| ︵2013 ᠣᠨ ᠤ 5 ᠰᠠᠷ᠎ᠠ ᠶᠢᠨ 29 ᠤ ᠡᠳᠦᠷ ᠦᠪᠦᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ | ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠤᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠭᠤᠷᠪᠠᠳᠤᠭᠠᠷ ᠬᠤᠷᠠᠯ ᠠᠴᠠ ᠪᠠᠲᠤᠯᠠᠪᠠ︶ | ᠥᠪᠤᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ | ᠲᠥᠯᠤᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠯᠪᠠᠨ ᠵᠠᠷ | ᠨᠢᠭᠡᠳᠦᠭᠡᠷ ᠲᠣᠭᠠᠲᠤ | 2013 ᠣᠨ ᠤ 5 ᠰᠠᠷ᠎ᠠ ᠶᠢᠨ 29 ᠤ ᠡᠳᠦᠷ ᠥᠪᠤᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠠᠷᠪᠠᠨ | ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠤᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ | ᠭᠤᠷᠪᠠᠳᠤᠭᠠᠷ ᠬᠤᠷᠠᠯ ᠠᠴᠠ ︽ᠥᠪᠤᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠬᠤᠲᠠ ᠬᠦᠳᠡᠭᠡ ᠶᠢᠨ | ᠲᠥᠯᠦᠪᠵᠢᠭᠦᠯᠭᠡ ᠶᠢᠨ ᠲᠦᠷᠢᠮ︾ ᠢ ᠪᠠᠲᠤᠯᠠᠪᠠ᠂ ᠣᠳᠣ ᠨᠡᠶᠢᠲᠡᠯᠡᠶ᠎ᠡ᠂ 2013 ᠣᠨ ᠤ 7 ᠰᠠᠷ᠎ᠠ ᠶᠢᠨ 1 ᠤ | ᠡᠳᠦᠷ ᠠᠴᠠ ᠡᠬᠢᠯᠡᠨ ᠬᠡᠷᠡᠭᠵᠢᠭᠦᠯᠦᠨ᠎ᠡ᠃ | 2013 ᠣᠨ ᠤ 5 ᠰᠠᠷ᠎ᠠ ᠶᠢᠨ 29 ᠤ ᠡᠳᠦᠷ | ᠨᠢᠭᠡᠳᠦᠭᠡᠷ ᠪᠦᠯᠦᠭ ᠶᠡᠷᠦᠩᠬᠡᠢ ᠲᠦᠷᠢᠮ | ᠨᠢᠭᠡᠳᠦᠭᠡᠷ ᠵᠦᠢᠯ ᠬᠤᠲᠠ ᠬᠦᠳᠡᠭᠡ ᠶᠢᠨ ᠲᠥᠯᠦᠪᠵᠢᠭᠦᠯᠭᠡ ᠶᠢᠨ ᠬᠠᠮᠢᠶᠠᠷᠤᠯᠲᠠ ᠶᠢ ᠴᠢᠩᠭᠠᠳᠬᠠᠵᠦ᠂ ᠬᠤᠲᠠ | ᠬᠦᠳᠡᠭᠡ ᠶᠢᠨ ᠤᠷᠤᠨ ᠵᠠᠢ ᠶᠢᠨ ᠪᠠᠶᠢᠷᠢᠯᠠᠭᠤᠯᠤᠯ ᠢ ᠵᠤᠬᠢᠴᠠᠭᠤᠯᠤᠨ᠂ ᠰᠠᠭᠤᠬᠤ ᠤᠷᠴᠢᠨ ᠲᠤᠭᠤᠷᠢᠨ ᠢ ᠰᠠᠶᠢᠵᠢᠷᠠᠭᠤᠯᠵᠦ᠂ | ᠬᠤᠲᠠ ᠬᠦᠳᠡᠭᠡ ᠶᠢᠨ ᠠᠵᠦ ᠠᠬᠤᠢ ᠨᠡᠶᠢᠭᠡᠮ ᠤᠨ ᠪᠦᠭᠦ ᠲᠠᠯ᠎ᠠ ᠪᠠᠷ ᠡᠶ᠎ᠡ ᠵᠣᠬᠢᠴᠠᠩᠭᠤᠢ ᠪᠠᠷ ᠦᠷᠭᠦᠯᠵᠢᠯᠡᠨ ᠬᠥᠭᠵᠢᠭᠦ ᠶᠢ | ᠠᠬᠢᠭᠤᠯᠬᠤ ᠶᠢᠨ ᠲᠥᠯᠦᠭᠡ᠂ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠬᠤᠲᠠ ᠬᠦᠳᠡᠭᠡ ᠶᠢᠨ | ᠲᠥᠯᠦᠪᠵᠢᠭᠦᠯᠭᠡ ᠶᠢᠨ ᠬᠠᠤᠯᠢ︾ ᠵᠢᠴᠢ ᠤᠯᠤᠰ ᠤᠨ ᠬᠤᠯᠪᠤᠭᠳᠠᠯ ᠪᠥᠭᠦᠢ ᠬᠠᠤᠯᠢ ᠴᠠᠭᠠᠵᠠ᠂ ᠬᠠᠤᠯᠢ ᠲᠤᠭᠳᠠᠭᠠᠯ ᠢ | ᠦᠨᠳᠦᠰᠦᠯᠡᠵᠦ᠂ ᠥᠪᠡᠷᠳᠡᠭᠡᠨ ᠵᠠᠰᠠᠬᠤ ᠤᠷᠤᠨ ᠤ ᠪᠤᠲᠠᠲᠠᠢ ᠲᠠᠢ ᠪᠠᠨ ᠤᠶᠠᠯᠳᠤᠭᠤᠯᠤᠨ ᠲᠤᠰ ᠲᠦᠷᠢᠮ ᠢ | ᠲᠤᠭᠳᠠᠭᠠᠪᠠ᠃ | ᠬᠤᠶᠠᠳᠤᠭᠠᠷ ᠵᠦᠢᠯ ᠥᠪᠡᠷᠳᠡᠭᠡᠠ ᠵᠠᠰᠠᠬᠤ ᠤᠷᠤᠨ ᠤ ᠵᠠᠰᠠᠭ ᠵᠠᠬᠢᠷᠭᠠᠨ ᠤ ᠤᠷᠤᠨ ᠤ ᠲᠤᠳᠤᠷ᠎ᠠ ᠬᠤᠲᠠ | ᠬᠦᠳᠡᠭᠡ ᠶᠢᠨ ᠲᠥᠯᠦᠪᠵᠢᠭᠦᠯᠭᠡ ᠨᠠᠶᠢᠷᠠᠭᠤᠯᠬᠤ᠂ ᠬᠡᠷᠡᠭᠵᠢᠭᠦᠯᠭᠦ᠂ ᠵᠠᠰᠠᠪᠤᠷᠢ ᠤᠷᠤᠭᠤᠯᠬᠤ᠂ ᠲᠥᠯᠦᠪᠵᠢᠭᠦᠯᠭᠡ ᠶᠢᠨ | ᠤᠷᠤᠨ ᠲᠤᠳᠤᠷ᠎ᠠ ᠪᠦᠲᠦᠭᠡᠨ ᠪᠠᠶᠢᠭᠤᠯᠬᠤ ᠠᠵᠢᠯᠯᠠᠭ᠎ᠠ ᠬᠢᠪᠠᠯ ᠡᠷᠬᠡᠪᠰᠢ ᠲᠤᠰ ᠲᠦᠷᠢᠮ ᠢ ᠵᠢᠷᠤᠮᠯᠠᠬᠤ ᠬᠡᠷᠡᠭᠲᠠᠢ᠃ | ᠲᠤᠰ ᠲᠦᠷᠢᠮ ᠳᠤ ᠬᠡᠯᠡᠵᠦ ᠪᠠᠶᠢᠭ᠎ᠠ ᠬᠤᠲᠠ ᠬᠦᠳᠡᠭᠡ ᠶᠢᠨ ᠲᠥᠯᠦᠪᠵᠢᠭᠦᠯᠭᠡ ᠳᠤ ᠬᠤᠲᠠ ᠪᠠᠯᠭᠠᠰᠤᠨ ᠤ | ᠰᠢᠰᠲ᠋ᠧᠮ ᠤᠨ ᠲᠥᠯᠦᠪᠵᠢᠭᠦᠯᠭᠡ᠂ ᠬᠤᠲᠠ ᠶᠢᠨ ᠲᠥᠯᠦᠪᠵᠢᠭᠦᠯᠭᠡ᠂ ᠪᠠᠯᠭᠠᠰᠤᠨ ᠤ ᠲᠥᠯᠦᠪᠵᠢᠭᠦᠯᠭᠡ᠂ ᠰᠤᠮᠤ | ᠰᠢᠶᠠᠩ ᠤᠨ ᠲᠥᠯᠦᠪᠵᠢᠭᠦᠯᠭᠡ ᠪᠠ ᠭᠠᠴᠠᠭ᠎ᠠ ᠲᠤᠰᠬᠤᠨ ᠤ ᠲᠥᠯᠦᠪᠵᠢᠭᠦᠯᠭᠡ ᠪᠠᠭᠳᠠᠨ᠎ᠠ᠃ ᠬᠤᠲᠠ ᠪᠠᠯᠭᠠᠰᠤᠨ ᠤ | ᠰᠢᠰᠲ᠋ᠧᠮ ᠤᠨ ᠲᠥᠯᠦᠪᠵᠢᠭᠦᠯᠭᠡ ᠶᠢ ᠥᠪᠡᠷᠳᠡᠭᠡᠨ ᠵᠠᠰᠠᠬᠤ ᠤᠷᠤᠨ ᠤ ᠬᠡᠪᠴᠢᠶᠡᠨ ᠳᠠᠬᠢ ᠬᠤᠲᠠ ᠪᠠᠯᠭᠠᠰᠤᠨ ᠤ | ᠰᠢᠰᠲ᠋ᠧᠮ ᠤᠨ ᠲᠥᠯᠦᠪᠵᠢᠭᠦᠯᠭᠡ᠂ ᠠᠶᠢᠮᠠᠭ ᠤᠨ ᠬᠡᠪᠴᠢᠶᠡᠨ ᠳᠠᠬᠢ ᠬᠤᠲᠠ ᠪᠠᠯᠭᠠᠰᠤᠨ ᠤ ᠰᠢᠰᠲ᠋ᠧᠮ ᠤᠨ | ᠲᠥᠯᠦᠪᠵᠢᠭᠦᠯᠭᠡ ᠭᠡᠵᠦ ᠬᠤᠪᠢᠶᠠᠨ᠎ᠠ᠃ ᠬᠤᠲᠠ ᠶᠢᠨ ᠲᠥᠯᠦᠪᠵᠢᠭᠦᠯᠭᠡ ᠪᠠ ᠪᠠᠯᠭᠠᠰᠤᠨ ᠤ ᠲᠥᠯᠦᠪᠵᠢᠭᠦᠯᠭᠡ ᠶᠢ | ᠶᠡᠷᠤᠩᠭᠡᠢ ᠲᠥᠯᠦᠪᠵᠢᠭᠦᠯᠭᠡ ᠪᠠ ᠨᠠᠷᠢᠨ ᠲᠥᠯᠦᠪᠵᠢᠭᠦᠯᠭᠡ ᠭᠡᠵᠦ ᠬᠤᠪᠢᠶᠠᠨ᠎ᠠ᠃ ᠨᠠᠷᠢᠨ ᠲᠥᠯᠦᠪᠵᠢᠭᠦᠯᠭᠡ ᠶᠢ ᠡᠵᠡᠮᠰᠢᠯ | ᠴᠢᠨᠠᠷᠲᠠᠢ ᠨᠠᠷᠢᠨ ᠲᠥᠯᠦᠪᠵᠢᠭᠦᠯᠭᠡ ᠪᠠ ᠵᠠᠰᠠᠨ ᠪᠠᠶᠢᠭᠤᠯᠬᠤ ᠴᠢᠨᠠᠷᠲᠠᠢ ᠨᠠᠷᠢᠨ ᠲᠥᠯᠦᠪᠵᠢᠭᠦᠯᠭᠡ ᠭᠡᠵᠦ ᠬᠤᠪᠢᠶᠠᠨ᠎ᠠ᠃ | ᠭᠤᠷᠪᠠᠳᠤᠭᠠᠷ ᠵᠦᠢᠯ ᠲᠤᠰ ᠲᠦᠷᠢᠮ ᠳᠤ ᠬᠡᠯᠡᠵᠤ ᠪᠠᠶᠢᠭ᠎ᠠ ᠲᠦᠯᠦᠪᠵᠢᠭᠦᠯᠭᠡ ᠶᠢᠨ ᠤᠷᠤᠨ ᠨᠢ ᠬᠤᠳᠠ᠂ | ᠪᠠᠯᠭᠠᠰᠤ᠂ ᠭᠠᠴᠠᠭ᠎ᠠ ᠲᠤᠰᠬᠤᠨ ᠤ ᠨᠢᠭᠡᠨᠳᠡ ᠪᠠᠶᠢᠭᠤᠯᠤᠭᠳᠠᠭᠰᠠᠨ ᠤᠷᠤᠨ ᠵᠢᠴᠢ ᠬᠤᠳᠠ ᠬᠦᠳᠡᠭᠡ ᠶᠢᠨ ᠪᠦᠳᠦᠭᠡᠨ | ᠪᠠᠶᠢᠭᠤᠯᠤᠯᠳᠠ ᠪᠠ ᠬᠦᠭᠵᠢᠯᠳᠡ ᠶᠢᠨ ᠬᠡᠷᠡᠭᠴᠡᠭᠡ ᠠᠴᠠ ᠪᠤᠯᠵᠤ ᠡᠷᠬᠡᠪᠰᠢ ᠲᠦᠯᠦᠪᠵᠢᠭᠦᠯᠵᠦ ᠡᠵᠡᠮᠳᠡᠬᠦ ᠶᠢ ᠬᠡᠷᠡᠭᠵᠢᠭᠦᠯᠬᠦ | ᠤᠷᠤᠨ ᠢ ᠵᠢᠭᠠᠵᠤ ᠪᠤᠢ᠃ ᠲᠦᠯᠦᠪᠵᠢᠭᠦᠯᠭᠡ ᠶᠢᠨ ᠤᠷᠤᠨ ᠤ ᠪᠤᠳᠠᠳᠠᠢ ᠬᠡᠪᠴᠢᠶ᠎ᠡ ᠶᠢ ᠬᠤᠯᠪᠤᠭᠳᠠᠯ ᠪᠦᠬᠦᠢ ᠠᠷᠠᠳ ᠤᠨ | ᠵᠠᠰᠠᠭ ᠤᠨ ᠤᠷᠳᠤᠨ ᠠᠴᠠ ᠵᠤᠬᠢᠶᠠᠨ ᠪᠠᠶᠢᠭᠤᠯᠤᠨ ᠨᠠᠶᠢᠷᠠᠭᠤᠯᠤᠭᠰᠠᠨ ᠬᠤᠳᠠ ᠶᠢᠨ ᠶᠡᠷᠦᠩᠬᠡᠢ ᠲᠦᠯᠦᠪᠵᠢᠭᠦᠯᠭᠡ᠂ | ᠪᠠᠯᠭᠠᠰᠤᠨ ᠤ ᠶᠡᠷᠦᠩᠬᠡᠢ ᠲᠦᠯᠦᠪᠵᠢᠭᠦᠯᠭᠡ᠂ ᠰᠤᠮᠤ ᠰᠢᠶᠠᠩ ᠤᠨ ᠲᠦᠯᠦᠪᠵᠢᠭᠦᠯᠭᠡ ᠪᠠ ᠭᠠᠴᠠᠭ᠎ᠠ ᠲᠤᠰᠬᠤᠨ ᠤ | ᠲᠦᠯᠦᠪᠵᠢᠭᠦᠯᠭᠡ ᠳᠤ ᠵᠢᠷᠤᠨ ᠲᠤᠭᠳᠠᠭᠠᠨ᠎ᠠ᠃ ᠬᠤᠳᠠ ᠶᠢᠨ ᠲᠦᠯᠦᠪᠵᠢᠭᠦᠯᠭᠡ ᠶᠢᠨ ᠤᠷᠤᠨ ᠲᠤᠳᠤᠷᠠᠬᠢ ᠰᠤᠮᠤ ᠰᠢᠶᠠᠩ | ᠪᠠᠯᠭᠠᠰᠤ᠂ ᠭᠠᠴᠠᠭ᠎ᠠ ᠲᠤᠰᠬᠤᠨ ᠵᠢᠴᠢ ᠰᠤᠮᠤ ᠰᠢᠶᠠᠩ ᠪᠠᠯᠭᠠᠰᠤᠨ ᠤ ᠲᠦᠯᠦᠪᠵᠢᠭᠦᠯᠭᠡ ᠶᠢᠨ ᠤᠷᠤᠨ ᠲᠤᠳᠤᠷᠠᠬᠢ | ᠭᠠᠴᠠᠭ᠎ᠠ ᠲᠤᠰᠬᠤᠨ ᠲᠦ᠋ᠯᠦᠪᠵᠢᠭᠦᠯᠭᠡ ᠶᠢᠨ ᠤᠷᠤᠨ ᠢ ᠠᠰᠳᠠᠭᠠᠨ ᠵᠢᠷᠤᠨ ᠲᠤᠭᠳᠠᠭᠠᠬᠤ ᠦᠭᠡᠢ᠃ | ᠲᠤᠰ ᠲᠦᠷᠢᠮ ᠳᠤ ᠬᠡᠯᠡᠵᠤ ᠪᠠᠶᠢᠭ᠎ᠠ ᠬᠤᠳᠠ ᠭᠡᠳᠡᠭ ᠨᠢ ᠵᠠᠰᠠᠭ ᠵᠠᠬᠢᠷᠭᠠᠨ ᠤ ᠪᠠᠶᠢᠭᠤᠯᠤᠮᠵᠢᠳᠤ ᠲᠦᠷᠢᠮ ᠢᠶᠠᠷ | ᠪᠠᠶᠢᠭᠤᠯᠤᠭᠰᠠᠨ ᠲᠤᠭᠤᠷᠢᠭ ᠲᠠᠢ ᠬᠤᠳᠠ ᠪᠤᠯᠤᠨ ᠬᠤᠰᠢᠭᠤ ᠰᠢᠶᠠᠨ ᠤ ᠱᠠᠳᠤᠨ ᠤ ᠬᠤᠳᠠ ᠶᠢ ᠵᠢᠭᠠᠵᠤ ᠪᠤᠢ᠃ | ᠲᠦᠷᠪᠡᠳᠦᠭᠡᠷ ᠵᠦᠢᠯ ᠬᠤᠳᠠ ᠬᠦᠳᠡᠭᠡ ᠶᠢᠨ ᠲᠦᠯᠦᠪᠵᠢᠭᠦᠯᠭᠡ ᠶᠢ ᠲᠤᠭᠳᠠᠭᠠᠨ ᠬᠡᠷᠡᠭᠵᠢᠭᠦᠯᠬᠦ ᠳᠤ ︽ | ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠬᠤᠳᠠ ᠬᠦᠳᠡᠭᠡ ᠶᠢᠨ ᠲᠦᠯᠦᠪᠵᠢᠭᠦᠯᠭᠡ ᠶᠢᠨ ᠬᠠᠤᠯᠢ︾ ᠳᠤ | ᠲᠤᠭᠳᠠᠭᠠᠭᠰᠠᠨ ᠡᠯ᠎ᠡ ᠵᠦᠢᠯ ᠤᠨ ᠵᠠᠷᠴᠢᠮ ᠪᠤᠯᠤᠨ ᠱᠠᠭᠠᠷᠳᠠᠯᠭ᠎ᠠ ᠶᠢ ᠵᠢᠷᠤᠮᠯᠠᠬᠤ ᠬᠡᠷᠡᠭᠳᠠᠢ᠃ | ᠲᠠᠪᠤᠳᠤᠭᠠᠷ ᠵᠦᠢᠯ ᠬᠤᠳᠠ ᠶᠢᠨ ᠶᠡᠷᠦᠩᠬᠡᠢ ᠲᠦᠯᠦᠪᠵᠢᠭᠦᠯᠭᠡ᠂ ᠪᠠᠯᠭᠠᠰᠤᠨ ᠤ ᠶᠡᠷᠦᠩᠬᠡᠢ ᠲᠦᠯᠦᠪᠵᠢᠭᠦᠯᠭᠡ᠂ | ᠰᠤᠮᠤ ᠰᠢᠶᠠᠩ ᠤᠨ ᠲᠦᠯᠦᠪᠵᠢᠭᠦᠯᠭᠡ ᠪᠠ ᠭᠠᠴᠠᠭ᠎ᠠ ᠲᠤᠰᠬᠤᠨ ᠤ ᠲᠦᠯᠦᠪᠵᠢᠭᠦᠯᠭᠡ ᠶᠢ ᠨᠠᠶᠢᠷᠠᠭᠤᠯᠬᠤ ᠳᠤ ᠤᠯᠤᠰ | ᠠᠷᠠᠳ ᠤᠨ ᠠᠵᠤ ᠠᠬᠤᠢ ᠪᠤᠯᠤᠨ ᠨᠡᠶᠢᠭᠡᠮ ᠤᠨ ᠬᠦᠭᠵᠢᠯᠳᠡ ᠶᠢᠨ ᠲᠦᠯᠦᠪᠵᠢᠭᠦᠯᠭᠡ ᠶᠢ ᠦᠨᠳᠦᠰᠦᠯᠡᠬᠦ ᠶᠢᠨ ᠬᠠᠮᠳᠤ | ᠭᠠᠵᠠᠷ ᠰᠢᠷᠤᠢ ᠶᠢ ᠠᠰᠢᠭᠯᠠᠬᠤ ᠶᠡᠷᠦᠩᠬᠡᠢ ᠲᠦᠯᠦᠪᠵᠢᠭᠦᠯᠭᠡ ᠲᠠᠢ ᠬᠠᠷᠢᠯᠴᠠᠨ ᠠᠪᠴᠠᠯᠳᠤᠭᠤᠯᠬᠤ ᠬᠡᠷᠡᠭᠳᠠᠢ᠃ | ᠵᠢᠷᠭᠤᠳᠤᠭᠠᠷ ᠵᠦᠢᠯ ᠤᠯᠤᠰ ᠪᠤᠶᠤ ᠦᠪᠡᠷᠳᠡᠭᠡᠨ ᠵᠠᠰᠠᠬᠤ ᠤᠷᠤᠨ ᠠᠴᠠ ᠲᠤᠭᠳᠠᠭᠠᠭᠰᠠᠨ ᠭᠤᠤᠯᠳᠠᠯᠭᠠᠳᠤ | ᠬᠦᠭᠵᠢᠯᠳᠡ ᠶᠢᠨ ᠤᠷᠤᠨ ᠨᠢ ᠲᠠᠷᠤᠢ ᠤᠨᠴᠠ ᠲᠤᠭᠳᠠᠭᠠᠭᠰᠠᠨ ᠤᠷᠤᠨ ᠪᠤᠯᠤᠨ᠎ᠠ᠃ ᠤᠨᠴᠠ ᠲᠤᠭᠳᠠᠭᠠᠭᠰᠠᠨ ᠤᠷᠤᠨ ᠤ | ᠲᠦᠯᠦᠪᠵᠢᠭᠦᠯᠭᠡ ᠶᠢ ᠬᠠᠤᠯᠢ ᠳᠤ ᠲᠤᠭᠳᠠᠭᠠᠭᠰᠠᠨ ᠲᠡᠰ ᠲᠠᠷᠠᠭᠠᠯᠠᠯ ᠢᠶᠠᠷ ᠬᠢᠨᠠᠨ ᠵᠦᠪᠰᠢᠶᠡᠷᠡᠭᠦᠯᠦᠭᠰᠡᠨ ᠤ ᠲᠠᠷᠠᠭ᠎ᠠ ᠬᠤᠳᠠ | ᠪᠠᠯᠭᠠᠰᠤᠨ ᠤ ᠰᠢᠰᠲ᠋ᠧᠮᠵᠢ ᠶᠢᠨ ᠲᠦᠯᠦᠪᠵᠢᠭᠦᠯᠭᠡ᠂ ᠬᠤᠳᠠ ᠶᠢᠨ ᠶᠡᠷᠦᠩᠬᠡᠢ ᠲᠦᠯᠦᠪᠵᠢᠭᠦᠯᠭᠡ᠂ ᠪᠠᠯᠭᠠᠰᠤᠨ ᠤ ᠶᠡᠷᠦᠩᠬᠡᠢ | ᠲᠦᠯᠦᠪᠵᠢᠭᠦᠯᠭᠡ ᠳᠤ ᠤᠷᠤᠭᠤᠯᠤᠨ᠎ᠠ᠃ | ᠡᠮᠤᠨᠡᠬᠢ ᠵᠤᠷᠪᠤᠰ ᠲᠤ ᠬᠡᠯᠡᠵᠤ ᠪᠠᠶᠢᠭ᠎ᠠ ᠤᠨᠴᠠ ᠲᠤᠭᠳᠠᠭᠠᠭᠰᠠᠨ ᠤᠷᠤᠨ ᠳᠤ ᠨᠡᠬᠡᠬᠡᠯᠳᠡ ᠶᠢᠨ ᠤᠷᠤᠨ᠂ ᠬᠢᠯᠢ | ᠬᠢᠵᠠᠭᠠᠷ ᠤᠨ ᠪᠤᠭᠤᠮᠳᠠ᠂ ᠲᠤᠰᠠᠭᠠᠷ ᠠᠭᠤᠷᠬᠠᠢ ᠶᠢᠨ ᠤᠷᠤᠨ᠂ ᠲᠠᠷᠢᠶᠠᠯᠠᠩ ᠤᠢ ᠰᠢᠭᠤᠢ ᠮᠠᠯᠵᠢᠯ ᠤᠨ ᠲᠠᠯᠠᠪᠠᠢ ᠵᠡᠷᠭᠡ | ᠪᠠᠭᠳᠠᠨ᠎ᠠ᠃ ᠨᠡᠬᠡᠬᠡᠯᠳᠡ ᠶᠢᠨ ᠤᠷᠤᠨ ᠳᠤ ᠲᠡᠭᠡᠳᠦ ᠰᠢᠨ᠎ᠡ ᠮᠡᠷᠭᠡᠵᠢᠯ ᠤᠨ ᠨᠡᠬᠡᠬᠡᠯᠳᠡ ᠶᠢᠨ ᠤᠷᠤᠨ᠂ ᠠᠵᠤ ᠠᠬᠤᠢ | ᠮᠡᠷᠭᠡᠵᠢᠯ ᠤᠨ ᠨᠡᠬᠡᠬᠡᠯᠳᠡ ᠶᠢᠨ ᠤᠷᠤᠨ᠂ ᠭᠠᠶᠢᠯᠢ ᠶᠢᠨ ᠬᠠᠮᠠᠭᠠᠯᠠᠯᠳᠠ ᠶᠢᠨ ᠤᠷᠤᠨ᠂ ᠠᠵᠤ ᠦᠢᠯᠡᠳᠪᠤᠷᠢ ᠶᠢᠨ | ᠬᠦᠷᠢᠶᠡᠯᠡᠩ ᠳᠣᠭᠤᠷᠢᠭ᠂ ᠪᠤᠳᠠᠰ ᠤᠨ ᠭᠦᠢᠯᠭᠡᠭᠡᠨ ᠤ ᠤᠷᠤᠨ ᠵᠡᠷᠭᠡ ᠪᠠᠭᠳᠠᠨ᠎ᠠ᠃ | ᠲᠤᠯᠤᠳᠤᠭᠠᠷ ᠵᠦᠢᠯ ᠲᠤᠰᠠᠭᠠᠷ ᠨᠠᠶᠢᠷᠠᠭᠤᠯᠤᠭᠰᠠᠨ ᠡᠯ᠎ᠡ ᠵᠦᠢᠯ ᠤᠨ ᠲᠤᠰᠬᠠᠢ ᠲᠦᠯᠦᠪᠵᠢᠭᠦᠯᠭᠡ ᠶᠢ | ᠬᠠᠤᠯᠢ ᠳᠤ ᠲᠤᠭᠳᠠᠭᠠᠭᠰᠠᠨ ᠳᠡᠰ ᠲᠠᠷᠠᠭᠠᠯᠠᠯ ᠢᠶᠠᠷ ᠬᠢᠨᠠᠨ ᠵᠦᠪᠰᠢᠶᠡᠷᠡᠭᠦᠯᠦᠭᠰᠡᠨ ᠤ ᠲᠠᠷᠠᠭ᠎ᠠ ᠬᠤᠳᠠ ᠪᠠᠯᠭᠠᠰᠤᠨ ᠤ | ᠰᠢᠰᠲ᠋ᠧᠮᠵᠢ ᠶᠢᠨ ᠲᠦᠯᠦᠪᠵᠢᠭᠦᠯᠭᠡ᠂ ᠬᠤᠳᠠ ᠶᠢᠨ ᠶᠡᠷᠦᠩᠬᠡᠢ ᠲᠦᠯᠦᠪᠵᠢᠭᠦᠯᠭᠡ᠂ ᠪᠠᠯᠭᠠᠰᠤᠨ ᠤ ᠶᠡᠷᠦᠩᠬᠡᠢ | ᠲᠦᠯᠦᠪᠵᠢᠭᠦᠯᠭᠡ ᠳᠤ ᠤᠷᠤᠭᠤᠯᠤᠨ᠎ᠠ᠃ | ᠨᠠᠢᠮᠠᠳᠤᠭᠠᠷ ᠵᠦᠢᠯ ᠬᠠᠤᠯᠢ ᠪᠠᠷ ᠵᠦᠪᠰᠢᠶᠡᠷᠡᠭᠰᠡᠨ ᠬᠤᠳᠠ ᠬᠦᠳᠡᠭᠡ ᠶᠢᠨ ᠲᠦᠯᠦᠪᠵᠢᠭᠦᠯᠭᠡ ᠪᠤᠯ ᠬᠤᠳᠠ | ᠬᠦᠳᠡᠭᠡ ᠶᠢᠨ ᠪᠦᠳᠦᠭᠡᠨ ᠪᠠᠶᠢᠭᠤᠯᠬᠤ ᠪᠤᠯᠤᠨ ᠲᠦᠯᠦᠪᠵᠢᠭᠦᠯᠵᠦ ᠬᠠᠮᠢᠶᠠᠷᠬᠤ ᠦᠨᠳᠦᠰᠦᠯᠡᠯ ᠪᠣᠯᠣᠨ᠎ᠠ᠂ ᠬᠠᠤᠯᠢ ᠳᠤ | ᠲᠤᠭᠳᠠᠭᠠᠭᠰᠠᠨ ᠲᠠᠷᠠᠭᠠᠯᠠᠯ ᠦᠭᠡᠢ ᠪᠠᠷ ᠵᠠᠰᠠᠪᠦᠷᠢ ᠤᠷᠤᠭᠤᠯᠵᠤ ᠪᠤᠯᠬᠤ ᠦᠭᠡᠢ᠃ | ᠶᠢᠰᠦᠳᠦᠭᠡᠷ ᠵᠦᠢᠯ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠬᠤᠳᠠ ᠬᠦᠳᠡᠭᠡ ᠶᠢᠨ | ᠲᠦᠯᠦᠪᠵᠢᠭᠦᠯᠭᠡ ᠶᠢ ᠨᠠᠶᠢᠷᠠᠭᠤᠯᠣᠨ ᠳᠣᠭᠳᠠᠭᠠᠬᠤ ᠪᠠ ᠬᠠᠮᠢᠶᠠᠷᠬᠤ ᠵᠠᠷᠤᠳᠠᠯ ᠢ ᠲᠤᠰ ᠱᠠᠳᠤᠨ ᠤ ᠠᠷᠠᠳ ᠤᠨ ᠵᠠᠰᠠᠭ ᠤᠨ | ᠤᠷᠳᠤᠨ ᠤ ᠡᠳ᠋ ᠤᠨ ᠵᠠᠰᠠᠭ ᠤᠨ ᠲᠦᠰᠦᠪ ᠲᠡᠭᠡᠨ ᠤᠷᠤᠭᠤᠯᠬᠤ ᠬᠡᠷᠡᠭᠳᠠᠢ᠃ | ᠠᠷᠪᠠᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ | ᠬᠤᠳᠠ ᠬᠦᠳᠡᠭᠡ ᠶᠢᠨ ᠲᠦᠯᠦᠪᠵᠢᠭᠦᠯᠭᠡ ᠶᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤᠰ ᠵᠠᠰᠠᠭ ᠵᠠᠬᠢᠷᠭᠠᠨ ᠤ | ᠤᠷᠤᠨ ᠤ ᠲᠤᠳᠤᠷᠠᠬᠢ ᠬᠤᠳᠠ ᠬᠦᠳᠡᠭᠡ ᠶᠢᠨ ᠲᠦᠯᠦᠪᠵᠢᠭᠦᠯᠭᠡ ᠶᠢ ᠬᠠᠮᠢᠶᠠᠷᠬᠤ ᠠᠵᠢᠯ ᠢ ᠬᠠᠷᠢᠭᠤᠴᠠᠨ᠎ᠠ᠃ ᠬᠤᠰᠢᠭᠤ | ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠪᠤᠰᠤᠳ ᠬᠤᠯᠪᠤᠭᠳᠠᠯ ᠪᠦᠬᠦᠢ ᠰᠠᠯᠠᠭ᠎ᠠ | ᠮᠦᠴᠢᠷ ᠲᠤᠰ ᠲᠤᠰ ᠤᠨ ᠢᠶᠠᠨ ᠲᠤᠰᠢᠶᠠᠯ ᠬᠠᠷᠢᠭᠤᠴᠠᠯᠭ᠎ᠠ ᠶᠤᠰᠤᠭᠠᠷ ᠬᠤᠳᠠ ᠬᠦᠳᠡᠭᠡ ᠶᠢᠨ ᠲᠦᠯᠦᠪᠵᠢᠭᠦᠯᠭᠡ ᠶᠢ | ᠬᠠᠮᠢᠶᠠᠷᠬᠤ ᠬᠠᠮᠢᠶ᠎ᠠ ᠪᠦᠬᠦᠢ ᠠᠵᠢᠯ ᠢ ᠰᠠᠶᠢᠳᠤᠷ ᠬᠢᠬᠦ ᠬᠡᠷᠡᠭᠳᠠᠢ᠃ | ᠠᠷᠪᠠᠨ ᠨᠢᠭᠡᠳᠦᠭᠡᠷ ᠵᠦᠢᠯ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠵᠠᠰᠠᠭ ᠤᠨ ᠤᠷᠳᠤᠨ ᠵᠢᠴᠢ | ᠲᠡᠭᠦᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ᠂ ᠲᠤᠰᠬᠠᠢ ᠮᠡᠷᠭᠡᠵᠢᠯᠳᠡᠨ ᠪᠤᠯᠤᠨ ᠤᠯᠠᠨ | ᠲᠦᠮᠡᠨ ᠤ ᠲᠦᠯᠦᠭᠡᠯᠡᠭᠴᠢ ᠪᠠᠷ ᠪᠦᠷᠢᠯᠳᠦᠭᠰᠡᠨ ᠬᠤᠳᠠ ᠬᠦᠳᠡᠭᠡ ᠶᠢᠨ ᠲᠦᠯᠦᠪᠵᠢᠭᠦᠯᠭᠡ ᠶᠢᠨ ᠵᠦᠪᠯᠡᠯ ᠪᠠᠶᠢᠭᠤᠯᠵᠤ ᠂ | ᠬᠤᠳᠠ ᠬᠦᠳᠡᠭᠡ ᠶᠢᠨ ᠲᠦᠯᠦᠪᠵᠢᠭᠦᠯᠭᠡ ᠶᠢ ᠨᠠᠶᠢᠷᠠᠭᠤᠯᠬᠤ ᠪᠠ ᠬᠡᠷᠡᠭᠵᠢᠭᠦᠯᠬᠦ ᠴᠢᠬᠤᠯᠠ ᠶᠡᠭᠡ ᠵᠦᠢᠯᠡᠰ ᠢ ᠬᠢᠨᠠᠨ ᠵᠦᠪᠯᠡᠬᠦ | ᠬᠡᠷᠡᠭᠳᠠᠢ᠃ | ᠠᠷᠪᠠᠨ ᠬᠤᠶᠠᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ | ᠬᠤᠳᠠ ᠬᠦᠳᠡᠭᠡ ᠶᠢᠨ ᠲᠦᠯᠦᠪᠵᠢᠭᠦᠯᠭᠡ ᠶᠢᠨ ᠭᠠᠵᠠᠷ ᠰᠢᠷᠤᠢ ᠶᠢᠨ ᠮᠡᠳᠡᠭᠡ ᠵᠠᠩᠬᠢ ᠶᠢᠨ ᠰᠢᠰᠲ᠋ᠧᠮᠵᠢ ᠪᠠᠶᠢᠭᠤᠯᠵᠤ᠂ ᠡᠯ᠎ᠡ | ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠤᠭᠤᠷᠤᠨᠳᠤᠬᠢ ᠮᠡᠳᠡᠭᠡ ᠵᠠᠩᠬᠢ ᠶᠢ ᠬᠠᠮᠳᠤ ᠪᠠᠷ ᠡᠳ᠋ᠯᠡᠬᠦ ᠶᠢ ᠠᠬᠢᠭᠤᠯᠬᠤ | ᠬᠡᠷᠡᠭᠳᠠᠢ᠃ | ᠠᠷᠪᠠᠨ ᠭᠤᠷᠪᠠᠳᠤᠭᠠᠷ ᠵᠦᠢᠯ ᠬᠤᠳᠠ ᠬᠦᠳᠡᠭᠡ ᠶᠢᠨ ᠲᠦᠯᠦᠪᠵᠢᠭᠦᠯᠭᠡ ᠶᠢ ᠨᠠᠶᠢᠷᠠᠭᠤᠯᠬᠤ ᠪᠠ ᠬᠡᠷᠡᠭᠵᠢᠭᠦᠯᠬᠦ ᠳᠤ | ᠤᠯᠤᠰ ᠦᠪᠡᠷᠳᠡᠭᠡᠨ ᠵᠠᠰᠠᠬᠤ ᠤᠷᠤᠨ ᠤ ᠬᠤᠯᠪᠤᠭᠳᠠᠯ ᠪᠦᠬᠦᠢ ᠮᠡᠷᠭᠡᠵᠢᠯ ᠤᠨ ᠪᠠᠷᠢᠮᠵᠢᠶ᠎ᠠ᠂ ᠵᠢᠷᠤᠮᠵᠢᠯ ᠪᠠ ᠲᠤᠭᠳᠠᠭᠠᠯ ᠢ | ᠵᠢᠷᠤᠮᠯᠠᠬᠤ ᠬᠡᠷᠡᠭᠳᠠᠢ᠃ | ᠬᠤᠶᠠᠳᠤᠭᠠᠷ ᠪᠦᠯᠦᠭ ᠬᠤᠳᠠ ᠬᠦᠳᠡᠭᠡ ᠶᠢᠨ ᠲᠦᠯᠦᠪᠵᠢᠭᠦᠯᠭᠡ ᠶᠢ ᠨᠠᠶᠢᠷᠠᠭᠤᠯᠬᠤ | ᠠᠷᠪᠠᠨ ᠲᠦᠷᠪᠡᠳᠦᠭᠡᠷ ᠵᠦᠢᠯ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠦᠪᠡᠷᠳᠡᠭᠡᠨ | ᠵᠠᠰᠠᠬᠤ ᠤᠷᠤᠨ ᠤ ᠲᠤᠳᠤᠷᠠᠬᠢ ᠬᠤᠳᠠ ᠪᠠᠯᠭᠠᠰᠤᠨ ᠤ ᠰᠢᠰᠲ᠋ᠧᠮ ᠤᠨ ᠲᠦᠯᠦᠪᠵᠢᠭᠦᠯᠭᠡ ᠶᠢ ᠵᠤᠬᠢᠶᠠᠨ ᠪᠠᠶᠢᠭᠤᠯᠤᠨ | ᠨᠠᠶᠢᠷᠠᠭᠤᠯᠵᠣ᠂ ᠲᠦᠷᠦ ᠶᠢᠨ ᠶᠠᠪᠤᠳᠠᠯ ᠤᠨ ᠬᠤᠷᠢᠶ᠎ᠠ ᠳᠤ ᠮᠡᠳᠡᠭᠦᠯᠦᠨ ᠵᠦᠪᠰᠢᠶᠡᠷᠡᠭᠦᠯᠦᠨ᠎ᠡ᠃ | ᠠᠶᠢᠮᠠᠭ ᠤᠨ ᠵᠠᠬᠢᠷᠭ᠎ᠠ ᠡᠶᠢᠮᠠᠭ ᠤᠨ ᠲᠤᠳᠤᠷᠠᠬᠢ ᠬᠤᠳᠠ ᠪᠠᠯᠭᠠᠰᠤᠨ ᠤ ᠰᠢᠰᠲ᠋ᠧᠮᠵᠢ ᠶᠢᠨ ᠲᠦᠯᠦᠪᠵᠢᠭᠦᠯᠭᠡ ᠶᠢ | ᠵᠤᠬᠢᠶᠠᠨ ᠪᠠᠶᠢᠭᠤᠯᠤᠨ ᠨᠠᠶᠢᠷᠠᠭᠤᠯᠵᠣ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠳᠤ | ᠮᠡᠳᠡᠭᠦᠯᠦᠨ ᠵᠦᠪᠰᠢᠶᠡᠷᠡᠭᠦᠯᠦᠨ᠎ᠡ᠃ | ᠬᠤᠳᠠ ᠪᠠᠯᠭᠠᠰᠤᠨ ᠤ ᠰᠢᠰᠲ᠋ᠧᠮᠵᠢ ᠶᠢᠨ ᠲᠦᠯᠦᠪᠵᠢᠭᠦᠯᠭᠡ ᠶᠢᠨ ᠲᠦᠯᠦᠪᠵᠢᠭᠦᠯᠭᠡ ᠶᠢᠨ ᠬᠤᠭᠤᠴᠠᠭ᠎ᠠ ᠶᠢᠨ | ᠬᠢᠵᠠᠭᠠᠷ ᠨᠢ ᠶᠡᠷᠦ ᠳᠡᠭᠡᠨ ᠬᠤᠷᠢᠨ ᠵᠢᠯ᠃ | ᠠᠷᠪᠠᠨ ᠲᠠᠪᠤᠳᠤᠭᠠᠷ ᠵᠦᠢᠯ ᠬᠤᠳᠠ ᠪᠠᠯᠭᠠᠰᠤᠨ ᠤ ᠰᠢᠰᠲ᠋ᠧᠮᠵᠢ ᠶᠢᠨ ᠲᠦᠯᠦᠪᠵᠢᠭᠦᠯᠭᠡ ᠳᠤ ᠲᠤᠤᠷᠠᠬᠢ ᠠᠭᠤᠯᠭ᠎ᠠ | ᠪᠠᠭᠳᠠᠨ᠎ᠠ᠄ | ︵ᠨᠢᠭᠡ︶ ᠤᠷᠤᠨ ᠪᠦᠰᠡ ᠶᠢᠨ ᠬᠤᠳᠠ ᠬᠦᠳᠡᠭᠡ ᠶᠢ ᠨᠢᠭᠡᠳᠦᠯᠳᠠᠢ ᠬᠦᠭᠵᠢᠭᠦᠯᠬᠦ ᠶᠡᠷᠦᠩᠬᠡᠢ ᠱᠠᠭᠠᠷᠳᠠᠯᠭ᠎ᠠ︔ | ︵ᠬᠤᠶᠠᠷ︶ ᠡᠬᠢ ᠪᠠᠶᠠᠯᠢᠬ ᠢ ᠠᠰᠢᠭᠯᠠᠬᠤ ᠬᠢᠭᠡᠳ ᠡᠬᠢ ᠪᠠᠶᠠᠯᠢᠬ ᠤᠨ ᠠᠮᠢ ᠠᠬᠤᠢ ᠤᠷᠴᠢᠨ ᠲᠤᠭᠤᠷᠢᠨ ᠢ | ᠬᠠᠮᠠᠭᠠᠯᠠᠬᠤ ᠬᠠᠷᠠᠯᠳᠠ᠂ ᠱᠠᠭᠠᠷᠳᠠᠯᠭ᠎ᠠ ᠪᠠ ᠠᠷᠭ᠎ᠠ ᠬᠡᠮᠵᠢᠶ᠎ᠡ︔ | ︵ᠭᠤᠷᠪᠠ︶ ᠬᠤᠳᠠ ᠬᠦᠳᠡᠭᠡ ᠶᠢᠨ ᠤᠷᠤᠨ ᠵᠠᠢ ᠪᠤᠯᠤᠨ ᠬᠡᠪᠴᠢᠶ᠎ᠡ ᠶᠢᠨ ᠡᠵᠡᠮᠰᠢᠯ ᠤᠨ ᠱᠠᠭᠠᠷᠳᠠᠯᠭ᠎ᠠ︔ | ︵ᠲᠦᠷᠪᠡ︶ ᠬᠤᠳᠠ ᠬᠦᠳᠡᠭᠡ ᠶᠢᠨ ᠤᠷᠤᠨ ᠵᠠᠢ ᠶᠢᠨ ᠪᠠᠶᠢᠷᠢᠯᠠᠯ ᠲᠠᠢ ᠵᠤᠬᠢᠴᠠᠭᠰᠠᠨ ᠤᠷᠤᠨ ᠪᠦᠰᠡ ᠶᠢᠨ | ᠶᠡᠷᠦᠩᠬᠡᠢ ᠵᠠᠮ ᠬᠠᠷᠢᠯᠴᠠᠭᠠᠨ ᠤ ᠰᠢᠰᠲ᠋ᠧᠮᠵᠢ︔ | ︵ᠲᠠᠪᠤ︶ ᠬᠤᠳᠠ ᠬᠦᠳᠡᠭᠡ ᠶᠢᠨ ᠰᠠᠭᠤᠷᠢ ᠪᠡᠯᠡᠳᠬᠡᠮᠵᠢ ᠶᠢᠨ ᠲᠤᠯᠭᠠᠭᠤᠷᠢᠯᠠᠬᠤ ᠰᠢᠰᠲ᠋ᠧᠮᠵᠢ︔ | ︵ᠵᠢᠷᠭᠤᠭ᠎ᠠ︶ ᠤᠷᠤᠨ ᠵᠠᠢ ᠶᠢ ᠨᠡᠭᠡᠭᠡᠨ ᠬᠠᠮᠢᠶᠠᠷᠬᠤ ᠱᠠᠭᠠᠷᠳᠠᠯᠭ᠎ᠠ︔ | ︵ᠲᠤᠯᠤᠭ᠎ᠠ︶ ᠲᠤᠤᠷ᠎ᠠ ᠱᠠᠳᠤᠨ ᠤ ᠬᠤᠳᠠ ᠬᠦᠳᠡᠭᠡ ᠶᠢᠨ ᠲᠦᠯᠦᠪᠵᠢᠭᠦᠯᠭᠡ ᠶᠢ ᠨᠠᠶᠢᠷᠠᠭᠤᠯᠬᠤ ᠱᠠᠭᠠᠷᠳᠠᠯᠭ᠎ᠠ︔ | | ︵ᠨᠠᠢᠮᠠ︶ ᠲᠦᠯᠦᠪᠵᠢᠭᠦᠯᠭᠡ ᠶᠢ ᠬᠡᠷᠡᠭᠵᠢᠭᠦᠯᠬᠦ ᠶᠢ ᠪᠠᠳᠤᠯᠠᠬᠤ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ᠃ | | ᠪᠠᠶᠢᠭᠤᠯᠬᠤ ᠶᠢ ᠬᠢᠵᠠᠭᠠᠷᠯᠠᠬᠤ ᠤᠷᠤᠨ ᠪᠤᠯᠤᠨ ᠪᠠᠶᠢᠭᠤᠯᠬᠤ ᠶᠢ ᠴᠠᠭᠠᠵᠠᠯᠠᠬᠤ ᠤᠷᠤᠨ ᠢ ᠡᠵᠡᠮᠳᠡᠬᠦ ᠱᠠᠭᠠᠷᠳᠠᠯᠭ᠎ᠠ | ᠂ ᠴᠢᠬᠤᠯᠠ ᠡᠬᠢ ᠪᠠᠶᠠᠯᠢᠬ ᠪᠤᠯᠤᠨ ᠠᠮᠢ ᠠᠬᠤᠢ ᠶᠢᠨ ᠤᠷᠴᠢᠨ ᠲᠤᠭᠤᠷᠢᠨ ᠢ ᠬᠠᠮᠠᠭᠠᠯᠠᠬᠤ ᠬᠠᠷᠠᠯᠳᠠ᠂ ᠤᠷᠤᠨ ᠪᠦᠰᠡ ᠶᠢᠨ | ᠴᠢᠨᠠᠷᠳᠠᠢ ᠴᠢᠬᠤᠯᠠ ᠶᠡᠭᠡ ᠰᠠᠭᠤᠷᠢ ᠪᠡᠯᠡᠳᠬᠡᠮᠵᠢ ᠶᠢᠨ ᠪᠠᠶᠢᠷᠢᠯᠠᠭᠤᠯᠤᠯ ᠵᠡᠷᠭᠡ ᠶᠢ ᠬᠤᠳᠠ ᠪᠠᠯᠭᠠᠰᠤᠨ ᠤ ᠰᠢᠰᠲ᠋ᠧᠮᠵᠢ ᠶᠢᠨ | ᠲᠦᠯᠦᠪᠵᠢᠭᠦᠯᠭᠡ ᠶᠢᠨ ᠠᠯᠪᠠᠳᠠᠯᠭ᠎ᠠ ᠶᠢᠨ ᠴᠢᠨᠠᠷᠳᠠᠢ ᠠᠭᠤᠯᠭ᠎ᠠ ᠪᠤᠯᠭᠠᠬᠤ ᠬᠡᠷᠡᠭᠳᠠᠢ᠃ | ᠠᠷᠪᠠᠨ ᠵᠢᠷᠭᠤᠳᠤᠭᠠᠷ ᠵᠦᠢᠯ ᠬᠤᠳᠠ ᠶᠢᠨ ᠶᠡᠷᠦᠩᠬᠡᠢ ᠲᠦᠯᠦᠪᠵᠢᠭᠦᠯᠭᠡ ᠶᠢ ᠬᠤᠳᠠ ᠶᠢᠨ ᠠᠷᠠᠳ ᠤᠨ | ᠵᠠᠰᠠᠭ ᠤᠨ ᠤᠷᠳᠤᠨ ᠠᠴᠠ ᠵᠤᠬᠢᠶᠠᠨ ᠪᠠᠶᠢᠭᠤᠯᠤᠨ ᠨᠠᠶᠢᠷᠠᠭᠤᠯᠤᠨ᠎ᠠ᠃ ᠦᠪᠡᠷᠳᠡᠭᠡᠨ ᠵᠠᠰᠠᠬᠤ ᠤᠷᠤᠨ ᠤ ᠠᠷᠠᠳ ᠤᠨ | ᠵᠠᠰᠠᠭ ᠤᠨ ᠤᠷᠳᠤᠨ ᠤ ᠪᠠᠶᠢᠭ᠎ᠠ ᠭᠠᠵᠠᠷ ᠤᠨ ᠬᠤᠳᠠ ᠵᠢᠴᠢ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠲᠤᠭᠳᠠᠭᠠᠭᠰᠠᠨ | ᠬᠤᠳᠠ ᠶᠢᠨ ᠶᠡᠷᠦᠩᠬᠡᠢ ᠲᠦᠯᠦᠪᠵᠢᠭᠦᠯᠭᠡ ᠶᠢ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠬᠢᠨᠠᠨ | ᠪᠠᠶᠢᠴᠠᠭᠠᠵᠤ ᠵᠦᠪᠰᠢᠶᠡᠷᠡᠭᠰᠡᠨ ᠤ ᠲᠠᠷᠠᠭ᠎ᠠ ᠲᠦᠷᠦ ᠶᠢᠨ ᠶᠠᠪᠤᠳᠠᠯ ᠤᠨ ᠬᠤᠷᠢᠶ᠎ᠠ ᠳᠤ ᠮᠡᠳᠡᠭᠦᠯᠦᠨ ᠬᠢᠨᠠᠨ | ᠵᠦᠪᠰᠢᠶᠡᠷᠡᠭᠦᠯᠦᠨ᠎ᠡ᠃ ᠪᠤᠰᠤᠳ ᠬᠤᠳᠠ ᠶᠢᠨ ᠶᠡᠷᠦᠩᠬᠡᠢ ᠲᠦᠯᠦᠪᠵᠢᠭᠦᠯᠭᠡ ᠶᠢ ᠬᠤᠳᠠ ᠶᠢᠨ ᠠᠷᠠᠳ ᠤᠨ ᠵᠠᠰᠠᠭ ᠤᠨ | ᠤᠷᠳᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠳᠤ ᠮᠡᠳᠡᠭᠦᠯᠦᠨ ᠬᠢᠨᠠᠨ | ᠵᠦᠪᠰᠢᠶᠡᠷᠡᠭᠦᠯᠦᠨ᠎ᠡ᠃ | ᠬᠤᠰᠢᠭᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠪᠠᠶᠢᠭ᠎ᠠ ᠪᠠᠯᠭᠠᠰᠤᠨ ᠤ ᠶᠡᠷᠦᠩᠬᠡᠢ | ᠲᠦᠯᠦᠪᠵᠢᠭᠦᠯᠭᠡ ᠶᠢ ᠬᠤᠰᠢᠭᠤ ᠰᠢᠶᠠᠨ ᠤ ᠠᠷᠠᠳ ᠤᠨ ᠵᠠᠰᠠᠭ ᠤᠨ ᠤᠷᠳᠤᠨ ᠵᠤᠬᠢᠶᠠᠨ ᠪᠠᠶᠢᠭᠤᠯᠤᠨ ᠨᠠᠶᠢᠷᠠᠭᠤᠯᠵᠣ᠂ | ᠲᠡᠭᠡᠷ᠎ᠡ ᠨᠢᠭᠡ ᠱᠠᠳᠤᠨ ᠤ ᠠᠷᠠᠳ ᠤᠨ ᠵᠠᠰᠠᠭ ᠤᠨ ᠤᠷᠳᠤᠨ ᠳᠠᠭᠠᠨ ᠮᠡᠳᠡᠭᠦᠯᠦᠨ ᠬᠢᠨᠠᠨ ᠵᠦᠪᠰᠢᠶᠡᠷᠡᠭᠦᠯᠦᠨ᠎ᠡ᠃ | ᠠᠶᠢᠮᠠᠭ ᠤᠨ ᠬᠠᠷᠢᠶ᠎ᠠ ᠬᠤᠰᠢᠭᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠪᠠᠶᠢᠭ᠎ᠠ ᠪᠠᠯᠭᠠᠰᠤᠨ ᠤ ᠶᠡᠷᠦᠩᠬᠡᠢ | ᠲᠦᠯᠦᠪᠵᠢᠭᠦᠯᠭᠡ ᠶᠢ ᠠᠶᠢᠮᠠᠭ ᠤᠨ ᠵᠠᠬᠢᠷᠭ᠎ᠠ ᠬᠢᠨᠠᠨ ᠪᠠᠶᠢᠴᠠᠭᠠᠵᠤ ᠵᠦᠪᠰᠢᠶᠡᠷᠡᠭᠰᠡᠨ ᠤ ᠲᠠᠷᠠᠭ᠎ᠠ ᠦᠪᠡᠷᠳᠡᠭᠡᠨ ᠵᠠᠰᠠᠬᠤ | ᠤᠷᠤᠨ ᠤ ᠠᠷᠠᠳ ᠤᠨ ᠵᠠᠰᠠᠭ ᠤᠨ ᠤᠷᠳᠤᠨ ᠳᠤ ᠮᠡᠳᠡᠭᠦᠯᠦᠨ ᠬᠢᠨᠠᠨ ᠵᠦᠪᠰᠢᠶᠡᠷᠡᠭᠦᠯᠦᠨ᠎ᠡ᠃ ᠲᠤᠭᠤᠷᠢᠭ ᠲᠠᠢ | ᠬᠤᠳᠠ ᠶᠢᠨ ᠬᠠᠷᠢᠶ᠎ᠠ ᠬᠤᠰᠢᠭᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠪᠠᠶᠢᠭ᠎ᠠ ᠪᠠᠯᠭᠠᠰᠤᠨ ᠤ ᠶᠡᠷᠦᠩᠬᠡᠢ | ᠲᠦᠯᠦᠪᠵᠢᠭᠦᠯᠭᠡ ᠶᠢ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠬᠤᠳᠠ ᠬᠦᠳᠡᠭᠡ ᠶᠢᠨ | ᠲᠦᠯᠦᠪᠵᠢᠭᠦᠯᠭᠡ ᠶᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠭᠦᠯᠦᠨ ᠲᠠᠩᠰᠠᠯᠠᠭᠤᠯᠤᠨ᠎ᠠ᠃ ᠪᠤᠰᠤᠳ | ᠪᠠᠯᠭᠠᠰᠤᠨ ᠤ ᠶᠡᠷᠦᠩᠬᠡᠢ ᠲᠦᠯᠦᠪᠵᠢᠭᠦᠯᠭᠡ ᠶᠢ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠵᠤᠬᠢᠶᠠᠨ ᠪᠠᠶᠢᠭᠤᠯᠤᠨ | ᠨᠠᠶᠢᠷᠠᠭᠤᠯᠵᠣ᠂ ᠬᠤᠳᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠤᠷᠳᠤᠨ ᠳᠤ ᠮᠡᠳᠡᠭᠦᠯᠦᠨ ᠬᠢᠨᠠᠨ | ᠵᠦᠪᠰᠢᠶᠡᠷᠡᠭᠦᠯᠦᠨ᠎ᠡ᠃ | ᠬᠤᠳᠠ ᠶᠢᠨ ᠶᠡᠷᠦᠩᠬᠡᠢ ᠲᠦᠯᠦᠪᠵᠢᠭᠦᠯᠭᠡ᠂ ᠪᠠᠯᠭᠠᠰᠤᠨ ᠤ ᠶᠡᠷᠦᠩᠬᠡᠢ ᠲᠦᠯᠦᠪᠵᠢᠭᠦᠯᠭᠡ ᠶᠢᠨ | ᠲᠦᠯᠦᠪᠵᠢᠭᠦᠯᠭᠡ ᠶᠢᠨ ᠬᠤᠭᠤᠴᠠᠭ᠎ᠠ ᠶᠢᠨ ᠬᠢᠵᠠᠭᠠᠷ ᠨᠢ ᠶᠡᠷᠦ ᠳᠡᠭᠡᠨ ᠬᠤᠷᠢᠨ ᠵᠢᠯ᠃ | ᠠᠷᠪᠠᠨ ᠲᠤᠯᠤᠳᠤᠭᠠᠷ ᠵᠦᠢᠯ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠠᠴᠠ ᠵᠤᠬᠢᠶᠠᠨ | ᠪᠠᠶᠢᠭᠤᠯᠤᠨ ᠨᠠᠶᠢᠷᠠᠭᠤᠯᠤᠭᠰᠠᠨ ᠦᠪᠡᠷᠳᠡᠭᠡᠨ ᠵᠠᠰᠠᠬᠤ ᠤᠷᠤᠨ ᠤ ᠲᠤᠳᠤᠷᠠᠬᠢ ᠬᠤᠳᠠ ᠪᠠᠯᠭᠠᠰᠤᠨ ᠤ ᠰᠢᠰᠲ᠋ᠧᠮᠵᠢ ᠶᠢᠨ | ᠲᠦᠯᠦᠪᠵᠢᠭᠦᠯᠭᠡ᠂ ᠬᠤᠳᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠤᠷᠳᠤᠨ ᠠᠴᠠ ᠵᠤᠬᠢᠶᠠᠨ ᠪᠠᠶᠢᠭᠤᠯᠤᠨ | ᠨᠠᠶᠢᠷᠠᠭᠤᠯᠤᠭᠰᠠᠨ ᠶᠡᠷᠦᠩᠬᠡᠢ ᠲᠦᠯᠦᠪᠵᠢᠭᠦᠯᠭᠡ ᠶᠢ ᠲᠡᠭᠡᠷ᠎ᠡ ᠨᠢᠭᠡ ᠱᠠᠳᠤᠨ ᠤ ᠠᠷᠠᠳ ᠤᠨ ᠵᠠᠰᠠᠭ ᠤᠨ ᠤᠷᠳᠤᠨ ᠳᠤ | ᠮᠡᠳᠡᠭᠦᠯᠦᠨ ᠬᠢᠨᠠᠨ ᠵᠦᠪᠰᠢᠶᠡᠷᠡᠭᠦᠯᠬᠦ ᠠᠴᠠ ᠡᠮᠤᠨ᠎ᠡ ᠲᠤᠰ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠪᠠᠷ ᠢᠶᠠᠨ ᠬᠢᠨᠠᠨ ᠵᠦᠪᠯᠡᠭᠦᠯᠵᠦ᠂ ᠪᠠᠶᠢᠩᠭᠤ ᠶᠢᠨ ᠬᠤᠷᠢᠶ᠎ᠠ ᠶᠢᠨ ᠪᠦᠷᠢᠯᠳᠦᠭᠦᠨ | ᠨᠠᠷ ᠤᠨ ᠬᠢᠨᠠᠨ ᠵᠦᠪᠯᠡᠭᠰᠡᠨ ᠰᠠᠨᠠᠯ ᠢ ᠲᠤᠰ ᠱᠠᠳᠤᠨ ᠤ ᠠᠷᠠᠳ ᠤᠨ ᠵᠠᠰᠠᠭ ᠤᠨ ᠤᠷᠳᠤᠨ ᠳᠤ ᠲᠤᠰᠢᠶᠠᠨ ᠰᠤᠳᠤᠯᠤᠨ | ᠰᠢᠢᠳᠪᠦᠷᠢᠯᠡᠭᠦᠯᠵᠦ᠂ ᠰᠤᠳᠤᠯᠤᠨ ᠰᠢᠢᠳᠪᠦᠷᠢᠯᠡᠭᠰᠡᠨ ᠪᠠᠶᠢᠳᠠᠯ ᠢᠶᠠᠨ ᠲᠤᠰ ᠱᠠᠳᠤᠨ ᠤ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠴᠠᠭ ᠲᠤᠬᠠᠢ ᠳᠤᠨᠢ ᠮᠡᠳᠡᠭᠦᠯᠬᠦ ᠬᠡᠷᠡᠭᠳᠠᠢ᠃ ᠪᠠᠯᠭᠠᠰᠤᠨ ᠤ ᠠᠷᠠᠳ ᠤᠨ | ᠵᠠᠰᠠᠭ ᠤᠨ ᠤᠷᠳᠤᠨ ᠠᠴᠠ ᠵᠤᠬᠢᠶᠠᠨ ᠪᠠᠶᠢᠭᠤᠯᠤᠨ ᠨᠠᠶᠢᠷᠠᠭᠤᠯᠤᠭᠰᠠᠨ ᠪᠠᠯᠭᠠᠰᠤᠨ ᠤ ᠶᠡᠷᠦᠩᠬᠡᠢ ᠲᠦᠯᠦᠪᠵᠢᠭᠦᠯᠭᠡ ᠶᠢ | ᠬᠤᠳᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠤᠷᠳᠤᠨ ᠳᠤ ᠮᠡᠳᠡᠭᠦᠯᠦᠨ ᠬᠢᠨᠡᠨ ᠵᠦᠪᠰᠢᠶᠡᠷᠡᠭᠦᠯᠬᠦ ᠠᠴᠠ ᠡᠮᠤᠨ᠎ᠡ | ᠪᠠᠯᠭᠠᠰᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠢᠶᠠᠷ ᠢᠶᠠᠨ ᠬᠢᠨᠠᠨ ᠵᠦᠪᠯᠡᠭᠦᠯᠵᠦ᠂ ᠲᠦᠯᠦᠭᠡᠯᠡᠭᠴᠢᠳ ᠤᠨ | ᠬᠢᠨᠠᠨ ᠵᠦᠪᠯᠡᠭᠰᠡᠨ ᠰᠠᠨᠠᠯ ᠢ ᠲᠤᠰ ᠱᠠᠳᠤᠨ ᠤ ᠠᠷᠠᠳ ᠤᠨ ᠵᠠᠰᠠᠭ ᠤᠨ ᠤᠷᠳᠤᠨ ᠳᠤ ᠲᠤᠰᠢᠶᠠᠨ ᠰᠢᠢᠳᠪᠦᠷᠢᠯᠡᠭᠦᠯᠵᠦ᠂ | ᠰᠤᠳᠤᠯᠤᠨ ᠰᠢᠢᠳᠪᠦᠷᠢᠯᠡᠭᠰᠡᠨ ᠪᠠᠶᠢᠳᠠᠯ ᠢᠶᠠᠨ ᠪᠠᠯᠭᠠᠰᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠳᠠᠭᠠᠨ | ᠴᠠᠭ ᠲᠤᠬᠠᠢ ᠳᠤᠨᠢ ᠮᠡᠳᠡᠭᠦᠯᠬᠦ ᠬᠡᠷᠡᠭᠳᠠᠢ᠃ | ᠠᠷᠪᠠᠨ ᠨᠠᠢᠮᠠᠳᠤᠭᠠᠷ ᠵᠦᠢᠯ ᠬᠤᠳᠠ ᠶᠢᠨ ᠶᠡᠷᠦᠩᠬᠡᠢ ᠲᠥᠯᠦᠪᠵᠢᠭᠦᠯᠭᠡ᠂ ᠪᠠᠯᠭᠠᠰᠤᠨ ᠤ ᠶᠡᠷᠦᠩᠬᠡᠢ | ᠲᠦᠯᠦᠪᠵᠢᠭᠦᠯᠭᠡ ᠳᠤ ᠬᠤᠳᠠ᠂ ᠪᠠᠯᠭᠠᠰᠤᠨ ᠤ ᠬᠦᠭᠵᠢᠯᠳᠡ ᠶᠢᠨ ᠪᠠᠶᠢᠷᠢᠯᠠᠭᠤᠯᠤᠯ᠂ ᠴᠢᠳᠠᠪᠬᠢᠳᠣ ᠤᠷᠤᠨ ᠤ ᠬᠤᠪᠢᠶᠠᠷᠢᠯᠠᠯ | ᠂ ᠭᠠᠵᠠᠷ ᠬᠡᠷᠡᠭᠯᠡᠬᠦ ᠪᠠᠶᠢᠷᠢᠯᠠᠭᠤᠯᠤᠯ᠂ ᠶᠡᠷᠦᠩᠬᠡᠢ ᠵᠠᠮ ᠬᠠᠷᠢᠯᠴᠠᠭᠠᠨ ᠤ ᠰᠢᠰᠲ᠋ᠧᠮ᠂ ᠪᠦᠳᠦᠭᠡᠨ ᠪᠠᠶᠢᠭᠤᠯᠬᠤ ᠶᠢ | ᠴᠠᠭᠠᠵᠠᠯᠠᠬᠤ᠂ ᠬᠢᠵᠠᠭᠠᠷᠯᠠᠬᠤ ᠪᠠ ᠪᠦᠳᠦᠭᠡᠨ ᠪᠠᠶᠢᠭᠤᠯᠬᠤ ᠳᠤ ᠲᠤᠬᠢᠷᠠᠬᠤ ᠭᠠᠵᠠᠷ ᠤᠷᠤᠨ ᠤ ᠬᠡᠪᠴᠢᠶ᠎ᠡ᠂ ᠡᠯ᠎ᠡ | ᠵᠦᠢᠯ ᠤᠨ ᠲᠤᠰᠬᠠᠢ ᠲᠦᠯᠦᠪᠵᠢᠭᠦᠯᠭᠡ ᠵᠡᠷᠭᠡ ᠶᠢ ᠪᠠᠭᠳᠠᠭᠠᠬᠤ ᠬᠡᠷᠡᠭᠳᠠᠢ᠃ ᠲᠦᠯᠦᠪᠵᠢᠭᠦᠯᠭᠡ ᠶᠢᠨ ᠤᠷᠤᠨ ᠤ ᠬᠡᠪᠴᠢᠶ᠎ᠡ᠂ | ᠲᠦᠯᠦᠪᠵᠢᠭᠦᠯᠭᠡ ᠶᠢᠨ ᠤᠷᠤᠨ ᠤ ᠲᠤᠳᠤᠷᠠᠬᠢ ᠪᠦᠳᠦᠭᠡᠨ ᠪᠠᠶᠢᠭᠤᠯᠬᠤ ᠳᠤ ᠬᠡᠷᠡᠭᠯᠡᠬᠦ ᠭᠠᠵᠠᠷ ᠤᠨ ᠬᠡᠪᠴᠢᠶ᠎ᠡ᠂ ᠰᠠᠭᠤᠷᠢ | ᠪᠡᠯᠡᠳᠬᠡᠮᠵᠢ ᠪᠤᠯᠤᠨ ᠤᠯᠠᠨ ᠨᠡᠶᠢᠳᠡ ᠶᠢᠨ ᠦᠢᠯᠡᠴᠢᠯᠡᠭᠡᠨ ᠤ ᠲᠦᠬᠦᠭᠡᠷᠦᠮᠵᠢ ᠳᠤ ᠬᠡᠷᠡᠭᠯᠡᠬᠦ ᠭᠠᠵᠠᠷ᠂ ᠤᠰᠤᠨ | ᠰᠤᠷᠪᠤᠯᠵᠢ ᠶᠢᠨ ᠭᠠᠵᠠᠷ ᠪᠤᠯᠤᠨ ᠤᠰᠤᠨ ᠰᠢᠰᠲ᠋ᠧᠮ᠂ ᠦᠨᠳᠦᠰᠦᠨ ᠲᠠᠷᠢᠶᠠᠨ ᠭᠠᠵᠠᠷ ᠪᠤᠯᠤᠨ ᠨᠤᠭᠤᠭᠠᠷᠠᠭᠤᠯᠬᠤ ᠳᠤ | ᠬᠡᠷᠡᠭᠯᠡᠬᠦ ᠭᠠᠵᠠᠷ᠂ ᠤᠷᠴᠢᠨ ᠲᠤᠭᠤᠷᠢᠨ ᠢ ᠬᠠᠮᠠᠭᠠᠯᠠᠬᠤ᠂ ᠪᠠᠶᠢᠭᠠᠯᠢ ᠬᠢᠭᠡᠳ ᠲᠡᠤᠬᠡ ᠰᠤᠶᠤᠯ ᠤᠨ ᠦᠯᠡᠳᠡᠭᠳᠡᠯ ᠢ | ᠬᠠᠮᠠᠭᠠᠯᠠᠬᠤ ᠵᠢᠴᠢ ᠭᠠᠮᠰᠢᠭ ᠠᠴᠠ ᠰᠡᠷᠭᠡᠶᠢᠯᠡᠵᠤ ᠭᠠᠮᠰᠢᠭ ᠢ ᠪᠠᠭᠠᠰᠬᠠᠬᠤ ᠵᠡᠷᠭᠡ ᠠᠭᠤᠯᠭ᠎ᠠ ᠶᠢ ᠬᠤᠳᠠ ᠶᠢᠨ ᠶᠡᠷᠦᠩᠬᠡᠢ | ᠲᠦᠯᠦᠪᠵᠢᠭᠦᠯᠭᠡ᠂ ᠪᠠᠯᠭᠠᠰᠤᠨ ᠤ ᠶᠡᠷᠦᠩᠬᠡᠢ ᠲᠦᠯᠦᠪᠵᠢᠭᠦᠯᠭᠡ ᠶᠢᠨ ᠠᠯᠪᠠᠳᠠᠯᠭ᠎ᠠ ᠶᠢᠨ ᠴᠢᠨᠠᠷᠳᠠᠢ ᠠᠭᠤᠯᠭ᠎ᠠ ᠪᠤᠯᠭᠠᠬᠤ | ᠬᠡᠷᠡᠭᠳᠠᠢ᠃ | ᠠᠷᠪᠠ ᠶᠢᠰᠦᠳᠦᠭᠡᠷ ᠵᠦᠢᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠤᠳᠠ ᠬᠦᠳᠡᠭᠡ ᠶᠢᠨ | ᠲᠦᠯᠦᠪᠵᠢᠭᠦᠯᠭᠡ ᠶᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠬᠤᠳᠠ ᠶᠢᠨ ᠶᠡᠷᠦᠩᠬᠡᠢ ᠲᠦᠯᠦᠪᠵᠢᠭᠦᠯᠭᠡ ᠶᠢᠨ | ᠱᠠᠭᠠᠷᠳᠠᠯᠭ᠎ᠠ ᠶᠤᠰᠤᠭᠠᠷ ᠬᠤᠳᠠ ᠶᠢᠨ ᠡᠵᠡᠮᠰᠢᠯ ᠤᠨ ᠴᠢᠨᠠᠷᠳᠠᠢ ᠨᠠᠷᠢᠨ ᠲᠦᠯᠦᠪᠵᠢᠭᠦᠯᠭᠡ ᠶᠢ ᠵᠤᠬᠢᠶᠠᠨ ᠪᠠᠶᠢᠭᠤᠯᠤᠨ | ᠨᠠᠶᠢᠷᠠᠭᠤᠯᠵᠤ᠂ ᠲᠤᠰ ᠱᠠᠳᠤᠨ ᠤ ᠠᠷᠠᠳ ᠤᠨ ᠵᠠᠰᠠᠭ ᠤᠨ ᠤᠷᠳᠤᠨ ᠢᠶᠠᠷ ᠢᠶᠠᠨ ᠬᠢᠨᠠᠨ ᠵᠦᠪᠰᠢᠶᠡᠷᠡᠭᠦᠯᠦᠭᠰᠡᠨ ᠤ ᠲᠠᠷᠠᠭ᠎ᠠ | ᠲᠤᠰ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠠ ᠲᠡᠭᠡᠷ᠎ᠡ ᠨᠢᠭᠡ | ᠱᠠᠳᠤᠨ ᠤ ᠠᠷᠠᠳ ᠤᠨ ᠵᠠᠰᠠᠭ ᠤᠨ ᠤᠷᠳᠤᠨ ᠳᠤ ᠲᠠᠩᠰᠠᠯᠠᠭᠤᠯᠤᠨ᠎ᠠ᠃ | ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠪᠠᠯᠭᠠᠰᠤᠨ ᠤ ᠶᠡᠷᠦᠩᠬᠡᠢ ᠲᠦᠯᠦᠪᠵᠢᠭᠦᠯᠭᠡ ᠶᠢᠨ | ᠱᠠᠭᠠᠷᠳᠠᠯᠭ᠎ᠠ ᠶᠢ ᠦᠨᠳᠦᠰᠦᠯᠡᠨ ᠪᠠᠯᠭᠠᠰᠤᠨ ᠤ ᠡᠵᠡᠮᠰᠢᠯ ᠤᠨ ᠴᠢᠨᠠᠷᠳᠠᠢ ᠨᠠᠷᠢᠨ ᠲᠦᠯᠦᠪᠵᠢᠭᠦᠯᠭᠡ ᠶᠢ ᠨᠠᠶᠢᠷᠠᠭᠤᠯᠵᠤ ᠂ | ᠬᠤᠳᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠤᠷᠳᠤᠨ ᠳᠤ ᠮᠡᠳᠡᠭᠦᠯᠦᠨ ᠬᠢᠨᠠᠨ ᠵᠦᠪᠰᠢᠶᠡᠷᠡᠭᠦᠯᠦᠨ᠎ᠡ᠃ | ᠬᠤᠰᠢᠭᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠪᠠᠶᠢᠭ᠎ᠠ ᠭᠠᠵᠠᠷ ᠤᠨ ᠪᠠᠯᠭᠠᠰᠤᠨ ᠤ ᠡᠵᠡᠮᠰᠢᠯ ᠤᠨ ᠴᠢᠨᠠᠷᠳᠠᠢ | ᠨᠠᠷᠢᠨ ᠲᠦᠯᠦᠪᠵᠢᠭᠦᠯᠭᠡ ᠶᠢ ᠬᠤᠰᠢᠭᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠤᠳᠠ ᠬᠦᠳᠡᠭᠡ ᠶᠢᠨ | ᠲᠦᠯᠦᠪᠵᠢᠭᠦᠯᠭᠡ ᠶᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠠᠯᠭᠠᠰᠤᠨ ᠤ ᠶᠡᠷᠦᠩᠬᠡᠢ ᠱᠠᠭᠠᠷᠳᠠᠯᠭ᠎ᠠ ᠶᠢ ᠦᠨᠳᠦᠰᠦᠯᠡᠨ | ᠵᠤᠬᠢᠶᠠᠨ ᠪᠠᠶᠢᠭᠤᠯᠤᠨ ᠨᠠᠶᠢᠷᠠᠭᠤᠯᠵᠤ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠤᠷᠳᠤᠨ ᠢᠶᠠᠷ | ᠵᠦᠪᠰᠢᠶᠡᠷᠡᠭᠦᠯᠦᠭᠰᠡᠨ ᠤ ᠲᠠᠷᠠᠭ᠎ᠠ ᠲᠤᠰ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠪᠤᠯᠤᠨ ᠲᠡᠭᠡᠷ᠎ᠡ ᠨᠢᠭᠡ ᠱᠠᠳᠤᠨ ᠤ ᠠᠷᠠᠳ ᠤᠨ ᠵᠠᠰᠠᠭ ᠤᠨ ᠤᠷᠳᠤᠨ ᠳᠤ ᠲᠠᠩᠰᠠᠯᠠᠭᠤᠯᠤᠨ᠎ᠠ᠃ | ᠬᠤᠳᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠤᠳᠠ ᠬᠦᠳᠡᠭᠡ ᠶᠢᠨ ᠲᠦᠯᠦᠪᠵᠢᠭᠦᠯᠭᠡ ᠶᠢ | ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠤᠯᠤᠨ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠴᠢᠬᠤᠯᠠ ᠭᠡᠰᠡᠭ | ᠭᠠᠵᠠᠷ ᠤᠨ ᠵᠠᠰᠠᠨ ᠪᠠᠶᠢᠭᠤᠯᠬᠤ ᠴᠢᠨᠠᠷᠳᠠᠢ ᠨᠠᠷᠢᠨ ᠲᠦᠯᠦᠪᠵᠢᠭᠦᠯᠭᠡ᠂ ᠬᠤᠳᠠ ᠶᠢᠨ ᠵᠢᠷᠤᠭ ᠲᠦᠯᠦᠪᠯᠡᠭᠡ ᠶᠢ ᠵᠤᠬᠢᠶᠠᠨ | ᠪᠠᠶᠢᠭᠤᠯᠤᠨ ᠨᠠᠶᠢᠷᠠᠭᠤᠯᠵᠤ ᠪᠤᠯᠤᠨ᠎ᠠ︔ ᠪᠤᠰᠤᠳ ᠵᠠᠰᠠᠨ ᠪᠠᠶᠢᠭᠤᠯᠬᠤ ᠴᠢᠨᠠᠷᠳᠠᠢ ᠨᠠᠷᠢᠨ ᠲᠦᠯᠦᠪᠵᠢᠭᠦᠯᠭᠡ᠂ ᠬᠤᠳᠠ ᠶᠢᠨ | ᠵᠢᠷᠤᠭ ᠲᠦᠯᠦᠪᠯᠡᠭᠡ ᠶᠢ ᠬᠤᠳᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠤᠳᠠ ᠬᠦᠳᠡᠭᠡ ᠶᠢᠨ | ᠲᠦᠯᠦᠪᠵᠢᠭᠦᠯᠭᠡ ᠶᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠢᠶᠠᠷ ᠬᠢᠨᠠᠨ ᠲᠤᠭᠳᠠᠭᠠᠯᠭᠠᠨ᠎ᠠ᠃ ᠵᠠᠰᠠᠨ ᠪᠠᠶᠢᠭᠤᠯᠬᠤ | ᠴᠢᠨᠠᠷᠳᠠᠢ ᠨᠠᠷᠢᠨ ᠲᠦᠯᠦᠪᠵᠢᠭᠦᠯᠭᠡ᠂ ᠬᠤᠳᠠ ᠶᠢᠨ ᠵᠢᠷᠤᠭ ᠲᠦᠯᠦᠪᠯᠡᠭᠡ ᠨᠢ ᠡᠵᠡᠮᠰᠢᠯ ᠤᠨ ᠴᠢᠨᠠᠷᠳᠠᠢ ᠨᠠᠷᠢᠨ | ᠲᠦᠯᠦᠪᠵᠢᠭᠦᠯᠭᠡ ᠳᠤ ᠨᠡᠶᠢᠴᠡᠬᠦ ᠬᠡᠷᠡᠭᠳᠠᠢ᠃ | ᠬᠤᠷᠢᠳᠤᠭᠠᠷ ᠵᠦᠢᠯ ᠡᠵᠡᠮᠰᠢᠯ ᠤᠨ ᠴᠢᠨᠠᠷᠳᠠᠢ ᠨᠠᠷᠢᠨ ᠲᠦᠯᠦᠪᠵᠢᠭᠦᠯᠭᠡ ᠳᠤ ᠲᠤᠤᠷᠠᠬᠢ ᠠᠭᠤᠯᠭ᠎ᠠ ᠶᠢ | ᠪᠠᠭᠳᠠᠭᠠᠬᠤ ᠬᠡᠷᠡᠭᠳᠠᠢ᠄ | ︵ᠨᠢᠭᠡ︶ ᠭᠠᠵᠠᠷ ᠰᠢᠷᠤᠢ ᠶᠢᠨ ᠬᠡᠷᠡᠭᠯᠡᠭᠡ ᠶᠢᠨ ᠰᠢᠨᠵᠢ ᠴᠢᠨᠠᠷ ᠵᠢᠴᠢ ᠲᠡᠭᠦᠨ ᠤ ᠪᠠᠭᠳᠠᠭᠠᠮᠵᠢᠳᠤ ᠴᠢᠨᠠᠷ ᠵᠡᠷᠭᠡ | ᠬᠡᠷᠡᠭᠯᠡᠭᠦ ᠭᠠᠵᠠᠷ ᠤᠨ ᠴᠢᠳᠠᠪᠬᠢ ᠶᠢᠨ ᠡᠵᠡᠮᠰᠢᠯ ᠱᠠᠭᠠᠷᠳᠠᠯᠭ᠎ᠠ︔ | ︵ᠬᠤᠶᠠᠷ︶ ᠡᠵᠡᠯᠡᠭᠦᠨ ᠤ ᠨᠤᠷᠮ᠎ᠠ᠂ ᠪᠠᠷᠢᠯᠭ᠎ᠠ ᠶᠢᠨ ᠦᠨᠳᠦᠷ᠂ ᠪᠠᠷᠢᠯᠭ᠎ᠠ ᠶᠢᠨ ᠨᠢᠭᠳᠠᠴᠠ᠂ ᠨᠤᠭᠤᠭᠠᠷᠠᠭᠤᠯᠬᠤ | ᠨᠤᠷᠮ᠎ᠠ ᠵᠡᠷᠭᠡ ᠬᠡᠷᠡᠭᠯᠡᠬᠦ ᠭᠠᠵᠠᠷ ᠤᠨ ᠭᠦᠢᠴᠡᠳᠭᠡᠬᠦ ᠲᠤᠭ᠎ᠠ︔ | ︵ᠭᠤᠷᠪᠠ︶ ᠰᠠᠭᠤᠷᠢ ᠪᠡᠯᠡᠳᠬᠡᠮᠵᠢ᠂ ᠤᠯᠠᠨ ᠨᠡᠶᠢᠳᠡ ᠶᠢᠨ ᠦᠢᠯᠡᠴᠢᠯᠡᠭᠡᠨ ᠤ ᠲᠦᠬᠦᠭᠡᠷᠦᠮᠵᠢ᠂ ᠤᠯᠠᠨ | ᠨᠡᠶᠢᠳᠡ ᠶᠢᠨ ᠠᠮᠤᠷ ᠲᠦᠪᠰᠢᠨ ᠤ ᠲᠦᠬᠦᠭᠡᠷᠦᠮᠵᠢ ᠳᠤ ᠬᠡᠷᠡᠭᠯᠡᠬᠦ ᠭᠠᠵᠠᠷ ᠤᠨ ᠬᠡᠪᠴᠢᠶ᠎ᠡ ᠵᠢᠴᠢ ᠪᠤᠳᠠᠳᠠᠢ ᠡᠵᠡᠮᠰᠢᠯ ᠤᠨ | ᠱᠠᠭᠠᠷᠳᠠᠯᠭ᠎ᠠ᠂ ᠭᠠᠵᠠᠷ ᠲᠤᠤᠷᠠᠬᠢ ᠬᠤᠭᠤᠯᠠᠢ ᠲᠤᠤᠷ ᠤᠨ ᠡᠵᠡᠮᠰᠢᠯ ᠤᠨ ᠱᠠᠭᠠᠷᠳᠠᠯᠭ᠎ᠠ︔ | ︵ᠲᠦᠷᠪᠡ︶ ᠰᠠᠭᠤᠷᠢ ᠪᠡᠯᠡᠳᠬᠡᠮᠵᠢ ᠳᠤ ᠬᠡᠷᠡᠭᠯᠡᠬᠦ ᠭᠠᠵᠠᠷ ᠤᠨ ᠡᠵᠡᠮᠰᠢᠯ ᠤᠨ ᠵᠠᠭᠠᠭ ᠬᠢᠵᠠᠭᠠᠷ᠂ ᠡᠯ᠎ᠡ | ᠲᠦᠷᠦᠯ ᠤᠨ ᠨᠤᠭᠤᠭᠠᠷᠠᠭᠤᠯᠬᠤ ᠭᠠᠵᠠᠷ ᠤᠨ ᠬᠡᠪᠴᠢᠶᠡᠨ ᠤ ᠡᠵᠡᠮᠰᠢᠯ ᠤᠨ ᠱᠤᠭᠤᠮ᠂ ᠲᠡᠤᠬᠡ ᠰᠤᠶᠤᠯ ᠤᠨ ᠵᠡᠭᠡᠯᠢ | ᠲᠤᠭᠤᠷᠢᠭ ᠪᠠ ᠲᠡᠤᠬᠡᠨ ᠪᠠᠷᠢᠯᠭ᠎ᠠ ᠶᠢ ᠬᠠᠮᠠᠭᠠᠯᠠᠬᠤ ᠬᠡᠪᠴᠢᠶᠡᠨ ᠤ ᠵᠠᠭᠠᠭ ᠱᠤᠭᠤᠮ ᠭᠠᠵᠠᠷ ᠤᠨ ᠭᠠᠳᠠᠷᠭᠤ ᠶᠢᠨ | ᠤᠰᠤᠨ ᠶᠢ ᠬᠠᠮᠠᠭᠠᠯᠠᠬᠤ ᠪᠠ ᠡᠵᠡᠮᠰᠢᠯ ᠤᠨ ᠭᠠᠵᠠᠷ ᠤᠨ ᠵᠠᠭᠠᠭ ᠱᠤᠭᠤᠮ ᠵᠢᠴᠢ ᠡᠵᠡᠮᠰᠢᠯ ᠤᠨ ᠱᠠᠭᠠᠷᠳᠠᠯᠭ᠎ᠠ᠃ | ᠭᠠᠵᠠᠷ ᠤᠨ ᠭᠤᠤᠯ ᠬᠡᠷᠡᠭᠴᠡᠭᠡ᠂ ᠪᠠᠷᠢᠯᠭ᠎ᠠ ᠶᠢᠨ ᠨᠢᠭᠳᠠᠴᠠ᠂ ᠪᠠᠷᠢᠯᠭ᠎ᠠ ᠶᠢᠨ ᠦᠨᠳᠦᠷ᠂ ᠡᠵᠡᠯᠡᠭᠦᠨ ᠤ ᠨᠤᠷᠮ᠎ᠠ | ᠂ ᠨᠤᠭᠤᠭᠠᠷᠠᠭᠤᠯᠤᠭᠰᠠᠨ ᠨᠤᠷᠮ᠎ᠠ᠂ ᠰᠠᠭᠤᠷᠢ ᠪᠡᠯᠡᠳᠬᠡᠮᠵᠢ ᠪᠠ ᠤᠯᠠᠨ ᠨᠡᠶᠢᠳᠡ ᠶᠢᠨ ᠦᠢᠯᠡᠴᠢᠯᠡᠭᠡᠨ ᠤ ᠲᠦᠬᠦᠭᠡᠷᠦᠮᠵᠢ ᠶᠢ | ᠢᠵᠢ ᠪᠦᠷᠢᠳᠦᠭᠦᠯᠬᠦ ᠲᠤᠭᠳᠠᠭᠠᠯ ᠢ ᠡᠵᠡᠮᠰᠢᠯ ᠤᠨ ᠴᠢᠨᠠᠷᠳᠠᠢ ᠨᠠᠷᠢᠨ ᠲᠦᠯᠦᠪᠵᠢᠭᠦᠯᠭᠡ ᠶᠢᠨ ᠠᠯᠪᠠᠳᠠᠯᠭ᠎ᠠ ᠶᠢᠨ ᠴᠢᠨᠠᠷᠳᠠᠢ | ᠠᠭᠤᠯᠭ᠎ᠠ ᠪᠤᠯᠭᠠᠬᠤ ᠬᠡᠷᠡᠭᠳᠠᠢ᠃ | ᠬᠤᠷᠢᠨ ᠨᠢᠭᠡᠳᠦᠭᠡᠷ ᠵᠦᠢᠯ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ | ᠲᠦᠯᠦᠪᠵᠢᠭᠦᠯᠭᠡ ᠨᠠᠶᠢᠷᠠᠭᠤᠯᠬᠤ ᠴᠢᠬᠤᠯᠠ ᠲᠠᠢ ᠭᠡᠵᠤ ᠲᠤᠭᠳᠠᠭᠠᠭᠰᠠᠨ ᠰᠤᠮᠤ ᠰᠢᠶᠠᠩ ᠪᠠ ᠭᠠᠴᠠᠭ᠎ᠠ ᠲᠤᠰᠬᠤᠨ ᠰᠤᠮᠤ | ᠰᠢᠶᠠᠩ ᠤᠨ ᠲᠦᠯᠦᠪᠵᠢᠭᠦᠯᠭᠡ ᠪᠤᠯᠤᠨ ᠭᠠᠴᠠᠭ᠎ᠠ ᠲᠤᠰᠬᠤᠨ ᠤ ᠲᠦᠯᠦᠪᠵᠢᠭᠦᠯᠭᠡ ᠨᠠᠶᠢᠷᠠᠭᠤᠯᠣᠨ ᠳᠣᠭᠳᠠᠭᠠᠬᠤ ᠬᠡᠷᠡᠭᠳᠠᠢ᠃ | | ᠰᠤᠮᠤ ᠰᠢᠶᠠᠩ᠂ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠰᠤᠮᠤ ᠰᠢᠶᠠᠩ ᠤᠨ ᠲᠦᠯᠦᠪᠵᠢᠭᠦᠯᠭᠡ᠂ | ᠭᠠᠴᠠᠭ᠎ᠠ ᠲᠤᠰᠬᠤᠨ ᠤ ᠲᠦᠯᠦᠪᠵᠢᠭᠦᠯᠭᠡ ᠶᠢ ᠵᠤᠬᠢᠶᠠᠨ ᠪᠠᠶᠢᠭᠤᠯᠤᠨ ᠨᠠᠶᠢᠷᠠᠭᠤᠯᠵᠣ᠂ ᠬᠤᠳᠠ᠂ ᠬᠤᠰᠢᠭᠤ ᠰᠢᠶᠠᠨ ᠤ | ᠠᠷᠠᠳ ᠤᠨ ᠵᠠᠰᠠᠭ ᠤᠨ ᠤᠷᠳᠤᠨ ᠳᠠᠭᠠᠨ ᠮᠡᠳᠡᠭᠦᠯᠦᠨ ᠬᠢᠨᠠᠨ ᠵᠦᠪᠰᠢᠶᠡᠷᠡᠭᠦᠯᠦᠨ᠎ᠡ᠃ ᠰᠤᠮᠤ ᠰᠢᠶᠠᠩ ᠤᠨ | ᠲᠦᠯᠦᠪᠵᠢᠭᠦᠯᠭᠡ ᠪᠠ ᠭᠠᠴᠠᠭ᠎ᠠ ᠲᠤᠰᠬᠤᠨ ᠤ ᠲᠦᠯᠦᠪᠵᠢᠭᠦᠯᠭᠡ ᠶᠢᠨ ᠲᠦᠯᠦᠪᠵᠢᠭᠦᠯᠭᠡ ᠶᠢᠨ ᠬᠤᠭᠤᠴᠠᠭ᠎ᠠ ᠶᠢᠨ | ᠬᠢᠵᠠᠭᠠᠷ ᠢ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠠᠴᠠ ᠲᠤᠬᠠᠢ ᠶᠢᠨ ᠭᠠᠵᠠᠷ ᠤᠨ ᠬᠢᠨᠢ | ᠪᠤᠳᠠᠳᠣ ᠪᠠᠶᠢᠳᠠᠯ ᠢ ᠦᠨᠳᠦᠰᠦᠯᠡᠨ ᠲᠤᠭᠳᠠᠭᠠᠨ᠎ᠠ᠃ | ᠭᠠᠴᠠᠭ᠎ᠠ ᠲᠤᠰᠬᠤᠨ ᠤ ᠲᠦᠯᠦᠪᠵᠢᠭᠦᠯᠭᠡ ᠶᠢ ᠮᠡᠳᠡᠭᠦᠯᠦᠨ ᠵᠦᠪᠰᠢᠶᠡᠷᠡᠭᠦᠯᠬᠦ ᠠᠴᠠ ᠡᠮᠤᠨ᠎ᠡ ᠭᠠᠴᠠᠭ᠎ᠠ | ᠲᠤᠰᠬᠤᠨ ᠤ ᠠᠷᠠᠳ ᠤᠨ ᠬᠤᠷᠠᠯ ᠪᠤᠶᠤ ᠭᠠᠴᠠᠭ᠎ᠠ ᠲᠤᠰᠬᠤᠨ ᠤ ᠠᠷᠠᠳ ᠤᠨ ᠲᠦᠯᠦᠭᠡᠯᠡᠭᠴᠢᠳ ᠤᠨ ᠬᠤᠷᠠᠯ ᠢᠶᠠᠷ | ᠶᠠᠷᠢᠯᠴᠠᠭᠤᠯᠤᠨ ᠵᠦᠪᠰᠢᠶᠡᠷᠡᠬᠦᠯᠬᠦ ᠬᠡᠷᠡᠭᠳᠠᠢ᠃ | ᠬᠤᠷᠢᠨ ᠬᠤᠶᠠᠳᠤᠭᠠᠷ ᠵᠦᠢᠯ ᠬᠤᠳᠠ ᠬᠦᠳᠡᠭᠡ ᠶᠢᠨ ᠲᠦᠯᠦᠪᠵᠢᠭᠦᠯᠭᠡ ᠶᠢ ᠵᠤᠬᠢᠶᠠᠨ ᠪᠠᠶᠢᠭᠤᠯᠤᠨ ᠨᠠᠶᠢᠷᠠᠭᠤᠯᠬᠤ | ᠪᠠᠶᠢᠭᠤᠯᠭ᠎ᠠ ᠵᠤᠬᠢᠴᠠᠭᠰᠠᠨ ᠬᠢᠷᠢ ᠭᠡᠮ ᠤᠨ ᠵᠡᠷᠭᠡ ᠲᠡᠰ ᠲᠠᠢ ᠨᠢᠭᠡᠴᠡ ᠳᠤ ᠨᠠᠶᠢᠳᠠᠵᠤ᠂ ᠬᠤᠳᠠ ᠬᠦᠳᠡᠭᠡ ᠶᠢᠨ | ᠲᠦᠯᠦᠪᠵᠢᠭᠦᠯᠭᠡ ᠶᠢ ᠨᠠᠶᠢᠷᠠᠭᠤᠯᠬᠤ ᠪᠤᠳᠠᠳᠠᠢ ᠠᠵᠢᠯ ᠢ ᠡᠭᠦᠷᠭᠡᠯᠡᠭᠦᠯᠬᠦ ᠬᠡᠷᠡᠭᠳᠠᠢ᠃ | ᠬᠤᠷᠢᠨ ᠭᠤᠷᠪᠠᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ | ᠤᠷᠳᠤᠨ ᠤ ᠬᠤᠯᠪᠤᠭᠳᠠᠯ ᠪᠦᠬᠦᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠬᠤᠳᠠ ᠬᠦᠳᠡᠭᠡ ᠶᠢᠨ ᠲᠦᠯᠦᠪᠵᠢᠭᠦᠯᠭᠡ ᠶᠢ | ᠨᠠᠶᠢᠷᠠᠭᠤᠯᠬᠤ ᠱᠠᠭᠠᠷᠳᠠᠯᠭ᠎ᠠ ᠶᠢ ᠦᠨᠳᠦᠰᠦᠯᠡᠵᠤ᠂ ᠬᠤᠳᠠ ᠬᠦᠳᠡᠭᠡ ᠶᠢᠨ ᠲᠦᠯᠦᠪᠵᠢᠭᠦᠯᠭᠡ ᠶᠢ ᠵᠤᠬᠢᠶᠠᠨ ᠪᠠᠶᠢᠭᠤᠯᠤᠨ | ᠨᠠᠶᠢᠷᠠᠭᠤᠯᠬᠤ ᠰᠠᠯᠠᠭ᠎ᠠ ᠮᠦᠴᠢᠷ ᠲᠤ ᠬᠤᠯᠪᠤᠭᠳᠠᠯ ᠪᠦᠬᠦᠢ ᠰᠠᠭᠤᠷᠢ ᠮᠠᠲ᠋ᠧᠷᠢᠶᠠᠯ ᠢᠶᠠᠨ ᠴᠠᠭ ᠲᠤᠬᠠᠢ ᠳᠤᠨᠢ | ᠬᠠᠩᠭᠠᠬᠤ ᠶᠢᠨ ᠬᠠᠮᠳᠤ ᠬᠤᠳᠠ ᠪᠠᠯᠭᠠᠰᠤᠨ ᠶᠢ ᠬᠠᠶᠢᠨ ᠬᠡᠮᠵᠢᠬᠦ ᠠᠵᠢᠯ ᠢ ᠬᠠᠤᠯᠢ ᠶᠤᠰᠤᠭᠠᠷ ᠰᠠᠶᠢᠳᠤᠷ ᠬᠢᠬᠦ ᠬᠡᠷᠡᠭᠳᠠᠢ᠃ | | ᠬᠤᠷᠢᠨ ᠲᠦᠷᠪᠡᠳᠦᠭᠡᠷ ᠵᠦᠢᠯ ᠬᠤᠳᠠ ᠬᠦᠳᠡᠭᠡ ᠶᠢᠨ ᠲᠦᠯᠦᠪᠵᠢᠭᠦᠯᠭᠡ ᠶᠢ ᠮᠡᠳᠡᠭᠦᠯᠦᠨ ᠬᠢᠨᠠᠨ | ᠵᠦᠪᠰᠢᠶᠡᠷᠡᠭᠦᠯᠬᠦ ᠠᠴᠠ ᠡᠮᠤᠨ᠎ᠡ ᠵᠤᠬᠢᠶᠠᠨ ᠪᠠᠶᠢᠭᠤᠯᠤᠨ ᠨᠠᠶᠢᠷᠠᠭᠤᠯᠬᠤ ᠪᠠᠶᠢᠭᠤᠯᠭ᠎ᠠ ᠬᠤᠳᠠ ᠬᠦᠳᠡᠭᠡ ᠶᠢᠨ | ᠲᠦᠯᠦᠪᠵᠢᠭᠦᠯᠭᠡ ᠶᠢᠨ ᠲᠦᠰᠦᠯ ᠢ ᠵᠠᠷᠯᠠᠬᠤ ᠶᠢᠨ ᠬᠠᠮᠳᠤ ᠨᠣᠳᠠᠯᠠᠬᠤ ᠬᠤᠷᠠᠯ ᠪᠠ ᠭᠡᠷᠡᠴᠢᠯᠡᠯᠳᠡ ᠰᠤᠨᠤᠰᠬᠤ ᠬᠤᠷᠠᠯ ᠪᠤᠶᠤ | ᠪᠤᠰᠤᠳ ᠠᠷᠭ᠎ᠠ ᠬᠡᠯᠪᠡᠷᠢ ᠶᠢ ᠬᠡᠷᠡᠭᠯᠡᠨ᠂ ᠲᠤᠰᠬᠠᠢ ᠮᠡᠷᠭᠡᠵᠢᠯᠳᠡᠨ ᠪᠤᠯᠤᠨ ᠤᠯᠠᠨ ᠲᠦᠮᠡᠨ ᠤ ᠰᠠᠨᠠᠯ ᠢ ᠦᠷᠭᠡᠨ ᠢᠶᠠᠷ | ᠬᠤᠷᠢᠶᠠᠬᠤ ᠬᠡᠷᠡᠭᠳᠠᠢ᠃ ᠵᠠᠷᠯᠠᠬᠤ ᠬᠤᠭᠤᠴᠠᠭ᠎ᠠ ᠨᠢ ᠭᠤᠴᠢᠨ ᠡᠳᠦᠷ ᠠᠴᠠ ᠲᠤᠳᠠᠭᠤ ᠪᠠᠶᠢᠵᠤ ᠪᠤᠯᠬᠤ ᠦᠭᠡᠢ᠃ | ᠵᠤᠬᠢᠶᠠᠨ ᠪᠠᠶᠢᠭᠤᠯᠤᠨ ᠨᠠᠶᠢᠷᠠᠭᠤᠯᠬᠤ ᠪᠠᠶᠢᠭᠤᠯᠭ᠎ᠠ ᠲᠤᠰᠬᠠᠢ ᠮᠡᠷᠭᠡᠵᠢᠯᠳᠡᠨ ᠪᠠ ᠤᠯᠠᠨ ᠲᠦᠮᠡᠨ ᠤ ᠰᠠᠨᠠᠯ ᠢ | ᠬᠦᠨᠳᠦᠳᠭᠡᠬᠦ ᠶᠢᠨ ᠬᠠᠮᠳᠤ ᠬᠢᠨᠠᠨ ᠵᠦᠪᠰᠢᠶᠡᠷᠡᠭᠦᠯᠬᠦ ᠪᠠᠷ ᠮᠡᠳᠡᠭᠦᠯᠬᠦ ᠮᠠᠲ᠋ᠧᠷᠢᠶᠠᠯ ᠳᠤ ᠰᠠᠨᠠᠯ ᠢ ᠬᠦᠯᠢᠶᠡᠭᠰᠡᠨ ᠪᠠᠶᠢᠳᠠᠯ ᠵᠢᠴᠢ | ᠰᠢᠯᠳᠠᠭᠠᠨ ᠢᠶᠠᠨ ᠬᠠᠪᠰᠤᠷᠭᠠᠬᠤ ᠬᠡᠷᠡᠭᠳᠠᠢ᠃ | ᠬᠤᠷᠢᠨ ᠲᠠᠪᠤᠳᠤᠭᠠᠷ ᠵᠦᠢᠯ ᠬᠤᠳᠠ ᠬᠦᠳᠡᠭᠡ ᠶᠢᠨ ᠲᠦᠯᠦᠪᠵᠢᠭᠦᠯᠭᠡ ᠶᠢ ᠨᠠᠶᠢᠷᠠᠭᠤᠯᠬᠤ ᠪᠠᠶᠢᠭᠤᠯᠭ᠎ᠠ ᠬᠠᠤᠯᠢ | ᠶᠤᠰᠤᠭᠠᠷ ᠵᠦᠪᠰᠢᠶᠡᠷᠡᠭᠰᠡᠨ ᠬᠤᠳᠠ ᠬᠦᠳᠡᠭᠡ ᠶᠢᠨ ᠲᠦᠯᠦᠪᠵᠢᠭᠦᠯᠭᠡ ᠪᠠᠨ ᠨᠡᠶᠢᠳᠡᠯᠡᠬᠦ ᠬᠡᠷᠡᠭᠳᠠᠢ᠃ ᠬᠠᠤᠯᠢ ᠴᠠᠭᠠᠵᠠ᠂ | ᠵᠠᠰᠠᠭ ᠵᠠᠬᠢᠷᠭᠠᠨ ᠤ ᠬᠠᠤᠯᠢ ᠲᠤᠭᠳᠠᠭᠠᠯ ᠳᠤ ᠢᠯᠡ ᠪᠤᠯᠭᠠᠵᠤ ᠪᠤᠯᠬᠤ ᠦᠭᠡᠢ ᠭᠡᠵᠤ ᠲᠤᠭᠳᠠᠭᠠᠭᠰᠠᠨ ᠠᠭᠤᠯᠭ᠎ᠠ ᠶᠢ | ᠪᠠᠭᠳᠠᠭᠠᠬᠤ ᠦᠭᠡᠢ᠃ | ᠬᠤᠳᠠ ᠬᠦᠳᠡᠭᠡ ᠶᠢᠨ ᠲᠦᠯᠦᠪᠵᠢᠭᠦᠯᠭᠡ ᠶᠢ ᠵᠤᠬᠢᠶᠠᠨ ᠪᠠᠶᠢᠭᠤᠯᠤᠨ ᠨᠠᠶᠢᠷᠠᠭᠤᠯᠬᠤ ᠪᠠᠶᠢᠭᠤᠯᠭ᠎ᠠ ᠬᠠᠤᠯᠢ | ᠶᠤᠰᠤᠭᠠᠷ ᠵᠦᠪᠰᠢᠶᠡᠷᠡᠭᠰᠡᠨ ᠬᠤᠳᠠ ᠬᠦᠳᠡᠭᠡ ᠶᠢᠨ ᠲᠦᠯᠦᠪᠵᠢᠭᠦᠯᠭᠡ ᠪᠠᠨ ᠤᠯᠤᠰ ᠪᠠ ᠦᠪᠡᠷᠳᠡᠭᠡᠨ ᠵᠠᠰᠠᠬᠤ ᠤᠷᠤᠨ ᠤ | ᠬᠤᠯᠪᠤᠭᠳᠠᠯ ᠪᠦᠬᠦᠢ ᠲᠤᠭᠳᠠᠭᠠᠯ ᠶᠤᠰᠤᠭᠠᠷ ᠠᠳᠠᠯᠢ ᠱᠠᠳᠤᠨ ᠤ ᠬᠤᠳᠠ ᠪᠠᠯᠭᠠᠰᠤᠨ ᠤ ᠪᠦᠳᠦᠭᠡᠨ ᠪᠠᠶᠢᠭᠤᠯᠤᠯᠳᠠ ᠶᠢᠨ | ᠲᠠᠩᠰᠠ ᠡᠪᠬᠡᠮᠡᠯ ᠤᠨ ᠪᠠᠶᠢᠭᠤᠯᠤᠮᠵᠢ ᠳᠤ ᠲᠠᠩᠰᠠᠯᠠᠭᠤᠯᠬᠤ ᠬᠡᠷᠡᠭᠳᠠᠢ᠃ | ᠶᠠᠮᠠᠷᠪᠠ ᠨᠢᠭᠡᠴᠡ ᠪᠠ ᠬᠤᠪᠢ ᠬᠦᠮᠦᠨ ᠴᠦᠮ ᠵᠦᠪᠰᠢᠶᠡᠷᠡᠭᠦᠯᠦᠨ ᠨᠡᠶᠢᠳᠡᠯᠡᠭᠰᠡᠨ ᠬᠤᠳᠠ ᠬᠦᠳᠡᠭᠡ ᠶᠢᠨ | ᠲᠦᠯᠦᠪᠵᠢᠭᠦᠯᠭᠡ ᠶᠢ ᠬᠠᠤᠯᠢ ᠶᠤᠰᠤᠭᠠᠷ ᠪᠠᠶᠢᠴᠠᠭᠠᠨ ᠠᠰᠠᠭᠤᠵᠤ ᠪᠤᠯᠤᠨ᠎ᠠ᠃ | ᠭᠤᠷᠪᠠᠳᠤᠭᠠᠷ ᠪᠦᠯᠦᠭ ᠬᠤᠳᠠ ᠬᠦᠳᠡᠭᠡ ᠶᠢᠨ ᠲᠦᠯᠦᠪᠵᠢᠭᠦᠯᠭᠡ ᠶᠢ ᠬᠡᠷᠡᠭᠵᠢᠭᠦᠯᠬᠦ | ᠨᠢᠭᠡᠳᠦᠭᠡᠷ ᠬᠡᠰᠡᠭ ᠡᠩ ᠤᠨ ᠲᠤᠭᠳᠠᠭᠠᠯ | ᠬᠤᠷᠢᠨ ᠵᠢᠷᠭᠤᠳᠤᠭᠠᠷ ᠵᠦᠢᠯ ᠤᠨᠴᠠ ᠲᠤᠭᠳᠠᠭᠠᠭᠰᠠᠨ ᠭᠠᠵᠠᠷ ᠤᠷᠤᠨ᠂ ᠬᠤᠳᠠ ᠪᠤᠶᠤ ᠪᠠᠯᠭᠠᠰᠤᠨ ᠤ ᠰᠢᠨ᠎ᠡ | ᠲᠤᠭᠤᠷᠢᠭ ᠢ ᠪᠠᠶᠢᠭᠤᠯᠬᠤ ᠳᠤ ᠬᠤᠳᠠ ᠪᠠᠯᠭᠠᠰᠤᠨ ᠤ ᠰᠢᠰᠲ᠋ᠧᠮᠵᠢ ᠶᠢᠨ ᠲᠦᠯᠦᠪᠵᠢᠭᠦᠯᠭᠡ ᠪᠠ ᠬᠤᠳᠠ ᠶᠢᠨ ᠶᠡᠷᠦᠩᠬᠡᠢ | ᠲᠦᠯᠦᠪᠵᠢᠭᠦᠯᠭᠡ᠂ ᠪᠠᠯᠭᠠᠰᠤᠨ ᠤ ᠶᠡᠷᠦᠩᠬᠡᠢ ᠲᠦᠯᠦᠪᠵᠢᠭᠦᠯᠭᠡ ᠳᠤ ᠨᠡᠶᠢᠴᠡᠬᠦ ᠬᠡᠷᠡᠭᠳᠠᠢ᠃ | ᠬᠤᠷᠢᠨ ᠲᠤᠯᠤᠳᠤᠭᠠᠷ ᠵᠦᠢᠯ ᠲᠡᠤᠭᠡ ᠰᠤᠶᠤᠯ ᠤᠨ ᠨᠡᠷᠡᠲᠦ ᠬᠤᠲᠠ᠂ ᠨᠡᠷᠡᠲᠦ ᠪᠠᠯᠭᠠᠰᠤ᠂ ᠨᠡᠷᠡᠲᠦ ᠲᠤᠰᠬᠤᠨ ᠢ | ᠬᠠᠤᠯᠢ ᠶᠤᠰᠤᠭᠠᠷ ᠵᠦᠪᠰᠢᠶᠡᠷᠡᠨ ᠨᠡᠶᠢᠲᠡᠯᠡᠭᠰᠡᠨ ᠤ ᠳᠠᠷᠠᠭ᠎ᠠ᠂ ᠬᠤᠲᠠ ᠬᠤᠰᠢᠭᠤ ᠰᠢᠶᠠᠨ ᠤ ᠠᠷᠠᠳ ᠤᠨ ᠵᠠᠰᠠᠭ ᠤᠨ | ᠤᠷᠳᠤᠨ ᠲᠡᠤᠭᠡ ᠰᠤᠶᠤᠯ ᠤᠨ ᠨᠡᠷᠡᠲᠦ ᠬᠤᠲᠠ᠂ ᠨᠡᠷᠡᠲᠦ ᠪᠠᠯᠭᠠᠰᠤ᠂ ᠨᠡᠷᠡᠲᠦ ᠲᠤᠰᠬᠤᠨ ᠢ ᠬᠠᠮᠠᠭᠠᠯᠠᠬᠤ | ᠲᠥᠯᠦᠪᠵᠢᠭᠦᠯᠭᠡ ᠶᠢ ᠵᠤᠬᠢᠶᠠᠨ ᠪᠠᠶᠢᠭᠤᠯᠤᠨ ᠨᠠᠶᠢᠷᠠᠭᠤᠯᠵᠦ᠂ ᠥᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ | ᠤᠷᠳᠤᠨ ᠳᠤ ᠮᠡᠳᠡᠭᠦᠯᠦᠨ ᠵᠦᠪᠰᠢᠶᠡᠷᠡᠭᠦᠯᠭᠦ ᠬᠡᠷᠡᠭᠲᠠᠢ᠃ | ᠬᠤᠷᠢᠨ ᠨᠠᠢᠮᠠᠳᠤᠭᠠᠷ ᠵᠦᠢᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠬᠤᠳᠠ ᠶᠢᠨ ᠬᠦᠭᠵᠢᠯᠳᠡ ᠶᠢᠨ | ᠱᠠᠭᠠᠷᠳᠠᠯᠭ᠎ᠠ ᠪᠠᠨ ᠦᠨᠳᠦᠰᠦᠯᠡᠵᠤ᠂ ᠬᠤᠳᠠ ᠶᠢᠨ ᠭᠠᠵᠠᠷ ᠲᠤᠤᠷᠠᠬᠢ ᠤᠷᠤᠨ ᠵᠠᠢ ᠶᠢ ᠨᠡᠭᠡᠭᠡᠨ ᠠᠰᠢᠭᠯᠠᠬᠤ | ᠲᠦᠯᠦᠪᠵᠢᠭᠦᠯᠭᠡ ᠶᠢ ᠵᠤᠬᠢᠶᠠᠨ ᠪᠠᠶᠢᠭᠤᠯᠤᠨ ᠨᠠᠶᠢᠷᠠᠭᠤᠯᠬᠤ ᠳᠤ ᠭᠠᠵᠠᠷ ᠲᠤᠤᠷᠠᠬᠢ ᠵᠠᠮ ᠬᠠᠷᠢᠯᠴᠠᠭ᠎ᠠ᠂ ᠠᠷᠠᠳ ᠤᠨ | ᠠᠭᠠᠷ ᠤᠨ ᠰᠡᠷᠭᠡᠶᠢᠯᠡᠯᠳᠡ᠂ ᠦᠶᠡᠷ ᠤᠨ ᠰᠡᠷᠭᠡᠶᠢᠯᠡᠯᠳᠡ᠂ ᠬᠤᠳᠠ ᠶᠢᠨ ᠶᠠᠪᠤᠳᠠᠯ ᠤᠨ ᠬᠤᠭᠤᠯᠠᠢ ᠱᠤᠭᠤᠮ ᠵᠡᠷᠭᠡ ᠰᠠᠭᠤᠷᠢ | ᠪᠡᠯᠡᠳᠬᠡᠮᠵᠢ ᠪᠠ ᠤᠯᠠᠨ ᠨᠡᠶᠢᠳᠡ ᠶᠢᠨ ᠦᠢᠯᠡᠴᠢᠯᠡᠭᠡᠨ ᠤ ᠲᠦᠬᠦᠭᠡᠷᠦᠮᠵᠢ᠂ ᠬᠠᠮᠠᠭᠠᠯᠠᠬᠤ ᠴᠢᠬᠤᠯᠠ ᠲᠠᠢ ᠲᠡᠤᠬᠡᠨ | ᠦᠯᠡᠳᠡᠭᠳᠡᠯ ᠵᠢᠴᠢ ᠪᠤᠰᠤᠳ ᠭᠠᠵᠠᠷ ᠲᠤᠤᠷᠠᠬᠢ ᠪᠠᠷᠢᠯᠭ᠎ᠠ ᠶᠢ ᠨᠢᠭᠡᠳᠦᠯᠳᠠᠢ ᠲᠤᠬᠢᠷᠠᠭᠤᠯᠬᠤ ᠬᠡᠷᠡᠭᠳᠠᠢ᠃ ᠬᠤᠳᠠ ᠶᠢᠨ | ᠭᠠᠵᠠᠷ ᠲᠤᠤᠷᠠᠬᠢ ᠤᠷᠤᠨ ᠵᠠᠢ ᠶᠢ ᠨᠡᠭᠡᠭᠡᠨ ᠠᠰᠢᠭᠯᠠᠬᠤ ᠲᠦᠯᠦᠪᠵᠢᠭᠦᠯᠭᠡ ᠨᠢ ᠬᠤᠳᠠ ᠶᠢᠨ ᠶᠡᠷᠦᠩᠬᠡᠢ | ᠲᠦᠯᠦᠪᠵᠢᠭᠦᠯᠭᠡ ᠳᠤ ᠨᠡᠶᠢᠴᠡᠬᠦ ᠶᠢᠨ ᠬᠠᠮᠳᠤ ᠪᠤᠰᠤᠳ ᠲᠤᠰᠬᠠᠢ ᠲᠦᠯᠦᠪᠵᠢᠭᠦᠯᠭᠡ ᠲᠠᠢ ᠬᠠᠷᠢᠯᠴᠠᠨ ᠵᠤᠬᠢᠴᠠᠯᠳᠤᠬᠤ | ᠬᠡᠷᠡᠭᠳᠠᠢ᠃ ᠬᠤᠳᠠ ᠶᠢᠨ ᠭᠠᠵᠠᠷ ᠲᠤᠤᠷᠠᠬᠢ ᠤᠷᠤᠨ ᠵᠠᠢ ᠶᠢ ᠨᠡᠭᠡᠭᠡᠨ ᠠᠰᠢᠭᠯᠠᠬᠤ ᠲᠦᠯᠦᠪᠵᠢᠭᠦᠯᠭᠡ ᠶᠢ ᠲᠤᠰ ᠱᠠᠳᠤᠨ ᠤ | ᠠᠷᠠᠳ ᠤᠨ ᠵᠠᠰᠠᠭ ᠤᠨ ᠤᠷᠳᠤᠨ ᠠᠴᠠ ᠬᠢᠨᠠᠨ ᠵᠦᠪᠰᠢᠶᠡᠷᠡᠵᠤ᠂ ᠶᠡᠷᠦᠩᠬᠡᠢ ᠲᠦᠯᠦᠪᠵᠢᠭᠦᠯᠭᠡ ᠶᠢ ᠬᠢᠨᠠᠨ ᠵᠦᠪᠰᠢᠶᠡᠷᠡᠬᠦ | ᠪᠠᠶᠢᠭᠤᠯᠭ᠎ᠠ ᠳᠤ ᠲᠠᠩᠰᠠᠯᠠᠭᠤᠯᠤᠨ᠎ᠠ᠃ | ᠬᠤᠷᠢ ᠶᠢᠰᠦᠳᠦᠭᠡᠷ ᠵᠦᠢᠯ ᠬᠤᠳᠠ᠂ ᠬᠤᠰᠢᠭᠤ ᠰᠢᠶᠠᠨ᠂ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ | ᠬᠤᠳᠠ ᠶᠢᠨ ᠶᠡᠷᠦᠩᠬᠡᠢ ᠲᠦᠯᠦᠪᠵᠢᠭᠦᠯᠭᠡ᠂ ᠪᠠᠯᠭᠠᠰᠤᠨ ᠤ ᠶᠡᠷᠦᠩᠬᠡᠢ ᠲᠦᠯᠦᠪᠵᠢᠭᠦᠯᠭᠡ᠂ ᠭᠠᠵᠠᠷ ᠰᠢᠷᠤᠢ ᠶᠢ ᠠᠰᠢᠭᠯᠠᠬᠤ | ᠶᠡᠷᠦᠩᠬᠡᠢ ᠲᠦᠯᠦᠪᠵᠢᠭᠦᠯᠭᠡ ᠪᠠ ᠤᠨ ᠤ ᠲᠦᠯᠦᠪᠯᠡᠭᠡ ᠵᠢᠴᠢ ᠤᠯᠤᠰ ᠠᠷᠠᠳ ᠤᠨ ᠠᠵᠤ ᠠᠬᠤᠢ ᠪᠤᠯᠤᠨ ᠨᠡᠶᠢᠭᠡᠮ ᠤᠨ | ᠬᠦᠭᠵᠢᠯᠳᠡ ᠶᠢᠨ ᠲᠦᠯᠦᠪᠵᠢᠭᠦᠯᠭᠡ᠂ ᠭᠤᠤᠯ ᠴᠤᠭᠴᠠᠳᠤ ᠴᠢᠳᠠᠪᠬᠢᠳᠣ ᠤᠷᠤᠨ ᠤ ᠲᠦᠯᠦᠪᠵᠢᠭᠦᠯᠭᠡ ᠶᠢ ᠦᠨᠳᠦᠰᠦᠯᠡᠵᠤ᠂ | ᠣᠶᠢᠷ᠎ᠠ ᠶᠢᠨ ᠬᠤᠭᠤᠴᠠᠭᠠᠨ ᠤ ᠪᠦᠳᠦᠭᠡᠨ ᠪᠠᠶᠢᠭᠤᠯᠤᠯᠳᠠ ᠶᠢᠨ ᠲᠦᠯᠦᠪᠵᠢᠭᠦᠯᠭᠡ ᠶᠢ ᠨᠠᠶᠢᠷᠠᠭᠤᠯᠤᠨ ᠲᠤᠭᠳᠠᠭᠠᠵᠤ᠂ | ᠶᠡᠷᠦᠩᠬᠡᠢ ᠲᠦᠯᠦᠪᠵᠢᠭᠦᠯᠭᠡ ᠶᠢ ᠬᠢᠨᠠᠨ ᠵᠦᠪᠰᠢᠶᠡᠷᠡᠭᠦ ᠪᠠᠶᠢᠭᠤᠯᠭ᠎ᠠ ᠳᠤ ᠲᠠᠩᠰᠠᠯᠠᠭᠤᠯᠬᠤ ᠬᠡᠷᠡᠭᠳᠠᠢ᠃ ᠣᠶᠢᠷ᠎ᠠ ᠶᠢᠨ | ᠬᠤᠭᠤᠴᠠᠭᠠᠨ ᠤ ᠪᠦᠳᠦᠭᠡᠨ ᠪᠠᠶᠢᠭᠤᠯᠤᠯᠳᠠ ᠶᠢᠨ ᠲᠦᠯᠦᠪᠵᠢᠭᠦᠯᠭᠡ ᠶᠢᠨ ᠲᠦᠯᠦᠪᠵᠢᠭᠦᠯᠭᠡ ᠶᠢᠨ ᠬᠤᠭᠤᠴᠠᠭ᠎ᠠ ᠶᠢᠨ | ᠬᠢᠵᠠᠭᠠᠷ ᠨᠢ ᠲᠠᠪᠤᠨ ᠵᠢᠯ᠃ | ᠭᠤᠴᠢᠳᠤᠭᠠᠷ ᠵᠦᠢᠯ ᠡᠯ᠎ᠡ ᠲᠦᠷᠦᠯ ᠤᠨ ᠪᠦᠳᠦᠭᠡᠨ ᠪᠠᠶᠢᠭᠤᠯᠬᠤ ᠳᠤ ᠬᠡᠷᠡᠭᠯᠡᠬᠦ ᠭᠠᠵᠠᠷ ᠪᠤᠯᠤᠨ ᠪᠦᠳᠦᠭᠡᠨ | ᠪᠠᠶᠢᠭᠤᠯᠬᠤ ᠪᠠᠷᠢᠯᠭ᠎ᠠ ᠬᠤᠳᠠ ᠬᠦᠳᠡᠭᠡ ᠶᠢᠨ ᠲᠦᠯᠦᠪᠵᠢᠭᠦᠯᠭᠡ ᠳᠤ ᠨᠡᠶᠢᠴᠡᠵᠤ᠂ ᠪᠦᠳᠦᠭᠡᠨ ᠪᠠᠶᠢᠭᠤᠯᠬᠤ ᠲᠦᠷᠦᠯ | ᠵᠦᠢᠯ ᠤᠨ ᠭᠠᠵᠠᠷ ᠰᠤᠩᠭᠤᠬᠤ ᠰᠠᠨᠠᠯ ᠤᠨ ᠪᠢᠴᠢᠭ᠂ ᠪᠦᠳᠦᠭᠡᠨ ᠪᠠᠶᠢᠭᠤᠯᠬᠤ ᠳᠤ ᠬᠡᠷᠡᠭᠯᠡᠬᠦ ᠭᠠᠵᠠᠷ ᠤᠨ | ᠲᠦᠯᠦᠪᠵᠢᠭᠦᠯᠭᠡ ᠶᠢᠨ ᠵᠦᠪᠰᠢᠶᠡᠷᠡᠯ ᠤᠨ ᠦᠨᠡᠮᠯᠡᠯ᠂ ᠪᠦᠳᠦᠭᠡᠨ ᠪᠠᠶᠢᠭᠤᠯᠬᠤ ᠪᠠᠷᠢᠯᠭ᠎ᠠ ᠶᠢᠨ ᠲᠦᠯᠦᠪᠵᠢᠭᠦᠯᠭᠡ ᠶᠢᠨ | ᠵᠦᠪᠰᠢᠶᠡᠷᠡᠯ ᠤᠨ ᠦᠨᠡᠮᠯᠡᠯ᠂ ᠬᠦᠳᠡᠭᠡ ᠲᠤᠰᠬᠤᠨ ᠤ ᠪᠦᠳᠦᠭᠡᠨ ᠪᠠᠶᠢᠭᠤᠯᠤᠯᠳᠠ ᠶᠢᠨ ᠲᠦᠯᠦᠪᠵᠢᠭᠦᠯᠭᠡ ᠶᠢᠨ | ᠵᠦᠪᠰᠢᠶᠡᠷᠡᠯ ᠤᠨ ᠦᠨᠡᠮᠯᠡᠯ ᠪᠠ ᠲᠦᠷ ᠴᠠᠭ ᠤᠨ ᠲᠦᠯᠦᠪᠵᠢᠭᠦᠯᠭᠡ ᠶᠢᠨ ᠵᠦᠪᠰᠢᠶᠡᠷᠡᠯ ᠤᠨ ᠦᠨᠡᠮᠯᠡᠯ ᠢ ᠬᠠᠤᠯᠢ ᠶᠤᠰᠤᠭᠠᠷ | ᠤᠯᠬᠤ ᠬᠡᠷᠡᠭᠳᠠᠢ᠃ | ᠬᠤᠶᠠᠳᠤᠭᠠᠷ ᠬᠡᠰᠡᠭ ᠪᠦᠳᠦᠭᠡᠨ ᠪᠠᠶᠢᠭᠤᠯᠬᠤ ᠲᠦᠷᠦᠯ ᠵᠦᠢᠯ ᠤᠨ ᠭᠠᠵᠠᠷ ᠰᠤᠩᠭᠤᠬᠤ ᠲᠦᠯᠦᠪᠵᠢᠭᠦᠯᠭᠡ ᠶᠢᠨ | ᠬᠠᠮᠢᠶᠠᠷᠤᠯᠳᠠ | ᠭᠤᠴᠢᠨ ᠨᠢᠭᠡᠳᠦᠭᠡᠷ ᠵᠦᠢᠯ ᠤᠯᠤᠰ ᠤᠨ ᠲᠤᠭᠳᠠᠭᠠᠯ ᠢ ᠦᠨᠳᠦᠰᠦᠯᠡᠵᠤ ᠵᠦᠪᠰᠢᠶᠡᠷᠡᠭᠦᠯᠬᠦ ᠪᠤᠶᠤ ᠬᠢᠨᠠᠨ | ᠵᠦᠪᠰᠢᠶᠡᠷᠡᠭᠦᠯᠬᠦ ᠴᠢᠬᠤᠯᠠ ᠲᠠᠢ ᠪᠦᠳᠦᠭᠡᠨ ᠪᠠᠶᠢᠭᠤᠯᠬᠤ ᠲᠦᠷᠦᠯ ᠵᠦᠢᠯ ᠢ ᠰᠢᠯᠵᠢᠭᠦᠯᠦᠨ ᠦᠭᠬᠦ ᠬᠡᠯᠪᠡᠷᠢ ᠪᠠᠷ | ᠤᠯᠤᠰ ᠤᠨ ᠦᠮᠴᠢᠯᠡᠯ ᠤᠨ ᠭᠠᠵᠠᠷ ᠰᠢᠷᠤᠢ ᠶᠢ ᠬᠡᠷᠡᠭᠯᠡᠬᠦ ᠡᠷᠬᠡ ᠶᠢ ᠬᠠᠩᠭᠠᠪᠠᠯ᠂ ᠪᠦᠳᠦᠭᠡᠨ ᠪᠠᠶᠢᠭᠤᠯᠬᠤ ᠨᠢᠭᠡᠴᠡ ᠨᠢ | ᠬᠤᠯᠪᠤᠭᠳᠠᠯ ᠪᠦᠬᠦᠢ ᠰᠠᠯᠠᠭ᠎ᠠ ᠮᠦᠴᠢᠷ ᠢᠶᠠᠷ ᠵᠦᠪᠰᠢᠶᠡᠷᠡᠭᠦᠯᠬᠦ ᠪᠤᠶᠤ ᠬᠢᠨᠠᠨ ᠵᠦᠪᠰᠢᠶᠡᠷᠡᠭᠦᠯᠬᠦ ᠪᠠᠷ ᠮᠡᠳᠡᠭᠦᠯᠬᠦ ᠠᠴᠠ | ᠡᠮᠤᠨ᠎ᠡ᠂ ᠲᠤᠤᠷᠠᠬᠢ ᠲᠤᠭᠳᠠᠭᠠᠯ ᠶᠤᠰᠤᠭᠠᠷ ᠬᠤᠯᠪᠤᠭᠳᠠᠯ ᠪᠦᠬᠦᠢ ᠬᠤᠳᠠ ᠬᠦᠳᠡᠭᠡ ᠶᠢᠨ ᠲᠦᠯᠦᠪᠵᠢᠭᠦᠯᠭᠡ ᠶᠢ ᠭᠤᠤᠯᠯᠠᠨ | ᠬᠠᠮᠢᠶᠠᠷᠬᠤ ᠰᠠᠯᠠᠭ᠎ᠠ ᠮᠦᠴᠢᠷ ᠲᠤ ᠭᠠᠵᠠᠷ ᠰᠤᠩᠭᠤᠬᠤ ᠰᠠᠨᠠᠯ ᠤᠨ ᠪᠢᠴᠢᠭ ᠢ ᠬᠢᠨᠠᠨ ᠲᠠᠷᠬᠠᠭᠠᠯᠭᠠᠬᠤ ᠪᠠᠷ ᠭᠤᠶᠤᠴᠢᠯᠠᠬᠤ | ᠬᠡᠷᠡᠭᠳᠠᠢ᠄ | ︵ᠨᠢᠭᠡ︶ ᠤᠯᠤᠰ ᠪᠠ ᠦᠪᠡᠷᠳᠡᠭᠡᠨ ᠵᠠᠰᠠᠬᠤ ᠤᠷᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠢᠶᠠᠷ | ᠵᠦᠪᠰᠢᠶᠡᠷᠡᠭᠦᠯᠬᠦ ᠪᠤᠶᠤ ᠬᠢᠨᠠᠨ ᠵᠦᠪᠰᠢᠶᠡᠷᠡᠭᠦᠯᠬᠦ ᠪᠦᠳᠦᠭᠡᠨ ᠪᠠᠶᠢᠭᠤᠯᠬᠤ ᠲᠦᠷᠦᠯ ᠵᠦᠢᠯ ᠢ ᠪᠤᠯ ᠪᠦᠳᠦᠭᠡᠨ ᠪᠠᠶᠢᠭᠤᠯᠬᠤ | ᠲᠦᠷᠦᠯ ᠵᠦᠢᠯ ᠤᠨ ᠪᠠᠶᠢᠭ᠎ᠠ ᠭᠠᠵᠠᠷ ᠤᠨ ᠠᠶᠢᠮᠠᠭ ᠬᠤᠳᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠤᠷᠳᠤᠨ ᠤ | ᠬᠤᠳᠠ ᠬᠦᠳᠡᠭᠡ ᠶᠢᠨ ᠲᠦᠯᠦᠪᠵᠢᠭᠦᠯᠭᠡ ᠶᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠠᠩᠬ᠎ᠠ ᠬᠢᠨᠠᠭᠰᠠᠨ ᠰᠠᠨᠠᠯ | ᠲᠤᠷᠠᠳᠬᠤ ᠶᠢᠨ ᠬᠠᠮᠳᠤ ᠱᠠᠳᠤ ᠲᠠᠷᠠᠭᠠᠯᠠᠨ ᠲᠡᠭᠡᠭᠰᠢ ᠮᠡᠳᠡᠭᠦᠯᠵᠦ᠂ ᠦᠪᠡᠷᠳᠡᠭᠡᠨ ᠵᠠᠰᠠᠬᠤ ᠤᠷᠤᠨ ᠤ ᠠᠷᠠᠳ ᠤᠨ | ᠵᠠᠰᠠᠭ ᠤᠨ ᠤᠷᠳᠤᠨ ᠤ ᠬᠤᠳᠠ ᠬᠦᠳᠡᠭᠡ ᠶᠢᠨ ᠲᠦᠯᠦᠪᠵᠢᠭᠦᠯᠭᠡ ᠶᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ | ᠭᠠᠵᠠᠷ ᠰᠤᠩᠭᠤᠬᠤ ᠰᠠᠨᠠᠯ ᠤᠨ ᠪᠢᠴᠢᠭ ᠢ ᠬᠢᠨᠠᠨ ᠲᠠᠷᠬᠠᠭᠠᠨ᠎ᠠ︔ | ︵ᠬᠤᠶᠠᠷ︶ ᠬᠤᠳᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠤᠯᠪᠤᠭᠳᠠᠯ ᠪᠦᠬᠦᠢ ᠰᠠᠯᠠᠭ᠎ᠠ | ᠮᠦᠴᠢᠷ ᠢᠶᠠᠷ ᠵᠦᠪᠰᠢᠶᠡᠷᠡᠭᠦᠯᠬᠦ ᠪᠤᠶᠤ ᠬᠢᠨᠠᠨ ᠵᠦᠪᠰᠢᠶᠡᠷᠡᠭᠦᠯᠬᠦ ᠪᠦᠳᠦᠭᠡᠨ ᠪᠠᠶᠢᠭᠤᠯᠬᠤ ᠲᠦᠷᠦᠯ ᠵᠦᠢᠯ ᠢ ᠪᠤᠯ ᠠᠳᠠᠯᠢ | ᠱᠠᠳᠤᠨ ᠤ ᠠᠷᠠᠳ ᠤᠨ ᠵᠠᠰᠠᠭ ᠤᠨ ᠤᠷᠳᠤᠨ ᠤ ᠬᠤᠳᠠ ᠬᠦᠳᠡᠭᠡ ᠶᠢᠨ ᠲᠦᠯᠦᠪᠵᠢᠭᠦᠯᠭᠡ ᠶᠢ ᠭᠤᠤᠯᠯᠠᠨ ᠬᠠᠮᠢᠶᠠᠷᠬᠤ | ᠰᠠᠯᠠᠭ᠎ᠠ ᠮᠦᠴᠢᠷ ᠠᠴᠠ ᠭᠠᠵᠠᠷ ᠰᠤᠩᠭᠤᠬᠤ ᠰᠠᠨᠠᠯ ᠤᠨ ᠪᠢᠴᠢᠭ ᠢ ᠬᠢᠨᠠᠨ ᠲᠠᠷᠬᠠᠭᠠᠨ᠎ᠠ᠃ | ᠭᠤᠴᠢᠨ ᠬᠤᠶᠠᠳᠤᠭᠠᠷ ᠵᠦᠢᠯ ᠭᠠᠵᠠᠷ ᠰᠤᠩᠭᠤᠬᠤ ᠰᠠᠨᠠᠯ ᠤᠨ ᠪᠢᠴᠢᠭ ᠢ ᠲᠠᠷᠬᠠᠭᠠᠯᠭᠠᠬᠤ ᠪᠠᠷ | ᠭᠤᠶᠤᠴᠢᠯᠠᠬᠤ ᠳᠤ ᠪᠦᠳᠦᠭᠡᠨ ᠪᠠᠶᠢᠭᠤᠯᠬᠤ ᠨᠢᠭᠡᠴᠡ ᠠᠴᠠ ᠲᠤᠤᠷᠠᠬᠢ ᠮᠠᠲ᠋ᠧᠷᠢᠶᠠᠯ ᠢ ᠲᠤᠰᠢᠶᠠᠬᠤ ᠬᠡᠷᠡᠭᠳᠠᠢ᠄ | ︵ᠨᠢᠭᠡ︶ ᠭᠠᠵᠠᠷ ᠰᠤᠩᠭᠤᠬᠤ ᠭᠤᠶᠤᠴᠢᠯᠠᠯ ᠤᠨ ᠪᠢᠴᠢᠭ︔ | ︵ᠬᠤᠶᠠᠷ︶ ᠬᠤᠯᠪᠤᠭᠳᠠᠯ ᠪᠦᠬᠦᠢ ᠰᠠᠯᠠᠭ᠎ᠠ ᠮᠦᠴᠢᠷ ᠠᠴᠠ ᠪᠦᠳᠦᠭᠡᠨ ᠪᠠᠶᠢᠭᠤᠯᠬᠤ ᠲᠦᠷᠦᠯ ᠵᠦᠢᠯ ᠤᠨ ᠡᠮᠤᠨ᠎ᠡ | ᠬᠤᠭᠤᠴᠠᠭᠠᠨ ᠤ ᠠᠵᠢᠯ ᠢ ᠡᠬᠢᠯᠡᠭᠦᠯᠬᠦ ᠶᠢ ᠵᠦᠪᠰᠢᠶᠡᠷᠡᠭᠰᠡᠨ ᠪᠢᠴᠢᠭ ᠪᠤᠶᠤ ᠲᠦᠷᠦᠯ ᠵᠦᠢᠯ ᠤᠨ ᠰᠠᠨᠠᠭᠤᠯᠭ᠎ᠠ ᠶᠢᠨ | ᠪᠢᠴᠢᠭ ᠤᠨ ᠴᠤᠬᠤᠯᠠᠪᠦᠷᠢ ᠪᠢᠴᠢᠭ︔ | ︵ᠭᠤᠷᠪᠠ︶ ᠵᠤᠬᠢᠴᠠᠭᠰᠠᠨ ᠬᠢᠷᠢ ᠭᠡᠮ ᠤᠨ ᠵᠡᠷᠭᠡ ᠲᠡᠰ ᠲᠠᠢ ᠬᠤᠳᠠ ᠬᠦᠳᠡᠭᠡ ᠶᠢᠨ ᠲᠦᠯᠦᠪᠵᠢᠭᠦᠯᠭᠡ ᠶᠢ | ᠨᠠᠶᠢᠷᠠᠭᠤᠯᠬᠤ ᠨᠢᠭᠡᠴᠡ ᠠᠴᠠ ᠨᠠᠶᠢᠷᠠᠭᠤᠯᠤᠭᠰᠠᠨ ᠪᠦᠳᠦᠭᠡᠨ ᠪᠠᠶᠢᠭᠤᠯᠬᠤ ᠲᠦᠷᠦᠯ ᠵᠦᠢᠯ ᠤᠨ ᠭᠠᠵᠠᠷ ᠰᠤᠩᠭᠤᠬᠤ | ᠰᠤᠳᠤᠯᠤᠯᠳᠠ ᠶᠢᠨ ᠮᠡᠳᠡᠭᠦᠯᠦᠯᠲᠡ︔ | ︵ᠲᠦᠷᠪᠡ︶ ᠭᠠᠵᠠᠷ ᠰᠤᠩᠭᠤᠬᠤ ᠤᠷᠤᠨ ᠪᠠᠶᠢᠷᠢ ᠶᠢᠨ ᠵᠢᠷᠤᠭ᠂ ᠬᠠᠪᠳᠠᠭᠠᠢ ᠪᠠᠶᠢᠷᠢᠰᠢᠯ ᠤᠨ ᠵᠢᠷᠤᠭ︔ | ︵ᠲᠠᠪᠤ︶ ᠬᠠᠤᠯᠢ ᠴᠠᠭᠠᠵᠠ᠂ ᠬᠠᠤᠯᠢ ᠲᠤᠭᠳᠠᠭᠠᠯ ᠳᠤ ᠲᠤᠭᠳᠠᠭᠠᠭᠰᠠᠨ ᠪᠤᠰᠤᠳ ᠮᠠᠲ᠋ᠧᠷᠢᠶᠠᠯ᠃ | ᠭᠤᠴᠢᠨ ᠭᠤᠷᠪᠠᠳᠤᠭᠠᠷ ᠵᠦᠢᠯ ᠭᠠᠵᠠᠷ ᠰᠤᠩᠭᠤᠬᠤ ᠰᠠᠨᠠᠯ ᠤᠨ ᠪᠢᠴᠢᠭ ᠢ ᠬᠠᠤᠯᠢ ᠶᠤᠰᠤᠭᠠᠷ ᠤᠯᠤᠭᠰᠠᠨ | ᠦᠭᠡᠢ ᠪᠤᠶᠤ ᠭᠠᠵᠠᠷ ᠰᠤᠩᠭᠤᠬᠤ ᠰᠠᠨᠠᠯ ᠤᠨ ᠪᠢᠴᠢᠭ ᠤᠨ ᠬᠤᠭᠤᠴᠠᠭ᠎ᠠ ᠨᠢ ᠬᠡᠳᠦᠷᠡᠭᠰᠡᠨ ᠪᠤᠯ ᠬᠤᠯᠪᠤᠭᠳᠠᠯ ᠪᠦᠬᠦᠢ | ᠰᠠᠯᠠᠭ᠎ᠠ ᠮᠦᠴᠢᠷ ᠪᠦ᠋ᠳᠦᠭᠡᠨ ᠪᠠᠶᠢᠭᠤᠯᠬᠤ ᠲᠦᠷᠦᠯ ᠵᠦᠢᠯ ᠢ ᠵᠦᠪᠰᠢᠶᠡᠷᠡᠬᠦ ᠪᠤᠶᠤ ᠬᠢᠨᠠᠨ ᠵᠦᠪᠰᠢᠶᠡᠷᠡᠵᠤ ᠪᠤᠯᠬᠤ ᠦᠭᠡᠢ᠃ | | ᠭᠠᠵᠠᠷ ᠰᠤᠩᠭᠤᠬᠤ ᠰᠠᠨᠠᠯ ᠤᠨ ᠪᠢᠴᠢᠭ ᠤᠨ ᠬᠦᠴᠦᠨ ᠲᠠᠢ ᠬᠤᠭᠤᠴᠠᠭ᠎ᠠ ᠨᠢ ᠨᠢᠭᠡ ᠵᠢᠯ᠃ ᠬᠤᠭᠤᠴᠠᠭ᠎ᠠ ᠶᠢ ᠨᠢ | ᠦᠨᠡᠨ ᠬᠦ ᠤᠷᠳᠤᠳᠬᠠᠬᠤ ᠴᠢᠬᠤᠯᠠ ᠲᠠᠢ ᠪᠤᠯ ᠪᠦᠳᠦᠭᠡᠨ ᠪᠠᠶᠢᠭᠤᠯᠬᠤ ᠨᠢᠭᠡᠴᠡ ᠬᠤᠭᠤᠴᠠᠭ᠎ᠠ ᠲᠤᠯᠬᠤ ᠠᠴᠠ ᠡᠮᠤᠨ᠎ᠡ | ᠭᠤᠴᠢᠨ ᠡᠳᠦᠷ ᠤᠨ ᠲᠤᠳᠤᠷ᠎ᠠ ᠬᠢᠨᠠᠨ ᠲᠠᠷᠬᠠᠭᠠᠭᠰᠠᠨ ᠰᠠᠯᠠᠭ᠎ᠠ ᠮᠥᠴᠢᠷ ᠲᠤ ᠭᠤᠶᠤᠴᠢᠯᠠᠯ ᠲᠤᠷᠠᠳᠴᠤ᠂ | ᠵᠦᠪᠰᠢᠶᠡᠷᠡᠭᠦᠯᠦᠭᠰᠡᠨ ᠤ ᠳᠠᠷᠠᠭ᠎ᠠ ᠨᠢᠭᠡ ᠤᠳᠠᠭ᠎ᠠ ᠤᠷᠳᠤᠳᠬᠠᠵᠤ ᠪᠤᠯᠤᠨ᠎ᠠ᠂ ᠬᠤᠭᠤᠴᠠᠭ᠎ᠠ ᠨᠢ ᠨᠢᠭᠡ ᠵᠢᠯ ᠠᠴᠠ | ᠬᠡᠳᠦᠷᠡᠵᠦ ᠪᠤᠯᠬᠤ ᠦᠭᠡᠢ᠃ | ᠭᠤᠷᠪᠠᠳᠤᠭᠠᠷ ᠬᠡᠰᠡᠭ ᠪᠦᠲᠦᠭᠡᠨ ᠪᠠᠶᠢᠭᠤᠯᠬᠤ ᠳᠤ ᠬᠡᠷᠡᠭᠯᠡᠬᠦ ᠭᠠᠵᠠᠷ ᠤᠨ ᠲᠥᠯᠥᠪᠵᠢᠭᠦᠯᠭᠡ ᠶᠢᠨ | ᠬᠠᠮᠢᠶᠠᠷᠤᠯᠲᠠ | ᠭᠤᠴᠢᠨ ᠲᠦᠷᠪᠡᠳᠦᠭᠡᠷ ᠵᠦᠢᠯ ᠬᠤᠲᠠ᠂ ᠪᠠᠯᠭᠠᠰᠤᠨ ᠤ ᠲᠥᠯᠥᠪᠵᠢᠭᠦᠯᠭᠡ ᠶᠢᠨ ᠣᠷᠣᠨ ᠤ ᠳᠣᠲᠣᠷᠠᠬᠢ | ᠰᠢᠯᠵᠢᠭᠦᠯᠦᠨ ᠥᠭᠭᠦ ᠬᠡᠯᠪᠡᠷᠢ ᠪᠠᠷ ᠤᠯᠤᠰ ᠤᠨ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢ ᠬᠠᠩᠭᠠᠭᠰᠠᠨ ᠪᠦᠲᠦᠭᠡᠨ | ᠪᠠᠶᠢᠭᠤᠯᠬᠤ ᠲᠥᠷᠥᠯ ᠵᠦᠢᠯ ᠢ ᠬᠠᠮᠢᠶ᠎ᠠ ᠪᠦᠬᠦᠢ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠵᠦ᠂ ᠬᠢᠨᠠᠨ ᠬᠠᠷᠭᠤᠭᠤᠯᠵᠤ᠂ | ᠳᠠᠩᠰᠠᠯᠠᠭᠤᠯᠤᠭᠰᠠᠨ ᠤ ᠳᠠᠷᠠᠭ᠎ᠠ᠂ ᠪᠦᠲᠦᠭᠡᠨ ᠪᠠᠶᠢᠭᠤᠯᠬᠤ ᠨᠢᠭᠡᠴᠡ ᠨᠢ ᠪᠦᠲᠦᠭᠡᠨ ᠪᠠᠶᠢᠭᠤᠯᠬᠤ ᠲᠥᠷᠥᠯ ᠵᠦᠢᠯ ᠤᠨ | ᠪᠠᠶᠢᠭ᠎ᠠ ᠭᠠᠵᠠᠷ ᠤᠨ ᠬᠤᠲᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠬᠤᠲᠠ ᠬᠥᠳᠡᠭᠡ ᠶᠢᠨ | ᠲᠥᠯᠥᠪᠵᠢᠭᠦᠯᠭᠡ ᠶᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤ ᠪᠦᠲᠦᠭᠡᠨ ᠪᠠᠶᠢᠭᠤᠯᠬᠤ ᠳᠤ ᠬᠡᠷᠡᠭᠯᠡᠭᠦ ᠭᠠᠵᠠᠷ ᠤᠨ | ᠲᠥᠯᠥᠪᠵᠢᠭᠦᠯᠭᠡ ᠶᠢᠨ ᠵᠥᠪᠰᠢᠶᠡᠷᠡᠯ ᠣᠯᠬᠤ ᠭᠤᠶᠤᠴᠢᠯᠠᠯ ᠳᠤᠷᠠᠳᠴᠤ᠂ ᠬᠤᠲᠠ ᠬᠤᠰᠢᠭᠤ ᠰᠢᠶᠠᠨ ᠤ ᠠᠷᠠᠳ ᠤᠨ | ᠵᠠᠰᠠᠭ ᠤᠨ ᠣᠷᠳᠣᠨ ᠤ ᠬᠤᠲᠠ ᠶᠢᠨ ᠲᠥᠯᠥᠪᠵᠢᠭᠦᠯᠭᠡ ᠶᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠡᠵᠡᠮᠰᠢᠯ ᠤᠨ | ᠴᠢᠨᠠᠷᠲᠠᠢ ᠨᠠᠷᠢᠨ ᠲᠥᠯᠥᠪᠵᠢᠭᠦᠯᠭᠡ ᠶᠢ ᠦᠨᠳᠦᠰᠦᠯᠡᠨ ᠪᠦᠲᠦᠭᠡᠨ ᠪᠠᠶᠢᠭᠤᠯᠬᠤ ᠳᠤ ᠬᠡᠷᠡᠭᠯᠡᠬᠦ ᠭᠠᠵᠠᠷ ᠤᠨ ᠪᠠᠶᠢᠷᠢᠰᠢᠯ᠂ | ᠲᠠᠯᠠᠪᠠᠢ᠂ ᠪᠦᠲᠦᠭᠡᠨ ᠪᠠᠶᠢᠭᠤᠯᠬᠤ ᠶᠢ ᠵᠥᠪᠰᠢᠶᠡᠷᠡᠬᠦ ᠬᠡᠪᠴᠢᠶ᠎ᠡ ᠵᠡᠷᠭᠡ ᠶᠢ ᠬᠢᠨᠠᠨ ᠲᠣᠭᠲᠠᠭᠠᠵᠤ᠂ ᠪᠦᠲᠦᠭᠡᠨ | ᠪᠠᠶᠢᠭᠤᠯᠬᠤ ᠳᠤ ᠬᠡᠷᠡᠭᠯᠡᠬᠦ ᠭᠠᠵᠠᠷ ᠤᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠢ ᠬᠢᠨᠠᠨ ᠲᠠᠷᠬᠠᠭᠠᠨ᠎ᠠ᠃ | ᠪᠦᠲᠦᠭᠡᠨ ᠪᠠᠶᠢᠭᠤᠯᠬᠤ ᠨᠢᠭᠡᠴᠡ ᠨᠢ ᠪᠦᠲᠦᠭᠡᠨ ᠪᠠᠶᠢᠭᠤᠯᠬᠤ ᠳᠤ ᠬᠡᠷᠡᠭᠯᠡᠬᠦ ᠭᠠᠵᠠᠷ ᠤᠨ ᠲᠥᠯᠥᠪᠵᠢᠭᠦᠯᠭᠡ ᠶᠢᠨ | ᠵᠥᠪᠰᠢᠶᠡᠷᠡᠯ ᠤᠨ ᠦᠨᠡᠮᠯᠡᠯ ᠢ ᠣᠯᠣᠭᠰᠠᠨ ᠤ ᠳᠠᠷᠠᠭ᠎ᠠ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ | ᠵᠠᠰᠠᠭ ᠤᠨ ᠣᠷᠳᠣᠨ ᠤ ᠭᠠᠵᠠᠷ ᠰᠢᠷᠣᠢ ᠶᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤ ᠭᠠᠵᠠᠷ ᠬᠡᠷᠡᠭᠯᠡᠬᠦ ᠪᠠᠷ | ᠭᠤᠶᠤᠴᠢᠯᠠᠵᠤ ᠪᠣᠯᠣᠨ᠎ᠠ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠢᠶᠠᠷ ᠬᠢᠨᠠᠨ | ᠵᠥᠪᠰᠢᠶᠡᠷᠡᠭᠦᠯᠦᠭᠰᠡᠨ ᠤ ᠳᠠᠷᠠᠭ᠎ᠠ ᠭᠠᠵᠠᠷ ᠰᠢᠷᠣᠢ ᠶᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠭᠠᠵᠠᠷ ᠰᠢᠷᠣᠢ | ᠰᠢᠯᠵᠢᠭᠦᠯᠦᠨ ᠥᠭᠭᠦᠨ᠎ᠡ᠃ | ᠭᠤᠴᠢᠨ ᠲᠠᠪᠤᠳᠤᠭᠠᠷ ᠵᠦᠢᠯ ᠬᠤᠲᠠ᠂ ᠪᠠᠯᠭᠠᠰᠤᠨ ᠤ ᠲᠥᠯᠥᠪᠵᠢᠭᠦᠯᠭᠡ ᠶᠢᠨ ᠤᠷᠤᠨ ᠦᠳᠣᠲᠣᠷᠠ ᠨᠠᠶᠢᠷ | ᠲᠠᠯᠪᠢᠬᠤ ᠬᠡᠯᠪᠡᠷᠢ ᠪᠠᠷ ᠤᠯᠤᠰ ᠤᠨ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢ ᠬᠠᠩᠭᠠᠪᠠᠯ᠂ ᠤᠯᠤᠰ ᠤᠨ ᠭᠠᠵᠠᠷ ᠰᠢᠷᠣᠢ ᠶᠢ | ᠬᠡᠷᠡᠭᠯᠡᠬᠦ ᠡᠷᠬᠡ ᠶᠢ ᠨᠠᠶᠢᠷ ᠲᠠᠯᠪᠢᠬᠤ ᠠᠴᠠ ᠡᠮᠦᠨ᠎ᠡ ᠬᠤᠲᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠤ | ᠬᠤᠲᠠ ᠬᠥᠳᠡᠭᠡ ᠶᠢᠨ ᠲᠥᠯᠥᠪᠵᠢᠭᠦᠯᠭᠡ ᠶᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠡᠵᠡᠮᠰᠢᠯ ᠤᠨ ᠴᠢᠨᠠᠷᠲᠠᠢ ᠨᠠᠷᠢᠨ | ᠲᠥᠯᠥᠪᠵᠢᠭᠦᠯᠭᠡ ᠶᠢ ᠦᠨᠳᠦᠰᠦᠯᠡᠨ᠂ ᠨᠠᠶᠢᠷ ᠲᠠᠯᠪᠢᠬᠤ ᠭᠠᠵᠠᠷ ᠤᠨ ᠪᠠᠶᠢᠷᠢᠰᠢᠯ᠂ ᠬᠡᠷᠡᠭᠯᠡᠭᠡᠨ ᠤ ᠰᠢᠨᠵᠢ ᠴᠢᠨᠠᠷ᠂ | ᠨᠡᠭᠡᠭᠡᠯᠲᠡ ᠶᠢᠨ ᠡᠷᠴᠢᠮ ᠵᠡᠷᠭᠡ ᠲᠥᠯᠥᠪᠵᠢᠭᠦᠯᠭᠡ ᠶᠢᠨ ᠨᠥᠬᠦᠴᠡᠯ ᠢ ᠳᠤᠷᠠᠳᠬᠤ ᠶᠢᠨ ᠬᠠᠮᠲᠤ ᠲᠥᠯᠥᠪᠵᠢᠭᠦᠯᠭᠡ ᠶᠢᠨ | ᠨᠥᠬᠦᠴᠡᠯ ᠤᠨ ᠪᠢᠴᠢᠭ ᠢ ᠳᠠᠷᠤᠮᠠᠯᠯᠠᠨ ᠲᠠᠷᠬᠠᠭᠠᠵᠤ᠂ ᠤᠯᠤᠰ ᠤᠨ ᠭᠠᠵᠠᠷ ᠰᠢᠷᠣᠢ ᠶᠢ ᠬᠡᠷᠡᠭᠯᠡᠬᠦ ᠡᠷᠬᠡ ᠶᠢ ᠨᠠᠶᠢᠷ ᠲᠠᠯᠪᠢᠬᠤ | ᠭᠡᠷ᠎ᠡ ᠶᠢᠨ ᠪᠦᠷᠢᠯᠳᠦᠬᠦᠨ ᠬᠡᠰᠡᠭ ᠪᠣᠯᠭᠠᠨ᠎ᠠ᠃ ᠲᠥᠯᠥᠪᠵᠢᠭᠦᠯᠭᠡ ᠶᠢᠨ ᠨᠥᠬᠦᠴᠡᠯ ᠢ ᠲᠣᠭᠲᠠᠭᠠᠭᠰᠠᠨ ᠦᠭᠡᠢ ᠭᠠᠵᠠᠷ ᠪᠤᠯ | ᠤᠯᠤᠰ ᠤᠨ ᠭᠠᠵᠠᠷ ᠰᠢᠷᠣᠢ ᠶᠢ ᠬᠡᠷᠡᠭᠯᠡᠬᠦ ᠡᠷᠬᠡ ᠶᠢ ᠨᠢ ᠨᠠᠶᠢᠷ ᠲᠠᠯᠪᠢᠵᠤ ᠪᠣᠯᠬᠤ ᠦᠭᠡᠢ᠃ ᠨᠠᠶᠢᠷ ᠲᠠᠯᠪᠢᠬᠤ ᠬᠡᠯᠪᠡᠷᠢ ᠪᠠᠷ | ᠤᠯᠤᠰ ᠤᠨ ᠭᠠᠵᠠᠷ ᠰᠢᠷᠣᠢ ᠶᠢ ᠬᠡᠷᠡᠭᠯᠡᠬᠦ ᠡᠷᠬᠡ ᠶᠢ ᠣᠯᠣᠭᠰᠠᠨ ᠪᠦᠲᠦᠭᠡᠨ ᠪᠠᠶᠢᠭᠤᠯᠬᠤ ᠲᠥᠷᠥᠯ ᠵᠦᠢᠯ ᠢ ᠤᠯᠤᠰ ᠤᠨ | ᠭᠠᠵᠠᠷ ᠰᠢᠷᠣᠢ ᠶᠢ ᠬᠡᠷᠡᠭᠯᠡᠬᠦ ᠡᠷᠬᠡ ᠶᠢ ᠨᠠᠶᠢᠷ ᠲᠠᠯᠪᠢᠬᠤ ᠭᠡᠷ᠎ᠡ ᠲᠣᠭᠲᠠᠭᠠᠭᠰᠠᠨ ᠤ ᠳᠠᠷᠠᠭ᠎ᠠ᠂ ᠪᠦᠲᠦᠭᠡᠨ ᠪᠠᠶᠢᠭᠤᠯᠬᠤ | ᠨᠢᠭᠡᠴᠡ ᠨᠢ ᠪᠦᠲᠦᠭᠡᠨ ᠪᠠᠶᠢᠭᠤᠯᠬᠤ ᠲᠥᠷᠥᠯ ᠵᠦᠢᠯ ᠢ ᠵᠥᠪᠰᠢᠶᠡᠷᠡᠭᠰᠡᠨ᠂ ᠬᠢᠨᠠᠨ ᠵᠥᠪᠰᠢᠶᠡᠷᠡᠭᠰᠡᠨ᠂ ᠳᠠᠩᠰᠠᠯᠠᠭᠤᠯᠤᠭᠰᠠᠨ | ᠪᠢᠴᠢᠭ ᠮᠠᠲ᠋ᠧᠷᠢᠶᠠᠯ ᠪᠠ ᠤᠯᠤᠰ ᠤᠨ ᠭᠠᠵᠠᠷ ᠰᠢᠷᠣᠢ ᠶᠢ ᠬᠡᠷᠡᠭᠯᠡᠬᠦ ᠡᠷᠬᠡ ᠶᠢ ᠨᠠᠶᠢᠷ ᠲᠠᠯᠪᠢᠬᠤ ᠭᠡᠷ᠎ᠡ ᠵᠡᠷᠭᠡ | ᠮᠠᠲ᠋ᠧᠷᠢᠶᠠᠯ ᠢᠶᠠᠨ ᠠᠪᠴᠤ ᠬᠤᠲᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠬᠤᠲᠠ ᠬᠥᠳᠡᠭᠡ ᠶᠢᠨ | ᠲᠥᠯᠥᠪᠵᠢᠭᠦᠯᠭᠡ ᠶᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠪᠦᠲᠦᠭᠡᠨ ᠪᠠᠶᠢᠭᠤᠯᠬᠤ ᠳᠤ ᠬᠡᠷᠡᠭᠯᠡᠬᠦ ᠭᠠᠵᠠᠷ ᠤᠨ | ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠭᠤᠶᠤᠴᠢᠯᠠᠬᠤ ᠬᠡᠷᠡᠭᠲᠡᠢ᠃ | ᠬᠤᠲᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠬᠤᠲᠠ ᠬᠥᠳᠡᠭᠡ ᠶᠢᠨ | ᠲᠥᠯᠥᠪᠵᠢᠭᠦᠯᠭᠡ ᠶᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠦᠲᠦᠭᠡᠨ ᠪᠠᠶᠢᠭᠤᠯᠬᠤ ᠳᠤ ᠬᠡᠷᠡᠭᠯᠡᠬᠦ ᠭᠠᠵᠠᠷ ᠤᠨ | ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠳᠠᠬᠢ ᠤᠯᠤᠰ ᠤᠨ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢ ᠨᠠᠶᠢᠷ | ᠲᠠᠯᠪᠢᠬᠤ ᠭᠡᠷ᠎ᠡ ᠶᠢᠨ ᠪᠦᠷᠢᠯᠳᠦᠬᠦᠨ ᠪᠣᠯᠬᠤ ᠲᠥᠯᠥᠪᠵᠢᠭᠦᠯᠭᠡ ᠶᠢᠨ ᠨᠥᠬᠦᠴᠡᠯ ᠢ ᠨᠢ ᠳᠤᠷ᠎ᠠ ᠪᠠᠷ ᠢᠶᠠᠨ ᠬᠤᠪᠢᠷᠠᠭᠤᠯᠵᠤ | ᠪᠣᠯᠬᠤ ᠦᠭᠡᠢ᠃ | ᠭᠤᠴᠢᠨ ᠵᠢᠷᠭᠤᠳᠤᠭᠠᠷ ᠵᠦᠢᠯ ᠲᠥᠯᠥᠪᠵᠢᠭᠦᠯᠭᠡ ᠶᠢᠨ ᠨᠥᠬᠦᠴᠡᠯ ᠳᠤ ᠭᠠᠵᠠᠷ ᠤᠨ ᠪᠠᠶᠢᠷᠢᠰᠢᠯ᠂ ᠵᠠᠭᠠᠭ | ᠱᠤᠭᠤᠮ᠂ ᠲᠠᠯᠠᠪᠠᠢ᠂ ᠬᠡᠷᠡᠭᠯᠡᠭᠡᠨ ᠤ ᠰᠢᠨᠵᠢ ᠴᠢᠨᠠᠷ᠂ ᠪᠠᠭᠲᠠᠭᠠᠮᠵᠢ᠂ ᠪᠠᠷᠢᠯᠭ᠎ᠠ ᠶᠢᠨ ᠨᠢᠭᠲᠠᠴᠠ᠂ ᠪᠠᠷᠢᠯᠭ᠎ᠠ ᠶᠢᠨ ᠥᠨᠳᠥᠷ | ᠂ ᠨᠠᠷᠠ ᠲᠣᠰᠬᠤ ᠱᠠᠭᠠᠷᠳᠠᠯᠭ᠎ᠠ᠂ ᠨᠣᠭᠤᠭᠠᠷᠠᠭᠤᠯᠬᠤ ᠨᠤᠷᠮ᠎ᠠ᠂ ᠲᠡᠷᠭᠡ ᠵᠣᠭᠰᠣᠬᠤ ᠭᠦᠢᠴᠡᠳᠭᠡᠬᠦ ᠲᠤᠭ᠎ᠠ᠂ ᠭᠤᠣᠯ | ᠡᠭᠦᠳᠡ ᠶᠢᠨ ᠪᠠᠶᠢᠷᠢᠰᠢᠯ᠂ ᠵᠠᠮ ᠤᠨ ᠡᠵᠡᠮᠰᠢᠯ ᠴᠡᠭ ᠤᠨ ᠪᠠᠷᠢᠮᠵᠢᠶ᠎ᠠ ᠥᠨᠳᠥᠷᠴᠡ᠂ ᠡᠯ᠎ᠡ ᠲᠥᠷᠥᠯ ᠤᠨ | ᠲᠥᠯᠥᠪᠵᠢᠭᠦᠯᠭᠡ ᠶᠢᠨ ᠡᠵᠡᠮᠰᠢᠯ ᠱᠤᠭᠤᠮ᠂ ᠡᠷᠬᠡᠪᠰᠢ ᠲᠣᠬᠢᠷᠠᠭᠤᠯᠬᠤ ᠶᠣᠰᠣᠲᠠᠢ ᠰᠠᠭᠤᠷᠢ ᠪᠡᠯᠡᠳᠬᠡᠮᠵᠢ᠂ ᠣᠯᠠᠨ | ᠨᠡᠶᠢᠲᠡ ᠶᠢᠨ ᠦᠢᠯᠡᠴᠢᠯᠡᠭᠡᠨ ᠤ ᠲᠦᠬᠦᠭᠡᠷᠦᠮᠵᠢ ᠵᠡᠷᠭᠡ ᠠᠭᠤᠯᠭ᠎ᠠ ᠪᠠᠭᠲᠠᠨ᠎ᠠ᠃ | ᠠᠵᠤ ᠦᠢᠯᠡᠳᠪᠦᠷᠢ᠂ ᠬᠥᠮᠥᠷᠭᠡ᠂ ᠰᠠᠭᠤᠷᠢ ᠪᠡᠯᠡᠳᠬᠡᠮᠵᠢ᠂ ᠣᠯᠠᠨ ᠨᠡᠶᠢᠲᠡ ᠶᠢᠨ ᠦᠢᠯᠡᠴᠢᠯᠡᠭᠡᠨ ᠤ | ᠲᠦᠬᠦᠭᠡᠷᠦᠮᠵᠢ ᠵᠡᠷᠭᠡ ᠶᠢᠨ ᠭᠠᠵᠠᠷ ᠬᠡᠷᠡᠭᠯᠡᠬᠦ ᠨᠥᠬᠦᠴᠡᠯ ᠢ ᠪᠣᠳᠠᠲᠣ ᠪᠠᠶᠢᠳᠠᠯ ᠢ ᠦᠨᠳᠦᠰᠦᠯᠡᠨ ᠲᠣᠭᠲᠠᠭᠠᠵᠤ ᠪᠣᠯᠣᠨ᠎ᠠ᠃ | ᠲᠥᠯᠥᠪᠵᠢᠭᠦᠯᠭᠡ ᠶᠢᠨ ᠨᠥᠬᠦᠴᠡᠯ ᠨᠢ ᠡᠨᠧᠷᠭᠢ ᠠᠷᠪᠢᠯᠠᠬᠤ ᠨᠥᠬᠦᠴᠡᠯ ᠳᠤ ᠨᠡᠶᠢᠴᠡᠬᠦ ᠬᠡᠷᠡᠭᠲᠡᠢ᠃ | ᠭᠤᠴᠢᠨ ᠲᠤᠯᠤᠳᠤᠭᠠᠷ ᠵᠦᠢᠯ ᠬᠤᠲᠠ ᠬᠥᠳᠡᠭᠡ ᠶᠢᠨ ᠲᠥᠯᠥᠪᠵᠢᠭᠦᠯᠭᠡ ᠶᠢ ᠨᠠᠶᠢᠷᠠᠭᠤᠯᠤᠭᠰᠠᠨ ᠨᠢᠭᠡᠴᠡ ᠵᠠᠰᠠᠨ | ᠪᠠᠶᠢᠭᠤᠯᠬᠤ ᠴᠢᠨᠠᠷᠲᠠᠢ ᠨᠠᠷᠢᠨ ᠲᠥᠯᠥᠪᠵᠢᠭᠦᠯᠭᠡ ᠶᠢ ᠨᠠᠶᠢᠷᠠᠭᠤᠯᠬᠤ ᠦᠶᠡᠰ ᠲᠥᠯᠥᠪᠵᠢᠭᠦᠯᠭᠡ ᠶᠢᠨ ᠨᠥᠬᠦᠴᠡᠯ ᠶᠣᠰᠣᠭᠠᠷ | ᠨᠠᠶᠢᠷᠠᠭᠤᠯᠬᠤ ᠬᠡᠷᠡᠭᠲᠡᠢ᠃ | ᠪᠠᠷᠢᠯᠭ᠎ᠠ ᠶᠢ ᠵᠢᠷᠤᠵᠤ ᠲᠥᠯᠥᠪᠯᠡᠬᠦ ᠨᠢᠭᠡᠴᠡ ᠪᠦᠲᠦᠭᠡᠨ ᠪᠠᠶᠢᠭᠤᠯᠬᠤ ᠪᠠᠷᠢᠯᠭ᠎ᠠ ᠶᠢ ᠵᠢᠷᠤᠭᠯᠠᠨ ᠲᠥᠯᠥᠪᠯᠡᠬᠦ | ᠲᠥᠰᠥᠯ ᠪᠠ ᠪᠠᠷᠢᠯᠭ᠎ᠠ ᠶᠢᠨ ᠵᠢᠷᠤᠭ ᠢ ᠨᠠᠶᠢᠷᠠᠭᠤᠯᠬᠤ ᠳᠤ ᠲᠥᠯᠥᠪᠵᠢᠭᠦᠯᠭᠡ ᠶᠢᠨ ᠨᠥᠬᠦᠴᠡᠯ ᠶᠣᠰᠣᠭᠠᠷ ᠨᠠᠶᠢᠷᠠᠭᠤᠯᠬᠤ | ᠬᠡᠷᠡᠭᠲᠡᠢ᠃ | ᠭᠤᠴᠢᠨ ᠨᠠᠢᠮᠠᠳᠤᠭᠠᠷ ᠵᠦᠢᠯ ᠤᠯᠤᠰ ᠤᠨ ᠭᠠᠵᠠᠷ ᠰᠢᠷᠣᠢ ᠶᠢ ᠬᠡᠷᠡᠭᠯᠡᠬᠦ ᠡᠷᠬᠡ ᠶᠢ ᠬᠠᠤᠯᠢ ᠶᠣᠰᠣᠭᠠᠷ | ᠰᠢᠯᠵᠢᠭᠦᠯᠦᠭᠰᠡᠨ ᠤ ᠳᠠᠷᠠᠭ᠎ᠠ᠂ ᠰᠢᠯᠵᠢᠭᠦᠯᠦᠨ ᠠᠪᠤᠭᠰᠠᠨ ᠲᠠᠯ᠎ᠠ ᠨᠢ ᠰᠢᠯᠵᠢᠭᠦᠯᠬᠦ ᠭᠡᠷ᠎ᠡ ᠵᠡᠷᠭᠡ ᠪᠢᠴᠢᠭ ᠮᠠᠲ᠋ᠧᠷᠢᠶᠠᠯ ᠢᠶᠠᠨ | ᠠᠪᠴᠤ᠂ ᠤᠤᠯ ᠤᠨ ᠪᠦᠲᠦᠭᠡᠨ ᠪᠠᠶᠢᠭᠤᠯᠬᠤ ᠳᠤ ᠬᠡᠷᠡᠭᠯᠡᠬᠦ ᠭᠠᠵᠠᠷ ᠤᠨ ᠲᠥᠯᠥᠪᠵᠢᠭᠦᠯᠭᠡ ᠶᠢᠨ ᠵᠥᠪᠰᠢᠶᠡᠷᠡᠯ ᠤᠨ | ᠦᠨᠡᠮᠯᠡᠯ ᠢ ᠬᠢᠨᠠᠨ ᠲᠠᠷᠬᠠᠭᠠᠭᠰᠠᠨ ᠬᠤᠲᠠ ᠬᠥᠳᠡᠭᠡ ᠶᠢᠨ ᠲᠥᠯᠥᠪᠵᠢᠭᠦᠯᠭᠡ ᠶᠢ ᠭᠤᠣᠯᠯᠠᠨ ᠬᠠᠮᠢᠶᠠᠷᠬᠤ ᠰᠠᠯᠠᠭ᠎ᠠ | ᠮᠥᠴᠢᠷ ᠲᠤ ᠬᠦᠷᠴᠦ ᠬᠤᠪᠢᠷᠠᠭᠤᠯᠬᠤ ᠭᠠᠷᠳᠠᠮ ᠭᠦᠢᠴᠡᠳᠬᠡᠬᠦ ᠪᠠᠷ ᠭᠤᠶᠤᠴᠢᠯᠠᠬᠤ ᠬᠡᠷᠡᠭᠲᠡᠢ᠃ | ᠤᠯᠤᠰ ᠤᠨ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢ ᠰᠢᠯᠵᠢᠭᠦᠯᠬᠦ ᠳᠤ ᠤᠤᠯ ᠤᠨ ᠨᠠᠶᠢᠷ ᠲᠠᠯᠪᠢᠬᠤ ᠭᠡᠷ᠎ᠡ ᠳᠠᠬᠢ | ᠲᠥᠯᠥᠪᠵᠢᠭᠦᠯᠭᠡ ᠶᠢᠨ ᠨᠥᠬᠦᠴᠡᠯ ᠢ ᠳᠤᠷ᠎ᠠ ᠪᠠᠷ ᠢᠶᠠᠨ ᠬᠤᠪᠢᠷᠠᠭᠤᠯᠵᠤ ᠪᠣᠯᠬᠤ ᠦᠭᠡᠢ᠃ | ᠭᠤᠴᠢ ᠶᠢᠰᠦᠳᠦᠭᠡᠷ ᠵᠦᠢᠯ ᠲᠥᠯᠥᠪᠵᠢᠭᠦᠯᠭᠡ ᠶᠢᠨ ᠨᠥᠬᠦᠴᠡᠯ ᠤᠨ ᠪᠢᠴᠢᠭ᠂ ᠪᠦᠲᠦᠭᠡᠨ ᠪᠠᠶᠢᠭᠤᠯᠬᠤ ᠳᠤ | ᠬᠡᠷᠡᠭᠯᠡᠬᠦ ᠭᠠᠵᠠᠷ ᠤᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠨᠢ ᠨᠢᠭᠡ ᠵᠢᠯ | ᠃ ᠦᠨᠡᠨ ᠬᠦ ᠬᠤᠭᠤᠴᠠᠭ᠎ᠠ ᠶᠢ ᠨᠢ ᠤᠷᠲᠤᠳᠬᠠᠬᠤ ᠴᠢᠬᠤᠯᠠ ᠲᠠᠢ ᠪᠣᠯ ᠪᠦᠲᠦᠭᠡᠨ ᠪᠠᠶᠢᠭᠤᠯᠬᠤ ᠨᠢᠭᠡᠴᠡ ᠨᠢ ᠬᠤᠭᠤᠴᠠᠭ᠎ᠠ | ᠲᠤᠯᠬᠤ ᠠᠴᠠ ᠡᠮᠦᠨ᠎ᠡ ᠭᠤᠴᠢᠨ ᠡᠳᠦᠷ ᠤᠨ ᠳᠣᠲᠣᠷ᠎ᠠ ᠬᠤᠲᠠ ᠬᠥᠳᠡᠭᠡ ᠶᠢᠨ ᠲᠥᠯᠥᠪᠵᠢᠭᠦᠯᠭᠡ ᠶᠢ ᠭᠤᠣᠯᠯᠠᠨ | ᠬᠠᠮᠢᠶᠠᠷᠬᠤ ᠰᠠᠯᠠᠭ᠎ᠠ ᠮᠥᠴᠢᠷ ᠲᠤ ᠭᠤᠶᠤᠴᠢᠯᠠᠯ ᠳᠤᠷᠠᠳᠴᠤ᠂ ᠵᠥᠪᠰᠢᠶᠡᠷᠡᠭᠦᠯᠦᠭᠰᠡᠨ ᠤ ᠳᠠᠷᠠᠭ᠎ᠠ ᠨᠢᠭᠡ ᠤᠳᠠᠭ᠎ᠠ | ᠤᠷᠲᠤᠳᠬᠠᠵᠤ ᠪᠣᠯᠣᠨ᠎ᠠ᠂ ᠬᠤᠭᠤᠴᠠᠭ᠎ᠠ ᠨᠢ ᠨᠢᠭᠡ ᠵᠢᠯ ᠠᠴᠠ ᠬᠡᠲᠦᠷᠡᠵᠦ ᠪᠣᠯᠬᠤ ᠦᠭᠡᠢ᠃ | ᠲᠦᠷᠪᠡᠳᠦᠭᠡᠷ ᠬᠡᠰᠡᠭ ᠪᠦᠲᠦᠭᠡᠨ ᠪᠠᠶᠢᠭᠤᠯᠬᠤ ᠪᠠᠷᠢᠯᠭ᠎ᠠ ᠶᠢᠨ ᠲᠥᠯᠥᠪᠵᠢᠭᠦᠯᠭᠡ ᠶᠢᠨ ᠬᠠᠮᠢᠶᠠᠷᠤᠯᠲᠠ | ᠲᠦᠴᠢᠳᠦᠭᠡᠷ ᠵᠦᠢᠯ ᠬᠤᠲᠠ᠂ ᠪᠠᠯᠭᠠᠰᠤᠨ ᠤ ᠲᠥᠯᠥᠪᠵᠢᠭᠦᠯᠭᠡ ᠶᠢᠨ ᠤᠷᠤᠨ ᠤ ᠳᠣᠲᠣᠷ᠎ᠠ ᠪᠠᠷᠢᠯᠭ᠎ᠠ᠂ ᠵᠠᠮ ᠂ | ᠬᠤᠭᠤᠯᠠᠢ ᠲᠤᠤᠷ ᠪᠠ ᠪᠤᠰᠤᠳ ᠪᠠᠷᠢᠯᠭ᠎ᠠ ᠶᠢ ᠪᠦᠲᠦᠭᠡᠨ ᠪᠠᠶᠢᠭᠤᠯᠬᠤ ᠳᠤ ᠪᠦᠲᠦᠭᠡᠨ ᠪᠠᠶᠢᠭᠤᠯᠬᠤ ᠨᠢᠭᠡᠴᠡ ᠪᠤᠶᠤ ᠬᠤᠪᠢ | ᠬᠥᠮᠥᠨ ᠬᠤᠲᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠬᠤᠲᠠ ᠬᠥᠳᠡᠭᠡ ᠶᠢᠨ ᠲᠥᠯᠥᠪᠵᠢᠭᠦᠯᠭᠡ ᠶᠢ | ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠥᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠤ | ᠲᠣᠭᠲᠠᠭᠠᠭᠰᠠᠨ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠳᠤ ᠪᠦᠲᠦᠭᠡᠨ ᠪᠠᠶᠢᠭᠤᠯᠬᠤ ᠪᠠᠷᠢᠯᠭ᠎ᠠ ᠶᠢᠨ | ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠭᠦᠢᠴᠡᠳᠬᠡᠬᠦ ᠪᠠᠷ ᠭᠤᠶᠤᠴᠢᠯᠠᠬᠤ ᠬᠡᠷᠡᠭᠲᠡᠢ᠃ | ᠪᠦᠲᠦᠭᠡᠨ ᠪᠠᠶᠢᠭᠤᠯᠬᠤ ᠪᠠᠷᠢᠯᠭ᠎ᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠭᠦᠢᠴᠡᠳᠬᠡᠬᠦ ᠪᠠᠷ | ᠭᠤᠶᠤᠴᠢᠯᠠᠬᠤ ᠳᠤ ᠪᠦᠲᠦᠭᠡᠨ ᠪᠠᠶᠢᠭᠤᠯᠬᠤ ᠲᠥᠷᠥᠯ ᠵᠦᠢᠯ ᠤᠨ ᠭᠠᠵᠠᠷ ᠰᠣᠩᠭᠤᠭᠰᠠᠨ ᠰᠠᠨᠠᠯ ᠤᠨ ᠪᠢᠴᠢᠭ ᠪᠤᠶᠤ | ᠲᠥᠯᠥᠪᠵᠢᠭᠦᠯᠭᠡ ᠶᠢᠨ ᠨᠥᠬᠦᠴᠡᠯ ᠤᠨ ᠪᠢᠴᠢᠭ᠂ ᠭᠠᠵᠠᠷ ᠬᠡᠷᠡᠭᠯᠡᠬᠦ ᠬᠠᠮᠢᠶ᠎ᠠ ᠪᠦᠬᠦᠢ ᠭᠡᠷᠡᠴᠢ ᠪᠢᠴᠢᠭ᠂ ᠪᠦᠲᠦᠭᠡᠨ | ᠪᠠᠶᠢᠭᠤᠯᠬᠤ ᠲᠥᠷᠥᠯ ᠵᠦᠢᠯ ᠢ ᠬᠢᠨᠠᠨ ᠵᠥᠪᠰᠢᠶᠡᠷᠡᠭᠰᠡᠨ ᠪᠢᠴᠢᠭ ᠮᠠᠲ᠋ᠧᠷᠢᠶᠠᠯ᠂ ᠪᠦᠲᠦᠭᠡᠨ ᠪᠠᠶᠢᠭᠤᠯᠬᠤ ᠪᠠᠷᠢᠯᠭ᠎ᠠ ᠶᠢᠨ | ᠵᠢᠷᠤᠭ ᠲᠥᠯᠥᠪᠯᠡᠭᠡ ᠶᠢᠨ ᠲᠥᠰᠥᠯ᠂ ᠪᠦᠲᠦᠭᠡᠨ ᠪᠠᠶᠢᠭᠤᠯᠬᠤ ᠪᠠᠷᠢᠯᠭ᠎ᠠ ᠶᠢᠨ ᠳᠠᠩᠰᠠ ᠡᠪᠬᠡᠮᠡᠯ ᠢ ᠬᠦᠷᠭᠡᠨ ᠮᠡᠳᠡᠭᠦᠯᠬᠦ | ᠬᠠᠷᠢᠭᠤᠴᠠᠯᠭ᠎ᠠ ᠶᠢᠨ ᠪᠢᠴᠢᠭ ᠵᠡᠷᠭᠡ ᠮᠠᠲ᠋ᠧᠷᠢᠶᠠᠯ ᠢ ᠲᠤᠰᠢᠶᠠᠭᠤ ᠬᠡᠷᠡᠭᠲᠡᠢ᠃ ᠪᠦᠲᠦᠭᠡᠨ ᠪᠠᠶᠢᠭᠤᠯᠬᠤ ᠨᠢᠭᠡᠴᠡ ᠵᠠᠰᠠᠨ | ᠪᠠᠶᠢᠭᠤᠯᠬᠤ ᠴᠢᠨᠠᠷᠲᠠᠢ ᠨᠠᠷᠢᠨ ᠲᠥᠯᠥᠪᠵᠢᠭᠦᠯᠭᠡ ᠶᠢ ᠨᠠᠶᠢᠷᠠᠭᠤᠯᠬᠤ ᠴᠢᠬᠤᠯᠠ ᠲᠠᠢ ᠪᠦᠲᠦᠭᠡᠨ ᠪᠠᠶᠢᠭᠤᠯᠬᠤ ᠲᠥᠷᠥᠯ ᠵᠦᠢᠯ | ᠪᠣᠯ ᠵᠠᠰᠠᠨ ᠪᠠᠶᠢᠭᠤᠯᠬᠤ ᠴᠢᠨᠠᠷᠲᠠᠢ ᠨᠠᠷᠢᠨ ᠲᠥᠯᠥᠪᠵᠢᠭᠦᠯᠭᠡ ᠪᠠᠨ ᠪᠠᠰᠠ ᠲᠤᠰᠢᠶᠠᠬᠤ ᠬᠡᠷᠡᠭᠲᠡᠢ᠃ ᠡᠵᠡᠮᠰᠢᠯ ᠤᠨ | ᠴᠢᠨᠠᠷᠲᠠᠢ ᠨᠠᠷᠢᠨ ᠲᠥᠯᠥᠪᠵᠢᠭᠦᠯᠭᠡ ᠪᠠ ᠲᠥᠯᠥᠪᠵᠢᠭᠦᠯᠭᠡ ᠶᠢᠨ ᠨᠥᠬᠦᠴᠡᠯ ᠳᠤ ᠨᠡᠶᠢᠴᠡᠪᠡᠯ᠂ ᠬᠤᠲᠠ᠂ ᠬᠤᠰᠢᠭᠤ | ᠰᠢᠶᠠᠨ ᠤ ᠠᠷᠠᠳ ᠤᠨ ᠵᠠᠰᠠᠭ ᠤᠨ ᠣᠷᠳᠣᠨ ᠤ ᠬᠤᠲᠠ ᠬᠥᠳᠡᠭᠡ ᠶᠢᠨ ᠲᠥᠯᠥᠪᠵᠢᠭᠦᠯᠭᠡ ᠶᠢ ᠭᠤᠣᠯᠯᠠᠨ ᠬᠠᠮᠢᠶᠠᠷᠬᠤ | ᠰᠠᠯᠠᠭ᠎ᠠ ᠮᠥᠴᠢᠷ ᠪᠤᠶᠤ ᠥᠪᠡᠷᠳᠡᠭᠡᠨ ᠵᠠᠰᠠᠭᠤ ᠤᠷᠤᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ | ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠠᠴᠠ ᠪᠦᠲᠦᠭᠡᠨ ᠪᠠᠶᠢᠭᠤᠯᠬᠤ ᠪᠠᠷᠢᠯᠭ᠎ᠠ ᠶᠢᠨ ᠲᠥᠯᠥᠪᠵᠢᠭᠦᠯᠭᠡ ᠶᠢᠨ | ᠵᠥᠪᠰᠢᠶᠡᠷᠡᠯ ᠤᠨ ᠦᠨᠡᠮᠯᠡᠯ ᠬᠢᠨᠠᠨ ᠲᠠᠷᠬᠠᠭᠠᠬᠤ ᠬᠡᠷᠡᠭᠲᠡᠢ᠃ | ᠬᠤᠲᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠬᠤᠲᠠ ᠬᠥᠳᠡᠭᠡ ᠶᠢᠨ ᠲᠥᠯᠥᠪᠵᠢᠭᠦᠯᠭᠡ ᠶᠢ | ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠥᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠠᠴᠠ | ᠲᠣᠭᠲᠠᠭᠠᠭᠰᠠᠨ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠬᠢᠨᠠᠨ ᠲᠣᠭᠲᠠᠭᠠᠭᠰᠠᠨ ᠵᠠᠰᠠᠨ ᠪᠠᠶᠢᠭᠤᠯᠬᠤ ᠴᠢᠨᠠᠷᠲᠠᠢ | ᠨᠠᠷᠢᠨ ᠲᠥᠯᠥᠪᠵᠢᠭᠦᠯᠭᠡ᠂ ᠪᠦᠲᠦᠭᠡᠨ ᠪᠠᠶᠢᠭᠤᠯᠬᠤ ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠲᠥᠰᠥᠯ ᠤᠨ ᠶᠡᠷᠦᠩᠬᠡᠢ | ᠬᠠᠪᠲᠠᠭᠠᠢ ᠵᠢᠷᠤᠭ ᠢ ᠦᠵᠡᠭᠦᠯᠦᠯᠭᠡ ᠶᠢᠨ ᠣᠷᠳᠣᠨ᠂ ᠠᠯᠪᠠᠨ ᠵᠠᠷ ᠨᠡᠶᠢᠲᠡᠯᠡᠬᠦ ᠬᠡᠷᠡᠰᠭᠡ ᠪᠤᠶᠤ ᠰᠦᠯᠵᠢᠶ᠎ᠡ᠂ ᠰᠣᠨᠢᠨ | ᠰᠡᠳᠬᠦᠯ ᠵᠡᠷᠭᠡ ᠳᠡᠭᠡᠷ᠎ᠡ ᠬᠠᠤᠯᠢ ᠶᠣᠰᠣᠭᠠᠷ ᠨᠡᠶᠢᠲᠡᠯᠡᠬᠦ ᠬᠡᠷᠡᠭᠲᠡᠢ᠃ | ᠲᠦᠴᠢᠨ ᠨᠢᠭᠡᠳᠦᠭᠡᠷ ᠵᠦᠢᠯ ᠰᠤᠮᠤ ᠰᠢᠶᠠᠩ᠂ ᠭᠠᠴᠠᠭ᠎ᠠ ᠲᠣᠰᠬᠤᠨ ᠤ ᠲᠥᠯᠥᠪᠵᠢᠭᠦᠯᠭᠡ ᠶᠢᠨ ᠤᠷᠤᠨ ᠤ | ᠳᠣᠲᠣᠷ᠎ᠠ ᠰᠣᠮᠣ ᠰᠢᠶᠠᠩ ᠪᠠᠯᠭᠠᠰᠤᠨ ᠤ ᠠᠵᠤ ᠠᠬᠤᠶᠢᠯᠠᠯ᠂ ᠰᠣᠮᠣ ᠰᠢᠶᠠᠩ ᠭᠠᠴᠠᠭ᠎ᠠ ᠲᠣᠰᠬᠤᠨ ᠤ ᠣᠯᠠᠨ ᠨᠡᠶᠢᠲᠡ ᠶᠢᠨ | ᠲᠦᠬᠦᠭᠡᠷᠦᠮᠵᠢ ᠪᠠ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠪᠦᠲᠦᠭᠡᠨ ᠪᠠᠶᠢᠭᠤᠯᠤᠯᠲᠠ ᠬᠢᠬᠦ ᠳᠤ᠂ ᠪᠦᠲᠦᠭᠡᠨ | ᠪᠠᠶᠢᠭᠤᠯᠬᠤ ᠨᠢᠭᠡᠴᠡ ᠪᠤᠶᠤ ᠬᠤᠪᠢ ᠬᠥᠮᠥᠨ ᠰᠤᠮᠤ ᠰᠢᠶᠠᠩ᠂ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠳᠤ | ᠭᠤᠶᠤᠴᠢᠯᠠᠯ ᠲᠤᠷᠠᠳᠴᠦ᠂ ᠰᠤᠮᠤ ᠰᠢᠶᠠᠩ᠂ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠠᠴᠠ ᠬᠤᠲᠠ᠂ ᠬᠤᠰᠢᠭᠤ | ᠰᠢᠶᠠᠨ ᠤ ᠠᠷᠠᠳ ᠤᠨ ᠵᠠᠰᠠᠭ ᠤᠨ ᠣᠷᠳᠣᠨ ᠤ ᠬᠤᠲᠠ ᠬᠥᠳᠡᠭᠡ ᠶᠢᠨ ᠲᠥᠯᠥᠪᠵᠢᠭᠦᠯᠭᠡ ᠶᠢ ᠭᠤᠣᠯᠯᠠᠨ ᠬᠠᠮᠢᠶᠠᠷᠬᠤ | ᠰᠠᠯᠠᠭ᠎ᠠ ᠮᠥᠴᠢᠷ ᠲᠤ ᠮᠡᠳᠡᠭᠦᠯᠦᠨ ᠰᠣᠮᠣ ᠰᠢᠶᠠᠩ ᠭᠠᠴᠠᠭ᠎ᠠ ᠲᠣᠰᠬᠤᠨ ᠤ ᠪᠦᠲᠦᠭᠡᠨ ᠪᠠᠶᠢᠭᠤᠯᠤᠯᠲᠠ ᠶᠢᠨ | ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠬᠢᠨᠠᠨ ᠲᠠᠷᠬᠠᠭᠠᠯᠭᠠᠬᠤ ᠬᠡᠷᠡᠭᠲᠡᠢ᠃ | ᠰᠤᠮᠤ ᠰᠢᠶᠠᠩ᠂ ᠭᠠᠴᠠᠭ᠎ᠠ ᠲᠣᠰᠬᠤᠨ ᠤ ᠲᠥᠯᠥᠪᠵᠢᠭᠦᠯᠭᠡ ᠶᠢᠨ ᠤᠷᠤᠨ ᠳᠣᠲᠣᠷ᠎ᠠ ᠤᠤᠯ ᠤᠨ ᠪᠠᠶᠢᠭᠰᠠᠨ | ᠣᠷᠣᠨ ᠰᠠᠭᠤᠴᠠ ᠶᠢᠨ ᠰᠠᠭᠤᠷᠢ ᠭᠠᠵᠠᠷ ᠢ ᠬᠡᠷᠡᠭᠯᠡᠵᠦ ᠮᠠᠯᠴᠢᠨ ᠲᠠᠷᠢᠶᠠᠴᠢᠨ ᠤ ᠭᠡᠷ ᠪᠠᠶᠢᠰᠢᠩ ᠢ ᠪᠦᠲᠦᠭᠡᠨ ᠪᠠᠶᠢᠭᠤᠯᠬᠤ | ᠲᠥᠯᠥᠪᠵᠢᠭᠦᠯᠭᠡ ᠶᠢᠨ ᠬᠠᠮᠢᠶᠠᠷᠤᠯᠲᠠ ᠶᠢᠨ ᠠᠷᠭ᠎ᠠ ᠶᠢ ᠥᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ | ᠣᠷᠳᠣᠨ ᠠᠴᠠ ᠲᠣᠭᠲᠠᠭᠠᠨ᠎ᠠ᠃ | ᠲᠦᠴᠢᠨ ᠬᠤᠶᠠᠳᠤᠭᠠᠷ ᠵᠦᠢᠯ ᠬᠤᠭᠤᠴᠠᠭ᠎ᠠ ᠬᠤᠪᠢᠶᠠᠨ ᠪᠦᠲᠦᠭᠡᠨ ᠪᠠᠶᠢᠭᠤᠯᠬᠤ ᠴᠢᠬᠤᠯᠠ ᠲᠠᠢ ᠲᠥᠷᠥᠯ | ᠵᠦᠢᠯ ᠢ ᠪᠣᠯ ᠪᠦᠲᠦᠭᠡᠨ ᠪᠠᠶᠢᠭᠤᠯᠬᠤ ᠨᠢᠭᠡᠴᠡ ᠪᠤᠶᠤ ᠬᠤᠪᠢ ᠬᠥᠮᠥᠨ ᠪᠦᠲᠦᠭᠡᠨ ᠪᠠᠶᠢᠭᠤᠯᠬᠤ ᠲᠥᠷᠥᠯ ᠵᠦᠢᠯ ᠤᠨ | ᠪᠦᠬᠦᠯᠢ ᠴᠣᠭᠴᠠ ᠶᠢᠨ ᠵᠠᠰᠠᠨ ᠪᠠᠶᠢᠭᠤᠯᠬᠤ ᠴᠢᠨᠠᠷᠲᠠᠢ ᠨᠠᠷᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠵᠤ᠂ | ᠬᠤᠭᠤᠴᠠᠭ᠎ᠠ ᠬᠤᠪᠢᠶᠠᠨ ᠪᠦᠲᠦᠭᠡᠨ ᠪᠠᠶᠢᠭᠤᠯᠬᠤ ᠲᠥᠯᠥᠪᠯᠡᠭᠡ ᠳᠤᠷᠠᠳᠴᠤ᠂ ᠬᠤᠲᠠ᠂ ᠬᠤᠰᠢᠭᠤ ᠰᠢᠶᠠᠨ ᠤ | ᠠᠷᠠᠳ ᠤᠨ ᠵᠠᠰᠠᠭ ᠤᠨ ᠣᠷᠳᠣᠨ ᠤ ᠬᠤᠲᠠ ᠬᠥᠳᠡᠭᠡ ᠶᠢᠨ ᠲᠥᠯᠥᠪᠵᠢᠭᠦᠯᠭᠡ ᠶᠢ ᠭᠤᠣᠯᠯᠠᠨ ᠬᠠᠮᠢᠶᠠᠷᠬᠤ ᠰᠠᠯᠠᠭ᠎ᠠ | ᠮᠥᠴᠢᠷ ᠠᠴᠠ ᠬᠢᠨᠠᠨ ᠲᠣᠭᠲᠠᠭᠠᠭᠰᠠᠨ ᠤ ᠳᠠᠷᠠᠭ᠎ᠠ᠂ ᠪᠦᠲᠦᠭᠡᠨ ᠪᠠᠶᠢᠭᠤᠯᠬᠤ ᠪᠠᠷᠢᠯᠭ᠎ᠠ ᠶᠢᠨ ᠲᠥᠯᠥᠪᠵᠢᠭᠦᠯᠭᠡ ᠶᠢᠨ | ᠵᠥᠪᠰᠢᠶᠡᠷᠡᠯ ᠤᠨ ᠦᠨᠡᠮᠯᠡᠯ ᠪᠤᠶᠤ ᠰᠣᠮᠣ ᠰᠢᠶᠠᠩ ᠭᠠᠴᠠᠭ᠎ᠠ ᠲᠣᠰᠬᠤᠨ ᠤ ᠪᠦᠲᠦᠭᠡᠨ ᠪᠠᠶᠢᠭᠤᠯᠤᠯᠲᠠ ᠶᠢᠨ | ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠢ ᠬᠤᠭᠤᠴᠠᠭ᠎ᠠ ᠬᠤᠪᠢᠶᠠᠨ ᠭᠦᠢᠴᠡᠳᠬᠡᠬᠦ ᠪᠠᠷ ᠭᠤᠶᠤᠴᠢᠯᠠᠵᠤ | ᠪᠣᠯᠣᠨ᠎ᠠ᠃ | ᠲᠦᠴᠢᠨ ᠭᠤᠷᠪᠠᠳᠤᠭᠠᠷ ᠵᠦᠢᠯ ᠪᠦᠲᠦᠭᠡᠨ ᠪᠠᠶᠢᠭᠤᠯᠬᠤ ᠪᠠᠷᠢᠯᠭ᠎ᠠ ᠶᠢᠨ ᠲᠥᠯᠥᠪᠵᠢᠭᠦᠯᠭᠡ ᠶᠢᠨ | ᠵᠥᠪᠰᠢᠶᠡᠷᠡᠯ ᠤᠨ ᠦᠨᠡᠮᠯᠡᠯ᠂ ᠰᠣᠮᠣ ᠰᠢᠶᠠᠩ ᠭᠠᠴᠠᠭ᠎ᠠ ᠲᠣᠰᠬᠤᠨ ᠤ ᠪᠦᠲᠦᠭᠡᠨ ᠪᠠᠶᠢᠭᠤᠯᠤᠯᠲᠠ ᠶᠢᠨ | ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠨᠢ ᠬᠤᠶᠠᠷ ᠵᠢᠯ᠃ ᠦᠨᠡᠨ ᠬᠦ | ᠤᠷᠲᠤᠳᠬᠠᠬᠤ ᠴᠢᠬᠤᠯᠠ ᠲᠠᠢ ᠪᠣᠯ ᠪᠦᠲᠦᠭᠡᠨ ᠪᠠᠶᠢᠭᠤᠯᠬᠤ ᠨᠢᠭᠡᠴᠡ ᠪᠤᠶᠤ ᠬᠤᠪᠢ ᠬᠥᠮᠥᠨ ᠬᠤᠭᠤᠴᠠᠭ᠎ᠠ ᠨᠢ | ᠲᠤᠯᠬᠤ ᠠᠴᠠ ᠡᠮᠦᠨ᠎ᠡ ᠭᠤᠴᠢᠨ ᠡᠳᠦᠷ ᠤᠨ ᠳᠣᠲᠣᠷ᠎ᠠ ᠬᠤᠲᠠ ᠬᠥᠳᠡᠭᠡ ᠶᠢᠨ ᠲᠥᠯᠥᠪᠵᠢᠭᠦᠯᠭᠡ ᠶᠢ ᠭᠤᠣᠯᠯᠠᠨ | ᠬᠠᠮᠢᠶᠠᠷᠬᠤ ᠰᠠᠯᠠᠭ᠎ᠠ ᠮᠥᠴᠢᠷ ᠲᠤ ᠭᠤᠶᠤᠴᠢᠯᠠᠯ ᠲᠤᠷᠠᠳᠴᠦ᠂ ᠵᠥᠪᠰᠢᠶᠡᠷᠡᠭᠦᠯᠦᠭᠰᠡᠨ ᠤ ᠳᠠᠷᠠᠭ᠎ᠠ ᠨᠢᠭᠡ ᠤᠳᠠᠭ᠎ᠠ | ᠤᠷᠲᠤᠳᠬᠠᠵᠤ ᠪᠣᠯᠣᠨ᠎ᠠ᠂ ᠬᠤᠭᠤᠴᠠᠭ᠎ᠠ ᠨᠢ ᠨᠢᠭᠡ ᠵᠢᠯ ᠠᠴᠠ ᠬᠡᠲᠦᠷᠡᠵᠦ ᠪᠣᠯᠬᠤ ᠦᠭᠡᠢ᠃ | ᠲᠦᠴᠢᠨ ᠲᠦᠷᠪᠡᠳᠦᠭᠡᠷ ᠵᠦᠢᠯ ᠪᠦᠲᠦᠭᠡᠨ ᠪᠠᠶᠢᠭᠤᠯᠬᠤ ᠪᠠᠷᠢᠯᠭ᠎ᠠ ᠶᠢ ᠠᠵᠢᠯ ᠡᠬᠢᠯᠡᠭᠦᠯᠬᠦ ᠠᠴᠠ ᠡᠮᠦᠨ᠎ᠡ ᠵᠢᠴᠢ | ᠰᠠᠭᠤᠷᠢ ᠪᠠᠷᠢᠯᠭ᠎ᠠ ᠪᠤᠶᠤ ᠳᠠᠯᠳᠠ ᠪᠠᠷᠢᠯᠭ᠎ᠠ ᠶᠢ ᠠᠵᠢᠯ ᠡᠬᠢᠯᠡᠭᠦᠯᠬᠦ ᠠᠴᠠ ᠡᠮᠦᠨ᠎ᠡ᠂ ᠪᠦᠲᠦᠭᠡᠨ ᠪᠠᠶᠢᠭᠤᠯᠬᠤ ᠨᠢᠭᠡᠴᠡ | ᠪᠤᠶᠤ ᠬᠤᠪᠢ ᠬᠥᠮᠥᠨ ᠬᠤᠲᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠬᠤᠲᠠ ᠬᠥᠳᠡᠭᠡ ᠶᠢᠨ | ᠲᠥᠯᠥᠪᠵᠢᠭᠦᠯᠭᠡ ᠶᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤ ᠰᠢᠯᠭᠠᠭᠤᠯᠬᠤ ᠪᠠᠷ ᠭᠤᠶᠤᠴᠢᠯᠠᠯ ᠲᠤᠷᠠᠳᠴᠦ᠂ | ᠬᠤᠲᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠬᠤᠲᠠ ᠬᠥᠳᠡᠭᠡ ᠶᠢᠨ ᠲᠥᠯᠥᠪᠵᠢᠭᠦᠯᠭᠡ ᠶᠢ | ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠠᠪᠤᠨ ᠠᠵᠢᠯ ᠤᠨ ᠡᠳᠦᠷ ᠤᠨ ᠳᠣᠲᠣᠷ᠎ᠠ ᠤᠲᠠᠰᠤ ᠶᠢ ᠰᠢᠯᠭᠠᠬᠤ ᠬᠡᠷᠡᠭᠲᠡᠢ᠃ | ᠤᠲᠠᠰᠤ ᠶᠢ ᠰᠢᠯᠭᠠᠭᠠᠳ ᠬᠢᠷᠢ ᠲᠡᠩᠴᠡᠭᠰᠡᠨ ᠤ ᠳᠠᠷᠠᠭ᠎ᠠ ᠪᠠᠷᠢᠯᠭ᠎ᠠ ᠶᠢᠨ ᠠᠵᠢᠯ ᠢ ᠡᠬᠢᠯᠡᠭᠦᠯᠵᠦ ᠪᠣᠯᠣᠨ᠎ᠠ᠃ | ᠪᠦᠲᠦᠭᠡᠨ ᠪᠠᠶᠢᠭᠤᠯᠬᠤ ᠪᠠᠷᠢᠯᠭ᠎ᠠ ᠶᠢᠨ ᠤᠲᠠᠰᠤ ᠶᠢ ᠰᠢᠯᠭᠠᠬᠤ ᠠᠴᠠ ᠡᠮᠦᠨ᠎ᠡ᠂ ᠪᠦᠲᠦᠭᠡᠨ ᠪᠠᠶᠢᠭᠤᠯᠬᠤ ᠨᠢᠭᠡᠴᠡ | ᠪᠤᠶᠤ ᠬᠤᠪᠢ ᠬᠥᠮᠥᠨ ᠪᠠᠷᠢᠯᠭ᠎ᠠ ᠶᠢᠨ ᠭᠠᠵᠠᠷ ᠤᠨ ᠢᠯᠠ ᠭᠠᠵᠠᠷ ᠢᠯᠡᠷᠬᠡᠶᠢᠯᠡᠯ ᠫᠠᠶᠢᠰᠠ ᠲᠣᠬᠢᠷᠠᠭᠤᠯᠵᠤ᠂ ᠪᠦᠲᠦᠭᠡᠨ | ᠪᠠᠶᠢᠭᠤᠯᠬᠤ ᠲᠥᠷᠥᠯ ᠵᠦᠢᠯ ᠤᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠠᠭᠤᠯᠭ᠎ᠠ ᠪᠠᠨ ᠨᠡᠶᠢᠲᠡᠯᠡᠬᠦ ᠬᠡᠷᠡᠭᠲᠡᠢ᠃ | ᠪᠠᠷᠢᠯᠭ᠎ᠠ ᠶᠢᠨ ᠬᠤᠭᠤᠴᠠᠭᠠᠨ ᠳᠤ᠂ ᠢᠯᠡᠷᠬᠡᠶᠢᠯᠡᠯ ᠤᠨ ᠫᠠᠶᠢᠰᠠ ᠳᠠᠬᠢ ᠠᠭᠤᠯᠭ᠎ᠠ ᠶᠢᠨ ᠪᠦᠷᠢᠨ ᠪᠦᠲᠦᠨ ᠪᠠᠶᠢᠬᠤ ᠶᠢ | ᠪᠠᠲᠤᠯᠠᠬᠤ ᠬᠡᠷᠡᠭᠲᠡᠢ᠃ | ᠲᠦᠴᠢᠨ ᠲᠠᠪᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠬᠤᠲᠠ ᠬᠥᠳᠡᠭᠡ ᠶᠢᠨ ᠲᠥᠯᠥᠪᠵᠢᠭᠦᠯᠭᠡ ᠶᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠲᠣᠭᠲᠠᠭᠠᠯ ᠶᠣᠰᠣᠭᠠᠷ ᠪᠦᠲᠦᠭᠡᠨ ᠪᠠᠶᠢᠭᠤᠯᠬᠤ ᠪᠠᠷᠢᠯᠭ᠎ᠠ ᠶᠢᠨ ᠲᠥᠯᠥᠪᠵᠢᠭᠦᠯᠭᠡ ᠶᠢᠨ | ᠨᠥᠬᠦᠴᠡᠯ ᠳᠤ ᠨᠡᠶᠢᠴᠡᠬᠦ ᠡᠰᠡᠬᠦ ᠶᠢ ᠬᠢᠨᠠᠨ ᠬᠠᠷᠭᠤᠭᠤᠯᠬᠤ ᠬᠡᠷᠡᠭᠲᠡᠢ᠃ ᠲᠥᠯᠥᠪᠵᠢᠭᠦᠯᠭᠡ ᠶᠢᠨ ᠨᠥᠬᠦᠴᠡᠯ ᠳᠤ ᠨᠡᠶᠢᠴᠡᠪᠡᠯ | ᠪᠦᠲᠦᠭᠡᠨ ᠪᠠᠶᠢᠭᠤᠯᠬᠤ ᠪᠠᠷᠢᠯᠭ᠎ᠠ ᠳᠠᠭᠤᠰᠬᠤ ᠳᠤ ᠲᠥᠯᠥᠪᠵᠢᠭᠦᠯᠭᠡ ᠶᠢ ᠬᠢᠨᠠᠨ ᠬᠠᠷᠭᠤᠭᠤᠯᠵᠦ ᠬᠢᠷᠢ ᠲᠡᠩᠴᠡᠭᠰᠡᠨ | ᠦᠨᠡᠮᠯᠡᠯ ᠬᠢᠨᠠᠨ ᠲᠠᠷᠬᠠᠭᠠᠬᠤ ᠬᠡᠷᠡᠭᠲᠡᠢ︔ ᠬᠢᠨᠠᠨ ᠬᠠᠷᠭᠤᠭᠤᠯᠤᠭᠰᠠᠨ ᠦᠭᠡᠢ ᠪᠤᠶᠤ ᠬᠢᠨᠠᠨ ᠬᠠᠷᠭᠤᠭᠤᠯᠤᠭᠠᠳ | ᠲᠥᠯᠥᠪᠵᠢᠭᠦᠯᠭᠡ ᠶᠢᠨ ᠨᠥᠬᠦᠴᠡᠯ ᠳᠤ ᠨᠡᠶᠢᠴᠡᠭᠰᠡᠨ ᠦᠭᠡᠢ ᠪᠣᠯ᠂ ᠪᠦᠲᠦᠭᠡᠨ ᠪᠠᠶᠢᠭᠤᠯᠣᠭᠰᠠᠨ ᠨᠢᠭᠡᠴᠡ ᠨᠢ ᠪᠠᠷᠢᠯᠭ᠎ᠠ | ᠳᠠᠭᠤᠰᠬᠤ ᠰᠢᠯᠭᠠᠨ ᠬᠤᠷᠢᠶᠠᠬᠤ ᠠᠵᠢᠯ ᠢ ᠵᠣᠬᠢᠶᠠᠨ ᠪᠠᠶᠢᠭᠤᠯᠵᠤ ᠪᠣᠯᠬᠤ ᠦᠭᠡᠢ᠂ ᠥᠮᠴᠢᠯᠡᠬᠦ ᠡᠷᠬᠡ ᠶᠢ ᠳᠠᠩᠰᠠᠯᠠᠬᠤ | ᠪᠠᠶᠢᠭᠤᠯᠭ᠎ᠠ ᠥᠮᠴᠢᠯᠡᠬᠦ ᠡᠷᠬᠡ ᠶᠢ ᠳᠠᠩᠰᠠᠯᠠᠬᠤ ᠭᠠᠷᠳᠠᠮ ᠭᠦᠢᠴᠡᠳᠬᠡᠨ ᠥᠭᠴᠦ ᠪᠣᠯᠬᠤ ᠦᠭᠡᠢ᠃ | ᠪᠦᠲᠦᠭᠡᠨ ᠪᠠᠶᠢᠭᠤᠯᠬᠤ ᠨᠢᠭᠡᠴᠡ ᠲᠥᠯᠥᠪᠵᠢᠭᠦᠯᠭᠡ ᠶᠢᠨ ᠨᠥᠬᠦᠴᠡᠯ ᠶᠣᠰᠣᠭᠠᠷ ᠪᠦᠲᠦᠭᠡᠨ ᠪᠠᠶᠢᠭᠤᠯᠤᠭᠰᠠᠨ ᠦᠭᠡᠢ | ᠪᠤᠶᠤ ᠴᠠᠭ ᠤᠨ ᠳᠠᠷᠠᠭᠠᠯᠠᠯ ᠶᠣᠰᠣᠭᠠᠷ ᠰᠠᠭᠤᠷᠢ ᠪᠡᠯᠡᠳᠬᠡᠮᠵᠢ᠂ ᠣᠯᠠᠨ ᠨᠡᠶᠢᠲᠡ ᠶᠢᠨ ᠦᠢᠯᠡᠴᠢᠯᠡᠭᠡᠨ ᠤ | ᠲᠦᠬᠦᠭᠡᠷᠦᠮᠵᠢ ᠪᠠᠨ ᠪᠦᠲᠦᠭᠡᠨ ᠪᠠᠶᠢᠭᠤᠯᠤᠭᠰᠠᠨ ᠦᠭᠡᠢ ᠪᠣᠯ ᠬᠤᠲᠠ ᠬᠥᠳᠡᠭᠡ ᠶᠢᠨ ᠲᠥᠯᠥᠪᠵᠢᠭᠦᠯᠭᠡ ᠶᠢ ᠭᠤᠣᠯᠯᠠᠨ | ᠬᠠᠮᠢᠶᠠᠷᠬᠤ ᠰᠠᠯᠠᠭ᠎ᠠ ᠮᠥᠴᠢᠷ ᠲᠤᠰ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠥᠯᠥᠪᠵᠢᠭᠦᠯᠭᠡ ᠶᠢ ᠬᠢᠨᠠᠨ | ᠰᠢᠯᠭᠠᠵᠤ ᠥᠭᠴᠦ ᠪᠣᠯᠬᠤ ᠦᠭᠡᠢ᠃ | ᠪᠦᠲᠦᠭᠡᠨ ᠪᠠᠶᠢᠭᠤᠯᠬᠤ ᠨᠢᠭᠡᠴᠡ ᠪᠠᠷᠢᠯᠭ᠎ᠠ ᠳᠠᠭᠤᠰᠴᠦ ᠰᠢᠯᠭᠠᠨ ᠬᠤᠷᠢᠶᠠᠭᠰᠠᠨ ᠤ ᠳᠠᠷᠠᠭᠠᠬᠢ ᠵᠢᠷᠭᠤᠭᠠᠨ | ᠰᠠᠷ᠎ᠠ ᠶᠢᠨ ᠲᠤᠳᠤᠷ᠎ᠠ ᠬᠤᠲᠠ ᠬᠦᠳᠡᠭᠡ ᠶᠢᠨ ᠲᠥᠯᠦᠪᠵᠢᠭᠦᠯᠭᠡ ᠶᠢ ᠭᠤᠤᠯᠯᠠᠨ ᠬᠠᠮᠢᠶᠠᠷᠬᠤ ᠰᠠᠯᠠᠭ᠎ᠠ ᠳᠤ ᠬᠤᠯᠪᠤᠭᠳᠠᠯ | ᠪᠥᠭᠦᠢ ᠪᠠᠷᠢᠯᠭ᠎ᠠ ᠳᠠᠭᠤᠰᠴᠦ ᠰᠢᠯᠭᠠᠨ ᠬᠤᠷᠢᠶᠠᠭᠰᠠᠨ ᠮᠠᠲ᠋ᠧᠷᠢᠶᠠᠯ ᠢᠶᠠᠨ ᠮᠡᠳᠡᠭᠦᠯᠭᠦ ᠶᠢᠨ ᠬᠠᠮᠳᠤ ᠠᠳᠠᠯᠢ ᠱᠠᠳᠤᠨ ᠤ | ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠳᠠᠩᠰᠠ ᠡᠪᠭᠡᠮᠡᠯ ᠤᠨ ᠪᠠᠶᠢᠭᠤᠯᠤᠮᠵᠢ ᠳᠤ ᠳᠠᠩᠰᠠᠯᠠᠭᠤᠯᠬᠤ ᠬᠡᠷᠡᠭᠲᠠᠢ | ᠃ | ᠲᠠᠪᠤᠳᠤᠭᠠᠷ ᠬᠡᠰᠡᠭ ᠲᠦᠷ ᠴᠠᠭ ᠭᠠᠵᠠᠷ ᠬᠡᠷᠡᠭᠯᠡᠬᠦ ᠪᠠ ᠲᠦᠷ ᠴᠠᠭ ᠤᠨ ᠪᠦᠲᠦᠭᠡᠨ ᠪᠠᠶᠢᠭᠤᠯᠬᠤ ᠪᠠᠷᠢᠯᠭ᠎ᠠ ᠶᠢᠨ | ᠲᠥᠯᠥᠪᠵᠢᠭᠦᠯᠭᠡ ᠶᠢᠨ ᠬᠠᠮᠢᠶᠠᠷᠤᠯᠲᠠ | ᠲᠦᠴᠢᠨ ᠵᠢᠷᠭᠤᠳᠤᠭᠠᠷ ᠵᠦᠢᠯ ᠪᠦᠲᠦᠭᠡᠨ ᠪᠠᠶᠢᠭᠤᠯᠬᠤ ᠨᠢᠭᠡᠴᠡ ᠪᠤᠶᠤ ᠬᠤᠪᠢ ᠬᠥᠮᠥᠨ᠂ ᠬᠤᠲᠠ ᠪᠠᠯᠭᠠᠰᠤᠨ ᠤ | ᠲᠥᠯᠥᠪᠵᠢᠭᠦᠯᠭᠡ ᠶᠢᠨ ᠤᠷᠤᠨ ᠤ ᠳᠣᠲᠣᠷ᠎ᠠ ᠲᠦᠷ ᠴᠠᠭ ᠤᠨ ᠪᠦᠲᠦᠭᠡᠨ ᠪᠠᠶᠢᠭᠤᠯᠤᠯᠲᠠ ᠬᠢᠬᠦ ᠦᠶᠡᠰ᠂ ᠬᠤᠲᠠ᠂ | ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠬᠤᠲᠠ ᠬᠥᠳᠡᠭᠡ ᠶᠢᠨ ᠲᠥᠯᠥᠪᠵᠢᠭᠦᠯᠭᠡ ᠶᠢ ᠭᠤᠣᠯᠯᠠᠨ | ᠬᠠᠮᠢᠶᠠᠷᠬᠤ ᠰᠠᠯᠠᠭ᠎ᠠ ᠮᠥᠴᠢᠷ ᠠᠴᠠ ᠲᠦᠷ ᠴᠠᠭ ᠤᠨ ᠪᠦᠲᠦᠭᠡᠨ ᠪᠠᠶᠢᠭᠤᠯᠤᠯᠲᠠ ᠳᠤ ᠭᠠᠵᠠᠷ ᠬᠡᠷᠡᠭᠯᠡᠬᠦ | ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠢ ᠬᠢᠨᠠᠨ ᠲᠠᠷᠬᠠᠭᠠᠭᠰᠠᠨ ᠤ ᠳᠠᠷᠠᠭ᠎ᠠ᠂ ᠠᠳᠠᠯᠢ ᠱᠠᠲᠤᠨ ᠤ ᠠᠷᠠᠳ ᠤᠨ | ᠵᠠᠰᠠᠭ ᠤᠨ ᠣᠷᠳᠣᠨ ᠤ ᠭᠠᠵᠠᠷ ᠰᠢᠷᠣᠢ ᠶᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤ ᠲᠦᠷ ᠴᠠᠭ ᠤᠨ ᠭᠠᠵᠠᠷ | ᠬᠡᠷᠡᠭᠯᠡᠬᠦ ᠭᠠᠷᠳᠠᠮ ᠭᠦᠢᠴᠡᠳᠬᠡᠬᠦ ᠪᠠᠷ ᠭᠤᠶᠤᠴᠢᠯᠠᠬᠤ ᠬᠡᠷᠡᠭᠲᠡᠢ᠃ | ᠪᠦᠲᠦᠭᠡᠨ ᠪᠠᠶᠢᠭᠤᠯᠬᠤ ᠨᠢᠭᠡᠴᠡ ᠪᠤᠶᠤ ᠬᠤᠪᠢ ᠬᠥᠮᠥᠨ ᠲᠦᠷ ᠴᠠᠭ ᠤᠨ ᠭᠠᠵᠠᠷ ᠬᠡᠷᠡᠭᠯᠡᠬᠦ ᠭᠠᠷᠳᠠᠮ | ᠭᠦᠢᠴᠡᠳᠬᠡᠭᠰᠡᠨ ᠤ ᠳᠠᠷᠠᠭ᠎ᠠ᠂ ᠬᠤᠲᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠬᠤᠲᠠ | ᠬᠥᠳᠡᠭᠡ ᠶᠢᠨ ᠲᠥᠯᠥᠪᠵᠢᠭᠦᠯᠭᠡ ᠶᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤᠷ ᠴᠠᠭ ᠤᠨ ᠪᠦᠲᠦᠭᠡᠨ ᠪᠠᠶᠢᠭᠤᠯᠬᠤ | ᠪᠠᠷᠢᠯᠭ᠎ᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠢ ᠭᠦᠢᠴᠡᠳᠬᠡᠬᠦ ᠪᠠᠷ ᠭᠤᠶᠤᠴᠢᠯᠠᠬᠤ ᠬᠡᠷᠡᠭᠲᠠᠢ᠃ | ᠭᠠᠵᠠᠷ ᠰᠢᠷᠣᠢ ᠬᠡᠷᠡᠭᠯᠡᠬᠦ ᠡᠷᠬᠡ ᠨᠢ ᠪᠦᠲᠦᠭᠡᠨ ᠪᠠᠶᠢᠭᠤᠯᠬᠤ ᠨᠢᠭᠡᠴᠡ ᠪᠤᠶᠤ ᠬᠤᠪᠢ ᠬᠥᠮᠥᠨ ᠳᠤ | ᠬᠠᠷᠢᠶᠠᠯᠠᠭᠳᠠᠪᠠᠯ ᠲᠦᠷ ᠴᠠᠭ ᠤᠨ ᠪᠦᠲᠦᠭᠡᠨ ᠪᠠᠶᠢᠭᠤᠯᠤᠯᠲᠠ ᠬᠢᠬᠦ ᠦᠶᠡᠰ ᠲᠦᠷ ᠴᠠᠭ ᠤᠨ ᠪᠦᠲᠦᠭᠡᠨ ᠪᠠᠶᠢᠭᠤᠯᠬᠤ | ᠪᠠᠷᠢᠯᠭ᠎ᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠢ ᠰᠢᠭᠤᠳ ᠭᠦᠢᠴᠡᠳᠬᠡᠵᠦ ᠪᠣᠯᠣᠨ᠎ᠠ᠃ | ᠲᠦᠷ ᠴᠠᠭ ᠤᠨ ᠪᠦᠲᠦᠭᠡᠨ ᠪᠠᠶᠢᠭᠤᠯᠤᠯᠲᠠ ᠨᠢ ᠣᠶᠢᠷ᠎ᠠ ᠶᠢᠨ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠪᠤᠶᠤ | ᠡᠵᠡᠮᠰᠢᠯ ᠤᠨ ᠴᠢᠨᠠᠷᠲᠠᠢ ᠨᠠᠷᠢᠨ ᠲᠥᠯᠥᠪᠵᠢᠭᠦᠯᠭᠡ ᠶᠢᠨ ᠬᠡᠷᠡᠭᠵᠢᠭᠦᠯᠦᠭᠳᠡᠬᠦ ᠪᠠ ᠵᠠᠮ ᠬᠠᠷᠢᠯᠴᠠᠭ᠎ᠠ᠂ ᠬᠤᠲᠠ ᠶᠢᠨ | ᠦᠵᠡᠮᠵᠢ᠂ ᠠᠮᠤᠷ ᠲᠦᠪᠰᠢᠨ ᠵᠡᠷᠭᠡ ᠶᠢ ᠨᠥᠯᠥᠭᠡᠯᠡᠪᠡᠯ ᠵᠥᠪᠰᠢᠶᠡᠷᠡᠵᠦ ᠪᠣᠯᠬᠤ ᠦᠭᠡᠢ᠃ | ᠲᠦᠴᠢᠨ ᠲᠤᠯᠤᠳᠤᠭᠠᠷ ᠵᠦᠢᠯ ᠲᠦᠷ ᠴᠠᠭ ᠤᠨ ᠪᠦᠲᠦᠭᠡᠨ ᠪᠠᠶᠢᠭᠤᠯᠬᠤ ᠪᠠᠷᠢᠯᠭ᠎ᠠ ᠶᠢᠨ ᠲᠥᠯᠥᠪᠵᠢᠭᠦᠯᠭᠡ ᠶᠢᠨ | ᠵᠥᠪᠰᠢᠶᠡᠷᠡᠯ ᠤᠨ ᠦᠨᠡᠮᠯᠡᠯ ᠢ ᠬᠡᠷᠡᠭᠯᠡᠬᠦ ᠬᠤᠭᠤᠴᠠᠭ᠎ᠠ ᠨᠢ ᠬᠤᠶᠠᠷ ᠵᠢᠯ ᠠᠴᠠ ᠬᠡᠲᠦᠷᠡᠵᠦ ᠪᠣᠯᠬᠤ ᠦᠭᠡᠢ᠃ ᠦᠨᠡᠨ ᠬᠦ | ᠬᠤᠭᠤᠴᠠᠭ᠎ᠠ ᠶᠢ ᠤᠷᠲᠤᠳᠬᠠᠬᠤ ᠴᠢᠬᠤᠯᠠ ᠲᠠᠢ ᠪᠣᠯ ᠪᠦᠲᠦᠭᠡᠨ ᠪᠠᠶᠢᠭᠤᠯᠬᠤ ᠨᠢᠭᠡᠴᠡ ᠪᠤᠶᠤ ᠬᠤᠪᠢ ᠬᠥᠮᠥᠨ ᠨᠢ | ᠬᠤᠭᠤᠴᠠᠭ᠎ᠠ ᠲᠤᠯᠬᠤ ᠠᠴᠠ ᠡᠮᠦᠨ᠎ᠡ ᠭᠤᠴᠢᠨ ᠡᠳᠦᠷ ᠤᠨ ᠳᠣᠲᠣᠷ᠎ᠠ ᠵᠥᠪᠰᠢᠶᠡᠷᠡᠭᠰᠡᠨ ᠪᠠᠶᠢᠭᠤᠯᠭ᠎ᠠ ᠳᠤ ᠭᠤᠶᠤᠴᠢᠯᠠᠯ | ᠲᠤᠷᠠᠳᠴᠦ᠂ ᠵᠥᠪᠰᠢᠶᠡᠷᠡᠪᠡᠯ ᠨᠢᠭᠡ ᠤᠳᠠᠭ᠎ᠠ ᠤᠷᠲᠤᠳᠬᠠᠵᠤ ᠪᠣᠯᠣᠨ᠎ᠠ᠂ ᠬᠤᠭᠤᠴᠠᠭ᠎ᠠ ᠨᠢ ᠨᠢᠭᠡ ᠵᠢᠯ ᠠᠴᠠ ᠬᠡᠲᠦᠷᠡᠵᠦ | ᠪᠣᠯᠬᠤ ᠦᠭᠡᠢ᠃ | ᠲᠦᠴᠢᠨ ᠨᠠᠢᠮᠠᠳᠤᠭᠠᠷ ᠵᠦᠢᠯ ᠪᠦᠲᠦᠭᠡᠨ ᠪᠠᠶᠢᠭᠤᠯᠬᠤ ᠨᠢᠭᠡᠴᠡ ᠪᠤᠶᠤ ᠬᠤᠪᠢ ᠬᠥᠮᠥᠨ ᠲᠦᠷ ᠴᠠᠭ ᠤᠨ | ᠪᠦᠲᠦᠭᠡᠨ ᠪᠠᠶᠢᠭᠤᠯᠤᠯᠲᠠ᠂ ᠲᠦᠷ ᠴᠠᠭ ᠤᠨ ᠭᠠᠵᠠᠷ ᠬᠡᠷᠡᠭᠯᠡᠬᠦ ᠵᠥᠪᠰᠢᠶᠡᠷᠡᠯ ᠤᠨ ᠬᠤᠭᠤᠴᠠᠭ᠎ᠠ ᠲᠤᠯᠬᠤ ᠠᠴᠠ ᠡᠮᠦᠨ᠎ᠡ | ᠪᠠᠷᠢᠯᠭ᠎ᠠ ᠪᠠᠨ ᠥᠪᠡᠷᠲᠡᠭᠡᠨ ᠨᠤᠷᠠᠭᠠᠵᠤ᠂ ᠲᠠᠯᠠᠪᠠᠢ ᠪᠠᠨ ᠴᠡᠪᠡᠷᠯᠡᠬᠦ ᠬᠡᠷᠡᠭᠲᠡᠢ᠃ | ᠲᠦᠴᠢ ᠶᠢᠰᠦᠳᠦᠭᠡᠷ ᠵᠦᠢᠯ ᠲᠦᠷ ᠴᠠᠭ ᠤᠨ ᠪᠦᠲᠦᠭᠡᠨ ᠪᠠᠶᠢᠭᠤᠯᠤᠯᠲᠠ ᠶᠢᠨ ᠬᠡᠷᠡᠭᠯᠡᠭᠡᠨ ᠤ ᠰᠢᠨᠵᠢ ᠴᠢᠨᠠᠷ ᠢ | ᠳᠤᠷ᠎ᠠ ᠪᠠᠷ ᠢᠶᠠᠨ ᠬᠤᠪᠢᠷᠠᠭᠤᠯᠵᠤ ᠪᠣᠯᠬᠤ ᠦᠭᠡᠢ᠂ ᠭᠡᠷ ᠪᠠᠶᠢᠰᠢᠩ ᠤᠨ ᠦᠮᠴᠢᠯᠡᠬᠦ ᠡᠷᠬᠡ ᠶᠢᠨ ᠳᠠᠩᠰᠠᠯᠠᠭᠤᠯᠤᠯᠲᠠ | ᠭᠦᠢᠴᠡᠳᠭᠡᠵᠦ ᠪᠣᠯᠬᠤ ᠦᠭᠡᠢ᠃ | ᠲᠦᠷᠪᠡᠳᠦᠭᠡᠷ ᠪᠦᠯᠦᠭ ᠬᠤᠲᠠ ᠬᠥᠳᠡᠭᠡ ᠶᠢᠨ ᠲᠥᠯᠥᠪᠵᠢᠭᠦᠯᠭᠡ ᠶᠢ ᠦᠨᠡᠯᠡᠬᠦ ᠪᠠ ᠵᠠᠰᠠᠪᠤᠷᠢ ᠤᠷᠤᠭᠤᠯᠬᠤ | | ᠲᠠᠪᠢᠳᠤᠭᠠᠷ ᠵᠦᠢᠯ ᠬᠤᠲᠠ ᠪᠠᠯᠭᠠᠰᠤᠨ ᠤ ᠰᠢᠰᠲ᠋ᠧᠮᠵᠢ ᠶᠢᠨ ᠲᠥᠯᠥᠪᠵᠢᠭᠦᠯᠭᠡ᠂ ᠬᠤᠲᠠ ᠶᠢᠨ ᠶᠡᠷᠦᠩᠬᠡᠢ | ᠲᠥᠯᠥᠪᠵᠢᠭᠦᠯᠭᠡ᠂ ᠪᠠᠯᠭᠠᠰᠤᠨ ᠤ ᠶᠡᠷᠦᠩᠬᠡᠢ ᠲᠥᠯᠥᠪᠵᠢᠭᠦᠯᠭᠡ ᠶᠢ ᠵᠣᠬᠢᠶᠠᠨ ᠪᠠᠶᠢᠭᠤᠯᠵᠤ ᠨᠠᠶᠢᠷᠠᠭᠤᠯᠬᠤ ᠪᠠᠶᠢᠭᠤᠯᠭ᠎ᠠ | ᠬᠠᠮᠢᠶ᠎ᠠ ᠪᠦᠬᠦᠢ ᠰᠠᠯᠠᠭ᠎ᠠ ᠮᠥᠴᠢᠷ ᠪᠠ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠬᠤᠶᠠᠷ ᠵᠢᠯ ᠪᠦᠷᠢ ᠳᠤ ᠨᠢᠭᠡ | ᠤᠳᠠᠭ᠎ᠠ ᠲᠥᠯᠥᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ ᠳᠤ ᠦᠨᠡᠯᠡᠯᠲᠡ ᠬᠢᠯᠭᠡᠬᠦ ᠶᠢᠨ ᠬᠠᠮᠲᠤ ᠨᠤᠲᠠᠯᠠᠬᠤ ᠬᠤᠷᠠᠯ᠂ | ᠭᠡᠷᠡᠴᠢ ᠰᠣᠨᠣᠰᠬᠤ ᠬᠤᠷᠠᠯ ᠪᠤᠶᠤ ᠪᠤᠰᠤᠳ ᠬᠡᠯᠪᠡᠷᠢ ᠪᠠᠷ ᠣᠯᠠᠨ ᠤ ᠰᠠᠨᠠᠯ ᠢ ᠰᠣᠨᠣᠰᠬᠤ ᠬᠡᠷᠡᠭᠲᠡᠢ᠃ ᠵᠣᠬᠢᠶᠠᠨ | ᠪᠠᠶᠢᠭᠤᠯᠤᠨ ᠨᠠᠶᠢᠷᠠᠭᠤᠯᠬᠤ ᠪᠠᠶᠢᠭᠤᠯᠭ᠎ᠠ ᠨᠢ ᠲᠤᠰ ᠱᠠᠲᠤᠨ ᠤ ᠠᠷᠠᠳ ᠤᠨ ᠲᠥᠯᠤᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ᠂ ᠪᠠᠯᠭᠠᠰᠤᠨ ᠤ ᠠᠷᠠᠳ ᠤᠨ ᠲᠥᠯᠤᠭᠡᠯᠡᠭᠴᠢᠳ ᠤᠨ ᠶᠡᠭᠡ ᠬᠤᠷᠠᠯ ᠪᠠ ᠤᠤᠯ ᠤᠨ ᠬᠢᠨᠠᠨ | ᠵᠥᠪᠰᠢᠶᠡᠷᠡᠭᠰᠡᠨ ᠪᠠᠶᠢᠭᠤᠯᠭ᠎ᠠ ᠳᠤ ᠦᠨᠡᠯᠡᠭᠰᠡᠨ ᠮᠡᠳᠡᠭᠦᠯᠦᠯᠲᠡ ᠭᠠᠷᠭᠠᠬᠤ ᠶᠢᠨ ᠬᠠᠮᠲᠤ ᠰᠠᠨᠠᠯ ᠬᠤᠷᠢᠶᠠᠭᠰᠠᠨ | ᠪᠠᠶᠢᠳᠠᠯ ᠢᠶᠠᠨ ᠮᠡᠳᠡᠭᠦᠯᠬᠦ ᠬᠡᠷᠡᠭᠲᠡᠢ᠃ | ᠲᠠᠪᠢᠨ ᠨᠢᠭᠡᠳᠦᠭᠡᠷ ᠵᠦᠢᠯ ᠳᠣᠣᠷᠠᠬᠢ ᠦᠵᠡᠭᠳᠡᠯ ᠤᠨ ᠨᠢᠭᠡ ᠨᠢ ᠪᠠᠶᠢᠪᠠᠯ᠂ ᠵᠣᠬᠢᠶᠠᠨ ᠪᠠᠶᠢᠭᠤᠯᠤᠨ | ᠨᠠᠶᠢᠷᠠᠭᠤᠯᠤᠭᠰᠠᠨ ᠨᠢᠭᠡᠴᠡ ᠨᠢ ᠲᠣᠭᠲᠠᠭᠰᠠᠨ ᠡᠷᠬᠡ ᠶᠢᠨ ᠬᠢᠵᠠᠭᠠᠷ ᠪᠠ ᠳᠠᠷᠠᠭᠠᠯᠠᠯ ᠶᠣᠰᠣᠭᠠᠷ ᠬᠤᠲᠠ ᠪᠠᠯᠭᠠᠰᠤᠨ ᠤ | ᠰᠢᠰᠲ᠋ᠧᠮᠵᠢ ᠶᠢᠨ ᠲᠥᠯᠥᠪᠵᠢᠭᠦᠯᠭᠡ᠂ ᠬᠤᠲᠠ ᠶᠢᠨ ᠶᠡᠷᠦᠩᠬᠡᠢ ᠲᠥᠯᠥᠪᠵᠢᠭᠦᠯᠭᠡ᠂ ᠪᠠᠯᠭᠠᠰᠤᠨ ᠤ ᠶᠡᠷᠤᠩᠭᠡᠢ | ᠲᠥᠯᠥᠪᠵᠢᠭᠦᠯᠭᠡ ᠳᠤ ᠵᠠᠰᠠᠪᠤᠷᠢ ᠣᠷᠣᠭᠤᠯᠵᠤ ᠪᠣᠯᠣᠨ᠎ᠠ᠄ | ︵ᠨᠢᠭᠡ︶ ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠬᠤᠲᠠ ᠬᠥᠳᠡᠭᠡ ᠶᠢᠨ | ᠲᠥᠯᠥᠪᠵᠢᠭᠦᠯᠭᠡ ᠳᠤ ᠬᠤᠪᠢᠷᠠᠯᠲᠠ ᠭᠠᠷᠴᠤ᠂ ᠲᠥᠯᠥᠪᠵᠢᠭᠦᠯᠭᠡ ᠶᠢ ᠵᠠᠰᠠᠪᠤᠷᠢ ᠣᠷᠣᠭᠤᠯᠬᠤ ᠱᠠᠭᠠᠷᠳᠠᠯᠭ᠎ᠠ ᠳᠤᠷᠠᠳᠤᠭᠰᠠᠨ | ︔ | ︵ᠬᠤᠶᠠᠷ︶ ᠵᠠᠰᠠᠭ ᠵᠠᠬᠢᠷᠭᠠᠨ ᠤ ᠬᠤᠪᠢᠶᠠᠷᠢᠯᠠᠯ ᠳᠤ ᠲᠣᠬᠢᠷᠠᠭᠤᠯᠤᠯᠲᠠ ᠬᠢᠭᠰᠡᠨ ᠠᠴᠠ ᠪᠤᠯᠵᠦ | ᠲᠥᠯᠥᠪᠵᠢᠭᠦᠯᠭᠡ ᠳᠤ ᠵᠠᠰᠠᠪᠤᠷᠢ ᠣᠷᠣᠭᠤᠯᠬᠤ ᠴᠢᠬᠤᠯᠠ ᠲᠠᠢ ᠪᠣᠯᠣᠭᠰᠠᠨ︔ | ︵ᠭᠤᠷᠪᠠ︶ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠵᠥᠪᠰᠢᠶᠡᠷᠡᠭᠰᠡᠨ ᠴᠢᠬᠤᠯᠠ ᠶᠡᠭᠡ ᠪᠦᠲᠦᠭᠡᠨ | ᠪᠠᠶᠢᠭᠤᠯᠤᠯᠲᠠ ᠶᠢᠨ ᠪᠠᠷᠢᠯᠭ᠎ᠠ ᠠᠴᠠ ᠪᠤᠯᠵᠦ ᠲᠥᠯᠥᠪᠵᠢᠭᠦᠯᠭᠡ ᠳᠤ ᠦᠨᠡᠨ ᠬᠦ ᠵᠠᠰᠠᠪᠤᠷᠢ ᠣᠷᠣᠭᠤᠯᠬᠤ ᠴᠢᠬᠤᠯᠠ ᠲᠠᠢ | ᠪᠣᠯᠣᠭᠰᠠᠨ︔ | ︵ᠳᠥᠷᠪᠡ︶ ᠦᠨᠡᠯᠡᠭᠰᠡᠨ ᠤ ᠳᠠᠷᠠᠭ᠎ᠠ ᠲᠥᠯᠥᠪᠵᠢᠭᠦᠯᠭᠡ ᠳᠤ ᠦᠨᠡᠨ ᠬᠦ ᠵᠠᠰᠠᠪᠤᠷᠢ ᠣᠷᠣᠭᠤᠯᠬᠤ ᠴᠢᠬᠤᠯᠠ ᠲᠠᠢ | ᠪᠣᠯᠣᠭᠰᠠᠨ︔ | ︵ᠲᠠᠪᠤ︶ ᠬᠤᠲᠠ ᠬᠥᠳᠡᠭᠡ ᠶᠢᠨ ᠲᠥᠯᠥᠪᠵᠢᠭᠦᠯᠭᠡ ᠶᠢ ᠬᠢᠨᠠᠨ ᠵᠥᠪᠰᠢᠶᠡᠷᠡᠭᠰᠡᠨ ᠪᠠᠶᠢᠭᠤᠯᠭ᠎ᠠ ᠠᠴᠠ | ᠲᠥᠯᠥᠪᠵᠢᠭᠦᠯᠭᠡ ᠳᠤ ᠵᠠᠰᠠᠪᠤᠷᠢ ᠣᠷᠣᠭᠤᠯᠬᠤ ᠴᠢᠬᠤᠯᠠ ᠲᠠᠢ ᠭᠡᠵᠦ ᠦᠵᠡᠭᠰᠡᠨ ᠪᠤᠰᠤᠳ ᠪᠠᠶᠢᠳᠠᠯ᠃ | ᠬᠤᠲᠠ ᠪᠠᠯᠭᠠᠰᠤᠨ ᠤ ᠰᠢᠰᠲ᠋ᠧᠮᠵᠢ ᠶᠢᠨ ᠲᠥᠯᠥᠪᠵᠢᠭᠦᠯᠭᠡ᠂ ᠬᠤᠲᠠ ᠶᠢᠨ ᠶᠡᠷᠦᠩᠬᠡᠢ ᠲᠥᠯᠥᠪᠵᠢᠭᠦᠯᠭᠡ᠂ | ᠪᠠᠯᠭᠠᠰᠤᠨ ᠤ ᠶᠡᠷᠦᠩᠬᠡᠢ ᠲᠥᠯᠥᠪᠵᠢᠭᠦᠯᠭᠡ ᠳᠤ ᠵᠠᠰᠠᠪᠤᠷᠢ ᠣᠷᠣᠭᠤᠯᠬᠤ ᠠᠴᠠ ᠡᠮᠦᠨ᠎ᠡ ᠵᠣᠬᠢᠶᠠᠨ ᠪᠠᠶᠢᠭᠤᠯᠤᠨ | ᠨᠠᠶᠢᠷᠠᠭᠤᠯᠤᠭᠰᠠᠨ ᠪᠠᠶᠢᠭᠤᠯᠭ᠎ᠠ ᠤᠤᠯ ᠤᠨ ᠲᠥᠯᠥᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ ᠢ ᠳ᠋ᠦᠩᠨᠡᠬᠦ ᠶᠢᠨ ᠬᠠᠮᠲᠤ | ᠤᠤᠯ ᠬᠢᠨᠠᠨ ᠵᠥᠪᠰᠢᠶᠡᠷᠡᠭᠰᠡᠨ ᠪᠠᠶᠢᠭᠤᠯᠭ᠎ᠠ ᠳᠤ ᠮᠡᠳᠡᠭᠦᠯᠬᠦ ᠬᠡᠷᠡᠭᠲᠡᠢ︔ ᠬᠤᠲᠠ ᠶᠢᠨ ᠶᠡᠷᠦᠩᠬᠡᠢ ᠲᠥᠯᠥᠪᠵᠢᠭᠦᠯᠭᠡ᠂ | ᠪᠠᠯᠭᠠᠰᠤᠨ ᠤ ᠶᠡᠷᠦᠩᠬᠡᠢ ᠲᠥᠯᠥᠪᠵᠢᠭᠦᠯᠭᠡ ᠳᠤ ᠬᠤᠯᠪᠣᠭᠳᠠᠭᠰᠠᠨ ᠠᠯᠪᠠᠳᠠᠯᠭ᠎ᠠ ᠶᠢᠨ ᠴᠢᠨᠠᠷᠲᠠᠢ ᠠᠭᠤᠯᠭ᠎ᠠ ᠳᠤ ᠵᠠᠰᠠᠪᠤᠷᠢ | ᠣᠷᠣᠭᠤᠯᠬᠤ ᠳᠤ ᠣᠷᠢᠳᠠᠪᠠᠷ ᠤᠤᠯ ᠤᠨ ᠬᠢᠨᠠᠨ ᠵᠥᠪᠰᠢᠶᠡᠷᠡᠭᠰᠡᠨ ᠪᠠᠶᠢᠭᠤᠯᠭ᠎ᠠ ᠳᠤ ᠲᠤᠰᠬᠠᠢ ᠰᠡᠳᠦᠪᠲᠦ ᠮᠡᠳᠡᠭᠦᠯᠦᠯᠲᠡ | ᠭᠠᠷᠭᠠᠵᠤ᠂ ᠵᠥᠪᠰᠢᠶᠡᠷᠡᠭᠰᠡᠨ ᠤ ᠳᠠᠷᠠᠭ᠎ᠠ ᠲᠥᠰᠥᠯ ᠳᠤ ᠵᠠᠰᠠᠪᠤᠷᠢ ᠣᠷᠣᠭᠤᠯᠵᠤ ᠪᠣᠯᠣᠨ᠎ᠠ᠃ | ᠠᠶᠢᠮᠠᠭ ᠤᠨ ᠬᠠᠷᠢᠶ᠎ᠠ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠪᠠᠶᠢᠭ᠎ᠠ ᠭᠠᠵᠠᠷ ᠤᠨ | ᠪᠠᠯᠭᠠᠰᠤᠨ ᠤ ᠶᠡᠷᠦᠩᠬᠡᠢ ᠲᠥᠯᠥᠪᠵᠢᠭᠦᠯᠭᠡ ᠳᠤ ᠵᠠᠰᠠᠪᠤᠷᠢ ᠣᠷᠣᠭᠤᠯᠬᠤ ᠴᠢᠬᠤᠯᠠ ᠲᠠᠢ ᠪᠣᠯ ᠠᠶᠢᠮᠠᠭ ᠤᠨ ᠵᠠᠬᠢᠷᠭ᠎ᠠ ᠠᠴᠠ | ᠬᠢᠨᠠᠨ ᠪᠠᠶᠢᠴᠠᠭᠠᠵᠦ ᠵᠦᠪᠰᠢᠶᠡᠷᠡᠭᠰᠡᠨ ᠤ ᠳᠠᠷᠠᠭ᠎ᠠ ᠤᠤᠯ ᠤᠨ ᠬᠢᠨᠠᠨ ᠵᠦᠪᠰᠢᠶᠡᠷᠡᠭᠰᠡᠨ ᠪᠠᠶᠢᠭᠤᠯᠭ᠎ᠠ ᠳᠤ ᠮᠡᠳᠡᠭᠦᠯᠭᠦ | ᠬᠡᠷᠡᠭᠲᠠᠢ᠃ ᠵᠠᠰᠠᠪᠤᠷᠢ ᠤᠷᠤᠭᠤᠯᠤᠭᠰᠠᠨ ᠬᠤᠲᠠ ᠪᠠᠯᠭᠠᠰᠤᠨ ᠤ ᠰᠢᠰᠲ᠋ᠧᠮ ᠤᠨ ᠲᠥᠯᠦᠪᠵᠢᠭᠦᠯᠭᠡ᠂ ᠬᠤᠲᠠ ᠶᠢᠨ | ᠶᠡᠷᠤᠩᠭᠡᠢ ᠲᠥᠯᠦᠪᠵᠢᠭᠦᠯᠭᠡ᠂ ᠪᠠᠯᠭᠠᠰᠤᠨ ᠤ ᠶᠡᠷᠤᠩᠭᠡᠢ ᠲᠥᠯᠦᠪᠵᠢᠭᠦᠯᠭᠡ ᠶᠢ ᠲᠤᠰ ᠳᠦᠷᠢᠮ ᠤᠨ ᠠᠷᠪᠠᠨ ᠳᠥᠷᠪᠡᠳᠦᠭᠡᠷ | ᠵᠦᠢᠯ᠂ ᠠᠷᠪᠠᠨ ᠵᠢᠷᠭᠤᠳᠤᠭᠠᠷ ᠵᠦᠢᠯ᠂ ᠠᠷᠪᠠᠨ ᠳᠣᠯᠣᠳᠤᠭᠠᠷ ᠵᠦᠢᠯ ᠤᠨ ᠲᠣᠭᠲᠠᠭᠠᠯ ᠳᠠᠬᠢ ᠬᠢᠨᠠᠨ ᠵᠥᠪᠰᠢᠶᠡᠷᠡᠬᠦ | ᠳᠠᠷᠠᠭᠠᠯᠠᠯ ᠶᠣᠰᠣᠭᠠᠷ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠢ᠃ | ᠲᠠᠪᠢᠨ ᠬᠤᠶᠠᠳᠤᠭᠠᠷ ᠵᠦᠢᠯ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠵᠣᠬᠢᠶᠠᠨ ᠪᠠᠶᠢᠭᠤᠯᠤᠨ ᠨᠠᠶᠢᠷᠠᠭᠤᠯᠬᠤ | ᠪᠠᠶᠢᠭᠤᠯᠤᠮᠵᠢ ᠲᠣᠭᠲᠠᠭᠰᠠᠨ ᠡᠷᠬᠡ ᠬᠢᠵᠠᠭᠠᠷ ᠪᠠ ᠳᠠᠷᠠᠭᠠᠯᠠᠯ ᠶᠣᠰᠣᠭᠠᠷ ᠡᠵᠡᠮᠰᠢᠯ ᠤᠨ ᠴᠢᠨᠠᠷᠲᠠᠢ ᠨᠠᠷᠢᠨ | ᠲᠥᠯᠥᠪᠵᠢᠭᠦᠯᠭᠡ ᠳᠤ ᠵᠠᠰᠠᠪᠤᠷᠢ ᠤᠷᠤᠭᠤᠯᠬᠤ ᠬᠡᠷᠡᠭᠲᠡᠢ᠄ | ︵ᠨᠢᠭᠡ︶ ᠶᠡᠷᠦᠩᠬᠡᠢ ᠲᠥᠯᠥᠪᠵᠢᠭᠦᠯᠭᠡ ᠳᠤ ᠵᠠᠰᠠᠪᠤᠷᠢ ᠣᠷᠣᠭᠤᠯᠬᠤ ᠠᠴᠠ ᠪᠣᠯᠵᠤ ᠬᠤᠲᠠ ᠪᠠᠯᠭᠠᠰᠤᠨ ᠤ | ᠪᠠᠶᠢᠷᠢᠯᠠᠭᠤᠯᠤᠯᠲᠠ ᠪᠠ ᠴᠢᠳᠠᠪᠬᠢ ᠳᠤ ᠴᠢᠬᠤᠯᠠ ᠶᠡᠭᠡ ᠨᠥᠯᠥᠭᠡ ᠦᠵᠡᠭᠦᠯᠦᠭᠰᠡᠨ︔ | ︵ᠬᠤᠶᠠᠷ︶ ᠲᠥᠯᠥᠪᠵᠢᠭᠦᠯᠭᠡ ᠶᠢ ᠬᠡᠷᠡᠭᠵᠢᠭᠦᠯᠬᠦ ᠳᠤᠮᠳᠠ ᠨᠤᠲᠠᠯᠠᠯᠲᠠ ᠬᠢᠬᠦ ᠪᠠᠷ ᠳᠠᠮᠵᠢᠨ ᠦᠨᠡᠨ ᠬᠦ ᠵᠠᠰᠠᠪᠤᠷᠢ | ᠣᠷᠣᠭᠤᠯᠬᠤ ᠴᠢᠬᠤᠯᠠ ᠲᠠᠢ ᠪᠥᠭᠡᠳ ᠤᠤᠯ ᠤᠨ ᠬᠢᠨᠠᠨ ᠵᠥᠪᠰᠢᠶᠡᠷᠡᠭᠰᠡᠨ ᠪᠠᠶᠢᠭᠤᠯᠭ᠎ᠠ ᠠᠴᠠ ᠬᠢᠨᠠᠨ ᠪᠠᠶᠢᠴᠠᠭᠠᠵᠤ | ᠵᠥᠪᠰᠢᠶᠡᠷᠡᠭᠰᠡᠨ︔ | ︵ᠭᠤᠷᠪᠠ︶ ᠤᠯᠤᠰ᠂ ᠥᠪᠡᠷᠳᠡᠭᠡᠨ ᠵᠠᠰᠠᠬᠤ ᠤᠷᠤᠨ᠂ ᠠᠶᠢᠮᠠᠭ ᠬᠤᠲᠠ ᠶᠢᠨ ᠭᠤᠣᠯᠳᠠᠯᠭ᠎ᠠ ᠲᠠᠢ ᠪᠠᠷᠢᠯᠭ᠎ᠠ ᠶᠢᠨ | ᠲᠥᠷᠥᠯ ᠵᠦᠢᠯ ᠨᠢ ᠣᠯᠠᠨ ᠨᠡᠶᠢᠲᠡ ᠶᠢᠨ ᠠᠰᠢᠭ ᠲᠤᠰᠠ ᠳᠤ ᠬᠤᠯᠪᠣᠭᠳᠠᠵᠤ ᠵᠠᠰᠠᠪᠤᠷᠢ ᠣᠷᠣᠭᠤᠯᠬᠤ ᠴᠢᠬᠤᠯᠠ ᠲᠠᠢ | ᠪᠣᠯᠣᠭᠰᠠᠨ︔ | ︵ᠳᠥᠷᠪᠡ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠪᠠᠶᠢᠳᠠᠯ᠃ | ᠲᠠᠪᠢᠨ ᠭᠤᠷᠪᠠᠳᠤᠭᠠᠷ ᠵᠦᠢᠯ ᠰᠤᠮᠤ ᠰᠢᠶᠠᠩ᠂ ᠭᠠᠴᠠᠭ᠎ᠠ ᠲᠣᠰᠬᠤᠨ ᠤ ᠲᠥᠯᠥᠪᠵᠢᠭᠦᠯᠭᠡ ᠳᠤ ᠵᠠᠰᠠᠪᠤᠷᠢ | ᠣᠷᠣᠭᠤᠯᠬᠤ ᠳᠤ ᠲᠤᠰ ᠳᠦᠷᠢᠮ ᠤᠨ ᠬᠤᠷᠢᠨ ᠨᠢᠭᠡᠳᠦᠭᠡᠷ ᠵᠦᠢᠯ ᠤᠨ ᠲᠣᠭᠲᠠᠭᠠᠯ ᠳᠠᠬᠢ ᠬᠢᠨᠠᠨ ᠵᠥᠪᠰᠢᠶᠡᠷᠡᠬᠦ ᠳᠠᠷᠠᠭᠠᠯᠠᠯ | ᠶᠣᠰᠣᠭᠠᠷ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠢ᠃ | ᠲᠠᠪᠤᠳᠤᠭᠠᠷ ᠪᠦᠯᠦᠭ ᠬᠢᠨᠠᠯᠳᠠ ᠳᠠᠯᠪᠢᠨ ᠪᠠᠶᠢᠴᠠᠭᠠᠬᠤ | ᠲᠠᠪᠢᠨ ᠲᠦᠷᠪᠡᠳᠦᠭᠡᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠬᠤᠲᠠ ᠬᠥᠳᠡᠭᠡ ᠶᠢᠨ | ᠲᠥᠯᠥᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ ᠢᠶᠠᠨ ᠲᠤᠰ ᠱᠠᠲᠤᠨ ᠤ ᠠᠷᠠᠳ ᠤᠨ ᠲᠥᠯᠤᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠪᠤᠶᠤ ᠰᠤᠮᠤ ᠰᠢᠶᠠᠩ ᠪᠠᠯᠭᠠᠰᠤᠨ ᠤ ᠠᠷᠠᠳ ᠤᠨ ᠲᠥᠯᠦᠭᠡᠯᠡᠭᠴᠢᠳ ᠤᠨ ᠶᠡᠭᠡ | ᠬᠤᠷᠠᠯ ᠳᠤ ᠮᠡᠳᠡᠭᠦᠯᠬᠦ ᠶᠢᠨ ᠬᠠᠮᠲᠤ ᠬᠢᠨᠠᠯᠲᠠ ᠶᠢ ᠨᠢ ᠬᠦᠯᠢᠶᠡᠬᠦ ᠬᠡᠷᠡᠭᠲᠡᠢ᠃ | ᠲᠠᠪᠢᠨ ᠲᠠᠪᠤᠳᠤᠭᠠᠷ ᠵᠦᠢᠯ ᠥᠪᠡᠷᠳᠡᠭᠡᠨ ᠵᠠᠰᠠᠭᠤ ᠤᠷᠤᠨ ᠤ ᠠᠷᠠᠳ ᠤᠨ ᠵᠠᠰᠠᠭ ᠤᠨ ᠣᠷᠳᠣᠨ ᠬᠤᠲᠠ | ᠬᠥᠳᠡᠭᠡ ᠶᠢᠨ ᠲᠥᠯᠥᠪᠵᠢᠭᠦᠯᠭᠡ ᠶᠢ ᠬᠢᠨᠠᠨ ᠪᠠᠶᠢᠴᠠᠭᠠᠭᠴᠢ ᠶᠢᠨ ᠳᠦᠷᠢᠮ ᠢ ᠪᠠᠶᠢᠭᠤᠯᠬᠤ ᠬᠡᠷᠡᠭᠲᠡᠢ᠃ ᠬᠤᠲᠠ | ᠬᠥᠳᠡᠭᠡ ᠶᠢᠨ ᠲᠥᠯᠥᠪᠵᠢᠭᠦᠯᠭᠡ ᠶᠢᠨ ᠪᠠᠶᠢᠴᠠᠭᠠᠭᠴᠢ ᠶᠢ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ | ᠶᠣᠰᠣᠭᠠᠷ ᠲᠣᠮᠢᠯᠠᠵᠤ᠂ ᠰᠠᠭᠤᠭ᠎ᠠ ᠭᠠᠵᠠᠷ ᠤᠨ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠨᠠᠶᠢᠷᠠᠭᠤᠯᠬᠤ᠂ ᠬᠢᠨᠠᠨ | ᠵᠥᠪᠰᠢᠶᠡᠷᠡᠬᠦ᠂ ᠵᠠᠰᠠᠪᠤᠷᠢ ᠣᠷᠣᠭᠤᠯᠬᠤ ᠪᠠ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ ᠳᠠᠯᠪᠢᠨ᠎ᠠ᠃ | ᠲᠠᠪᠢᠨ ᠵᠢᠷᠭᠤᠳᠤᠭᠠᠷ ᠵᠦᠢᠯ ᠬᠤᠲᠠ ᠬᠥᠳᠡᠭᠡ ᠶᠢᠨ ᠲᠥᠯᠥᠪᠵᠢᠭᠦᠯᠭᠡ ᠶᠢ ᠭᠤᠣᠯᠯᠠᠨ ᠬᠠᠮᠢᠶᠠᠷᠬᠤ ᠰᠠᠯᠠᠭ᠎ᠠ | ᠮᠥᠴᠢᠷ ᠬᠤᠲᠠ ᠬᠥᠳᠡᠭᠡ ᠶᠢᠨ ᠲᠥᠯᠥᠪᠵᠢᠭᠦᠯᠭᠡ ᠶᠢ ᠬᠢᠨᠠᠠ ᠪᠠᠶᠢᠴᠠᠭᠠᠬᠤ᠂ ᠮᠡᠳᠡᠭᠡ ᠵᠠᠩᠭᠢ ᠶᠢ ᠢᠯᠠ ᠪᠣᠯᠭᠠᠬᠤ᠂ | ᠪᠠᠶᠢᠴᠠᠭᠠᠨ ᠯᠠᠪᠯᠠᠬᠤ ᠳᠦᠷᠢᠮ ᠢ ᠪᠠᠶᠢᠭᠤᠯᠵᠤ᠂ ᠪᠦᠲᠦᠭᠡᠨ ᠪᠠᠶᠢᠭᠤᠯᠬᠤ ᠪᠠᠷᠢᠯᠭ᠎ᠠ ᠶᠢᠨ ᠲᠥᠯᠥᠪᠵᠢᠭᠦᠯᠭᠡ ᠶᠢᠨ | ᠵᠥᠪᠰᠢᠶᠡᠷᠡᠯ ᠤᠨ ᠦᠨᠡᠮᠯᠡᠯ ᠢ ᠬᠢᠨᠠᠨ ᠲᠠᠷᠬᠠᠭᠠᠭᠰᠠᠨ ᠪᠠᠶᠢᠳᠠᠯ ᠢ ᠬᠠᠤᠯᠢ ᠶᠣᠰᠣᠭᠠᠷ ᠨᠡᠶᠢᠲᠡᠯᠡᠵᠦ᠂ ᠠᠰᠢᠭ ᠲᠤᠰᠠ ᠶᠢᠨ | ᠬᠠᠷᠢᠴᠠᠭ᠎ᠠ ᠲᠠᠢ ᠬᠥᠮᠥᠨ ᠪᠠ ᠣᠯᠠᠨ ᠲᠦᠮᠡᠨ ᠤ ᠬᠢᠨᠠᠯᠲᠠ ᠳᠠᠯᠪᠢᠵᠣ ᠪᠠᠶᠢᠴᠠᠭᠠᠨ ᠦᠵᠡᠭᠦ ᠳᠤ ᠳᠥᠭᠦᠮ ᠦᠵᠡᠭᠦᠯᠬᠦ | ᠬᠡᠷᠡᠭᠳᠡᠢ᠃ | ᠲᠠᠪᠢᠨ ᠲᠤᠯᠤᠳᠤᠭᠠᠷ ᠵᠦᠢᠯ ᠬᠤᠲᠠ ᠬᠥᠳᠡᠭᠡ ᠶᠢᠨ ᠲᠥᠯᠥᠪᠵᠢᠭᠦᠯᠭᠡ ᠶᠢ ᠭᠤᠣᠯᠯᠠᠨ ᠬᠠᠮᠢᠶᠠᠷᠬᠤ ᠰᠠᠯᠠᠭ᠎ᠠ | ᠮᠥᠴᠢᠷ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠳᠦᠷᠢᠮ ᠢ ᠪᠠᠶᠢᠭᠤᠯᠵᠤ᠂ ᠲᠤᠰ ᠵᠠᠰᠠᠭ ᠵᠠᠬᠢᠷᠭᠠᠨ ᠤ ᠣᠷᠣᠨ ᠤ | ᠳᠣᠲᠣᠷᠠᠬᠢ ᠡᠯ᠎ᠡ ᠵᠦᠢᠯ ᠤᠨ ᠪᠦᠲᠦᠭᠡᠨ ᠪᠠᠶᠢᠭᠤᠯᠬᠤ ᠠᠵᠢᠯᠯᠠᠭ᠎ᠠ ᠳᠤ ᠬᠤᠲᠠ ᠬᠥᠳᠡᠭᠡ ᠶᠢᠨ ᠲᠥᠯᠥᠪᠵᠢᠭᠦᠯᠭᠡ ᠶᠢᠨ | ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠵᠦ᠂ ᠬᠤᠲᠠ ᠬᠥᠳᠡᠭᠡ ᠶᠢᠨ ᠲᠥᠯᠥᠪᠵᠢᠭᠦᠯᠭᠡ ᠶᠢᠨ | ᠬᠠᠮᠢᠶᠠᠷᠤᠯᠲᠠ ᠠᠴᠠ ᠵᠥᠷᠢᠴᠡᠭᠰᠡᠨ ᠪᠦᠲᠦᠭᠡᠨ ᠪᠠᠶᠢᠭᠤᠯᠬᠤ ᠠᠵᠢᠯᠯᠠᠭ᠎ᠠ ᠶᠢ ᠴᠠᠭ ᠲᠤᠬᠠᠢ ᠳᠤᠨᠢ ᠬᠤᠷᠢᠭᠯᠠᠨ ᠵᠣᠭᠰᠣᠭᠠᠬᠤ | ᠬᠡᠷᠡᠭᠲᠡᠢ᠃ | ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠬᠤᠲᠠ ᠬᠥᠳᠡᠭᠡ ᠶᠢᠨ ᠲᠥᠯᠥᠪᠵᠢᠭᠦᠯᠭᠡ ᠶᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠲᠤᠰ ᠬᠠᠷᠢᠶᠠᠨ | ᠳᠣᠲᠣᠷᠠᠬᠢ ᠬᠠᠤᠯᠢ ᠠᠴᠠ ᠵᠥᠷᠢᠴᠡᠭᠰᠡᠨ ᠪᠦᠲᠦᠭᠡᠨ ᠪᠠᠶᠢᠭᠤᠯᠤᠯᠲᠠ ᠶᠢ ᠪᠠᠶᠢᠴᠠᠭᠠᠨ ᠰᠢᠢᠳᠪᠦᠷᠢᠯᠡᠬᠦ ᠠᠵᠢᠯᠯᠠᠭ᠎ᠠ ᠲᠠᠢ | ᠬᠠᠮᠵᠢᠯᠴᠠᠬᠤ ᠬᠡᠷᠡᠭᠲᠡᠢ᠃ | ᠲᠠᠪᠢᠨ ᠨᠠᠢᠮᠠᠳᠤᠭᠠᠷ ᠵᠦᠢᠯ ᠶᠠᠮᠠᠷᠪᠠ ᠨᠢᠭᠡᠴᠡ ᠪᠠ ᠬᠤᠪᠢ ᠬᠥᠮᠥᠨ ᠴᠦᠮ ᠬᠤᠲᠠ ᠶᠢᠨ ᠲᠥᠯᠥᠪᠵᠢᠭᠦᠯᠭᠡ ᠶᠢ | ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠬᠤᠲᠠ | ᠬᠥᠳᠡᠭᠡ ᠶᠢᠨ ᠲᠥᠯᠥᠪᠵᠢᠭᠦᠯᠭᠡ ᠠᠴᠠ ᠵᠥᠷᠢᠴᠡᠭᠰᠡᠨ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠪᠤᠶᠤ ᠵᠠᠭᠠᠯᠳᠤᠬᠤ | ᠡᠷᠬᠡ ᠲᠠᠢ᠃ | ᠬᠤᠲᠠ ᠬᠥᠳᠡᠭᠡ ᠶᠢᠨ ᠲᠥᠯᠥᠪᠵᠢᠭᠦᠯᠭᠡ ᠶᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠪᠤᠰᠤᠳ | ᠬᠤᠯᠪᠣᠭᠳᠠᠯ ᠪᠦᠬᠦᠢ ᠰᠠᠯᠠᠭ᠎ᠠ ᠮᠥᠴᠢᠷ ᠢᠯᠡᠴᠢᠯᠡᠨ ᠮᠡᠳᠡᠭᠦᠯᠦᠯᠲᠡ ᠪᠤᠶᠤ ᠵᠠᠭᠠᠯᠳᠤᠯᠭ᠎ᠠ ᠶᠢ ᠴᠠᠭ ᠳᠣᠬᠠᠢ ᠳᠤᠨᠢ ᠬᠦᠯᠢᠶᠡᠨ | ᠠᠪᠴᠤ ᠰᠢᠢᠳᠪᠦᠷᠢᠯᠡᠬᠦ ᠶᠢᠨ ᠬᠠᠮᠲᠤ ᠬᠢᠨᠠᠨ ᠪᠠᠶᠢᠴᠠᠭᠠᠬᠤ ᠪᠠ ᠰᠢᠢᠳᠪᠦᠷᠢᠯᠡᠬᠦ ᠶᠢ ᠵᠤᠬᠢᠶᠠᠨ ᠪᠠᠶᠢᠭᠤᠯᠬᠤ ᠬᠡᠷᠡᠭᠲᠡᠢ︔ | ᠬᠢᠨᠠᠨ ᠪᠠᠶᠢᠴᠠᠭᠠᠭᠰᠠᠨ ᠪᠠ ᠰᠢᠢᠳᠪᠦᠷᠢᠯᠡᠭᠰᠡᠨ ᠦᠷ᠎ᠡ ᠳ᠋ᠦᠩ ᠢᠶᠠᠨ ᠨᠡᠶᠢᠲᠡᠯᠡᠬᠦ ᠶᠢᠨ ᠬᠠᠮᠲᠤ ᠢᠯᠡᠴᠢᠯᠡᠨ ᠮᠡᠳᠡᠭᠦᠯᠦᠭᠰᠡᠳ | ᠪᠠ ᠵᠠᠭᠠᠯᠳᠤᠭᠰᠠᠳ ᠲᠤ ᠮᠡᠳᠡᠭᠳᠡᠬᠦ ᠬᠡᠷᠡᠭᠲᠡᠢ᠃ | ᠵᠢᠷᠭᠤᠳᠤᠭᠠᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ | ᠲᠠᠪᠢ ᠶᠢᠰᠦᠳᠦᠭᠡᠷ ᠵᠦᠢᠯ ᠲᠤᠰ ᠳᠦᠷᠢᠮ ᠤᠨ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢᠨ ᠲᠤᠬᠠᠢ ︽ | ᠪᠦᠭᠦᠳᠡ ᠨᠠᠶᠢᠷᠠᠮᠳᠠᠭᠤ ᠳᠤᠮᠳᠠᠳᠤ ᠠᠷᠠᠳ ᠤᠯᠤᠰ ᠤᠨ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠬᠠᠤᠯᠢ︾ ᠪᠠ | ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠨᠢᠭᠡᠨᠲᠡ ᠪᠣᠳᠠᠲᠠᠢ ᠰᠢᠢᠳᠬᠡᠨ ᠲᠣᠷᠭᠠᠬᠤ | ᠲᠣᠭᠲᠠᠭᠠᠯ ᠲᠣᠭᠲᠠᠭᠠᠭᠰᠠᠨ ᠪᠣᠯ ᠲᠡᠷᠡ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | ᠵᠢᠷᠠᠳᠤᠭᠠᠷ ᠵᠦᠢᠯ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠶᠠᠨ ᠤ ᠱᠠᠲᠤᠨ ᠠᠴᠠ | ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠬᠤᠲᠠ ᠬᠥᠳᠡᠭᠡ ᠶᠢᠨ ᠲᠥᠯᠥᠪᠵᠢᠭᠦᠯᠭᠡ ᠶᠢ ᠨᠠᠶᠢᠷᠠᠭᠤᠯᠬᠤ ᠶᠣᠰᠣᠲᠠᠢ | ᠪᠠᠶᠢᠲᠠᠯ᠎ᠠ ᠨᠠᠶᠢᠷᠠᠭᠤᠯᠤᠭᠰᠠᠨ ᠦᠭᠡᠢ ᠪᠤᠶᠤ ᠬᠠᠤᠯᠢ ᠳᠤ ᠲᠣᠭᠲᠠᠭᠠᠭᠰᠠᠨ ᠳᠠᠷᠠᠭᠠᠯᠠᠯ ᠶᠣᠰᠣᠭᠠᠷ ᠨᠠᠶᠢᠷᠠᠭᠤᠯᠵᠤ᠂ ᠬᠢᠨᠠᠨ | ᠵᠥᠪᠰᠢᠶᠡᠷᠡᠭᠦᠯᠵᠦ᠂ ᠵᠠᠰᠠᠪᠤᠷᠢ ᠣᠷᠣᠭᠤᠯᠤᠭᠰᠠᠨ ᠦᠭᠡᠢ ᠪᠣᠯ ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ | ᠵᠠᠷᠯᠢᠭᠳᠠᠨ ᠵᠠᠯᠠᠷᠠᠭᠤᠯᠬᠤ ᠶᠢᠨ ᠬᠠᠮᠲᠤ ᠵᠠᠷᠯᠠᠨ ᠰᠢᠭᠦᠮᠵᠢᠯᠡᠨ᠎ᠡ︔ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ | ᠪᠦᠬᠦᠢ ᠬᠠᠷᠢᠭᠤᠴᠠᠯᠭᠠᠲᠠᠨ ᠪᠠ ᠪᠤᠰᠤᠳ ᠰᠢᠭᠤᠳ ᠬᠠᠷᠢᠭᠤᠴᠠᠯᠭ᠎ᠠ ᠲᠠᠢ ᠬᠥᠮᠥᠰ ᠲᠤ ᠬᠠᠤᠯᠢ ᠶᠣᠰᠣᠭᠠᠷ ᠰᠢᠢᠳᠬᠡᠯ | ᠦᠭᠭᠦᠨ᠎ᠡ᠃ | ᠵᠢᠷᠠᠨ ᠨᠢᠭᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠬᠤᠲᠠ ᠬᠥᠳᠡᠭᠡ ᠶᠢᠨ ᠲᠥᠯᠥᠪᠵᠢᠭᠦᠯᠭᠡ ᠶᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠬᠤᠯᠪᠣᠭᠳᠠᠯ ᠪᠦᠬᠦᠢ | ᠰᠠᠯᠠᠭ᠎ᠠ ᠮᠥᠴᠢᠷ ᠳᠣᠣᠷᠠᠬᠢ ᠠᠵᠢᠯᠯᠠᠭ᠎ᠠ ᠶᠢᠨ ᠨᠢᠭᠡ ᠨᠢ ᠪᠠᠶᠢᠪᠠᠯ᠂ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ᠂ | ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠤᠲᠠ ᠬᠥᠳᠡᠭᠡ ᠶᠢᠨ ᠲᠥᠯᠥᠪᠵᠢᠭᠦᠯᠭᠡ ᠶᠢ ᠭᠤᠣᠯᠯᠠᠨ | ᠬᠠᠮᠢᠶᠠᠷᠬᠤ ᠰᠠᠯᠠᠭ᠎ᠠ ᠮᠥᠴᠢᠷ ᠪᠤᠶᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠢᠨᠠᠨ ᠪᠠᠶᠢᠴᠠᠭᠠᠬᠤ ᠪᠠᠶᠢᠭᠤᠯᠭ᠎ᠠ | ᠲᠤᠰᠢᠶᠠᠯ ᠬᠠᠷᠢᠭᠤᠴᠠᠯᠭ᠎ᠠ ᠶᠣᠰᠣᠭᠠᠷ ᠵᠠᠷᠯᠢᠭᠳᠠᠨ ᠵᠠᠯᠠᠷᠠᠭᠤᠯᠵᠤ᠂ ᠵᠠᠷᠯᠠᠨ ᠰᠢᠭᠦᠮᠵᠢᠯᠡᠨ᠎ᠡ︔ ᠰᠢᠭᠤᠳ | ᠬᠠᠷᠢᠭᠤᠴᠠᠯᠭ᠎ᠠ ᠲᠠᠢ ᠭᠤᠣᠯᠯᠠᠨ ᠬᠠᠮᠢᠶᠠᠷᠤᠭᠴᠢ ᠪᠠ ᠪᠤᠰᠤᠳ ᠰᠢᠭᠤᠳ ᠬᠠᠷᠢᠭᠤᠴᠠᠯᠭ᠎ᠠ ᠲᠠᠢ ᠬᠥᠮᠥᠰ ᠲᠤ ᠬᠠᠤᠯᠢ | ᠶᠣᠰᠣᠭᠠᠷ ᠰᠢᠢᠳᠬᠡᠯ ᠦᠭᠭᠦᠨ᠎ᠠ︔ ᠶᠠᠯ᠎ᠠ ᠳᠤ ᠬᠦᠷᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠡᠷᠡᠭ ᠤᠨ | ᠬᠠᠷᠢᠭᠤᠴᠠᠯᠭ᠎ᠠ ᠨᠡᠬᠡᠮᠵᠢᠯᠡᠨ᠎ᠡ᠄ | ︵ᠨᠢᠭᠡ︶ ᠬᠠᠤᠯᠢ ᠳᠤ ᠲᠣᠭᠲᠠᠭᠠᠭᠰᠠᠨ ᠡᠷᠬᠡ ᠶᠢᠨ ᠬᠢᠵᠠᠭᠠᠷ᠂ ᠦᠨᠳᠦᠰᠦᠯᠡᠯ᠂ ᠳᠠᠷᠠᠭᠠᠯᠠᠯ ᠶᠣᠰᠣᠭᠠᠷ ᠬᠤᠲᠠ | ᠬᠥᠳᠡᠭᠡ ᠶᠢᠨ ᠲᠥᠯᠥᠪᠵᠢᠭᠦᠯᠭᠡ ᠪᠤᠶᠤ ᠲᠤᠰᠬᠠᠢ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠬᠤ ᠪᠤᠶᠤ | ᠵᠠᠰᠠᠪᠤᠷᠢ ᠣᠷᠣᠭᠤᠯᠤᠭᠰᠠᠨ ᠦᠭᠡᠢ︔ | ︵ᠬᠤᠶᠠᠷ︶ ᠭᠠᠵᠠᠷ ᠰᠣᠩᠭᠤᠬᠤ ᠰᠠᠨᠠᠯ ᠤᠨ ᠪᠢᠴᠢᠭ᠂ ᠲᠥᠯᠥᠪᠵᠢᠭᠦᠯᠭᠡ ᠶᠢᠨ ᠨᠥᠬᠦᠴᠡᠯ ᠤᠨ ᠪᠢᠴᠢᠭ᠂ | ᠪᠦᠲᠦᠭᠡᠨ ᠪᠠᠶᠢᠭᠤᠯᠤᠯᠲᠠ ᠶᠢᠨ ᠭᠠᠵᠠᠷ ᠬᠡᠷᠡᠭᠯᠡᠬᠦ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ᠂ ᠪᠦᠲᠦᠭᠡᠨ | ᠪᠠᠶᠢᠭᠤᠯᠬᠤ ᠪᠠᠷᠢᠯᠭ᠎ᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ᠂ ᠰᠣᠮᠣ ᠰᠢᠶᠠᠩ ᠭᠠᠴᠠᠭ᠎ᠠ ᠲᠣᠰᠬᠤᠨ ᠤ | ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ᠂ ᠪᠦᠲᠦᠭᠡᠨ ᠪᠠᠶᠢᠭᠤᠯᠬᠤ | ᠪᠠᠷᠢᠯᠭ᠎ᠠ ᠶᠢᠨ ᠪᠠᠷᠢᠯᠭ᠎ᠠ ᠳᠠᠭᠤᠰᠴᠦ ᠲᠥᠯᠥᠪᠵᠢᠭᠦᠯᠭᠡ ᠶᠢ ᠬᠢᠨᠠᠨ ᠰᠢᠯᠭᠠᠭᠠᠳ ᠬᠢᠷᠢ ᠲᠡᠩᠴᠡᠭᠰᠡᠨ ᠦᠨᠡᠮᠯᠡᠯ ᠵᠡᠷᠭᠡ ᠶᠢ | ᠬᠠᠤᠯᠢ ᠶᠣᠰᠣᠭᠠᠷ ᠬᠢᠨᠠᠨ ᠲᠠᠷᠬᠠᠭᠠᠭᠰᠠᠨ ᠦᠭᠡᠢ︔ | ︵ᠭᠤᠷᠪᠠ︶ ᠬᠢᠨᠠᠨ ᠲᠣᠭᠲᠠᠭᠠᠭᠰᠠᠨ ᠵᠠᠰᠠᠨ ᠪᠠᠶᠢᠭᠤᠯᠬᠤ ᠴᠢᠨᠠᠷᠲᠠᠢ ᠨᠠᠷᠢᠨ ᠲᠥᠯᠥᠪᠵᠢᠭᠦᠯᠭᠡ᠂ ᠪᠦᠲᠦᠭᠡᠨ | ᠪᠠᠶᠢᠭᠤᠯᠬᠤ ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠲᠥᠰᠥᠯ ᠤᠨ ᠶᠡᠷᠦᠩᠬᠡᠢ ᠬᠠᠪᠲᠠᠭᠠᠢ ᠵᠢᠷᠤᠭ ᠢ ᠬᠠᠤᠯᠢ ᠶᠣᠰᠣᠭᠠᠷ | ᠨᠡᠶᠢᠲᠡᠯᠡᠭᠰᠡᠨ ᠦᠭᠡᠢ︔ | ︵ᠳᠥᠷᠪᠡ︶ ᠲᠥᠯᠥᠪᠵᠢᠭᠦᠯᠭᠡ ᠶᠢᠨ ᠨᠥᠬᠦᠴᠡᠯ ᠢᠶᠠᠷ ᠬᠢᠨᠠᠨ ᠬᠠᠷᠭᠤᠭᠤᠯᠤᠭᠰᠠᠨ ᠦᠭᠡᠢ ᠪᠤᠶᠤ ᠬᠢᠨᠠᠨ | ᠬᠠᠷᠭᠤᠭᠤᠯᠤᠭᠠᠳ ᠱᠠᠭᠠᠷᠳᠠᠯᠭ᠎ᠠ ᠳᠤ ᠨᠡᠶᠢᠴᠡᠭᠰᠡᠨ ᠦᠭᠡᠢ ᠪᠦᠲᠦᠭᠡᠨ ᠪᠠᠶᠢᠭᠤᠯᠬᠤ ᠲᠥᠷᠥᠯ ᠵᠦᠢᠯ ᠳᠤ ᠥᠮᠴᠢᠯᠡᠬᠦ | ᠡᠷᠬᠡ ᠶᠢ ᠳᠠᠩᠰᠠᠯᠠᠬᠤ ᠭᠠᠷᠳᠠᠮ ᠭᠦᠢᠴᠡᠳᠬᠡᠨ ᠦᠭᠭᠦᠭᠰᠡᠨ︔ | ︵ᠲᠠᠪᠤ︶ ᠬᠠᠤᠯᠢ ᠠᠴᠠ ᠵᠥᠷᠢᠴᠡᠭᠰᠡᠨ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠠᠵᠢᠯᠯᠠᠭ᠎ᠠ ᠶᠢ ᠴᠠᠭ | ᠳᠠᠷᠤᠢ ᠳᠤᠨᠢ ᠪᠠᠶᠢᠴᠠᠭᠠᠨ ᠰᠢᠢᠳᠪᠦᠷᠢᠯᠡᠭᠰᠡᠨ ᠦᠭᠡᠢ ᠪᠤᠶᠤ ᠢᠯᠡᠴᠢᠯᠡᠨ ᠮᠡᠳᠡᠭᠦᠯᠦᠯᠳᠡ᠂ ᠵᠠᠯᠭᠠᠯᠳᠤᠭ᠎ᠠ ᠶᠢ ᠬᠦᠯᠢᠶᠡᠨ | ᠠᠪᠤᠭᠰᠠᠨ ᠤ ᠳᠠᠷᠠᠭ᠎ᠠ ᠬᠠᠤᠯᠢ ᠶᠣᠰᠣᠭᠠᠷ ᠰᠢᠢᠳᠪᠦᠷᠢᠯᠡᠭᠰᠡᠨ ᠦᠭᠡᠢ︔ | ︵ᠵᠢᠷᠭᠤᠭ᠎ᠠ︶ ᠠᠯᠪᠠᠨ ᠲᠤᠰᠢᠶᠠᠯ ᠳᠠᠭᠠᠨ ᠠᠯᠮᠠᠶᠢᠷᠠᠨ ᠣᠰᠣᠯᠳᠠᠭᠰᠠᠨ᠂ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ | ᠬᠡᠷᠡᠭᠯᠡᠭᠰᠡᠨ᠂ ᠬᠤᠪᠢ ᠶᠢᠨ ᠨᠠᠶᠢᠷ ᠢᠶᠠᠷ ᠬᠠᠤᠯᠢ ᠠᠴᠠ ᠵᠥᠷᠢᠴᠡᠭᠰᠡᠨ ᠪᠤᠰᠤᠳ ᠠᠵᠢᠯᠯᠠᠭ᠎ᠠ᠃ | ᠵᠢᠷᠠᠨ ᠬᠤᠶᠠᠳᠤᠭᠠᠷ ᠵᠦᠢᠯ ᠬᠤᠲᠠ ᠬᠥᠳᠡᠭᠡ ᠶᠢᠨ ᠲᠥᠯᠥᠪᠵᠢᠭᠦᠯᠭᠡ ᠶᠢ ᠨᠠᠶᠢᠷᠠᠭᠤᠯᠤᠭᠰᠠᠨ ᠨᠢᠭᠡᠴᠡ ᠤᠯᠤᠰ᠂ | ᠥᠪᠡᠷᠳᠡᠭᠡᠨ ᠵᠠᠰᠠᠭᠤ ᠤᠷᠤᠨ ᠤ ᠬᠠᠮᠢᠶ᠎ᠠ ᠪᠦᠬᠦᠢ ᠮᠡᠷᠭᠡᠵᠢᠯ ᠤᠨ ᠪᠠᠷᠢᠮᠵᠢᠶ᠎ᠠ᠂ ᠵᠢᠷᠤᠮᠵᠢᠯ᠂ ᠲᠣᠭᠲᠠᠭᠠᠯ ᠠᠴᠠ ᠵᠥᠷᠢᠴᠡᠵᠦ | ᠬᠤᠲᠠ ᠬᠥᠳᠡᠭᠡ ᠶᠢᠨ ᠲᠥᠯᠥᠪᠵᠢᠭᠦᠯᠭᠡ ᠶᠢ ᠨᠠᠶᠢᠷᠠᠭᠤᠯᠤᠭᠰᠠᠨ ᠪᠤᠶᠤ ᠲᠥᠯᠥᠪᠵᠢᠭᠦᠯᠭᠡ ᠶᠢᠨ ᠨᠥᠬᠦᠴᠡᠯ ᠠᠴᠠ | ᠵᠥᠷᠢᠴᠡᠵᠦ ᠵᠠᠰᠠᠨ ᠪᠠᠶᠢᠭᠤᠯᠬᠤ ᠴᠢᠨᠠᠷᠲᠠᠢ ᠨᠠᠷᠢᠨ ᠲᠥᠯᠥᠪᠵᠢᠭᠦᠯᠭᠡ ᠨᠠᠶᠢᠷᠠᠭᠤᠯᠤᠭᠰᠠᠨ ᠪᠠᠶᠢᠪᠠᠯ᠂ ᠪᠠᠶᠢᠭ᠎ᠠ ᠭᠠᠵᠠᠷ ᠤᠨ | ᠬᠤᠲᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠬᠤᠲᠠ ᠬᠥᠳᠡᠭᠡ ᠶᠢᠨ ᠲᠥᠯᠥᠪᠵᠢᠭᠦᠯᠭᠡ ᠶᠢ | ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠵᠠᠯᠠᠷᠠᠭᠤᠯᠵᠤ᠂ | ᠭᠡᠷ᠎ᠡ ᠳᠤ ᠲᠣᠭᠲᠠᠭᠠᠭᠰᠠᠨ ᠲᠥᠯᠥᠪᠵᠢᠭᠦᠯᠭᠡ ᠶᠢ ᠨᠠᠶᠢᠷᠠᠭᠤᠯᠬᠤ ᠰᠦᠢᠳᠬᠡᠯ ᠤᠨ ᠨᠢᠭᠡ ᠳᠠᠬᠢᠨ ᠠᠴᠠ ᠳᠡᠭᠡᠭᠰᠢ ᠬᠤᠶᠠᠷ | ᠳᠠᠬᠢᠨ ᠠᠴᠠ ᠳᠣᠷᠤᠭᠰᠢ ᠵᠣᠭᠤᠰ ᠢᠶᠠᠷ ᠲᠣᠷᠭᠠᠨ᠎ᠠ︔ ᠪᠠᠶᠢᠳᠠᠯ ᠨᠢ ᠬᠦᠨᠳᠦ ᠨᠣᠴᠢᠲᠠᠢ ᠪᠠᠶᠢᠪᠠᠯ ᠵᠠᠷᠯᠢᠭᠳᠠᠵᠤ ᠪᠠᠶᠢᠭᠠᠳ | ᠠᠵᠢᠯ ᠢ ᠨᠢ ᠵᠣᠭᠰᠣᠭᠠᠵᠤ ᠴᠡᠭᠴᠡᠯᠡᠨ᠎ᠡ᠂ ᠤᠤᠯ ᠤᠨ ᠦᠨᠡᠮᠯᠡᠯ ᠲᠠᠷᠬᠠᠭᠠᠭᠰᠠᠨ ᠪᠠᠶᠢᠭᠤᠯᠭ᠎ᠠ ᠠᠴᠠ ᠬᠢᠷᠢ ᠬᠡᠮ ᠤᠨ ᠵᠡᠷᠭᠡ | ᠲᠡᠰ ᠢ ᠨᠢ ᠪᠠᠭᠤᠷᠠᠭᠤᠯᠬᠤ ᠪᠤᠶᠤ ᠬᠢᠷᠢ ᠬᠡᠮ ᠤᠨ ᠦᠨᠡᠮᠯᠡᠯ ᠢ ᠨᠢ ᠬᠤᠷᠢᠶᠠᠨ ᠠᠪᠤᠨ᠎ᠠ︔ ᠬᠤᠬᠢᠷᠠᠯ ᠤᠴᠠᠷᠠᠭᠤᠯᠤᠭᠰᠠᠨ | ᠪᠠᠶᠢᠪᠠᠯ ᠬᠠᠤᠯᠢ ᠶᠣᠰᠣᠭᠠᠷ ᠲᠥᠯᠥᠬᠦ ᠬᠠᠷᠢᠭᠤᠴᠠᠯᠭ᠎ᠠ ᠨᠡᠬᠡᠮᠵᠢᠯᠡᠨ᠎ᠡ᠃ | ᠵᠢᠷᠠᠨ ᠭᠤᠷᠪᠠᠳᠤᠭᠠᠷ ᠵᠦᠢᠯ ᠪᠠᠷᠢᠯᠭ᠎ᠠ ᠶᠢ ᠵᠢᠷᠤᠵᠤ ᠲᠥᠯᠥᠪᠯᠡᠬᠦ ᠨᠢᠭᠡᠴᠡ ᠲᠥᠯᠥᠪᠵᠢᠭᠦᠯᠭᠡ ᠶᠢᠨ | ᠨᠥᠬᠦᠴᠡᠯ ᠠᠴᠠ ᠵᠥᠷᠢᠴᠡᠵᠦ᠂ ᠪᠦᠲᠦᠭᠡᠨ ᠪᠠᠶᠢᠭᠤᠯᠬᠤ ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠲᠥᠰᠥᠯ ᠪᠠ | ᠪᠠᠷᠢᠯᠭ᠎ᠠ ᠶᠢᠨ ᠵᠢᠷᠤᠭ ᠢ ᠨᠠᠶᠢᠷᠠᠭᠤᠯᠤᠭᠰᠠᠨ ᠪᠠᠶᠢᠪᠠᠯ᠂ ᠪᠠᠶᠢᠭ᠎ᠠ ᠭᠠᠵᠠᠷ ᠤᠨ ᠬᠤᠲᠠ᠂ ᠬᠤᠰᠢᠭᠤ ᠰᠢᠶᠠᠨ ᠤ ᠠᠷᠠᠳ ᠤᠨ | ᠵᠠᠰᠠᠭ ᠤᠨ ᠣᠷᠳᠣᠨ ᠤ ᠬᠤᠲᠠ ᠬᠥᠳᠡᠭᠡ ᠶᠢᠨ ᠲᠥᠯᠥᠪᠵᠢᠭᠦᠯᠭᠡ ᠶᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ | ᠵᠠᠷᠯᠢᠭᠳᠠᠵᠤ ᠬᠤᠭᠤᠴᠠᠭ᠎ᠠ ᠬᠢᠵᠠᠭᠠᠷᠯᠠᠨ ᠵᠠᠯᠠᠷᠠᠭᠤᠯᠤᠨ᠎ᠠ︔ ᠪᠠᠶᠢᠳᠠᠯ ᠨᠢ ᠬᠦᠨᠳᠦ ᠨᠣᠴᠢᠲᠠᠢ ᠪᠣᠯ ᠭᠡᠷ᠎ᠡ ᠳᠤ ᠪᠣᠯᠵᠣᠭᠰᠠᠨ | ᠵᠢᠷᠤᠭ ᠲᠥᠯᠥᠪᠯᠡᠭᠡ ᠶᠢᠨ ᠰᠦᠢᠳᠬᠡᠯ ᠤᠨ ᠨᠢᠭᠡ ᠳᠠᠬᠢᠨ ᠠᠴᠠ ᠳᠡᠭᠡᠭᠰᠢ ᠬᠤᠶᠠᠷ ᠳᠠᠬᠢᠨ ᠠᠴᠠ ᠳᠣᠷᠣᠭᠰᠢ ᠵᠣᠭᠤᠰ ᠢᠶᠠᠷ | ᠲᠣᠷᠭᠠᠬᠤ ᠶᠢᠨ ᠬᠠᠮᠲᠤ ᠤᠤᠯ ᠤᠨ ᠦᠨᠡᠮᠯᠡᠯ ᠲᠠᠷᠬᠠᠭᠠᠭᠰᠠᠨ ᠪᠠᠶᠢᠭᠤᠯᠭ᠎ᠠ ᠠᠴᠠ ᠬᠢᠷᠢ ᠬᠡᠮ ᠤᠨ ᠦᠨᠡᠮᠯᠡᠯ ᠤᠨ ᠵᠡᠷᠭᠡ | ᠲᠡᠰ ᠢ ᠨᠢ ᠬᠠᠤᠯᠢ ᠶᠣᠰᠣᠭᠠᠷ ᠪᠠᠭᠤᠷᠠᠭᠤᠯᠤᠨ᠎ᠠ᠃ | ᠵᠢᠷᠠᠨ ᠲᠦᠷᠪᠡᠳᠦᠭᠡᠷ ᠵᠦᠢᠯ ᠪᠦᠲᠦᠭᠡᠨ ᠪᠠᠶᠢᠭᠤᠯᠬᠤ ᠨᠢᠭᠡᠴᠡ ᠪᠤᠶᠤ ᠬᠤᠪᠢ ᠬᠥᠮᠥᠨ ᠤᠲᠠᠰᠤ ᠶᠢ ᠬᠢᠨᠠᠨ | ᠰᠢᠯᠭᠠᠭᠰᠠᠨ ᠦᠭᠡᠢ ᠪᠠᠷ ᠳᠤᠷ᠎ᠠ ᠪᠠᠷ ᠢᠶᠠᠨ ᠪᠠᠷᠢᠯᠭ᠎ᠠ ᠡᠬᠢᠯᠡᠭᠦᠯᠦᠨ ᠪᠠᠶᠢᠭᠤᠯᠣᠭᠰᠠᠨ ᠪᠣᠯ ᠪᠦᠲᠦᠭᠡᠨ ᠪᠠᠶᠢᠭᠤᠯᠬᠤ ᠲᠥᠷᠥᠯ | ᠵᠦᠢᠯ ᠤᠨ ᠪᠠᠶᠢᠭ᠎ᠠ ᠭᠠᠵᠠᠷ ᠤᠨ ᠬᠤᠲᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠬᠤᠲᠠ | ᠬᠥᠳᠡᠭᠡ ᠶᠢᠨ ᠲᠥᠯᠥᠪᠵᠢᠭᠦᠯᠭᠡ ᠶᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠪᠦᠲᠦᠭᠡᠨ | ᠪᠠᠶᠢᠭᠤᠯᠤᠯᠲᠠ ᠶᠢ ᠵᠣᠭᠰᠣᠭᠠᠵᠤ᠂ ᠬᠤᠭᠤᠴᠠᠭ᠎ᠠ ᠬᠢᠵᠠᠭᠠᠷᠯᠠᠨ ᠵᠠᠯᠠᠷᠠᠭᠤᠯᠤᠨ᠎ᠠ᠃ | ᠲᠤᠯᠤᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ | ᠵᠢᠷᠠᠨ ᠲᠠᠪᠤᠳᠤᠭᠠᠷ ᠵᠦᠢᠯ ᠲᠤᠰ ᠳᠦᠷᠢᠮ ᠢ 2013 ᠣᠨ ᠤ 7 ᠳ᠋ᠤᠭᠠᠷ ᠰᠠᠷ᠎ᠠ ᠶᠢᠨ 1 ᠤ ᠡᠳᠦᠷ ᠠᠴᠠ | ᠡᠬᠢᠯᠡᠨ ᠬᠡᠷᠡᠭᠵᠢᠭᠦᠯᠦᠨ᠎ᠡ᠃ | |