦᠯᠵᠦ ᠪᠣᠯᠬᠤ ᠪᠦᠭᠡᠳ ᠲᠠᠪᠣᠨ ᠵᠢᠯ ᠤᠨ ᠰᠢᠯᠵᠢᠯᠳᠡ ᠶᠢᠨ ᠬᠤᠭᠤᠴᠠᠭᠠᠨ ᠳᠤ ᠭᠠᠵᠠᠷ ᠰᠢᠷᠣᠢ ᠶᠢ ᠲᠥᠯᠥᠪᠦᠷᠢ ᠲᠠᠢ ᠰᠢᠯᠵᠢᠭᠦᠯᠦᠭᠰᠡᠨ ᠮᠦᠩᠭᠦ ᠲᠠᠲᠠᠪᠤᠷᠢᠯᠠᠬᠤ ᠦᠭᠡᠢ ᠪᠠᠶᠢᠵᠤ ᠪᠣᠯᠣᠨ᠎ᠠ᠃ ᠭᠡᠷᠡᠭᠯᠡᠭᠡᠳᠦᠢ ᠪᠠᠶᠢᠭ᠎ᠠ ᠤᠯᠤᠰ ᠤᠨ ᠥᠮᠴᠢᠯᠡᠯᠲᠦ ᠭᠠᠵᠠᠷ ᠰᠢᠷᠣᠢ ᠶᠢ ᠠᠰᠢᠭᠯᠠᠵᠤ ᠠᠳᠣᠭᠤᠨ ᠠᠵᠤ ᠦᠢᠯᠡᠰ ᠤᠨ ᠲᠥᠷᠥᠯ ᠵᠦᠢᠯ ᠢ ᠪᠦᠲᠦᠭᠡᠨ ᠪᠠᠶᠢᠭᠤᠯᠬᠤ ᠳᠤ᠂ ᠣᠯᠣᠰ ᠤᠨ ᠭᠠᠵᠠᠷ ᠲᠠᠯᠠᠪᠠᠢ ᠬᠡᠷᠡᠭᠯᠡᠬᠦ ᠶᠢ ᠳᠡᠮᠵᠢᠬᠦ ᠬᠤᠯᠪᠣᠭᠳᠠᠯ ᠪᠦᠬᠦᠢ ᠲᠦᠷᠣ ᠶᠢᠨ ᠪᠤᠲᠤᠯᠭ᠎ᠠ ᠶᠢᠨ ᠬᠠᠷᠠᠭᠠᠯᠵᠠᠯ ᠢ ᠬᠦᠷᠲᠡᠬᠦ ᠪᠣᠯᠣᠨ᠎ᠠ᠃ ︵ᠦᠪᠡᠷᠲᠡᠭᠡᠨ ᠵᠠᠰᠠᠬᠤ ᠣᠷᠣᠨ ᠤ ᠣᠯᠣᠰ ᠤᠨ ᠭᠠᠵᠠᠷ ᠰᠢᠷᠣᠢ ᠡᠬᠢ ᠪᠠᠶᠠᠯᠢᠭ ᠤᠨ ᠲᠢᠩᠬᠢᠮ ᠲᠦᠷᠦᠭᠦᠯᠡᠨ᠂ ᠦᠪᠡᠷᠲᠡᠭᠡᠨ ᠵᠠᠰᠠᠬᠤ ᠣᠷᠣᠨ ᠤ ᠬᠦᠭᠵᠢᠭᠦᠯᠦᠯᠳᠡ ᠦᠭᠡᠷᠡᠴᠢᠯᠡᠯᠳᠡ ᠶᠢᠨ ᠵᠦᠪᠯᠡᠯ᠂ ᠬᠤᠯᠪᠣᠭᠳᠠᠯ ᠪᠦᠬᠦᠢ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠮᠵᠢᠯᠴᠠᠨ᠎ᠠ︶         ᠡᠯ᠎ᠡ ᠭᠠᠵᠠᠷ ᠤᠷᠤᠨ ᠨᠢ ᠲᠣᠬᠠᠢ ᠶᠢᠨ ᠭᠠᠵᠠᠷ ᠤᠨ ᠢᠶᠠᠨ ᠪᠠᠶᠢᠳᠠᠯ ᠳᠤ ᠲᠣᠬᠢᠷᠠᠭᠤᠯᠤᠨ᠂ ᠣᠳᠣ ᠦᠶ᠎ᠡ ᠶᠢᠨ ᠠᠳᠣᠭᠤᠨ ᠠᠵᠤ ᠦᠢᠯᠡᠰ ᠤᠨ ᠬᠦᠭᠵᠢᠯᠳᠡ ᠶᠢ ᠠᠬᠢᠭᠤᠯᠬᠤ ᠶᠠᠪᠤᠳᠠᠯ ᠢ ᠲᠤᠰ ᠭᠠᠵᠠᠷ ᠤᠨ ᠠᠵᠣ ᠠᠬᠤᠢ ᠨᠡᠶᠢᠭᠡᠮ ᠤᠨ ᠬᠦᠭᠵᠢᠯᠳᠡ ᠶᠢᠨ ᠲᠦᠯᠦᠪᠵᠢᠭᠦᠯᠭᠡ ᠳᠤ ᠣᠷᠣᠭᠤᠯᠵᠣ᠂ ᠣᠳᠣ ᠦᠶ᠎ᠡ ᠶᠢᠨ ᠠᠳᠣᠭᠤᠨ ᠠᠵᠤ ᠦᠢᠯᠡᠰ ᠤᠨ ᠬᠦᠭᠵᠢᠯᠳᠡ ᠶᠢ ᠳᠡᠮᠵᠢᠬᠦ ᠲᠥᠭᠦᠷ ᠲᠦᠷᠣ ᠶᠢᠨ ᠪᠣᠳᠣᠯᠭ᠎ᠠ ᠪᠠ ᠬᠠᠮᠢᠶ᠎ᠠ ᠪᠦᠬᠦᠢ ᠠᠷᠭ᠎ᠠ ᠬᠡᠮᠵᠢᠶ᠎ᠡ ᠶᠢ ᠲᠣᠭᠲᠠᠭᠠᠵᠤ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠨᠢ ᠲᠤᠰ ᠲᠤᠰ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠷᠢᠯᠴᠠᠨ ᠬᠠᠮᠵᠢᠯᠴᠠᠨ᠂ ᠲᠤᠰ ᠲᠤᠰ ᠤᠨ ᠡᠭᠦᠷᠭᠡᠯᠡᠵᠦ ᠪᠦᠬᠦᠢ ᠬᠠᠷᠢᠭᠤᠴᠠᠯᠭ᠎ᠠ ᠡᠭᠦᠷᠭᠡ ᠶᠢ ᠪᠡᠶᠡᠯᠡᠭᠦᠯᠵᠦ᠂ ᠮᠠᠨ ᠤ ᠣᠷᠣᠨ ᠤ ᠣᠳᠣ ᠦᠶ᠎ᠡ ᠶᠢᠨ ᠠᠳᠣᠭᠤᠨ ᠠᠵᠤ ᠦᠢᠯᠡᠰ ᠤᠨ ᠴᠢᠨᠠᠷᠵᠢᠭᠤᠨ ᠪᠦᠭᠡᠳ ᠲᠦᠷᠭᠡᠨ ᠢᠶᠠᠷ ᠬᠥᠭᠵᠢᠬᠦ ᠶᠢ ᠬᠠᠮᠲᠤ ᠪᠠᠷ ᠠᠬᠢᠭᠤᠯᠬᠤ ᠬᠡᠷᠡᠭᠲᠡᠢ᠃                                              2017 ᠣᠨ ᠤ 12 ᠳ᠋ᠤᠭᠠᠷ ᠰᠠᠷ᠎ᠠ ᠶᠢᠨ 13 ᠤ ᠡᠳᠣᠷ                                                                                  
 
ᠢᠷᠡᠯᠲᠡ᠄ ᠲᠤᠰ ᠰᠦᠯᠵᠢᠶ᠎ᠡ
ᠨᠠᠶᠢᠷᠠᠭᠤᠯᠤᠭᠴᠢ᠄ ᠭᠤᠸᠠᠨ ᠴᠠᠩ ᠰᠢ
ᠣᠷᠴᠢᠭᠤᠯᠤᠭᠴᠢ᠄
   
ᠬᠤᠯᠪᠣᠭᠳᠠᠯ ᠪᠦᠬᠦᠢ ᠠᠭᠤᠯᠭ᠎ᠠ ᠶᠢᠨ ᠭᠠᠷᠴᠠᠭ
 
2014-2016 © ᠬᠠᠷᠢᠯᠴᠠᠬᠤ ᠤᠲᠠᠰᠤ᠄ 0471-6280741 ᠢᠮᠧᠯ᠄ nmgbute@163.com
ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠤᠷᠢᠭᠯᠠᠨ᠎ᠠ᠃
︽ᠬᠡᠷᠡᠭᠯᠡᠭᠡᠨ ᠤ ᠮᠡᠷᠭᠡᠵᠢᠯ ᠤᠨ ᠮᠤᠩᠭᠤᠯ ᠰᠦᠯᠵᠢᠶᠡᠨ ᠤ ᠬᠥᠯᠭᠡ︾ ᠦᠮᠴᠢᠯᠡᠯ ᠲᠠᠢ︕