| | ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ | | 235 ᠳ᠋ᠤᠭᠠᠷ ᠲᠤᠭᠠᠳᠤ | ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠭᠠᠶᠢᠯᠢ ᠲᠠᠲᠠᠪᠤᠷᠢ ᠶᠢ ᠪᠠᠲᠤᠯᠠᠬᠤ ᠠᠷᠭ᠎ᠠ︾ ᠶᠢ | 2018 ᠣᠨ ᠤ 7 ᠳ᠋ᠤᠭᠠᠷ ᠰᠠᠷ᠎ᠠ ᠶᠢᠨ 31 ᠤ ᠡᠳᠦᠷ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ | ᠤᠷᠳᠤᠨ ᠤ 9 ᠳ᠋ᠤᠭᠡᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠦᠪᠯᠡᠵᠦ ᠪᠠᠲᠤᠯᠠᠭᠠᠳ᠂ ᠡᠳᠦᠭᠡ ᠨᠡᠶᠢᠲᠡᠯᠡᠪᠡ᠂ | 2018 ᠣᠨ ᠤ 10 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠥᠪᠡᠷᠲᠡᠭᠡᠨ ᠵᠠᠰᠠᠬᠤ ᠤᠷᠤᠨ ᠤ ᠲᠡᠷᠢᠭᠦᠯᠡᠭᠴᠢ ᠪᠥ᠋ ᠰᠢᠶᠣᠣ ᠯᠢᠨ | 2018 ᠣᠨ ᠤ 8 ᠳ᠋ᠤᠭᠠᠷ ᠰᠠᠷ᠎ᠠ ᠶᠢᠨ 31 ᠤ ᠡᠳᠦᠷ | ᠨᠢᠭᠡᠳᠦᠭᠡᠷ ᠵᠦᠢᠯ ᠭᠠᠶᠢᠯᠢ ᠲᠠᠲᠠᠪᠤᠷᠢᠯᠠᠵᠤ ᠬᠠᠮᠢᠶᠠᠷᠬᠤ ᠠᠵᠢᠯ ᠢ ᠴᠢᠩᠭᠠᠳᠬᠠᠵᠤ᠂ ᠭᠠᠶᠢᠯᠢ ᠶᠢᠨ ᠤᠷᠤᠯᠭ᠎ᠠ ᠶᠢ | ᠪᠠᠲᠤᠯᠠᠨ᠂ ᠭᠠᠶᠢᠯᠢ ᠲᠠᠲᠠᠪᠤᠷᠢ ᠶᠢᠨ ᠡᠷᠬᠡ ᠲᠡᠭᠰᠢ ᠤᠷᠴᠢᠨ ᠨᠦᠬᠦᠴᠡᠯ ᠢ ᠬᠠᠮᠠᠭᠠᠯᠠᠵᠤ᠂ ᠭᠠᠶᠢᠯᠢ ᠲᠤᠰᠢᠶᠠᠭᠴᠢᠳ ᠤᠨ | ᠬᠠᠤᠯᠢ ᠶᠤᠰᠤᠨ ᠤ ᠡᠷᠬᠡ ᠠᠰᠢᠭ ᠢ ᠪᠠᠲᠤᠯᠠᠬᠤ ᠶᠢᠨ ᠲᠤᠰᠠᠳᠠ᠂ ︽ᠪᠦᠭᠦᠲᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠭᠠᠶᠢᠯᠢ ᠲᠠᠲᠠᠪᠤᠷᠢᠯᠠᠨ ᠬᠤᠷᠢᠶᠠᠬᠤ ᠬᠠᠮᠢᠶᠠᠷᠤᠯᠲᠠ ᠶᠢᠨ ᠬᠠᠤᠯᠢ︾ ᠵᠡᠷᠭᠡ ᠬᠠᠤᠯᠢ ᠴᠠᠭᠠᠵᠠ᠂ ᠬᠠᠤᠯᠢ | ᠲᠤᠭᠲᠠᠭᠠᠯ ᠢ ᠦᠨᠳᠦᠰᠦᠯᠡᠨ᠂ ᠦᠪᠡᠷᠲᠡᠭᠡᠨ ᠵᠠᠰᠠᠬᠤ ᠤᠷᠤᠨ ᠤ ᠪᠤᠲᠠᠲᠠᠢ ᠲᠠᠢ ᠤᠶᠠᠯᠳᠤᠭᠤᠯᠤᠨ᠂ ᠲᠤᠰ ᠠᠷᠭ᠎ᠠ ᠶᠢ | ᠲᠤᠭᠲᠠᠭᠠᠪᠠ᠃ | ᠬᠤᠶᠠᠳᠤᠭᠠᠷ ᠵᠦᠢᠯ ᠦᠪᠡᠷᠲᠡᠭᠡᠨ ᠵᠠᠰᠠᠬᠤ ᠤᠷᠤᠨ ᠤ ᠵᠠᠰᠠᠭ ᠵᠠᠬᠢᠷᠭᠠᠨ ᠤ ᠬᠡᠪᠴᠢᠶᠡᠨ ᠳᠤᠲᠤᠷ᠎ᠠ ᠭᠠᠶᠢᠯᠢ | ᠲᠠᠲᠠᠪᠤᠷᠢ ᠶᠢ ᠬᠠᠮᠢᠶᠠᠷᠬᠤ᠂ ᠭᠠᠶᠢᠯᠢ ᠲᠠᠳᠠᠪᠤᠷᠢᠯᠠᠬᠤ ᠳᠤ ᠬᠠᠮᠵᠢᠯᠴᠠᠬᠤ᠂ ᠭᠠᠶᠢᠯᠢ ᠲᠠᠳᠠᠪᠤᠷᠢᠯᠠᠬᠤ ᠳᠤ ᠦᠢᠯᠡᠴᠢᠯᠡᠬᠦ᠂ | ᠭᠠᠶᠢᠯᠢ ᠲᠠᠲᠠᠪᠤᠷᠢᠯᠠᠬᠤ ᠳᠤ ᠬᠢᠨᠠᠯᠲᠠ ᠲᠠᠯᠪᠢᠬᠤ ᠵᠡᠷᠭᠡ ᠭᠠᠶᠢᠯᠢ ᠲᠠᠲᠠᠪᠤᠷᠢ ᠶᠢᠨ ᠪᠠᠲᠤᠯᠠᠬᠤ ᠠᠵᠢᠯᠯᠠᠭ᠎ᠠ ᠶᠢ | ᠦᠷᠨᠢᠭᠦᠯᠬᠦ ᠳᠤ ᠲᠤᠰ ᠠᠷᠭ᠎ᠠ ᠲᠤᠬᠢᠷᠠᠨ᠎ᠠ᠃ | ᠭᠤᠷᠪᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠨᠢ | ᠭᠠᠶᠢᠯᠢ ᠲᠠᠲᠠᠪᠤᠷᠢ ᠶᠢ ᠪᠠᠲᠤᠯᠠᠬᠤ ᠠᠵᠢᠯ ᠳᠤ ᠤᠳᠤᠷᠢᠳᠤᠯᠭ᠎ᠠ ᠪᠠᠨ ᠴᠢᠩᠭᠠᠳᠬᠠᠵᠤ᠂ ᠭᠠᠶᠢᠯᠢ ᠲᠠᠲᠠᠪᠤᠷᠢ ᠶᠢᠨ ᠪᠠᠲᠤᠯᠠᠨ | ᠵᠤᠬᠢᠴᠠᠭᠤᠯᠬᠤ ᠲᠤᠭᠲᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃ | ᠭᠠᠶᠢᠯᠢ ᠲᠠᠲᠠᠪᠤᠷᠢ ᠶᠢ ᠪᠠᠲᠤᠯᠠᠬᠤ ᠠᠵᠢᠯ ᠳᠤ ᠬᠡᠷᠡᠭᠰᠡᠭᠦ ᠵᠠᠷᠤᠳᠠᠯ ᠢ ᠡᠳ᠋ ᠤᠨ ᠵᠠᠰᠠᠭ ᠤᠨ ᠲᠦᠰᠦᠪ ᠲᠤ ᠤᠷᠤᠭᠤᠯᠬᠤ | ᠬᠡᠷᠡᠭᠲᠡᠢ᠃ | ᠳᠦᠷᠪᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤ | ᠡᠳ᠋ ᠤᠨ ᠵᠠᠰᠠᠭ ᠤᠨ ᠰᠠᠯᠠᠭ᠎ᠠ ᠮᠦᠴᠢᠷ ᠨᠢ ᠭᠠᠶᠢᠯᠢ ᠲᠠᠲᠠᠪᠤᠷᠢ ᠶᠢ ᠪᠠᠲᠤᠯᠠᠬᠤ ᠶᠢᠨ ᠶᠡᠷᠦᠩᠬᠡᠶᠢᠯᠡᠨ ᠵᠤᠬᠢᠴᠠᠭᠤᠯᠬᠤ | ᠠᠵᠢᠯ ᠢ ᠬᠠᠷᠢᠭᠤᠴᠠᠨ᠎ᠠ᠃ ᠡᠯ᠎ᠡ ᠱᠠᠲᠤᠨ ᠤ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠨᠢ ᠭᠠᠶᠢᠯᠢ ᠲᠠᠲᠠᠪᠤᠷᠢ ᠶᠢᠨ | ᠪᠠᠲᠤᠯᠠᠬᠤ ᠪᠤᠲᠠᠲᠠᠢ ᠠᠵᠢᠯ ᠤᠳ ᠢ ᠬᠠᠷᠢᠭᠤᠴᠠᠨ᠎ᠠ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠪᠤᠰᠤᠳ ᠬᠤᠯᠪᠣᠭᠳᠠᠯ | ᠪᠦᠬᠦᠢ ᠰᠠᠯᠠᠭ᠎ᠠ ᠮᠦᠴᠢᠷ ᠪᠤᠯᠤᠨ ᠨᠢᠭᠡᠴᠢ ᠨᠢ ᠬᠠᠤᠯᠢ ᠴᠠᠭᠠᠵᠠ᠂ ᠬᠠᠤᠯᠢ ᠲᠤᠭᠲᠠᠭᠠᠯ ᠪᠠ ᠲᠤᠰ ᠠᠷᠭ᠎ᠠ ᠶᠢᠨ ᠲᠤᠭᠲᠠᠭᠠᠯ | ᠶᠤᠰᠤᠭᠠᠷ᠂ ᠭᠠᠶᠢᠯᠢ ᠲᠠᠲᠠᠪᠤᠷᠢ ᠶᠢᠨ ᠪᠠᠲᠤᠯᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ | ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠤᠷᠳᠤᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠨᠢ ᠲᠤᠰ ᠬᠠᠷᠢᠶᠠᠲᠦ ᠤᠷᠤᠨ ᠳᠠᠬᠢ ᠭᠠᠶᠢᠯᠢ ᠲᠠᠲᠠᠪᠤᠷᠢ ᠶᠢᠨ ᠪᠠᠲᠤᠯᠠᠬᠤ ᠠᠵᠢᠯ ᠢ ᠬᠠᠮᠵᠢᠯᠴᠠᠨ ᠰᠠᠶᠢᠲᠤᠷ ᠬᠢᠬᠦ | ᠬᠡᠷᠡᠭᠲᠡᠢ᠃ | ᠲᠠᠪᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠵᠢᠴᠢ | ᠲᠡᠳᠡᠭᠡᠷ ᠤᠨ ᠬᠤᠯᠪᠣᠭᠳᠠᠯ ᠪᠦᠬᠦᠢ ᠰᠠᠯᠠᠭ᠎ᠠ ᠮᠦᠴᠢᠷ ᠨᠢ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠭᠤᠣᠯ ᠴᠤᠭᠴᠠ ᠶᠢ | ᠬᠦᠲᠦᠯᠦᠨ ᠵᠢᠯᠤᠭᠤᠳᠬᠤ ᠪᠠ ᠵᠤᠷᠢᠬᠵᠢᠭᠤᠯᠵᠤ ᠪᠠᠶᠢᠭᠠᠳ ᠦᠪᠡᠷᠲᠡᠭᠡᠨ ᠵᠠᠰᠠᠬᠤ ᠤᠷᠤᠨ ᠳᠤ ᠬᠠᠤᠯᠢ ᠶᠢᠨ ᠡᠷᠬᠡᠲᠡᠲᠦ | ᠠᠵᠤ ᠠᠬᠤᠶᠢᠯᠠᠯ ᠢ ᠪᠠᠶᠢᠭᠤᠯᠤᠭᠤᠯᠵᠤ᠂ ᠲᠥᠪ ᠤᠨ ᠠᠵᠤ ᠠᠬᠤᠶᠢᠯᠠᠯ ᠪᠤᠯᠤᠨ ᠪᠤᠰᠤᠳ ᠮᠤᠵᠢ ︵ᠤᠷᠤᠨ᠂ ᠬᠤᠲᠠ︶ | ᠶᠢᠨ ᠠᠵᠤ ᠠᠬᠤᠶᠢᠯᠠᠯ ᠤᠨ ᠬᠢᠨ ᠤ ᠦᠪᠦᠷ ᠮᠤᠩᠭᠤᠯ ᠳᠤ ᠬᠢ ᠰᠠᠯᠪᠤᠷᠢ ᠪᠠᠶᠢᠭᠤᠯᠤᠮᠵᠢ ᠪᠠᠨ ᠪᠡᠶ᠎ᠡ ᠪᠠᠨ ᠳᠠᠭᠠᠭᠠᠭᠰᠠᠨ | ᠬᠠᠤᠯᠢ ᠶᠢᠨ ᠡᠷᠬᠡᠲᠡᠨ ᠪᠤᠯᠭᠠᠨ ᠬᠤᠪᠢᠷᠠᠭᠤᠯᠬᠤ ᠶᠢ ᠵᠤᠷᠢᠬᠵᠢᠭᠤᠯᠤᠨ᠂ ᠭᠠᠶᠢᠯᠢ ᠲᠠᠲᠠᠪᠤᠷᠢ ᠶᠢᠨ ᠬᠠᠷᠢᠶᠠᠲᠤ | ᠣᠷᠤᠨᠴᠢᠯᠠᠭᠰᠠᠨ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠢ᠃ | ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠵᠢᠴᠢ | ᠲᠡᠳᠡᠭᠡᠷ ᠤᠨ ᠬᠤᠯᠪᠣᠭᠳᠠᠯ ᠪᠦᠬᠦᠢ ᠰᠠᠯᠠᠭ᠎ᠠ ᠮᠦᠴᠢᠷ ᠤᠨ ᠲᠤᠭᠲᠠᠭᠠᠬᠤ ᠲᠥᠷᠥ ᠶᠢᠨ ᠪᠣᠳᠣᠯᠭ᠎ᠠ ᠨᠢ ᠭᠠᠶᠢᠯᠢ | ᠲᠠᠲᠠᠪᠤᠷᠢ ᠶᠢᠨ ᠬᠠᠮᠢᠶᠠᠷᠤᠯᠲᠠ ᠲᠠᠢ ᠬᠤᠯᠪᠤᠭᠳᠠᠭᠰᠠᠨ ᠪᠠᠶᠢᠪᠠᠯ᠂ ᠡᠷᠬᠡᠪᠰᠢ ᠲᠤᠰ ᠱᠠᠲᠤᠨ ᠤ ᠭᠠᠶᠢᠯᠢ ᠶᠢᠨ ᠶᠠᠪᠤᠳᠠᠯ ᠤᠨ | ᠪᠠᠶᠢᠭᠤᠯᠭ᠎ᠠ ᠶᠢᠨ ᠰᠠᠨᠠᠯ ᠢ ᠬᠤᠷᠢᠶᠠᠬᠤ ᠬᠡᠷᠡᠭᠲᠡᠢ᠃ | ᠳᠤᠯᠤᠳᠤᠭᠠᠷ ᠵᠦᠢᠯ ᠠᠵᠤ ᠠᠬᠤᠶᠢᠯᠠᠯ ᠤᠨ ᠠᠰᠢᠭ ᠤᠷᠤᠯᠭ᠎ᠠ ᠶᠢᠨ ᠭᠠᠶᠢᠯᠢ ᠶᠢᠨ ᠤᠷᠤᠨ ᠨᠤᠲᠤᠭ ᠲᠤ ᠬᠤᠪᠢᠳᠠᠨ | ᠬᠥᠷᠲᠡᠬᠦ ᠬᠡᠰᠡᠭ ᠤᠨ ᠬᠠᠰᠤᠵᠤ ᠬᠡᠯᠲᠦᠷᠢᠭᠦᠯᠬᠦ ᠶᠢ ᠨᠢ ᠬᠠᠤᠯᠢ ᠶᠣᠰᠤᠭᠠᠷ᠂ ᠰᠢᠨᠵᠢᠯᠡᠬᠦ ᠤᠬᠠᠭᠠᠨᠴᠢ᠂ ᠵᠦᠢ ᠵᠤᠬᠢᠰᠲᠠᠢ | ᠪᠠᠶᠢᠯᠭᠠᠵᠤ᠂ ᠬᠠᠰᠤᠵᠤ ᠬᠡᠯᠲᠦᠷᠢᠭᠦᠯᠬᠦ ᠬᠡᠪᠴᠢᠶ᠎ᠡ ᠪᠤᠯᠤᠨ ᠪᠡᠶᠡᠯᠡᠭᠦᠯᠬᠦ ᠪᠠᠷ ᠵᠢᠱᠢᠭᠰᠡᠨ ᠦᠷ᠎ᠡ ᠳ᠋ᠦᠩ ᠢ ᠡᠷᠬᠡᠪᠰᠢ | ᠲᠦᠰᠦᠭᠡᠯᠡᠨ ᠪᠤᠳᠤᠬᠤ ᠪᠠ ᠦᠨᠡᠯᠡᠨ ᠵᠢᠱᠢᠵᠦ᠂ ᠭᠠᠶᠢᠯᠢ ᠲᠠᠲᠠᠪᠤᠷᠢ ᠶᠢᠨ ᠬᠠᠷᠠᠭᠠᠯᠵᠠᠯ ᠦᠵᠡᠭᠦᠯᠬᠦ ᠳᠤ ᠳᠤᠷ᠎ᠠ ᠵᠣᠷᠢᠭ ᠤᠨ | ᠪᠠ ᠰᠤᠬᠤᠷ ᠪᠠᠯᠠᠢ ᠪᠠᠶᠢᠬᠤ ᠠᠴᠠ ᠵᠠᠶᠢᠯᠠᠭᠤᠯᠬᠤ ᠬᠡᠷᠡᠭᠲᠡᠢ᠃ | ᠨᠠᠢᠮᠠᠳᠤᠭᠠᠷ ᠵᠦᠢᠯ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠨᠢ ᠭᠠᠶᠢᠯᠢ ᠲᠠᠲᠠᠪᠤᠷᠢ ᠶᠢᠨ ᠢᠲᠡᠬᠡᠮᠵᠢᠲᠦ | ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠭᠠᠶᠢᠯᠢ ᠲᠤᠰᠢᠶᠠᠭᠴᠢᠳ ᠤᠨ ᠢᠲᠡᠭᠡᠮᠵᠢ ᠳᠤ ᠦᠨᠡᠯᠡᠯᠲᠡ ᠬᠢᠬᠦ | ᠠᠵᠢᠯ ᠢ ᠬᠠᠤᠯᠢ ᠶᠤᠰᠤᠭᠠᠷ᠂ ᠲᠥᠪ ᠭᠤᠣᠯᠴᠢ᠂ ᠢᠯᠡ ᠪᠠᠷ ᠦᠷᠨᠢᠭᠦᠯᠵᠦ᠂ ᠦᠨᠡᠯᠡᠭᠰᠡᠨ ᠦᠷ᠎ᠡ ᠳ᠋ᠦᠩ ᠢᠶᠠᠨ | ᠲᠤᠭᠲᠠᠭᠠᠯ ᠶᠤᠰᠤᠭᠠᠷ ᠴᠠᠭ ᠲᠤᠬᠠᠢ ᠳᠤ ᠨᠢ ᠢᠯᠡ ᠨᠡᠶᠢᠲᠡᠯᠡᠬᠦ ᠬᠡᠷᠡᠭᠲᠡᠢ᠃ | ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠨᠢ ᠭᠠᠶᠢᠯᠢ ᠲᠠᠲᠠᠪᠤᠷᠢ ᠪᠠᠨ ᠦᠨᠡᠨᠴᠢ ᠢᠲᠡᠬᠡᠮᠵᠢ ᠲᠠᠢ ᠪᠠᠷ ᠲᠤᠰᠢᠶᠠᠵᠤ | ᠪᠠᠶᠢᠭ᠎ᠠ ᠭᠠᠶᠢᠯᠢ ᠲᠤᠰᠢᠶᠠᠭᠴᠢᠳ ᠲᠤ ᠮᠠᠲ᠋ᠧᠷᠢᠶᠠᠯ ᠮᠡᠳᠡᠭᠦᠯᠦᠨ ᠬᠦᠷᠭᠡᠬᠦ᠂ ᠪᠠᠷᠢᠮᠲᠠ ᠠᠪᠴᠤ ᠬᠡᠷᠡᠭᠯᠡᠬᠦ᠂ ᠭᠠᠳᠠᠭᠠᠳᠤ | ᠭᠠᠷᠭᠠᠯᠲᠠ ᠳᠤ ᠭᠠᠶᠢᠯᠢ ᠶᠢ ᠨᠢ ᠪᠤᠴᠠᠭᠠᠬᠤ ᠵᠡᠷᠭᠡ ᠲᠠᠯ᠎ᠠ ᠪᠠᠷ ᠬᠠᠤᠯᠢ ᠶᠤᠰᠤᠭᠠᠷ ᠳᠦᠭᠦᠮ ᠦᠵᠡᠭᠦᠯᠵᠦ᠂ ᠭᠠᠶᠢᠯᠢ ᠶᠢᠨ | ᠮᠦᠩᠭᠦ ᠦᠷᠢᠲᠦᠵᠦ ᠪᠠᠶᠢᠭ᠎ᠠ ᠭᠠᠶᠢᠯᠢ ᠲᠤᠰᠢᠶᠠᠭᠴᠢᠳ ᠤᠨ ᠨᠡᠷᠡᠰ ᠢ ᠲᠤᠭᠲᠠᠮᠠᠯ ᠬᠤᠭᠤᠴᠠᠭ᠎ᠠ ᠲᠠᠢ ᠪᠠᠷ ᠵᠠᠷᠯᠠᠨ | ᠨᠡᠶᠢᠲᠡᠯᠡᠬᠦ ᠬᠡᠷᠡᠭᠲᠡᠢ᠃ | ᠶᠢᠰᠦᠳᠦᠭᠡᠷ ᠵᠦᠢᠯ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠠᠴᠠ ᠪᠦᠬᠦ ᠤᠷᠤᠨ ᠤ | ᠭᠠᠶᠢᠯᠢ ᠶᠢ ᠶᠡᠷᠦᠩᠬᠡᠶᠢᠯᠡᠨ ᠵᠠᠰᠬᠠᠤ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠤᠨ ᠲᠡᠭᠦᠯᠳᠡᠷᠵᠢᠭᠦᠯᠵᠦ᠂ ᠬᠤᠯᠪᠣᠭᠳᠠᠯ | ᠪᠦᠬᠦᠢ ᠰᠠᠯᠠᠭ᠎ᠠ ᠮᠦᠴᠢᠷ᠂ ᠨᠢᠭᠡᠴᠢ ᠶᠢ ᠵᠤᠬᠢᠶᠠᠨ ᠪᠠᠶᠢᠭᠤᠯᠵᠤ ᠪᠠᠶᠢᠭᠠᠳ ᠭᠠᠶᠢᠯᠢ ᠲᠠᠲᠠᠪᠤᠷᠢ ᠳᠤ ᠬᠤᠯᠪᠤᠭᠳᠠᠭᠰᠠᠨ | ᠮᠡᠳᠡᠭᠡ ᠵᠠᠩᠬᠢ ᠶᠢ ᠰᠤᠯᠢᠯᠴᠠᠬᠤ ᠪᠠ ᠬᠠᠮᠲᠤ ᠳᠤ ᠪᠠᠨ ᠬᠦᠷᠲᠡᠬᠦ ᠶᠢ ᠪᠡᠶᠡᠯᠡᠭᠦᠯᠬᠦ ᠬᠡᠷᠡᠭᠲᠡᠢ᠃ | ᠠᠷᠪᠠᠳᠤᠭᠠᠷ ᠵᠦᠢᠯ ᠭᠠᠶᠢᠯᠢ ᠲᠠᠢ ᠬᠤᠯᠪᠤᠭᠳᠠᠭᠰᠠᠨ ᠮᠡᠳᠡᠭᠡ ᠵᠠᠩᠬᠢ ᠳᠤ ᠭᠠᠷᠴᠠᠭᠯᠠᠭᠰᠠᠨ ᠬᠠᠮᠢᠶᠠᠷᠤᠯᠲᠠ ᠶᠢ | ᠬᠡᠷᠡᠭᠵᠢᠭᠦᠯᠦᠨ᠎ᠡ᠃ | ᠭᠠᠶᠢᠯᠢ ᠳᠤ ᠬᠤᠯᠪᠤᠭᠳᠠᠭᠰᠠᠨ ᠮᠡᠳᠡᠭᠡ ᠵᠠᠩᠬᠢ ᠶᠢᠨ ᠭᠠᠷᠴᠠᠭ ᠢ ᠦᠪᠡᠷᠲᠡᠭᠡᠨ ᠵᠠᠰᠠᠬᠤ ᠤᠷᠤᠨ ᠤ ᠠᠷᠠᠳ ᠤᠨ | ᠵᠠᠰᠠᠭ ᠤᠨ ᠤᠷᠳᠤᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠨᠢ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠲᠠᠢ | ᠬᠠᠮᠲᠤᠷᠠᠨ ᠲᠤᠭᠲᠠᠭᠠᠵᠤ᠂ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠢᠶᠠᠷ | ᠵᠦᠪᠰᠢᠶᠡᠷᠡᠭᠦᠯᠦᠭᠰᠡᠨ ᠤ ᠳᠠᠷᠠᠭ᠎ᠠ ᠢᠯᠡ ᠨᠡᠶᠢᠲᠡᠯᠡᠨ ᠬᠡᠷᠡᠭᠵᠢᠭᠦᠯᠬᠦ ᠶᠢᠨ ᠬᠠᠮᠲᠤ᠂ ᠠᠵᠤ ᠠᠬᠤᠢ ᠪᠠ ᠨᠡᠶᠢᠭᠡᠮ ᠤᠨ | ᠬᠦᠭᠵᠢᠯᠲᠡ ᠶᠢᠨ ᠪᠠᠶᠢᠳᠠᠯ ᠢ ᠦᠨᠳᠦᠰᠦᠯᠡᠨ ᠴᠠᠭ ᠲᠤ ᠨᠢ ᠵᠣᠬᠢᠴᠠᠭᠤᠯᠤᠨ ᠲᠤᠬᠢᠷᠠᠭᠤᠯᠤᠯᠲᠠ ᠬᠢᠬᠦ ᠬᠡᠷᠡᠭᠲᠡᠢ᠃ | ᠠᠷᠪᠠᠨ ᠨᠢᠭᠡᠳᠦᠭᠡᠷ ᠵᠦᠢᠯ ᠬᠤᠯᠪᠣᠭᠳᠠᠯ ᠪᠦᠬᠦᠢ ᠰᠠᠯᠠᠭ᠎ᠠ ᠮᠦᠴᠢᠷ ᠪᠤᠯᠤᠨ ᠨᠢᠭᠡᠴᠢ ᠨᠢ ᠭᠠᠶᠢᠯᠢ ᠳᠤ | ᠬᠤᠯᠪᠤᠭᠳᠠᠭᠰᠠᠨ ᠮᠡᠳᠡᠭᠡ ᠵᠠᠩᠬᠢ ᠶᠢᠨ ᠭᠠᠷᠴᠠᠭ ᠢ ᠦᠨᠳᠦᠰᠦᠯᠡᠨ᠂ ᠡᠳ᠋ ᠤᠨ ᠵᠠᠰᠠᠭ ᠤᠨ ᠰᠠᠯᠠᠭ᠎ᠠ ᠮᠦᠴᠢᠷ᠂ | ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠲᠠᠢ ᠪᠣᠯᠵᠤᠨ ᠲᠣᠭᠲᠠᠭᠠᠭᠰᠠᠨ ᠠᠷᠭ᠎ᠠ ᠬᠡᠯᠪᠡᠷᠢ ᠪᠠ ᠴᠠᠭ ᠤᠨ ᠶᠤᠰᠤᠭᠠᠷ᠂ ᠲᠤᠰ | ᠰᠠᠯᠠᠭ᠎ᠠ ᠮᠦᠴᠢᠷ ᠪᠤᠶᠤ ᠲᠤᠰ ᠨᠢᠭᠡᠴᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠶᠠᠪᠤᠴᠠ ᠳᠤ ᠡᠵᠡᠮᠰᠢᠭᠰᠡᠨ | ᠭᠠᠶᠢᠯᠢ ᠳᠤ ᠬᠤᠯᠪᠤᠭᠳᠠᠭᠰᠠᠨ ᠮᠡᠳᠡᠭᠡ ᠵᠠᠩᠬᠢ ᠪᠠᠨ ᠭᠠᠶᠢᠯᠢ ᠶᠢ ᠶᠡᠷᠦᠩᠬᠡᠶᠢᠯᠡᠨ ᠵᠠᠰᠠᠬᠤ ᠮᠡᠳᠡᠭᠡ ᠵᠠᠩᠭᠢ ᠶᠢᠨ | ᠲᠠᠪᠴᠠᠩ ᠳᠤ ᠤᠨᠤᠪᠴᠢᠲᠠᠢ ᠪᠦᠭᠡᠳ ᠪᠦᠷᠢᠨ ᠪᠦᠲᠦᠨ ᠢᠶᠠᠷ ᠮᠡᠳᠡᠭᠦᠯᠦᠨ ᠬᠦᠷᠭᠡᠬᠦ ᠬᠡᠷᠡᠭᠲᠡᠢ᠃ | ᠠᠷᠪᠠᠨ ᠬᠤᠶᠠᠳᠤᠭᠠᠷ ᠵᠦᠢᠯ ᠬᠤᠯᠪᠣᠭᠳᠠᠯ ᠪᠦᠬᠦᠢ ᠰᠠᠯᠠᠭ᠎ᠠ ᠮᠦᠴᠢᠷ ᠪᠤᠯᠤᠨ ᠨᠢᠭᠡᠴᠢ ᠨᠢ ᠬᠤᠷᠢᠶᠠᠵᠤ | ᠴᠤᠭᠯᠠᠭᠤᠯᠤᠭᠰᠠᠨ᠂ ᠰᠤᠯᠢᠯᠴᠠᠭᠰᠠᠨ᠂ ᠬᠡᠷᠡᠭᠯᠡᠭᠰᠡᠨ ᠪᠠ ᠬᠠᠳᠠᠭᠠᠯᠠᠨ ᠬᠠᠮᠢᠶᠠᠷᠴᠤ ᠪᠠᠶᠢᠭ᠎ᠠ ᠭᠠᠶᠢᠯᠢ ᠲᠤᠰᠢᠶᠠᠭᠴᠢᠳ ᠤᠨ | ᠭᠠᠶᠢᠯᠢ ᠳᠤ ᠬᠤᠯᠪᠤᠭᠳᠠᠭᠰᠠᠨ ᠮᠡᠳᠡᠭᠡ ᠵᠠᠩᠬᠢ ᠶᠢ ᠬᠠᠤᠯᠢ ᠳᠤ ᠲᠤᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ | ᠭᠦᠢᠴᠡᠳᠭᠡᠬᠦ ᠠᠴᠠ ᠪᠣᠰᠣᠳ ᠬᠡᠷᠡᠭᠴᠡᠭᠡ ᠪᠠᠷ ᠬᠡᠷᠡᠭᠯᠡᠵᠦ ᠪᠣᠯᠬᠤ ᠦᠭᠡᠢ᠃ ᠭᠠᠶᠢᠯᠢ ᠳᠤ ᠬᠤᠯᠪᠤᠭᠳᠠᠭᠰᠠᠨ ᠮᠡᠳᠡᠭᠡ | ᠵᠠᠩᠬᠢ ᠨᠢ ᠤᠯᠤᠰ ᠤᠨ ᠨᠢᠭᠤᠴᠠ᠂ ᠬᠤᠳᠠᠯᠳᠤᠭᠠᠨ ᠤ ᠨᠢᠭᠤᠴᠠ᠂ ᠬᠤᠪᠢ ᠬᠦᠮᠦᠨ ᠤ ᠨᠢᠭᠤᠴᠠ ᠲᠠᠢ ᠬᠤᠯᠪᠤᠭᠳᠠᠭᠰᠠᠨ | ᠪᠠᠶᠢᠪᠠᠯ᠂ ᠡᠷᠬᠡᠪᠰᠢ ᠨᠢᠭᠤᠴᠠ ᠶᠢ ᠨᠢ ᠬᠠᠮᠠᠭᠠᠯᠠᠵᠤ ᠥᠭᠬᠦ ᠬᠡᠷᠡᠭᠲᠡᠢ᠃ | ᠠᠷᠪᠠᠨ ᠭᠤᠷᠪᠠᠳᠤᠭᠠᠷ ᠵᠦᠢᠯ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠨᠢ ᠭᠠᠶᠢᠯᠢ ᠲᠠᠲᠠᠪᠤᠷᠢᠯᠠᠵᠤ ᠬᠠᠮᠢᠶᠠᠷᠬᠤ | ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠠᠴᠠ ᠪᠣᠯᠵᠤ᠂ ᠬᠤᠯᠪᠣᠭᠳᠠᠯ ᠪᠦᠬᠦᠢ ᠨᠢᠭᠡᠴᠢ ᠪᠠ ᠬᠤᠪᠢ ᠬᠦᠮᠦᠨ ᠢᠶᠠᠷ | ᠬᠠᠮᠵᠢᠯᠴᠠᠭᠤᠯᠬᠤ ᠴᠢᠬᠤᠯᠠᠲᠠᠢ ᠪᠠᠶᠢᠪᠠᠯ᠂ ᠬᠤᠯᠪᠣᠭᠳᠠᠯ ᠪᠦᠬᠦᠢ ᠨᠢᠭᠡᠴᠢ ᠪᠠ ᠬᠤᠪᠢ ᠬᠦᠮᠦᠨ ᠡᠷᠬᠡᠪᠰᠢ ᠬᠠᠤᠯᠢ ᠶᠤᠰᠤᠭᠠᠷ | ᠬᠠᠮᠵᠢᠯᠴᠠᠬᠤ ᠬᠡᠷᠡᠭᠲᠡᠢ᠃ | ᠠᠷᠪᠠᠨ ᠳᠦᠷᠪᠡᠳᠦᠭᠡᠷ ᠵᠦᠢᠯ ᠦᠯᠦ ᠬᠦᠳᠡᠯᠬᠦ ᠬᠦᠷᠦᠩᠭᠡ ᠶᠢ ᠳᠠᠩᠰᠠᠯᠠᠨ ᠲᠡᠮᠲᠡᠭᠯᠡᠬᠦ ᠪᠠᠶᠢᠭᠤᠯᠤᠮᠵᠢ ᠨᠢ ᠭᠠᠵᠠᠷ | ᠰᠢᠷᠤᠢ᠂ ᠭᠡᠷ ᠪᠠᠶᠢᠰᠢᠩ ᠵᠡᠷᠭᠡ ᠦᠯᠦ ᠬᠦᠳᠡᠯᠬᠦ ᠬᠦᠷᠦᠩᠭᠡ ᠪᠠᠶᠢᠭᠤᠯᠬᠤ᠂ ᠬᠤᠪᠢᠷᠠᠭᠤᠯᠬᠤ᠂ ᠰᠢᠯᠵᠢᠭᠦᠯᠦᠨ ᠥᠭᠬᠦ ᠶᠢᠨ | ᠳᠠᠩᠰᠠᠯᠠᠯ ᠲᠡᠮᠲᠡᠭᠯᠡᠯ ᠢ ᠭᠦᠢᠴᠡᠳᠭᠡᠬᠦ ᠳᠤ᠂ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠶᠢᠨ ᠬᠠᠤᠯᠢ ᠴᠠᠭᠠᠵᠠ᠂ ᠬᠠᠤᠯᠢ | ᠲᠤᠭᠲᠠᠭᠠᠯ ᠢ ᠦᠨᠳᠦᠰᠦᠯᠡᠨ ᠣᠯᠭᠤᠭᠰᠠᠨ ᠭᠠᠶᠢᠯᠢ ᠲᠤᠰᠢᠶᠠᠵᠤ ᠳᠠᠭᠤᠰᠤᠭᠰᠠᠨ ᠭᠡᠷᠡᠴᠢ ᠪᠠᠷᠢᠮᠲᠠ ᠪᠤᠶᠤ ᠭᠠᠶᠢᠯᠢ | ᠲᠠᠲᠠᠪᠤᠷᠢ ᠶᠢᠨ ᠭᠡᠷᠡᠴᠢ ᠶᠢ ᠬᠠᠩᠭᠠᠨ ᠥᠭᠴᠦ ᠴᠢᠳᠠᠬᠤ ᠦᠭᠡᠢ ᠪᠣᠯ ᠦᠯᠦ ᠬᠦᠳᠡᠯᠬᠦ ᠬᠦᠷᠦᠩᠭᠡ ᠶᠢᠨ ᠳᠠᠩᠰᠠᠯᠠᠨ | ᠲᠡᠮᠲᠡᠭᠯᠡᠬᠦ ᠭᠠᠷᠳᠠᠮ ᠢ ᠭᠦᠢᠴᠡᠳᠭᠡᠨ ᠥᠭᠴᠦ ᠪᠣᠯᠬᠤ ᠦᠭᠡᠢ᠃ | ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠨᠢ ᠦᠯᠦ ᠬᠦᠳᠡᠯᠬᠦ ᠬᠦᠷᠦᠩᠭᠡ ᠶᠢ ᠬᠠᠤᠯᠢ ᠶᠤᠰᠤᠭᠠᠷ ᠪᠠᠶᠢᠴᠠᠭᠠᠨ | ᠪᠢᠲᠡᠭᠦᠮᠵᠢᠯᠡᠬᠦ ᠳᠤ ᠪᠠᠨ ᠦᠯᠦ ᠬᠦᠳᠡᠯᠬᠦ ᠬᠦᠷᠦᠩᠭᠡ ᠶᠢᠨ ᠳᠠᠩᠰᠠᠯᠠᠨ ᠲᠡᠮᠲᠡᠭᠯᠡᠬᠦ ᠪᠠᠶᠢᠭᠤᠯᠤᠮᠵᠢ ᠪᠠᠷ ᠬᠠᠮᠵᠢᠭᠤᠯᠵᠤ | ᠭᠦᠢᠴᠡᠳᠭᠡᠯᠭᠡᠬᠦ ᠴᠢᠬᠤᠯᠠᠲᠠᠢ ᠪᠠᠶᠢᠪᠠᠯ᠂ ᠦᠯᠦ ᠬᠦᠳᠡᠯᠬᠦ ᠬᠦᠷᠦᠩᠭᠡ ᠳᠠᠩᠰᠠᠯᠠᠨ ᠲᠡᠮᠲᠡᠭᠯᠡᠬᠦ ᠪᠠᠶᠢᠭᠤᠯᠤᠮᠵᠢ ᠨᠢ ᠬᠠᠮᠵᠢᠵᠤ | ᠭᠦᠢᠴᠡᠳᠭᠡᠬᠦ ᠵᠦᠢᠯᠡᠰ ᠢ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠶᠢᠨ ᠬᠦᠴᠦᠨ ᠲᠠᠢ ᠬᠠᠤᠯᠢ ᠴᠠᠭᠠᠵᠠ ᠶᠢᠨ ᠪᠢᠴᠢᠭ | ᠬᠠᠷ᠎ᠠ ᠪᠤᠯᠤᠨ ᠬᠠᠮᠵᠢᠭᠤᠯᠵᠤ ᠭᠦᠢᠴᠡᠳᠭᠡᠯᠭᠡᠬᠦ ᠮᠡᠳᠡᠭᠳᠡᠯ ᠤᠨ ᠶᠤᠰᠤᠭᠠᠷ ᠭᠦᠢᠴᠡᠳᠭᠡᠬᠦ ᠬᠡᠷᠡᠭᠲᠡᠢ᠃ | ᠠᠷᠪᠠᠨ ᠲᠠᠪᠤᠳᠤᠭᠠᠷ ᠵᠦᠢᠯ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠨᠢ ᠦᠢᠯᠡᠳᠪᠤᠷᠢᠯᠠᠯ᠂ ᠡᠵᠡᠩᠨᠡᠯᠲᠡ ᠬᠢᠵᠦ | ᠪᠠᠶᠢᠭ᠎ᠠ ᠭᠠᠶᠢᠯᠢ ᠲᠤᠰᠢᠶᠠᠭᠴᠢ᠂ ᠰᠠᠭᠤᠯᠭᠠᠨ ᠲᠤᠰᠢᠶᠠᠬᠤ ᠡᠭᠦᠷᠭᠡᠲᠦ ᠬᠦᠮᠦᠨ ᠤ ᠬᠠᠳᠠᠭᠠᠯᠠᠮᠵᠢ ᠶᠢᠨ ᠳᠠᠩᠰᠠᠨ ᠡᠷᠦᠬᠡ | ᠪᠤᠯᠤᠨ ᠭᠠᠶᠢᠯᠢ ᠲᠠᠲᠠᠪᠤᠷᠢ ᠶᠢᠨ ᠬᠠᠤᠯᠢ ᠠᠴᠠ ᠵᠦᠷᠢᠴᠡᠭᠰᠡᠨ ᠬᠡᠷᠡᠭ ᠤᠨ ᠰᠡᠵᠢᠭᠲᠡᠨ ᠤ ᠬᠠᠳᠠᠭᠠᠯᠠᠮᠵᠢ ᠶᠢᠨ ᠮᠦᠩᠭᠦ ᠵᠡᠷᠭᠡ | ᠬᠠᠮᠢᠶ᠎ᠠ ᠪᠦᠬᠦᠢ ᠮᠡᠳᠡᠭᠡ ᠵᠠᠩᠬᠢ ᠶᠢ ᠨᠢ ᠬᠠᠤᠯᠢ ᠶᠤᠰᠤᠭᠠᠷ ᠠᠰᠠᠭᠤᠵᠤ ᠯᠠᠪᠯᠠᠬᠤ᠂ ᠭᠠᠶᠢᠯᠢ ᠲᠠᠲᠠᠪᠤᠷᠢ ᠶᠢᠨ ᠪᠠᠲᠤᠯᠠᠬᠤ ᠪᠠ | ᠠᠯᠪᠠᠳᠠᠨ ᠭᠦᠢᠴᠡᠳᠭᠡᠯᠭᠡᠬᠦ ᠳᠤ ᠮᠦᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠬᠠᠮᠵᠢᠯᠴᠠᠬᠤ ᠬᠡᠷᠡᠭᠲᠡᠢ᠃ | ᠠᠷᠪᠠᠨ ᠵᠢᠷᠭᠤᠳᠤᠭᠠᠷ ᠵᠦᠢᠯ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠨᠢ ᠭᠠᠶᠢᠯᠢ ᠳᠤ ᠬᠤᠯᠪᠣᠭᠳᠠᠬᠤ ᠮᠡᠳᠡᠭᠡ | ᠵᠠᠩᠬᠢ ᠲᠠᠢ ᠣᠯᠠᠨ ᠨᠡᠶᠢᠲᠡ ᠶᠢᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠠᠴᠠ ᠭᠤᠷᠪᠠᠳᠡᠬᠢ ᠡᠲᠡᠭᠡᠳ ᠪᠦᠬᠦᠢ | ᠭᠠᠶᠢᠯᠢ ᠲᠤᠰᠢᠶᠠᠭᠴᠢᠳ ᠤᠨ ᠭᠠᠶᠢᠯᠢ ᠳᠤ ᠬᠤᠯᠪᠤᠭᠳᠠᠭᠰᠠᠨ ᠮᠡᠳᠡᠭᠡ ᠵᠠᠩᠬᠢ ᠶᠢ ᠬᠠᠤᠯᠢ ᠶᠤᠰᠤᠭᠠᠷ ᠪᠠᠶᠢᠴᠠᠭᠠᠬᠤ ᠳᠤ᠂ | ᠣᠯᠠᠨ ᠨᠡᠶᠢᠲᠡ ᠶᠢᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠨᠦᠭᠦᠳ ᠬᠠᠮᠵᠢᠯᠴᠠᠬᠤ ᠬᠡᠷᠡᠭᠲᠡᠢ᠃ | ᠠᠷᠪᠠᠨ ᠳᠤᠯᠤᠳᠤᠭᠠᠷ ᠵᠦᠢᠯ ᠬᠤᠳᠠᠯᠳᠤᠭᠠᠨ ᠤ ᠴᠢᠨᠠᠷᠲᠠᠢ ᠲᠣᠭᠯᠠᠯᠲᠠ᠂ ᠬᠤᠷᠠᠯ ᠦᠵᠡᠰᠭᠦᠯᠡᠩ᠂ ᠠᠷᠠᠯᠵᠢᠶ᠎ᠠ | ᠬᠤᠳᠠᠯᠳᠤᠭ᠎ᠠ ᠰᠤᠯᠢᠯᠴᠠᠭ᠎ᠠ ᠵᠡᠷᠭᠡ ᠠᠵᠢᠯᠯᠠᠭ᠎ᠠ ᠶᠢ ᠭᠤᠣᠯᠯᠠᠨ ᠡᠷᠬᠢᠯᠡᠭᠰᠡᠨ ᠨᠢᠭᠡᠴᠢ ᠨᠢ ᠭᠡᠷ᠎ᠡ ᠲᠤᠭᠲᠠᠭᠰᠠᠨ ᠡᠳᠦᠷ ᠠᠴᠠ | ᠡᠬᠢᠯᠡᠵᠦ ᠠᠷᠪᠠᠨ ᠡᠳᠦᠷ ᠲᠤ ᠭᠡᠷ᠎ᠡ ᠪᠠ ᠤᠷᠤᠯᠭ᠎ᠠ ᠬᠤᠪᠢᠶᠠᠷᠢᠯᠠᠬᠤ ᠲᠦᠰᠦᠪ ᠢᠶᠠᠨ ᠠᠵᠢᠯᠯᠠᠭ᠎ᠠ ᠡᠷᠬᠢᠯᠡᠭᠰᠡᠨ ᠭᠠᠵᠠᠷ ᠤᠨ | ᠭᠤᠤᠯᠴᠢᠯᠠᠨ ᠬᠠᠮᠢᠶᠠᠷᠴᠤ ᠪᠠᠶᠢᠭ᠎ᠠ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠳᠤ ᠮᠡᠳᠡᠭᠦᠯᠦᠨ ᠬᠦᠷᠭᠡᠬᠦ ᠶᠢᠨ ᠬᠠᠮᠲᠤ᠂ | ᠭᠠᠶᠢᠯᠢ ᠶᠢᠨ ᠮᠦᠩᠭᠦ ᠶᠢ ᠨᠢ ᠬᠠᠤᠯᠢ ᠶᠤᠰᠤᠭᠠᠷ ᠤᠷᠤᠯᠠᠨ ᠰᠠᠭᠤᠯᠭᠠᠵᠤ ᠠᠪᠬᠤ ᠪᠠ ᠤᠷᠤᠯᠠᠨ ᠲᠤᠰᠢᠶᠠᠬᠤ ᠬᠡᠷᠡᠭᠲᠡᠢ᠃ | | ᠠᠷᠪᠠᠨ ᠨᠠᠢᠮᠠᠳᠤᠭᠠᠷ ᠵᠦᠢᠯ ᠭᠠᠶᠢᠯᠢ ᠶᠢᠨ ᠮᠦᠩᠭᠦ ᠦᠷᠢᠲᠦᠵᠦ ᠪᠠᠶᠢᠭ᠎ᠠ ᠭᠠᠶᠢᠯᠢ ᠲᠤᠰᠢᠶᠠᠭᠴᠢ ᠪᠤᠶᠤ ᠲᠡᠭᠦᠨ ᠤ | ᠬᠠᠤᠯᠢ ᠪᠠᠷ ᠲᠣᠭᠲᠠᠭᠠᠭᠰᠠᠨ ᠲᠦᠯᠦᠭᠡᠯᠡᠭᠴᠢ ᠨᠢ ᠬᠢᠯᠢ ᠠᠴᠠ ᠭᠠᠷᠬᠤ ᠶᠢᠨ ᠡᠮᠦᠨ᠎ᠡ ᠲᠤᠰᠢᠶᠠᠪᠠᠰᠤ ᠵᠣᠬᠢᠬᠤ ᠭᠠᠶᠢᠯᠢ ᠶᠢᠨ | ᠮᠦᠩᠭᠦ᠂ ᠬᠤᠭᠤᠴᠠᠭ᠎ᠠ ᠰᠠᠭᠠᠳᠠᠭᠠᠭᠰᠠᠨ ᠮᠦᠩᠭᠦ ᠪᠠᠨ ᠪᠦᠷᠢᠨ ᠲᠤᠰᠢᠶᠠᠭᠰᠠᠨ ᠦᠭᠡᠢ ᠮᠦᠷᠲᠡᠭᠡᠨ ᠭᠠᠶᠢᠯᠢ ᠲᠤᠰᠢᠶᠠᠭᠰᠠᠨ | ᠳᠠᠭᠠᠭᠠᠯᠲᠠ ᠪᠠᠨ ᠬᠠᠩᠭᠠᠵᠤ ᠥᠭᠬᠦ ᠦᠭᠡᠢ ᠪᠠᠶᠢᠪᠠᠯ᠂ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠨᠢ ᠬᠢᠯᠢ ᠪᠠᠷ ᠤᠷᠤᠵᠤ | ᠭᠠᠷᠬᠤ ᠶᠢ ᠬᠠᠮᠢᠶᠠᠷᠬᠤ ᠪᠠᠶᠢᠭᠤᠯᠭ᠎ᠠ ᠳᠤ ᠮᠡᠳᠡᠭᠳᠡᠨ ᠬᠢᠯᠢ ᠠᠴᠠ ᠭᠠᠷᠬᠤ ᠶᠢ ᠨᠢ ᠬᠤᠷᠢᠭᠯᠠᠵᠤ ᠪᠤᠯᠤᠨ᠎ᠠ᠃ | ᠠᠷᠪᠠ ᠶᠢᠰᠦᠳᠦᠭᠡᠷ ᠵᠦᠢᠯ ᠤᠯᠤᠰ ᠤᠨ ᠪᠠᠶᠢᠭᠤᠯᠭ᠎ᠠ ᠪᠠ ᠤᠯᠠᠨ ᠨᠡᠶᠢᠲᠡ ᠶᠢᠨ ᠬᠡᠷᠡᠭ ᠶᠠᠪᠤᠳᠠᠯ ᠢ ᠬᠠᠤᠯᠢ | ᠶᠤᠰᠤᠭᠠᠷ ᠬᠠᠮᠢᠶᠠᠷᠬᠤ ᠡᠭᠦᠷᠭᠡ ᠴᠢᠳᠠᠮᠵᠢ ᠲᠠᠢ ᠵᠤᠬᠢᠶᠠᠨ ᠪᠠᠶᠢᠭᠤᠯᠤᠯᠲᠠ ᠨᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ | ᠶᠠᠪᠤᠴᠠ ᠳᠤ ᠭᠠᠶᠢᠯᠢ ᠲᠠᠲᠠᠪᠤᠷᠢ ᠶᠢᠨ ᠲᠠᠯ᠎ᠠ ᠪᠠᠷ ᠬᠢ ᠬᠠᠤᠯᠢ ᠠᠴᠠ ᠵᠦᠷᠢᠴᠡᠭᠰᠡᠨ ᠰᠡᠵᠢᠭᠯᠡᠯᠲᠡᠢ ᠦᠢᠯᠡ ᠠᠵᠢᠯᠯᠠᠭ᠎ᠠ ᠲᠠᠢ | ᠪᠠᠶᠢᠬᠤ ᠶᠢ ᠮᠡᠳᠡᠪᠡᠯ᠂ ᠴᠠᠭ ᠲᠤᠬᠠᠢ ᠳᠤ ᠨᠢ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠳᠤ ᠮᠡᠳᠡᠭᠳᠡᠬᠦ ᠬᠡᠷᠡᠭᠲᠡᠢ᠃ | ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠨᠢ ᠬᠠᠤᠯᠢ ᠶᠤᠰᠤᠭᠠᠷ ᠪᠠᠶᠢᠴᠠᠭᠠᠨ ᠰᠢᠢᠳᠪᠤᠷᠢᠯᠡᠬᠦ ᠶᠢᠨ ᠬᠠᠮᠲᠤ᠂ | ᠰᠢᠢᠳᠪᠤᠷᠢᠯᠡᠭᠰᠡᠨ ᠦᠷ᠎ᠡ ᠳ᠋ᠦᠩ ᠢᠶᠠᠨ ᠴᠠᠭ ᠲᠤᠬᠠᠢ ᠳᠤ ᠨᠢ ᠬᠠᠷᠢᠭᠤ ᠲᠤᠰᠬᠠᠵᠤ ᠥᠭᠬᠦ ᠬᠡᠷᠡᠭᠲᠡᠢ᠃ | ᠬᠤᠷᠢᠳᠤᠭᠠᠷ ᠵᠦᠢᠯ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠨᠢ ᠡᠯ᠎ᠡ ᠱᠠᠲᠤᠨ ᠤ ᠠᠷᠠᠳ ᠤᠨ ᠰᠢᠭᠦᠭᠦ | ᠬᠤᠷᠢᠶ᠎ᠠ ᠲᠠᠢ ᠬᠠᠮᠵᠢᠯᠴᠠᠨ ᠠᠵᠢᠯᠯᠠᠬᠤ ᠲᠤᠭᠲᠠᠴᠠ ᠶᠢ ᠪᠠᠶᠢᠭᠤᠯᠵᠤ᠂ ᠮᠡᠳᠡᠭᠡ ᠵᠠᠩᠬᠢ ᠶᠢ ᠬᠠᠮᠲᠤ ᠳᠤ ᠪᠠᠨ ᠬᠦᠷᠲᠡᠬᠦ ᠶᠢ | ᠴᠢᠩᠭᠠᠳᠬᠠᠬᠤ ᠬᠡᠷᠡᠭᠲᠡᠢ᠃ ᠠᠷᠠᠳ ᠤᠨ ᠰᠢᠭᠦᠭᠦ ᠬᠤᠷᠢᠶ᠎ᠠ ᠠᠯᠪᠠᠳᠠᠨ ᠭᠡᠷᠡᠭᠵᠢᠭᠦᠯᠬᠦ᠂ ᠠᠵᠤ ᠠᠬᠤᠶᠢᠯᠠᠯ ᠤᠨ ᠲᠠᠮᠫᠤᠷᠠᠯ ᠢ | ᠨᠠᠷᠢᠪᠴᠢᠯᠠᠨ ᠲᠤᠭᠠᠴᠠᠯᠠᠬᠤ ᠳᠤ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠨᠢ ᠲᠡᠳᠡᠨ ᠳᠤ ᠭᠠᠶᠢᠯᠢ ᠶᠢᠨ ᠮᠦᠩᠭᠦ ᠶᠢ ᠬᠠᠤᠯᠢ | ᠶᠤᠰᠤᠭᠠᠷ ᠬᠠᠮᠵᠢᠯᠴᠠᠨ ᠲᠤᠰᠢᠶᠠᠯᠭᠠᠬᠤ ᠪᠠᠷ ᠱᠠᠭᠠᠷᠳᠠᠵᠤ᠂ ᠭᠠᠶᠢᠯᠢ ᠲᠠᠲᠠᠪᠤᠷᠢ ᠶᠢᠨ ᠪᠠᠲᠤᠯᠠᠬᠤ ᠠᠵᠢᠯ ᠢ ᠰᠠᠶᠢᠲᠤᠷ ᠬᠢᠬᠦ | ᠬᠡᠷᠡᠭᠲᠡᠢ᠃ | ᠬᠤᠷᠢᠨ ᠨᠢᠭᠡᠳᠦᠭᠡᠷ ᠵᠦᠢᠯ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠨᠢ ᠦᠢᠯᠡᠴᠢᠯᠡᠭᠡᠨ ᠤ ᠠᠷᠭ᠎ᠠ ᠬᠡᠯᠪᠡᠷᠢ ᠳᠤ | ᠰᠢᠨ᠎ᠡ ᠶᠢ ᠡᠭᠦᠳᠴᠦ᠂ ᠭᠠᠶᠢᠯᠢ ᠭᠦᠢᠴᠡᠳᠭᠡᠬᠦ ᠦᠢᠯᠡᠴᠢᠯᠡᠭᠡᠨ ᠤ ᠪᠡᠯᠡᠳᠭᠡᠮᠵᠢ ᠪᠠᠨ ᠰᠠᠶᠢᠵᠢᠷᠠᠭᠤᠯᠤᠨ᠂ ᠣᠳᠣ ᠦᠶ᠎ᠡ ᠶᠢᠨ | ᠮᠡᠳᠡᠭᠡ ᠵᠠᠩᠬᠢ ᠶᠢᠨ ᠮᠡᠷᠭᠡᠵᠢᠯ ᠢ ᠠᠰᠢᠭᠯᠠᠵᠤ᠂ ᠭᠠᠶᠢᠯᠢ ᠭᠦᠢᠴᠡᠳᠭᠡᠬᠦ ᠦᠢᠯᠡᠴᠢᠯᠡᠭᠡᠨ ᠤ ᠳᠡᠰ ᠳᠠᠷᠠᠭᠠᠯᠠᠯ ᠢ | ᠰᠢᠯᠢᠳᠡᠭᠵᠢᠭᠦᠯᠦᠨ᠂ ᠭᠠᠶᠢᠯᠢ ᠲᠤᠰᠢᠶᠠᠭᠴᠢᠳ ᠤᠨ ᠭᠠᠶᠢᠯᠢ ᠭᠦᠢᠴᠡᠳᠭᠡᠬᠦ ᠦᠪᠡᠷ ᠤᠨ ᠦᠷᠲᠡᠭ ᠢ ᠨᠢ ᠪᠠᠭᠤᠷᠠᠭᠤᠯᠬᠤ | ᠬᠡᠷᠡᠭᠲᠡᠢ᠃ | ᠬᠤᠷᠢᠨ ᠬᠤᠶᠠᠳᠤᠭᠠᠷ ᠵᠦᠢᠯ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠨᠢ ᠭᠠᠶᠢᠯᠢ ᠲᠤᠰᠢᠶᠠᠬᠤ ᠲᠠᠯ᠎ᠠ ᠪᠠᠷ ᠬᠢ | ᠮᠠᠷᠭᠤᠯᠳᠤᠭᠠᠨ ᠵᠠᠭᠠᠯᠳᠤᠯᠭ᠎ᠠ ᠶᠢ ᠰᠢᠢᠳᠪᠤᠷᠢᠯᠡᠬᠦ ᠲᠤᠭᠲᠠᠴᠠ ᠪᠠᠨ ᠪᠠᠶᠢᠭᠤᠯᠤᠨ ᠲᠡᠭᠦᠯᠳᠡᠷᠵᠢᠭᠦᠯᠵᠦ᠂ ᠭᠠᠶᠢᠯᠢ ᠶᠢᠨ | ᠶᠠᠪᠤᠳᠠᠯ ᠤᠨ ᠪᠠᠶᠢᠭᠤᠯᠭ᠎ᠠ ᠪᠤᠯᠤᠨ ᠭᠠᠶᠢᠯᠢ ᠲᠤᠰᠢᠶᠠᠭᠴᠢ᠂ ᠰᠠᠭᠤᠯᠭᠠᠨ ᠲᠤᠰᠢᠶᠠᠬᠤ ᠡᠭᠦᠷᠭᠡᠲᠦ ᠬᠦᠮᠦᠨ᠂ ᠭᠠᠶᠢᠯᠢ | ᠲᠤᠰᠢᠶᠠᠬᠤ ᠳᠤ ᠳᠠᠭᠠᠭᠠᠯᠲᠠ ᠬᠢᠭᠰᠡᠨ ᠬᠦᠮᠦᠨ ᠤ ᠬᠤᠭᠤᠷᠤᠨᠳᠤᠬᠢ ᠭᠠᠶᠢᠯᠢ ᠲᠤᠰᠢᠶᠠᠬᠤ ᠲᠠᠯ᠎ᠠ ᠪᠠᠷ ᠬᠢ ᠮᠠᠷᠭᠤᠯᠳᠤᠭᠠᠨ ᠢ | ᠴᠠᠭ ᠲᠤᠬᠠᠢ ᠳᠤ ᠨᠢ ᠪᠦᠲᠦᠮᠵᠢᠲᠡᠢ ᠰᠢᠢᠳᠪᠦᠷᠢᠯᠡᠬᠦ ᠬᠡᠷᠡᠭᠲᠡᠢ᠃ | ᠬᠤᠷᠢᠨ ᠭᠤᠷᠪᠠᠳᠤᠭᠠᠷ ᠵᠦᠢᠯ ᠭᠠᠶᠢᠯᠢ ᠲᠤᠰᠢᠶᠠᠭᠴᠢ᠂ ᠰᠤᠨᠢᠨ ᠮᠡᠳᠡᠭᠡᠨ ᠤ ᠵᠠᠭᠤᠴᠢᠯᠠᠭᠤᠷ ᠪᠤᠯᠤᠨ ᠠᠷᠠᠳ | ᠤᠯᠠᠨ ᠠᠴᠠ ᠭᠠᠶᠢᠯᠢ ᠲᠠᠲᠠᠪᠤᠷᠢ ᠶᠢᠨ ᠬᠠᠤᠯᠢ ᠬᠡᠷᠡᠭᠵᠢᠭᠦᠯᠦᠯᠲᠡ ᠳᠤ ᠬᠢᠭᠰᠡᠨ ᠦᠨᠡᠯᠡᠯᠲᠡ ᠪᠠ ᠬᠢᠨᠠᠯᠲᠠ ᠲᠠᠯᠪᠢᠯᠲᠠ ᠶᠢ | ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠨᠢ ᠰᠠᠨᠠᠭᠠᠴᠢᠯᠠᠭ᠎ᠠ ᠠᠴᠠ ᠪᠠᠨ ᠬᠦᠯᠢᠶᠡᠨ ᠠᠪᠴᠦ᠂ ᠵᠠᠯᠠᠷᠠᠭᠤᠯᠤᠨ | ᠰᠠᠶᠢᠵᠢᠷᠠᠭᠤᠯᠤᠭᠰᠠᠨ ᠠᠷᠭ᠎ᠠ ᠠᠪᠴᠢᠯ ᠪᠤᠯᠤᠨ ᠦᠷ᠎ᠡ ᠳ᠋ᠦᠩ ᠢᠶᠠᠨ ᠴᠠᠭ ᠲᠤᠬᠠᠢ ᠳᠤ ᠨᠢ ᠬᠠᠷᠢᠭᠤ ᠲᠤᠰᠬᠠᠨ ᠥᠭᠬᠦ | ᠬᠡᠷᠡᠭᠲᠡᠢ᠃ | ᠬᠤᠷᠢᠨ ᠳᠦᠷᠪᠡᠳᠦᠭᠡᠷ ᠵᠦᠢᠯ ᠬᠤᠯᠪᠣᠭᠳᠠᠯ ᠪᠦᠬᠦᠢ ᠰᠠᠯᠠᠭ᠎ᠠ ᠮᠦᠴᠢᠷ ᠪᠤᠯᠤᠨ ᠨᠢᠭᠡᠴᠢ ᠨᠢ ᠲᠤᠰ ᠠᠷᠭ᠎ᠠ ᠶᠢᠨ | ᠲᠤᠭᠲᠠᠭᠠᠯ ᠢ ᠵᠦᠷᠢᠴᠡᠵᠦ᠂ ᠲᠤᠤᠷᠠᠬᠢ ᠦᠢᠯᠡ ᠠᠵᠢᠯᠯᠠᠭ᠎ᠠ ᠶᠢᠨ ᠨᠢᠭᠡ ᠨᠢ ᠪᠠᠶᠢᠪᠠᠯ᠂ ᠰᠢᠭᠤᠳ ᠬᠠᠷᠢᠭᠤᠴᠠᠵᠤ ᠪᠠᠶᠢᠭ᠎ᠠ | ᠭᠤᠣᠯ ᠬᠠᠮᠢᠶᠠᠷᠤᠭᠴᠢ ᠪᠤᠯᠤᠨ ᠪᠤᠰᠤᠳ ᠰᠢᠭᠤᠳ ᠬᠠᠷᠢᠭᠤᠴᠠᠯᠭ᠎ᠠ ᠲᠠᠢ ᠬᠦᠮᠦᠰ ᠲᠤ ᠬᠠᠤᠯᠢ ᠶᠤᠰᠤᠭᠠᠷ ᠰᠢᠢᠳᠭᠡᠯ | ᠣᠯᠭᠤᠨ᠎ᠠ᠂ ᠶᠠᠯ᠎ᠠ ᠬᠢᠭᠰᠡᠨ ᠢᠶᠠᠷ ᠰᠡᠵᠢᠭᠯᠡᠭᠳᠡᠭᠰᠡᠨ ᠪᠠᠶᠢᠪᠠᠯ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ | ᠥᠭᠴᠦ ᠡᠷᠡᠭᠦᠦ ᠶᠢᠨ ᠬᠠᠷᠢᠭᠤᠴᠠᠯᠭ᠎ᠠ ᠶᠢ ᠬᠠᠤᠯᠢ ᠶᠤᠰᠤᠭᠠᠷ ᠨᠡᠬᠡᠮᠵᠢᠯᠡᠨ᠎ᠡ︔ | ︵ᠨᠢᠭᠡ︶ ᠡᠰᠡᠷᠭᠦᠴᠡᠵᠦ ᠦᠯᠦ ᠴᠢᠳᠠᠬᠤ ᠬᠦᠴᠦᠨ ᠠᠴᠠ ᠪᠣᠯᠣᠭᠰᠠᠨ ᠪᠢᠰᠢ ᠪᠠᠶᠢᠲᠠᠯ᠎ᠠ ᠭᠠᠶᠢᠯᠢ ᠳᠤ | ᠬᠤᠯᠪᠤᠭᠳᠠᠭᠰᠠᠨ ᠮᠡᠳᠡᠭᠡ ᠵᠠᠩᠬᠢ ᠪᠠᠨ ᠴᠠᠭ ᠲᠤᠬᠠᠢ ᠳᠤ ᠨᠢ᠂ ᠤᠨᠤᠪᠴᠢᠲᠠᠢ᠂ ᠪᠦᠷᠢᠨ ᠭᠦᠢᠴᠡᠳ ᠳᠠᠮᠵᠢᠭᠤᠯᠤᠭᠰᠠᠨ | ᠦᠭᠡᠢ ᠪᠤᠶᠤ ᠭᠠᠶᠢᠯᠢ ᠲᠠᠲᠠᠪᠤᠷᠢ ᠳᠤ ᠬᠠᠮᠵᠢᠯᠴᠠᠬᠤ ᠡᠭᠦᠷᠭᠡ ᠪᠠᠨ ᠭᠦᠢᠴᠡᠳᠭᠡᠭᠰᠡᠨ ᠦᠭᠡᠢ ᠠᠴᠠ ᠪᠤᠯᠵᠤ ᠭᠠᠶᠢᠯᠢ | ᠲᠠᠲᠠᠪᠤᠷᠢ ᠳᠤ ᠬᠤᠬᠢᠷᠠᠯ ᠤᠴᠠᠷᠠᠭᠤᠯᠤᠭᠰᠠᠨ︔ | ︵ᠬᠤᠶᠠᠷ︶ ᠭᠠᠶᠢᠯᠢ ᠲᠠᠲᠠᠪᠤᠷᠢᠯᠠᠵᠤ ᠬᠠᠮᠢᠶᠠᠷᠬᠤ ᠮᠡᠳᠡᠭᠡ ᠵᠠᠩᠬᠢ ᠶᠢᠨ ᠲᠠᠯ᠎ᠠ ᠪᠠᠷ ᠨᠢᠭᠤᠴᠠ ᠶᠢ ᠬᠠᠮᠠᠭᠠᠯᠠᠬᠤ | ᠡᠭᠦᠷᠭᠡ ᠪᠠᠨ ᠬᠠᠤᠯᠢ ᠶᠤᠰᠤᠭᠠᠷ ᠭᠦᠢᠴᠡᠳᠭᠡᠭᠰᠡᠨ ᠦᠭᠡᠢ︔ | ︵ᠭᠤᠷᠪᠠ︶ ᠲᠤᠰ ᠠᠷᠭ᠎ᠠ ᠶᠢ ᠵᠦᠷᠢᠴᠡᠭᠰᠡᠨ ᠪᠤᠰᠤᠳ ᠦᠢᠯᠡ ᠠᠵᠢᠯᠯᠠᠭ᠎ᠠ ᠲᠠᠢ ᠪᠠᠶᠢᠬᠤ᠃ | ᠬᠤᠷᠢᠨ ᠲᠠᠪᠤᠳᠤᠭᠠᠷ ᠵᠦᠢᠯ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠶᠢᠨ ᠲᠠᠳᠠᠪᠤᠷᠢᠯᠠᠭᠰᠠᠨ ᠭᠠᠶᠢᠯᠢ ᠶᠢᠨ ᠪᠤᠰᠤ | ᠤᠷᠤᠯᠭ᠎ᠠ ᠶᠢᠨ ᠬᠠᠮᠢᠶᠠᠷᠤᠯᠲᠠ ᠳᠤ ᠲᠤᠰ ᠠᠷᠭ᠎ᠠ ᠶᠢ ᠯᠠᠪᠯᠠᠯᠲᠠ ᠪᠤᠯᠭᠠᠨ ᠬᠡᠷᠡᠭᠵᠢᠭᠦᠯᠦᠨ᠎ᠡ᠃ | ᠬᠤᠷᠢᠨ ᠵᠢᠷᠭᠤᠳᠤᠭᠠᠷ ᠵᠦᠢᠯ ᠲᠤᠰ ᠠᠷᠭ᠎ᠠ ᠶᠢ 2018 ᠣᠨ ᠤ 10 ᠳ᠋ᠤᠭᠠᠷ ᠰᠠᠷ᠎ᠠ ᠶᠢᠨ 1 ᠤ ᠡᠳᠦᠷ ᠠᠴᠠ | ᠡᠬᠢᠯᠡᠵᠦ ᠬᠡᠷᠡᠭᠵᠢᠭᠦᠯᠦᠨ᠎ᠡ᠃ | |